ᠮᠠᠯᠴᠢᠳ ᠤᠨ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢᠶᠠᠨ ᠵᠠᠬ᠎ᠠ ᠳᠡᠯᠭᠡᠭᠦᠷ ᠲᠤ ᠣᠷᠤᠭᠤᠯᠬᠤ ᠶᠢ ᠰᠠᠶᠢᠳᠤᠷ ᠳᠡᠮᠵᠢᠶ᠎ᠡ
ᠨᠡᠶᠢᠲᠡᠯᠡᠭᠰᠡᠨ ᠴᠠᠭ᠄
2017/2/15
       ᠨᠡᠶᠢᠭᠡᠮ ᠵᠢᠷᠤᠮ ᠤᠨ ᠵᠠᠬ᠎ᠠ ᠲᠡᠯᠭᠡᠭᠦᠷ ᠤᠨ ᠠᠵᠦ ᠠᠬᠤᠢ ᠶᠢ ᠪᠠᠶᠢᠭᠤᠯᠤᠨ ᠲᠡᠭᠦᠯᠳᠡᠷᠵᠢᠭᠦᠯᠵᠦ ᠪᠠᠶᠢᠭ᠎ᠠ  ᠦᠨᠦᠳᠦᠷ᠂ ᠮᠠᠯᠴᠢᠳ ᠮᠠᠨᠢ ᠵᠠᠬ᠎ᠠ ᠲᠡᠯᠭᠡᠭᠦᠷ ᠤᠨ ᠭᠦᠭᠵᠢᠯᠳᠡ ᠶᠢᠨ ᠵᠢᠮ᠎ᠠ ᠶᠤᠰᠤᠨ ᠳᠤ ᠨᠡᠶᠢᠴᠡᠬᠦᠯᠵᠦ ᠮᠠᠯ ᠠᠵᠦ  ᠠᠬᠤᠢ ᠪᠠᠨ ᠭᠦᠭᠵᠢᠭᠦᠯᠵᠦ ᠭᠠᠷᠬᠤ ᠵᠠᠮ ᠬᠠᠶᠢᠵᠦ ᠶᠠᠪᠤᠭ᠎ᠠ ᠨᠢ ᠤᠯᠠᠨ ᠬᠠᠷᠠᠭᠳᠠᠬᠤ ᠪᠤᠯᠵᠠᠢ᠃ ᠦᠷᠭᠡᠨ ᠠᠭᠤᠳᠠᠮ  ᠮᠠᠯᠵᠢᠬᠤ ᠤᠷᠤᠨ ᠮᠠᠨᠢ ᠮᠠᠯ ᠠᠵᠦ ᠠᠬᠤᠢ ᠶᠢᠨ ᠡᠬᠢ ᠪᠠᠶᠠᠯᠢᠭ ᠢᠶᠠᠷ ᠲᠤᠳᠠᠬᠤ ᠪᠢᠰᠢ᠂ ᠵᠠᠩᠭᠢᠯᠠᠭ᠎ᠠ ᠨᠢ ᠡᠨᠡᠭᠦ ᠡᠬᠢ  ᠪᠠᠶᠠᠯᠢᠭ ᠢᠶᠠᠨ ᠭᠡᠷᠬᠢᠨ ᠰᠠᠶᠢᠳᠦᠷ ᠠᠰᠢᠭᠯᠠᠵᠦ᠂ ᠭᠡᠷᠭᠢᠨ ᠠᠵᠦ ᠠᠬᠤᠢ ᠶᠢᠨ ᠲᠠᠪᠠᠭᠤᠯᠢᠭ ᠪᠤᠯᠭᠠᠨ ᠬᠤᠪᠢᠷᠠᠭᠤᠯᠵᠦ᠂  ᠵᠠᠬ᠎ᠠ ᠲᠡᠯᠭᠡᠭᠦᠷ ᠲᠤ ᠤᠷᠤᠭᠤᠯᠬᠤ ᠲᠡᠭᠡᠷ᠎ᠠ ᠪᠠᠶᠢᠨ᠎ᠠ᠃           ᠤᠳᠤ ᠦᠶ᠎ᠠ ᠶᠢᠨ ᠮᠠᠯ ᠠᠵᠦ ᠠᠬᠤᠢ ᠶᠢ ᠭᠦᠭᠵᠢᠭᠦᠯᠭᠦ ᠶᠠᠪᠤᠴᠠ ᠳᠤ ᠮᠠᠨ ᠤ ᠮᠠᠯᠴᠢᠳ ᠤᠯᠠᠮᠵᠢᠯᠠᠯᠳᠦ  ᠮᠠᠯᠵᠢᠯ ᠤᠨ ᠠᠷᠭ᠎ᠠ ᠭᠡᠯᠪᠡᠷᠢ ᠪᠠᠨ ᠵᠤᠷᠢᠬᠳᠠᠢ ᠬᠤᠪᠢᠷᠠᠭᠤᠯᠵᠦ᠂ ᠰᠢᠨᠵᠢᠯᠡᠭᠦ ᠤᠬᠠᠭᠠᠨᠴᠢ ᠪᠠᠷ ᠮᠠᠯᠵᠢᠵᠦ᠂  ᠭᠦᠴᠦ ᠪᠠᠨ ᠨᠢᠭᠡᠳᠭᠡᠨ ᠴᠢᠷᠮᠠᠶᠢᠵᠦ ᠠᠮᠢᠳᠦᠷᠠᠯ ᠢᠶᠠᠨ ᠴᠢᠨᠡᠭᠡᠯᠢᠭᠵᠢᠭᠦᠯᠵᠦ ᠶᠠᠪᠤᠨ᠎ᠠ᠃ ᠵᠢᠱᠢᠶᠠᠯᠡᠪᠡᠯ ᠠᠪᠠᠭ᠎ᠠ  ᠬᠤᠰᠢᠭᠤᠨ   ᠤ ︽ᠬᠠᠶᠢᠷᠬᠠᠨ︾ ᠮᠠᠯ ᠲᠡᠵᠢᠭᠡᠪᠦᠷᠢ ᠶᠢᠨ ᠲᠤᠰᠬᠠᠢ ᠬᠤᠷᠰᠢᠶᠠᠵᠢᠯ᠂ ᠵᠡᠭᠦᠨ ᠦᠵᠦᠮᠦᠴᠢᠨ  ᠬᠤᠰᠢᠭᠤᠨ ᠤ ︽ᠮᠸᠡᠭ ᠶᠤᠸᠠᠨ︾ ᠦᠭᠡᠷ ᠲᠡᠵᠢᠭᠡᠨ ᠪᠤᠷᠤᠯᠠᠭᠤᠯᠬᠤ ᠬᠤᠷᠰᠢᠶᠠᠵᠢᠯ᠂ ᠪᠠᠷᠠᠭᠤᠨ ᠦᠵᠦᠮᠦᠴᠢᠨ  ᠬᠤᠰᠢᠭᠤᠨ ᠤ ︽ᠰᠠᠶᠢᠬᠠᠨ ᠨᠠᠭᠤᠷ︾ ᠮᠠᠯ ᠠᠵᠦ ᠠᠬᠤᠢ ᠶᠢᠨ ᠮᠠᠰᠢᠨᠴᠢᠯᠠᠯᠳᠠ ᠶᠢᠨ ᠬᠤᠷᠰᠢᠶᠠᠵᠢᠯ ᠵᠡᠷᠭᠡ ᠨᠢ  ᠮᠠᠯᠴᠢᠨ ᠡᠷᠦᠭᠡ ᠲᠠᠢ ᠪᠠᠨ ᠬᠤᠯᠪᠤᠭᠠᠯᠠᠨ ᠡᠬᠢ ᠪᠠᠶᠠᠯᠢᠭ ᠢᠶᠠᠨ ᠨᠢᠭᠡᠳᠭᠡᠨ᠂ ᠵᠤᠷᠢᠭᠳᠠᠢ ᠪᠠᠷ ᠵᠠᠬ᠎ᠠ ᠲᠡᠯᠭᠡᠭᠦᠷ ᠬᠠᠶᠢᠨ  ᠂ ᠤᠷᠤᠯᠭ᠎ᠠ ᠪᠠᠨ ᠨᠡᠮᠡᠭᠳᠡᠭᠦᠯᠵᠦ ᠬᠠᠮᠳᠤᠪᠡᠷ ᠴᠢᠨᠡᠭᠡᠯᠢᠭᠵᠢᠵᠦ ᠪᠠᠶᠢᠨ᠎ᠠ᠃ ᠮᠠᠯᠴᠢᠳ ᠤᠨ ᠲᠤᠮᠳᠠ ᠡᠶᠢᠮᠦᠷᠭᠦ ᠰᠠᠶᠢᠨ  ᠰᠠᠶᠢᠬᠠᠨ ᠵᠢᠱᠢᠶ᠎ᠠ ᠨᠦᠭᠦᠳ ᠤᠯᠠᠨ ᠪᠠᠶᠢᠭ᠎ᠠ ᠪᠤᠯᠪᠠᠴᠦ᠂ ᠰᠤᠷᠠᠭ ᠴᠢᠮᠡᠭᠡ᠂ ᠵᠠᠮ ᠨᠡᠪᠳᠡᠷᠡᠯᠭᠡ᠂ ᠦᠨ᠎ᠠ ᠬᠠᠨᠭ᠍ᠰᠢ᠂  ᠦᠵᠡᠯᠳᠡ ᠤᠢᠢᠯᠠᠭᠠᠬᠳᠠᠬᠤᠨ ᠵᠡᠷᠭᠡ ᠤᠯᠠᠨ ᠵᠦᠢᠯ ᠤᠨ ᠰᠢᠯᠳᠠᠭᠠᠨ ᠠᠴᠠ ᠪᠤᠯᠵᠦ᠂ ᠮᠠᠯᠴᠢᠳ ᠤᠨ ᠵᠠᠬ᠎ᠠ  ᠲᠡᠯᠭᠡᠭᠦᠷ ᠲᠤ ᠤᠷᠤᠬᠤ ᠴᠢᠳᠠᠪᠤᠷᠢ ᠮᠦᠨ ᠯᠠ ᠲᠤᠤᠷ᠎ᠠ ᠪᠠᠶᠢᠭᠰᠠᠭᠠᠷ᠃ ᠡᠶᠢᠮᠦᠷᠭᠦ ᠪᠠᠶᠢᠳᠠᠯ ᠲᠤᠤᠷ᠎ᠠ᠂ ᠴᠠᠭ ᠤᠨ  ᠪᠠᠶᠢᠳᠠᠯ᠂ ᠤᠨᠴᠠᠯᠢᠭ ᠠᠴᠠ ᠡᠭᠦᠰᠴᠦ ᠮᠠᠯᠴᠢᠳ ᠢ ᠵᠢᠯᠤᠭᠤᠳᠤᠨ ᠵᠠᠬ᠎ᠠ ᠲᠡᠯᠭᠡᠭᠦᠷ ᠲᠤ ᠤᠷᠤᠭᠤᠯᠬᠤ ᠨᠢ ᠲᠤᠩ  ᠴᠢᠬᠤᠯᠠ ᠶᠤᠮ᠃           ᠮᠠᠯᠴᠢᠳ ᠤᠨ ᠵᠠᠬ᠎ᠠ ᠲᠡᠯᠭᠡᠭᠦᠷ ᠲᠤ ᠤᠷᠤᠬᠤ ᠦᠵᠡᠯ ᠤᠬᠠᠮᠰᠠᠷ ᠢ ᠲᠡᠭᠡᠭᠰᠢᠯᠡᠭᠦᠯᠪᠠᠯ ᠵᠤᠬᠢᠨ᠎ᠠ᠃ ᠮᠠᠯᠴᠢᠳ  ᠵᠠᠬ᠎ᠠ ᠲᠡᠯᠭᠡᠭᠦᠷ ᠭᠡᠳᠡᠭ ᠨᠢ ᠶᠠᠭᠤ᠂ ᠶᠠᠭᠤᠨ ᠳᠤ ᠵᠠᠪᠠᠯ ᠵᠠᠬ᠎ᠠ ᠲᠡᠯᠭᠡᠭᠦᠷ ᠲᠤ ᠤᠷᠤᠬᠤ ᠵᠡᠷᠭᠡ ᠠᠰᠠᠭᠤᠳᠠᠯ ᠳᠤ  ᠲᠡᠨᠢᠯᠳᠠ ᠪᠠᠯᠠᠷᠬᠠᠢ᠂ ᠤᠢᠢᠯᠠᠭᠠᠯᠳᠠ ᠲᠤᠳᠠᠮᠠᠭ ᠪᠠᠶᠢᠵᠦ᠂ ᠵᠦᠪᠭᠡᠨ ᠦᠪᠡᠷ ᠢ ᠪᠠᠨ ᠦᠪᠡᠷᠳᠡᠭᠡᠨ ᠬᠠᠨᠭ᠍ᠭᠠᠬᠤ ᠪᠠᠨ  ᠮᠡᠳᠡᠭᠡᠳ᠂ ᠮᠠᠯ ᠤᠨ ᠠᠰᠢᠭ ᠰᠢᠮ᠎ᠠ ᠪᠠᠨ ᠲᠠᠸᠠᠷ ᠪᠤᠯᠭᠠᠨ ᠬᠤᠪᠢᠷᠠᠭᠤᠯᠬᠤ ᠶᠢ ᠮᠡᠳᠡᠭᠦ ᠦᠭᠡᠢ ᠪᠠᠶᠢᠨ᠎ᠠ᠃ ᠡᠨᠡ  ᠦᠶ᠎ᠠ ᠳᠤ ᠮᠠᠯᠴᠢᠳ ᠢ ᠬᠠᠪᠰᠤᠷᠤᠨ ᠦᠵᠡᠯᠳᠡ ᠲᠠᠨᠢᠯᠳᠠ ᠶᠢ ᠨᠢ ᠬᠤᠪᠢᠷᠠᠭᠤᠯᠵᠦ᠂ ᠵᠠᠬ᠎ᠠ ᠲᠡᠯᠭᠡᠭᠦᠷ ᠤᠨ  ᠭᠡᠷᠡᠭᠴᠡᠭᠡ ᠳᠤ ᠲᠤᠬᠢᠷᠠᠭᠤᠯᠤᠨ ᠦᠢᠯᠡᠳᠭᠡᠭᠦᠨ ᠬᠠᠨᠭ᠍ᠭᠠᠬᠤ ᠦᠵᠡᠯᠳᠡ ᠶᠢ ᠪᠤᠢ ᠪᠤᠯᠭᠠᠵᠦ᠂ ᠦᠢᠯᠡᠳᠭᠡᠭᠦᠨ ᠢᠶᠠᠨ  ᠵᠠᠬ᠎ᠠ ᠲᠡᠯᠭᠡᠭᠦᠷ ᠲᠤ ᠤᠷᠤᠭᠤᠯᠤᠨ᠂ ᠵᠠᠬ᠎ᠠ ᠲᠡᠯᠭᠡᠭᠦᠷ ᠢᠶᠠᠷ ᠲᠠᠮᠵᠢᠨ ᠦᠷ᠎ᠠ ᠠᠰᠢᠭ ᠤᠯᠪᠠᠯ ᠰᠠᠶᠢ ᠴᠢᠨᠡᠭᠡᠯᠢᠭᠵᠢᠵᠦ  ᠴᠢᠳᠠᠨ᠎ᠠ ᠭᠡᠰᠡᠨ ᠢ ᠲᠠᠨᠢᠭᠤᠯᠪᠠᠯ ᠵᠤᠬᠢᠨ᠎ᠠ᠃ ᠡᠭᠦᠨ ᠤ ᠬᠠᠮᠳᠦ᠂ ᠡᠯ᠎ᠠ ᠭᠠᠵᠠᠷ ᠤᠨ ᠲᠠᠭᠠᠭᠤᠯᠤᠭᠴᠢ  ᠬᠤᠷᠰᠢᠶᠠᠵᠢᠯ ᠤᠨ ᠵᠢᠱᠢᠶ᠎ᠠ ᠶᠢ ᠲᠡᠳᠡᠨ ᠳᠤ ᠤᠯᠠᠨ ᠲᠠᠨᠢᠭᠤᠯᠵᠦ᠂ ᠲᠡᠳᠡᠨ ᠤ ᠮᠠᠯ ᠤᠨ ᠠᠰᠢᠭ ᠰᠢᠮ᠎ᠠ ᠶᠢᠨ  ᠪᠦᠳᠦᠭᠡᠭᠳᠡᠭᠦᠨ ᠢᠶᠠᠨ ᠲᠠᠸᠠᠷᠴᠢᠯᠠᠬᠤ ᠵᠤᠷᠢᠭ ᠢ ᠨᠢ ᠭᠦᠪᠴᠢᠯᠡᠵᠦ ᠦᠭᠭᠦ ᠭᠡᠷᠡᠭᠳᠠᠢ᠃           ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠰᠠᠶᠢᠳᠦᠷ ᠨᠠᠶᠢᠳᠠᠪᠤᠷᠢᠵᠢᠭᠤᠯᠪᠠᠯ ᠵᠤᠬᠢᠨ᠎ᠠ᠃ ᠮᠠᠯᠴᠢᠳ ᠮᠠᠯ  ᠠᠵᠦ ᠠᠬᠤᠢ ᠪᠠᠨ ᠵᠠᠬ᠎ᠠ ᠲᠡᠯᠭᠡᠭᠦᠷ ᠲᠤ ᠤᠷᠤᠭᠤᠯᠬᠤ ᠳᠤ ᠨᠠᠭᠠᠳᠦ ᠵᠠᠬ᠎ᠠ ᠳᠠᠭᠠᠨ ᠪᠡᠯᠡ ᠮᠦᠡᠭᠭᠦᠨ ᠤ ᠠᠰᠠᠭᠤᠳᠠᠯ ᠢ  ᠰᠢᠢᠳᠪᠦᠷᠢᠯᠡᠭᠦ ᠴᠢᠬᠤᠯᠠᠳᠠᠢ᠃ ᠡᠨᠡ ᠦᠶ᠎ᠠ ᠳᠤ ᠵᠠᠰᠠᠭ ᠤᠨ ᠤᠷᠳᠤᠨ ᠠᠴᠠ ᠵᠢᠭᠡᠯᠡᠯᠭᠡ ᠲᠠᠯᠪᠢᠬᠤ᠂ ᠭᠦᠦ  ᠨᠤᠷᠮ᠎ᠠ ᠶᠢ ᠪᠠᠭᠠᠰᠬᠠᠬᠤ ᠵᠡᠷᠭᠡ ᠠᠷᠭ᠎ᠠ ᠭᠡᠯᠪᠡᠷᠢ ᠪᠠᠷ ᠮᠠᠯᠴᠢᠳ ᠤᠨ ᠦᠢᠯᠡᠳᠪᠦᠷᠢᠯᠡᠯ ᠢᠶᠠᠨ ᠭᠦᠭᠵᠢᠭᠦᠯᠭᠦ ᠳᠤ ᠪᠡᠯᠡ  ᠮᠦᠡᠭᠭᠦᠨ ᠤ ᠪᠠᠳᠤᠯᠠᠭ᠎ᠠ ᠬᠠᠨᠭ᠍ᠭᠠᠪᠠᠯ ᠵᠤᠬᠢᠨ᠎ᠠ᠃           ᠰᠤᠷᠠᠭ ᠴᠢᠮᠡᠭᠡᠨ ᠤ ᠦᠢᠯᠡᠴᠢᠯᠡᠭᠡ ᠬᠠᠨᠭ᠍ᠭᠠᠵᠦ᠂ ᠠᠷᠭ᠎ᠠ ᠤᠬᠠᠭᠠᠨ ᠰᠡᠯᠪᠢᠵᠦ ᠦᠭᠪᠡᠯ ᠵᠤᠬᠢᠨ᠎ᠠ᠃ ᠰᠤᠷᠠᠭ  ᠴᠢᠮᠡᠭᠡ ᠪᠤᠯ ᠮᠠᠯᠴᠢᠳ ᠤᠨ ᠮᠠᠯ ᠤᠨ ᠠᠰᠢᠭ ᠰᠢᠮ᠎ᠠ ᠶᠢᠨ ᠪᠦᠳᠦᠭᠡᠭᠳᠡᠭᠦᠨ ᠢᠶᠠᠨ ᠵᠠᠬ᠎ᠠ ᠲᠡᠯᠭᠡᠭᠦᠷ ᠲᠤ ᠭᠠᠷᠭᠠᠬᠤ  ᠲᠦᠯᠬᠢᠭᠦᠷ ᠭᠡᠵᠦ ᠭᠡᠯᠡᠵᠦ ᠪᠤᠯᠤᠨ᠎ᠠ᠂ ᠡᠨᠡᠭᠦ ᠲᠦᠯᠬᠢᠭᠦᠷ ᠢ ᠠᠳᠬᠤᠴᠢᠬᠠᠪᠠᠯ ᠭᠠᠷᠬᠤ ᠵᠠᠮ ᠴᠦ ᠠᠮᠠᠷᠬᠠᠨ  ᠪᠤᠯᠴᠢᠬᠠᠨ᠎ᠠ᠃ ᠮᠠᠯᠵᠢᠬᠤ ᠤᠷᠤᠨ ᠳᠤ ᠮᠠᠯ ᠠᠵᠦ ᠠᠬᠤᠢ ᠶᠢᠨ ᠡᠬᠢ ᠪᠠᠶᠠᠯᠢᠭ ᠶᠠᠷᠢᠶᠠᠨ ᠦᠭᠡᠢ ᠡᠯᠪᠡᠭ᠂ ᠭᠡᠪᠡᠴᠦ  ᠵᠠᠮ ᠨᠡᠪᠳᠡᠷᠡᠯᠭᠡ ᠲᠦᠭᠦᠮ ᠦᠭᠡᠢ᠂ ᠰᠤᠷᠠᠭ ᠵᠠᠩᠭᠢ ᠤᠯᠬᠤ ᠳᠤ ᠭᠦᠴᠢᠷ ᠵᠡᠷᠭᠡ ᠠᠰᠠᠭᠤᠳᠠᠯ ᠠᠴᠠ ᠪᠤᠯᠵᠦ᠂ ᠡᠬᠢ  ᠪᠠᠶᠠᠯᠢᠭ ᠢᠶᠠᠨ ᠭᠠᠳᠠᠭᠰᠢ ᠭᠠᠷᠭᠠᠬᠤ᠂ ᠬᠠᠮᠢᠭᠠᠰᠢ ᠪᠠᠨ ᠭᠡᠷᠬᠢᠨ ᠭᠠᠷᠭᠠᠬᠤ ᠵᠡᠷᠭᠡ ᠲᠠᠯ᠎ᠠ ᠪᠠᠷ ᠮᠠᠯᠴᠢᠳ ᠭᠠᠷ  ᠮᠤᠬᠤᠷᠳᠠᠵᠦ ᠪᠠᠶᠢᠳᠠᠭ᠃ ᠡᠨᠡ ᠦᠶ᠎ᠠ ᠳᠤ ᠡᠯ᠎ᠠ ᠭᠠᠵᠠᠷ ᠤᠨ ᠬᠢᠨ ᠰᠤᠷᠠᠭ ᠴᠢᠮᠡᠭᠡᠨ ᠤ ᠦᠢᠯᠡᠴᠢᠯᠡᠭᠡ ᠪᠠᠨ  ᠴᠢᠩᠭᠠᠳᠬᠠᠵᠦ᠂ ᠤᠷᠤᠨ ᠠᠶᠢᠮᠠᠭ ᠬᠤᠰᠢᠭᠤ ᠰᠢᠶᠠᠨ᠂ ᠴᠢᠨᠠᠭᠰᠢᠯᠠᠨ ᠰᠤᠮᠤ ᠪᠠᠯᠭᠠᠰᠤᠨ ᠤ ᠵᠠᠬ᠎ᠠ ᠲᠡᠯᠭᠡᠭᠦᠷ ᠤᠨ  ᠰᠤᠷᠠᠭ ᠴᠢᠮᠡᠭᠡ ᠶᠢ ᠲᠧᠯᠸᠢᠰ᠂ ᠷᠠᠳᠢᠤ᠋᠂ ᠰᠤᠨᠢᠨ᠂ ᠭᠠᠷ ᠤᠳᠠᠰᠤᠨ ᠴᠠᠬᠢᠮ ᠮᠡᠳᠡᠭᠡ᠂ ᠸᠢᠴᠠᠲ ᠵᠡᠷᠭᠡ  ᠵᠠᠭᠤᠴᠢᠯᠠᠭᠤᠷ ᠤᠨ ᠲᠠᠪᠴᠠᠩ ᠢᠶᠠᠷ ᠮᠠᠯᠴᠢᠳ ᠲᠤ ᠴᠠᠭ ᠲᠤᠬᠠᠢ ᠳᠤᠨᠢ ᠲᠠᠮᠵᠢᠭᠤᠯᠵᠦ᠂ ᠲᠡᠳᠡᠨ ᠤ ᠵᠠᠬ᠎ᠠ  ᠲᠡᠯᠭᠡᠭᠦᠷ ᠤᠨ ᠭᠡᠷᠡᠭᠴᠡᠭᠡ ᠱᠠᠭᠠᠷᠳᠠᠯᠭ᠎ᠠ ᠳᠤ ᠲᠤᠬᠢᠷᠠᠭᠤᠯᠵᠦ ᠪᠠᠶᠢᠭᠠᠳ ᠪᠦᠳᠦᠭᠡᠭᠳᠡᠭᠦᠨ ᠢᠶᠠᠨ ᠪᠤᠷᠤᠯᠠᠭᠤᠯᠬᠤ ᠳᠤᠨᠢ  ᠪᠠᠳᠤᠯᠠᠭ᠎ᠠ ᠬᠠᠨᠭ᠍ᠭᠠᠪᠠᠯ ᠵᠤᠬᠢᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号