ᠬᠦᠪᠡᠭᠡᠲᠦ ᠰᠢᠷ᠎ᠠ ᠬᠤᠰᠢᠭᠤᠨ ᠤ ᠲᠤᠶᠢᠮᠤ ᠪᠠᠶᠢᠳᠠᠯ
ᠨᠡᠶᠢᠲᠡᠯᠡᠭᠰᠡᠨ ᠴᠠᠭ᠄
2016/12/28
ᠬᠦᠪᠡᠭᠡᠲᠦ ᠰᠢᠷ᠎ᠠ ᠬᠤᠰᠢᠭᠤ  ᠎ ᠨᠢ  ᠰᠢᠯᠢ ᠶᠢᠨ ᠭᠤᠤᠯ ᠠᠶᠢᠠᠮᠠᠭ ᠤᠨ ᠪᠠᠷᠠᠭᠤᠨ ᠡᠮᠦᠨ᠎ᠡ ᠬᠡᠰᠡᠭ ᠲᠤ ᠪᠠᠶᠢᠷᠢᠯᠠᠵᠦ᠂ ᠪᠦᠬᠦ ᠬᠤᠰᠢᠭᠤᠨ ᠤ ᠭᠠᠵᠠᠷ ᠨᠤᠲᠤᠭ ᠤᠨ ᠲᠠᠯᠪᠠᠢ ᠨᠢ 5172 ᠲᠡᠭᠰᠢ ᠳᠦᠷᠪᠡᠯᠵᠢᠨ ᠺᠢᠯᠤᠮᠧᠲᠷ ᠪᠠᠶᠢᠵᠦ᠂ ᠬᠤᠶᠠᠷ ᠪᠠᠯᠭᠠᠰᠦ ︵ᠰᠢᠨᠡᠪᠤᠯᠠᠭ ᠪᠠᠯᠭᠠᠰᠤ᠂ ᠪᠠᠶᠠᠨᠲᠠᠯ᠎ᠠ ᠪᠠᠯᠭᠠᠰᠤ︶ ᠬᠤᠶᠠᠷ ᠰᠤᠮᠦ  ︵ᠤᠩᠭᠤᠨ ᠠᠭᠤᠯᠠ ᠰᠤᠮᠤ᠂ ᠪᠤᠭᠳᠠ ᠶᠢᠨ ᠭᠤᠤᠯ ᠰᠤᠮᠤ︶᠂60 ᠭᠠᠴᠠᠭ᠎ᠠ 6  ᠨᠡᠶᠢᠭᠡᠮ ᠲᠤᠭᠤᠷᠢᠭ ᠲᠠᠢ᠂ ᠬᠦᠮᠦᠨ ᠠᠮᠠ ᠨᠡᠶᠢᠲᠡ 3.1 ᠲᠦᠮᠡ᠂ ᠮᠤᠩᠭᠤᠯ ᠦᠨᠳᠦᠰᠦᠳᠠᠨ ᠢᠶᠠᠷ ᠭᠤᠤᠯ ᠪᠤᠯᠭᠠᠭᠰᠠᠨ ᠬᠢᠳᠠᠳ᠂ ᠬᠤᠳᠤᠩ᠂ ᠮᠠᠨᠵᠦ ᠦᠨᠳᠦᠰᠦᠳᠡᠨ ᠴᠤᠭᠯᠠᠷᠠᠨ  ᠰᠠᠭᠤᠷᠢᠰᠢᠭᠰᠠᠨ ᠭᠠᠵᠠᠷ ᠪᠤᠯᠬᠤ ᠶᠤᠮ᠃ ᠲᠡᠦᠬᠡᠨ ᠲᠡᠮᠳᠡᠭᠯᠡᠯ ᠢ ᠦᠨᠳᠦᠰᠦᠯᠡᠪᠡᠯ ᠴᠢᠩ ᠤᠯᠤᠰ ᠤᠨ ᠦᠶ᠎ᠡ ᠳᠤ ᠬᠦᠪᠡᠭᠡᠲᠦ ᠰᠢᠷ᠎ᠠ ᠬᠤᠰᠢᠭᠤ ᠨᠢ ᠮᠤᠩᠭᠤᠯ ᠨᠠᠢᠮᠠᠨ ᠬᠤᠰᠢᠭᠤ ᠶᠢᠨ ᠲᠡᠷᠢᠭᠦᠨ ᠪᠠᠶᠢᠵᠦ ︽ᠬᠠᠭᠠᠨ ᠤᠭᠰᠠᠭᠠᠳᠠᠨ ᠤ ᠮᠠᠯᠵᠢᠯ ᠤᠨ ᠲᠠᠯᠪᠠᠢ︾ ᠭᠡᠮᠡᠬᠦ ᠠᠯᠳᠠᠷᠲᠠᠢ ᠪᠢᠯᠡ᠃ ᠡᠬᠢ ᠪᠠᠶᠠᠯᠢᠭ ᠤᠨ ᠲᠠᠷᠬᠠᠴᠠ᠂ ᠵᠠᠮ ᠬᠠᠷᠢᠯᠴᠠᠭ᠎ᠠ ᠶᠢᠨ  ᠪᠠᠶᠢᠷᠢᠰᠢᠯ᠂ ᠬᠦᠮᠦᠨ ᠠᠮᠠ ᠶᠢᠨ ᠬᠡᠪᠴᠢᠶᠡᠵᠢᠯ ᠵᠡᠷᠭᠡ ᠰᠢᠯᠳᠠᠭᠠᠨ ᠠᠴᠠ ᠪᠦᠬᠦ ᠤᠷᠤᠨ ᠤ 101 ᠬᠤᠰᠢᠭᠤ ︵ᠰᠢᠶᠠᠨ᠂ ᠬᠤᠲᠠ︶᠎ ᠳᠤ ᠬᠠᠮᠤᠭ ᠬᠤᠴᠤᠷᠠᠩᠭᠤᠢ ᠭᠠᠵᠠᠷ ᠤᠷᠤᠨ ᠤ ᠨᠢᠭᠡ ᠨᠢ ᠪᠠᠶᠢᠭᠰᠠᠨ ᠶᠤᠮ᠃ 2004 ᠤᠨ ᠠᠴᠠ ᠨᠠᠰᠢ᠂ ᠪᠠᠷᠠᠭᠤᠨ ᠤᠷᠤᠨ ᠢ ᠨᠡᠬᠡᠭᠡᠨ ᠬᠦᠭᠵᠢᠭᠦᠯᠬᠦ ᠪᠠ ᠵᠡᠭᠦᠨ ᠬᠤᠶᠢᠲᠦ ᠤᠷᠤᠨ ᠤ ᠬᠠᠭᠤᠴᠢᠨ ᠠᠵᠦ ᠦᠢᠯᠳᠪᠦᠷᠢ ᠶᠢᠨ ᠰᠠᠭᠤᠷᠢᠨ ᠭᠠᠵᠠᠷ ᠢ ᠮᠠᠨᠳᠤᠭᠤᠯᠬᠤ ᠲᠦᠷᠦ ᠶᠢᠨ ᠪᠤᠳᠤᠯᠭ᠎ᠠ ᠶᠢᠨ ᠠᠵᠠ ᠲᠤᠬᠢᠶᠠᠯ ᠢ ᠪᠠᠲᠦ ᠠᠳᠬᠤᠨ᠂  ᠰᠢᠯᠢᠳᠡᠭ ᠡᠬᠢ ᠪᠠᠶᠠᠯᠢᠭ ᠳᠤ ᠲᠦᠰᠢᠭᠯᠡᠵᠦ ᠠᠵᠦ ᠦᠢᠯᠡᠳᠪᠦᠷᠢ ᠶᠢ ᠲᠤᠪᠤᠶᠢᠯᠭᠠᠨ ᠬᠦᠭᠵᠢᠭᠦᠯᠵᠦ᠂ ᠶᠡᠭᠡ ᠬᠦᠴᠦᠨ ᠢᠶᠠᠷ ᠬᠤᠲᠠ ᠪᠠᠯᠭᠠᠰᠤᠵᠢᠯᠲᠠ ᠶᠢ ᠠᠬᠢᠭᠤᠯᠤᠨ᠂ ᠮᠠᠯ ᠠᠵᠦ ᠠᠬᠤᠢ ᠶᠢᠨ ᠦᠢᠯᠡᠳᠪᠦᠷᠢᠵᠢᠯᠲᠡ ᠶᠢ ᠲᠦᠷᠭᠡᠳᠬᠡᠨ᠂  ᠠᠵᠦ ᠠᠬᠤᠢ ᠶᠢᠨ ᠪᠦᠳᠦᠴᠠ ᠳᠤ ᠲᠠᠰᠤᠷᠠᠯᠲᠠ ᠦᠭᠡᠢ ᠲᠤᠬᠢᠷᠠᠭᠤᠯᠤᠯᠲᠠ ᠬᠢᠵᠦ᠂ ᠬᠦᠭᠵᠢᠯᠲᠠ ᠶᠢᠨ ᠬᠡᠯᠪᠡᠷᠢ ᠪᠠᠨ  ᠬᠤᠪᠢᠷᠠᠭᠤᠯᠵᠦ᠂  ᠲᠤᠰ ᠪᠡᠶ᠎ᠠ ᠶᠢᠨ ᠬᠦᠭᠵᠢᠯᠲᠠ ᠎ ᠶᠢᠨ ᠴᠢᠳᠠᠪᠦᠷᠢ ᠪᠠᠨ ᠳᠡᠭᠡᠭᠰᠢᠯᠡᠭᠦᠯᠦᠭᠰᠡᠨ ᠠᠴᠠ ᠠᠵᠦ ᠠᠬᠤᠢ ᠨᠡᠶᠢᠭᠡᠮ ᠤᠨ ᠬᠦᠭᠵᠢᠯᠲᠠ ᠳᠤ ᠰᠢᠨ᠎ᠡ ᠪᠠᠶᠢᠳᠠᠯ ᠢᠯᠡᠷᠡᠵᠦ ᠭᠠᠵᠠᠷ ᠤᠷᠤᠨ ᠤ ᠦᠢᠯᠡᠳᠪᠦᠷᠢᠯᠡᠯ ᠤᠨ ᠶᠠᠷᠦᠩᠬᠡᠢ ᠦᠷᠲᠡᠭ᠂ ᠡᠳ᠋ ᠤᠨ ᠵᠠᠰᠠᠭ ᠤᠨ ᠤᠷᠤᠯᠭ᠎ᠠ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠵᠡᠷᠭᠡ ᠭᠤᠤᠯ ᠠᠵᠦ ᠠᠬᠤᠢ ᠤᠨ ᠲᠤᠭ᠎ᠠ ᠬᠡᠮᠵᠢᠭᠳᠡᠯ ᠵᠢᠯ ᠳᠠᠷᠠᠭᠠᠯᠠᠨ ᠨᠡᠮᠡᠭᠳᠡᠵᠦ᠂ ᠲᠦᠷᠭᠡᠨ ᠬᠦᠭᠵᠢᠯᠲᠡ ᠶᠢᠨ ᠪᠠᠶᠢᠳᠠᠯ ᠢ ᠪᠠᠳᠤᠯᠠᠵᠠᠢ᠃ ᠤᠷᠢᠳ ᠬᠤᠵᠢᠳ ︽ᠦᠪᠡᠷᠳᠡᠭᠡᠨ ᠵᠠᠰᠠᠬᠤ ᠤᠷᠤᠨ ᠤ ᠬᠤᠶᠠᠷ ᠢ ᠲᠡᠳᠬᠦᠬᠦ ᠬᠤᠶᠠᠷ ᠢ ᠬᠦᠷᠢᠶᠡᠯᠡᠬᠦ ᠵᠢᠱᠢᠶ᠎ᠡ ᠦᠵᠡᠭᠦᠯᠬᠦ ᠬᠤᠰᠢᠭᠤ︾ ︽ᠦᠨᠳᠦᠰᠦᠳᠡᠨ ᠤ ᠪᠦᠯᠬᠦᠮᠳᠡᠯ ᠤᠨ ᠲᠡᠷᠢᠭᠦᠨ ᠤ ᠭᠠᠵᠠᠷ ᠤᠷᠤᠨ︾᠂ ︽ᠦᠪᠡᠷᠲᠡᠭᠡᠨ ᠵᠠᠰᠠᠬᠤ ᠤᠷᠤᠨ ᠤ ᠪᠤᠯᠪᠠᠰᠤᠨ ᠬᠤᠲᠠ ᠪᠠᠯᠭᠠᠰᠦ︾ ᠪᠤᠯᠤᠨ ︽ᠦᠪᠡᠷᠲᠡᠭᠡᠨ ᠵᠠᠰᠠᠬᠤ ᠤᠷᠤᠨ ᠤ  ᠠᠷᠢᠭᠤᠨ ᠴᠡᠪᠡᠷ ᠤᠨ ᠬᠤᠲᠠ ᠪᠠᠯᠭᠠᠰᠤ︾ ᠭᠡᠬᠦ ᠢᠷᠠᠭᠤ ᠠᠯᠳᠡᠷ ᠤᠨ ᠴᠤᠯᠠ ᠬᠦᠷᠲᠡᠵᠦ᠂ ᠳᠤᠮᠳᠠᠲᠦ ᠤᠯᠤᠰ ᠤᠨ ᠠᠷᠠᠳ ᠤᠨ ᠤᠷᠯᠢᠭ ᠤᠨ ᠨᠡᠶᠢᠭᠡᠮᠯᠢᠭ ᠠᠴᠠ ︽ᠳᠤᠮᠳᠠᠲᠦ ᠤᠯᠤᠰ ᠤᠨ ᠠᠰᠠᠷᠤ ᠠᠶᠠᠯᠠᠭᠤᠨ ᠨᠤᠲᠤᠭ︾᠂ ︽ᠳᠤᠮᠳᠠᠲᠦ ᠤᠯᠤᠰ ᠤᠨ ᠬᠤᠪᠢᠰ ᠬᠦᠭᠵᠢᠮ ᠤᠨ ᠠᠮᠢᠯᠠᠭᠰᠠᠨ ᠣᠷᠣᠨ︾ ᠭᠡᠮᠡᠨ ᠨᠡᠷᠡᠯᠡᠵᠦ᠂ ᠳᠤᠮᠳᠠᠳᠤ ᠤᠯᠤᠰ ᠤᠨ ᠴᠢᠯᠠᠭᠤᠨ ᠮᠠᠲ᠋ᠧᠷᠢᠶᠠᠯ ᠤᠨ ᠨᠡᠶᠢᠭᠡᠮᠯᠢᠭ ᠠᠴᠠ ︽ᠳᠤᠮᠳᠠᠲᠦ ᠤᠨ ᠤᠮᠠᠷᠠᠲᠦ ᠤᠨ ᠴᠢᠯᠠᠭᠤᠨ ᠮᠠᠲ᠋ᠧᠷᠢᠶᠠᠯ ᠤᠨ ᠨᠤᠲᠤᠭ︾ ᠭᠡᠮᠡᠨ ᠨᠡᠷᠡᠯᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号