ᠨᠠᠮ ᠤᠨ ᠠᠷᠪᠠ ᠶᠢᠰᠦᠳᠦᠭᠡᠷ ᠬᠤᠷᠠᠯ ᠤᠨ ᠵᠤᠷᠢᠭ ᠰᠠᠨᠠᠭ᠎ᠠ ᠶᠢ ᠰᠣᠷᠣᠯᠴᠠᠨ ᠣᠬᠠᠭᠤᠯᠤᠨ | ᠲᠤᠤᠱᠯᠠᠭᠤᠯᠬᠤ ᠠᠵᠢᠯᠯᠠᠭ᠎ᠠ ᠶᠢ ᠦᠷᠨᠢᠭᠦᠯᠵᠦ ᠡᠬᠢᠯᠡᠭᠰᠡᠨ ᠠᠴᠠ ᠨᠠᠰᠢ᠂ ᠬᠦᠪᠡᠭᠡᠲᠦ ᠰᠢᠷ᠎ᠠ ᠬᠤᠰᠢᠭᠤ ᠨᠢ | ᠤᠬᠠᠭᠤᠯᠤᠨ ᠲᠠᠶᠢᠯᠪᠤᠷᠢᠯᠠᠬᠤ ᠪᠦᠯᠬᠦᠮ ᠢ ᠵᠤᠬᠢᠶᠠᠨ ᠪᠠᠶᠢᠭᠤᠯᠵᠤ ᠰᠣᠮᠣ ᠪᠠᠯᠭᠠᠰᠣ᠂ ᠭᠠᠴᠠᠭ᠎ᠠ ᠨᠡᠶᠢᠭᠡᠮ ᠲᠤᠭᠤᠷᠢᠭ | ᠢᠶᠠᠷ ᠭᠦᠨᠵᠡᠭᠡᠶᠢᠷᠡᠨ ᠣᠯᠠᠨ ᠲᠦᠮᠡᠨ ᠪᠠ ᠦᠨᠳᠦᠰᠦᠨ ᠱᠠᠲᠤᠨ ᠤ ᠺᠠᠳ᠋ᠷ ᠠᠵᠢᠯᠲᠠᠳ ᠤᠨ ᠲᠤᠮᠳᠠ ᠬᠦᠷᠴᠦ ᠨᠠᠮ | ᠤᠨ ᠠᠷᠪᠠ ᠶᠢᠰᠦᠳᠣᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠦᠷᠭᠡᠨ ᠣᠯᠠᠨ ᠲᠦᠮᠡᠨ ᠳᠤ ᠨᠠᠷᠢᠯᠢᠭ | ᠲᠠᠶᠢᠯᠪᠦᠷᠢᠯᠠᠯᠲᠠ ᠬᠢᠵᠤ᠂ ᠣᠯᠠᠨ ᠲᠦᠮᠡᠨ ᠤ ᠲᠤᠮᠳᠠ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠣᠷᠣᠯᠴᠠᠨ ᠪᠤᠳᠠᠳᠣ | ᠠᠵᠢᠯ ᠤᠨ ᠲᠤᠮᠳᠠ ᠪᠠᠨ ᠨᠠᠶᠢᠳᠠᠪᠤᠷᠢᠵᠢᠭᠤᠯᠤᠨ ᠲᠤᠤᠱᠯᠠᠭᠤᠯᠬᠤ ᠬᠠᠯᠠᠭᠤᠨ ᠦᠷᠨᠢᠯᠲᠡ ᠶᠢ ᠪᠤᠢ ᠪᠤᠯᠭᠠᠵᠤ ᠪᠠᠶᠢᠨ᠎ᠠ | ᠃ 11 ᠰᠠᠷ᠎ᠠ ᠶᠢᠨ24 ᠤ ᠡᠳᠦᠷ᠂ ᠬᠦᠪᠡᠭᠡᠲᠦ ᠰᠢᠷ᠎ᠠ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ | ᠪᠠᠶᠢᠭᠤᠯᠣᠭᠰᠠᠨ ᠣᠬᠠᠭᠤᠯᠤᠨ ᠲᠠᠶᠢᠯᠪᠤᠷᠢᠯᠠᠬᠤ ᠪᠦᠯᠬᠦᠮ ᠨᠢ ᠲᠤᠰ ᠬᠤᠰᠢᠭᠤᠨ ᠤ ᠣᠩᠭᠤᠨ ᠠᠭᠤᠯᠠ ᠰᠣᠮᠣᠨ ᠳᠤ | ᠬᠦᠷᠴᠦ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠭᠤᠤᠯ ᠠᠭᠤᠯᠭ᠎ᠠ ᠶᠢᠨ ᠲᠠᠶᠢᠯᠤᠮᠵᠢ ᠶᠢ | ᠺᠠᠳ᠋ᠷ ᠠᠵᠢᠯᠳᠠᠳ ᠤᠨ ᠲᠤᠮᠳᠠ ᠬᠦᠷᠭᠡᠵᠦ ᠦᠭᠭᠦᠭᠰᠡᠨ ᠪᠠᠶᠢᠨ᠎ᠠ᠃ | ᠰᠣᠷᠣᠯᠴᠠᠬᠤ ᠠᠵᠢᠯᠯᠠᠭᠠᠨ ᠤ ᠶᠠᠪᠤᠴᠠ ᠳᠤ ᠬᠦᠪᠡᠭᠡᠲᠦ ᠰᠢᠷ᠎ᠠ ᠬᠤᠰᠢᠭᠤᠨ ᠤ ᠨᠠᠮ ᠤᠨ ᠰᠣᠷᠭᠠᠭᠤᠯᠢ | ᠶᠢᠨ ᠲᠤᠰᠬᠠᠢ ᠤᠬᠠᠭᠤᠯᠤᠨ ᠲᠠᠶᠢᠯᠪᠦᠷᠢᠯᠠᠭᠴᠢ ᠶᠢᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠴᠢ | ᠬᠤᠯᠪᠤᠭᠳᠠᠯ᠂ ᠶᠡᠭᠡ ᠬᠤᠷᠠᠯ ᠤᠨ ᠭᠤᠤᠯ ᠰᠡᠳᠣᠪ᠂ ᠰᠢ ᠶᠢᠨ ᠫᠢᠩ ᠶᠡᠷᠥᠩᠬᠡᠢ ᠱᠦᠵᠢ ᠶᠢᠨ ᠳᠣᠷᠠᠳᠣᠭᠰᠠᠨ ᠰᠢᠨ᠎ᠡ | ᠴᠠᠭ ᠦᠶ᠎ᠡ ᠶᠢᠨ ᠲᠤᠮᠳᠠᠳᠣ ᠣᠯᠣᠰ ᠤᠨ ᠣᠨᠴᠠᠯᠢᠭ ᠪᠦᠬᠦᠢ ᠨᠡᠶᠢᠭᠡᠮ ᠵᠢᠷᠦᠮ ᠤᠨ ᠦᠵᠡᠯ ᠰᠠᠨᠠᠭᠠᠨ ᠤ ᠲᠡᠦᠬᠡᠲᠦ | ᠪᠡᠶᠢᠷᠢ ᠰᠠᠭᠤᠷᠢ ᠬᠢᠭᠡᠳ ᠪᠠᠶᠠᠯᠢᠭ ᠠᠭᠤᠯᠭ᠎ᠠ ᠶᠢᠨ ᠲᠤᠬᠠᠢ᠂ ᠰᠢᠨ᠎ᠡ ᠴᠠᠭ ᠦᠶ᠎ᠡ ᠳᠤ ᠪᠠᠷᠢᠮᠲᠠᠯᠠᠨ ᠬᠦᠭᠵᠢᠭᠦᠯᠬᠦ | ᠲᠤᠮᠳᠠᠳᠣ ᠣᠯᠣᠰ ᠤᠨ ᠣᠨᠴᠠᠯᠢᠭ ᠪᠦᠬᠦᠢ ᠨᠡᠶᠢᠭᠡᠮ ᠵᠢᠷᠦᠮ ᠤᠨ ᠦᠨᠳᠣᠰᠦᠨ ᠠᠷᠭ᠎ᠠ ᠪᠤᠳᠣᠯᠭ᠎ᠠ ᠶᠢᠨ ᠲᠤᠬᠠᠢ᠂ | ᠨᠠᠮ ᠪᠠ ᠲᠦᠷᠦ ᠶᠢᠨ ᠠᠵᠢᠯ ᠦᠢᠯᠡᠰ ᠤᠨ ᠲᠡᠦᠬᠡᠳᠦ ᠴᠢᠨᠠᠷᠲᠠᠢ ᠬᠤᠪᠢᠷᠠᠯᠲᠠ᠂ ᠲᠤᠮᠳᠠᠳᠣ ᠣᠯᠣᠰ ᠤᠨ ᠣᠨᠴᠠᠯᠢᠭ | ᠪᠦᠬᠦᠢ ᠨᠡᠶᠢᠭᠡᠮ ᠵᠢᠷᠦᠮ ᠤᠨ ᠰᠢᠨ᠎ᠡ ᠴᠠᠭ ᠦᠶ᠎ᠡ ᠳᠤ ᠣᠷᠣᠭᠰᠠᠨ ᠪᠠᠶᠠᠯᠢᠭ ᠠᠭᠤᠯᠬᠤᠨ ᠬᠢᠭᠡᠳ ᠠᠴᠢ | ᠬᠤᠯᠪᠤᠭᠳᠠᠯ᠂ ᠮᠠᠨ ᠤ ᠣᠯᠣᠰ ᠤᠨ ᠨᠡᠶᠢᠭᠡᠮ ᠵᠢᠷᠦᠮ ᠤᠨ ᠭᠤᠤᠯ ᠵᠦᠷᠢᠴᠡᠯ ᠤᠨ ᠬᠤᠪᠢᠷᠠᠯᠲᠠ ᠬᠢᠭᠡᠳ ᠨᠦᠯᠦᠭᠡ᠂ | ᠬᠤᠤᠰ ᠵᠠᠭᠤᠨ ᠵᠢᠯ ᠤᠨ ᠲᠡᠮᠡᠴᠡᠬᠦ ᠬᠠᠷᠠᠯᠲᠠ ᠶᠢᠨ ᠪᠠᠶᠢᠷᠢᠯᠠᠭᠤᠯᠤᠯᠲᠠ᠂ ᠨᠡᠶᠢᠭᠡᠮ ᠵᠢᠷᠦᠮ ᠤᠨ ᠠᠵᠢᠯ ᠦᠢᠯᠡᠰ | ᠤᠨ ᠪᠠᠶᠢᠯᠳᠣᠬᠤ ᠪᠤᠳᠣᠯᠭ᠎ᠠ ᠶᠢᠨ ᠪᠠᠶᠢᠷᠢᠯᠠᠭᠤᠯᠤᠯᠲᠠ᠂ ᠪᠦᠬᠦ ᠲᠠᠯ᠎ᠠ ᠪᠠᠷ ᠨᠠᠮ ᠢᠶᠠᠨ ᠴᠢᠩᠭ᠎ᠠ ᠵᠠᠰᠠᠬᠤ ᠶᠢ ᠡᠷᠡᠰ | ᠭᠤᠶᠢᠪᠢᠰᠢ ᠦᠭᠡᠢ ᠲᠦᠯᠬᠢᠨ ᠠᠬᠢᠭᠤᠯᠬᠤ ᠵᠡᠷᠭᠡ10 ᠲᠠᠯ᠎ᠠ ᠶᠢᠨ ᠴᠢᠬᠤᠯᠠ ᠠᠭᠤᠯᠭ᠎ᠠ ᠶᠢᠨ ᠲᠤᠭᠤᠷᠢᠨ ᠳᠤ | ᠬᠢᠭᠰᠡᠨ ᠵᠠᠳᠠᠯᠣᠨ ᠲᠠᠶᠢᠯᠪᠦᠷᠢᠯᠠᠯᠲᠠ ᠨᠢ ᠰᠣᠮᠣ ᠱᠠᠲᠤ ᠪᠠ ᠬᠦᠷᠦᠯᠴᠡᠨ ᠢᠷᠡᠭᠰᠡᠨ ᠮᠠᠯᠴᠢᠳ ᠤᠨ ᠲᠤᠮᠳᠠ ᠬᠠᠯᠠᠭᠤᠨ | ᠲᠤᠰᠬᠠᠯᠲᠠ ᠶᠢ ᠡᠭᠦᠰᠬᠡᠵᠦ᠂ ᠣᠯᠠᠨ ᠲᠦᠮᠡᠨ ᠤ ᠪᠠ ᠦᠨᠳᠦᠰᠦᠨ ᠱᠠᠲᠤᠨ ᠤ ᠺᠠᠳ᠋ᠷ ᠠᠵᠢᠯᠲᠠᠳ ᠤᠨ ᠬᠠᠯᠠᠭᠤᠨ | ᠬᠦᠷᠢᠶᠡᠯᠡᠯ ᠢ ᠣᠯᠵᠠᠢ᠃ | ᠲᠠᠶᠢᠯᠪᠦᠷᠢᠯᠠᠨ ᠤᠬᠠᠭᠤᠯᠬᠤ ᠠᠵᠢᠯᠯᠠᠭᠠᠨ ᠠᠴᠠ ᠪᠠᠰᠠ᠂ ᠪᠦᠬᠦ ᠰᠣᠮᠣᠨ ᠤ ᠺᠠᠳ᠋ᠷ ᠠᠵᠢᠯᠳᠠᠳ᠂ | ᠮᠠᠯᠴᠢᠳ ᠢ ᠲᠤᠰ ᠲᠤᠰ ᠤᠨ ᠣᠳᠣᠬᠠᠨ ᠤ ᠪᠣᠳᠠᠳᠣ ᠪᠠᠶᠢᠳᠠᠯ ᠲᠠᠢ ᠪᠠᠨ ᠣᠶᠠᠯᠳᠣᠭᠤᠯᠵᠤ᠂ ᠶᠡᠭᠡ ᠬᠤᠷᠠᠯ ᠤᠨ | ᠵᠤᠷᠢᠭ ᠰᠠᠨᠠᠭ᠎ᠠ ᠶᠢ ᠪᠦᠲᠦᠭᠡᠯᠴᠢ ᠴᠢᠨᠠᠷᠲᠠᠢ ᠪᠠᠷ ᠲᠤᠤᠱᠯᠠᠭᠤᠯᠤᠨ᠂ ᠢᠯᠡᠳᠬᠡᠯ ᠳᠤ ᠲᠤᠷᠠᠳᠣᠭᠰᠠᠨ ᠡᠯ᠎ᠡ ᠵᠦᠢᠯ ᠤᠨ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠤᠰᠣᠭᠠᠷ ᠴᠢᠩᠭ᠎ᠠ ᠨᠠᠶᠢᠳᠠᠪᠤᠷᠢᠵᠢᠭᠤᠯᠵᠤ᠂ ᠪᠤᠳᠠᠳᠣ ᠦᠷ᠎ᠡ ᠪᠦᠳᠦᠮᠵᠢ ᠶᠢ | ᠡᠭᠦᠳᠦᠨ᠂ ᠠᠮᠢᠳᠣᠯᠢᠭ ᠢᠶᠠᠷ ᠦᠢᠯᠡᠳᠦᠯᠭᠡᠵᠢᠭᠦᠯᠬᠦ ᠬᠡᠷᠡᠭᠲᠡᠢ ᠭᠡᠵᠦ ᠣᠷᠢᠶᠠᠯᠠᠭᠰᠠᠨ ᠪᠠᠶᠢᠨ᠎ᠠ᠃ | ᠰᠣᠷᠪᠤᠯᠵᠢᠯᠠᠭᠴᠢ ᠰᠣᠨᠣᠷ |