2016 ᠤᠨ ᠤ ︽ᠪᠦᠮᠪᠦᠷᠴᠡᠭ ᠤᠨ ᠬᠦᠮᠦᠨ ᠲᠦᠷᠦᠯᠬᠢᠳᠡᠨ ᠤᠷᠤᠰᠢᠨ ᠠᠮᠢᠳᠣᠷᠠᠬᠤ ᠪᠠᠶᠢᠭᠠᠯᠢ | ᠤᠷᠴᠢᠨ ᠳᠤ ᠭᠠᠷᠮᠠᠭᠠᠢ ᠬᠤᠪᠢ ᠨᠡᠮᠡᠷᠢ ᠦᠵᠡᠬᠦᠯᠦᠭᠰᠡᠨ ᠱᠠᠩᠨᠠᠯ︾ ᠬᠦᠷᠳᠡᠭᠰᠡᠨ ᠮᠣᠩᠭᠤᠯ ᠦᠨᠳᠦᠰᠦᠲᠡᠨ ᠤ | ᠠᠯᠳᠠᠷᠲᠤ ᠰᠢᠨᠵᠢᠯᠡᠬᠦ ᠤᠬᠠᠭᠠᠨᠲᠠᠨ ᠴᠢᠯᠠᠭᠤ ᠪᠤᠯ ᠪᠡᠭᠡᠵᠢᠩ ᠶᠡᠭᠡ ᠰᠣᠷᠭᠠᠭᠤᠯᠢ ᠶᠢᠨ ᠫᠷᠣᠹᠧᠰᠰᠣᠷ᠂ | ᠳ᠋ᠣᠺᠲ᠋ᠤᠷᠠᠨᠲ ᠤᠨ ᠵᠢᠯᠣᠭᠤᠳᠣᠭᠴᠢ᠂ ᠲᠦᠷᠦ ᠶᠢᠨ ᠶᠠᠪᠤᠳᠠᠯ ᠤᠨ ᠬᠤᠷᠢᠶᠠᠨ ᠤ ᠤᠨᠴᠠ ᠨᠦᠬᠦᠪᠦᠷᠢ ᠶᠢ ᠬᠦᠷᠳᠡᠵᠦ | ᠪᠠᠶᠢᠭ᠎ᠠ ᠲᠤᠰᠬᠠᠢ ᠮᠡᠷᠭᠡᠵᠢᠯᠲᠡᠨ᠂ ᠮᠠᠲ᠋ᠧᠷᠢᠶᠠᠯ ᠤᠨ ᠰᠢᠨᠵᠢᠯᠡᠭᠡᠨ ᠤ ᠲᠤᠰᠬᠠᠢ ᠮᠡᠷᠭᠡᠵᠢᠯᠲᠡᠨ᠂ ᠮᠠᠨ ᠤ | ᠤᠯᠤᠰ ᠤᠨ ᠺᠣᠪᠠᠯᠲ ᠬᠦᠴᠢᠯ ᠤᠨ ᠯᠢᠲ᠋ᠢ᠂ ᠮᠠᠩᠭᠠᠨ ᠬᠦᠴᠢᠯ ᠤᠨ ᠯᠢᠲ᠋ᠢ ᠶᠢᠨ ᠴᠠᠬᠢᠯᠭᠠᠨ ᠵᠠᠢ ᠶᠢᠨ ᠠᠷᠭ᠎ᠠ | ᠲᠦᠢᠯ ᠤᠨ ᠮᠠᠲ᠋ᠧᠷᠢᠶᠠᠯ ᠤᠨ ᠰᠠᠭᠤᠷᠢᠯᠠᠭᠴᠢ ᠮᠦᠨ᠃ | ᠠᠯᠤᠰ ᠲᠠᠯᠠᠢ ᠳᠤ ᠬᠦᠷᠴᠦ ᠤᠶᠤᠨ ᠤᠬᠠᠭᠠᠨ ᠢᠶᠠᠨ ᠴᠡᠨᠡᠭᠯᠡᠭᠰᠡᠨ ᠨᠢ | ᠲᠡᠷᠡ 1957 ᠤᠨ ᠤ 10 ᠰᠠᠷ᠎ᠠ ᠳᠤ ᠦᠪᠦᠷ ᠮᠤᠩᠭᠤᠯ ᠣᠷᠳᠣᠰ ᠬᠤᠲᠠ ᠶᠢᠨ ᠦᠦᠰᠢᠨ | ᠬᠤᠰᠢᠭᠤᠨ ᠳᠤ ᠲᠦᠷᠦᠵᠡᠢ᠃ 1977 ᠤᠨ ᠳᠤ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠬᠢᠮᠢ ᠶᠢᠨ | ᠰᠠᠯᠪᠤᠷᠢ ᠳᠤ ᠰᠢᠯᠭᠠᠭᠤᠯᠤᠨ ᠤᠷᠤᠵᠤ᠂ 1982 ᠤᠨ ᠠᠴᠠ 1986 ᠤᠨ ᠪᠤᠯᠲᠠᠯ᠎ᠠ ᠦᠪᠦᠷ ᠮᠤᠩᠭᠤᠯ ᠤᠨ | ᠶᠡᠭᠡ ᠰᠣᠷᠭᠠᠭᠤᠯᠢ ᠶᠢᠨ ᠬᠢᠮᠢ ᠶᠢᠨ ᠰᠠᠯᠪᠤᠷᠢ ᠳᠤ ᠪᠠᠭᠰᠢᠯᠠᠬᠤ ᠶᠢᠨ ᠵᠡᠷᠭᠡᠪᠡᠷ ᠬᠤᠪᠤᠷ ᠰᠢᠷᠣᠢ ᠶᠢᠨ ᠡᠯᠧᠮᠧᠨ᠋ᠲ ᠢ | ᠵᠠᠳᠠᠯᠬᠤ ᠬᠢᠮᠢ ᠶᠢᠨ ᠰᠣᠳᠣᠯᠭᠠᠨ ᠤ ᠠᠵᠢᠯ ᠳᠤ ᠤᠷᠣᠯᠴᠠᠵᠠᠢ᠃ | 1988 ᠤᠨ ᠳᠤ ᠲᠡᠭᠦᠨ ᠤ ᠬᠤᠪᠤᠷ ᠰᠢᠷᠤᠢ ᠵᠠᠷᠭᠡ ᠬᠢᠮᠢ ᠶᠢᠨ ᠡᠯᠧᠮᠧᠨ᠋ᠲ ᠤᠨ ᠬᠦᠷᠢᠶᠡᠨ ᠳᠠᠬᠢ | ᠰᠤᠳᠤᠯᠭᠠᠨ ᠤ ᠦᠷ ᠡ ᠪᠦᠳᠦᠮᠵᠢ ᠨᠢ ᠡᠷᠳᠡᠮ ᠰᠢᠨᠵᠢᠯᠡᠭᠡᠨ ᠤ ᠬᠢᠨ ᠳᠤ ᠮᠡᠳᠡᠷᠡᠭᠳᠡᠵᠦ᠂ ᠠᠯᠪᠠᠨ ᠤ ᠲᠤᠮᠢᠯᠠᠯᠳᠠ ᠪᠠᠷ | ᠶᠠᠫᠤᠨ ᠳᠤ ᠰᠤᠷᠤᠯᠴᠠᠵᠤ᠂ 1992 ᠤᠨ ᠤ ᠬᠠᠪᠣᠷ ᠲᠤᠤᠺᠢᠣ᠋ ᠶᠡᠭᠡ ᠰᠣᠷᠭᠠᠭᠤᠯᠢ ᠶᠢᠨ ᠪᠠᠶᠢᠭᠠᠯᠢ ᠶᠢᠨ ᠰᠢᠨᠵᠢᠯᠡᠬᠦ | ᠤᠬᠠᠭᠠᠨ ᠤ ᠳ᠋ᠣᠺᠲ᠋ᠣᠷ ᠴᠤᠯᠠ ᠬᠠᠮᠠᠭᠠᠯᠠᠵᠠᠢ᠃ 1992 ᠤᠨ ᠠᠴᠠ 2000 ᠤᠨ ᠪᠣᠯᠲᠠᠯ᠎ᠠ ᠶᠠᠫᠤᠨ ᠤ | ᠤᠯᠤᠰ ᠤᠨ ᠶᠡᠭᠡ ᠰᠣᠷᠭᠠᠭᠤᠯᠢ ᠪᠤᠯᠤᠨ ᠠᠵᠤ ᠠᠬᠤᠶᠢᠯᠠᠯ ᠳᠤ ᠰᠣᠳᠣᠯᠭᠠᠨ ᠤ ᠠᠵᠢᠯ ᠬᠢᠵᠦ᠂ 2000 | ᠤᠨ ᠤ 8 ᠰᠠᠷ᠎ᠠ ᠳᠤ ᠪᠡᠭᠡᠵᠢᠩ ᠶᠡᠭᠡ ᠰᠣᠷᠭᠠᠭᠤᠯᠢ ᠶᠢᠨ ᠹᠢᠽᠢᠺ ᠤᠨ ᠰᠠᠯᠪᠤᠷᠢ ᠳᠤ ᠢᠷᠡᠵᠦ ᠠᠵᠢᠯᠯᠠᠭᠠᠳ | ᠣᠳᠣ ᠳᠤ ᠬᠦᠷᠴᠡᠢ᠃ ᠶᠠᠫᠤᠨ ᠳᠤ ᠰᠤᠷᠤᠯᠴᠠᠨ ᠠᠮᠢᠳᠤᠷᠠᠵᠤ ᠪᠠᠶᠢᠬᠰᠠᠨ ᠡᠨᠡᠬᠦ 13 ᠵᠢᠯ ᠨᠢ ᠴᠢᠯᠠᠭᠤ ᠶᠢᠨ | ᠰᠡᠭᠦᠯᠴᠢ ᠶᠢᠨ ᠰᠤᠳᠤᠯᠭᠠᠨ ᠤ ᠴᠢᠭᠯᠡᠯ ᠪᠡ ᠲᠤᠰᠬᠠᠢ ᠮᠡᠷᠭᠡᠵᠢᠯ ᠤᠨ ᠰᠠᠭᠤᠷᠢ ᠶᠢ ᠲᠠᠯᠪᠢᠬᠰᠠᠨ ᠵᠠᠩᠬᠢᠯᠠᠭ᠎ᠠ ᠶᠢᠨ | ᠴᠠᠭ ᠦᠶ ᠡ ᠪᠤᠯᠤᠬᠰᠡᠨ ᠪᠢᠯᠡ᠃ | 1992 ᠤᠨ ᠳᠤ ᠶᠠᠫᠤᠨ ᠤ ᠰᠦᠸᠧᠨᠢ ᠺᠤᠮᠫᠠᠨᠢ ᠠᠴᠠ ᠯᠢᠲ᠋ᠢ ᠢᠶᠦᠨ ᠤ ᠴᠠᠭᠢᠯᠭᠠᠨ ᠵᠠᠢ ᠶᠢ | ᠦᠢᠯᠡᠳᠪᠦᠷᠢᠯᠡᠨ ᠲᠠᠸᠠᠷᠵᠢᠭᠤᠯᠤᠬᠰᠠᠨ ᠪᠢᠯᠡ᠃ ᠡᠨᠡᠬᠦ ᠡᠨᠧᠷᠬᠢ ᠬᠠᠳᠠᠭᠠᠯᠠᠬᠤ ᠰᠢᠰᠲᠧᠮ ᠤᠨ ᠦᠭᠡᠷᠡᠴᠢᠯᠡᠯᠳᠡ ᠪᠠ | ᠰᠢᠨ᠎ᠡ ᠡᠬᠦᠳᠦᠯᠳᠡ ᠨᠢ ᠲᠤᠬᠠᠢ ᠶᠢᠨ ᠦᠶ ᠠ ᠶᠢᠨ ᠭᠠᠷ ᠤᠳᠠᠰᠤ ᠵᠢᠴᠢ ᠪᠤᠰᠤᠳ ᠲᠡᠭᠡᠳᠦ ᠰᠢᠨᠵᠢᠯᠡᠭᠦ ᠤᠬᠠᠭᠠᠨ | ᠮᠡᠷᠭᠡᠵᠢᠯ ᠤᠨ ᠪᠦᠳᠦᠭᠡᠭᠳᠡᠭᠦᠨ ᠤ ᠲᠦᠳᠡᠴᠢᠯᠡᠬᠦ ᠬᠠᠨᠳᠤᠰᠢ ᠶᠢ ᠠᠪᠴᠢᠷᠠᠬᠰᠠᠨ᠃ ᠴᠢᠯᠠᠭᠤ ᠶᠢᠨ ᠰᠢᠨ᠎ᠡ | ᠮᠠᠲᠧᠷᠢᠶᠠᠯ ᠤᠨ ᠲᠠᠯ ᠠ ᠪᠠᠷ ᠬᠢ ᠰᠤᠳᠤᠯᠤᠯ ᠤᠨ ᠲᠦᠪᠰᠢᠨ ᠪᠡ ᠡᠭᠦᠳᠦᠯᠳᠡ ᠶᠢᠨ ᠴᠢᠳᠠᠪᠤᠷᠢ ᠨᠢ ᠶᠠᠫᠤᠨ ᠤ | ᠤᠯᠠᠨ ᠺᠤᠮᠫᠠᠨᠢ ᠪᠡ ᠲᠡᠭᠡᠳᠦ ᠰᠤᠷᠭᠠᠭᠤᠯᠢ ᠳᠤ ᠮᠡᠳᠡᠷᠡᠭᠳᠡᠵᠦ᠂ ᠦᠨᠳᠦᠷ ᠴᠠᠯᠢᠩ ᠤᠬᠢ ᠰᠠᠶᠢᠨ ᠨᠦᠭᠦᠴᠡᠯ ᠢᠶᠠᠷ | ᠲᠡᠬᠦᠨ ᠢ ᠦᠯᠡᠳᠡᠭᠡᠬᠦ ᠪᠠᠷ ᠲᠠᠳᠠᠬᠰᠠᠨ ᠪᠠᠶᠢᠨ᠎ᠠ᠃ ᠭᠡᠪᠡᠴᠦ ᠲᠡᠷᠡ ᠡᠬᠡ ᠤᠯᠤᠰ ᠲᠠᠭᠠᠨ ᠬᠠᠷᠢᠵᠤ᠂ ᠡᠬᠡ | ᠤᠯᠤᠰ ᠤᠨ ᠪᠦᠳᠦᠭᠡᠨ ᠪᠠᠶᠢᠭᠤᠯᠤᠯᠳᠠ ᠳᠠᠭᠠᠨ ᠬᠦᠴᠦ ᠪᠠᠨ ᠡᠷᠭᠦᠬᠦ ᠭᠡᠰᠡᠨ ᠵᠤᠷᠢᠯᠳᠠ ᠶᠢ ᠭᠤᠶᠢᠪᠢᠰᠢ ᠦᠭᠡᠢ | ᠪᠠᠷᠢᠮᠳᠠᠯᠠᠵᠤ ᠪᠠᠶᠢᠪᠠ᠃ | ᠤᠯᠤᠰ ᠲᠠᠭᠠᠨ ᠬᠠᠷᠢᠵᠤ ᠢᠷᠡᠬᠦ ᠠᠴᠠ ᠡᠮᠦᠨ᠎ᠡ ᠲᠡᠷᠡ ᠪᠠᠭ᠎ᠠ ᠪᠤᠰᠤ ᠪᠡᠯᠡᠳᠬᠡᠯ ᠠᠵᠢᠯ ᠬᠢᠭᠰᠡᠨ᠃ ᠨᠢᠭᠡ | ᠵᠢᠯ ᠰᠢᠬᠠᠮ ᠴᠠᠭ ᠵᠠᠷᠤᠴᠠᠭᠤᠯᠵᠤ᠂ ᠶᠠᠫᠤᠨ ᠲᠤᠮᠳᠠᠳᠤ ᠬᠤᠶᠠᠷ ᠤᠯᠤᠰ ᠤᠨ ᠬᠤᠭᠤᠷᠤᠨᠳᠤ ᠵᠤᠷᠴᠢᠨ ᠠᠶᠠᠯᠠᠵᠤ᠂ | ᠦᠪᠡᠰᠦᠪᠡᠨ ᠵᠤᠭᠤᠰ ᠭᠠᠷᠭᠠᠵᠤ ᠰᠤᠳᠤᠯᠭᠠᠨ ᠳᠠᠭᠠᠨ ᠬᠡᠷᠡᠭᠰᠡᠭᠦ ᠲᠤᠨᠤᠭ ᠲᠦᠭᠦᠭᠡᠷᠦᠮᠵᠢ ᠶᠢ ᠬᠤᠳᠠᠯᠳᠤᠨ | ᠠᠪᠤᠬᠰᠠᠨ ᠮᠦᠷᠳᠡᠭᠡᠨ ᠰᠤᠳᠤᠯᠬᠤ ᠲᠤᠭᠤᠢᠢᠯᠠᠩ ᠵᠢᠴᠢ ᠬᠤᠪᠢ ᠤᠷᠤᠭᠤᠯᠤᠬᠰᠠᠨ ᠺᠤᠮᠫᠠᠨᠢ ᠶᠢ ᠰᠠᠨᠠᠭᠠᠴᠢᠯᠠᠨ | ᠪᠠᠶᠢᠭᠤᠯᠵᠤ᠂ ᠤᠯᠤᠰ ᠲᠠᠭᠠᠨ ᠬᠠᠷᠢᠵᠤ ᠢᠷᠡᠭᠰᠡᠨ ᠤ ᠲᠠᠷᠠᠭ᠎ᠠ ᠰᠤᠳᠤᠯᠭᠠᠨ ᠤ ᠠᠵᠢᠯᠯᠠᠭ᠎ᠠ ᠪᠠᠨ ᠦᠷᠭᠦᠯᠵᠢᠯᠡᠨ | ᠦᠷᠨᠢᠭᠦᠯᠬᠦ ᠳᠤ ᠬᠦᠢᠴᠡᠳ ᠪᠡᠯᠡᠳᠭᠡᠯ ᠬᠢᠭᠰᠡᠨ ᠪᠠᠶᠢᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠨᠢᠭᠡᠨ ᠴᠠᠭ ᠦᠶ᠎ᠡ ᠶᠢ ᠨᠡᠭᠡᠭᠡᠭᠰᠡᠨ ᠨᠢ | 2001 ᠤᠨ ᠤ ᠡᠬᠢᠨ ᠳᠤ᠂ ᠰᠠᠶ᠋ᠢᠬᠠᠨ ᠤᠯᠤᠰ ᠲᠠᠭᠠᠨ ᠪᠤᠴᠠᠵᠤ ᠢᠷᠡᠭᠰᠡᠨ ᠴᠢᠯᠠᠭᠤ ᠫᠷᠤᠫᠧᠰᠰᠤᠷ | ᠬᠤᠪᠢ ᠶᠢᠨ ᠤᠶᠤᠨ ᠤ ᠦᠮᠴᠢ ᠶᠢᠨ ᠡᠷᠭᠡ ᠲᠠᠢ ᠺᠣᠪᠠᠯᠲ ᠬᠦᠴᠢᠯ ᠤᠨ ᠯᠢᠲ᠋ᠢ ᠶᠢᠨ ᠨᠡᠶᠢᠯᠡᠭ ᠮᠡᠷᠭᠡᠵᠢᠯ ᠤᠨ | ᠰᠢᠪᠳᠤᠯᠤᠯᠲᠠ ᠶᠢ ᠪᠡᠶᠡᠯᠡᠭᠦᠯᠦᠭᠰᠡᠨ ᠮᠦᠷᠳᠡᠭᠡᠨ ᠪᠦᠭᠡᠮ ᠢᠶᠠᠷ ᠦᠢᠯᠡᠳᠪᠦᠷᠢᠯᠡᠬᠦ ᠪᠤᠯᠭᠠᠵᠤ᠂ ᠮᠠᠨ ᠤ ᠤᠯᠤᠰ ᠤᠨ | ᠺᠣᠪᠠᠯᠲ ᠬᠦᠴᠢᠯ ᠤᠨ ᠯᠢᠲ᠋ᠢ ᠶᠢᠨ ᠴᠢᠬᠢᠯᠭᠠᠨ ᠵᠠᠢ ᠶᠢ ᠲᠤᠰᠠᠭᠠᠷ ᠦᠢᠯᠡᠳᠪᠦᠷᠢᠯᠡᠵᠦ ᠲᠡᠶᠢᠯᠬᠦ ᠦᠭᠡᠢ ᠲᠡᠦᠭᠡ ᠶᠢ | ᠡᠴᠦᠰᠯᠡᠬᠦᠯᠵᠦ᠂ ᠴᠠᠬᠢᠯᠭᠠᠨ ᠵᠠᠢ ᠶᠢᠨ ᠦᠪᠡᠷ ᠤᠨ ᠦᠷᠳᠡᠭ ᠢ ᠶᠡᠭᠡᠪᠡᠷ ᠪᠠᠭᠠᠰᠬᠠᠬᠰᠠᠨ ᠪᠠᠶᠢᠨ᠎ᠠ᠃ ᠴᠠᠬᠢᠯᠭᠠᠨ | ᠵᠠᠢ ᠶᠢᠨ ᠵᠠᠩᠬᠢᠯᠠᠭ᠎ᠠ ᠶᠢᠨ ᠮᠠᠲᠧᠷᠢᠶᠠᠯ ᠢ ᠲᠤᠳᠤᠭᠠᠳᠤ ᠳᠠᠭᠠᠨ ᠦᠢᠯᠡᠳᠪᠦᠷᠢᠯᠡᠭᠰᠡᠨ ᠠᠴᠠ ᠪᠤᠯᠵᠤ᠂ ᠤᠬᠤᠷᠬᠠᠨ | ᠬᠡᠳᠦᠨ ᠵᠢᠯ ᠤᠨ ᠲᠤᠷᠰᠢ᠂ ᠲᠤᠮᠳᠠᠳᠤ ᠤᠯᠤᠰ ᠨᠢᠭᠡᠨᠳᠡ ᠲᠡᠯᠡᠬᠡᠢ ᠶᠢᠨ ᠯᠢᠲ᠋ᠢ ᠶᠢᠨ ᠴᠠᠬᠢᠯᠭᠠᠨ ᠵᠠᠢ | ᠦᠢᠯᠡᠳᠪᠦᠷᠢᠯᠡᠬᠦ ᠶᠡᠭᠡ ᠤᠯᠤᠰ ᠪᠤᠯᠵᠤ ᠬᠦᠭᠵᠢᠭᠰᠡᠨ ᠮᠦᠷᠳᠡᠭᠡᠨ ᠴᠠᠬᠢᠯᠭᠠᠨ ᠵᠠᠢ ᠶᠢᠨ ᠭᠠᠷᠭᠠᠯᠳᠠ ᠨᠢ ᠪᠦᠬᠦ | ᠲᠡᠯᠡᠬᠡᠢ ᠶᠢᠨ ᠭᠤᠷᠪᠠᠨ ᠤ ᠨᠢᠭᠡ ᠶᠢ ᠡᠵᠡᠯᠡᠭᠰᠡᠨ ᠪᠠᠶᠢᠨ᠎ᠠ᠃ | ᠺᠣᠪᠠᠯᠲ ᠬᠦᠴᠢᠯ ᠤᠨ ᠯᠢᠲ᠋ᠢ ᠶᠢᠨ ᠨᠡᠶᠢᠯᠡᠭ ᠮᠡᠷᠭᠡᠵᠢᠯ ᠤᠨ ᠰᠢᠪᠳᠤᠯᠤᠯᠲᠠ ᠶᠢ ᠪᠡᠶᠡᠯᠡᠭᠦᠯᠦᠭᠰᠡᠨ ᠤ | ᠲᠠᠷᠠᠭ᠎ᠠ ᠴᠢᠯᠠᠭᠤ ᠫᠷᠤᠫᠧᠰᠰᠤᠷ ᠴᠠᠬᠢᠯᠭᠠᠨ ᠬᠦᠳᠡᠯᠭᠡᠭᠦᠷᠲᠣ ᠮᠠᠰᠢᠨ ᠲᠡᠷᠭᠡᠨ ᠳᠤ ᠬᠡᠷᠡᠭᠯᠡᠬᠦ ᠬᠦᠳᠡᠯᠭᠡᠭᠴᠢ | ᠬᠦᠴᠦᠨ ᠤ ᠴᠠᠬᠢᠯᠭᠠᠨ ᠵᠠᠢ ᠦᠢᠯᠡᠳᠪᠦᠷᠢᠯᠡᠬᠦ ᠠᠵᠢᠯᠯᠠᠭ᠎ᠠ ᠳᠤ ᠠᠩᠬᠠᠷᠤᠯ ᠢᠶᠠᠨ ᠬᠠᠨᠳᠤᠭᠤᠯᠤᠬᠰᠠᠨ ᠪᠠᠶᠢᠯ᠎ᠠ᠃ | ᠲᠤᠮᠳᠠᠳᠤ ᠤᠯᠤᠰ ᠲᠤ ᠺᠣᠪᠠᠯᠲ ᠤᠨ ᠡᠬᠢ ᠪᠠᠶᠠᠯᠢᠭ ᠨᠢ ᠲᠦᠢᠯ ᠤᠨ ᠬᠢᠵᠠᠭᠠᠷ ᠲᠠᠢ ᠪᠠᠶᠢᠵᠤ᠂ | ᠦᠨᠳᠦᠰᠦᠨ ᠳᠡᠭᠡᠨ ᠭᠠᠳᠠᠭᠠᠳᠤ ᠠᠴᠠ ᠤᠷᠤᠭᠤᠯᠬᠤ ᠳᠤ ᠲᠦᠰᠢᠭᠯᠡᠵᠦ ᠪᠠᠶᠢᠬᠰᠠᠠ ᠤᠴᠢᠷ ᠠᠴᠠ ᠺᠣᠪᠠᠯᠲ | ᠬᠦᠴᠢᠯ ᠤᠨ ᠯᠢᠲ᠋ᠢ ᠶᠢᠨ ᠴᠠᠬᠢᠯᠭᠠᠨ ᠵᠠᠢ ᠶᠢᠨ ᠦᠢᠯᠡᠳᠪᠦᠷᠢᠯᠡᠯ ᠤᠨ ᠦᠪᠡᠷ ᠤᠨ ᠦᠷᠳᠡᠭ ᠨᠢ ᠬᠡᠳᠦ ᠦᠨᠳᠦᠷ | ᠮᠦᠷᠳᠡᠭᠡᠨ ᠺᠣᠪᠠᠯᠲ ᠬᠦᠴᠢᠯ ᠤᠨ ᠯᠢᠲ᠋ᠢ ᠶᠢᠨ ᠬᠠᠯᠠᠭᠤᠨ ᠤ ᠲᠤᠬᠳᠠᠯᠴᠠᠭ᠎ᠠ ᠠᠨᠠᠢ ᠪᠠᠶᠢᠵᠤ᠂ ᠵᠦᠪᠬᠡᠨ ᠭᠠᠷ | ᠤᠳᠠᠰᠤ᠂ ᠺᠤᠮᠫᠢᠦ᠋ᠲᠧᠷ ᠵᠡᠷᠭᠡ ᠪᠠᠭ᠎ᠠ ᠬᠡᠯᠪᠡᠷᠢ ᠶᠢᠨ ᠴᠡᠬᠢᠮ ᠪᠦᠳᠦᠭᠡᠭᠳᠡᠭᠦᠨ ᠤ ᠴᠠᠬᠢᠯᠭᠠᠨ ᠵᠠᠢ ᠪᠤᠯᠭᠠᠵᠤ | ᠪᠤᠯᠳᠠᠭ ᠪᠤᠯᠪᠠᠴᠤ ᠴᠠᠬᠢᠯᠭᠠᠨ ᠭᠦᠳᠡᠯᠭᠡᠭᠦᠷᠳᠦ ᠮᠠᠰᠢᠨ ᠲᠡᠷᠭᠡᠨ ᠳᠤ ᠵᠤᠬᠢᠬᠤ ᠦᠭᠡᠢ ᠪᠠᠶᠢᠵᠠᠢ᠃ | 2002 ᠤᠨ ᠳᠤ ᠴᠢᠯᠠᠭᠤ ᠰᠤᠳᠤᠯᠭᠠᠨ ᠤ ᠲᠤᠭᠤᠢᠢᠯᠠᠩ ᠢᠶᠠᠨ ᠲᠠᠭᠠᠭᠤᠯᠵᠤ᠂ ᠮᠠᠩᠭᠠᠨ ᠬᠦᠴᠢᠯ ᠤᠨ | ᠯᠢᠲ᠋ᠢ ᠶᠢᠨ ᠨᠡᠶᠢᠯᠡᠭ ᠮᠡᠷᠭᠡᠵᠢᠯ ᠤᠨ ᠰᠢᠪᠳᠦᠯᠦᠯᠳᠡ ᠪᠠᠨ ᠡᠬᠢᠯᠡᠭᠦᠯᠦᠭᠰᠡᠨ ᠪᠠᠶᠢᠨ᠎ᠠ᠃ ᠡᠴᠦᠰ ᠲᠡᠭᠡᠨ᠂ 2003 | ᠤᠨ ᠳᠤ ᠤᠯᠤᠰ ᠤᠨ ᠲᠤᠳᠤᠭᠠᠳᠤ ᠶᠢᠨ ᠤᠤᠭᠠᠨ ᠮᠠᠩᠭᠠᠨ ᠬᠦᠴᠢᠯ ᠤᠨ ᠯᠢᠲ᠋ᠢ ᠶᠢᠨ ᠦᠢᠯᠡᠳᠪᠦᠷᠢᠯᠡᠯ ᠤᠨ | ᠱᠤᠭᠤᠮ ᠢ ᠪᠠᠶᠢᠭᠤᠯᠵᠤ᠂ ᠶᠡᠭᠡ ᠬᠡᠮᠵᠢᠶᠡᠨ ᠤ ᠲᠤᠬᠳᠠᠪᠤᠷᠢᠳᠤ ᠴᠠᠬᠢᠯᠭᠠᠨ ᠬᠠᠳᠠᠭᠠᠯᠠᠵᠤ ᠲᠡᠶᠢᠯᠬᠦ ᠴᠢᠳᠠᠪᠬᠢ ᠲᠠᠢ | ᠤᠬᠢ ᠰᠠᠶᠢᠨ ᠮᠠᠩᠭᠠᠨ ᠬᠦᠴᠢᠯ ᠤᠨ ᠯᠢᠲ᠋ᠢ ᠶᠢᠨ ᠦᠢᠯᠡᠳᠬᠦᠨ ᠢ ᠵᠠᠬ᠎ᠠ ᠲᠡᠯᠭᠡᠭᠦᠷ ᠲᠤ ᠪᠤᠷᠤᠯᠠᠭᠤᠯᠤᠬᠰᠠᠨ ᠪᠠᠶᠢᠨ᠎ᠠ᠃ | ᠮᠦᠨ ᠲᠤᠰ ᠵᠢᠯ ᠳᠤ᠂ ᠦᠪᠡᠷ ᠤᠨ ᠦᠢᠯᠡᠳᠪᠦᠷᠢᠯᠡᠭᠰᠡᠨ ᠮᠠᠩᠭᠠᠨ ᠬᠦᠴᠢᠯ ᠤᠨ ᠯᠢᠲ᠋ᠢ ᠶᠢᠨ ᠴᠠᠬᠢᠯᠭᠠᠨ ᠵᠠᠢ ᠶᠢᠨ | ᠠᠷᠭ᠎ᠠ ᠲᠦᠢᠯ ᠤᠨ ᠮᠠᠲ᠋ᠧᠷᠢᠶᠠᠯ ᠢᠶᠠᠨ ᠠᠰᠢᠬᠯᠠᠵᠤ᠂ ᠤᠯᠤᠰ ᠤᠨ ᠲᠤᠳᠤᠭᠠᠳᠤ ᠳᠤ ᠡᠩ ᠲᠡᠷᠢᠬᠦᠨ ᠳᠤ ᠶᠡᠭᠡ | ᠪᠠᠭᠳᠠᠭᠠᠮᠵᠢ ᠲᠠᠢ ᠬᠦᠳᠡᠯᠭᠡᠭᠦᠷ ᠴᠠᠬᠢᠯᠭᠠᠨ ᠵᠠᠢ ᠶᠢ ᠡᠭᠦᠳᠦᠨ ᠪᠦᠳᠦᠭᠡᠵᠦ᠂ ᠮᠠᠨ ᠤ ᠤᠯᠤᠰ ᠤᠨ ᠴᠠᠬᠢᠯᠭᠠᠨ | ᠬᠦᠳᠡᠯᠭᠡᠭᠦᠷᠲᠣ ᠮᠠᠰᠢᠨ ᠲᠡᠷᠭᠡᠨ ᠤ ᠬᠦᠭᠵᠢᠯᠳᠡ ᠶᠢ ᠤᠷᠳᠤ ᠬᠤᠭᠤᠴᠠᠭ᠎ᠠ ᠪᠠᠷ ᠬᠢᠵᠠᠭᠠᠷᠯᠠᠵᠤ ᠪᠠᠶᠢᠬᠰᠠᠨ | ᠡᠨᠧᠷᠬᠢ ᠬᠠᠳᠠᠭᠠᠯᠠᠬᠤ ᠯᠢᠲ᠋ᠢ ᠶᠢᠨ ᠴᠠᠬᠢᠯᠭᠠᠨ ᠵᠠᠢ ᠶᠢᠨ ᠮᠡᠷᠭᠡᠵᠢᠯ ᠤᠨ ᠴᠢᠬᠤᠯᠠ ᠰᠢᠪᠳᠤᠯᠤᠯᠳᠠ ᠶᠢ | ᠪᠡᠶᠡᠯᠡᠬᠦᠯᠵᠡᠢ᠃ ᠡᠬᠦᠪᠡᠷ ᠪᠦᠬᠦ ᠲᠡᠯᠡᠬᠡᠢ ᠶᠢᠨ ︽ᠡᠨᠧᠷᠬᠢ ᠠᠷᠪᠢᠯᠠᠵᠤ ᠪᠤᠬᠢᠷᠳᠤᠯ ᠭᠠᠳᠠᠬᠰᠢᠯᠠᠭᠤᠯᠬᠤ ᠶᠢ | ᠪᠠᠭᠠᠰᠬᠠᠬᠤ︾ ᠬᠠᠨᠳᠤᠰᠢ ᠳᠤ ᠨᠡᠶᠢᠴᠡᠭᠰᠡᠨ ᠰᠢᠨ᠎ᠡ ᠮᠠᠶ᠋ᠢᠭ ᠤᠨ ᠴᠠᠬᠢᠯᠭᠠᠨ ᠬᠦᠳᠡᠯᠭᠡᠭᠦᠷᠲᠣ ᠮᠠᠰᠢᠨ ᠲᠡᠷᠭᠡᠨ ᠤ | ᠬᠦᠭᠵᠢᠯᠳᠡ ᠶᠢ ᠠᠬᠢᠭᠤᠯᠤᠬᠰᠠᠨ ᠪᠠᠶᠢᠨ᠎ᠠ᠃ | ᠮᠠᠯᠴᠢᠨ ᠠᠶᠢᠯ ᠢ ᠬᠡᠷᠡᠯᠳᠦᠭᠦᠯᠦᠭᠰᠡᠨ ︽ᠪᠢᠴᠢᠯ ᠴᠠᠬᠢᠯᠭᠠᠨ ᠦᠷᠳᠡᠭᠡ︾ | ᠲᠠᠯ ᠠ ᠨᠤᠳᠤᠭ ᠡᠬᠡ ᠤᠷᠤᠨ ᠳᠠᠭᠠᠨ ᠭᠦᠨ ᠵᠤᠵᠠᠭᠠᠨ ᠬᠠᠶᠢᠷ ᠠ ᠰᠡᠳᠬᠢᠯᠭᠡ ᠡᠪᠦᠷᠯᠡᠭᠰᠡᠭᠡᠷ | ᠢᠷᠡᠭᠰᠡᠨ ᠴᠢᠯᠠᠭᠤ ᠫᠷᠤᠹᠧᠰᠰᠤᠷ ᠢᠮᠠᠬᠳᠠ ᠲᠠᠯ ᠠ ᠨᠤᠳᠤᠭ ᠤᠨ ᠠᠷᠠᠳ ᠲᠦᠮᠡᠨ ᠤ ᠪᠠᠨ ᠠᠮᠢᠳᠤᠷᠠᠯ ᠳᠤ | ᠠᠩᠬᠠᠷᠤᠯ ᠢᠶᠠᠨ ᠬᠠᠨᠳᠤᠭᠤᠯᠤᠭᠰᠠᠭᠠᠷ ᠢᠷᠡᠭᠰᠡᠨ ᠶᠤᠮ᠃ 2001 ᠤᠨ ᠪᠡ 2004 ᠤᠨ ᠳᠤ᠂ ᠲᠡᠷᠡ | ᠨᠤᠳᠤᠭ ᠤᠨ ᠢᠶᠠᠨ ᠪᠠᠭ᠎ᠠ ᠰᠤᠷᠭᠠᠭᠤᠯᠢ ᠶᠢᠨ ᠰᠤᠷᠤᠯᠭ᠎ᠠ ᠶᠢᠨ ᠤᠷᠴᠢᠨ ᠲᠤᠭᠤᠷᠢᠨ ᠢ ᠰᠠᠶᠢᠵᠢᠷᠠᠭᠤᠯᠬᠤ ᠶᠢᠨ | ᠲᠦᠯᠦᠭᠡ ᠦᠪᠡᠷ ᠤᠨ ᠰᠤᠳᠤᠯᠭᠠᠨ ᠤ ᠱᠠᠩᠨᠠᠯ ᠤᠨ ᠮᠦᠩᠬᠦ ᠪᠠᠨ ᠪᠦᠬᠦᠨ ᠢ ᠨᠢ ᠬᠠᠨᠳᠢᠪᠯᠠᠭᠰᠡᠨ ᠪᠦᠭᠡᠳ | ᠪᠡᠭᠡᠵᠢᠩ ᠳᠠᠬᠢ ᠮᠤᠩᠭᠤᠯᠴᠤᠳ ᠤᠨ ᠨᠤᠳᠤᠭ ᠨᠢᠭᠡᠳᠡᠨ ᠤ ᠨᠡᠶᠢᠭᠡᠮᠯᠢᠭ ᠢ ᠰᠠᠨᠠᠭᠠᠴᠢᠯᠠᠨ ᠪᠠᠶᠢᠭᠤᠯᠵᠤ᠂ ᠮᠤᠳᠤ | ᠲᠠᠷᠢᠬᠤ᠂ ᠰᠤᠷᠤᠯᠭ᠎ᠠ ᠶᠢ ᠲᠡᠳᠬᠦᠬᠦ ᠵᠡᠷᠭᠡ ᠤᠯᠠᠨ ᠠᠵᠢᠯᠯᠠᠭ᠎ᠠ ᠦᠷᠨᠢᠭᠦᠯᠦᠭᠰᠡᠨ ᠪᠠᠶᠢᠨ᠎ᠠ᠃ ᠡᠭᠦᠨ ᠠᠴᠠ | ᠭᠠᠳᠠᠨ᠎ᠠ᠂ ᠲᠡᠷᠡ ᠪᠠᠰᠠ ᠪᠡᠭᠡᠵᠢᠩ ᠤᠨ ᠵᠦᠩ ᠭᠤᠸᠠᠨ ᠼᠦᠨ ᠳᠠᠬᠢ ᠲᠡᠭᠡᠳᠦ ᠰᠢᠨ᠎ᠡ ᠮᠡᠷᠭᠡᠵᠢᠯ ᠤᠨ ᠠᠵᠤ | ᠠᠬᠤᠢᠢᠯᠠᠯ ᠪᠡ ᠴᠢᠳᠡᠪᠤᠷᠢᠳᠡᠨ ᠢ ᠵᠤᠬᠢᠶᠠᠨ ᠪᠠᠶᠢᠭᠤᠯᠵᠤ ᠦᠪᠦᠷ ᠮᠤᠩᠭᠤᠯ ᠤᠷᠤᠨ ᠳᠤ ᠬᠦᠨᠵᠡᠭᠡᠶᠢᠷᠡᠨ | ᠪᠠᠶᠢᠴᠠᠭᠠᠨ ᠰᠤᠳᠤᠯᠤᠯᠳᠠ ᠬᠢᠯᠭᠡᠵᠦ᠂ ᠮᠠᠨ ᠤ ᠤᠷᠤᠨ ᠤ ᠴᠢᠳᠡᠪᠦᠷᠢᠳᠡᠨ ᠢ ᠬᠦᠮᠦᠵᠢᠬᠦᠯᠬᠦ ᠪᠡ ᠮᠡᠷᠭᠡᠵᠢᠯ ᠤᠨ | ᠲᠠᠪᠰᠢᠯᠳᠡ ᠶᠢ ᠠᠬᠢᠭᠤᠯᠤᠬᠰᠠᠨ ᠪᠠᠶᠢᠨ᠎ᠠ᠃ | ᠤᠳᠤᠬᠠᠨ ᠪᠤᠯᠳᠠᠯ ᠠ ᠮᠡᠨ ᠤ ᠤᠯᠤᠰ ᠤᠨ ᠬᠢᠯᠢ ᠬᠢᠵᠠᠭᠠᠷ ᠤᠷᠤᠨ ᠳᠤ ᠴᠠᠬᠢᠯᠭᠠᠨ ᠨᠡᠪᠳᠡᠷᠡᠬᠡᠳᠦᠢ ᠪᠤᠶᠤ | ᠴᠠᠬᠢᠯᠭᠠᠨ ᠤ ᠬᠠᠩᠭᠠᠯᠳᠠ ᠬᠦᠢᠴᠡᠳ ᠦᠭᠡᠢ ᠪᠠᠶᠢᠵᠤ᠂ ᠭᠠᠵᠠᠷ ᠤᠷᠤᠨ ᠤ ᠬᠦᠭᠵᠢᠯᠳᠡ ᠪᠡ ᠠᠷᠠᠳ ᠤᠨ | ᠠᠮᠢᠳᠤᠷᠠᠯ ᠤᠨ ᠬᠢᠷᠢ ᠲᠦᠪᠰᠢᠨ ᠤ ᠲᠡᠭᠡᠭᠰᠢᠯᠡᠯᠳᠡ ᠶᠢ ᠬᠢᠵᠠᠭᠠᠷᠯᠠᠵᠤ ᠪᠤᠢ᠃ ᠭᠡᠷᠪᠡ ᠡᠳᠡᠭᠡᠷ ᠭᠠᠵᠠᠷ ᠤᠷᠤᠨ ᠳᠤ | ᠴᠠᠬᠢᠯᠭᠠᠨ ᠲᠤᠤᠷ ᠲᠠᠳᠠᠬᠤ ᠳᠤ ᠬᠦᠷᠪᠡᠯ ᠤᠯᠠᠨ ᠮᠡᠷᠭᠡᠵᠢᠯ ᠤᠨ ᠲᠠᠯ ᠠ ᠶᠢᠨ ᠬᠦᠴᠢᠷᠳᠡᠯ ᠲᠠᠢ ᠮᠦᠷᠳᠡᠭᠡᠨ | ᠦᠪᠡᠷ ᠤᠨ ᠦᠷᠳᠡᠭ ᠨᠢ ᠭᠡᠳᠦ ᠦᠨᠳᠦᠷ ᠪᠠᠶᠢᠳᠠᠭ᠂ ᠨᠢᠭᠡ ᠺᠢᠯᠤᠮᠧᠳ᠋ᠷ ᠤᠨ ᠴᠠᠬᠢᠯᠭᠠᠨ ᠲᠤᠤᠷ ᠲᠠᠳᠠᠬᠤ ᠳᠤ ᠪᠠᠷᠤᠭ | ᠠᠷᠪᠠᠨ ᠲᠦᠮᠠᠨ ᠲᠦᠭᠦᠷᠢᠭ ᠰᠢᠬᠠᠮ ᠪᠡᠯᠡ ᠤᠷᠤᠭᠤᠯᠬᠤ ᠭᠡᠷᠡᠭᠳᠡᠢ᠃ ᠡᠶᠢᠮᠦ ᠠᠴᠠ ᠡᠳᠡᠭᠡᠷ ᠭᠠᠵᠠᠷ ᠤᠷᠤᠨ ᠤ | ᠴᠠᠬᠢᠯᠭᠠᠨ ᠤ ᠬᠠᠩᠭᠠᠯᠳᠠ ᠶᠢᠨ ᠪᠠᠶᠢᠳᠠᠯ ᠢ ᠬᠡᠷᠬᠢᠨ ᠰᠠᠶᠢᠵᠢᠷᠠᠭᠤᠯᠬᠤ ᠨᠢ ᠲᠤᠯᠭᠠᠮ᠎ᠠ ᠴᠢᠬᠤᠯᠠ ᠠᠰᠠᠭᠤᠳᠠᠯ | ᠪᠤᠯᠤᠬᠰᠠᠨ ᠪᠠᠶᠢᠨ᠎ᠠ᠃ | 2011 ᠤᠨ ᠠᠴᠠ ᠨᠠᠰᠢ᠂ ᠴᠢᠯᠠᠭᠤ ᠫᠷᠤᠹᠧᠰᠰᠤᠷ ᠰᠢᠨ᠎ᠡ ᠠᠷᠭ᠎ᠠ ᠵᠠᠮ ᠰᠦᠪᠡᠭᠴᠢᠯᠡᠵᠦ᠂ | ᠮᠠᠯᠴᠢᠨ ᠠᠷᠠᠳ ᠤᠨ ᠠᠮᠢᠳᠤᠷᠠᠯ ᠳᠤ ᠭᠡᠷᠡᠯ ᠪᠡ ᠢᠯᠴᠢ ᠬᠦᠷᠭᠡᠬᠦ ᠪᠠᠷ ᠵᠤᠷᠢᠵᠤ᠂ ︽ᠪᠢᠴᠢᠯ ᠴᠠᠬᠢᠯᠭᠠᠨ ᠦᠷᠳᠡᠭᠡ︾ | ᠬᠡᠬᠦ ᠤᠶᠤᠨᠴᠢ ᠰᠢᠰᠲᠧᠮ ᠤᠨ ᠪᠦᠳᠦᠭᠡᠨ ᠪᠠᠶᠢᠭᠤᠯᠤᠯᠳᠠ ᠳᠤ ᠤᠶᠤᠨ ᠴᠢᠳᠠᠯ ᠢᠶᠠᠨ ᠰᠢᠪᠬᠠᠬᠰᠠᠨ ᠪᠠᠶᠢᠨ᠎ᠠ᠃ | | ᠴᠢᠯᠠᠭᠤ ᠫᠷᠤᠹᠧᠰᠰᠤᠷ ᠪᠡ ᠲᠡᠭᠦᠨ ᠤ ᠰᠤᠳᠤᠯᠭᠠᠨ ᠤ ᠲᠤᠭᠤᠢᠢᠯᠠᠩ ᠨᠢ ᠬᠤᠶᠠᠷ ᠵᠢᠯ ᠰᠢᠬᠠᠮ ᠤᠨ | ᠲᠦᠯᠦᠪᠯᠡᠯᠭᠡ ᠪᠡ ᠲᠤᠷᠰᠢᠯᠳᠠ ᠪᠠᠷ ᠲᠠᠮᠵᠢᠨ᠂ ᠡᠴᠦᠰ ᠲᠡᠭᠡᠨ 2013 ᠤᠨ ᠳᠤ ᠠᠩᠬᠠᠨ ᠤ ᠨᠢᠭᠡ ᠪᠦᠯᠦᠭ | ᠪᠢᠴᠢᠯ ᠴᠠᠬᠢᠯᠭᠠᠨ ᠦᠷᠳᠡᠭᠡ ᠶᠢ ᠪᠠᠶᠢᠭᠤᠯᠵᠤ ᠠᠰᠢᠬᠯᠠᠯᠳᠠ ᠳᠤ ᠤᠷᠤᠭᠤᠯᠤᠭᠰᠠᠨ ᠪᠠᠶᠢᠨ᠎ᠠ᠃ ᠪᠢᠴᠢᠯ | ᠴᠠᠬᠢᠯᠭᠠᠨ ᠦᠷᠳᠡᠭᠡ ᠨᠢ ᠴᠢᠯᠠᠭᠤ ᠫᠷᠤᠹᠧᠰᠰᠤᠷ ᠤᠨ ︽ᠠᠷᠢᠭᠤᠨ ᠴᠡᠪᠡᠷ᠂ ᠲᠦᠬᠦᠮ ᠲᠦᠳᠡ᠂ ᠦᠨᠳᠦᠷ | ᠠᠰᠢᠬᠯᠠᠮᠵᠢᠳᠠᠢ᠂ ᠤᠶᠤᠨᠴᠢ ᠴᠢᠳᠠᠪᠬᠢ ᠲᠠᠢ︾ ᠵᠡᠷᠭᠡ ᠰᠢᠨ᠎ᠡ ᠶᠢ ᠡᠭᠦᠳᠬᠦ ᠰᠡᠳᠬᠢᠴᠡ ᠶᠢ ᠢᠯᠡᠷᠡᠬᠦᠯᠵᠦ᠂ | ᠲᠤᠬᠠᠢ ᠶᠢᠨ ᠭᠠᠵᠠᠷ ᠤᠨ ᠪᠠᠶᠢᠭᠠᠯᠢ ᠶᠢᠨ ᠡᠨᠧᠷᠬᠢ ᠵᠢᠱᠢᠶᠡᠯᠡᠪᠡᠯ᠂ ᠨᠠᠷᠠᠨ ᠤ ᠡᠨᠧᠷᠬᠢ᠂ ᠰᠠᠯᠬᠢᠨ ᠡᠨᠧᠷᠬᠢ ᠵᠡᠷᠭᠡ | ᠴᠡᠪᠡᠷ ᠡᠨᠧᠷᠬᠢ ᠶᠢ ᠬᠠᠳᠠᠭᠠᠯᠠᠨ ᠠᠰᠢᠬᠯᠠᠵᠤ᠂ ᠠᠳᠠᠯᠢ ᠪᠤᠰᠤ ᠬᠡᠷᠡᠭᠯᠡᠭᠴᠢᠳ ᠤᠨ ᠴᠠᠬᠢᠯᠭᠠᠨ ᠬᠡᠷᠡᠭᠯᠡᠬᠦ | ᠱᠠᠭᠠᠷᠳᠠᠯᠭ᠎ᠠ ᠶᠢ ᠬᠠᠩᠭᠠᠬᠰᠠᠨ ᠪᠠᠶᠢᠨ᠎ᠠ᠃ ᠨᠢᠭᠡ ᠺᠢᠯᠦᠸᠤᠯᠲ ᠤᠨ ᠪᠢᠴᠢᠯ ᠴᠠᠬᠢᠯᠭᠠᠨ ᠦᠷᠳᠡᠭᠡ ᠨᠢ | ᠦᠨᠳᠦᠰᠦᠨ ᠳᠡᠭᠡᠨ ᠨᠢᠭᠡ ᠮᠠᠯᠴᠢᠨ ᠠᠶᠢᠯ ᠤᠨ ᠭᠡᠷᠡᠯᠳᠦᠭᠦᠯᠭᠡ᠂ ᠲᠧᠯᠸᠢᠰ ᠦᠵᠡᠬᠦ ᠵᠡᠷᠭᠡ ᠡᠳᠦᠷ ᠲᠤᠳᠤᠮ ᠤᠨ | ᠬᠡᠷᠡᠭᠴᠡᠭᠡ ᠶᠢ ᠬᠠᠩᠭᠠᠵᠤ ᠲᠡᠶᠢᠯᠵᠦ᠂ ᠲᠠᠪᠤᠨ ᠺᠢᠯᠦᠸᠤᠯᠲ ᠤᠨ ᠪᠢᠴᠢᠯ ᠴᠠᠬᠢᠯᠭᠠᠨ ᠦᠷᠳᠡᠭᠡ ᠨᠢ ᠨᠢᠭᠡ | ᠡᠷᠦᠭᠡ ᠶᠢᠨ ᠪᠤᠷᠳᠤᠭ᠎ᠠ ᠬᠡᠮᠬᠡᠯᠡᠬᠦ ᠮᠠᠰᠢᠨ᠂ ᠤᠰᠤ ᠲᠠᠳᠠᠬᠤ ᠮᠠᠰᠢᠨ ᠵᠡᠷᠭᠡ ᠦᠢᠯᠡᠳᠪᠦᠷᠢᠯᠡᠯ ᠤᠨ ᠭᠡᠷᠡᠭᠰᠡᠯ ᠳᠤ | ᠴᠠᠬᠢᠯᠭᠠᠨ ᠬᠠᠩᠭᠠᠵᠤ ᠲᠡᠶᠢᠯᠳᠡᠭ᠃ ᠡᠳᠡᠭᠡᠷ ᠪᠢᠴᠢᠯ ᠴᠠᠬᠢᠯᠭᠠᠨ ᠤ ᠦᠷᠳᠡᠭᠡ ᠨᠢ ᠪᠠᠶᠢᠭᠠᠯᠢ ᠶᠢᠨ ᠡᠨᠧᠷᠬᠢ ᠶᠢ | ᠠᠰᠢᠬᠯᠠᠵᠤ ᠮᠠᠯᠴᠢᠳ ᠤᠨ ᠠᠮᠢᠳᠤᠷᠠᠯ ᠪᠡ ᠦᠢᠯᠡᠳᠪᠦᠷᠢᠯᠡᠯ ᠳᠠᠬᠢ ᠴᠠᠬᠢᠯᠭᠠᠨ ᠤ ᠬᠡᠷᠡᠭᠴᠡᠭᠡ ᠶᠢ | ᠦᠨᠳᠦᠰᠦᠨ ᠳᠡᠭᠡᠨ ᠬᠠᠩᠭᠠᠵᠤ᠂ ᠴᠠᠬᠢᠯᠭᠠᠨ ᠲᠤᠳᠠᠬᠳᠠᠬᠤ ᠪᠠᠶᠢᠳᠠᠯ ᠢ ᠵᠤᠬᠢᠬᠤ ᠭᠡᠮᠵᠢᠶᠠᠨ ᠳᠤ ᠰᠠᠶᠢᠵᠢᠷᠠᠭᠤᠯᠤᠬᠰᠠᠨ | ᠮᠦᠷᠳᠡᠭᠡᠨ ᠤᠷᠴᠢᠨ ᠲᠤᠭᠤᠷᠢᠨ ᠳᠤ ᠪᠤᠬᠢᠷᠳᠦᠯ ᠦᠭᠡᠢ ᠰᠢᠨ᠎ᠡ ᠡᠨᠧᠷᠬᠢ ᠶᠢᠨ ᠦᠢᠯᠡᠳᠭᠦᠨ ᠤ ᠪᠤᠳᠠᠳᠤ ᠵᠢᠱᠢᠶ | ᠡ ᠪᠤᠯᠵᠠᠢ᠃ ᠴᠢᠯᠠᠭᠤ ᠫᠷᠤᠹᠧᠰᠰᠤᠷ᠄ ︽ᠪᠢᠳᠠ ᠤᠳᠤᠬᠠᠨ ᠳᠤ ᠨᠢᠭᠡ ᠠᠶᠢᠯ ᠨᠢᠭᠡ ᠡᠷᠦᠭᠡ ᠶᠢᠨ ᠴᠠᠬᠢᠯᠭᠠᠨ ᠤ | ᠬᠡᠷᠡᠭᠴᠡᠭᠡ ᠶᠢ ᠬᠠᠩᠭᠠᠵᠤ ᠴᠢᠳᠠᠬᠰᠠᠨ᠂ ᠲᠠᠷᠠᠭᠠᠴᠢ ᠪᠠᠷ ᠪᠦᠬᠦ ᠲᠡᠯᠡᠬᠡᠢ ᠶᠢᠨ ᠴᠠᠬᠢᠯᠭᠠᠨ ᠡᠨᠧᠷᠬᠢ | ᠬᠠᠳᠠᠭᠠᠯᠠᠬᠳᠠᠬᠤ ᠠᠰᠠᠭᠤᠳᠠᠯ ᠳᠤ ᠴᠢᠭᠯᠡᠬᠦᠯᠵᠤ ᠰᠤᠳᠤᠯᠭᠠᠨ ᠢᠶᠠᠨ ᠦᠷᠭᠦᠯᠵᠢᠯᠡᠭᠦᠯᠦᠨ᠎ᠡ᠂ ᠡᠭᠦᠨ ᠤ ᠤᠯᠠᠮ ᠠᠴᠠ | ᠪᠦᠬᠦ ᠲᠡᠯᠡᠬᠡᠢ ᠶᠢᠨ ᠡᠨᠧᠷᠬᠢ ᠶᠢᠨ ᠠᠰᠠᠭᠤᠳᠠᠯ᠂ ᠤᠷᠴᠢᠨ ᠲᠤᠭᠤᠷᠢᠨ ᠤ ᠠᠰᠠᠭᠤᠳᠠᠯ᠂ ᠡᠬᠢ ᠪᠡᠶᠠᠯᠢᠭ ᠤᠨ | ᠠᠰᠠᠭᠤᠳᠠᠯ ᠢ ᠰᠢᠢᠳᠪᠦᠷᠢᠯᠡᠬᠦ ᠪᠠᠷ ᠴᠢᠷᠮᠠᠶᠢᠵᠤ ᠪᠠᠶᠢᠨ᠎ᠠ︾ ᠬᠡᠵᠦ ᠬᠤᠶᠢᠰᠢᠳᠠ ᠶᠢᠨ ᠲᠦᠰᠦᠪ ᠲᠦᠯᠦᠪᠯᠡᠭᠡ ᠪᠠᠨ | ᠶᠠᠷᠢᠵᠤ ᠪᠠᠶᠢᠯ᠎ᠠ᠃ | ᠰᠢᠷᠭᠠᠭᠤ ᠬᠠᠳᠠᠭᠤᠵᠢᠯᠳᠠᠢ ᠡᠭᠦᠳᠦᠨ ᠪᠦᠳᠦᠭᠡᠯᠳᠡ ᠶᠢᠨ ᠵᠠᠮ | ᠴᠢᠯᠠᠭᠤ ᠫᠷᠤᠹᠧᠰᠰᠤᠷ ᠬᠢᠭᠡᠳ ᠲᠡᠭᠦᠨ ᠤ ᠰᠤᠳᠤᠯᠭᠠᠨ ᠤ ᠲᠤᠭᠤᠢᠢᠯᠠᠩ 2008 ᠣᠨ ᠤ ᠪᠡᠭᠡᠵᠢᠩ ᠤᠨ | ᠣᠯᠢᠮᠫᠢᠺ ᠤᠨ ᠲᠠᠮᠢᠷ ᠤᠨ ᠴᠤᠭᠯᠠᠭᠠᠨ᠂ 2010 ᠤᠨ ᠤ ᠱᠠᠩᠬᠠᠢ ᠶᠢᠨ ᠳᠡᠯᠡᠬᠡᠢ ᠶᠢᠨ ᠦᠵᠡᠰᠭᠦᠯᠡᠩ ᠤᠨ | ᠴᠠᠬᠢᠯᠭᠠᠨ ᠬᠦᠳᠡᠯᠭᠡᠭᠦᠷᠲᠣ ᠮᠠᠰᠢᠨ ᠲᠡᠷᠭᠡᠨ ᠳᠤ ᠬᠡᠷᠡᠭᠯᠡᠬᠦ ᠬᠦᠳᠡᠯᠭᠡᠭᠴᠢ ᠬᠦᠴᠦᠨ ᠤ ᠴᠠᠬᠢᠯᠭᠠᠨ ᠵᠠᠢ ᠶᠢᠨ | ᠲᠦᠰᠦᠯ ᠢ ᠬᠠᠷᠢᠭᠤᠴᠠᠨ ᠭᠦᠢᠴᠡᠳᠭᠡᠵᠠᠢ᠃ ᠲᠡᠷᠨ ᠪᠠᠰᠠ ᠤᠯᠤᠰ ᠤᠨ ︽ᠠᠷᠪᠠᠨ ᠨᠢᠭᠡᠳᠦᠭᠡᠷ ᠲᠠᠪᠣᠨ ᠵᠢᠯ ᠤᠨ | ᠲᠦᠯᠦᠪᠵᠢᠬᠦᠯᠭᠡ︾ ᠶᠢᠨ 863 ᠴᠠᠬᠢᠯᠭᠠᠨ ᠬᠦᠳᠡᠯᠭᠡᠭᠦᠷᠲᠣ ᠮᠠᠰᠢᠨ ᠲᠡᠷᠭᠡᠨ ᠤ ᠬᠦᠳᠡᠯᠭᠡᠭᠴᠢ ᠬᠦᠴᠦᠨ ᠤ | ᠯᠢᠲ᠋ᠢ ᠶᠢᠨ ᠴᠠᠬᠢᠯᠭᠠᠨ ᠵᠠᠢ ᠶᠢᠨ ᠲᠦᠰᠦᠯ ᠢ ᠬᠠᠷᠢᠭᠤᠴᠠᠭᠰᠠᠨ ᠪᠦᠭᠡᠳ ᠰᠤᠳᠤᠯᠭᠠᠨ ᠤ ᠦᠷ ᠡ ᠪᠦᠳᠦᠮᠵᠢ ᠨᠢ | ᠤᠯᠤᠰ ᠤᠷᠤᠨ ᠲᠡᠯᠡᠬᠡᠢ ᠨᠡᠶᠢᠳᠡ ᠶᠢᠨ ᠦᠨᠳᠦᠷ ᠦᠨᠡᠯᠡᠯᠳᠡ ᠶᠢ ᠤᠯᠤᠬᠰᠠᠭᠠᠷ ᠢᠷᠡᠵᠡᠢ᠃ | 2016 ᠤᠨ ᠤ 10 ᠰᠠᠷ᠎ᠠ ᠶᠢᠨ 18 ᠤ ᠤᠷᠤᠢ᠂ ᠡᠺᠦ᠋ᠸᠠᠳᠣᠷ ᠤᠯᠤᠰ ᠤᠨ ᠨᠡᠶᠢᠰᠯᠡᠯ ᠺᠢᠲ᠋ᠣ᠋ | ᠬᠤᠲᠠ ᠳᠤ ᠶᠠᠪᠤᠭᠳᠠᠭᠰᠠᠨ ︽ᠦᠷᠬᠦᠯᠵᠢᠯᠡᠨ ᠬᠦᠭᠵᠢᠬᠦ ᠬᠤᠲᠠ ᠨᠤᠭᠤᠳ ᠬᠢᠭᠡᠳ ᠬᠦᠮᠦᠨ ᠲᠦᠷᠦᠯᠬᠢᠳᠡᠨ | ᠤᠷᠤᠰᠢᠨ ᠠᠮᠢᠳᠣᠷᠠᠬᠤ ᠪᠠᠶᠢᠭᠠᠯᠢ ᠣᠷᠴᠢᠨ ᠤ ᠱᠠᠩᠨᠠᠯ︾ ᠭᠠᠷᠳᠠᠭᠤᠯᠬᠤ ᠶᠤᠰᠤᠯᠠᠯ ᠲᠡᠭᠡᠷ ᠡ᠂ ᠴᠢᠯᠠᠭᠤ | ᠫᠷᠤᠹᠧᠰᠰᠤᠷ ᠯᠢᠲ᠋ᠢ ᠶᠢᠨ ᠴᠠᠬᠢᠯᠭᠠᠨ ᠵᠠᠢ ᠶᠢᠨ ᠰᠤᠳᠤᠯᠤᠯ ᠢᠶᠠᠷ ᠢᠶᠠᠨ ᠪᠤᠬᠢᠷᠳᠤᠯ ᠦᠭᠡᠢ ᠰᠢᠨ᠎ᠡ | ᠡᠨᠧᠷᠬᠢ ᠶᠢᠨ ᠭᠦᠷᠢᠶᠡᠨ ᠳᠤ ᠦᠵᠡᠭᠦᠯᠦᠭᠰᠡᠨ ᠬᠤᠪᠢ ᠨᠡᠮᠡᠷᠢ ᠪᠠᠷ ᠢᠶᠠᠨ ︽ᠪᠦᠮᠪᠦᠷᠴᠡᠭ ᠤᠨ ᠬᠦᠮᠦᠨ | ᠲᠦᠷᠦᠯᠬᠢᠳᠡᠨ ᠤᠷᠤᠰᠢᠨ ᠠᠮᠢᠳᠣᠷᠠᠬᠤ ᠪᠠᠶᠢᠭᠠᠯᠢ ᠤᠷᠴᠢᠨ ᠳᠤ ᠭᠠᠷᠮᠠᠭᠠᠢ ᠬᠤᠪᠢ ᠨᠡᠮᠡᠷᠢ ᠦᠵᠡᠬᠦᠯᠦᠭᠰᠡᠨ | ᠱᠠᠩᠨᠠᠯ︾ ᠢ ᠲᠤᠰᠴᠠᠢ᠃ | ︽ᠯᠢᠲ᠋ᠢ ᠶᠢᠨ ᠴᠠᠬᠢᠯᠭᠠᠨ ᠵᠠᠢ ᠳᠤ ᠮᠦᠨ ᠴᠦᠭᠡᠨ ᠪᠤᠰᠤ ᠠᠰᠠᠭᠤᠳᠠᠯ ᠤᠷᠤᠰᠢᠵᠤ ᠪᠤᠢ᠂ ᠡᠨᠡ ᠪᠤᠯ | ᠲᠡᠯᠡᠬᠡᠢ ᠶᠢᠨ ᠴᠢᠨᠠᠷᠳᠠᠢ ᠬᠦᠴᠢᠷ ᠠᠰᠠᠭᠤᠳᠠᠯ ᠮᠦᠨ᠃ ᠭᠡᠳᠦ᠋ᠢᠪᠡᠷ ᠵᠠᠮ ᠬᠤᠯᠠ ᠬᠠᠷᠰᠢ ᠰᠠᠭᠠᠳ ᠤᠯᠠᠨ ᠪᠤᠯᠪᠠᠴᠤ | ᠴᠠᠬᠢᠯᠭᠠᠨ ᠬᠦᠳᠡᠯᠭᠡᠭᠦᠷᠳᠦ ᠲᠡᠷᠭᠡ ᠶᠢᠨ ᠠᠵᠤ ᠦᠢᠯᠡᠳᠪᠦᠷᠢᠯᠡᠯ ᠢ ᠬᠦᠭᠵᠢᠭᠦᠯᠬᠦ ᠨᠢ ᠮᠡᠨ ᠤ ᠤᠯᠤᠰ ᠲᠡᠷᠡᠴᠢᠯᠡᠨ | ᠪᠦᠬᠦ ᠲᠡᠯᠡᠬᠡᠢ ᠶᠢᠨ ᠬᠠᠨᠳᠤᠰᠢ ᠮᠦᠨ᠃ ᠡᠨᠧᠷᠬᠢ ᠠᠷᠪᠢᠯᠠᠬᠤ ᠪᠡ ᠰᠢᠨ᠎ᠡ ᠡᠨᠧᠷᠬᠢ ᠶᠢ ᠬᠦᠭᠵᠢᠬᠦᠯᠬᠦ ᠶᠡᠭᠡ | ᠭᠦᠭᠵᠢᠯᠳᠡ ᠶᠢᠨ ᠴᠢᠭᠯᠡᠯᠳᠡ ᠨᠢ ᠮᠠᠨ ᠤ ᠦᠢᠯᠡᠰ ᠪᠦᠳᠦᠭᠡᠵᠦ ᠰᠢᠨ᠎ᠡ ᠶᠢ ᠡᠭᠦᠳᠬᠦ ᠶᠢᠨ ᠦᠨᠳᠦᠰᠦᠨ ᠤᠷᠢᠳᠠᠯ | ᠪᠤᠯᠤᠨ᠎ᠠ︾ ᠭᠡᠵᠦ ᠴᠢᠯᠠᠭᠤ ᠫᠷᠤᠹᠧᠰᠰᠤᠷ ᠬᠡᠯᠡᠵᠦ ᠪᠠᠶᠢᠯ ᠠ᠃ | ︵ᠰᠥᠯᠵᠢᠶ᠎ᠠ ᠠᠴᠠ ᠤᠷᠴᠢᠭᠤᠯᠤᠨ ᠠᠪᠤᠪᠠ︶ | | ᠰᠤᠪᠤᠳ | ᠦᠪᠦᠷ ᠮᠣᠩᠭᠤᠯ ᠤᠨ ᠡᠳᠦᠷ ᠤᠨ ᠰᠣᠨᠢᠨ | |