11 ᠰᠠᠷ᠎ᠠ ᠶᠢᠨ30 ᠤ ᠡᠳᠦᠷ᠂ ᠭᠦᠪᠡᠭᠡᠲᠦ ᠰᠢᠷ᠎ᠠ ᠬᠤᠰᠢᠭᠤ ᠨᠢ ᠪᠦᠬᠦ ᠬᠤᠰᠢᠭᠤᠨ ᠤ ᠤᠳᠤᠷᠢᠳᠬᠤ ᠺᠠᠲᠡᠷ | ᠤᠨ ᠬᠤᠷᠠᠯ ᠢ ᠬᠤᠷᠠᠯᠳᠤᠭᠤᠯᠵᠦ᠂ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠤᠳᠠᠭᠠᠨ ᠤ ᠨᠠᠮ ᠤᠨ | ᠲᠦᠯᠦᠭᠡᠯᠡᠭᠴᠢᠳ ᠤᠨ ᠬᠤᠷᠠᠯ ᠪᠠ ᠪᠦᠬᠦ ᠠᠶᠢᠮᠠᠭ ᠤᠨ ᠤᠳᠦᠷᠢᠳᠬᠤ ᠺᠠᠲᠡᠷ ᠤᠨ ᠬᠤᠷᠠᠯ᠂ ᠠᠶᠢᠮᠠᠭ ᠤᠨ ᠵᠠᠬᠢᠷᠭ᠎ᠠ | 2016 ᠤᠨ ᠤ ᠠᠷᠪᠠᠨ ᠬᠤᠶᠠᠳᠤᠭᠠᠷ ᠤᠳᠠᠭᠠᠨ ᠤ ᠪᠠᠶᠢᠩᠭᠤ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ | ᠤᠯᠠᠮᠵᠢᠯᠠᠨ᠂ ᠬᠠᠮᠢᠶ᠎ᠠ ᠪᠦᠬᠦᠢ ᠠᠵᠢᠯ ᠳᠤ ᠪᠠᠶᠢᠷᠢᠯᠠᠭᠤᠯᠤᠯᠲᠠ ᠬᠢᠵᠦ᠂ ᠪᠦᠬᠦ ᠬᠤᠰᠢᠭᠤᠨ ᠤ ᠨᠠᠮ ᠤᠨ ᠵᠤᠬᠢᠶᠠᠨ | ᠪᠠᠶᠢᠭᠤᠯᠤᠯᠲᠠ ᠪᠠ ᠦᠷᠭᠡᠨ ᠤᠯᠠᠨ ᠨᠠᠮ ᠤᠨ ᠭᠡᠰᠢᠭᠦᠳ ᠤᠨ ᠦᠵᠡᠯᠲᠡ ᠲᠠᠨᠢᠯᠲᠠ ᠪᠠ ᠠᠵᠢᠯᠯᠠᠭ᠎ᠠ ᠪᠠᠨ | ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠤᠨ ᠵᠤᠷᠢᠭ | ᠰᠠᠨᠠᠭ᠎ᠠ ᠪᠠ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠲᠠᠢ ᠨᠢᠭᠡᠳᠭᠡᠵᠦ᠂ ᠬᠦᠴᠦᠨ ᠢᠶᠠᠨ ᠬᠠᠮᠲᠤᠳᠬᠠᠨ ᠬᠦᠴᠢᠷ ᠢ ᠢᠯᠠᠨ ᠳᠠᠪᠠᠵᠦ᠂ ᠠᠵᠦ ᠠᠬᠤᠢ | ᠶᠢᠨ ᠡᠷᠡᠭᠦᠯ ᠬᠦᠭᠵᠢᠯᠲᠡ᠂ ᠨᠡᠶᠢᠭᠡᠮ ᠤᠨ ᠡᠶ᠎ᠡ ᠵᠤᠬᠢᠴᠡᠯ᠂ ᠠᠷᠠᠳ ᠤᠨ ᠠᠮᠢᠳᠤᠷᠠᠯ ᠤᠨ ᠦᠷᠬᠦᠯᠵᠢᠬᠦᠶᠢᠴᠡ | ᠰᠠᠶᠢᠵᠢᠷᠠᠯ ᠢ ᠠᠬᠢᠭᠤᠯᠬᠤ ᠶᠢ ᠤᠷᠢᠶᠠᠯᠠᠨ ᠳᠠᠶᠢᠴᠢᠯᠠᠭᠰᠠᠨ ᠪᠠᠶᠢᠨ᠎ᠠ᠃ | ᠬᠤᠷᠠᠯ ᠠᠴᠠ ᠵᠢᠭᠠᠬᠤ ᠲᠠᠭᠠᠨ᠂ ᠦᠪᠡᠷᠲᠡᠭᠡᠨ ᠵᠠᠰᠠᠬᠤ ᠤᠷᠤᠨ ᠤ ᠠᠷᠠᠪᠠᠳᠤᠭᠠᠷ ᠤᠳᠠᠭᠠᠨ ᠤ ᠨᠠᠮ ᠤᠨ | ᠲᠦᠯᠦᠭᠡᠯᠡᠭᠴᠢᠳ ᠤᠨ ᠬᠤᠷᠠᠯ ᠨᠢ ᠪᠦᠬᠦ ᠤᠷᠦᠨ ᠤ ᠡᠯ᠎ᠡ ᠡᠲᠡᠭᠡᠳ ᠤᠨ ᠬᠢᠨ ᠤ ᠨᠠᠮ ᠤᠨ ᠠᠷᠪᠠᠨ ᠨᠠᠢᠮᠠᠳᠤᠭᠠᠷ | ᠬᠤᠭᠤᠴᠠᠭ᠎ᠠ᠂ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠦᠭᠠᠷ ᠤᠳᠠᠭ᠎ᠠ᠂ ᠳᠦᠷᠪᠡᠳᠦᠭᠡᠷ ᠤᠳᠠᠭ᠎ᠠ᠂ | ᠲᠠᠪᠤᠳᠤᠭᠠᠷ ᠤᠳᠠᠭ᠎ᠠ᠂ ᠵᠢᠷᠭᠤᠳᠤᠭᠠᠷ ᠤᠳᠠᠭᠠᠨ ᠤ ᠬᠤᠷᠠᠯ ᠤᠨ ᠵᠤᠷᠢᠭ ᠰᠠᠨᠠᠭ᠎ᠠ᠂ ᠰᠢ ᠶᠢᠨ ᠫᠢᠩ ᠶᠡᠷᠥᠩᠬᠡᠢ | ᠱᠦᠵᠢ ᠶᠢᠨ ᠰᠢᠷᠢᠰ ᠴᠢᠬᠤᠯᠠ ᠶᠠᠷᠢᠶ᠎ᠠ ᠪᠠ ᠦᠪᠦᠷ ᠮᠤᠩᠭᠤᠯ ᠢᠶᠠᠷ ᠲᠤᠭᠤᠷᠢᠨ ᠪᠠᠶᠢᠴᠠᠭᠠᠬᠤ ᠦᠶ᠎ᠡ ᠶᠢᠨ ᠴᠢᠬᠤᠯᠠ | ᠶᠠᠷᠢᠶᠠᠨ ᠤ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ | ᠪᠡᠶᠡᠯᠡᠭᠦᠯᠬᠦ ᠰᠢᠪᠲᠤᠯᠤᠯᠲᠠ ᠶᠢᠨ ᠬᠤᠭᠤᠴᠠᠭᠠᠨ ᠳᠤ ᠬᠤᠷᠠᠯᠳᠤᠭᠰᠠᠨ ᠴᠢᠬᠤᠯᠠ ᠬᠤᠷᠠᠯ ᠪᠠᠶᠢᠵᠦ᠂ | ᠤᠳᠤᠬᠢᠴᠢᠯᠠᠭᠰᠠᠨ ᠦᠪᠦᠷ ᠮᠤᠩᠭᠤᠯ ᠢ ᠪᠠᠶᠢᠭᠤᠯᠵᠦ ᠡᠬᠡ ᠤᠯᠤᠰ ᠤᠨ ᠤᠮᠠᠷᠠᠲᠦ ᠬᠢᠯᠢ ᠶᠢᠨ ᠦᠵᠡᠰᠭᠦᠯᠡᠩᠲᠦ | ᠪᠦᠰᠡ ᠶᠢ ᠪᠠᠶᠢᠭᠤᠯᠬᠤ ᠵᠠᠮ ᠰᠤᠪᠠᠭ ᠢ ᠵᠢᠭᠠᠨ ᠭᠠᠷᠭᠠᠵᠠᠢ᠃ ᠪᠦᠬᠦ ᠬᠤᠰᠢᠭᠤᠨ ᠤ ᠡᠯ᠎ᠡ ᠰᠠᠲᠦᠨ ᠤ ᠨᠠᠮ ᠤᠨ | ᠵᠤᠬᠢᠶᠠᠨ ᠪᠠᠶᠢᠭᠤᠯᠤᠯᠲᠠ ᠪᠠ ᠦᠷᠭᠡᠨ ᠤᠯᠠᠨ ᠨᠠᠮ ᠤᠨ ᠭᠡᠰᠢᠭᠦᠳ ᠨᠢ ᠦᠪᠡᠷᠲᠡᠭᠡᠨ ᠵᠠᠰᠠᠬᠤ ᠤᠷᠤᠨ ᠤ | ᠠᠷᠪᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠤᠨ ᠴᠢᠬᠤᠯᠠ ᠠᠴᠢ ᠬᠤᠯᠪᠤᠭᠳᠡᠯ ᠪᠠ ᠭᠦᠨ | ᠭᠦᠨᠵᠡᠭᠡᠢ ᠨᠦᠯᠦᠭᠡ ᠳᠤᠰᠬᠠᠯ ᠢ ᠬᠢᠨᠠᠮᠠᠭᠠᠢ ᠰᠤᠷᠤᠯᠴᠠᠨ ᠡᠵᠡᠮᠰᠢᠵᠦ᠂ ᠰᠤᠷᠤᠯᠴᠠᠨ ᠲᠤᠤᠱᠯᠠᠭᠤᠯᠬᠤ ᠦᠵᠡᠯ | ᠰᠠᠨᠠᠭᠠᠨ ᠤ ᠤᠬᠠᠨᠮᠰᠠᠷ ᠪᠠ ᠠᠵᠢᠯᠯᠠᠭᠠᠨ ᠤ ᠤᠬᠠᠮᠰᠠᠷ ᠢ ᠪᠠᠲᠤᠳᠬᠠᠨ᠂ ᠲᠠᠨᠢᠯᠲᠠ ᠶᠢᠨ ᠲᠦᠪᠰᠢᠨ ᠢᠶᠠᠨ | ᠳᠡᠭᠡᠭᠰᠢᠯᠡᠭᠦᠯᠵᠦ᠂ ᠬᠤᠷᠠᠯ ᠤᠨ ᠵᠤᠷᠢᠭ ᠰᠠᠨᠠᠭᠠᠨ ᠤ ᠰᠤᠷᠤᠯᠴᠠᠯᠭ᠎ᠠ ᠶᠢ ᠤᠳᠤᠬᠠᠨ ᠤ ᠴᠢᠬᠤᠯᠠ ᠤᠯᠤᠰ ᠲᠦᠷᠦ | ᠶᠢᠨ ᠡᠭᠦᠷᠭᠡ ᠪᠤᠯᠭᠠᠨ᠂ ︽ᠵᠢᠷᠭᠤᠭ᠎ᠠ ᠶᠢ ᠭᠦᠨᠵᠡᠭᠡᠢ ᠡᠵᠡᠮᠰᠢᠬᠦ︾ ᠳᠡᠭᠡᠷ᠎ᠡ ᠬᠦᠴᠦᠨ ᠢᠶᠠᠨ ᠲᠦᠪᠯᠡᠷᠡᠭᠦᠯᠬᠦ ᠶᠢ | ᠪᠠᠷᠢᠮᠲᠠᠯᠠᠵᠦ᠂ ᠬᠠᠷᠠᠯᠲᠠ ᠶᠢᠨ ᠵᠢᠯᠦᠭᠤᠳᠤᠮᠵᠢ ᠪᠠ ᠠᠰᠠᠭᠤᠳᠡᠯ ᠤᠨ ᠵᠢᠯᠤᠭᠤᠳᠤᠮᠵᠢ ᠶᠢ ᠪᠠᠷᠢᠮᠳᠠᠯᠠᠨ᠂ ᠨᠢᠭᠡᠲᠦᠯᠲᠡᠢ | ᠲᠦᠰᠦᠪᠯᠠᠨ ᠪᠠᠶᠢᠷᠢᠯᠠᠭᠤᠯᠤᠯᠲᠠ ᠬᠢᠬᠦ ᠶᠢ ᠪᠠᠷᠢᠮᠲᠠᠯᠠᠵᠦ᠂ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠬᠤ ᠶᠢ ᠨᠠᠮ | ᠤᠨ ᠠᠷᠪᠠᠨ ᠨᠠᠢᠮᠠᠳᠤᠭᠠᠷ ᠬᠤᠭᠤᠴᠠᠭᠠᠨ ᠤ ᠵᠢᠷᠭᠤᠳᠤᠭᠠᠷ ᠤᠳᠠᠭᠠᠨ ᠤ ᠬᠤᠷᠠᠯ ᠤᠨ ᠵᠤᠷᠢᠭ ᠰᠠᠨᠠᠭᠠᠨ ᠤ | ᠰᠤᠷᠤᠯᠴᠠᠯᠭ᠎ᠠ ᠲᠠᠢ ᠤᠶᠠᠯᠳᠤᠭᠤᠯᠵᠦ᠂ ᠯᠢ ᠵᠢᠢ ᠾᠧᠩ ᠱᠦᠵᠢ ᠶᠢᠨ ᠰᠢᠯᠢ ᠶᠢᠨ ᠭᠤᠤᠯ ᠠᠶᠢᠮᠠᠭ ᠢᠶᠠᠷ ᠠᠵᠢᠯ | ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠ ᠴᠢᠬᠤᠯᠠ ᠵᠢᠭᠠᠪᠤᠷᠢ ᠶᠢᠨ ᠰᠤᠷᠤᠯᠴᠠᠯᠭ᠎ᠠ ᠲᠠᠢ | ᠤᠶᠠᠯᠳᠦᠭᠤᠯᠤᠨ᠂ ᠤᠬᠠᠭᠤᠯᠭ᠎ᠠ ᠰᠤᠷᠤᠯᠴᠠᠯᠭ᠎ᠠ ᠪᠠ ᠨᠠᠶᠢᠳᠠᠪᠦᠷᠢᠵᠢᠭᠤᠯᠤᠨ ᠲᠤᠤᠱᠯᠠᠭᠤᠯᠬᠤ ᠦᠷᠨᠢᠯᠲᠡ ᠶᠢ ᠪᠤᠢ | ᠪᠤᠯᠭᠠᠬᠤ ᠬᠡᠷᠡᠭᠲᠠᠢ᠃ ᠬᠤᠰᠢᠭᠤ ᠨᠠᠮ ᠤᠨ ᠬᠤᠷᠢᠶᠠᠨ ᠤ ᠰᠤᠷᠤᠯᠴᠠᠬᠤ ᠭᠤᠤᠯ ᠳᠤᠭᠤᠶᠢᠯᠡᠩ ᠨᠢ ᠲᠡᠷᠢᠭᠦᠨ | ᠪᠠᠶᠢᠷᠢᠨ ᠳᠤ ᠠᠯᠬᠤᠵᠦ᠂ ᠤᠳᠤᠷᠢᠳᠬᠤ ᠺᠠᠲᠡᠷ ᠭᠡᠬᠦ ᠵᠠᠩᠭᠢᠯᠠᠭ᠎ᠠ ᠶᠢᠨ ᠴᠦᠬᠡᠨ ᠲᠤᠭ᠎ᠠ ᠶᠢ ᠰᠠᠶᠢᠲᠤᠷ ᠠᠳᠬᠤᠨ᠂ | ᠰᠤᠷᠤᠯᠴᠡᠨ ᠲᠤᠤᠱᠯᠠᠭᠤᠯᠬᠤ ᠠᠵᠢᠯ ᠤᠨ ᠭᠦᠨᠵᠡᠭᠡᠢ ᠦᠷᠨᠢᠬᠦ ᠶᠢ ᠳᠠᠶᠢᠴᠢᠯᠠᠬᠤ ᠬᠡᠷᠡᠭᠲᠠᠢ᠃ ᠵᠤᠬᠢᠶᠠᠨ ᠪᠠᠶᠢᠭᠤᠯᠬᠤ | ᠰᠠᠯᠠᠭ᠎ᠠ ᠮᠦᠴᠢᠷ ᠪᠠ ᠨᠠᠮ ᠤᠨ ᠰᠤᠷᠭᠠᠭᠤᠯᠢ ᠨᠢ ᠬᠤᠷᠠᠯ ᠤᠨ ᠵᠤᠷᠢᠭ ᠰᠠᠨᠠᠭ᠎ᠠ ᠶᠢ ᠺᠠᠲᠡᠷ ᠤᠨ ᠪᠤᠯᠪᠠᠰᠤᠷᠠᠯ | ᠬᠦᠮᠦᠵᠢᠯ ᠤᠨ ᠲᠦᠯᠦᠪᠯᠡᠭᠡ ᠳᠤ ᠪᠠᠭᠲᠠᠭᠠᠵᠦ᠂ ᠤᠬᠠᠭᠤᠯᠭ᠎ᠠ ᠶᠢᠨ ᠰᠠᠯᠠᠭ᠎ᠠ ᠮᠦᠴᠢᠷ ᠠᠴᠠ ᠤᠬᠠᠭᠤᠯᠤᠨ | ᠰᠤᠷᠤᠯᠴᠠᠬᠤ ᠲᠦᠯᠦᠪᠯᠡᠭᠡ ᠶᠢ ᠪᠠᠶᠢᠭᠤᠯᠵᠦ᠂ ᠬᠦᠴᠦᠨ ᠢᠶᠠᠨ ᠬᠠᠮᠲᠤᠳᠬᠠᠨ ᠭᠦᠨ ᠵᠤᠵᠠᠭᠠᠨ ᠰᠤᠷᠤᠯᠴᠠᠬᠤ | ᠤᠷᠴᠢᠨ ᠢ ᠪᠦᠷᠢᠯᠳᠦᠭᠦᠯᠬᠦ ᠬᠡᠷᠡᠭᠲᠠᠢ᠃ ᠡᠯ᠎ᠡ ᠰᠤᠮᠦ ᠪᠠᠯᠭᠠᠰᠤ ᠪᠠ ᠰᠠᠯᠠᠭ᠎ᠠ ᠮᠦᠴᠢᠷ ᠨᠢ ᠳᠠᠷᠤᠶᠢᠬᠠᠨ | ᠬᠦᠳᠡᠯᠤᠯᠴᠡᠵᠦ᠂ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠤᠶᠢᠯᠠᠭᠠᠨ ᠡᠵᠡᠮᠰᠢᠵᠦ᠂ ᠬᠤᠷᠠᠯ ᠤᠨ ᠵᠤᠷᠢᠭ | ᠰᠠᠨᠠᠭ᠎ᠠ ᠶᠢ ᠪᠤᠳᠠᠲᠦ ᠠᠵᠢᠯᠯᠭᠠᠨ ᠤ ᠵᠢᠯᠤᠭᠤᠳᠤᠮᠵᠢ᠂ ᠠᠵᠢᠯ ᠢᠶᠠᠨ ᠠᠬᠢᠭᠤᠯᠬᠤ ᠬᠦᠴᠦᠲᠦ ᠵᠡᠪᠰᠡᠭ ᠪᠤᠯᠭᠠᠬᠤ | ᠬᠡᠷᠡᠭᠲᠠᠢ ᠭᠡᠵᠡᠢ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠬᠤᠰᠢᠭᠤᠨ ᠤ ᠪᠠᠶᠢᠳᠡᠯ ᠢ ᠡᠵᠡᠮᠰᠢᠨ᠂ ᠰᠢᠨᠵᠢᠯᠡᠬᠦ ᠤᠬᠠᠭᠠᠨᠴᠢ ᠪᠠᠷ | ᠲᠦᠰᠦᠪᠯᠡᠵᠦ᠂ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠤᠨ | ᠬᠤᠷᠠᠯ ᠤᠨ ᠵᠤᠷᠢᠭ ᠰᠠᠨᠠᠭ᠎ᠠ ᠪᠠᠷ ᠡᠯ᠎ᠡ ᠲᠠᠯ᠎ᠠ ᠶᠢᠨ ᠠᠵᠢᠯ ᠦᠢᠯᠡᠰ ᠤᠨ ᠬᠦᠭᠵᠢᠯᠲᠡ ᠶᠢᠨ ᠤᠳᠤᠷᠢᠳᠤᠮᠵᠢ | ᠪᠤᠯᠭᠠᠨ᠂ ᠠᠵᠢᠯ ᠦᠢᠯᠡᠰ ᠤᠨ ᠳᠡᠰ ᠳᠡᠪᠰᠢᠯᠲᠡ ᠶᠢ ᠠᠬᠢᠭᠤᠯᠵᠦ᠂ ︽ᠲᠦᠷᠦ ᠶᠢᠨ ᠪᠤᠳᠤᠯᠭ᠎ᠠ ᠪᠠᠷ ᠠᠬᠢᠭᠤᠯᠵᠦ᠂ | ᠡᠭᠦᠳᠦᠯᠲᠡ ᠪᠠᠷ ᠬᠦᠳᠡᠯᠭᠡᠬᠦ ᠬᠦᠴᠦᠨ ᠪᠤᠯᠭᠠᠨ᠂ ᠨᠡᠷᠡᠲᠦ ᠲᠡᠮᠳᠡᠭ ᠢᠶᠠᠷ ᠲᠦᠯᠬᠢᠴᠡ ᠬᠦᠴᠦᠨ ᠪᠤᠯᠭᠠᠵᠦ᠂ | ᠲᠦᠷᠦᠯ ᠵᠦᠢᠯ ᠢᠶᠠᠷ ᠳᠠᠶᠢᠴᠢᠯᠠᠬᠤ︾ ᠶᠢ ᠨᠠᠶᠢᠳᠠᠪᠦᠷᠢᠵᠢᠭᠤᠯᠵᠦ᠂ ᠤᠳᠤᠬᠢᠴᠢᠯᠠᠭᠰᠠᠨ ᠮᠠᠯ ᠤᠨ ᠠᠰᠢᠭ ᠰᠢᠮ᠎ᠡ ᠶᠢᠨ | ᠪᠤᠯᠪᠠᠰᠤᠷᠠᠭᠤᠯᠤᠯᠲᠠ᠂ ᠰᠢᠨ᠎ᠡ ᠡᠨᠧᠷᠬᠢ ᠶᠢᠨ ᠨᠡᠬᠡᠭᠡᠨ ᠠᠰᠢᠭᠯᠠᠯᠲᠠ᠂ ᠰᠤᠶᠤᠯ ᠵᠢᠭᠤᠯᠴᠢᠯᠠᠯ᠂ ᠴᠢᠯᠠᠭᠤᠨ | ᠮᠠᠲ᠋ᠧᠷᠢᠶᠠᠯ᠂ ᠴᠢᠯᠠᠭᠤᠨ ᠲᠤᠰᠤ ᠰᠢᠲᠠᠮᠠᠬᠠᠢ ᠬᠡᠢ᠂ ᠲᠡᠮᠦᠷᠯᠢᠭ ᠪᠤᠯᠪᠠᠰᠤᠷᠠᠭᠤᠯᠬᠤ ᠵᠡᠷᠭᠡ ᠳᠠᠪᠠᠭᠤᠯᠢᠭ ᠠᠵᠦ | ᠦᠢᠯᠡᠰ ᠲᠤ ᠰᠢᠨ᠎ᠡ ᠰᠢᠪᠲᠤᠯᠤᠯᠲᠠ ᠭᠠᠷᠭᠠᠬᠤ ᠪᠠᠷ ᠴᠢᠷᠮᠠᠶᠢᠵᠦ᠂ ᠶᠡᠷᠦᠩᠬᠡᠶᠢᠯᠡᠭᠰᠡᠨ ᠠᠵᠦ ᠠᠬᠤᠢ ᠶᠢᠨ ᠬᠦᠴᠦᠨ | ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠦᠭᠡᠷᠡᠴᠢᠯᠡᠯᠲᠡ ᠨᠡᠬᠡᠭᠡᠯᠲᠡ ᠶᠢ ᠲᠦᠯᠬᠢᠨ ᠠᠬᠢᠭᠤᠯᠵᠦ᠂ | ᠤᠯᠤᠰ ᠤᠨ ︽ᠨᠢᠭᠡ ᠪᠦᠰᠡ ᠨᠢᠭᠡ ᠵᠠᠮ︾ ᠪᠤᠯᠤᠨ ᠬᠠᠮᠲᠦ ᠪᠠᠷ ᠳᠤᠮᠳᠠᠲᠦ ᠮᠤᠩᠭᠤᠯ ᠤᠷᠤᠰ ᠤᠨ ᠠᠷᠠᠯᠵᠢᠶᠠᠨ ᠤ | ᠵᠠᠮ ᠢ ᠪᠠᠶᠢᠭᠤᠯᠬᠤ ᠪᠠᠶᠢᠯᠳᠤᠬᠤ ᠪᠤᠳᠤᠯᠭ᠎ᠠ ᠳᠤ ᠢᠳᠡᠪᠬᠢᠲᠡᠢ ᠪᠠᠷ ᠠᠭᠤᠰᠤᠯᠴᠡᠨ᠂ ᠬᠦᠳᠡᠯᠥᠩᠭᠦᠢ ᠪᠠᠷ ᠬᠠᠷᠢᠯᠴᠠᠵᠦ | ᠂ ᠮᠠᠨ ᠤ ᠬᠤᠰᠢᠭᠤ ᠪᠠᠨ ᠠᠯᠬᠤᠮ ᠠᠯᠬᠤᠮ ᠢᠶᠠᠷ ︽ᠨᠢᠭᠡ ᠪᠦᠰᠡ ᠨᠢᠭᠡ ᠵᠠᠮ︾ ᠤᠨ ᠤᠮᠠᠷᠠᠰᠢ ᠴᠢᠯᠦᠭᠡᠲᠡᠢ | ᠶᠠᠪᠤᠯᠴᠠᠬᠤ ᠴᠢᠬᠤᠯᠠ ᠴᠡᠭ ᠪᠤᠯᠭᠠᠨ ᠪᠦᠲᠦᠭᠡᠨ ᠪᠠᠶᠢᠭᠤᠯᠵᠦ᠂ ᠠᠮᠢ ᠠᠬᠤᠢ ᠶᠢᠨ ᠬᠦᠭᠵᠢᠯᠲᠡ ᠶᠢᠨ ᠬᠦᠴᠦᠨ ᠢᠶᠠᠨ | ᠤᠯᠠᠮ ᠨᠢᠭᠡ ᠠᠯᠬᠤᠮ ᠨᠡᠮᠡᠭᠳᠡᠭᠦᠯᠬᠦ ᠪᠠᠷ ᠴᠢᠷᠮᠠᠶᠢᠬᠤ ᠬᠡᠷᠡᠭᠲᠡᠢ᠃ ᠠᠮᠢ ᠠᠬᠤᠢ ᠶᠢ ᠬᠠᠮᠠᠭᠠᠯᠠᠨ᠂ ᠪᠤᠬᠢᠷᠲᠤᠯ ᠦᠭᠡᠢ | ᠬᠦᠭᠵᠢᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠦ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ | ᠶᠢ ᠤᠯᠠᠮ ᠨᠢᠭᠡ ᠠᠯᠬᠤᠮ ᠪᠠᠲᠤᠳᠬᠠᠬᠤ ᠬᠡᠷᠡᠭᠲᠠᠢ᠃ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠷᠠᠳ ᠤᠯᠠᠨ | ᠢᠶᠠᠷ ᠭᠤᠤᠯ ᠪᠤᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢ ᠪᠠᠲᠤᠳᠬᠠᠨ ᠦᠢᠯᠡᠳᠦᠯᠭᠡᠵᠢᠭᠦᠯᠵᠦ᠂ ᠬᠤᠲᠠ | ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢ ᠨᠡᠮᠡᠭᠳᠡᠭᠦᠯᠬᠦ ᠶᠢ ᠲᠡᠷᠢᠭᠦᠨ ᠴᠢᠬᠤᠯᠠ ᠤᠴᠢᠷ ᠪᠤᠯᠭᠠᠨ | ᠠᠳᠬᠤᠵᠦ᠂ ᠶᠠᠳᠠᠭᠤ ᠠᠴᠠ ᠠᠩᠭᠢᠵᠢᠷᠠᠭᠤᠯᠵᠤ ᠪᠤᠭᠤᠮᠲᠠ ᠰᠢᠪᠳᠤᠯᠬᠤ ᠠᠯᠬᠤᠭ᠎ᠠ ᠪᠠᠨ ᠲᠦᠷᠭᠡᠳᠬᠡᠨ᠂ ᠰᠤᠷᠭᠠᠨ | ᠬᠦᠮᠦᠵᠢᠯ᠂ ᠡᠮ ᠡᠮᠨᠡᠯᠭᠡ᠂ ᠡᠷᠡᠭᠦᠯ ᠬᠠᠮᠠᠭᠠᠯᠠᠯ ᠵᠡᠷᠭᠡ ᠨᠡᠶᠢᠭᠡᠮ ᠤᠨ ᠠᠵᠢᠯ ᠦᠢᠯᠡᠰ ᠤᠨ ᠬᠦᠭᠵᠢᠯᠲᠡ ᠶᠢ | ᠨᠢᠭᠡᠲᠦᠯᠲᠡᠢ ᠲᠦᠯᠦᠪᠵᠢᠭᠦᠯᠦᠨ ᠰᠠᠶᠢᠲᠤᠷ ᠠᠳᠬᠤᠵᠦ᠂ ᠠᠷᠠᠳ ᠤᠯᠠᠨ ᠳᠤ ᠵᠤᠯ ᠵᠢᠷᠭᠠᠯ ᠡᠳ᠋ᠯᠡᠭᠦᠯᠬᠦ ᠪᠠᠷ | ᠴᠢᠷᠮᠠᠶᠢᠬᠤ ᠬᠡᠷᠡᠭᠲᠡᠢ᠃ ᠲᠤᠭᠲᠠᠭᠤᠨ ᠢ ᠬᠠᠮᠠᠭᠠᠯᠠᠬᠤ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ | ᠲᠦᠯᠬᠢᠨ ᠠᠬᠢᠭᠤᠯᠬᠤ᠂ ᠬᠠᠤᠯᠢ ᠪᠠᠷ ᠬᠤᠰᠢᠭᠤ ᠪᠠᠨ ᠵᠠᠰᠠᠬᠤ ᠶᠢ ᠪᠦᠬᠦ ᠬᠦᠴᠦᠨ ᠢᠶᠠᠷ ᠠᠬᠢᠭᠤᠯᠤᠨ ᠨᠡᠶᠢᠭᠡᠮ ᠤᠨ | ᠠᠮᠤᠷ ᠲᠦᠪᠰᠢᠨ ᠢ ᠶᠡᠷᠥᠩᠬᠡᠶᠢᠯᠡᠨ ᠵᠠᠰᠠᠬᠤ᠂ ᠠᠮᠤᠷ ᠲᠦᠪᠰᠢᠨ ᠦᠢᠯᠡᠳᠪᠦᠷᠢᠯᠡᠯ᠂ ᠢᠳᠡᠭᠡᠨ ᠡᠮ ᠤᠨ ᠵᠦᠢᠯᠡᠰ | ᠤᠨ ᠠᠮᠤᠷ ᠲᠦᠪᠰᠢᠨ ᠵᠡᠷᠭᠡ ᠠᠵᠢᠯ ᠢ ᠴᠢᠩᠭᠠᠳᠬᠠᠵᠦ ᠠᠮᠤᠭᠤᠯᠠᠩ ᠪᠠᠶᠢᠭᠤᠯᠤᠯᠲᠠ ᠶᠢᠨ ᠲᠤᠰᠬᠠᠢ ᠲᠦᠷᠦᠯ ᠤᠨ | ᠴᠡᠭᠴᠡᠯᠡᠯᠲᠡ ᠶᠢᠨ ᠠᠵᠢᠯᠯᠠᠭ᠎ᠠ ᠶᠢ ᠦᠷᠨᠢᠭᠦᠯᠦᠨ᠂ ᠵᠦᠷᠢᠴᠡᠯ ᠵᠢᠭᠤᠷᠭᠠᠨ ᠢ ᠴᠠᠭ ᠲᠤᠬᠠᠢ ᠳᠤ ᠨᠢ ᠰᠢᠢᠳᠪᠦᠷᠢᠯᠡᠨ | ᠂ ᠡᠶ᠎ᠡ ᠵᠤᠬᠢᠴᠠᠩᠭᠤᠢ ᠠᠮᠤᠷ ᠲᠤᠭᠲᠠᠭᠤᠨ ᠨᠡᠶᠢᠭᠡᠮ ᠤᠨ ᠤᠷᠴᠢᠨ ᠲᠤᠭᠤᠷᠢᠨ ᠢ ᠤᠯᠠᠮ ᠨᠢᠭᠡ ᠠᠯᠬᠤᠮ ᠡᠭᠦᠳᠦᠨ | ᠪᠠᠶᠢᠭᠤᠯᠬᠤ ᠬᠡᠷᠡᠭᠲᠡᠢ ᠭᠡᠵᠦ ᠴᠢᠬᠤᠯᠴᠢᠯᠠᠵᠠᠢ᠃ | ᠬᠤᠷᠠᠯ ᠠᠴᠠ᠂ ᠡᠯ᠎ᠡ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠪᠤᠯᠤᠨ ᠦᠷᠭᠡᠨ ᠤᠯᠠᠨ ᠨᠠᠮ ᠤᠨ | ᠭᠡᠰᠢᠭᠦᠨ ᠺᠠᠲᠡᠷ ᠨᠢ ᠤᠭ ᠰᠠᠨᠠᠭ᠎ᠠ ᠪᠠᠨ ᠦᠯᠦ ᠮᠠᠷᠲᠠᠨ᠂ ᠡᠷᠡᠯᠬᠡᠭᠯᠠᠨ ᠤᠷᠤᠭᠰᠢᠯᠠᠵᠦ᠂ ᠨᠠᠮ ᠢᠶᠠᠨ ᠴᠢᠩᠭ᠎ᠠ | ᠵᠠᠰᠠᠬᠤ ᠶᠢ ᠪᠤᠳᠠᠳᠠᠢ ᠨᠠᠶᠢᠳᠠᠪᠦᠷᠢᠵᠢᠭᠤᠯᠬᠤ ᠶᠢ ᠪᠠᠷᠢᠮᠲᠠᠯᠠᠨ ᠲᠦᠯᠬᠢᠨ ᠠᠬᠢᠭᠤᠯᠵᠦ᠂ ᠨᠠᠮ ᠤᠨ ᠪᠠᠶᠢᠭᠤᠯᠤᠯᠲᠠ ᠶᠢ | ᠠᠳᠬᠤᠬᠤ ᠶᠢ ᠬᠠᠮᠤᠭ ᠶᠡᠭᠡ ᠤᠯᠤᠰ ᠲᠦᠷᠦ ᠶᠢᠨ ᠠᠵᠢᠯ ᠪᠤᠯᠭᠠᠨ᠂ ᠨᠠᠮ ᠤᠨ ᠪᠠᠶᠢᠭᠤᠯᠤᠯᠲᠠ ᠶᠢᠨ ᠰᠢᠨᠵᠢᠯᠡᠬᠦ | ᠤᠬᠠᠭᠠᠨᠴᠢᠯᠠᠭᠰᠠᠨ ᠲᠦᠪᠰᠢᠨ ᠢ ᠴᠢᠷᠮᠠᠶᠢᠨ ᠳᠡᠭᠡᠭᠰᠢᠯᠡᠭᠦᠯᠵᠦ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ | ᠦᠷᠬᠦᠯᠵᠢᠯᠡᠨ ᠡᠷᠡᠭᠦᠯ ᠢᠶᠠᠷ ᠬᠦᠭᠵᠢᠬᠦ ᠳᠤ ᠪᠠᠲᠤᠯᠭ᠎ᠠ ᠬᠠᠩᠭᠠᠬᠤ ᠬᠡᠷᠡᠭᠲᠡᠢ᠃ ᠤᠪᠤᠷ ᠰᠤᠷᠲᠠᠯ ᠤᠨ ᠪᠦᠲᠦᠭᠡᠨ | ᠪᠠᠶᠢᠭᠤᠯᠤᠯᠲᠠ ᠶᠢ ᠬᠡᠵᠢᠶᠡᠲᠠ ᠴᠢᠩᠭ᠎ᠠ ᠠᠳᠬᠤᠵᠦ᠂ ︽ᠲᠦᠷᠪᠡᠨ ᠰᠤᠷᠲᠠᠯ︾ ᠤᠨ ᠠᠰᠠᠭᠤᠳᠠᠯ ᠢ ᠴᠡᠭᠴᠡᠯᠡᠬᠦ ᠶᠢ | ᠦᠷᠬᠦᠯᠵᠢ ᠴᠢᠩᠭ᠎ᠠ ᠠᠳᠬᠤᠨ᠂ ᠮᠤᠩᠭᠤᠯ ᠮᠤᠷᠢᠨ ᠤ ᠵᠤᠷᠢᠭ ᠰᠠᠨᠠᠭ᠎ᠠ ᠶᠢ ᠪᠠᠳᠠᠷᠠᠭᠤᠯᠤᠨ᠂ ᠰᠠᠯᠬᠢ ᠪᠤᠷᠤᠭᠠᠨ ᠢ | ᠰᠦᠷᠴᠦ᠂ ᠪᠦᠬᠦ ᠬᠤᠳᠤᠴᠠ ᠪᠠᠷ ᠤᠷᠤᠭᠰᠢᠯᠡᠨ᠂ ᠪᠦᠬᠦ ᠬᠤᠰᠢᠭᠤᠨ ᠤ ᠺᠠᠲᠡᠷ ᠠᠵᠢᠯᠲᠠᠨ ᠢ ᠳᠠᠶᠢᠴᠢᠯᠠᠨ ᠨᠢᠭᠡ | ᠰᠡᠳᠬᠢᠯ ᠨᠢᠭᠡ ᠵᠤᠷᠢᠭ ᠢᠶᠠᠷ ᠬᠦᠭᠵᠢᠯᠲᠡ ᠶᠢ ᠡᠷᠢᠯᠬᠢᠯᠡᠭᠰᠡᠨ᠂ ᠰᠡᠳᠬᠢᠯ ᠢᠶᠠᠨ ᠨᠢᠭᠡᠳᠬᠡᠵᠤ ᠬᠦᠴᠦᠨ ᠢᠶᠠᠨ | ᠬᠠᠮᠲᠤᠳᠬᠠᠨ ᠨᠠᠶᠢᠳᠠᠪᠤᠷᠢᠵᠢᠬᠭᠤᠯᠬᠤ ᠶᠢ ᠠᠳᠬᠤᠭᠰᠠᠨ ᠤᠬᠢ ᠰᠠᠶᠢᠨ ᠪᠠᠶᠢᠳᠡᠯ ᠢ ᠡᠭᠦᠳᠬᠦ ᠪᠠᠷ ᠴᠢᠷᠮᠠᠶᠢᠬᠤ | ᠬᠡᠷᠡᠭᠲᠡᠢ ᠭᠡᠵᠦ ᠴᠢᠬᠤᠯᠠᠴᠢᠯᠠᠪᠠ᠃ | ᠤᠳᠤᠬᠠᠨ ᠪᠠ ᠬᠤᠶᠢᠰᠢᠲᠠ ᠶᠢᠨ ᠨᠢᠭᠡ ᠬᠡᠰᠡᠭ ᠬᠤᠭᠤᠴᠠᠭᠠᠨ ᠳᠠᠬᠢ ᠠᠵᠢᠯ ᠢ ᠰᠠᠶᠢᠳᠤᠷ ᠬᠢᠬᠦ ᠲᠤᠬᠠᠢ ᠬᠤᠷᠠᠯ | ᠠᠴᠠ ᠰᠠᠭᠠᠷᠳᠠᠭᠰᠠᠨ ᠨᠢ᠂ ᠪᠦᠬᠦ ᠵᠢᠯ ᠤᠨ ᠬᠠᠷᠠᠯᠲᠠ ᠶᠢᠨ ᠲᠤᠭᠤᠷᠢᠨ ᠳᠤ ᠬᠠᠷᠢᠭᠤᠴᠠᠯᠭ᠎ᠠ ᠪᠠᠨ ᠴᠢᠩᠭᠠᠳᠬᠠᠵᠦ | ᠠᠷᠭ᠎ᠠ ᠪᠠᠷᠢᠯ ᠢ ᠲᠡᠭᠦᠯᠳᠡᠷᠵᠢᠭᠦᠯᠤᠨ᠂ ᠪᠦᠬᠦ ᠵᠢᠯ ᠤᠨ ᠡᠭᠦᠷᠭᠡ ᠬᠠᠷᠠᠯᠲᠠ ᠪᠠᠨ ᠪᠡᠶᠡᠯᠡᠭᠦᠯᠬᠦ ᠶᠢ ᠪᠠᠲᠤᠯᠠᠬᠤ ᠪᠠᠷ | ᠴᠢᠷᠮᠠᠶᠢᠬᠤ ᠬᠡᠷᠡᠭᠲᠡᠢ᠃ ᠵᠡᠷᠭᠡᠪᠡᠷ᠂ ᠳᠠᠷᠠᠭ᠎ᠠ ᠵᠢᠯ ᠤᠨ ᠡᠯ᠎ᠡ ᠲᠦᠷᠦᠯ ᠤᠨ ᠭᠤᠤᠯᠳᠡᠯᠭᠠᠲᠦ ᠠᠵᠢᠯ ᠢᠶᠠᠨ | ᠢᠳᠡᠪᠬᠢᠲᠡᠢ ᠲᠦᠯᠦᠪᠵᠢᠭᠦᠯᠬᠦ ᠬᠡᠷᠡᠭᠲᠡᠢ᠃ ᠨᠢᠭᠡ ᠳᠤ ᠭᠤᠤᠯᠳᠡᠯᠭᠠᠲᠦ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠰᠠᠶᠢᠲᠦᠷ ᠠᠳᠬᠤᠬᠤ ᠬᠡᠷᠡᠭᠲᠠᠢ᠃ ᠡᠪᠦᠯ ᠤᠨ ᠴᠠᠭ ᠬᠤᠭᠤᠴᠠᠭ᠎ᠠ ᠶᠢ ᠠᠰᠢᠭᠯᠠᠨ ᠠᠵᠦ | ᠠᠬᠤᠶᠢᠯᠠᠯ ᠳᠤ ᠬᠠᠪᠰᠤᠷᠤᠨ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠰᠠᠶᠢᠳᠦᠷ ᠬᠢᠵᠦ4 ᠰᠠᠷ᠎ᠠ | ᠶᠢᠨ15 ᠤ ᠡᠳᠦᠷ ᠤᠨ ᠤᠷᠴᠢᠮ ᠢᠶᠠᠷ ᠠᠵᠢᠯ ᠢᠶᠠᠨ ᠡᠬᠢᠯᠡᠭᠦᠯᠬᠦ ᠶᠢ ᠪᠠᠲᠤᠯᠠᠬᠤ ᠬᠡᠷᠡᠭᠲᠡᠢ᠃ ᠲᠦᠷᠦᠯ ᠵᠦᠢᠯ ᠤᠨ | ᠳᠤᠮᠳᠠ ᠤᠷᠤᠰᠢᠵᠦ ᠪᠠᠶᠢᠭ᠎ᠠ ᠠᠰᠠᠭᠤᠳᠠᠯ ᠢ ᠨᠠᠷᠢᠨ ᠬᠢᠨᠠᠮᠠᠭᠠᠢ ᠰᠢᠢᠳᠪᠦᠷᠢᠯᠡᠨ᠂ ᠲᠦᠷᠦᠯ ᠵᠦᠢᠯ ᠤᠨ ᠦᠢᠯᠡᠴᠢᠯᠡᠭᠡ | ᠶᠢᠨ ᠪᠠᠲᠤᠯᠠᠭ᠎ᠠ ᠶᠢ ᠴᠢᠩᠭᠠᠳᠬᠠᠵᠤ᠂ ᠬᠦᠳᠡᠯᠤᠩᠭᠦᠢ ᠦᠢᠯᠡᠴᠢᠯᠡᠭᠡᠨ ᠤ ᠤᠬᠠᠮᠰᠡᠷ ᠢ ᠴᠢᠩᠭᠠᠳᠬᠠᠵᠤ᠂ ᠵᠦᠭᠡᠯᠡᠨ | ᠤᠷᠴᠢᠨ ᠲᠤᠭᠤᠷᠢᠨ ᠢ ᠤᠯᠡᠮ ᠢᠶᠠᠷ ᠰᠠᠶᠢᠵᠢᠷᠠᠭᠤᠯᠤᠨ᠂ ᠰᠠᠭᠤᠷᠢᠰᠢᠭᠰᠠᠨ ᠠᠵᠦ ᠠᠬᠤᠶᠢᠯᠠᠯ ᠲᠤᠭᠲᠠᠪᠤᠷᠢᠵᠢᠬᠤ᠂ | ᠦᠷ᠎ᠡ ᠠᠰᠢᠭ ᠬᠦᠷᠲᠡᠬᠦ᠂ ᠬᠦᠭᠵᠢᠬᠦ ᠶᠢ ᠪᠠᠲᠤᠯᠠᠬᠤ ᠬᠡᠷᠡᠭᠲᠡᠢ᠃ ᠬᠤᠶᠠᠷ ᠲᠤ ᠮᠠᠯ ᠠᠵᠦ ᠠᠬᠤᠢ ᠶᠢᠨ | ᠦᠢᠯᠡᠳᠪᠦᠷᠢᠯᠡᠯ ᠤᠨ ᠡᠯ᠎ᠡ ᠲᠦᠷᠦᠯ ᠤᠨ ᠠᠵᠢᠯ ᠢ ᠪᠦᠬᠦ ᠬᠦᠴᠦᠨ ᠢᠶᠠᠷ ᠠᠳᠬᠤᠵᠤ᠂ ᠰᠢᠨ᠎ᠡ ᠨᠢᠭᠡ ᠡᠭᠡᠯᠵᠢᠨ ᠤ | ᠨᠤᠲᠤᠭ ᠪᠡᠯᠴᠢᠭᠡᠷ ᠤᠨ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠂ | ᠨᠤᠲᠤᠭ ᠪᠡᠯᠴᠢᠭᠡᠷ ᠤᠨ ᠲᠡᠩᠴᠡᠭᠦᠷᠢ ᠪᠤᠯᠤᠨ ᠪᠡᠯᠴᠢᠭᠡᠷᠯᠡᠭᠦᠯᠬᠦ ᠶᠢ ᠬᠤᠷᠢᠭᠯᠠᠵᠦ ᠰᠡᠯᠡᠭᠦᠨ ᠮᠠᠯᠵᠢᠬᠤ ᠲᠤᠭᠲᠠᠭᠠᠯ ᠢ | ᠨᠠᠷᠢᠨ ᠬᠢᠨᠠᠮᠠᠭᠠᠢ ᠬᠡᠷᠡᠭᠵᠢᠭᠦᠯᠦᠨ᠂ ᠪᠦᠬᠦ ᠠᠶᠢᠮᠠᠭ ᠤᠨ ︽ᠬᠤᠨᠢ ᠢ ᠴᠦᠬᠡᠳᠭᠡᠵᠦ ᠦᠬᠡᠷ ᠢ ᠨᠡᠮᠡᠭᠳᠡᠭᠦᠯᠬᠦ︾ | ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢᠨ ᠲᠤᠭᠤᠷᠢᠨ ᠳᠤ ᠪᠦᠬᠦ ᠬᠤᠰᠢᠭᠤᠨ ᠤ ᠰᠢᠯᠢᠳᠡᠭ ᠡᠭᠦᠯᠳᠡᠷ | ᠤᠨ ᠮᠢᠬᠠᠨ ᠤ ᠦᠬᠡᠷ ᠤᠨ ᠦᠢᠯᠡᠰ ᠢ ᠬᠦᠭᠵᠢᠭᠦᠯᠬᠦ ᠲᠦᠯᠦᠪᠵᠢᠭᠦᠯᠭᠡ ᠶᠢ ᠲᠡᠭᠦᠯᠳᠡᠷᠵᠢᠭᠦᠯᠦᠨ᠂ ᠬᠤᠯᠠᠨ ᠰᠢᠷᠭ᠎ᠠ | ᠳᠠᠭ᠎ᠠ ᠶᠢᠨ ᠡᠯᠡᠰᠤᠨ ᠤ ᠲᠤᠭᠤᠷᠢᠭ ᠤᠨ ᠰᠢᠮᠧᠨ᠋ᠲᠡᠷ ᠦᠬᠡᠷ ᠪᠤᠯᠤᠨ ᠪᠠᠯᠭᠠᠰᠤᠨ ᠤ ᠤᠶᠢᠷ᠎ᠠ ᠬᠠᠪᠢ ᠶᠢᠨ ᠰᠦᠨ ᠤ | ᠦᠨᠢᠶ᠎ᠡ ᠮᠠᠯᠵᠢᠬᠤ ᠲᠤᠭᠤᠷᠢᠭ ᠢ ᠲᠤᠭᠲᠠᠪᠤᠷᠢᠵᠢᠭᠤᠯᠵᠤ᠂ ᠪᠠᠶᠠᠨᠲᠠᠯ᠎ᠠ ᠪᠠᠯᠭᠠᠰᠤ ᠪᠤᠯᠤᠨ ᠪᠤᠭᠳᠠ ᠶᠢᠨ ᠭᠤᠤᠯ | ᠰᠤᠮᠤᠨ ᠳᠤ ᠬᠡᠰᠡᠭ ᠬᠤᠪᠢᠶᠠᠨ ᠰᠢᠯᠢᠳᠡᠭ ᠮᠢᠬᠠᠨ ᠤ ᠦᠬᠡᠷ ᠮᠠᠯᠵᠢᠬᠤ ᠶᠢ ᠲᠦᠭᠡᠮᠡᠯᠵᠢᠭᠦᠯᠬᠦ ᠪᠠᠷ ᠴᠢᠷᠮᠠᠶᠢᠬᠤ | ᠬᠡᠷᠡᠭᠲᠡᠢ᠃ ᠲᠦᠷᠦᠯ ᠵᠦᠢᠯ ᠤᠨ ᠪᠡᠯᠡ ᠮᠦᠩᠭᠦ ᠶᠢ ᠨᠢᠭᠡᠳᠬᠡᠭᠦ ᠪᠤᠯᠤᠨ ᠮᠦᠩᠭᠦᠨ ᠭᠦᠢᠯᠭᠡᠭᠡᠨ ᠤ ᠵᠢᠭᠡᠯᠡᠯᠭᠡ ᠶᠢᠨ | ᠠᠷᠭ᠎ᠠ ᠪᠠᠷᠢᠯ ᠢᠶᠠᠷ᠂ ᠮᠠᠯ ᠠᠵᠤ ᠠᠬᠤᠢ ᠶᠢᠨ ᠰᠠᠭᠤᠷᠢ ᠲᠦᠭᠦᠭᠡᠷᠦᠮᠵᠢ ᠪᠤᠯᠤᠨ ᠰᠢᠯᠢᠳᠡᠭ ᠲᠦᠷᠦᠯ ᠤᠨ ᠮᠢᠬᠠᠨ ᠤ | ᠦᠬᠡᠷ ᠤᠷᠤᠭᠤᠯᠬᠤ᠂ ᠦᠷᠡᠵᠢᠭᠦᠯᠬᠦ᠂ ᠪᠤᠷᠳᠤᠨ ᠲᠠᠷᠭᠤᠯᠠᠭᠤᠯᠬᠤ ᠰᠠᠭᠤᠷᠢᠨ ᠭᠠᠵᠠᠷ ᠤᠨ ᠪᠠᠶᠢᠭᠤᠯᠤᠯᠲᠠ ᠶᠢ | ᠰᠠᠶᠢᠳᠤᠷ ᠬᠢᠬᠦ ᠬᠡᠷᠡᠭᠲᠠᠢ᠃ ᠭᠤᠷᠪᠠ ᠳᠤ ᠠᠵᠦ ᠦᠢᠯᠡᠳᠪᠦᠷᠢ ᠶᠢᠨ ᠠᠵᠦ ᠠᠬᠤᠢ ᠶᠢᠨ ᠡᠷᠭᠢᠯᠲᠡ ᠶᠢᠨ | ᠲᠤᠬᠢᠷᠠᠭᠤᠯᠤᠯᠲᠠ ᠶᠢ ᠴᠢᠩᠭᠠᠳᠬᠠᠵᠦ᠂ ᠠᠵᠢᠯᠯᠠᠬᠤ ᠳᠤᠭᠤᠶᠢᠯᠠᠩ ᠢ ᠵᠤᠬᠢᠶᠠᠨ ᠪᠠᠶᠢᠭᠤᠯᠵᠦ ᠭᠤᠤᠯᠳᠡᠯᠭᠠᠲᠦ ᠠᠵᠦ | ᠠᠬᠤᠶᠢᠯᠠᠯ ᠳᠤ ᠰᠠᠭᠤᠵᠤ ᠠᠵᠢᠯ ᠢᠶᠠᠨ ᠦᠷᠨᠢᠭᠦᠯᠤᠨ ᠠᠵᠦ ᠠᠬᠤᠶᠢᠯᠠᠯ ᠢ ᠬᠠᠪᠰᠤᠷᠤᠨ ᠭᠠᠷ ᠭᠦᠢᠴᠡᠳᠬᠡᠯ ᠬᠢᠬᠦ᠂ | ᠵᠠᠬ᠎ᠠ ᠳᠡᠯᠭᠡᠭᠦᠷ ᠢ ᠦᠷᠭᠡᠳᠬᠡᠬᠦ ᠵᠡᠷᠭᠡ ᠠᠰᠠᠭᠤᠳᠠᠯ ᠢ ᠰᠢᠢᠳᠪᠦᠷᠢᠯᠡᠨ ᠦᠭᠬᠦ ᠬᠡᠷᠡᠭᠲᠡᠢ᠃ ᠳᠤᠮᠳᠠ ᠪᠠᠭ᠎ᠠ ᠪᠢᠴᠢᠯ | ᠠᠵᠦ ᠠᠬᠤᠶᠢᠯᠠᠯ ᠳᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠵᠦ᠂ ᠠᠵᠦ ᠠᠬᠤᠶᠢᠯᠠᠯ ᠤᠨ ᠬᠡᠪ | ᠶᠤᠰᠤᠭᠠᠷ ᠡᠵᠡᠩᠨᠡᠬᠦ ᠶᠢ ᠠᠬᠢᠭᠤᠯᠬᠤ ᠬᠡᠷᠡᠭᠲᠡᠢ᠃ ᠳᠦᠷᠪᠡ ᠳᠤ ᠡᠳ᠋ ᠤᠨ ᠵᠠᠰᠠᠭ ᠤᠨ ᠭᠠᠶᠢᠯᠢ ᠲᠠᠲᠠᠪᠦᠷᠢ ᠶᠢᠨ | ᠬᠠᠮᠢᠶᠠᠷᠥᠯᠲᠠ ᠶᠢᠨ ᠠᠵᠢᠯ ᠢ ᠴᠢᠩᠭᠠᠳᠬᠠᠵᠦ᠂ ᠪᠦᠬᠦ ᠵᠢᠯ ᠤᠨ ᠭᠠᠶᠢᠯᠢ ᠬᠤᠷᠢᠶᠠᠯᠲᠠ ᠶᠢᠨ ᠬᠠᠷᠠᠯᠲᠠ ᠶᠢᠨ | ᠲᠤᠭᠤᠷᠢᠨ ᠳᠤ᠂ ᠭᠠᠶᠢᠯᠢ ᠬᠤᠷᠢᠶᠠᠯᠲᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠦ ᠂ | ᠬᠤᠷᠢᠶᠠᠬᠤ ᠶᠤᠰᠤᠲᠠᠢ ᠪᠦᠬᠦᠨ ᠢ ᠬᠤᠷᠢᠶᠠᠨ᠂ ᠪᠦᠬᠦ ᠵᠢᠯ ᠤᠨ ᠤᠯᠠᠨ ᠨᠡᠶᠢᠲᠡ ᠶᠢᠨ ᠡᠳ᠋ ᠤᠨ ᠵᠠᠰᠠᠭ ᠤᠨ | ᠲᠦᠰᠦᠪᠯᠡᠭᠰᠡᠨ ᠤᠷᠤᠯᠭ᠎ᠠ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠠᠢ᠃ ᠬᠦᠳᠡᠭᠡᠨ ᠤ ᠵᠠᠰᠠᠮᠠᠯ ᠵᠠᠮ᠂ ᠬᠡᠷᠡᠭᠯᠡᠭᠡᠨ ᠤ | ᠨᠢᠰᠭᠡᠯ ᠤᠨ ᠲᠠᠯᠪᠠᠢ ᠶᠢᠨ ᠭᠠᠵᠠᠷ ᠡᠵᠡᠯᠡᠨ ᠬᠡᠷᠡᠭᠯᠡᠭᠰᠡᠨ ᠭᠠᠶᠢᠯᠢ ᠪᠤᠯᠤᠨ ᠤᠯᠠᠨ ᠨᠡᠶᠢᠲᠡ ᠶᠢᠨ ᠪᠠᠶᠢᠭᠤᠯᠤᠯᠲᠠ ᠶᠢᠨ | ᠲᠦᠷᠦᠯ ᠵᠦᠢᠯ ᠤᠨ ᠪᠠᠷᠢᠯᠭ᠎ᠠ ᠶᠢᠨ ᠭᠠᠶᠢᠯᠢ᠂ ᠴᠢᠯᠠᠭᠤᠨ ᠲᠤᠰᠤᠨ ᠤ ᠠᠵᠦ ᠠᠬᠤᠶᠢᠯᠠᠯ ᠤᠨ ᠦᠷᠢᠲᠦᠭᠰᠡᠨ ᠭᠠᠶᠢᠯᠢ | ᠶᠢ ᠴᠠᠶᠢᠷᠠᠭᠤᠯᠤᠨ ᠲᠤᠰᠢᠶᠠᠯᠭᠠᠬᠤ ᠠᠵᠢᠯ ᠢ ᠰᠠᠶᠢᠲᠤᠷ ᠬᠢᠬᠦ ᠬᠡᠷᠡᠭᠲᠠᠢ︔ ᠲᠡᠮᠦᠷᠯᠢᠭ ᠤᠨ ᠠᠭᠤᠷᠬᠠᠢ ᠶᠢᠨ ᠬᠤᠪᠢ | ᠤᠷᠤᠭᠤᠯᠤᠭᠰᠠᠨ ᠡᠷᠬᠡ ᠪᠠᠨ ᠰᠢᠯᠵᠢᠭᠦᠯᠦᠭᠰᠡᠨ ᠭᠠᠶᠢᠯᠢ ᠶᠢ ᠬᠤᠷᠢᠶᠠᠬᠤ ᠠᠵᠢᠯ ᠢ ᠰᠠᠶᠢᠲᠤᠷ ᠬᠢᠬᠦ ᠬᠡᠷᠭᠲᠠᠢ ᠃ | ᠲᠠᠪᠦ ᠳᠤ ᠠᠷᠠᠳ ᠤᠨ ᠠᠮᠢᠳᠤᠷᠠᠯ ᠤᠨ ᠪᠠᠲᠤᠯᠠᠭᠠᠨ ᠤ ᠠᠵᠢᠯ ᠢ ᠦᠷᠬᠦᠯᠵᠢᠯᠠᠨ ᠰᠠᠶᠢᠲᠤᠷ ᠬᠢᠵᠦ᠂ ᠰᠤᠷᠭᠠᠨ | ᠬᠦᠮᠦᠵᠢᠯ ᠰᠢᠨᠵᠢᠯᠡᠭᠡ ᠮᠡᠷᠭᠡᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠰᠤᠶᠤᠯ ᠲᠠᠮᠢᠷ᠂ ᠨᠡᠶᠢᠭᠡᠮ ᠤᠨ ᠪᠠᠲᠦᠯᠠᠭ᠎ᠠ | ᠵᠡᠷᠭᠡ ᠡᠯ᠎ᠡ ᠲᠦᠷᠦᠯ ᠤᠨ ᠨᠡᠶᠢᠭᠡᠮ ᠤᠨ ᠠᠵᠢᠯ ᠦᠢᠯᠡᠰ ᠤᠨ ᠬᠦᠭᠵᠢᠯᠲᠡ ᠶᠢ ᠨᠢᠭᠡᠲᠦᠯᠲᠡᠢ ᠪᠠᠶᠢᠷᠢᠯᠠᠭᠤᠯᠵᠦ | ᠲᠦᠯᠬᠢᠨ ᠠᠬᠢᠭᠤᠯᠬᠤ ᠬᠡᠷᠡᠭᠲᠡᠢ᠃ ᠤᠨᠤᠪᠴᠢᠲᠠᠢ ᠪᠠᠷ ᠶᠠᠳᠠᠭᠤ ᠶᠢ ᠲᠡᠳᠬᠦᠬᠦ ᠠᠵᠢᠯ ᠢ ᠨᠠᠷᠢᠨ ᠬᠢᠨᠠᠮᠠᠭᠠᠢ | ᠨᠠᠶᠢᠳᠠᠪᠦᠷᠢᠵᠢᠭᠤᠯᠵᠦ᠂ ᠬᠠᠷᠢᠯᠴᠠᠭᠰᠠᠨ ᠭᠠᠴᠠᠭ᠎ᠠ ᠪᠤᠯᠤᠨ ᠬᠠᠪᠰᠤᠷᠤᠨ ᠲᠡᠳᠬᠦᠭᠰᠡᠨ ᠶᠠᠳᠠᠭᠤ ᠭᠦᠴᠢᠷᠳᠡᠯᠲᠡᠢ | ᠡᠷᠦᠬᠡ ᠳᠡᠭᠡᠨ ᠪᠠᠶᠢᠩᠭᠤ ᠭᠦᠨᠵᠡᠭᠡᠶᠢᠷᠡᠵᠦ᠂ ᠤᠷᠤᠰᠢᠵᠤ ᠪᠠᠶᠢᠭ᠎ᠠ ᠠᠰᠠᠭᠤᠳᠡᠯ ᠢ ᠳᠠᠷᠤᠢ ᠲᠦᠷᠭᠡᠨ ᠰᠢᠢᠳᠪᠦᠷᠢᠯᠡᠨ᠂ | ᠵᠢᠯ ᠤᠨ ᠡᠴᠦᠰ ᠠᠴᠠ ᠡᠮᠦᠨ᠎ᠡ ︽ᠬᠦᠮᠦᠨ ᠨᠢ ᠶᠠᠳᠠᠭᠤ ᠠᠴᠠ ᠠᠩᠭᠢᠵᠢᠷᠠᠵᠤ᠂ ᠬᠤᠰᠢᠭᠤ ᠨᠢ ᠶᠠᠳᠠᠭᠤ ᠮᠠᠯᠠᠭᠠᠢ | ᠪᠠᠨ ᠲᠠᠶᠠᠭᠳᠠᠬᠤ︾ ᠬᠠᠷᠠᠯᠲᠠ ᠶᠢ ᠪᠠᠶᠠᠯᠠᠭᠦᠯᠬᠦ ᠶᠢ ᠪᠠᠲᠤᠯᠠᠬᠤ ᠬᠡᠷᠡᠭᠲᠡᠢ᠃ ᠡᠯ᠎ᠡ ᠵᠦᠢᠯ ᠤᠨ ᠨᠦᠬᠦᠪᠦᠷᠢ ᠮᠦᠩᠭᠦ | ᠶᠢ ᠲᠤᠭ᠎ᠠ ᠶᠤᠰᠤᠭᠠᠷ ᠤᠯᠭᠤᠵᠦ᠂ ᠬᠦᠴᠢᠷᠳᠡᠯᠳᠡᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠦᠯᠠᠬᠤ | ᠬᠡᠷᠡᠭᠲᠡᠢ︔ ᠵᠢᠷᠭᠤᠭ᠎ᠠ ᠳᠤ ᠵᠠᠬᠢᠲᠠᠯ ᠰᠤᠷᠪᠤᠯᠵᠢᠯᠠᠭ᠎ᠠ ᠲᠤᠭᠲᠠᠭᠤᠨ ᠢ ᠬᠠᠮᠠᠭᠠᠯᠠᠬᠤ ᠪᠤᠯᠤᠨ ᠠᠮᠤᠷ ᠲᠦᠪᠰᠢᠨ | ᠦᠢᠯᠠᠳᠪᠦᠷᠢᠯᠠᠯ ᠤᠨ ᠠᠵᠢᠯ ᠢ ᠪᠦᠬᠦ ᠬᠦᠴᠦᠨ ᠢᠶᠠᠷ ᠰᠠᠶᠢᠲᠤᠷ ᠠᠳᠬᠤᠬᠤ ᠬᠡᠷᠡᠭᠲᠡᠢ ᠭᠡᠵᠡᠢ᠃ | ᠬᠤᠰᠢᠭᠤ ᠳᠦᠷᠪᠡᠨ ᠶᠡᠭᠡ ᠤᠳᠤᠷᠢᠳᠬᠤ ᠪᠠᠭ ᠤᠨ ᠤᠳᠦᠷᠢᠳᠤᠯᠭ᠎ᠠ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ | ᠂ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠡ ᠶᠢᠨ ᠲᠡᠳ᠋ ᠰᠠᠯᠠᠭ᠎ᠠ ᠲᠡᠰ ᠠᠴᠠ | ᠳᠡᠭᠡᠭᠰᠢᠬᠢ ᠺᠠᠲᠡᠷ ᠪᠤᠯᠤᠨ ᠠᠵᠢᠯ ᠠᠴᠠ ᠪᠠᠨ ᠠᠮᠠᠷᠠᠭᠰᠠᠨ ᠠᠵᠢᠯ ᠠᠴᠠ ᠪᠠᠨ ᠳᠠᠷᠬᠠᠯᠠᠭᠰᠠᠨ ᠠᠬᠠᠮᠠᠳ ᠺᠠᠲᠡᠷ | ᠬᠤᠷᠠᠯ ᠳᠤ ᠤᠷᠤᠯᠴᠠᠪᠠ᠃ | ᠬᠦᠪᠡᠭᠡᠲᠦ ᠰᠢᠷ᠎ᠠ ᠰᠤᠨᠢᠨ ᠬᠤᠷᠢᠶ᠎ᠠ ᠰᠤᠷᠪᠤᠯᠵᠢᠯᠠᠭᠴᠢ ᠰᠢᠨᠡᠬᠦᠦ | ᠰᠤᠨᠤᠷ |