ᠬᠦᠪᠡᠭᠡᠲᠦ ᠰᠢᠷ᠎ᠠ ᠬᠤᠰᠢᠭᠤᠨ ᠤ ᠰᠢᠨ᠎ᠡ ᠨᠢᠭᠡ ᠡᠭᠡᠯᠵᠢ ᠎ ᠶᠢᠨ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠦᠭᠬᠦ ᠪᠠ ᠱᠠᠩᠨᠠᠬᠤ ᠲᠦᠷᠦ ᠶᠢᠨ ᠪᠤᠳᠤᠯᠭ᠎ᠠ ᠶᠢᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2016/12/26
      ᠤᠷᠴᠢᠮᠬᠠᠨ ᠬᠦᠪᠡᠭᠡᠲᠦ ᠰᠢᠷ᠎ᠠ ᠬᠤᠰᠢᠭᠤᠨ ᠤ ᠲᠤᠲᠤᠭᠠᠲᠦ ᠶᠢ ᠬᠠᠮᠠᠭᠠᠯᠠᠬᠤ ᠲᠤᠪᠴᠢᠶ᠎ᠠ ᠨᠢ   ᠠᠵᠢᠯ ᠳᠤᠮᠳᠠ ᠪᠠᠨ᠂ ᠦᠨᠡᠨ  ᠪᠤᠳᠠᠳᠠᠢ ᠪᠠᠶᠢᠳᠠᠯ ᠢ ᠤᠶᠢᠯᠠᠭᠠᠬᠤ  ᠦᠭᠡᠢ ᠬᠡᠰᠡᠭ ᠬᠦᠮᠦᠨ ᠸᠢᠴᠢᠲ  ᠳᠡᠭᠡᠷ᠎ᠡ ᠮᠠᠨ ᠤ ᠬᠤᠰᠢᠭᠤᠨ ᠤ ᠰᠢᠨ᠎ᠡ  ᠨᠢᠭᠡ  ᠡᠭᠡᠯᠵᠢ ᠶᠢᠨ ᠲᠠᠯ᠎ᠠ ᠨᠤᠲᠤᠭ ᠤᠨ ᠨᠦᠬᠦᠪᠦᠷᠢ ᠦᠭᠬᠦ ᠪᠠ ᠱᠠᠩᠨᠠᠬᠤ ᠲᠦᠷᠦ ᠶᠢᠨ ᠪᠤᠳᠤᠯᠭ᠎ᠠ ᠶᠢᠨ ᠲᠤᠬᠠᠢ ᠰᠤᠷᠠᠭ ᠵᠠᠩᠬᠢ ᠶᠢ ᠢᠯᠡᠷᠡᠭᠦᠯᠪᠡ᠃ ᠲᠤᠲᠤᠭᠠᠲᠦ  ᠎ ᠶᠢ ᠬᠠᠮᠠᠭᠠᠯᠠᠬᠤ ᠲᠤᠪᠴᠢᠶ᠎ᠠ ᠨᠢ ᠡᠨᠡᠬᠦ ᠸᠢᠴᠢᠲ ᠤᠨ ᠰᠤᠷᠠᠭ ᠵᠠᠩᠬᠢ ᠶᠢᠨ ᠲᠤᠰᠬᠠᠭᠰᠡᠨ ᠠᠭᠤᠯᠭ᠎ᠠ  ᠎ ᠨᠢ ᠦᠨᠡᠨ  ᠪᠤᠳᠠᠳᠠᠢ ᠪᠢᠰᠢ᠂ ᠪᠦᠷᠢᠮᠰᠦᠨ ᠴᠤᠤᠷᠬᠠᠯ ᠪᠤᠯᠬᠤ ᠶᠢ ᠭᠡᠷᠴᠢᠯᠡᠵᠡᠢ᠃ ᠡᠨᠡᠬᠦ ᠪᠠᠶᠢᠳᠠᠯ      ᠳᠤᠤᠷ᠎ᠠ᠂ ᠦᠷᠭᠡᠨ ᠤᠯᠠᠨ ᠮᠠᠯᠴᠢᠨ ᠲᠦᠮᠡᠨ  ᠎ ᠳᠤ ᠰᠢᠨ᠎ᠡ ᠨᠢᠭᠡ ᠡᠭᠡᠯᠵᠢ  ᠎ ᠶᠢᠨ ᠲᠠᠯ᠎ᠠ ᠨᠤᠲᠤᠭ ᠤᠨ  ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠦᠭᠬᠦ ᠪᠠ ᠱᠠᠩᠨᠠᠬᠤ ᠲᠦᠷᠦ ᠶᠢᠨ ᠪᠤᠳᠤᠯᠭ᠎ᠠ ᠶᠢ  ᠪᠦᠬᠦ  ᠲᠠᠯ᠎ᠠ ᠪᠠᠷ ᠤᠨᠤᠪᠴᠢᠲᠠᠢ ᠪᠠᠷ ᠤᠶᠢᠯᠠᠭᠤᠯᠵᠦ᠂  ᠪᠤᠷᠤᠭᠤ ᠤᠶᠢᠯᠠᠭᠠᠯᠲᠠ᠂ ᠬᠤᠳᠠᠯ ᠴᠤᠤᠷᠬᠠᠯ   ᠭᠠᠷᠭᠠᠬᠤ ᠦᠭᠡᠢ ᠶᠢᠨ ᠲᠤᠰᠠᠲᠠ ᠰᠢᠨ᠎ᠡ ᠨᠢᠭᠡ ᠡᠭᠡᠯᠵᠢ  ᠎ ᠶᠢᠨ ᠲᠠᠯ᠎ᠠ ᠨᠤᠳᠤᠭ ᠤᠨ ᠠᠮᠢ ᠠᠬᠤᠢ ᠶᠢᠨ  ᠬᠠᠮᠠᠭᠠᠯᠠᠯᠲᠠ ᠶᠢᠨ ᠨᠦᠬᠦᠪᠦᠷᠢ ᠦᠭᠬᠦ ᠪᠠ ᠱᠠᠩᠨᠠᠬᠤ ᠲᠦᠷᠦ ᠶᠢᠨ ᠪᠤᠳᠤᠯᠭ᠎ᠠ ᠶᠢᠨ ᠬᠤᠯᠪᠤᠭᠳᠠᠯ     ᠪᠦᠬᠦᠢ  ᠠᠭᠤᠯᠭ᠎ᠠ ᠳᠤ ᠳᠦᠭᠦᠮ ᠲᠠᠶᠢᠯᠤᠮᠵᠢ ᠬᠢᠯ᠎ᠡ᠃ ᠮᠠᠯᠴᠢᠨ ᠲᠦᠮᠡᠨ ᠮᠠᠨᠢ ᠠᠩᠬᠠᠷᠤᠨ         ᠤᠩᠰᠢᠬᠤ  ᠪᠤᠯᠪᠠᠤ︕        ᠴᠤᠤᠷᠬᠠᠯ ᠳᠤ ︽ᠰᠢᠨ᠎ᠡ ᠨᠢᠭᠡ ᠡᠭᠡᠯᠵᠢ ᠶᠢᠨ ᠲᠠᠯ᠎ᠠ ᠨᠤᠳᠤᠭ ᠤᠨ ᠠᠮᠢ ᠠᠬᠤᠢ ᠶᠢᠨ        ᠬᠠᠮᠠᠭᠠᠯᠠᠯᠲᠠ ᠶᠢᠨ ᠨᠦᠬᠦᠪᠦᠷᠢ ᠦᠭᠬᠦ ᠪᠠ ᠱᠠᠩᠨᠠᠬᠤ ᠲᠦᠷᠦ ᠶᠢᠨ ᠪᠤᠳᠤᠯᠭ᠎ᠠ ᠶᠢᠨ ᠲᠤᠬᠠᠢ ᠤᠯᠠᠨ  ᠤᠳᠠᠭᠠᠨ ᠤ ᠬᠤᠷᠠᠯ ᠬᠢᠭᠰᠡᠨ ᠪᠤᠯᠪᠠᠴᠤ ᠶᠠᠮᠠᠷᠴᠤ ᠦᠷ᠎ᠡ ᠠᠰᠢᠭ ᠭᠠᠷᠤᠭᠰᠠᠨ ᠦᠭᠡᠢ︾᠃         ︽ᠳᠡᠭᠡᠷ᠎ᠡ ᠠᠴᠠ ᠪᠠᠭᠤᠯᠭᠠᠭᠰᠠᠨ ᠨᠦᠬᠦᠪᠦᠷᠢ ᠮᠦᠩᠭᠦ ᠶᠢ ᠵᠠᠰᠠᠭ ᠤᠨ ᠨᠤᠶᠠᠳ ᠬᠠᠮᠢᠭᠠᠰᠢ ᠨᠡᠭᠦᠯᠭᠡᠨ  ᠵᠠᠷᠤᠬᠤ ᠭᠡᠵᠦ ᠪᠠᠶᠢᠭ᠎ᠠ ᠪᠤᠢ︖︾᠃ ︽ᠮᠠᠯᠴᠢᠳ ᠢ ᠬᠠᠭᠤᠷᠴᠤ ᠮᠡᠬᠡᠯᠡᠵᠦ ᠪᠠᠶᠢᠨ᠎ᠠ︾ ᠭᠡᠬᠦ ᠮᠡᠲᠦ ᠶᠢᠨ   ᠪᠤᠳᠠᠳᠤ ᠪᠠᠶᠢᠳᠠᠯ ᠳᠤ ᠨᠡᠶᠢᠴᠡᠬᠦ ᠦᠭᠡᠢ ᠶᠠᠷᠢᠶ᠎ᠠ ᠬᠡᠯᠡᠯᠴᠡᠭᠡ ᠡᠭᠦᠰᠭᠡᠭᠰᠠᠨ ᠪᠠᠶᠢᠨ᠎ᠠ᠃ ᠰᠢᠨ᠎ᠡ ᠨᠢᠭᠡ  ᠡᠭᠡᠯᠵᠢ ᠶᠢᠨ ᠲᠠᠯ᠎ᠠ ᠨᠤᠲᠤᠭ ᠤᠨ ᠠᠮᠢ ᠠᠬᠤᠢ ᠎ ᠶᠢᠨ ᠬᠠᠮᠠᠭᠠᠯᠠᠯᠲᠠ ᠶᠢᠨ ᠨᠦᠬᠦᠪᠦᠷᠢ ᠦᠭᠬᠦ ᠪᠠ     ᠱᠠᠩᠨᠠᠬᠤ ᠲᠦᠷᠦ ᠶᠢᠨ ᠪᠤᠳᠤᠯᠭ᠎ᠠ ᠪᠤᠯ ᠲᠠᠯ᠎ᠠ ᠨᠤᠳᠤᠭ ᠤᠨ ᠠᠮᠢ ᠠᠬᠤᠢ ᠶᠢ ᠬᠠᠮᠠᠭᠠᠯᠠᠬᠤ᠂ ᠮᠠᠯᠴᠢᠨ  ᠲᠦᠮᠡᠨ ᠢ ᠵᠤᠯ ᠵᠢᠷᠭᠠᠯ ᠡᠳ᠋ᠯᠡᠭᠦᠯᠬᠦ ᠶᠢᠨ ᠲᠦᠯᠦᠭᠡ ᠨᠠᠷᠢᠨ ᠬᠢᠨᠠᠮᠠᠭᠠᠢ ᠪᠠᠶᠢᠴᠠᠭᠠᠨ ᠰᠤᠳᠤᠯᠤᠯᠲᠠ     ᠬᠢᠭᠰᠡᠨ‌‍ᠰᠠᠭᠤᠷᠢᠨ ᠳᠡᠭᠡᠷ᠎ᠡ ᠲᠤᠭᠲᠠᠭᠠᠭᠰᠡᠨ  ᠶᠤᠮ᠃12 ᠰᠠᠷ᠎ᠠ ᠶᠢᠨ ᠡᠬᠢᠨ ᠳᠤ ᠮᠠᠨ ᠤ ᠠᠶᠢᠮᠠᠭ  ᠎ ᠨᠢ ᠭᠠᠵᠠᠷ ᠤᠷᠤᠨ ᠤ ᠪᠤᠳᠠᠳᠦ ᠪᠠᠶᠢᠳᠠᠯ  ᠎ ᠳᠠᠭᠠᠨ ᠵᠤᠬᠢᠴᠠᠭᠤᠯᠤᠨ᠂ ᠰᠢᠯᠢ ᠶᠢᠨ ᠭᠤᠤᠯ ᠠᠶᠢᠮᠠᠭ ᠎ ᠤᠨ    ᠰᠢᠨ᠎ᠡ ᠨᠢᠭᠡ ᠡᠭᠡᠯᠵᠢ ᠶᠢᠨ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ  ᠦᠭᠬᠦ ᠪᠠ ᠱᠠᠩᠨᠠᠬᠤ ᠲᠦᠷᠦ ᠶᠢᠨ ᠪᠤᠳᠤᠯᠭ᠎ᠠ ᠶᠢ ᠬᠡᠷᠭᠵᠢᠭᠦᠯᠬᠦ ᠲᠦᠰᠦᠪ ᠢ ᠲᠤᠭᠲᠠᠭᠠᠨ᠂ ᠡᠯ᠎ᠡ      ᠬᠤᠰᠢᠭᠤ ᠰᠢᠶᠠᠨ ᠎ ᠳᠤ ᠪᠢᠴᠢᠭ ᠮᠠᠲ᠋ᠧᠷᠢᠶᠠᠯ ᠤᠨ ᠬᠡᠯᠪᠡᠷᠢ ᠪᠠᠷ ᠪᠠᠭᠤᠯᠭᠠᠭᠰᠡᠨ ᠪᠢᠯᠡ᠃ ᠡᠨᠡᠬᠦ          ᠬᠡᠷᠡᠭᠵᠢᠭᠦᠯᠬᠦ ᠲᠦᠰᠦᠪ ᠢ ᠮᠠᠨ ᠤ ᠬᠤᠰᠢᠭᠤᠨ ᠤ ᠨᠠᠮ ‍ᠤᠨ‌ᠬᠤᠷᠢᠶ᠎ᠠ᠂ ᠵᠠᠰᠠᠭ ᠤᠨ ᠤᠷᠳᠤᠨ ᠨᠢ        ᠤᠬᠤᠷᠬᠠᠨ20 ᠬᠡᠳᠦᠨ ᠡᠳᠦᠷ  ᠎ ᠤᠨ ᠳᠤᠲᠤᠷ᠎ᠠ ᠤᠯᠠᠨ ᠤᠳᠠᠭᠠᠨ ᠤ ᠬᠤᠷᠠᠯ ᠬᠤᠷᠠᠯᠳᠤᠭᠤᠯᠤᠨ᠂     ᠤᠯᠠᠨ ᠲᠠᠯ᠎ᠠ ᠶᠢᠨ ᠰᠠᠨᠠᠯ ᠰᠠᠨᠠᠭᠤᠯᠭ᠎ᠠ ᠶᠢ ᠬᠤᠷᠢᠶᠠᠨ ᠡᠮᠬᠢᠳᠬᠡᠭᠰᠡᠨ ᠰᠠᠭᠤᠷᠢᠨ ᠳᠡᠭᠡᠷ᠎ᠡ᠂ ᠮᠠᠨ ᠤ   ᠬᠤᠰᠢᠭᠤᠨ ᠤ ᠪᠤᠳᠠᠳᠦ ᠪᠠᠶᠢᠳᠠᠯ ᠳᠤ ᠵᠤᠬᠢᠴᠠᠭᠰᠠᠨ ︽ᠬᠦᠪᠡᠭᠡᠲᠦ ᠰᠢᠷ᠎ᠠ  ᠬᠤᠰᠢᠭᠤᠨ ᠤ ᠲᠠᠯ᠎ᠠ       ᠨᠤᠲᠤᠭ ᠤᠨ ᠨᠦᠬᠦᠪᠦᠷᠢ ᠦᠭᠬᠦ ᠪᠠ ᠱᠠᠩᠨᠠᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠲᠦᠰᠦᠪ   ︵ᠶᠠᠷᠢᠯᠴᠠᠬᠤ ᠨᠤᠤᠷᠠᠭ︶︾᠎ ᠢ ᠨᠤᠤᠷᠠᠭᠯᠡᠨ ᠭᠠᠷᠭᠠᠭᠰᠡᠨ ᠪᠠᠶᠢᠨ᠎ᠠ᠃ ᠡᠨᠡᠭᠦ ᠬᠡᠷᠭᠵᠢᠭᠦᠯᠭᠦ ᠲᠦᠰᠦᠪ ᠨᠢ  ᠶᠠᠷᠢᠯᠴᠠᠬᠤ ᠨᠤᠤᠷᠠᠭ ᠲᠤᠯᠠ ᠤᠳᠤᠬᠠᠨ ᠳᠠᠭᠠᠨ ᠶᠠᠷᠢᠯᠴᠠᠬᠤ ᠪᠠ ᠰᠠᠨᠠᠯ ᠬᠤᠷᠢᠶᠠᠬᠤ ᠱᠠᠲᠤᠨ ᠳᠠᠭᠠᠨ   ᠪᠠᠶᠢᠨ᠎ᠠ᠃ ᠤᠳᠤᠬᠠᠨ ᠳᠤ ᠮᠠᠨ ᠤ ᠬᠤᠰᠢᠭᠤᠨ ᠤ ᠪᠡᠯᠴᠢᠭᠡᠷᠯᠡᠭᠦᠯᠭᠦ ᠶᠢ ᠵᠤᠭᠰᠤᠭᠠᠬᠤ ᠤᠷᠤᠨ ᠪᠠ ᠮᠠᠯ  ᠪᠡᠯᠴᠢᠭᠡᠷ ᠶᠢᠨ ᠲᠡᠩᠴᠡᠭᠦᠷᠢ ᠶᠢ ᠪᠠᠳᠤᠯᠠᠬᠤ ᠤᠷᠤᠨ ᠨᠢ ᠬᠠᠷᠬᠠᠨ ᠭᠦᠢᠴᠡᠳ ᠲᠤᠭᠲᠠᠭᠠᠭᠳᠠᠵᠦ       ᠳᠡᠶᠢᠯᠤᠭᠡᠳᠦᠢ ᠲᠤᠯᠡ᠂ ᠬᠤᠰᠢᠭᠤ ᠨᠠᠮ  ᠎ ᠤᠨ ᠬᠤᠷᠢᠶ᠎ᠠ ᠵᠠᠰᠠᠭ ᠤᠨ ᠤᠷᠳᠤᠨ ᠨᠢ ᠤᠷᠢᠳᠠᠪᠡᠷ ᠪᠦᠬᠦ    ᠬᠤᠰᠢᠭᠤᠨ ᠤ ᠨᠤᠳᠤᠭ ᠪᠡᠯᠴᠢᠭᠡᠷ ᠢ ᠮᠠᠯ  ᠪᠡᠯᠴᠢᠭᠡᠷ  ᠎ ᠤᠨ ᠲᠡᠩᠴᠡᠭᠦᠷᠢ  ᠎ ᠢ ᠪᠠᠲᠣᠯᠠᠬᠤ ᠪᠠᠷᠢᠮᠵᠢᠶ᠎ᠠ     ᠶᠤᠰᠤᠭᠠᠷ ᠮᠤ᠋ ᠪᠦᠷᠢ ᠳᠤ 3 ᠲᠦᠭᠦᠷᠢᠭ  ᠨᠦᠬᠦᠪᠦᠷᠢᠯᠡᠨ ᠦᠭᠬᠦ ᠪᠠᠷ ᠲᠤᠭᠲᠠᠵᠦ᠂ ᠤᠷᠴᠢᠮ ᠤᠨ     ᠬᠤᠭᠤᠴᠠᠭᠠᠨ ᠳᠤ ᠶᠠᠭ ᠰᠠᠶᠢᠬᠠᠨ ᠮᠠᠯᠴᠢᠨ ᠲᠦᠮᠡᠨ ᠳᠤ ᠲᠠᠷᠬᠠᠭᠠᠬᠤ ᠪᠠᠷ  ᠪᠠᠶᠢᠨ᠎ᠠ᠃ ᠡᠭᠦᠨ ᠤ     ᠬᠠᠮᠲᠦ᠂ ᠡᠯ᠎ᠡ ᠰᠤᠮᠤ ᠪᠠᠯᠭᠠᠰᠤ ᠨᠢ ᠮᠠᠯᠴᠢᠨ‌ᠡᠷᠦᠬᠡ ᠪᠠᠷ ᠭᠦᠨᠵᠡᠭᠡᠶᠢᠷᠡᠨ ᠪᠡᠯᠴᠢᠭᠡᠷᠯᠡᠭᠦᠯᠬᠦ ᠶᠢ          ᠵᠤᠭᠰᠤᠭᠠᠬᠤ ᠤᠷᠤᠨ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ  ᠤᠷᠤᠨ ᠢ ᠪᠦᠷᠢᠳᠬᠡᠨ    ᠳᠠᠩᠰᠡᠯᠠᠵᠦ᠂ ᠭᠡᠷ᠎ᠡ ᠲᠤᠭᠳᠠᠬᠤ ᠠᠵᠢᠯ ᠢ ᠶᠠᠪᠤᠭᠳᠠᠭᠤᠯᠵᠤ ᠪᠠᠶᠢᠨ᠎ᠠ᠃ ᠡᠨᠡᠬᠦ  ᠠᠵᠢᠯ ᠳᠠᠭᠤᠰᠪᠡᠯ    ᠰᠠᠶ᠋ᠢ ᠮᠠᠨ ᠤ ᠬᠤᠰᠢᠭᠤᠨ ᠤ ᠨᠤᠳᠤᠭ ᠪᠡᠯᠴᠢᠭᠡᠷ ᠤᠨ ᠬᠡᠳᠦᠢ ᠨᠢ ᠪᠡᠯᠴᠢᠭᠡᠷᠯᠡᠭᠦᠯᠬᠦ  ᠎ ᠶᠢ ᠵᠤᠭᠰᠤᠭᠠᠬᠤ   ᠤᠷᠤᠨ ᠳᠤ ᠤᠷᠤᠵᠦ᠂ ᠬᠡᠳᠦᠢ ᠨᠢ ᠮᠠᠯ ᠪᠡᠯᠴᠢᠭᠡᠷ ᠤᠨ ᠲᠡᠩᠴᠡᠭᠦᠷᠢ ᠶᠢ ᠪᠠᠲᠦᠯᠠᠬᠤ  ᠤᠷᠤᠨ ᠳᠤ     ᠤᠷᠤᠭᠰᠠᠨ ᠨᠢ ᠢᠯᠡᠷᠬᠡᠢ ᠪᠤᠯᠬᠤ ᠲᠤᠯᠠ ᠰᠢᠨ᠎ᠡ ᠨᠢᠭᠡ ᠡᠭᠡᠯᠵᠢ ᠶᠢᠨ ᠲᠠᠯ᠎ᠠ ᠨᠤᠳᠤᠭ ᠤᠨ  ᠠᠮᠢ     ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠮᠦᠩᠭᠦ ᠪᠠ ᠱᠠᠩᠨᠠᠬᠤ ᠲᠦᠷᠦ ᠶᠢᠨ ᠪᠤᠳᠤᠯᠭ᠎ᠠ ᠵᠢᠩᠬᠢᠨᠢ  ᠎ ᠪᠠᠷ ᠬᠡᠷᠡᠭᠵᠢᠭᠦᠯᠦᠭᠳᠡᠬᠦ ᠪᠤᠯᠤᠨ᠎ᠠ᠃        ᠴᠤᠤᠷᠬᠠᠯ ᠳᠤ ︽ ᠨᠢᠭᠡ ᠬᠦᠮᠦᠨ ᠤ 5000 ᠲᠦᠭᠦᠷᠢᠭ ᠤᠨ ᠨᠦᠬᠦᠪᠦᠷᠢ ᠪᠠᠭᠤᠯᠭᠠᠭᠰᠡᠨ    ᠴᠤ  ᠶᠠᠭᠠᠬᠢᠮᠠᠢ᠂ ᠪᠠᠷᠤᠭ ᠤᠨ ᠡᠷᠦᠬᠡ ᠲᠦᠮᠡ ᠠᠴᠠ ᠳᠡᠭᠡᠭᠰᠢ ᠮᠦᠩᠭᠦ ᠬᠦᠷᠲᠡᠨ᠎ᠡ᠂ ᠭᠡᠲᠡᠯ᠎ᠡ         ᠬᠦᠪᠡᠭᠡᠲᠦ  ᠰᠢᠷ᠎ᠠ ᠬᠤᠰᠢᠭᠤ ᠨᠢ ᠮᠠᠯᠴᠢᠳ ᠲᠠᠭᠠᠨ ᠮᠤ᠋ ᠪᠦᠷᠢ3 ᠲᠦᠭᠦᠷᠢᠭ ᠤᠨ ᠨᠦᠬᠦᠪᠦᠷᠢ         ᠪᠠᠭᠤᠯᠭᠠᠵᠦ ᠮᠠᠯᠴᠢᠳ ᠎ ᠢᠶᠠᠨ ᠠᠷᠭᠠᠯᠠᠵᠦ  ᠪᠠᠶᠢᠨ᠎ᠠ  ︾ ᠭᠡᠰᠡᠨ ᠪᠠᠶᠢᠨ᠎ᠠ᠂ ᠡᠨᠡᠭᠦ ᠴᠤᠤᠷᠬᠠᠯ ᠨᠢ ᠮᠦᠨ  ᠴᠤ ᠪᠤᠳᠠᠳᠤ ᠪᠠᠶᠢᠳᠠᠯ  ᠎ ᠳᠤ ᠨᠡᠶᠢᠴᠡᠬᠦ ᠦᠭᠡᠢ ᠶᠠᠷᠢᠶ᠎ᠠ ᠬᠡᠯᠡᠯᠴᠡᠭᠡ ᠶᠢ ᠡᠭᠦᠰᠭᠡᠭᠰᠡᠨ ᠪᠠᠶᠢᠨ᠎ᠠ᠃ ᠮᠠᠨ  ᠎ ᠤ ᠬᠤᠰᠢᠭᠤᠨ ᠤ ᠰᠢᠨ᠎ᠡ  ᠨᠢᠭᠡ ᠡᠭᠡᠯᠵᠢ  ᠎ ᠶᠢᠨ ᠲᠠᠯ᠎ᠠ ᠨᠤᠲᠤᠭ ᠤᠨ ᠨᠦᠬᠦᠪᠦᠷᠢ ᠦᠭᠬᠦ ᠪᠠ           ᠱᠠᠩᠨᠠᠬᠤ ᠲᠦᠷᠦ ᠶᠢᠨ ᠪᠤᠳᠤᠯᠭ᠎ᠠ  ᠎ ᠶᠢᠨ ᠬᠡᠷᠡᠭᠵᠢᠭᠦᠯᠭᠦ ᠲᠦᠰᠦᠪ ︵ᠶᠠᠷᠢᠯᠴᠠᠬᠤ ᠨᠤᠤᠷᠠᠭ  ︶᠎ ᠲᠤ ᠮᠠᠨ  ᠎ ᠤ ᠬᠤᠰᠢᠭᠤᠨ ᠤ ᠪᠡᠯᠴᠢᠭᠡᠷᠯᠡᠭᠦᠯᠬᠦ  ᠎ ᠶᠢ ᠵᠤᠭᠰᠤᠭᠠᠬᠤ ᠤᠷᠤᠨ ᠤ ᠨᠦᠬᠦᠪᠦᠷᠢᠯᠡᠬᠦ ᠪᠠᠷᠢᠮᠵᠢᠶ᠎ᠠ ᠨᠢ ᠮᠤ᠋    ᠪᠦᠷᠢ15 ᠲᠦᠭᠦᠷᠢᠭ ᠤᠷᠴᠢᠮ᠂ ᠮᠠᠯ  ᠪᠡᠯᠴᠢᠭᠡᠷ ᠎ ᠤᠨ ᠲᠡᠩᠴᠡᠭᠦᠷᠢ ᠶᠢ ᠪᠠᠳᠤᠯᠠᠬᠤ ᠤᠷᠤᠨ ᠤ         ᠨᠦᠬᠦᠪᠦᠷᠢᠯᠡᠬᠦ ᠪᠠᠷᠢᠮᠵᠢᠶ᠎ᠠ ᠨᠢ ᠮᠤ᠋ ᠪᠦᠷᠢ 3 ᠲᠦᠭᠦᠷᠢᠭ ᠣᠷᠴᠢᠮ᠂ ᠬᠠᠳᠤᠯᠠᠩ ᠤᠨ ᠲᠠᠯᠪᠠᠢ ᠶᠢᠨ    ᠤᠷᠤᠨ ᠤ  ᠨᠦᠬᠦᠪᠦᠷᠢ ᠪᠠᠷᠢᠮᠵᠢᠶ᠎ᠠ ᠨᠢ ᠮᠤ᠋  ᠪᠦᠷᠢ 5 ᠲᠦᠭᠦᠷᠢᠭ ︵ᠮᠠᠯ ᠪᠡᠯᠴᠢᠭᠡᠷᠯᠡᠭᠦᠯᠬᠦ ᠶᠢ         ᠴᠠᠭᠠᠵᠢᠯᠠᠨ᠎ᠠ︶ ᠭᠡᠵᠦ ᠲᠤᠭᠲᠠᠭᠠᠭᠰᠠᠨ ᠪᠠᠶᠢᠨ᠎ᠠ  ᠃ ᠡᠨᠡ ᠨᠢ ᠮᠠᠨ ᠤ ᠠᠶᠢᠮᠠᠭ ᠎ ᠤᠨ ᠪᠡᠯᠴᠢᠭᠡᠷᠯᠡᠭᠦᠯᠬᠦ  ᠎ ᠶᠢ ᠵᠤᠭᠰᠤᠭᠠᠬᠤ ᠤᠷᠤᠨ ᠳᠤ  ᠮᠤ᠋ ᠪᠦᠷᠢ ᠳᠤ 9  ᠲᠦᠭᠦᠷᠢᠭ ᠤᠷᠴᠢᠮ ᠨᠦᠬᠦᠪᠦᠷᠢᠯᠡᠬᠦ ᠪᠠᠷ           ᠲᠤᠭᠲᠠᠭᠰᠠᠨ ᠪᠠᠷᠢᠮᠵᠢᠶ᠎ᠠ ᠶᠢᠨ ᠰᠠᠭᠤᠷᠢᠨ ᠳᠡᠭᠡᠷ᠎ᠡ᠂ ᠮᠠᠨ  ᠎ ᠤ ᠬᠤᠰᠢᠭᠤᠨ ᠤ ᠪᠠᠨ ᠪᠤᠳᠠᠳᠦ ᠪᠠᠶᠢᠳᠠᠯ  ᠎ ᠠᠴᠠ ᠡᠭᠦᠰᠴᠦ᠂ ᠲᠠᠬᠢᠨ6 ᠲᠦᠭᠦᠷᠢᠭ ᠨᠡᠮᠡᠵᠦ 15 ᠲᠦᠭᠦᠷᠢᠭ  ᠪᠤᠯᠭᠠᠨ ᠳᠡᠭᠡᠭᠰᠢᠯᠡᠭᠦᠯᠤᠨ       ᠲᠤᠭᠲᠠᠭᠠᠭᠰᠠᠨ ᠶᠤᠮ᠃2017 ᠤᠨ ᠤ 6 ᠰᠠᠷ᠎ᠠ ᠶᠢᠨ  30᠎ ᠠᠴᠠ ᠡᠮᠤᠨ᠎ᠡ ᠪᠡᠯᠴᠢᠭᠡᠷᠯᠡᠭᠦᠯᠬᠦ    ᠎ ᠶᠢ ᠵᠤᠭᠰᠤᠭᠠᠬᠤ ᠤᠷᠤᠨ ᠨᠢ ᠮᠠᠯ ᠦᠭᠡᠢ ᠪᠠᠶᠢᠬᠤ ᠶᠢ ᠪᠠᠲᠤᠯᠠᠵᠦ ᠴᠢᠳᠠᠪᠡᠯ᠂ ᠪᠡᠯᠴᠢᠭᠡᠷᠯᠡᠭᠦᠯᠬᠦ ᠶᠢ       ᠵᠤᠭᠰᠤᠭᠠᠬᠤ ᠤᠷᠤᠨ ᠳᠤ ᠬᠠᠮᠤᠷᠤᠭᠳᠠᠭᠰᠠᠨ ᠮᠠᠯᠴᠢᠳ ᠤᠨ ᠨᠤᠳᠤᠭ ᠪᠡᠯᠴᠢᠭᠡᠷ ᠲᠤ ᠦᠯᠡᠳᠡᠵᠦ      ᠪᠠᠶᠢᠭ᠎ᠠ ᠮᠤ᠋ ᠪᠦᠷᠢ ᠶᠢᠨ12 ᠲᠦᠭᠦᠷᠢᠭ ᠢ ᠨᠦᠬᠦᠵᠦ ᠦᠭᠭᠦᠨ᠎ᠡ᠃        ᠤᠳᠤᠬᠠᠨ ᠳᠤ᠂ ᠰᠢᠨ᠎ᠡ ᠨᠢᠭᠡ ᠡᠭᠡᠯᠵᠢ ᠶᠢᠨ ᠲᠠᠯ᠎ᠠ ᠨᠤᠲᠤᠭ ᠤᠨ ᠨᠦᠬᠦᠪᠦᠷᠢ ᠦᠭᠬᠦ ᠪᠠ    ᠱᠠᠩᠨᠠᠬᠤ ᠲᠦᠷᠦ ᠶᠢᠨ ᠪᠤᠳᠤᠯᠭ᠎ᠠ ᠨᠢ ᠪᠦᠬᠦ ᠨᠡᠶᠢᠭᠡᠮ᠂ ᠤᠨᠴᠠᠭᠠᠶᠢᠯᠠᠨ ᠮᠠᠯᠴᠢᠨ ᠲᠦᠮᠡᠨ ᠤ         ᠬᠠᠯᠠᠮᠰᠢᠯ ᠠᠰᠠᠭᠤᠳᠠᠯ ᠪᠤᠯᠵᠤ ᠪᠠᠶᠢᠭ᠎ᠠ ᠶᠤᠮ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ  ᠎ ᠨᠢ ᠲᠦᠷᠢᠮ ᠲᠤᠭᠲᠠᠭᠠᠯ ᠶᠤᠰᠤᠭᠠᠷ ᠰᠢᠢᠳᠪᠦᠷᠢᠲᠦ ᠪᠤᠳᠤᠯᠭ᠎ᠠ ᠲᠤᠭᠲᠠᠭᠠᠨ ᠠᠵᠢᠯ ᠢᠶᠠᠨ             ᠶᠠᠪᠤᠭᠳᠠᠭᠤᠯᠵᠤ  ᠪᠠᠶᠢᠬᠤ  ᠮᠦᠷᠲᠡᠭᠡᠨ ᠡᠯ᠎ᠡ ᠰᠤᠮᠤ ᠪᠠᠯᠭᠠᠰᠤ᠂ ᠬᠤᠰᠢᠭᠤ ᠬᠤᠷᠢᠶ᠎ᠠ ᠪᠠᠶᠢᠭᠤᠯᠤᠯᠭ᠎ᠠ     ᠨᠢᠭᠡᠴᠡ ᠨᠢ ᠬᠦᠴᠦᠨ ᠢᠶᠠᠨ ᠲᠦᠪᠯᠡᠷᠡᠭᠦᠯᠤᠨ ᠮᠠᠯᠴᠢᠨ ᠲᠦᠮᠡᠨ ᠳᠤ ᠠᠰᠢᠭ ᠬᠦᠷᠲᠡᠭᠡᠬᠦ ᠡᠨᠡᠬᠦ      ᠢᠨ᠋ᠵᠨᠧᠷᠢᠭ ᠤᠨ ᠠᠵᠢᠯ ᠢ ᠬᠢᠵᠤ  ᠪᠠᠶᠢᠨ᠎ᠠ᠃ ᠬᠦᠰᠡᠬᠦ ᠨᠢ ᠦᠷᠭᠡᠨ ᠤᠯᠠᠨ ᠺᠠᠲᠡᠷ ᠤᠯᠠᠨ ᠲᠦᠮᠡᠨ    ᠎ ᠨᠢ ᠴᠤᠤᠷᠬᠠᠯ ᠢ ᠢᠲᠡᠭᠡᠬᠦ ᠦᠭᠡᠢ  ᠪᠠᠶᠢᠵᠤ᠂ ᠨᠠᠮ ᠤᠨ ᠬᠤᠷᠢᠶ᠎ᠠ ᠵᠠᠰᠠᠭ ᠤᠨ ᠤᠷᠳᠤᠨ ᠤ ᠠᠵᠢᠯ  ᠎ ᠢ ᠤᠶᠢᠯᠭᠠᠨ ᠳᠡᠮᠵᠢᠵᠦ᠂ ᠡᠨᠡᠭᠦ ᠠᠵᠢᠯ ᠢ ᠦᠨᠡᠨ ᠪᠤᠳᠠᠳᠠᠢ ᠪᠠᠷ ᠰᠠᠶᠢᠳᠤᠷ ᠬᠢᠰᠦᠭᠡᠢ︕                               ᠬᠤᠰᠢᠭᠤ ᠲᠠᠷᠢᠶᠠᠯᠠᠩ ᠮᠠᠯ ᠠᠵᠦ ᠠᠬᠤᠢ ᠶᠢᠨ ᠲᠤᠪᠴᠢᠶ᠎ᠠ                                  2016 ᠤᠨ ᠤ12 ᠰᠠᠷ᠎ᠠ ᠶᠢᠨ24᠎ ᠤ ᠡᠳᠦᠷ
 
ᠢᠷᠡᠯᠲᠡ᠄ xhqxcbweixin
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号