ᠮᠠᠯᠴᠢᠨ  ᠲᠠᠷᠢᠶᠠᠴᠢᠳ  ᠤᠨ ᠬᠤᠳᠠ ᠤᠷᠤᠵᠤ ᠭᠡᠷ ᠪᠠᠶᠢᠰᠢᠩ  ᠬᠤᠳᠠᠯᠳᠤᠨ ᠠᠪᠬᠤ ᠶᠢ ᠲᠡᠮᠵᠢᠵᠤ ᠭᠡᠷ ᠪᠠᠶᠢᠰᠢᠩ ᠭᠠᠵᠠᠷ ᠰᠢᠷᠤᠢ ᠶᠢᠨ ᠬᠥᠷᠤᠩᠭᠡ ᠶᠢᠨ  ᠨᠦᠭᠡᠴᠡ ᠶᠢ ᠰᠢᠢᠳᠪᠤᠷᠢᠯᠡᠨ᠎ᠡ
ᠨᠡᠶᠢᠲᠡᠯᠡᠭᠰᠡᠨ ᠴᠠᠭ᠄
2017/2/15
       ᠰᠢᠨᠬᠤᠸᠠ ᠬᠤᠷᠢᠶᠠᠨ ᠤ ᠬᠥᠭᠡᠬᠤᠳᠡ ᠶᠢᠨ 12 ᠰᠠᠷ᠎ᠠ ᠶᠢᠨ 26᠎ ᠤ ᠡᠳᠤᠷ ᠤᠨ  ᠮᠡᠳᠡᠭᠡ  ︵ᠫᠧᠩ  ᠶᠤᠸᠠᠨ︶  ᠦᠪᠤᠷ ᠮᠤᠩᠭᠤᠯ ᠤᠨ ᠤᠷᠤᠨ ᠰᠠᠭᠤᠴᠠ ᠪᠠ ᠬᠤᠳᠠ ᠬᠥᠳᠡᠭᠡ ᠶᠢᠨ ᠪᠦᠳᠤᠭᠡᠨ ᠪᠠᠶᠢᠭᠤᠯᠤᠯᠳᠡ  ᠎ ᠶᠢᠨ  ᠲᠢᠩᠬᠢᠮ  ᠲᠤᠮᠳᠠᠳᠤ  ᠤᠯᠤᠰ ᠤᠨ ᠲᠠᠷᠢᠶᠠᠯᠠᠩ ᠤᠨ ᠪᠠᠩᠬᠢ ᠶᠢᠨ ᠦᠪᠤᠷ ᠮᠤᠩᠭᠤᠯ ᠳᠠᠬᠢ ᠬᠤᠪᠢᠶᠠᠷᠢ ᠪᠠᠩᠬᠢ ᠲᠠᠢ ᠲᠦᠷᠤᠬᠦᠭᠡᠨ ︽ᠪᠦᠬᠦ  ᠲᠠᠯ᠎ᠠ  ᠎ ᠶᠢᠨ  ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠬᠡᠯᠡᠯᠴᠡᠭᠡᠷ︾᠎ ᠢ ᠲᠤᠬᠳᠠᠭᠠᠵᠤ᠂ ᠭᠡᠷ ᠪᠠᠶᠢᠰᠢᠩ ᠭᠠᠵᠠᠷ ᠰᠢᠷᠤᠢ ᠶᠢᠨ ᠬᠥᠷᠤᠩᠭᠡ ᠶᠢᠨ ᠨᠦᠭᠡᠴᠡ ᠶᠢ ᠪᠠᠭᠠᠰᠬᠠᠬᠤ᠂ ᠳᠦᠭᠦᠮ ᠪᠦᠲᠦᠴᠡᠲᠦ ᠤᠷᠤᠨ ᠰᠠᠭᠤᠴᠠ ᠶᠢᠨ ᠲᠤᠭᠤᠷᠢᠭ ᠢ ᠦᠭᠡᠷᠡᠴᠢᠯᠡᠬᠦ᠂ ᠨᠡᠶᠢᠲᠡ ᠶᠢᠨ  ᠬᠤᠷᠠᠮᠳᠤᠭᠤᠯᠤᠯ ᠤᠨ ᠮᠥᠡᠭᠭᠦ ᠎ ᠶᠢᠨ ᠨᠠᠶᠢᠳᠠᠯᠭ᠎ᠠ ᠶᠢᠨ ᠵᠢᠭᠡᠯᠡᠯᠭᠡ ᠵᠡᠷᠭᠡ ᠤᠯᠠᠨ ᠲᠠᠯ᠎ᠠ ᠠᠴᠠ  ᠦᠷᠭᠡᠨ  ᠤᠯᠠᠨ  ᠮᠠᠯᠴᠢᠨ  ᠲᠠᠷᠢᠶᠠᠴᠢᠳ ᠤᠨ  ᠬᠤᠳᠠ ᠤᠷᠤᠵᠤ ᠭᠡᠷ ᠪᠠᠶᠢᠰᠢᠩ ᠬᠤᠳᠠᠯᠳᠤᠨ ᠠᠪᠬᠤ ᠶᠢ ᠲᠡᠮᠵᠢᠨ ᠳᠤᠰᠠᠯᠠᠬᠤ ᠪᠠᠷ ᠳᠤᠭᠲᠠᠵᠠᠢ᠃                 ᠦᠪᠤᠷ ᠮᠤᠩᠭᠤᠯ ᠤᠨ ᠤᠷᠤᠨ ᠰᠠᠭᠤᠴᠠ ᠪᠠ ᠬᠤᠳᠠ ᠬᠥᠳᠡᠭᠡ ᠶᠢᠨ ᠪᠦᠳᠤᠭᠡᠨ  ᠪᠠᠶᠢᠭᠤᠯᠤᠯᠳᠡ  ᠎ ᠶᠢᠨ  ᠲᠢᠩᠬᠢᠮ ᠤᠨ ᠬᠤᠯᠪᠤᠬᠳᠠᠯ ᠪᠦᠬᠦᠢ ᠬᠠᠷᠢᠭᠤᠴᠠᠯᠭᠠᠳᠠᠨ ᠢᠯᠡᠷᠭᠡᠶᠢᠯᠡᠬᠦ  ᠎ ᠳᠡᠭᠡᠨ᠂  ᠲᠠᠸᠠᠷ ᠤᠨ  ᠭᠡᠷ  ᠪᠠᠶᠢᠰᠢᠩ ᠤᠨ  ᠨᠦᠭᠡᠴᠡ  ᠎ ᠶᠢ  ᠲᠦᠷᠭᠡᠭᠡᠨ ᠰᠢᠢᠳᠪᠤᠷᠢᠯᠡᠬᠦ ᠶᠢᠨ ᠲᠦᠯᠤᠭᠡ᠂ ᠦᠪᠤᠷ ᠮᠤᠩᠭᠤᠯ ᠤᠨ ᠤᠷᠤᠨ ᠰᠠᠭᠤᠴᠠ ᠪᠠ ᠬᠤᠳᠠ ᠬᠥᠳᠡᠭᠡ ᠶᠢᠨ  ᠪᠦᠳᠤᠭᠡᠨ  ᠪᠠᠶᠢᠭᠤᠯᠤᠯᠳᠡ ᠶᠢᠨ ᠲᠢᠩᠬᠢᠮ ᠠᠴᠠ ᠭᠡᠷ ᠪᠠᠶᠢᠰᠢᠩ ᠭᠠᠵᠠᠷ ᠰᠢᠷᠤᠢ ᠶᠢᠨ ᠬᠥᠷᠤᠩᠭᠡ ᠎ ᠶᠢᠨ ᠨᠡᠭᠡᠭᠡᠨ ᠬᠥᠭᠵᠢᠬᠦᠯᠤᠯᠳᠡ  ᠎ ᠶᠢᠨ  ᠠᠵᠤ  ᠠᠬᠤᠢᠢᠯᠠᠯ᠂ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠤᠯ ᠤᠨ  ᠮᠥᠡᠭᠭᠦ  ᠎ ᠶᠢᠨ  ᠲᠦᠪ ᠢ  ᠵᠤᠬᠢᠴᠠᠭᠤᠯᠤᠨ  ᠲᠤᠮᠳᠠᠳᠤ  ᠤᠯᠤᠰ ᠤᠨ ᠲᠠᠷᠢᠶᠠᠯᠠᠩ ᠤᠨ ᠪᠠᠩᠬᠢ ᠶᠢᠨ ᠦᠪᠤᠷ ᠮᠤᠩᠭᠤᠯ ᠳᠠᠬᠢ ᠬᠤᠪᠢᠶᠠᠷᠢ ᠪᠠᠩᠬᠢ ᠲᠠᠢ ᠬᠠᠮᠳᠤᠷᠠᠯᠴᠠᠬᠤ ᠬᠠᠷᠢᠴᠠᠭ᠎ᠠ ᠪᠠᠶᠢᠭᠤᠯᠵᠤ᠂ ᠲᠡᠬᠦᠨ ᠢ ᠬᠠᠪᠰᠤᠷᠤᠨ ᠮᠠᠯᠴᠢᠨ ᠲᠠᠷᠢᠶᠠᠴᠢᠳ ᠲᠤ ᠵᠢᠭᠡᠯᠡᠯᠭᠡ ᠶᠢᠨ ᠲᠡᠮᠵᠢᠯᠭᠡ ᠬᠠᠩᠭᠠᠯᠭᠠᠨ᠎ᠠ︔ ᠲᠠᠷᠢᠶᠠᠯᠠᠩ ᠤᠨ ᠪᠠᠩᠬᠢ ᠶᠢᠨ ᠡᠬᠢ ᠪᠠᠶᠠᠯᠢᠬ ᠲᠤ ᠲᠦᠰᠢᠭᠯᠡᠨ᠂ ᠲᠦᠬᠦᠮ ᠪᠦᠳᠤᠴᠡᠳᠤ ᠤᠷᠤᠨ ᠰᠠᠭᠤᠴᠠ  ᠎ ᠶᠢᠨ  ᠲᠤᠭᠤᠷᠢᠬ ᠢ  ᠦᠭᠡᠷᠡᠴᠢᠯᠡᠬᠦ  ᠵᠢᠭᠡᠯᠡᠯᠭᠡ  ᠎ ᠶᠢᠨ  ᠵᠦᠢᠯᠡᠰ ᠢ ᠲᠡᠬᠦᠯᠳᠡᠷᠵᠢᠬᠦᠯᠵᠤ᠂ ᠮᠠᠯᠴᠢᠨ ᠲᠠᠷᠢᠶᠠᠴᠢᠳ ᠲᠤ ᠬᠠᠨᠳᠤᠭᠤᠯᠤᠭᠰᠠᠨ ᠵᠦᠪᠰᠢᠶᠡᠷᠡᠯ ᠤᠨ  ᠨᠦᠬᠦᠴᠡᠯ ᠢ  ᠵᠤᠬᠢᠰᠳᠠᠢ  ᠪᠠᠭᠤᠷᠠᠭᠤᠯᠤᠨ᠂ ᠬᠠᠷᠠᠭᠠᠯᠵᠠᠯᠳᠤ ᠬᠥᠤ ᠶᠢᠨ ᠨᠤᠷᠮ᠎ᠠ ᠶᠢ ᠬᠡᠷᠡᠭᠵᠢᠬᠦᠯᠤᠨ᠎ᠠ︔ ᠡᠬᠦᠨ ᠎ ᠠᠴᠠ ᠭᠠᠳᠠᠨ᠎ᠠ᠂ ᠡᠯ᠎ᠠ ᠬᠤᠳᠠ ᠶᠢᠨ  ᠤᠷᠤᠨ  ᠰᠠᠭᠤᠴᠠ  ᠎ ᠶᠢᠨ ᠨᠡᠶᠢᠲᠡ ᠶᠢᠨ ᠬᠤᠷᠠᠮᠳᠤᠭᠤᠯᠤᠯ ᠤᠨ ᠮᠥᠡᠭᠭᠦ ᠶᠢᠨ ᠲᠦᠪ ᠬᠢᠭᠡᠳ  ᠲᠠᠷᠢᠶᠠᠯᠠᠩ ᠤᠨ  ᠪᠠᠩᠬᠢ  ᠎ ᠶᠢᠨ  ᠲᠤᠬᠠᠢᠢᠯᠠᠬᠰᠠᠨ  ᠠᠵᠢᠯ ᠤᠨ ᠬᠠᠮᠳᠤᠷᠠᠯᠴᠠᠭ᠎ᠠ ᠶᠢ ᠴᠢᠩᠭᠠᠳᠬᠠᠨ᠂ ᠨᠡᠶᠢᠲᠡ ᠶᠢᠨ  ᠬᠤᠷᠠᠮᠳᠤᠭᠤᠯᠤᠯ ᠤᠨ  ᠮᠥᠡᠭᠭᠦ  ᠎ ᠶᠢᠨ  ᠲᠦᠪ  ᠎ ᠲᠤ  ᠬᠠᠮᠵᠢᠨ  ᠨᠡᠶᠢᠲᠡ ᠶᠢᠨ ᠬᠤᠷᠠᠮᠳᠤᠭᠤᠯᠤᠯ ᠤᠨ ᠮᠥᠡᠭᠭᠦ ᠶᠢᠨ ᠨᠠᠶᠢᠳᠠᠯᠭ᠎ᠠ ᠶᠢᠨ ᠵᠢᠭᠡᠯᠡᠯᠭᠡ᠂ ᠨᠡᠶᠢᠲᠡ ᠶᠢᠨ  ᠬᠤᠷᠠᠮᠳᠤᠭᠤᠯᠤᠯ ᠤᠨ  ᠮᠥᠡᠭᠭᠦ  ᠎ ᠶᠢᠨ  ᠨᠡᠶᠢᠯᠡᠮᠡᠯ ᠵᠢᠭᠡᠯᠡᠯᠭᠡ ᠵᠢᠭᠡᠯᠡᠬᠦᠯᠬᠦ ᠠᠵᠢᠯ ᠢ ᠦᠷᠨᠢᠬᠦᠯᠤᠨ᠂ ᠨᠡᠶᠢᠲᠡ ᠶᠢᠨ ᠬᠤᠷᠠᠮᠳᠤᠭᠤᠯᠤᠯ ᠤᠨ ᠮᠥᠡᠭᠭᠦ ᠶᠢᠨ ᠨᠠᠶᠢᠳᠠᠯᠭ᠎ᠠ  ᠎ ᠶᠢᠨ  ᠵᠢᠭᠡᠯᠡᠯᠭᠡ ᠶᠢᠨ ᠬᠠᠮᠤᠷᠬᠤ ᠬᠡᠪᠴᠢᠶ᠎ᠠ ᠶᠢ ᠦᠷᠭᠡᠳᠭᠡᠬᠦ ᠶᠢ ᠲᠦᠯᠬᠢᠨ ᠠᠬᠢᠭᠤᠯᠤᠨ᠎ᠠ ᠭᠡᠵᠠᠢ᠃               ᠰᠤᠷᠪᠤᠯᠵᠢᠯᠠᠭᠴᠢ ᠶᠢᠨ ᠤᠢᠢᠯᠠᠭᠠᠭᠰᠠᠨ ᠢᠶᠠᠷ᠂ ᠲᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠦᠪᠤᠷ  ᠮᠤᠩᠭᠤᠯ ᠳᠠᠬᠢ ᠬᠤᠪᠢᠶᠠᠷᠢ ᠪᠠᠩᠬᠢ ᠨᠢᠭᠡᠨᠲᠡ ︽ᠲᠠᠷᠢᠶᠠᠴᠢᠳ ᠤᠨ ᠤᠷᠤᠴᠠ  ᠰᠠᠭᠤᠴᠠ  ᠎ ᠪᠠᠨ  ᠲᠦᠪᠬᠢᠨᠡᠬᠦᠯᠬᠦ  ᠵᠢᠭᠡᠯᠡᠯᠭᠡ︾  ᠲᠠᠯᠪᠢᠵᠤ᠂ ᠠᠩᠬᠠᠨ ᠤ ᠤᠷᠤᠨ ᠰᠠᠭᠤᠴᠠ ᠪᠠᠨ ᠠᠪᠴᠦ ᠪᠠᠶᠢᠭ᠎ᠠ᠂ ᠠᠩᠬ᠎ᠠ ᠲᠤᠰᠢᠶᠠᠬᠤ  ᠮᠦᠡᠭᠬᠦ  ᠎ ᠨᠢ  30%  ᠎ ᠠᠴᠠ  ᠲᠡᠭᠡᠭᠰᠢᠬᠢ  ᠮᠠᠯᠴᠢᠨ ᠲᠠᠷᠢᠶᠠᠴᠢᠨ ᠳᠤ ᠬᠦᠦ ᠮᠦᠡᠭᠬᠦ ᠶᠢᠨ ᠨᠤᠷᠮ᠎ᠠ ᠨᠢ ᠬᠠᠮᠤᠭ ᠤᠨ ᠲᠤᠤᠷ᠎ᠠ ᠎ ᠳᠠᠭᠠᠨ  9  ᠬᠤᠪᠢ  ᠎ ᠶᠢᠨ  ᠬᠠᠷᠠᠭᠠᠯᠵᠠᠯ  ᠦᠵᠡᠬᠦᠯᠪᠡ︔ ᠡᠬᠦᠨ ᠤ ᠬᠠᠮᠳᠤ᠂ ᠮᠠᠯᠴᠢᠨ ᠲᠠᠷᠢᠶᠠᠴᠢᠨ ᠤ ᠤᠷᠤᠯᠭ᠎ᠠ ᠎ ᠶᠢᠨ ᠤᠯᠠᠷᠢᠯ ᠤᠨ ᠴᠢᠨᠠᠷᠲᠠᠢ ᠤᠨᠴᠠᠯᠢᠭ  ᠎ ᠲᠤ  ᠴᠢᠭᠯᠡᠬᠦᠯᠦᠨ᠂  ᠵᠢᠭᠡᠯᠡᠯᠭᠡ ᠪᠤᠴᠠᠭᠠᠬᠤ ᠠᠮᠢᠳᠤᠯᠢᠭ ᠦᠶᠡᠯᠡᠯ ᠤᠨ ᠬᠤᠭᠤᠴᠠᠭ᠎ᠠ ᠲᠤᠭᠲᠠᠭᠠᠵᠤ᠂ ᠰᠠᠷ᠎ᠠ ᠪᠠᠷ ᠲᠦᠯᠦᠬᠦ ᠠᠴᠠ ᠭᠠᠳᠠᠨ᠎ᠠ᠂ ᠤᠯᠠᠷᠢᠯ  ᠎ ᠢᠶᠠᠷ᠂  ᠬᠠᠭᠠᠰ ᠵᠢᠯ ᠪᠤᠶᠤ ᠨᠢᠭᠡ ᠵᠢᠯ ᠎ ᠢᠶᠠᠷ ᠪᠤᠴᠠᠭᠠᠬᠤ ᠠᠷᠭ᠎ᠠ ᠬᠡᠯᠪᠡᠷᠢ ᠶᠢ ᠨᠡᠮᠡᠵᠤ᠂ ᠮᠠᠯᠴᠢᠨ ᠲᠠᠷᠢᠶᠠᠴᠢᠨ ᠤ ᠪᠡᠯᠡ ᠲᠤᠬᠢᠷᠠᠭᠤᠯᠬᠤ ᠲᠠᠷᠤᠭᠠᠰᠤ  ᠎ ᠶᠢ ᠪᠦᠲᠦᠮᠵᠢᠲᠠᠢ ᠬᠦᠡᠭᠭᠡᠯᠡᠭᠰᠡᠨ ᠪᠠᠶᠢᠨ᠎ᠠ᠃                 ᠠᠩᠬ᠎ᠠ ᠠᠯᠬᠤᠮ ᠤᠨ ᠪᠦᠷᠢᠳᠭᠡᠯ ᠠᠴᠠ ᠦᠵᠡᠪᠡᠯ᠂ ᠤᠳᠤᠬᠠᠨ ᠳᠤ ᠦᠪᠤᠷ ᠮᠤᠩᠭᠤᠯ ᠤᠨ ᠲᠠᠸᠠᠷ ᠤᠨ ᠭᠡᠷ ᠪᠠᠶᠢᠰᠢᠩ ᠤᠨ ᠨᠦᠭᠡᠴᠡ ᠨᠡᠶᠢᠲᠡ 1.2 ᠳ᠋ᠦᠡᠭᠰᠢᠭᠤᠷ ᠲᠡᠭᠰᠢ ᠲᠦᠷᠪᠡᠯᠵᠢᠨ ᠮᠧᠲᠷ ᠪᠠᠶᠢᠵᠤ᠂ ᠡᠬᠦᠨ ᠤ ᠲᠤᠳᠤᠷ᠎ᠠ ᠲᠠᠸᠠᠷ ᠤᠨ  ᠤᠷᠤᠨ  ᠰᠠᠭᠤᠴᠠ ᠶᠢᠨ ᠨᠦᠭᠡᠴᠡ 7000 ᠲᠦᠮᠡᠨ ᠲᠡᠭᠰᠢ ᠲᠦᠷᠪᠡᠯᠵᠢᠨ ᠮᠧᠲᠷ ᠪᠠᠶᠢᠨ᠎ᠠ᠃  ᠦᠪᠤᠷ  ᠮᠤᠩᠭᠤᠯ ᠤᠨ  2020  ᠤᠨ ᠤ  ᠬᠤᠲᠠ ᠪᠠᠯᠭᠠᠰᠤᠵᠢᠯᠲᠠ ᠶᠢᠨ ᠨᠤᠷᠮ᠎ᠠ ᠶᠢ 65%᠎ ᠳᠤ ᠬᠦᠷᠭᠡᠬᠦ ᠬᠠᠷᠠᠯᠲᠠ ᠪᠠᠷ ᠪᠤᠳᠤᠪᠠᠯ᠂ ᠲᠠᠷᠠᠭᠠᠴᠢ ᠶᠢᠨ ᠱᠠᠳᠤᠨ ᠳᠤ 210  ᠲᠦᠮᠡ ᠠᠴᠠ 230 ᠲᠦᠮᠡᠨ ᠬᠦᠮᠦᠨ ᠢ ᠬᠤᠲᠠ ᠎ ᠳᠤ ᠰᠢᠯᠵᠢᠬᠦᠯᠬᠦ ᠤᠴᠢᠷ  ᠎ ᠠᠴᠠ  ᠪᠠᠷᠤᠭ  3000  ᠲᠦᠮᠡᠨ  ᠲᠡᠭᠰᠢ  ᠲᠦᠷᠪᠡᠯᠵᠢᠨ ᠮᠧᠲᠷ ᠤᠨ ᠨᠦᠭᠡᠴᠡ ᠶᠢ ᠰᠢᠢᠳᠪᠤᠷᠢᠯᠡᠵᠤ ᠲᠡᠶᠢᠯᠦᠨ᠎ᠡ᠂ ᠡᠨᠡ ᠨᠢ ᠤᠳᠤ ᠶᠢᠨ ᠲᠠᠸᠠᠷ ᠤᠨ ᠤᠷᠤᠨ ᠰᠠᠭᠤᠴᠠ ᠶᠢᠨ ᠨᠦᠭᠡᠴᠡ  ᠎ ᠶᠢᠨ 40% ᠎ ᠶᠢ ᠡᠵᠡᠯᠡᠬᠦ ᠪᠤᠯᠤᠨ᠎ᠠ᠃      ᠰᠤᠪᠤᠳ
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号