ᠬᠦᠪᠡᠭᠡᠲᠦ ᠰᠢᠷ᠎ᠠ ᠬᠤᠰᠢᠭᠤ ᠤᠷᠤᠨ ᠤ ᠠᠷᠪᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠎ ᠤᠨ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠦᠷᠢᠯᠠᠵᠠᠢ
ᠨᠡᠶᠢᠲᠡᠯᠡᠭᠰᠡᠨ ᠴᠠᠭ᠄
2016/12/8
      12 ᠰᠠᠷ᠎ᠠ ᠶᠢᠨ7᠎ ᠤ ᠡᠳᠦᠷ᠂ ᠬᠤᠰᠢᠭᠤᠨ ᠤ ᠤᠬᠠᠭᠤᠯᠤᠨ ᠲᠠᠶᠢᠯᠠᠪᠦᠷᠢᠯᠠᠬᠤ ᠪᠦᠯᠬᠦᠮ ᠰᠢᠨ᠎ᠡ ᠪᠤᠯᠠᠭ ᠪᠠᠯᠭᠠᠰᠦ  ᠎ ᠤ ᠢᠷᠭᠤᠢ ᠲᠤᠭᠤᠷᠢᠭ ᠲᠤ ᠭᠦᠨᠵᠡᠭᠡᠶᠢᠷᠡᠵᠤ᠂ ᠤᠷᠤᠨ ᠤ ᠠᠷᠪᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠦᠷᠢᠯᠠᠵᠦ᠂ ᠪᠦᠬᠦ ᠬᠤᠰᠢᠭᠤᠨ ᠳᠤ ᠤᠷᠤᠨ ᠤ ᠠᠷᠪᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠤᠨ ᠵᠤᠷᠢᠭ ᠰᠠᠨᠠᠭ᠎ᠠ ᠶᠢ ᠲᠠᠶᠢᠯᠪᠦᠷᠢᠯᠠᠨ ᠤᠬᠠᠭᠤᠯᠬᠤ ᠬᠦᠰᠢᠭᠡ ᠶᠢ ᠨᠡᠬᠡᠬᠡᠭᠡᠵᠡᠢ᠃       ᠢᠷᠭᠤᠢ ᠲᠤᠭᠤᠷᠢᠭ ᠤᠨ ᠬᠤᠶᠠᠷ ᠪᠠᠭ ᠤᠨ ᠭᠡᠰᠢᠭᠦᠳ᠂ ᠲᠤᠭᠤᠷᠢᠭ ᠤᠨ ᠨᠠᠮ ᠤᠨ ᠭᠡᠰᠢᠭᠦᠨ᠂ ᠨᠠᠮ ᠳᠤ ᠤᠷᠤᠬᠤ ᠢᠳᠡᠪᠬᠢᠴᠦᠳ ᠪᠤᠯᠤᠨ ᠲᠤᠭᠤᠷᠢᠭ ᠤᠨ ᠰᠠᠭᠤᠭᠠᠯᠢ ᠠᠷᠠᠳ ᠨᠡᠶᠢᠲᠡ80 ᠤᠷᠴᠢᠮ ᠬᠦᠮᠦᠨ ᠢᠷᠭᠤᠢ ᠲᠤᠭᠤᠷᠢᠭ ᠤᠨ ᠤᠯᠠᠨ ᠴᠢᠳᠠᠮᠵᠢᠲᠦ ᠲᠠᠩᠬᠢᠮ ᠳᠤ ᠴᠤᠭᠯᠠᠷᠠᠨ᠂  ᠬᠤᠰᠢᠭᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠦᠷᠢᠯᠠᠬᠤ ᠪᠦᠯᠬᠦᠮ  ᠂  ᠬᠤᠰᠢᠭᠤ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ ᠶᠠᠩ ᠬᠠᠢ ᠪᠥᠸᠧ ᠤᠨ ᠬᠢᠭᠰᠡᠨ ᠦᠪᠦᠷ ᠮᠤᠩᠭᠤᠯ ᠤᠨ ᠦᠪᠡᠷᠲᠡᠭᠡᠨ ᠵᠠᠰᠠᠬᠤ  ᠤᠷᠤᠨ ᠤ ᠠᠷᠪᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠳ ᠤᠨ ᠬᠤᠷᠠᠯ ᠤᠨ ᠵᠤᠷᠢᠭ ᠰᠠᠨᠠᠭ᠎ᠠ ᠶᠢ  ᠤᠬᠠᠭᠤᠯᠤᠨ ᠲᠠᠶᠢᠯᠪᠦᠷᠢᠯᠠᠬᠤ ᠶᠢ ᠨᠠᠷᠢᠨ ᠬᠢᠨᠠᠮᠠᠭᠠᠢ ᠰᠤᠨᠤᠰᠴᠠᠢ᠃ ᠶᠠᠩ ᠬᠠᠢ ᠪᠥᠸᠧ ᠨᠦᠬᠦᠷ ᠤᠷᠤᠨ ᠤ ᠠᠷᠪᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠳ ᠤᠨ ᠬᠤᠷᠠᠯ ᠤᠨ ᠦᠨᠳᠤᠰᠤᠨ ᠪᠠᠶᠢᠳᠠᠯ᠂ ᠬᠤᠷᠠᠯ ᠤᠨ ᠭᠤᠤᠯ ᠵᠤᠷᠢᠭ ᠰᠠᠨᠠᠭ᠎ᠠ ᠪᠠ ᠠᠶᠢᠮᠠᠭ ᠤᠨ ᠲᠦᠯᠦᠭᠡᠯᠡᠭᠴᠢᠳ ᠬᠤᠷᠠᠯ ᠳᠤ ᠤᠷᠤᠯᠴᠠᠭᠰᠠᠨ ᠪᠠᠶᠢᠳᠠᠯ ᠢ ᠲᠠᠨᠢᠯᠴᠠᠭᠤᠯᠵᠦ  ︔ᠦᠪᠡᠷᠲᠡᠭᠡᠨ ᠵᠠᠰᠠᠬᠤ  ᠤᠷᠤᠨ᠂ ᠠᠶᠢᠮᠠᠭ ᠪᠤᠯᠤᠨ ᠬᠤᠰᠢᠭᠤᠨ ᠤ ᠤᠶᠢᠷ᠎ᠠ ᠶᠢᠨ ᠵᠢᠯ ᠤᠨ ᠦᠭᠡᠷᠡᠴᠢᠯᠡᠯᠲᠡ ᠭᠦᠭᠵᠢᠯᠲᠡ ᠶᠢᠨ ᠦᠢᠯᠡᠳᠦᠯᠭᠡ ᠲᠠᠢ ᠤᠶᠠᠯᠳᠤᠭᠤᠯᠵᠦ᠂ ᠭᠤᠤᠯᠳᠠᠭᠤ ᠦᠪᠡᠷᠲᠡᠭᠡᠨ ᠵᠠᠰᠠᠬᠤ ᠤᠷᠤᠨ ᠤ ᠨᠠᠮ ᠤᠨ  ᠬᠤᠷᠢᠶᠠᠨ ᠤ ᠱᠦᠵᠢ ᠯᠢ ᠵᠢᠢ ᠾᠧᠩ ᠨᠦᠬᠦᠷ ᠤᠨ ᠬᠢᠭᠰᠡᠨ ︽ᠰᠢ ᠶᠢᠨ ᠫᠢᠩ ᠨᠦᠬᠦᠷ ᠢᠶᠠᠷ ᠭᠤᠤᠯ  ᠪᠤᠯᠭᠠᠭᠰᠡᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠢᠭᠲᠠ  ᠪᠦᠯᠬᠦᠮᠳᠡᠵᠤ ᠡᠬᠡ ᠤᠯᠤᠰ ᠤᠨ ᠤᠮᠠᠷᠠᠲᠦ ᠬᠢᠯᠢ ᠶᠢᠨ ᠦᠵᠡᠰᠭᠦᠯᠡᠩᠲᠦ ᠦᠵᠡᠮᠵᠢ  ᠎ ᠶᠢᠨ ᠱᠤᠭᠤᠮ ᠢ ᠨᠡᠭ ᠦᠵᠡᠰᠭᠦᠯᠡᠩ ᠪᠤᠯᠭᠠᠬᠤ︾  ᠮᠠᠳᠡᠭᠦᠯᠤᠯᠲᠡ ᠶᠢ ᠲᠠᠶᠢᠯᠪᠦᠷᠢᠯᠠᠵᠤ᠂ ᠬᠤᠷᠠᠯ ᠳᠤ ᠤᠷᠤᠯᠴᠠᠭᠰᠠᠳ ᠤᠨ ᠬᠠᠯᠠᠭᠤᠨ ᠬᠦᠷᠢᠶᠡᠯᠡᠯ ᠢ ᠤᠯᠵᠠᠢ᠃ ᠬᠤᠷᠠᠯ ᠳᠤ ᠬᠤᠰᠢᠭᠤ ᠨᠠᠮ ᠤᠨ ᠰᠤᠷᠭᠠᠭᠤᠯᠢ ᠶᠢᠨ ᠪᠠᠭᠰᠢ ᠳᠤᠷᠠᠰᠬᠠᠯᠠᠮ᠎ᠠ ᠨᠦᠬᠦᠷ ᠠᠴᠠ ᠲᠤᠭᠤᠷᠢᠭ ᠤᠨ ᠨᠦᠬᠦᠳ ᠲᠤ ᠠᠷᠪᠠᠨ ᠨᠠᠢᠮᠠᠳᠤᠭᠠᠷ ᠤᠳᠠᠭᠠᠨ ᠤ ᠵᠢᠷᠭᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠲᠠᠳᠤᠯᠭᠠᠵᠢᠭᠤᠯᠵᠠᠢ᠃                                           ᠤᠶᠢᠷ᠎ᠠ ᠳᠤ᠂ ᠬᠤᠰᠢᠭᠤᠨ ᠤ ᠤᠬᠠᠭᠤᠯᠤᠨ ᠲᠠᠶᠢᠯᠪᠦᠷᠢᠯᠠᠬᠤ ᠪᠦᠯᠬᠦᠮ ᠡᠯ᠎ᠡ ᠰᠤᠮᠤ ᠪᠠᠯᠭᠠᠰᠦ ᠪᠠ ᠭᠠᠴᠠᠭ᠎ᠠ ᠳᠤ ᠭᠦᠨᠵᠡᠭᠡᠶᠢᠷᠡᠵᠦ᠂ ᠠᠷᠪᠠᠨ ᠨᠠᠢᠮᠠᠳᠤᠭᠠᠷ ᠤᠳᠠᠭᠠᠨ ᠤ ᠵᠢᠷᠭᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ᠂ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠳ ᠤᠨ ᠬᠤᠷᠠᠯ ᠤᠨ ᠵᠤᠷᠢᠭ ᠰᠠᠨᠠᠭ᠎ᠠ᠂ ᠦᠨᠳᠦᠰᠦᠲᠡᠨ ᠤ ᠪᠦᠯᠬᠦᠮᠳᠡᠯ᠂ ᠶᠠᠳᠠᠭᠤ ᠠᠴᠠ ᠠᠩᠭᠢᠵᠢᠷᠠᠬᠤ ᠪᠠᠬᠢᠯᠡᠯᠲᠡ ᠰᠢᠪᠲᠤᠯᠬᠤ᠂  ᠭᠤᠤᠯᠳᠡᠯᠭᠠᠳᠤ ᠲᠦᠰᠦᠯ ᠤᠨ ᠪᠠᠶᠢᠭᠤᠯᠤᠯᠲᠠ᠂ ᠮᠠᠯ ᠠᠵᠤ ᠠᠬᠤᠢ ‍ᠤᠨ‌ᠦᠢᠯᠡᠰ ᠤᠨ ᠲᠦᠷᠦ ᠶᠢᠨ ᠪᠤᠳᠤᠯᠭ᠎ᠠ ᠪᠠ ᠠᠷᠠᠳ ᠤᠨ ᠠᠮᠢᠳᠤᠷᠠᠯ ᠤᠨ ᠲᠦᠷᠦ ᠶᠢᠨ ᠪᠤᠳᠤᠯᠭ᠎ᠠ ᠵᠡᠷᠭᠡ  ᠎ ᠶᠢ ᠲᠤᠭᠤᠷᠢᠨ ᠲᠠᠶᠢᠯᠪᠦᠷᠢᠯᠠᠵᠠᠢ᠃

 
ᠢᠷᠡᠯᠲᠡ᠄ xhqxcbweixin
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号