ᠤᠷᠴᠢᠮᠬᠠᠨ ᠬᠦᠪᠡᠭᠡᠲᠦ ᠰᠢᠷ᠎ᠠ ᠬᠤᠰᠢᠭᠤᠨ ᠤ ᠲᠤᠲᠤᠭᠠᠲᠦ ᠶᠢ ᠬᠠᠮᠠᠭᠠᠯᠠᠬᠤ ᠲᠤᠪᠴᠢᠶ᠎ᠠ ᠨᠢ ᠠᠵᠢᠯ | ᠳᠤᠮᠳᠠ ᠪᠠᠨ᠂ ᠦᠨᠡᠨ ᠪᠤᠳᠠᠳᠠᠢ ᠪᠠᠶᠢᠳᠠᠯ ᠢ ᠤᠶᠢᠯᠠᠭᠠᠬᠤ ᠦᠭᠡᠢ ᠬᠡᠰᠡᠭ ᠬᠦᠮᠦᠨ ᠸᠢᠴᠢᠲ ᠳᠡᠭᠡᠷ᠎ᠡ ᠮᠠᠨ ᠤ | ᠬᠤᠰᠢᠭᠤᠨ ᠤ ᠰᠢᠨ᠎ᠡ ᠨᠢᠭᠡ ᠡᠭᠡᠯᠵᠢ ᠶᠢᠨ ᠲᠠᠯ᠎ᠠ ᠨᠤᠲᠤᠭ ᠤᠨ ᠨᠦᠬᠦᠪᠦᠷᠢ ᠦᠭᠬᠦ ᠪᠠ ᠱᠠᠩᠨᠠᠬᠤ ᠲᠦᠷᠦ ᠶᠢᠨ | ᠪᠤᠳᠤᠯᠭ᠎ᠠ ᠶᠢᠨ ᠲᠤᠬᠠᠢ ᠰᠤᠷᠠᠭ ᠵᠠᠩᠬᠢ ᠶᠢ ᠢᠯᠡᠷᠡᠭᠦᠯᠪᠡ᠃ ᠲᠤᠲᠤᠭᠠᠲᠦ ᠶᠢ ᠬᠠᠮᠠᠭᠠᠯᠠᠬᠤ ᠲᠤᠪᠴᠢᠶ᠎ᠠ ᠨᠢ ᠡᠨᠡᠬᠦ | ᠸᠢᠴᠢᠲ ᠤᠨ ᠰᠤᠷᠠᠭ ᠵᠠᠩᠬᠢ ᠶᠢᠨ ᠲᠤᠰᠬᠠᠭᠰᠡᠨ ᠠᠭᠤᠯᠭ᠎ᠠ ᠨᠢ ᠦᠨᠡᠨ ᠪᠤᠳᠠᠳᠠᠢ ᠪᠢᠰᠢ᠂ ᠪᠦᠷᠢᠮᠰᠦᠨ | ᠴᠤᠤᠷᠬᠠᠯ ᠪᠤᠯᠬᠤ ᠶᠢ ᠭᠡᠷᠴᠢᠯᠡᠵᠡᠢ᠃ ᠡᠨᠡᠬᠦ ᠪᠠᠶᠢᠳᠠᠯ ᠳᠤᠤᠷ᠎ᠠ᠂ ᠦᠷᠭᠡᠨ ᠤᠯᠠᠨ ᠮᠠᠯᠴᠢᠨ ᠲᠦᠮᠡᠨ ᠳᠤ | ᠰᠢᠨ᠎ᠡ ᠨᠢᠭᠡ ᠡᠭᠡᠯᠵᠢ ᠶᠢᠨ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠦᠭᠬᠦ ᠪᠠ | ᠱᠠᠩᠨᠠᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠤᠨᠤᠪᠴᠢᠲᠠᠢ ᠪᠠᠷ ᠤᠶᠢᠯᠠᠭᠤᠯᠵᠦ᠂ ᠪᠤᠷᠤᠭᠤ | ᠤᠶᠢᠯᠠᠭᠠᠯᠲᠠ᠂ ᠬᠤᠳᠠᠯ ᠴᠤᠤᠷᠬᠠᠯ ᠭᠠᠷᠭᠠᠬᠤ ᠦᠭᠡᠢ ᠶᠢᠨ ᠲᠤᠰᠠᠲᠠ ᠰᠢᠨ᠎ᠡ ᠨᠢᠭᠡ ᠡᠭᠡᠯᠵᠢ ᠶᠢᠨ ᠲᠠᠯ᠎ᠠ | ᠨᠤᠳᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠦᠭᠬᠦ ᠪᠠ ᠱᠠᠩᠨᠠᠬᠤ ᠲᠦᠷᠦ ᠶᠢᠨ ᠪᠤᠳᠤᠯᠭ᠎ᠠ ᠶᠢᠨ | ᠬᠤᠯᠪᠤᠭᠳᠠᠯ ᠪᠦᠬᠦᠢ ᠠᠭᠤᠯᠭ᠎ᠠ ᠳᠤ ᠳᠦᠭᠦᠮ ᠲᠠᠶᠢᠯᠤᠮᠵᠢ ᠬᠢᠯ᠎ᠡ᠃ ᠮᠠᠯᠴᠢᠨ ᠲᠦᠮᠡᠨ ᠮᠠᠨᠢ ᠠᠩᠬᠠᠷᠤᠨ | ᠤᠩᠰᠢᠬᠤ ᠪᠤᠯᠪᠠᠤ︕ | ᠴᠤᠤᠷᠬᠠᠯ ᠳᠤ ︽ᠰᠢᠨ᠎ᠡ ᠨᠢᠭᠡ ᠡᠭᠡᠯᠵᠢ ᠶᠢᠨ ᠲᠠᠯ᠎ᠠ ᠨᠤᠳᠤᠭ ᠤᠨ ᠠᠮᠢ ᠠᠬᠤᠢ ᠶᠢᠨ | ᠬᠠᠮᠠᠭᠠᠯᠠᠯᠲᠠ ᠶᠢᠨ ᠨᠦᠬᠦᠪᠦᠷᠢ ᠦᠭᠬᠦ ᠪᠠ ᠱᠠᠩᠨᠠᠬᠤ ᠲᠦᠷᠦ ᠶᠢᠨ ᠪᠤᠳᠤᠯᠭ᠎ᠠ ᠶᠢᠨ ᠲᠤᠬᠠᠢ ᠤᠯᠠᠨ ᠤᠳᠠᠭᠠᠨ ᠤ | ᠬᠤᠷᠠᠯ ᠬᠢᠭᠰᠡᠨ ᠪᠤᠯᠪᠠᠴᠤ ᠶᠠᠮᠠᠷᠴᠤ ᠦᠷ᠎ᠡ ᠠᠰᠢᠭ ᠭᠠᠷᠤᠭᠰᠠᠨ ᠦᠭᠡᠢ︾᠃ ︽ᠳᠡᠭᠡᠷ᠎ᠡ ᠠᠴᠠ | ᠪᠠᠭᠤᠯᠭᠠᠭᠰᠠᠨ ᠨᠦᠬᠦᠪᠦᠷᠢ ᠮᠦᠩᠭᠦ ᠶᠢ ᠵᠠᠰᠠᠭ ᠤᠨ ᠨᠤᠶᠠᠳ ᠬᠠᠮᠢᠭᠠᠰᠢ ᠨᠡᠭᠦᠯᠭᠡᠨ ᠵᠠᠷᠤᠬᠤ ᠭᠡᠵᠦ ᠪᠠᠶᠢᠭ᠎ᠠ ᠪᠤᠢ︖ | ︾᠃ ︽ᠮᠠᠯᠴᠢᠳ ᠢ ᠬᠠᠭᠤᠷᠴᠤ ᠮᠡᠬᠡᠯᠡᠵᠦ ᠪᠠᠶᠢᠨ᠎ᠠ︾ ᠭᠡᠬᠦ ᠮᠡᠲᠦ ᠶᠢᠨ ᠪᠤᠳᠠᠳᠤ ᠪᠠᠶᠢᠳᠠᠯ ᠳᠤ ᠨᠡᠶᠢᠴᠡᠬᠦ | ᠦᠭᠡᠢ ᠶᠠᠷᠢᠶ᠎ᠠ ᠬᠡᠯᠡᠯᠴᠡᠭᠡ ᠡᠭᠦᠰᠭᠡᠭᠰᠠᠨ ᠪᠠᠶᠢᠨ᠎ᠠ᠃ ᠰᠢᠨ᠎ᠡ ᠨᠢᠭᠡ ᠡᠭᠡᠯᠵᠢ ᠶᠢᠨ ᠲᠠᠯ᠎ᠠ ᠨᠤᠲᠤᠭ ᠤᠨ ᠠᠮᠢ ᠠᠬᠤᠢ | ᠶᠢᠨ ᠬᠠᠮᠠᠭᠠᠯᠠᠯᠲᠠ ᠶᠢᠨ ᠨᠦᠬᠦᠪᠦᠷᠢ ᠦᠭᠬᠦ ᠪᠠ ᠱᠠᠩᠨᠠᠬᠤ ᠲᠦᠷᠦ ᠶᠢᠨ ᠪᠤᠳᠤᠯᠭ᠎ᠠ ᠪᠤᠯ ᠲᠠᠯ᠎ᠠ ᠨᠤᠳᠤᠭ ᠤᠨ | ᠠᠮᠢ ᠠᠬᠤᠢ ᠶᠢ ᠬᠠᠮᠠᠭᠠᠯᠠᠬᠤ᠂ ᠮᠠᠯᠴᠢᠨ ᠲᠦᠮᠡᠨ ᠢ ᠵᠤᠯ ᠵᠢᠷᠭᠠᠯ ᠡᠳ᠋ᠯᠡᠭᠦᠯᠬᠦ ᠶᠢᠨ ᠲᠦᠯᠦᠭᠡ ᠨᠠᠷᠢᠨ ᠬᠢᠨᠠᠮᠠᠭᠠᠢ | ᠪᠠᠶᠢᠴᠠᠭᠠᠨ ᠰᠤᠳᠤᠯᠤᠯᠲᠠ ᠬᠢᠭᠰᠡᠨᠰᠠᠭᠤᠷᠢᠨ ᠳᠡᠭᠡᠷ᠎ᠡ ᠲᠤᠭᠲᠠᠭᠠᠭᠰᠡᠨ ᠶᠤᠮ᠃12 ᠰᠠᠷ᠎ᠠ ᠶᠢᠨ ᠡᠬᠢᠨ ᠳᠤ | ᠮᠠᠨ ᠤ ᠠᠶᠢᠮᠠᠭ ᠨᠢ ᠭᠠᠵᠠᠷ ᠤᠷᠤᠨ ᠤ ᠪᠤᠳᠠᠳᠦ ᠪᠠᠶᠢᠳᠠᠯ ᠳᠠᠭᠠᠨ ᠵᠤᠬᠢᠴᠠᠭᠤᠯᠤᠨ᠂ ᠰᠢᠯᠢ ᠶᠢᠨ ᠭᠤᠤᠯ ᠠᠶᠢᠮᠠᠭ | ᠤᠨ ᠰᠢᠨ᠎ᠡ ᠨᠢᠭᠡ ᠡᠭᠡᠯᠵᠢ ᠶᠢᠨ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠦᠭᠬᠦ | ᠪᠠ ᠱᠠᠩᠨᠠᠬᠤ ᠲᠦᠷᠦ ᠶᠢᠨ ᠪᠤᠳᠤᠯᠭ᠎ᠠ ᠶᠢ ᠬᠡᠷᠭᠵᠢᠭᠦᠯᠬᠦ ᠲᠦᠰᠦᠪ ᠢ ᠲᠤᠭᠲᠠᠭᠠᠨ᠂ ᠡᠯ᠎ᠡ ᠬᠤᠰᠢᠭᠤ ᠰᠢᠶᠠᠨ | ᠳᠤ ᠪᠢᠴᠢᠭ ᠮᠠᠲ᠋ᠧᠷᠢᠶᠠᠯ ᠤᠨ ᠬᠡᠯᠪᠡᠷᠢ ᠪᠠᠷ ᠪᠠᠭᠤᠯᠭᠠᠭᠰᠡᠨ ᠪᠢᠯᠡ᠃ ᠡᠨᠡᠬᠦ ᠬᠡᠷᠡᠭᠵᠢᠭᠦᠯᠬᠦ ᠲᠦᠰᠦᠪ ᠢ | ᠮᠠᠨ ᠤ ᠬᠤᠰᠢᠭᠤᠨ ᠤ ᠨᠠᠮ ᠤᠨᠬᠤᠷᠢᠶ᠎ᠠ᠂ ᠵᠠᠰᠠᠭ ᠤᠨ ᠤᠷᠳᠤᠨ ᠨᠢ ᠤᠬᠤᠷᠬᠠᠨ20 ᠬᠡᠳᠦᠨ ᠡᠳᠦᠷ | ᠤᠨ ᠳᠤᠲᠤᠷ᠎ᠠ ᠤᠯᠠᠨ ᠤᠳᠠᠭᠠᠨ ᠤ ᠬᠤᠷᠠᠯ ᠬᠤᠷᠠᠯᠳᠤᠭᠤᠯᠤᠨ᠂ ᠤᠯᠠᠨ ᠲᠠᠯ᠎ᠠ ᠶᠢᠨ ᠰᠠᠨᠠᠯ ᠰᠠᠨᠠᠭᠤᠯᠭ᠎ᠠ ᠶᠢ | ᠬᠤᠷᠢᠶᠠᠨ ᠡᠮᠬᠢᠳᠬᠡᠭᠰᠡᠨ ᠰᠠᠭᠤᠷᠢᠨ ᠳᠡᠭᠡᠷ᠎ᠡ᠂ ᠮᠠᠨ ᠤ ᠬᠤᠰᠢᠭᠤᠨ ᠤ ᠪᠤᠳᠠᠳᠦ ᠪᠠᠶᠢᠳᠠᠯ ᠳᠤ ᠵᠤᠬᠢᠴᠠᠭᠰᠠᠨ ︽ | ᠬᠦᠪᠡᠭᠡᠲᠦ ᠰᠢᠷ᠎ᠠ ᠬᠤᠰᠢᠭᠤᠨ ᠤ ᠲᠠᠯ᠎ᠠ ᠨᠤᠲᠤᠭ ᠤᠨ ᠨᠦᠬᠦᠪᠦᠷᠢ ᠦᠭᠬᠦ ᠪᠠ ᠱᠠᠩᠨᠠᠬᠤ ᠲᠦᠷᠦ ᠶᠢᠨ | ᠪᠤᠳᠤᠯᠭ᠎ᠠ ᠶᠢ ᠬᠡᠷᠡᠭᠵᠢᠭᠦᠯᠬᠦ ᠲᠦᠰᠦᠪ ︵ᠶᠠᠷᠢᠯᠴᠠᠬᠤ ᠨᠤᠤᠷᠠᠭ︶︾ ᠢ ᠨᠤᠤᠷᠠᠭᠯᠡᠨ ᠭᠠᠷᠭᠠᠭᠰᠡᠨ ᠪᠠᠶᠢᠨ᠎ᠠ᠃ | ᠡᠨᠡᠭᠦ ᠬᠡᠷᠭᠵᠢᠭᠦᠯᠭᠦ ᠲᠦᠰᠦᠪ ᠨᠢ ᠶᠠᠷᠢᠯᠴᠠᠬᠤ ᠨᠤᠤᠷᠠᠭ ᠲᠤᠯᠠ ᠤᠳᠤᠬᠠᠨ ᠳᠠᠭᠠᠨ ᠶᠠᠷᠢᠯᠴᠠᠬᠤ ᠪᠠ ᠰᠠᠨᠠᠯ | ᠬᠤᠷᠢᠶᠠᠬᠤ ᠱᠠᠲᠤᠨ ᠳᠠᠭᠠᠨ ᠪᠠᠶᠢᠨ᠎ᠠ᠃ ᠤᠳᠤᠬᠠᠨ ᠳᠤ ᠮᠠᠨ ᠤ ᠬᠤᠰᠢᠭᠤᠨ ᠤ ᠪᠡᠯᠴᠢᠭᠡᠷᠯᠡᠭᠦᠯᠭᠦ ᠶᠢ | ᠵᠤᠭᠰᠤᠭᠠᠬᠤ ᠤᠷᠤᠨ ᠪᠠ ᠮᠠᠯ ᠪᠡᠯᠴᠢᠭᠡᠷ ᠶᠢᠨ ᠲᠡᠩᠴᠡᠭᠦᠷᠢ ᠶᠢ ᠪᠠᠳᠤᠯᠠᠬᠤ ᠤᠷᠤᠨ ᠨᠢ ᠬᠠᠷᠬᠠᠨ ᠭᠦᠢᠴᠡᠳ | ᠲᠤᠭᠲᠠᠭᠠᠭᠳᠠᠵᠦ ᠳᠡᠶᠢᠯᠤᠭᠡᠳᠦᠢ ᠲᠤᠯᠡ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠨᠢ | ᠤᠷᠢᠳᠠᠪᠡᠷ ᠪᠦᠬᠦ ᠬᠤᠰᠢᠭᠤᠨ ᠤ ᠨᠤᠳᠤᠭ ᠪᠡᠯᠴᠢᠭᠡᠷ ᠢ ᠮᠠᠯ ᠪᠡᠯᠴᠢᠭᠡᠷ ᠤᠨ ᠲᠡᠩᠴᠡᠭᠦᠷᠢ ᠢ ᠪᠠᠲᠣᠯᠠᠬᠤ | ᠪᠠᠷᠢᠮᠵᠢᠶ᠎ᠠ ᠶᠤᠰᠤᠭᠠᠷ ᠮᠤ᠋ ᠪᠦᠷᠢ ᠳᠤ 3 ᠲᠦᠭᠦᠷᠢᠭ ᠨᠦᠬᠦᠪᠦᠷᠢᠯᠡᠨ ᠦᠭᠬᠦ ᠪᠠᠷ ᠲᠤᠭᠲᠠᠵᠦ᠂ ᠤᠷᠴᠢᠮ ᠤᠨ | ᠬᠤᠭᠤᠴᠠᠭᠠᠨ ᠳᠤ ᠶᠠᠭ ᠰᠠᠶᠢᠬᠠᠨ ᠮᠠᠯᠴᠢᠨ ᠲᠦᠮᠡᠨ ᠳᠤ ᠲᠠᠷᠬᠠᠭᠠᠬᠤ ᠪᠠᠷ ᠪᠠᠶᠢᠨ᠎ᠠ᠃ ᠡᠭᠦᠨ ᠤ ᠬᠠᠮᠲᠦ᠂ | ᠡᠯ᠎ᠡ ᠰᠤᠮᠤ ᠪᠠᠯᠭᠠᠰᠤ ᠨᠢ ᠮᠠᠯᠴᠢᠨᠡᠷᠦᠬᠡ ᠪᠠᠷ ᠭᠦᠨᠵᠡᠭᠡᠶᠢᠷᠡᠨ ᠪᠡᠯᠴᠢᠭᠡᠷᠯᠡᠭᠦᠯᠬᠦ ᠶᠢ ᠵᠤᠭᠰᠤᠭᠠᠬᠤ | ᠤᠷᠤᠨ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠤᠷᠤᠨ ᠢ ᠪᠦᠷᠢᠳᠬᠡᠨ ᠳᠠᠩᠰᠡᠯᠠᠵᠦ᠂ ᠭᠡᠷ᠎ᠡ | ᠲᠤᠭᠳᠠᠬᠤ ᠠᠵᠢᠯ ᠢ ᠶᠠᠪᠤᠭᠳᠠᠭᠤᠯᠵᠤ ᠪᠠᠶᠢᠨ᠎ᠠ᠃ ᠡᠨᠡᠬᠦ ᠠᠵᠢᠯ ᠳᠠᠭᠤᠰᠪᠡᠯ ᠰᠠᠶ᠋ᠢ ᠮᠠᠨ ᠤ ᠬᠤᠰᠢᠭᠤᠨ ᠤ | ᠨᠤᠳᠤᠭ ᠪᠡᠯᠴᠢᠭᠡᠷ ᠤᠨ ᠬᠡᠳᠦᠢ ᠨᠢ ᠪᠡᠯᠴᠢᠭᠡᠷᠯᠡᠭᠦᠯᠬᠦ ᠶᠢ ᠵᠤᠭᠰᠤᠭᠠᠬᠤ ᠤᠷᠤᠨ ᠳᠤ ᠤᠷᠤᠵᠦ᠂ ᠬᠡᠳᠦᠢ ᠨᠢ ᠮᠠᠯ | ᠪᠡᠯᠴᠢᠭᠡᠷ ᠤᠨ ᠲᠡᠩᠴᠡᠭᠦᠷᠢ ᠶᠢ ᠪᠠᠲᠦᠯᠠᠬᠤ ᠤᠷᠤᠨ ᠳᠤ ᠤᠷᠤᠭᠰᠠᠨ ᠨᠢ ᠢᠯᠡᠷᠬᠡᠢ ᠪᠤᠯᠬᠤ ᠲᠤᠯᠠ ᠰᠢᠨ᠎ᠡ | ᠨᠢᠭᠡ ᠡᠭᠡᠯᠵᠢ ᠶᠢᠨ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠮᠦᠩᠭᠦ ᠪᠠ | ᠱᠠᠩᠨᠠᠬᠤ ᠲᠦᠷᠦ ᠶᠢᠨ ᠪᠤᠳᠤᠯᠭ᠎ᠠ ᠵᠢᠩᠬᠢᠨᠢ ᠪᠠᠷ ᠬᠡᠷᠡᠭᠵᠢᠭᠦᠯᠦᠭᠳᠡᠬᠦ ᠪᠤᠯᠤᠨ᠎ᠠ᠃ | ᠴᠤᠤᠷᠬᠠᠯ ᠳᠤ ︽ ᠨᠢᠭᠡ ᠬᠦᠮᠦᠨ ᠤ 5000 ᠲᠦᠭᠦᠷᠢᠭ ᠤᠨ ᠨᠦᠬᠦᠪᠦᠷᠢ ᠪᠠᠭᠤᠯᠭᠠᠭᠰᠡᠨ ᠴᠤ | ᠶᠠᠭᠠᠬᠢᠮᠠᠢ᠂ ᠪᠠᠷᠤᠭ ᠤᠨ ᠡᠷᠦᠬᠡ ᠲᠦᠮᠡ ᠠᠴᠠ ᠳᠡᠭᠡᠭᠰᠢ ᠮᠦᠩᠭᠦ ᠬᠦᠷᠲᠡᠨ᠎ᠡ᠂ ᠭᠡᠲᠡᠯ᠎ᠡ ᠬᠦᠪᠡᠭᠡᠲᠦ | ᠰᠢᠷ᠎ᠠ ᠬᠤᠰᠢᠭᠤ ᠨᠢ ᠮᠠᠯᠴᠢᠳ ᠲᠠᠭᠠᠨ ᠮᠤ᠋ ᠪᠦᠷᠢ3 ᠲᠦᠭᠦᠷᠢᠭ ᠤᠨ ᠨᠦᠬᠦᠪᠦᠷᠢ ᠪᠠᠭᠤᠯᠭᠠᠵᠦ ᠮᠠᠯᠴᠢᠳ | ᠢᠶᠠᠨ ᠠᠷᠭᠠᠯᠠᠵᠦ ᠪᠠᠶᠢᠨ᠎ᠠ ︾ ᠭᠡᠰᠡᠨ ᠪᠠᠶᠢᠨ᠎ᠠ᠂ ᠡᠨᠡᠭᠦ ᠴᠤᠤᠷᠬᠠᠯ ᠨᠢ ᠮᠦᠨ ᠴᠤ ᠪᠤᠳᠠᠳᠤ ᠪᠠᠶᠢᠳᠠᠯ ᠳᠤ | ᠨᠡᠶᠢᠴᠡᠬᠦ ᠦᠭᠡᠢ ᠶᠠᠷᠢᠶ᠎ᠠ ᠬᠡᠯᠡᠯᠴᠡᠭᠡ ᠶᠢ ᠡᠭᠦᠰᠭᠡᠭᠰᠡᠨ ᠪᠠᠶᠢᠨ᠎ᠠ᠃ ᠮᠠᠨ ᠤ ᠬᠤᠰᠢᠭᠤᠨ ᠤ ᠰᠢᠨ᠎ᠡ ᠨᠢᠭᠡ ᠡᠭᠡᠯᠵᠢ | ᠶᠢᠨ ᠲᠠᠯ᠎ᠠ ᠨᠤᠲᠤᠭ ᠤᠨ ᠨᠦᠬᠦᠪᠦᠷᠢ ᠦᠭᠬᠦ ᠪᠠ ᠱᠠᠩᠨᠠᠬᠤ ᠲᠦᠷᠦ ᠶᠢᠨ ᠪᠤᠳᠤᠯᠭ᠎ᠠ ᠶᠢᠨ | ᠬᠡᠷᠡᠭᠵᠢᠭᠦᠯᠭᠦ ᠲᠦᠰᠦᠪ ︵ᠶᠠᠷᠢᠯᠴᠠᠬᠤ ᠨᠤᠤᠷᠠᠭ ︶ ᠲᠤ ᠮᠠᠨ ᠤ ᠬᠤᠰᠢᠭᠤᠨ ᠤ ᠪᠡᠯᠴᠢᠭᠡᠷᠯᠡᠭᠦᠯᠬᠦ ᠶᠢ | ᠵᠤᠭᠰᠤᠭᠠᠬᠤ ᠤᠷᠤᠨ ᠤ ᠨᠦᠬᠦᠪᠦᠷᠢᠯᠡᠬᠦ ᠪᠠᠷᠢᠮᠵᠢᠶ᠎ᠠ ᠨᠢ ᠮᠤ᠋ ᠪᠦᠷᠢ15 ᠲᠦᠭᠦᠷᠢᠭ ᠤᠷᠴᠢᠮ᠂ ᠮᠠᠯ ᠪᠡᠯᠴᠢᠭᠡᠷ | ᠤᠨ ᠲᠡᠩᠴᠡᠭᠦᠷᠢ ᠶᠢ ᠪᠠᠳᠤᠯᠠᠬᠤ ᠤᠷᠤᠨ ᠤ ᠨᠦᠬᠦᠪᠦᠷᠢᠯᠡᠬᠦ ᠪᠠᠷᠢᠮᠵᠢᠶ᠎ᠠ ᠨᠢ ᠮᠤ᠋ ᠪᠦᠷᠢ 3 ᠲᠦᠭᠦᠷᠢᠭ | ᠣᠷᠴᠢᠮ᠂ ᠬᠠᠳᠤᠯᠠᠩ ᠤᠨ ᠲᠠᠯᠪᠠᠢ ᠶᠢᠨ ᠤᠷᠤᠨ ᠤ ᠨᠦᠬᠦᠪᠦᠷᠢ ᠪᠠᠷᠢᠮᠵᠢᠶ᠎ᠠ ᠨᠢ ᠮᠤ᠋ ᠪᠦᠷᠢ 5 ᠲᠦᠭᠦᠷᠢᠭ ︵ | ᠮᠠᠯ ᠪᠡᠯᠴᠢᠭᠡᠷᠯᠡᠭᠦᠯᠬᠦ ᠶᠢ ᠴᠠᠭᠠᠵᠢᠯᠠᠨ᠎ᠠ︶ ᠭᠡᠵᠦ ᠲᠤᠭᠲᠠᠭᠠᠭᠰᠠᠨ ᠪᠠᠶᠢᠨ᠎ᠠ ᠃ ᠡᠨᠡ ᠨᠢ ᠮᠠᠨ ᠤ ᠠᠶᠢᠮᠠᠭ | ᠤᠨ ᠪᠡᠯᠴᠢᠭᠡᠷᠯᠡᠭᠦᠯᠬᠦ ᠶᠢ ᠵᠤᠭᠰᠤᠭᠠᠬᠤ ᠤᠷᠤᠨ ᠳᠤ ᠮᠤ᠋ ᠪᠦᠷᠢ ᠳᠤ 9 ᠲᠦᠭᠦᠷᠢᠭ ᠤᠷᠴᠢᠮ ᠨᠦᠬᠦᠪᠦᠷᠢᠯᠡᠬᠦ ᠪᠠᠷ | ᠲᠤᠭᠲᠠᠭᠰᠠᠨ ᠪᠠᠷᠢᠮᠵᠢᠶ᠎ᠠ ᠶᠢᠨ ᠰᠠᠭᠤᠷᠢᠨ ᠳᠡᠭᠡᠷ᠎ᠡ᠂ ᠮᠠᠨ ᠤ ᠬᠤᠰᠢᠭᠤᠨ ᠤ ᠪᠠᠨ ᠪᠤᠳᠠᠳᠦ ᠪᠠᠶᠢᠳᠠᠯ | ᠠᠴᠠ ᠡᠭᠦᠰᠴᠦ᠂ ᠲᠠᠬᠢᠨ6 ᠲᠦᠭᠦᠷᠢᠭ ᠨᠡᠮᠡᠵᠦ 15 ᠲᠦᠭᠦᠷᠢᠭ ᠪᠤᠯᠭᠠᠨ ᠳᠡᠭᠡᠭᠰᠢᠯᠡᠭᠦᠯᠤᠨ | ᠲᠤᠭᠲᠠᠭᠠᠭᠰᠠᠨ ᠶᠤᠮ᠃2017 ᠤᠨ ᠤ 6 ᠰᠠᠷ᠎ᠠ ᠶᠢᠨ 30 ᠠᠴᠠ ᠡᠮᠤᠨ᠎ᠡ ᠪᠡᠯᠴᠢᠭᠡᠷᠯᠡᠭᠦᠯᠬᠦ ᠶᠢ | ᠵᠤᠭᠰᠤᠭᠠᠬᠤ ᠤᠷᠤᠨ ᠨᠢ ᠮᠠᠯ ᠦᠭᠡᠢ ᠪᠠᠶᠢᠬᠤ ᠶᠢ ᠪᠠᠲᠤᠯᠠᠵᠦ ᠴᠢᠳᠠᠪᠡᠯ᠂ ᠪᠡᠯᠴᠢᠭᠡᠷᠯᠡᠭᠦᠯᠬᠦ ᠶᠢ | ᠵᠤᠭᠰᠤᠭᠠᠬᠤ ᠤᠷᠤᠨ ᠳᠤ ᠬᠠᠮᠤᠷᠤᠭᠳᠠᠭᠰᠠᠨ ᠮᠠᠯᠴᠢᠳ ᠤᠨ ᠨᠤᠳᠤᠭ ᠪᠡᠯᠴᠢᠭᠡᠷ ᠲᠤ ᠦᠯᠡᠳᠡᠵᠦ ᠪᠠᠶᠢᠭ᠎ᠠ ᠮᠤ᠋ | ᠪᠦᠷᠢ ᠶᠢᠨ12 ᠲᠦᠭᠦᠷᠢᠭ ᠢ ᠨᠦᠬᠦᠵᠦ ᠦᠭᠭᠦᠨ᠎ᠡ᠃ | ᠤᠳᠤᠬᠠᠨ ᠳᠤ᠂ ᠰᠢᠨ᠎ᠡ ᠨᠢᠭᠡ ᠡᠭᠡᠯᠵᠢ ᠶᠢᠨ ᠲᠠᠯ᠎ᠠ ᠨᠤᠲᠤᠭ ᠤᠨ ᠨᠦᠬᠦᠪᠦᠷᠢ ᠦᠭᠬᠦ ᠪᠠ ᠱᠠᠩᠨᠠᠬᠤ | ᠲᠦᠷᠦ ᠶᠢᠨ ᠪᠤᠳᠤᠯᠭ᠎ᠠ ᠨᠢ ᠪᠦᠬᠦ ᠨᠡᠶᠢᠭᠡᠮ᠂ ᠤᠨᠴᠠᠭᠠᠶᠢᠯᠠᠨ ᠮᠠᠯᠴᠢᠨ ᠲᠦᠮᠡᠨ ᠤ ᠬᠠᠯᠠᠮᠰᠢᠯ ᠠᠰᠠᠭᠤᠳᠠᠯ | ᠪᠤᠯᠵᠤ ᠪᠠᠶᠢᠭ᠎ᠠ ᠶᠤᠮ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠨᠢ ᠲᠦᠷᠢᠮ ᠲᠤᠭᠲᠠᠭᠠᠯ | ᠶᠤᠰᠤᠭᠠᠷ ᠰᠢᠢᠳᠪᠦᠷᠢᠲᠦ ᠪᠤᠳᠤᠯᠭ᠎ᠠ ᠲᠤᠭᠲᠠᠭᠠᠨ ᠠᠵᠢᠯ ᠢᠶᠠᠨ ᠶᠠᠪᠤᠭᠳᠠᠭᠤᠯᠵᠤ ᠪᠠᠶᠢᠬᠤ | ᠮᠦᠷᠲᠡᠭᠡᠨ ᠡᠯ᠎ᠡ ᠰᠤᠮᠤ ᠪᠠᠯᠭᠠᠰᠤ᠂ ᠬᠤᠰᠢᠭᠤ ᠬᠤᠷᠢᠶ᠎ᠠ ᠪᠠᠶᠢᠭᠤᠯᠤᠯᠭ᠎ᠠ ᠨᠢᠭᠡᠴᠡ ᠨᠢ ᠬᠦᠴᠦᠨ ᠢᠶᠠᠨ | ᠲᠦᠪᠯᠡᠷᠡᠭᠦᠯᠤᠨ ᠮᠠᠯᠴᠢᠨ ᠲᠦᠮᠡᠨ ᠳᠤ ᠠᠰᠢᠭ ᠬᠦᠷᠲᠡᠭᠡᠬᠦ ᠡᠨᠡᠬᠦ ᠢᠨ᠋ᠵᠨᠧᠷᠢᠭ ᠤᠨ ᠠᠵᠢᠯ ᠢ ᠬᠢᠵᠤ ᠪᠠᠶᠢᠨ᠎ᠠ᠃ | ᠬᠦᠰᠡᠬᠦ ᠨᠢ ᠦᠷᠭᠡᠨ ᠤᠯᠠᠨ ᠺᠠᠲᠡᠷ ᠤᠯᠠᠨ ᠲᠦᠮᠡᠨ ᠨᠢ ᠴᠤᠤᠷᠬᠠᠯ ᠢ ᠢᠲᠡᠭᠡᠬᠦ ᠦᠭᠡᠢ ᠪᠠᠶᠢᠵᠤ᠂ ᠨᠠᠮ ᠤᠨ | ᠬᠤᠷᠢᠶ᠎ᠠ ᠵᠠᠰᠠᠭ ᠤᠨ ᠤᠷᠳᠤᠨ ᠤ ᠠᠵᠢᠯ ᠢ ᠤᠶᠢᠯᠭᠠᠨ ᠳᠡᠮᠵᠢᠵᠦ᠂ ᠡᠨᠡᠭᠦ ᠠᠵᠢᠯ ᠢ ᠦᠨᠡᠨ ᠪᠤᠳᠠᠳᠠᠢ ᠪᠠᠷ | ᠰᠠᠶᠢᠳᠤᠷ ᠬᠢᠰᠦᠭᠡᠢ︕ | ᠬᠤᠰᠢᠭᠤ ᠲᠠᠷᠢᠶᠠᠯᠠᠩ ᠮᠠᠯ ᠠᠵᠦ ᠠᠬᠤᠢ ᠶᠢᠨ ᠲᠤᠪᠴᠢᠶ᠎ᠠ | 2016 ᠤᠨ ᠤ12 ᠰᠠᠷ᠎ᠠ ᠶᠢᠨ24 ᠤ ᠡᠳᠦᠷ |