ᠮᠠᠯᠴᠢᠨ  ᠲᠠᠷᠢᠶᠠᠴᠢᠳ  ᠤᠨ ᠬᠤᠳᠠ ᠤᠷᠤᠵᠤ ᠭᠡᠷ ᠪᠠᠶᠢᠰᠢᠩ  ᠬᠤᠳᠠᠯᠳᠤᠨ ᠠᠪᠬᠤ ᠶᠢ ᠲᠡᠮᠵᠢᠵᠤ ᠭᠡᠷ ᠪᠠᠶᠢᠰᠢᠩ ᠭᠠᠵᠠᠷ ᠰᠢᠷᠤᠢ ᠶᠢᠨ ᠬᠥᠷᠤᠩᠭᠡ ᠶᠢᠨ  ᠨᠦᠭᠡᠴᠡ ᠶᠢ ᠰᠢᠢᠳᠪᠤᠷᠢᠯᠡᠨ᠎ᠡ
ᠨᠡᠶᠢᠲᠡᠯᠡᠭᠰᠡᠨ ᠴᠠᠭ᠄
2017/2/15
       ᠰᠢᠨᠬᠤᠸᠠ ᠬᠤᠷᠢᠶᠠᠨ ᠤ ᠬᠥᠭᠡᠬᠤᠳᠡ ᠶᠢᠨ 12 ᠰᠠᠷ᠎ᠠ ᠶᠢᠨ 26 ᠤ ᠡᠳᠤᠷ ᠤᠨ  ᠮᠡᠳᠡᠭᠡ  ︵ᠫᠧᠩ  ᠶᠤᠸᠠᠨ︶  ᠦᠪᠤᠷ ᠮᠤᠩᠭᠤᠯ ᠤᠨ ᠤᠷᠤᠨ ᠰᠠᠭᠤᠴᠠ ᠪᠠ ᠬᠤᠳᠠ ᠬᠥᠳᠡᠭᠡ ᠶᠢᠨ ᠪᠦᠳᠤᠭᠡᠨ ᠪᠠᠶᠢᠭᠤᠯᠤᠯᠳᠡ   ᠶᠢᠨ  ᠲᠢᠩᠬᠢᠮ  ᠲᠤᠮᠳᠠᠳᠤ  ᠤᠯᠤᠰ ᠤᠨ ᠲᠠᠷᠢᠶᠠᠯᠠᠩ ᠤᠨ ᠪᠠᠩᠬᠢ ᠶᠢᠨ ᠦᠪᠤᠷ ᠮᠤᠩᠭᠤᠯ ᠳᠠᠬᠢ ᠬᠤᠪᠢᠶᠠᠷᠢ ᠪᠠᠩᠬᠢ ᠲᠠᠢ ᠲᠦᠷᠤᠬᠦᠭᠡᠨ ︽ᠪᠦᠬᠦ  ᠲᠠᠯ᠎ᠠ   ᠶᠢᠨ  ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠬᠡᠯᠡᠯᠴᠡᠭᠡᠷ︾ ᠢ ᠲᠤᠬᠳᠠᠭᠠᠵᠤ᠂ ᠭᠡᠷ ᠪᠠᠶᠢᠰᠢᠩ ᠭᠠᠵᠠᠷ ᠰᠢᠷᠤᠢ ᠶᠢᠨ ᠬᠥᠷᠤᠩᠭᠡ ᠶᠢᠨ ᠨᠦᠭᠡᠴᠡ ᠶᠢ ᠪᠠᠭᠠᠰᠬᠠᠬᠤ᠂ ᠳᠦᠭᠦᠮ ᠪᠦᠲᠦᠴᠡᠲᠦ ᠤᠷᠤᠨ ᠰᠠᠭᠤᠴᠠ ᠶᠢᠨ ᠲᠤᠭᠤᠷᠢᠭ ᠢ ᠦᠭᠡᠷᠡᠴᠢᠯᠡᠬᠦ᠂ ᠨᠡᠶᠢᠲᠡ ᠶᠢᠨ  ᠬᠤᠷᠠᠮᠳᠤᠭᠤᠯᠤᠯ ᠤᠨ ᠮᠥᠡᠭᠭᠦ  ᠶᠢᠨ ᠨᠠᠶᠢᠳᠠᠯᠭ᠎ᠠ ᠶᠢᠨ ᠵᠢᠭᠡᠯᠡᠯᠭᠡ ᠵᠡᠷᠭᠡ ᠤᠯᠠᠨ ᠲᠠᠯ᠎ᠠ ᠠᠴᠠ  ᠦᠷᠭᠡᠨ  ᠤᠯᠠᠨ  ᠮᠠᠯᠴᠢᠨ  ᠲᠠᠷᠢᠶᠠᠴᠢᠳ ᠤᠨ  ᠬᠤᠳᠠ ᠤᠷᠤᠵᠤ ᠭᠡᠷ ᠪᠠᠶᠢᠰᠢᠩ ᠬᠤᠳᠠᠯᠳᠤᠨ ᠠᠪᠬᠤ ᠶᠢ ᠲᠡᠮᠵᠢᠨ ᠳᠤᠰᠠᠯᠠᠬᠤ ᠪᠠᠷ ᠳᠤᠭᠲᠠᠵᠠᠢ᠃                 ᠦᠪᠤᠷ ᠮᠤᠩᠭᠤᠯ ᠤᠨ ᠤᠷᠤᠨ ᠰᠠᠭᠤᠴᠠ ᠪᠠ ᠬᠤᠳᠠ ᠬᠥᠳᠡᠭᠡ ᠶᠢᠨ ᠪᠦᠳᠤᠭᠡᠨ  ᠪᠠᠶᠢᠭᠤᠯᠤᠯᠳᠡ   ᠶᠢᠨ  ᠲᠢᠩᠬᠢᠮ ᠤᠨ ᠬᠤᠯᠪᠤᠬᠳᠠᠯ ᠪᠦᠬᠦᠢ ᠬᠠᠷᠢᠭᠤᠴᠠᠯᠭᠠᠳᠠᠨ ᠢᠯᠡᠷᠭᠡᠶᠢᠯᠡᠬᠦ   ᠳᠡᠭᠡᠨ᠂  ᠲᠠᠸᠠᠷ ᠤᠨ  ᠭᠡᠷ  ᠪᠠᠶᠢᠰᠢᠩ ᠤᠨ  ᠨᠦᠭᠡᠴᠡ   ᠶᠢ  ᠲᠦᠷᠭᠡᠭᠡᠨ ᠰᠢᠢᠳᠪᠤᠷᠢᠯᠡᠬᠦ ᠶᠢᠨ ᠲᠦᠯᠤᠭᠡ᠂ ᠦᠪᠤᠷ ᠮᠤᠩᠭᠤᠯ ᠤᠨ ᠤᠷᠤᠨ ᠰᠠᠭᠤᠴᠠ ᠪᠠ ᠬᠤᠳᠠ ᠬᠥᠳᠡᠭᠡ ᠶᠢᠨ  ᠪᠦᠳᠤᠭᠡᠨ  ᠪᠠᠶᠢᠭᠤᠯᠤᠯᠳᠡ ᠶᠢᠨ ᠲᠢᠩᠬᠢᠮ ᠠᠴᠠ ᠭᠡᠷ ᠪᠠᠶᠢᠰᠢᠩ ᠭᠠᠵᠠᠷ ᠰᠢᠷᠤᠢ ᠶᠢᠨ ᠬᠥᠷᠤᠩᠭᠡ  ᠶᠢᠨ ᠨᠡᠭᠡᠭᠡᠨ ᠬᠥᠭᠵᠢᠬᠦᠯᠤᠯᠳᠡ   ᠶᠢᠨ  ᠠᠵᠤ  ᠠᠬᠤᠢᠢᠯᠠᠯ᠂ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠤᠯ ᠤᠨ  ᠮᠥᠡᠭᠭᠦ   ᠶᠢᠨ  ᠲᠦᠪ ᠢ  ᠵᠤᠬᠢᠴᠠᠭᠤᠯᠤᠨ  ᠲᠤᠮᠳᠠᠳᠤ  ᠤᠯᠤᠰ ᠤᠨ ᠲᠠᠷᠢᠶᠠᠯᠠᠩ ᠤᠨ ᠪᠠᠩᠬᠢ ᠶᠢᠨ ᠦᠪᠤᠷ ᠮᠤᠩᠭᠤᠯ ᠳᠠᠬᠢ ᠬᠤᠪᠢᠶᠠᠷᠢ ᠪᠠᠩᠬᠢ ᠲᠠᠢ ᠬᠠᠮᠳᠤᠷᠠᠯᠴᠠᠬᠤ ᠬᠠᠷᠢᠴᠠᠭ᠎ᠠ ᠪᠠᠶᠢᠭᠤᠯᠵᠤ᠂ ᠲᠡᠬᠦᠨ ᠢ ᠬᠠᠪᠰᠤᠷᠤᠨ ᠮᠠᠯᠴᠢᠨ ᠲᠠᠷᠢᠶᠠᠴᠢᠳ ᠲᠤ ᠵᠢᠭᠡᠯᠡᠯᠭᠡ ᠶᠢᠨ ᠲᠡᠮᠵᠢᠯᠭᠡ ᠬᠠᠩᠭᠠᠯᠭᠠᠨ᠎ᠠ︔ ᠲᠠᠷᠢᠶᠠᠯᠠᠩ ᠤᠨ ᠪᠠᠩᠬᠢ ᠶᠢᠨ ᠡᠬᠢ ᠪᠠᠶᠠᠯᠢᠬ ᠲᠤ ᠲᠦᠰᠢᠭᠯᠡᠨ᠂ ᠲᠦᠬᠦᠮ ᠪᠦᠳᠤᠴᠡᠳᠤ ᠤᠷᠤᠨ ᠰᠠᠭᠤᠴᠠ   ᠶᠢᠨ  ᠲᠤᠭᠤᠷᠢᠬ ᠢ  ᠦᠭᠡᠷᠡᠴᠢᠯᠡᠬᠦ  ᠵᠢᠭᠡᠯᠡᠯᠭᠡ   ᠶᠢᠨ  ᠵᠦᠢᠯᠡᠰ ᠢ ᠲᠡᠬᠦᠯᠳᠡᠷᠵᠢᠬᠦᠯᠵᠤ᠂ ᠮᠠᠯᠴᠢᠨ ᠲᠠᠷᠢᠶᠠᠴᠢᠳ ᠲᠤ ᠬᠠᠨᠳᠤᠭᠤᠯᠤᠭᠰᠠᠨ ᠵᠦᠪᠰᠢᠶᠡᠷᠡᠯ ᠤᠨ  ᠨᠦᠬᠦᠴᠡᠯ ᠢ  ᠵᠤᠬᠢᠰᠳᠠᠢ  ᠪᠠᠭᠤᠷᠠᠭᠤᠯᠤᠨ᠂ ᠬᠠᠷᠠᠭᠠᠯᠵᠠᠯᠳᠤ ᠬᠥᠤ ᠶᠢᠨ ᠨᠤᠷᠮ᠎ᠠ ᠶᠢ ᠬᠡᠷᠡᠭᠵᠢᠬᠦᠯᠤᠨ᠎ᠠ︔ ᠡᠬᠦᠨ  ᠠᠴᠠ ᠭᠠᠳᠠᠨ᠎ᠠ᠂ ᠡᠯ᠎ᠠ ᠬᠤᠳᠠ ᠶᠢᠨ  ᠤᠷᠤᠨ  ᠰᠠᠭᠤᠴᠠ   ᠶᠢᠨ ᠨᠡᠶᠢᠲᠡ ᠶᠢᠨ ᠬᠤᠷᠠᠮᠳᠤᠭᠤᠯᠤᠯ ᠤᠨ ᠮᠥᠡᠭᠭᠦ ᠶᠢᠨ ᠲᠦᠪ ᠬᠢᠭᠡᠳ  ᠲᠠᠷᠢᠶᠠᠯᠠᠩ ᠤᠨ  ᠪᠠᠩᠬᠢ   ᠶᠢᠨ  ᠲᠤᠬᠠᠢᠢᠯᠠᠬᠰᠠᠨ  ᠠᠵᠢᠯ ᠤᠨ ᠬᠠᠮᠳᠤᠷᠠᠯᠴᠠᠭ᠎ᠠ ᠶᠢ ᠴᠢᠩᠭᠠᠳᠬᠠᠨ᠂ ᠨᠡᠶᠢᠲᠡ ᠶᠢᠨ  ᠬᠤᠷᠠᠮᠳᠤᠭᠤᠯᠤᠯ ᠤᠨ  ᠮᠥᠡᠭᠭᠦ   ᠶᠢᠨ  ᠲᠦᠪ   ᠲᠤ  ᠬᠠᠮᠵᠢᠨ  ᠨᠡᠶᠢᠲᠡ ᠶᠢᠨ ᠬᠤᠷᠠᠮᠳᠤᠭᠤᠯᠤᠯ ᠤᠨ ᠮᠥᠡᠭᠭᠦ ᠶᠢᠨ ᠨᠠᠶᠢᠳᠠᠯᠭ᠎ᠠ ᠶᠢᠨ ᠵᠢᠭᠡᠯᠡᠯᠭᠡ᠂ ᠨᠡᠶᠢᠲᠡ ᠶᠢᠨ  ᠬᠤᠷᠠᠮᠳᠤᠭᠤᠯᠤᠯ ᠤᠨ  ᠮᠥᠡᠭᠭᠦ   ᠶᠢᠨ  ᠨᠡᠶᠢᠯᠡᠮᠡᠯ ᠵᠢᠭᠡᠯᠡᠯᠭᠡ ᠵᠢᠭᠡᠯᠡᠬᠦᠯᠬᠦ ᠠᠵᠢᠯ ᠢ ᠦᠷᠨᠢᠬᠦᠯᠤᠨ᠂ ᠨᠡᠶᠢᠲᠡ ᠶᠢᠨ ᠬᠤᠷᠠᠮᠳᠤᠭᠤᠯᠤᠯ ᠤᠨ ᠮᠥᠡᠭᠭᠦ ᠶᠢᠨ ᠨᠠᠶᠢᠳᠠᠯᠭ᠎ᠠ   ᠶᠢᠨ  ᠵᠢᠭᠡᠯᠡᠯᠭᠡ ᠶᠢᠨ ᠬᠠᠮᠤᠷᠬᠤ ᠬᠡᠪᠴᠢᠶ᠎ᠠ ᠶᠢ ᠦᠷᠭᠡᠳᠭᠡᠬᠦ ᠶᠢ ᠲᠦᠯᠬᠢᠨ ᠠᠬᠢᠭᠤᠯᠤᠨ᠎ᠠ ᠭᠡᠵᠠᠢ᠃               ᠰᠤᠷᠪᠤᠯᠵᠢᠯᠠᠭᠴᠢ ᠶᠢᠨ ᠤᠢᠢᠯᠠᠭᠠᠭᠰᠠᠨ ᠢᠶᠠᠷ᠂ ᠲᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠦᠪᠤᠷ  ᠮᠤᠩᠭᠤᠯ ᠳᠠᠬᠢ ᠬᠤᠪᠢᠶᠠᠷᠢ ᠪᠠᠩᠬᠢ ᠨᠢᠭᠡᠨᠲᠡ ︽ᠲᠠᠷᠢᠶᠠᠴᠢᠳ ᠤᠨ ᠤᠷᠤᠴᠠ  ᠰᠠᠭᠤᠴᠠ   ᠪᠠᠨ  ᠲᠦᠪᠬᠢᠨᠡᠬᠦᠯᠬᠦ  ᠵᠢᠭᠡᠯᠡᠯᠭᠡ︾  ᠲᠠᠯᠪᠢᠵᠤ᠂ ᠠᠩᠬᠠᠨ ᠤ ᠤᠷᠤᠨ ᠰᠠᠭᠤᠴᠠ ᠪᠠᠨ ᠠᠪᠴᠦ ᠪᠠᠶᠢᠭ᠎ᠠ᠂ ᠠᠩᠬ᠎ᠠ ᠲᠤᠰᠢᠶᠠᠬᠤ  ᠮᠦᠡᠭᠬᠦ   ᠨᠢ  30%   ᠠᠴᠠ  ᠲᠡᠭᠡᠭᠰᠢᠬᠢ  ᠮᠠᠯᠴᠢᠨ ᠲᠠᠷᠢᠶᠠᠴᠢᠨ ᠳᠤ ᠬᠦᠦ ᠮᠦᠡᠭᠬᠦ ᠶᠢᠨ ᠨᠤᠷᠮ᠎ᠠ ᠨᠢ ᠬᠠᠮᠤᠭ ᠤᠨ ᠲᠤᠤᠷ᠎ᠠ  ᠳᠠᠭᠠᠨ  9  ᠬᠤᠪᠢ   ᠶᠢᠨ  ᠬᠠᠷᠠᠭᠠᠯᠵᠠᠯ  ᠦᠵᠡᠬᠦᠯᠪᠡ︔ ᠡᠬᠦᠨ ᠤ ᠬᠠᠮᠳᠤ᠂ ᠮᠠᠯᠴᠢᠨ ᠲᠠᠷᠢᠶᠠᠴᠢᠨ ᠤ ᠤᠷᠤᠯᠭ᠎ᠠ  ᠶᠢᠨ ᠤᠯᠠᠷᠢᠯ ᠤᠨ ᠴᠢᠨᠠᠷᠲᠠᠢ ᠤᠨᠴᠠᠯᠢᠭ   ᠲᠤ  ᠴᠢᠭᠯᠡᠬᠦᠯᠦᠨ᠂  ᠵᠢᠭᠡᠯᠡᠯᠭᠡ ᠪᠤᠴᠠᠭᠠᠬᠤ ᠠᠮᠢᠳᠤᠯᠢᠭ ᠦᠶᠡᠯᠡᠯ ᠤᠨ ᠬᠤᠭᠤᠴᠠᠭ᠎ᠠ ᠲᠤᠭᠲᠠᠭᠠᠵᠤ᠂ ᠰᠠᠷ᠎ᠠ ᠪᠠᠷ ᠲᠦᠯᠦᠬᠦ ᠠᠴᠠ ᠭᠠᠳᠠᠨ᠎ᠠ᠂ ᠤᠯᠠᠷᠢᠯ   ᠢᠶᠠᠷ᠂  ᠬᠠᠭᠠᠰ ᠵᠢᠯ ᠪᠤᠶᠤ ᠨᠢᠭᠡ ᠵᠢᠯ  ᠢᠶᠠᠷ ᠪᠤᠴᠠᠭᠠᠬᠤ ᠠᠷᠭ᠎ᠠ ᠬᠡᠯᠪᠡᠷᠢ ᠶᠢ ᠨᠡᠮᠡᠵᠤ᠂ ᠮᠠᠯᠴᠢᠨ ᠲᠠᠷᠢᠶᠠᠴᠢᠨ ᠤ ᠪᠡᠯᠡ ᠲᠤᠬᠢᠷᠠᠭᠤᠯᠬᠤ ᠲᠠᠷᠤᠭᠠᠰᠤ   ᠶᠢ ᠪᠦᠲᠦᠮᠵᠢᠲᠠᠢ ᠬᠦᠡᠭᠭᠡᠯᠡᠭᠰᠡᠨ ᠪᠠᠶᠢᠨ᠎ᠠ᠃                 ᠠᠩᠬ᠎ᠠ ᠠᠯᠬᠤᠮ ᠤᠨ ᠪᠦᠷᠢᠳᠭᠡᠯ ᠠᠴᠠ ᠦᠵᠡᠪᠡᠯ᠂ ᠤᠳᠤᠬᠠᠨ ᠳᠤ ᠦᠪᠤᠷ ᠮᠤᠩᠭᠤᠯ ᠤᠨ ᠲᠠᠸᠠᠷ ᠤᠨ ᠭᠡᠷ ᠪᠠᠶᠢᠰᠢᠩ ᠤᠨ ᠨᠦᠭᠡᠴᠡ ᠨᠡᠶᠢᠲᠡ 1.2 ᠳ᠋ᠦᠡᠭᠰᠢᠭᠤᠷ ᠲᠡᠭᠰᠢ ᠲᠦᠷᠪᠡᠯᠵᠢᠨ ᠮᠧᠲᠷ ᠪᠠᠶᠢᠵᠤ᠂ ᠡᠬᠦᠨ ᠤ ᠲᠤᠳᠤᠷ᠎ᠠ ᠲᠠᠸᠠᠷ ᠤᠨ  ᠤᠷᠤᠨ  ᠰᠠᠭᠤᠴᠠ ᠶᠢᠨ ᠨᠦᠭᠡᠴᠡ 7000 ᠲᠦᠮᠡᠨ ᠲᠡᠭᠰᠢ ᠲᠦᠷᠪᠡᠯᠵᠢᠨ ᠮᠧᠲᠷ ᠪᠠᠶᠢᠨ᠎ᠠ᠃  ᠦᠪᠤᠷ  ᠮᠤᠩᠭᠤᠯ ᠤᠨ  2020  ᠤᠨ ᠤ  ᠬᠤᠲᠠ ᠪᠠᠯᠭᠠᠰᠤᠵᠢᠯᠲᠠ ᠶᠢᠨ ᠨᠤᠷᠮ᠎ᠠ ᠶᠢ 65% ᠳᠤ ᠬᠦᠷᠭᠡᠬᠦ ᠬᠠᠷᠠᠯᠲᠠ ᠪᠠᠷ ᠪᠤᠳᠤᠪᠠᠯ᠂ ᠲᠠᠷᠠᠭᠠᠴᠢ ᠶᠢᠨ ᠱᠠᠳᠤᠨ ᠳᠤ 210  ᠲᠦᠮᠡ ᠠᠴᠠ 230 ᠲᠦᠮᠡᠨ ᠬᠦᠮᠦᠨ ᠢ ᠬᠤᠲᠠ  ᠳᠤ ᠰᠢᠯᠵᠢᠬᠦᠯᠬᠦ ᠤᠴᠢᠷ   ᠠᠴᠠ  ᠪᠠᠷᠤᠭ  3000  ᠲᠦᠮᠡᠨ  ᠲᠡᠭᠰᠢ  ᠲᠦᠷᠪᠡᠯᠵᠢᠨ ᠮᠧᠲᠷ ᠤᠨ ᠨᠦᠭᠡᠴᠡ ᠶᠢ ᠰᠢᠢᠳᠪᠤᠷᠢᠯᠡᠵᠤ ᠲᠡᠶᠢᠯᠦᠨ᠎ᠡ᠂ ᠡᠨᠡ ᠨᠢ ᠤᠳᠤ ᠶᠢᠨ ᠲᠠᠸᠠᠷ ᠤᠨ ᠤᠷᠤᠨ ᠰᠠᠭᠤᠴᠠ ᠶᠢᠨ ᠨᠦᠭᠡᠴᠡ   ᠶᠢᠨ 40%  ᠶᠢ ᠡᠵᠡᠯᠡᠬᠦ ᠪᠤᠯᠤᠨ᠎ᠠ᠃      ᠰᠤᠪᠤᠳ
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号