2016 ᠣᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ
ᠨᠡᠶᠢᠲᠡᠯᠡᠭᠰᠡᠨ ᠴᠠᠭ᠄
2017/2/16
            ᠵᠠᠰᠠᠭ   ᠎ ᠤᠨ    ᠤᠷᠳᠤᠨ    ᠎ ᠤ    ᠠᠵᠢᠯ   ᠎ ᠤᠨ    ᠢᠯᠡᠳᠭᠡᠯ                          —— 2016  ᠤᠨ ᠤ  3 ᠰᠠᠷᠠᠶᠢᠨ 11᠎ ᠤ ᠡᠳᠤᠷ ᠤᠨ  ᠬᠦᠪᠡᠭᠡᠲᠤ  ᠰᠢᠷ᠎ᠠ  ᠬᠤᠰᠢᠭᠤᠨ  ᠎ ᠤ ᠠᠷᠪᠠᠨ  ᠲᠦᠷᠪᠠᠳᠤᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠠᠪᠤᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ                       ᠬᠦᠪᠡᠭᠡᠳᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠳᠠᠷᠤᠭ᠎ᠠ      ᠲᠠᠪᠰᠢᠯᠲᠦᠲᠦᠯᠦᠭᠡᠯᠡᠭᠴᠢᠳ ᠡ᠄        ᠤᠳᠤ᠂ ᠪᠢ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠵᠣ ᠶᠡᠭᠡ ᠬᠤᠷᠠᠯ ᠳᠤ ᠠᠵᠢᠯ ᠎ ᠤᠨ ᠢᠯᠡᠳᠬᠡᠯ ᠬᠢᠶ᠎ᠡ᠂ ᠡᠭᠦᠨ ᠤ ᠳᠠᠭᠠᠤ ︽ᠬᠥᠪᠡᠭᠡᠲᠦ ᠰᠢᠷ᠎ᠠ ᠬᠤᠰᠢᠭᠤᠨ ᠤ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠦᠭᠵᠢᠭᠦᠯᠦᠯᠲᠡ ᠶᠢᠨ ᠠᠷᠪᠠᠨ ᠭᠤᠷᠪᠠᠳᠣᠭᠠᠷ ᠲᠠᠪᠤᠨ ᠵᠢᠯ ᠤᠨ ᠲᠦᠯᠦᠪᠵᠢᠭᠦᠯᠭᠡ ᠶᠢᠨ ᠬᠥᠲᠥᠯᠪᠦᠷᠢ ︵ᠡᠬᠡ ᠨᠣᠣᠷᠠᠭ︶︾᠎ ᠶᠢ ᠬᠠᠮᠲᠤ ᠳᠤᠨᠢ ᠬᠢᠨᠠᠨ ᠵᠥᠪᠯᠡᠬᠦ ᠪᠣᠯᠪᠠᠣ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠪᠤᠯᠤᠨ ᠬᠤᠷᠠᠯ ᠳᠤ ᠰᠤᠯᠠ ᠣᠷᠣᠯᠴᠠᠭᠰᠠᠨ ᠨᠥᠬᠦᠳ ᠠᠴᠠ ᠰᠠᠨᠠᠯ ᠢᠶᠠᠨ ᠳᠤᠷᠠᠳᠬᠤ ᠶᠢ ᠬᠦᠰᠡᠶ᠎ᠡ᠃        ᠨᠢᠭᠡ᠂ ︽ᠠᠷᠪᠠᠨ ᠬᠤᠶᠠᠳᠣᠭᠠᠷ ᠲᠠᠪᠤᠨ ᠵᠢᠯ︾᠎ ᠤᠨ ᠬᠤᠭᠤᠴᠠᠭ᠎ᠠ ᠪᠠ 2015 ᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠡᠷᠭᠢᠴᠡᠭᠦᠯᠦᠯ ︽ᠠᠷᠪᠠᠨ ᠬᠤᠶᠠᠳᠣᠭᠠᠷ ᠲᠠᠪᠤᠨ ᠵᠢᠯ︾᠎ ᠤᠨ ᠲᠦᠯᠦᠪᠵᠢᠭᠦᠯᠭᠡ ᠶᠢᠨ ᠬᠤᠭᠤᠴᠠᠭ᠎ᠠ ᠪᠤᠯ᠂ ᠮᠠᠨ ᠤ ᠬᠤᠰᠢᠭᠤᠨ ᠤ ᠭᠦᠭᠵᠢᠯᠳᠡ ᠶᠢᠨ ᠶᠠᠪᠣᠴᠠ ᠳᠠᠬᠢ ᠶᠠᠷᠦ ᠪᠣᠰᠣ ᠶᠢᠨ ᠲᠠᠪᠤᠨ ᠵᠢᠯ ᠪᠣᠯᠣᠨ᠎ᠠ᠃ ᠲᠠᠪᠤᠨ ᠵᠢᠯ ᠤᠨ ᠳᠤᠷᠰᠢ᠂ ᠬᠤᠰᠢᠭᠤ ᠠᠷᠠᠳ ᠤᠨ ᠵᠠᠰᠠᠭ ᠤᠨ ᠤᠷᠳᠤᠨ ᠨᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠤᠯᠤᠨ ᠬᠤᠰᠢᠭᠤ ᠨᠠᠮ ᠤᠨ ᠬᠤᠷᠢᠶᠠᠨ ᠤ ᠵᠦᠪ ᠤᠨᠤᠪᠴᠢᠲᠠᠢ ᠤᠳᠤᠷᠢᠳᠤᠯᠭ᠎ᠠ ᠳᠤᠤᠷ᠎ᠠ᠂ ᠪᠦᠬᠦ ᠬᠤᠰᠢᠭᠤᠨ ᠤ ᠡᠯ᠎ᠡ ᠦᠨᠳᠦᠰᠦᠳᠠᠨ ᠤ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠲᠠᠭᠠᠭᠤᠯᠵᠦ᠂ ᠲᠦᠪ᠂ ᠦᠪᠡᠷᠳᠡᠭᠡᠨ ᠵᠠᠰᠠᠬᠤ ᠣᠷᠣᠨ ᠤ ᠴᠢᠭᠯᠡᠯᠲᠡ ᠲᠦᠷᠦ ᠶᠢᠨ ᠪᠣᠳᠣᠯᠭ᠎ᠠ ᠪᠣᠯᠣᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠰᠢᠢᠳᠪᠦᠷᠢᠲᠤ ᠪᠣᠳᠣᠯᠭ᠎ᠠ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠵᠢᠷᠭᠤᠭᠠᠨ ᠨᠢᠭᠡᠳᠦᠭᠡᠷ︾ ᠭᠤᠣᠯ ᠡᠭᠦᠷᠭᠡ ᠶᠢᠨ ᠳᠣᠭᠤᠷᠢᠨ ᠳᠤ᠂ ᠳᠣᠭᠳᠠᠭᠤᠨ ᠪᠠᠶᠢᠯᠭᠠᠬᠤ ᠪᠦᠭᠡᠳ ᠣᠷᠣᠭᠰᠢᠯᠠᠬᠤ ᠠᠵᠢᠯ ᠤᠨ ᠶᠡᠷᠦᠩᠭᠡᠢ ᠠᠶᠢᠵᠠᠮ ᠢ ᠪᠠᠷᠢᠮᠳᠠᠯᠠᠵᠦ᠂ ᠳᠣᠭᠳᠠᠭᠤᠨ ᠢᠶᠠᠷ ᠨᠡᠮᠡᠭᠳᠡᠭᠦᠯᠬᠦ᠂ ᠦᠭᠡᠷᠡᠴᠢᠯᠠᠯᠳᠠ ᠶᠢ ᠠᠭᠢᠭᠤᠯᠬᠤ᠂ ᠪᠦᠳᠦᠴᠠ ᠶᠢ ᠲᠤᠬᠢᠷᠠᠭᠤᠯᠬᠤ᠂ ᠠᠷᠠᠳ ᠤᠨ ᠠᠮᠢᠳᠣᠷᠠᠯ ᠢ ᠬᠠᠷᠠᠭᠠᠯᠵᠠᠬᠤ᠂ ᠲᠦᠭᠰᠢᠭᠦᠷᠢ ᠠᠴᠠ ᠰᠠᠷᠭᠡᠶᠢᠯᠡᠬᠦ ᠡᠯ᠎ᠡ ᠲᠦᠷᠦᠯ ᠤᠨ ᠠᠵᠢᠯ ᠢ ᠯᠠᠪᠳᠠᠭᠤᠨ ᠪᠠᠳᠣᠲᠠᠢ ᠦᠷᠨᠢᠭᠦᠯᠦᠭᠰᠡᠨ ᠢᠶᠠᠷ᠂ ᠠᠵᠦ ᠠᠬᠤᠢ ᠶᠢᠨ ᠪᠣᠳᠠᠲᠦ ᠭᠦᠴᠦᠨ ᠢᠯᠡᠳᠲᠡ ᠴᠢᠩᠭᠠᠷᠠᠨ᠂ ᠬᠤᠳᠠ ᠭᠦᠳᠡᠭᠡ ᠶᠢᠨ ᠳᠦᠷᠰᠤ ᠪᠠᠶᠢᠳᠠᠯ ᠶᠡᠬᠡᠪᠡᠷ ᠬᠤᠪᠢᠷᠠᠵᠦ᠂ ᠠᠷᠠᠳ ᠤᠨ ᠠᠮᠢᠳᠣᠷᠠᠯ ᠤᠨ ᠪᠠᠳᠣᠯᠠᠭ᠎ᠠ ᠦᠷᠭᠦᠯᠵᠢᠯᠠᠨ ᠰᠠᠶᠢᠵᠢᠷᠠᠨ᠂ ᠨᠡᠶᠢᠭᠡᠮ ᠤᠨ ᠠᠵᠢᠯ ᠦᠢᠯᠡᠰ ᠪᠦᠬᠦ ᠲᠠᠯ᠎ᠠ ᠪᠠᠷ ᠭᠦᠭᠵᠢᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠠᠯᠡᠬᠦᠯᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃        — — ᠠᠵᠤ ᠠᠬᠤᠢ ᠶᠢᠨ ᠶᠡᠷᠦᠩᠬᠡᠶᠢᠯᠡᠭᠰᠡᠨ ᠪᠤᠳᠠᠲᠤ ᠬᠦᠴᠦᠨ ᠰᠢᠨ᠎ᠠ ᠱᠠᠲᠤᠨ ᠳᠤ ᠭᠠᠷᠪᠠ᠃ ᠠᠵᠦ ᠠᠬᠤᠢ ᠶᠢᠨ ᠭᠦᠭᠵᠢᠯᠳᠡ ᠶᠢᠨ ᠰᠢᠨ᠎ᠠ ᠭᠡᠪ ᠪᠠᠶᠢᠳᠠᠯ ᠳᠤ ᠢᠳᠡᠪᠭᠢᠲᠠᠢ ᠪᠠᠷ ᠵᠣᠭᠢᠴᠠᠨ᠂ ᠠᠵᠦ ᠠᠬᠤᠢ ᠶᠢᠨ ᠪᠠᠭᠤᠷᠠᠯᠳᠠ ᠶᠢᠨ ᠲᠠᠷᠣᠭᠠᠰᠣ ᠶᠢ ᠪᠦᠳᠦᠮᠵᠢᠲᠠᠢ ᠠᠷᠭᠠᠴᠠᠭᠠᠵᠤ᠂ ᠠᠵᠦ ᠠᠬᠤᠢ ᠶᠢᠨ ᠭᠦᠭᠵᠢᠯᠳᠡ ᠶᠢᠨ ᠶᠠᠰᠣ ᠴᠢᠨᠠᠷ ᠪᠠ ᠦᠷ᠎ᠡ ᠠᠰᠢᠭ ᠢ ᠨᠡᠩ ᠴᠢᠬᠤᠯᠠᠴᠢᠯᠠᠵᠦ᠂ ᠠᠵᠦ ᠠᠬᠤᠢ ᠦᠷᠭᠦᠯᠵᠢᠯᠠᠨ ᠡᠷᠡᠭᠦᠯ ᠢᠶᠠᠷ ᠭᠦᠭᠵᠢᠪᠡ᠃ ︽ᠠᠷᠪᠠᠨ ᠬᠤᠶᠠᠳᠤᠭᠠᠷ ᠲᠠᠪᠤᠨ ᠵᠢᠯ︾᠎ ᠤᠨ ᠰᠡᠭᠦᠯᠴᠢ ᠶᠢᠨ ᠬᠤᠭᠤᠴᠠᠭᠠᠨ ᠳᠤ᠂ ᠪᠦᠬᠦ ᠬᠤᠰᠢᠭᠤᠨ ᠤ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 52.7 ᠳ᠋ᠦᠩᠰᠢᠭᠤᠷ ᠲᠦᠭᠦᠷᠢᠭ ᠲᠤ ᠭᠦᠷᠴᠦ᠂ ︽ᠠᠷᠪᠠᠨ ᠨᠢᠭᠡᠳᠦᠭᠡᠷ ᠲᠠᠪᠤᠨ ᠵᠢᠯ︾᠎ ᠤᠨ ᠰᠡᠭᠦᠯᠴᠢ ᠶᠢᠨ ᠬᠤᠭᠤᠴᠠᠭ᠎ᠠ ᠠᠴᠠ 65.9%᠎ ᠪᠠᠷ ᠨᠡᠮᠡᠭᠳᠠᠵᠦ᠂ ᠵᠢᠯ ᠪᠦᠷᠢ ᠳᠣᠮᠳᠠᠴᠢ ᠪᠠᠷ 9.7%᠎ ᠪᠠᠷ ᠨᠠᠮᠡᠭᠳᠠᠪᠡ︔ ᠣᠯᠠᠨ ᠨᠠᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ 2.32 ᠳ᠋ᠦᠩᠰᠢᠭᠤᠷ ᠲᠦᠭᠦᠷᠢᠭ ᠲᠤ ᠭᠦᠷᠴᠦ᠂ ︽ᠠᠷᠪᠠᠨ ᠨᠢᠭᠡᠳᠦᠭᠡᠷ ᠲᠠᠪᠤᠨ ᠵᠢᠯ︾᠎ ᠤᠨ ᠰᠡᠭᠦᠯᠴᠢ ᠶᠢᠨ ᠬᠤᠭᠤᠴᠠᠭ᠎ᠠ ᠎ ᠠᠴᠠ 46.1%᠎ ᠪᠠᠷ ᠨᠡᠮᠡᠭᠳᠠᠵᠦ᠂ ᠵᠢᠯ ᠪᠦᠷᠢ ᠳᠣᠮᠳᠠᠴᠢ ᠪᠠᠷ 8%᠎ ᠪᠠᠷ ᠨᠠᠮᠡᠭᠳᠠᠪᠡ︔ ᠪᠦᠬᠦ ᠨᠡᠶᠢᠭᠡᠮ ᠤᠨ ᠭᠡᠷᠡᠭᠯᠡᠭᠡᠨ ᠤ ᠪᠣᠳᠠᠰ ᠤᠨ ᠵᠢᠵᠢᠭᠯᠡᠨ ᠬᠤᠳᠠᠯᠳᠣᠭᠰᠠᠨ ᠶᠡᠷᠦᠩᠭᠡᠢ ᠭᠡᠮᠵᠢᠶ᠎ᠠ 5.7 ᠳ᠋ᠦᠩᠰᠢᠭᠤᠷ ᠲᠦᠭᠦᠷᠢᠭ ᠲᠤ ᠭᠦᠷᠴᠦ᠂ ︽ᠠᠷᠪᠠᠨ ᠨᠢᠭᠡᠳᠦᠭᠡᠷ ᠲᠠᠪᠤᠨ ᠵᠢᠯ︾᠎ ᠤᠨ ᠰᠡᠭᠦᠯᠴᠢ ᠶᠢᠨ ᠬᠤᠭᠤᠴᠠᠭ᠎ᠠ ᠠᠴᠠ 96.9%᠎ ᠪᠠᠷ ᠨᠡᠮᠡᠭᠳᠠᠵᠦ᠂ ᠵᠢᠯ ᠪᠦᠷᠢ ᠳᠣᠮᠳᠠᠴᠢ ᠪᠠᠷ 14.5%᠎ ᠪᠠᠷ ᠨᠠᠮᠡᠭᠳᠠᠪᠡ︔ ᠲᠠᠪᠣᠨ ᠵᠢᠯ ᠳᠤ ᠲᠤᠭᠲᠠᠮᠠᠯ ᠬᠦᠷᠦᠩᠭᠡ ᠶᠢᠨ ᠪᠡᠯᠨ ᠤᠷᠤᠭᠤᠯᠤᠯᠲᠠ ᠨᠠᠶᠢᠳᠠ 90.9 ᠳ᠋ᠦᠩᠰᠢᠭᠤᠷ ᠲᠦᠭᠦᠷᠢᠭ ᠲᠤ ᠭᠦᠷᠴᠦ᠂ ︽ᠠᠷᠪᠠᠨ ᠨᠢᠭᠡᠳᠦᠭᠡᠷ ᠲᠠᠪᠤᠨ ᠵᠢᠯ︾᠎ ᠤᠨ ᠲᠦᠯᠦᠪᠵᠢᠭᠦᠯᠭᠡ ᠶᠢᠨ ᠬᠤᠭᠤᠴᠠᠭ᠎ᠠ ᠠᠴᠠ 24.2%᠎ ᠪᠠᠷ ᠨᠠᠮᠡᠭᠳᠠᠪᠡ᠃ ︽ᠠᠷᠪᠠᠨ ᠬᠤᠶᠠᠳᠣᠭᠠᠷ ᠲᠠᠪᠤᠨ ᠵᠢᠯ︾᠎ ᠤᠨ ᠲᠦᠯᠦᠪᠵᠢᠭᠦᠯᠭᠡ ᠶᠢᠨ ᠬᠤᠭᠤᠴᠠᠭᠠᠨ ᠳᠤ ᠡᠨᠧᠷᠭᠢ ᠶᠢ ᠠᠷᠪᠢᠯᠠᠨ ᠪᠣᠭᠢᠷᠳᠣᠯ ᠢ ᠪᠠᠭᠠᠰᠬᠠᠬᠤ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠪᠠᠶᠠᠯᠡᠭᠦᠯᠪᠠ᠃        — — ᠠᠵᠤ ᠦᠢᠯᠠᠰ ᠤᠨ ᠭᠡᠯᠪᠡᠷᠢ ᠶᠢ ᠬᠤᠪᠢᠷᠠᠭᠤᠯᠤᠨ ᠲᠠᠰ ᠲᠡᠪᠰᠢᠬᠦᠯᠬᠦ ᠠᠵᠢᠯ ᠰᠢᠨ᠎ᠠ ᠠᠬᠢᠴᠠ ᠎ ᠲᠠᠢ ᠪᠤᠯᠪᠠ᠃ ᠮᠠᠯ ᠠᠵᠦ ᠠᠬᠤᠢ ᠶᠢᠨ ᠭᠡᠪᠴᠢᠶᠠᠵᠢᠯᠳᠠ ᠪᠠ ᠦᠷ᠎ᠡ ᠠᠰᠢᠭ ᠢ ᠬᠠᠮᠳᠤ ᠳᠤᠨᠢ ᠨᠡᠮᠡᠭᠳᠡᠭᠦᠯᠪᠡ᠃ ᠮᠠᠯ ᠲᠡᠵᠢᠭᠡᠪᠦᠷᠢ ᠶᠢ ᠲᠡᠵᠢᠭᠡᠨ ᠦᠷᠡᠵᠢᠭᠦᠯᠬᠦ ᠣᠷᠣᠨ ᠲᠤᠭᠤᠷᠢᠭ ᠢ ᠣᠯᠠᠮ ᠵᠣᠭᠢᠰᠲᠠᠢ ᠪᠠᠶᠢᠷᠢᠯᠠᠭᠤᠯᠵᠦ᠂ ᠲᠡᠵᠢᠭᠡᠨ ᠦᠷᠡᠵᠢᠭᠦᠯᠬᠦ ︽ᠭᠤᠷᠪᠠᠨ ᠤᠷᠤᠨ ᠳᠣᠭᠤᠷᠢᠭ︾᠎ ᠢ ᠳᠣᠭᠳᠠᠭᠠᠨ᠂ ᠴᠠᠬᠠᠷ ᠬᠤᠨᠢ᠂ ᠮᠢᠬᠠᠨ ᠤ ᠦᠭᠡᠷ᠂ ᠰᠠᠭᠠᠯᠢ ᠎ ᠶᠢᠨ ᠦᠨᠢᠶ᠎ᠡ ᠶᠢ ᠠᠷᠠᠴᠢᠯᠠᠨ ᠮᠠᠯᠵᠢᠬᠤ ᠦᠢᠯᠡᠰ ᠢ ᠶᠡᠭᠡᠪᠡᠷ ᠭᠦᠭᠵᠢᠭᠦᠯᠵᠦ᠂ ᠮᠠᠯ ᠠᠵᠦ ᠠᠬᠤᠢ ᠶᠢᠨ ᠪᠦᠳᠦᠴᠠ ᠶᠢᠨ ᠳᠣᠭᠢᠷᠠᠭᠤᠯᠣᠯᠳᠠ ᠪᠠ ᠠᠵᠦ ᠦᠢᠯᠠᠰᠵᠢᠭ᠍ᠰᠡᠨ ᠡᠵᠡᠩᠨᠡᠯᠳᠠ ᠶᠢ ᠢᠳᠡᠪᠭᠢᠲᠠᠢ ᠲᠦᠯᠭᠢᠨ ᠠᠭᠢᠭᠤᠯᠵᠦ᠂ ᠦᠢᠯᠡᠳᠪᠣᠷᠢᠯᠠᠯ ᠡᠵᠡᠩᠨᠠᠯᠳᠠ ᠶᠢᠨ ᠠᠷᠭ᠎ᠠ ᠶᠢ ᠢᠳᠡᠭ ᠢᠳᠡᠭ ᠢᠶᠠᠷ ᠬᠤᠪᠢᠷᠠᠭᠤᠯᠣᠨ᠂ ᠮᠠᠯ ᠤᠨ ᠡᠭᠦᠯᠳᠡᠷ ᠰᠠᠶᠢᠵᠢᠷᠠᠭᠤᠯᠬᠤ ᠬᠠᠷᠢᠴᠠᠯ ᠢ ᠲᠠᠰᠣᠷᠠᠯᠳᠠ ᠦᠭᠡᠢ ᠳᠡᠭᠡᠭᠰᠢᠯᠡᠭᠦᠯᠪᠠ᠃ ᠣᠯᠣᠰ ᠤᠨ ᠲᠠᠷᠢᠶᠠᠯᠠᠩ ᠤᠨ ᠶᠠᠮᠣᠨ ᠠᠴᠠ ︽ᠴᠠᠬᠠᠷ ᠬᠤᠨᠢᠨ︾᠎ ᠤ ᠡᠭᠦᠯᠳᠡᠷ ᠢ ᠨᠡᠷᠡᠶᠢᠳᠴᠤ᠂ ︽ᠴᠠᠬᠠᠷ ᠬᠤᠨᠢᠨ ᠮᠢᠬ᠎ᠠ︾᠎ ᠨᠢ ᠣᠯᠣᠰ ᠤᠨ ᠭᠠᠵᠠᠷ ᠣᠷᠣᠨ ᠎ ᠤ ᠪᠡᠯᠭᠡ ᠳᠡᠮᠳᠡᠭᠲᠤ ᠬᠠᠮᠠᠭᠠᠯᠠᠯᠳᠠ ᠶᠢᠨ ᠪᠦᠳᠦᠭᠡᠭᠳᠡᠭᠦᠨ ᠤ ᠭᠢᠨᠠᠨ ᠨᠣᠳᠠᠯᠠᠯᠳᠠ ᠳᠤ ᠭᠢᠷᠢ ᠲᠡᠩᠴᠠᠵᠦ᠂ ︽ᠴᠠᠬᠠᠷ ᠬᠤᠨᠢᠨ ᠤ ᠠᠵᠦ ᠦᠢᠯᠠᠰ ᠤᠨ ᠭᠦᠭᠵᠢᠯᠳᠡ ᠶᠢᠨ ᠲᠠᠪᠣᠨ ᠵᠢᠯ ᠤᠨ ᠲᠦᠯᠦᠪᠵᠢᠭᠦᠯᠭᠡ︾᠎ ᠶᠢ ᠨᠠᠶᠢᠷᠠᠭᠤᠯᠣᠨ ᠲᠤᠭᠳᠠᠭᠠᠪᠠ᠃ ᠲᠦᠷᠦᠯ ᠵᠦᠢᠯ ᠤᠨ ᠪᠠᠯᠠ ᠮᠦᠩᠭᠦ ᠶᠢ ᠨᠡᠶᠢᠯᠡᠭᠦᠯᠦᠨ᠂ ᠴᠠᠬᠠᠷ ᠦᠷ᠎ᠡ ᠶᠢᠨ ᠮᠠᠯ ᠤᠨ ᠲᠠᠯᠠᠪᠠᠢ ᠶᠢ ᠪᠠᠶᠢᠭᠤᠯᠵᠦ᠂ ᠴᠠᠬᠠᠷ ᠦᠷ᠎ᠡ ᠶᠢᠨ ᠮᠠᠯ ᠤᠨ ᠲᠠᠯᠠᠪᠠᠢ ᠪᠠᠷ ᠲᠣᠯᠣᠭᠠᠶᠢᠯᠠᠭᠴᠢ ᠪᠣᠯᠭᠠᠭᠰᠠᠨ᠂ ᠬᠤᠷᠰᠢᠶᠠᠵᠢᠯ ᠪᠠ ᠦᠷ᠎ᠡ ᠶᠢᠨ ᠮᠠᠯ ᠢ ᠲᠡᠵᠢᠭᠡᠨ ᠦᠷᠡᠵᠢᠭᠦᠯᠬᠦ ᠳᠣᠰᠬᠠᠢ ᠡᠷᠦᠭᠡ ᠶᠢ ᠬᠠᠮᠣᠷᠣᠭᠰᠠᠨ ᠦᠷ᠎ᠡ ᠶᠢᠨ ᠮᠠᠯ ᠤᠨ ᠰᠠᠭᠤᠷᠢᠨ ᠢ ᠪᠠᠶᠢᠭᠤᠯᠪᠠ᠃ ᠮᠠᠯ ᠠᠵᠦ ᠠᠬᠤᠢ ᠶᠢᠨ ᠰᠠᠭᠤᠷᠢ ᠲᠦᠭᠦᠭᠡᠷᠦᠮᠵᠢ ᠡᠳᠦᠷ ᠢᠷᠡᠭᠦᠶ᠎ᠠ ᠲᠡᠭᠦᠯᠳᠡᠷᠵᠢᠵᠦ᠂ ᠲᠠᠪᠣᠨ ᠵᠢᠯ ᠎ ᠳᠤ ᠨᠡᠶᠢᠳᠠ 12.2 ᠲᠦᠮᠡᠨ ᠲᠡᠭᠰᠢ ᠲᠦᠷᠪᠡᠯᠵᠢᠨ ᠮᠧᠲᠷ ᠤᠨ ᠫᠧᠩ ᠬᠤᠷᠤᠭ᠎ᠠ᠂ 3.1 ᠲᠦᠮᠡᠨ ᠲᠡᠭᠰᠢ ᠲᠦᠷᠪᠡᠯᠵᠢᠨ ᠮᠧᠲᠷ ᠤᠨ ᠡᠪᠠᠰᠦ ᠬᠠᠳᠠᠭᠠᠯᠠᠬᠤ ᠫᠧᠩ ᠢ ᠪᠠᠶᠢᠭᠤᠯᠪᠠ᠃ ᠬᠤᠷᠰᠢᠶᠠᠵᠢᠯ ᠤᠨ ᠲᠠᠶᠢᠴᠢᠯᠠᠨ ᠲᠠᠭᠠᠭᠤᠯᠬᠤ ᠦᠢᠯᠡᠳᠦᠯ ᠲᠠᠰᠣᠷᠠᠯᠳᠠ ᠦᠭᠡᠢ ᠴᠢᠩᠭᠠᠷᠠᠵᠦ᠂ ᠬᠤᠷᠰᠢᠶᠠᠵᠢᠯ ᠨᠡᠶᠢᠳᠠ 330᠎ ᠳᠤ ᠭᠦᠷᠴᠦ᠂ 8200 ᠮᠠᠯᠴᠢᠳ ᠢ ᠳᠠᠶᠢᠴᠢᠯᠠᠪᠠ᠃ ᠡᠪᠡᠰᠤ ᠪᠤᠷᠳᠤᠭ᠎ᠠ ᠬᠠᠳᠠᠭᠠᠯᠠᠬᠤ ᠬᠦᠮᠦᠷᠭᠡ ᠶᠢᠨ ᠴᠢᠳᠠᠮᠵᠢ ᠪᠠ ᠡᠪᠡᠰᠤᠨ ᠤ ᠵᠠᠬ᠎ᠠ ᠳᠡᠯᠭᠡᠭᠦᠷ ᠢ ᠢᠳᠡᠭ ᠢᠳᠡᠭ ᠢᠶᠠᠷ ᠳᠡᠭᠦᠯᠳᠡᠷᠵᠢᠭᠦᠯᠵᠤ᠂ ᠡᠪᠠᠰᠦ ᠪᠣᠷᠳᠣᠭᠠᠨ ᠤ ᠬᠠᠩᠭᠠᠯᠭ᠎ᠠ ᠶᠢ ᠪᠠᠳᠣᠯᠠᠪᠠ᠃ ᠪᠠᠶᠢᠭᠠᠯᠢ ᠶᠢᠨ ᠭᠠᠮᠰᠢᠭ ᠢ ᠢᠳᠡᠪᠬᠢᠲᠠᠢ ᠠᠷᠭᠠᠴᠠᠭᠠᠨ᠂ ᠡᠪᠠᠰᠣ ᠪᠣᠷᠳᠤᠭ᠎ᠠ ᠨᠦᠭᠡᠴᠡᠯᠡᠬᠦ᠂ ᠵᠠᠮ ᠨᠡᠪᠳᠡᠷᠡᠬᠦᠯᠬᠦ ᠪᠠ ᠣᠨᠴᠠ ᠭᠦᠴᠢᠷᠳᠠᠯᠲᠠᠢ ᠡᠷᠦᠭᠡ ᠶᠢ ᠳᠣᠰᠠᠯᠠᠬᠤ ᠵᠡᠷᠭᠡ ᠠᠵᠢᠯ ᠢᠶᠠᠷ ᠳᠠᠮᠵᠢᠨ᠂ ᠭᠠᠮᠰᠢᠭ ᠠᠴᠠ ᠪᠤᠯᠤᠭᠰᠠᠨ ᠬᠤᠬᠢᠷᠠᠯ ᠪᠠ ᠨᠦᠯᠦᠭᠡ ᠶᠢ ᠬᠠᠮᠤᠭ ᠶᠡᠭᠡ ᠭᠡᠮᠵᠢᠶ᠎ᠡ ᠪᠠᠷ ᠪᠠᠭᠠᠰᠬᠠᠪᠠ᠃ ᠠᠵᠦ ᠦᠢᠯᠠᠳᠪᠣᠷᠢ ᠶᠢᠨ ᠠᠵᠦ ᠠᠬᠤᠢ ᠶᠢᠨ ᠭᠦᠭᠵᠢᠯᠳᠡ ᠶᠢᠨ ᠶᠠᠰᠣ ᠴᠢᠨᠠᠷ ᠪᠠ ᠦᠷ᠎ᠡ ᠠᠰᠢᠭ ᠢ ᠬᠠᠮᠳᠤ ᠳᠤᠨᠢ ᠳᠡᠭᠡᠭᠰᠢᠯᠡᠭᠦᠯᠪᠠ᠃ ᠶᠠᠰᠣ ᠴᠢᠨᠠᠷ ᠢ ᠲᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠵᠠᠷᠴᠢᠮ ᠢ ᠪᠠᠷᠢᠮᠳᠠᠯᠠᠨ᠂ ᠠᠵᠦ ᠦᠢᠯᠡᠰ ᠢ ᠰᠢᠯᠢᠳᠡᠭᠵᠢᠭᠦᠯᠦᠨ ᠲᠠᠰ ᠲᠡᠪᠰᠢᠬᠦᠯᠬᠦ ᠶᠢ ᠠᠭᠢᠭᠤᠯᠵᠦ᠂ ᠴᠢᠯᠠᠭᠤᠨ ᠳᠣᠰᠣ᠂ ᠴᠢᠯᠠᠭᠤᠨ ᠮᠠᠲ᠋ᠧᠷᠢᠶᠠᠯ᠂ ᠨᠠᠭᠦᠷᠠᠰᠦ᠂ ᠲᠡᠮᠦᠷᠯᠢᠭ ᠪᠣᠯᠪᠠᠰᠣᠷᠠᠭᠤᠯᠬᠤ᠂ ᠨᠠᠷᠠ ᠰᠠᠯᠭᠢᠨ ᠭᠦᠴᠦᠨ ᠤ ᠰᠢᠨ᠎ᠠ ᠡᠨᠧᠷᠭᠢ ᠶᠢ ᠪᠦᠬᠦ ᠬᠤᠰᠢᠭᠤᠨ ᠤ ᠠᠵᠦ ᠠᠬᠤᠢ ᠶᠢᠨ ᠨᠡᠮᠡᠭᠳᠡᠯ ᠢ ᠲᠠᠶᠢᠴᠢᠯᠠᠬᠤ ᠲᠣᠯᠭᠠᠭᠤᠷᠢᠯᠠᠬᠤ ᠠᠵᠦ ᠦᠢᠯᠠᠰ ᠪᠣᠯᠭᠠᠪᠠ᠃ ︽ᠠᠷᠪᠠᠨ ᠬᠤᠶᠠᠳᠤᠭᠠᠷ ᠲᠠᠪᠤᠨ ᠵᠢᠯ︾ ᠎ ᠤᠨ ᠬᠤᠭᠤᠴᠠᠭᠠᠨ ᠤ ᠰᠡᠭᠦᠯᠴᠢ ᠪᠤᠯᠬᠤ ᠳᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠨᠡᠶᠢᠲᠡ 84 ᠡᠷᠦᠬᠡ ᠪᠤᠯᠵᠤ᠂ ᠠᠵᠦ ᠦᠢᠯᠠᠳᠪᠣᠷᠢ ᠶᠢᠨ ᠠᠵᠦ ᠠᠬᠤᠶᠢᠯᠠᠯ ᠤᠨ ᠶᠠᠷᠦᠩᠭᠡᠢ ᠳᠤᠭ᠎ᠠ ︽ᠠᠷᠪᠠᠨ ᠨᠢᠭᠡᠳᠦᠭᠡᠷ ᠲᠠᠪᠤᠨ ᠵᠢᠯ︾ ᠎ ᠤᠨ ᠰᠡᠭᠦᠯᠴᠢ ᠶᠢᠨ ᠬᠤᠭᠤᠴᠠᠭ᠎ᠠ ᠠᠴᠠ 36 ᠡᠷᠦᠭᠡ ᠨᠡᠮᠡᠭᠳᠡᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ 33 ᠳ᠋ᠦᠩᠰᠢᠭᠤᠷ ᠲᠦᠭᠦᠷᠢᠭ ᠲᠤ ᠭᠦᠷᠴᠦ᠂ ᠵᠢᠯ ᠪᠦᠷᠢ ᠳᠣᠮᠳᠠᠴᠢ ᠪᠠᠷ 12.7%᠎ ᠪᠠᠷ ᠨᠠᠮᠡᠭᠳᠠᠪᠡ᠃ ᠭᠤᠣᠯᠳᠠᠯᠭ᠎ᠠ ᠲᠠᠢ ᠲᠦᠷᠦᠯ ᠵᠦᠢᠯ ᠢ ᠬᠤᠰᠢᠭᠤ ᠱᠠᠳᠣᠨ ᠤ ᠣᠳᠣᠷᠢᠳᠣᠯᠭ᠎ᠠ ᠠᠴᠠ ᠬᠤᠪᠢᠳᠠᠨ ᠬᠠᠮᠢᠶᠠᠷᠬᠤ ᠪᠠ ᠳᠣᠰᠬᠠᠢ ᠲᠦᠷᠦᠯ ᠢᠶᠠᠷ ᠲᠦᠯᠭᠢᠨ ᠠᠭᠢᠭᠤᠯᠬᠤ ᠳᠣᠭᠳᠠᠴᠠ ᠶᠢ ᠪᠠᠶᠢᠭᠤᠯᠣᠨ᠂ ᠲᠠᠪᠣᠨ ᠵᠢᠯ ᠳᠤ ᠨᠠᠶᠢᠳᠠ 184 ᠭᠤᠣᠯᠳᠠᠯᠭ᠎ᠠ ᠲᠠᠢ ᠲᠦᠷᠦᠯ ᠵᠦᠢᠯ ᠢ ᠪᠦᠳᠦᠭᠡᠨ ᠪᠠᠶᠢᠭᠤᠯᠪᠠ᠃ ᠰᠢᠨ᠎ᠠ ᠴᠧᠨ ᠴᠦᠨ᠂ ᠴᠧᠩ ᠰᠢᠩ᠂ ᠶᠢᠨ ᠶᠤᠸᠠᠨ ᠵᠡᠷᠭᠡ 8 ᠴᠢᠯᠠᠭᠤᠨ ᠮᠠᠲ᠋ᠧᠷᠢᠶᠠᠯ ᠤᠨ ᠠᠵᠦ ᠠᠬᠤᠶᠢᠯᠠᠯ ᠵᠠᠯᠭ᠎ᠠ ᠪᠠᠷ ᠠᠰᠢᠭᠯᠠᠯᠳᠠ ᠳᠤ ᠣᠷᠣᠵᠦ᠂ ᠪᠠᠶᠠᠨᠳᠠᠯ᠎ᠠ ᠶᠢᠨ 74 ᠲᠡᠭᠰᠢ ᠲᠦᠷᠪᠡᠯᠵᠢᠨ ᠺᠢᠯᠣᠮᠧᠲᠷ ᠴᠢᠯᠠᠭᠤᠨ ᠲᠣᠰᠣᠨ ᠤ ᠣᠷᠣᠨ ᠤ ︽ᠬᠠᠶᠢᠨ ᠰᠢᠨᠵᠢᠬᠦ ᠶᠢ ᠨᠡᠭᠡᠭᠡᠨ ᠮᠠᠯᠳᠠᠬᠤ ᠪᠤᠯᠭᠠᠨ ᠬᠤᠪᠢᠷᠠᠭᠤᠯᠬᠤ︾ ᠭᠠᠷ ᠭᠦᠢᠴᠠᠳᠭᠡᠯ ᠢ ᠭᠢᠵᠦ᠂ ᠴᠢᠯᠠᠭᠤᠨ ᠲᠣᠰᠣᠨ ᠤ ᠠᠵᠦ ᠠᠬᠤᠶᠢᠯᠠᠯ ᠨᠢ ᠣᠰᠣ ᠣᠷᠣᠭᠤᠯᠬᠤ᠂ ᠭᠤᠷᠪᠠᠨ ᠭᠡᠮᠵᠢᠯᠲᠦ ᠲᠣᠷᠭᠢᠯᠳᠠ ᠵᠡᠷᠭᠡ ᠰᠢᠨ᠎ᠠ ᠮᠡᠷᠭᠡᠵᠢᠯ ᠢ ᠠᠰᠢᠭᠯᠠᠨ ᠲᠤᠭᠳᠠᠭᠤᠨ ᠭᠠᠷᠣᠯᠳᠠ ᠶᠢ ᠪᠠᠳᠤᠯᠠᠵᠤ᠂ ᠲᠡᠮᠦᠷᠯᠢᠭ ᠬᠠᠶᠢᠯᠣᠭᠤᠯᠬᠤ 2 ᠠᠵᠦ ᠠᠬᠤᠶᠢᠯᠠᠯ ᠨᠢ ᠦᠢᠯᠡᠳᠭᠦᠨ ᠢᠶᠠᠨ ᠦᠭᠡᠷᠡᠴᠢᠯᠠᠨ ᠲᠠᠰ ᠲᠡᠪᠰᠢᠬᠦᠯᠬᠦ ᠶᠢ ᠪᠡᠶᠡᠯᠡᠭᠦᠯᠦᠨ᠂ ᠳ᠋ᠦᠩ ᠯᠢᠨ ᠨᠠᠭᠦᠷᠡᠰᠦᠨ ᠤ ᠺᠣᠮᠫᠠᠨᠢ ᠶᠢᠨ ᠠᠵᠦ ᠦᠢᠯᠠᠰ ᠢ ᠲᠠᠰ ᠲᠡᠪᠰᠢᠭᠦᠯᠦᠨ ᠰᠢᠯᠢᠳᠡᠭᠵᠢᠭᠦᠯᠬᠦ ᠲᠦᠷᠦᠯ ᠵᠦᠢᠯ ᠪᠠ ᠨᠠᠭᠦᠷᠠᠰᠦ ᠣᠭᠢᠶᠠᠬᠤ ᠦᠢᠯᠠᠳᠪᠣᠷᠢ ᠶᠢᠨ ᠲᠦᠷᠦᠯ ᠵᠦᠢᠯ ᠨᠢ ᠶᠡᠷᠦᠩᠭᠡᠶᠢᠯᠡᠭᠰᠡᠨ ᠭᠢᠨᠠᠨ ᠰᠢᠯᠭᠠᠯᠳᠠ ᠳᠤ ᠭᠢᠷᠢ ᠲᠡᠩᠴᠠᠵᠦ᠂ ︽ᠴᠠᠬᠠᠷ ᠬᠤᠨᠢᠨ︾᠎ ᠤ ᠣᠯᠠᠭᠠᠨ ᠢᠳᠡᠭᠡᠨ ᠪᠣᠯᠪᠠᠰᠣᠷᠠᠭᠤᠯᠵᠦ ᠬᠠᠳᠠᠭᠠᠯᠠᠬᠤ ᠪᠠ ᠵᠢᠦ ᠵᠧᠦ ᠳ᠋ᠠ ᠳ᠋ᠢ ᠡᠪᠠᠰᠣ ᠪᠣᠷᠳᠤᠭ᠎ᠠ ᠪᠣᠯᠪᠠᠰᠣᠷᠠᠭᠤᠯᠬᠤ ᠲᠦᠷᠦᠯ ᠵᠦᠢᠯ ᠢ ᠪᠠᠶᠢᠭᠤᠯᠣᠨ ᠠᠰᠢᠭᠯᠠᠯᠲᠠ ᠳᠤ ᠣᠷᠣᠭᠤᠯᠪᠠ᠃ ᠳ᠋ᠠ ᠲᠠᠩ᠂ ᠵᠢᠩ ᠨᠧᠩ᠂ ᠱᠧᠨ ᠨᠧᠩ ᠭᠤᠷᠪᠠᠨ ᠰᠢᠨ᠎ᠡ ᠡᠨᠧᠷᠬᠢ ᠶᠢᠨ ᠠᠵᠤ ᠠᠬᠤᠶᠢᠯᠠᠯ ᠤᠨ ᠨᠠᠷᠠᠨ ᠤ ᠡᠨᠧᠷᠬᠢ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ 4 ᠲᠦᠷᠦᠯ ᠵᠦᠢᠯ ᠢ ᠲᠤᠤᠷᠴᠢᠯᠠᠨ ᠴᠠᠬᠢᠯᠭᠠᠨ ᠭᠠᠷᠭᠠᠵᠤ᠂ ᠮᠠᠰᠢᠨ ᠴᠤᠭᠴᠠᠯᠠᠪᠤᠷᠢ ᠶᠢᠨ ᠪᠠᠭᠳᠠᠭᠠᠮᠵᠢ ᠨᠢ 13.9 ᠲᠦᠮᠡᠨ ᠺᠢᠯᠤᠸᠠᠲ ᠴᠠᠭ ᠲᠤ ᠬᠦᠷᠪᠠ᠃ ᠵᠠᠰ ᠤᠨ ᠤᠯᠠᠨ ᠲᠡᠮᠦᠷᠯᠢᠭ ᠤᠨ ᠠᠭᠤᠷᠬᠠᠢ᠂ ᠠᠯᠲᠠ ᠵᠢᠴᠢ ᠠᠯᠳᠠ ᠣᠯᠠᠨ ᠠᠭᠤᠯᠣᠭᠳᠠᠬᠤ ᠲᠡᠮᠦᠷᠯᠢᠭ ᠤᠨ ᠠᠭᠤᠷᠬᠠᠢ ᠪᠠ ᠨᠢᠣᠪᠢ ᠲᠠᠨᠲ᠋ᠠᠯ ᠤᠨ ᠠᠭᠤᠷᠬᠠᠢ ᠨᠢ ᠪᠣᠳᠠᠲᠦ ᠴᠢᠨᠠᠷᠲᠠᠢ ᠠᠭᠢᠴᠠ ᠎ ᠲᠠᠢ ᠪᠣᠯᠵᠦ᠂ ᠢᠯᠴᠢ ᠴᠠᠭᠢᠯᠭᠠᠨ ᠢ ᠵᠠᠷᠭᠡᠪᠡᠷ ᠭᠠᠷᠭᠠᠬᠤ ᠲᠦᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠨᠠᠶᠢᠳᠠ ᠶᠢᠨ ᠭᠡᠷᠡᠭᠯᠡᠭᠡᠨ ᠤ ᠨᠢᠰᠭᠡᠯ ᠤᠨ ᠪᠠᠭᠤᠳᠠᠯ ᠤᠨ ᠭᠠᠵᠠᠷ ᠰᠣᠩᠭᠤᠬᠤ ᠭᠢᠨᠠᠨ ᠦᠨᠡᠯᠡᠯᠳᠠ ᠶᠢ ᠪᠠᠶᠡᠯᠡᠭᠦᠯᠪᠠ᠃ ᠦᠪᠡᠷᠳᠡᠭᠡᠨ ᠵᠠᠰᠠᠬᠤ ᠣᠷᠣᠨ ᠤ ᠠᠩᠬᠠᠳᠠᠭᠴᠢ ᠴᠢᠯᠠᠭᠤᠨ ᠮᠠᠲ᠋ᠧᠷᠢᠶᠠᠯ ᠤᠨ ᠶᠠᠰᠣ ᠴᠢᠨᠠᠷ ᠢ ᠭᠢᠨᠠᠨ ᠰᠢᠯᠭᠠᠬᠤ ᠲᠦᠪ ᠨᠢ ᠫᠠᠶᠢᠰᠠ ᠡᠯᠭᠦᠨ ᠠᠵᠢᠯ ᠢᠶᠠᠨ ᠡᠭᠢᠯᠡᠭᠦᠯᠵᠦ᠂ ︽ᠳᠤᠮᠳᠠᠳᠤ ᠤᠯᠤᠰ ᠤᠨ ᠤᠮᠠᠷᠠᠳᠤ ᠶᠢᠨ ᠴᠢᠯᠠᠭᠤᠨ ᠮᠠᠲ᠋ᠧᠷᠢᠶᠠᠯ ᠤᠨ ᠥᠯᠥᠭᠡᠢ︾ ᠭᠡᠮᠡᠬᠦ ᠠᠯᠳᠠᠷᠰᠢᠯ ᠢᠶᠠᠨ ᠲᠠᠰᠣᠷᠠᠯᠳᠠ ᠦᠭᠡᠢ ᠨᠡᠮᠡᠭᠳᠡᠭᠦᠯᠪᠠ᠃ ᠠᠵᠦ ᠦᠢᠯᠡᠳᠪᠣᠷᠢ ᠶᠢᠨ ᠳᠣᠭᠤᠷᠢᠭ ᠤᠨ ᠰᠠᠭᠤᠷᠢ ᠲᠦᠭᠦᠭᠡᠷᠦᠮᠵᠢ ᠡᠳᠦᠷ ᠢᠷᠡᠭᠦᠶ᠎ᠠ ᠲᠡᠭᠦᠯᠳᠡᠷᠵᠢᠵᠦ᠂ ᠦᠪᠡᠷᠳᠡᠭᠡᠨ ᠵᠠᠰᠠᠬᠤ ᠣᠷᠣᠨ ᠤ ᠠᠵᠦ ᠦᠢᠯᠡᠳᠪᠣᠷᠢ ᠶᠢᠨ ᠣᠷᠴᠢᠯᠳᠦ ᠠᠵᠦ ᠠᠬᠤᠢ ᠶᠢᠨ ᠲᠣᠷᠰᠢᠯᠳᠠ ᠶᠢᠨ ᠴᠢᠭ ᠤᠨ ᠵᠢᠱᠢᠶ᠎ᠡ ᠦᠵᠡᠬᠦᠯᠬᠦ ᠳᠣᠭᠤᠷᠢᠭ ᠤᠨ ᠡᠩᠨᠡᠭᠡᠨ ᠳᠤ ᠣᠷᠣᠪᠠ᠃ ᠦᠢᠯᠡᠴᠢᠯᠡᠭᠡᠨ ᠤ ᠦᠢᠯᠠᠰ ᠤᠨ ᠭᠦᠭᠵᠢᠯᠳᠠ ᠶᠢᠨ ᠦᠷ᠎ᠡ ᠠᠰᠢᠭ ᠪᠠ ᠬᠠᠷᠢᠴᠠᠯ ᠵᠡᠷᠭᠡᠪᠡᠷ ᠲᠡᠭᠡᠭᠰᠢᠯᠠᠪᠠ᠃ ᠦᠪᠡᠷᠳᠡᠭᠡᠨ ᠵᠠᠰᠠᠬᠤ ᠣᠷᠣᠨ ᠤ ᠵᠢᠵᠢᠭ ᠪᠠᠭ᠎ᠠ ᠠᠵᠦ ᠠᠬᠤᠶᠢᠯᠠᠯ ᠎ ᠤᠨ ᠬᠦᠭᠵᠢᠯᠲᠡ ᠶᠢ ᠳᠡᠳᠬᠦᠬᠦ ᠲᠦᠷᠦ ᠶᠢᠨ ᠪᠤᠳᠤᠯᠭ᠎ᠠ ᠠᠷᠭ᠎ᠠ ᠠᠪᠴᠡᠯ ᠢ ᠨᠠᠷᠢᠨ ᠭᠢᠨᠠᠮᠠᠭᠠᠢ ᠳᠣᠣᠱᠯᠠᠭᠤᠯᠣᠨ ᠨᠠᠶᠢᠳᠠᠪᠣᠷᠢᠵᠢᠭᠤᠯᠵᠦ᠂ ᠬᠤᠪᠢ ᠶᠢᠨ ᠡᠵᠡᠩᠨᠠᠯᠳᠠ ᠶᠢᠨ ᠠᠵᠦ ᠠᠬᠤᠶᠢᠯᠠᠯ ᠪᠠ ᠬᠤᠪᠢ ᠶᠢᠨ ᠦᠢᠯᠠᠳᠪᠣᠷᠢ ᠬᠤᠳᠠᠯᠳᠣᠭᠠᠨ ᠤ ᠡᠷᠦᠭᠡ ᠨᠢ ︽ᠠᠷᠪᠠᠨ ᠨᠢᠭᠡᠳᠦᠭᠡᠷ ᠲᠠᠪᠤᠨ ᠵᠢᠯ︾᠎ ᠤᠨ ᠰᠡᠭᠦᠯᠴᠢ ᠶᠢᠨ ᠬᠤᠭᠤᠴᠠᠭ᠎ᠠ ᠠᠴᠠ ᠨᠡᠮᠡᠭᠳᠡᠨ ᠳᠤᠰᠪᠤᠷᠢ 164 ᠪᠠ 406 ᠡᠷᠦᠬᠡ ᠪᠤᠯᠵᠤ᠂ 5 ᠭᠢᠵᠠᠭᠠᠷᠲᠦ ᠠᠵᠦ ᠠᠬᠤᠶᠢᠯᠠᠯ᠂ 14 ᠪᠠᠭ᠎ᠠ ᠵᠢᠵᠢᠭ ᠠᠵᠦ ᠠᠬᠤᠶᠢᠯᠠᠯ ᠪᠠ 7 ᠬᠤᠪᠢ ᠶᠢᠨ ᠦᠢᠯᠠᠳᠪᠣᠷᠢ ᠬᠤᠳᠠᠯᠳᠣᠭᠠᠨ ᠤ ᠡᠷᠦᠭᠡ ᠨᠢ ᠪᠦᠬᠦ ᠠᠶᠢᠮᠠᠭ ᠤᠨ ︽ᠭᠤᠷᠪᠠᠨ ᠵᠠᠭᠤᠨ ᠵᠢᠱᠢᠶ᠎ᠡ ᠦᠵᠡᠭᠦᠯᠬᠦ ᠢᠨᠵᠧᠨᠧᠷᠢᠩ︾ ᠪᠠ ︽ᠵᠠᠭᠤ ᠮᠢᠩᠭ᠎ᠠ ᠲᠦᠮᠨ ᠶᠢ  ᠪᠠᠶᠢᠭᠤᠯᠬᠤ ᠢᠨᠵᠧᠨᠧᠷᠢᠩ︾᠎ ᠳᠤ ᠵᠢᠭᠰᠠᠭᠠᠭᠳᠠᠪᠠ᠃ ᠴᠠᠬᠠᠷ ᠵᠠᠩ ᠦᠢᠯᠠ ᠰᠣᠶᠣᠯ ᠤᠨ ᠨᠠᠷ᠎ᠠ ᠲᠡᠮᠳᠡᠭ ᠢ ᠢᠳᠡᠪᠭᠢᠲᠠᠢ ᠡᠭᠦᠳᠴᠦ᠂ ᠵᠢᠭᠤᠯᠴᠢᠯᠠᠯ ᠤᠨ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠣᠯᠳᠠ ᠶᠢ ᠲᠠᠰᠣᠷᠠᠯᠳᠠ ᠦᠭᠡᠢ ᠲᠡᠭᠦᠯᠳᠡᠷᠵᠢᠭᠦᠯᠵᠦ᠂ ︽ᠮᠠᠯᠴᠢᠨ ᠠᠶᠢᠯ︾ ᠵᠡᠷᠭᠡ ᠰᠢᠨ᠎ᠠ ᠭᠡᠯᠪᠠᠷᠢ ᠶᠢᠨ ᠵᠢᠭᠤᠯᠴᠢᠯᠠᠯ ᠤᠨ ᠦᠢᠯᠠᠰ ᠢ ᠦᠳᠲᠡᠷ ᠲᠦᠷᠭᠡᠨ ᠭᠦᠭᠵᠢᠭᠦᠯᠵᠦ᠂ ᠬᠦᠯᠢᠶᠡᠨ ᠠᠪᠤᠭᠰᠠᠨ ᠵᠣᠭᠠᠴᠠᠭᠰᠠᠳ ᠤᠨ ᠲᠤᠭ᠎ᠠ ᠪᠠ ᠵᠢᠭᠤᠯᠴᠢᠯᠠᠯ ᠤᠨ ᠣᠷᠣᠯᠭ᠎ᠠ ᠵᠢᠯ ᠲᠠᠷᠠᠭᠠᠯᠠᠨ ᠨᠡᠮᠡᠭᠳᠡᠪᠠ᠃ ᠣᠳᠣ ᠦᠶ᠎ᠡ ᠶᠢᠨ ᠪᠣᠳᠠᠰ ᠤᠨ ᠭᠦᠢᠯᠭᠡᠭᠡ ᠪᠠ ᠮᠦᠩᠭᠦᠨ ᠭᠦᠢᠯᠭᠡᠭᠡᠨ ᠤ ᠲᠠᠭᠠᠳᠬᠠᠯ ᠤᠨ ᠦᠢᠯᠠᠰ ᠳᠣᠭᠳᠠᠭᠤᠨ ᠢᠶᠠᠷ ᠭᠦᠭᠵᠢᠪᠠ᠃ ᠹᠠᠩ ᠶᠤᠸᠠᠨ ᠪᠣᠳᠠᠰ ᠤᠨ ᠭᠦᠢᠯᠭᠡᠭᠡᠨ ᠤ ᠳᠣᠭᠤᠷᠢᠭ ᠢ ᠪᠠᠶᠢᠭᠤᠯᠣᠨ ᠠᠰᠢᠭᠯᠠᠯᠳᠠ ᠳᠤ ᠣᠷᠣᠭᠤᠯᠵᠦ᠂ ᠲᠦᠷᠭᠡᠨ ᠭᠤᠪᠢᠭᠤᠯᠭ᠎ᠠ ᠶᠢᠨ ᠠᠵᠦ ᠦᠢᠯᠠᠰ ᠢ ᠦᠳᠲᠡᠷ ᠲᠦᠷᠭᠡᠨ ᠭᠦᠭᠵᠢᠭᠦᠯᠵᠦ᠂ ᠦᠢᠯᠡᠳᠪᠣᠷᠢ ᠬᠤᠳᠠᠯᠳᠣᠭᠠᠨ ᠤ ᠪᠠᠩᠭᠢ ᠶᠢ ᠲᠠᠭᠢᠨ ᠰᠡᠷᠭᠦᠭᠡᠵᠦ᠂ ᠮᠦᠩᠭᠦᠨ ᠬᠦᠢᠯᠭᠡᠭᠡᠨ ᠤ ᠪᠠᠶᠢᠭᠤᠯᠣᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠣᠷᠢ  ᠪᠠ ᠲᠠᠭᠠᠳᠬᠠᠯ ᠤᠨ ᠦᠢᠯᠠᠰ ᠤᠨ ᠶᠠᠷᠦᠩᠭᠡᠢ ᠣᠷᠣᠯᠭ᠎ᠠ ᠶᠢ ᠶᠡᠭᠡᠪᠡᠷ ᠨᠡᠮᠡᠭᠳᠡᠭᠦᠯᠵᠦ᠂ ᠣᠷᠣᠨ ᠨᠣᠳᠤᠭ ᠤᠨ ᠠᠵᠦ ᠠᠬᠤᠢ ᠶᠢᠨ ᠭᠦᠭᠵᠢᠯᠳᠠ ᠶᠢ ᠭᠦᠴᠦᠳᠠᠢ ᠠᠭᠢᠭᠤᠯᠪᠠ᠃        — — ᠬᠤᠲᠠ ᠭᠦᠳᠡᠭᠡ ᠶᠢᠨ ᠪᠦᠳᠦᠭᠡᠨ ᠪᠠᠶᠢᠭᠤᠯᠣᠯᠳᠠ ᠰᠢᠨ᠎ᠠ ᠦᠰᠦᠷᠦᠯᠳᠠ ᠶᠢ ᠪᠠᠶᠠᠯᠠᠭᠦᠯᠪᠠ᠃  ︽ᠠᠷᠠᠳ ᠤᠨ ᠠᠮᠢᠳᠣᠷᠠᠯ ᠲᠠᠢ ᠬᠤᠯᠪᠣᠭᠳᠠᠭᠰᠠᠨ ᠬᠤᠳᠠ ᠪᠠᠯᠭᠠᠰᠣᠨ ᠤ ᠪᠠᠶᠢᠭᠤᠯᠣᠯᠳᠠ︾᠎ ᠶᠢᠨ ᠣᠶᠢᠯᠠᠭᠠᠭᠳᠠᠬᠤᠨ ᠎ ᠢᠶᠠᠷ᠂ ᠲᠦᠯᠦᠪᠵᠢᠭᠦᠯᠭᠡ᠂ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠲᠦᠪᠰᠢᠨ ᠢ ᠤᠯᠠᠮ ᠳᠡᠭᠡᠭᠰᠢᠯᠡᠭᠦᠯᠵᠤ᠂ ᠬᠤᠲᠠ ᠪᠠᠯᠭᠠᠰᠤᠨ ᠤ ᠶᠡᠷᠦᠩᠬᠡᠢ ᠳᠠᠭᠠᠭᠠᠴᠨ ᠪᠠ ᠳᠠᠶᠢᠴᠢᠯᠠᠨ ᠳᠠᠭᠠᠭᠤᠯᠬᠤ ᠴᠢᠳᠠᠪᠤᠷᠢ ᠶᠢ ᠤᠯᠠᠮ ᠴᠢᠨᠠᠭᠰᠢᠳᠠ ᠴᠢᠩᠭᠠᠳᠬᠠᠪᠠ᠃ ︽ᠰᠢᠨᠡᠪᠤᠯᠠᠭ ᠪᠠᠯᠭᠠᠰᠤᠨ ᠤ ᠬᠤᠲᠠ ᠪᠠᠯᠭᠠᠰᠤᠨ ᠤ ᠶᠡᠷᠦᠩᠬᠡᠢ ᠳᠦᠯᠦᠪᠵᠢᠭᠦᠯᠭᠡ ︵2016—2020︶︾᠂ ︽ᠬᠤᠲᠠ ᠪᠠᠯᠭᠠᠰᠤᠨ ᠤ ᠬᠦᠷᠢᠶᠡᠯᠡᠩ ᠤᠨ ᠨᠤᠭᠤᠭᠠᠷᠠᠭᠤᠯᠤᠯᠲᠠ ᠶᠢᠨ ᠶᠡᠷᠦᠩᠬᠡᠢ ᠲᠦᠯᠦᠪᠵᠢᠭᠦᠯᠭᠡ︾᠂ ︽ᠬᠤᠲᠠ ᠶᠢᠨ ᠦᠵᠡᠮᠵᠢ ᠶᠢᠨ ᠴᠢᠨᠠᠷᠵᠢᠯ ᠢ ᠳᠡᠭᠡᠭᠰᠢᠯᠡᠭᠦᠯᠬᠦ ᠲᠦᠯᠦᠪᠵᠢᠭᠦᠯᠭᠡ︾᠂ ︽ᠤᠰᠤ ᠬᠠᠩᠭᠠᠬᠤ ᠬᠤᠭᠤᠯᠠᠢ ᠶᠢᠨ ᠲᠤᠤᠷ ᠤᠨ ᠳᠤᠰᠬᠠᠢ ᠲᠦᠯᠦᠪᠵᠢᠭᠦᠯᠭᠡ︾᠂ ︽ᠬᠤᠲᠠ ᠪᠠᠯᠭᠠᠰᠤᠨ ᠤ ᠲᠤᠯᠠᠭᠠᠯᠭ᠎ᠠ ᠶᠢᠨ ᠬᠤᠭᠤᠯᠠᠢ ᠶᠢᠨ ᠲᠤᠤᠷ ᠤᠨ ᠲᠤᠰᠬᠠᠢ ᠲᠦᠯᠦᠪᠵᠢᠭᠦᠯᠭᠡ︾᠂ ︽ᠤᠩᠭᠤᠨ ᠠᠭᠤᠯᠨ ᠰᠤᠮᠤᠨ ᠤ ᠶᠡᠷᠦᠩᠬᠡᠢ ᠲᠦᠯᠦᠪᠵᠢᠭᠦᠯᠭᠡ︾ ᠪᠠ ︽ᠪᠠᠶᠠᠨᠳᠠᠯ᠎ᠠ ᠪᠠᠯᠭᠠᠰᠤᠨ ᠤ ᠶᠡᠷᠦᠩᠬᠡᠢ ᠲᠦᠯᠦᠪᠵᠢᠭᠦᠯᠭᠡ︾᠎ ᠶᠢ ᠨᠠᠶᠢᠷᠠᠭᠤᠯᠤᠨ ᠲᠤᠭᠳᠠᠭᠠᠪᠠ᠃ ᠲᠠᠪᠣᠨ ᠵᠢᠯ ᠳᠤ ᠨᠠᠶᠢᠳᠠ 13.62 ᠳ᠋ᠦᠩᠰᠢᠭᠤᠷ ᠲᠦᠭᠦᠷᠢᠭ ᠤᠨ ᠪᠠᠯᠠ ᠤᠷᠤᠭᠤᠯᠵᠤ᠂ ᠪᠠᠳᠣᠯᠠᠭᠠᠨ ᠤ ᠴᠢᠨᠠᠷᠲᠠᠢ ᠣᠷᠣᠨ ᠰᠠᠭᠤᠴᠠ᠂ ᠭᠡᠷ ᠭᠠᠵᠠᠷ ᠭᠦᠷᠦᠩᠭᠡ ᠶᠢᠨ ᠨᠡᠭᠡᠭᠡᠯᠳᠠ᠂ ᠣᠯᠣᠰ ᠠᠴᠠ ᠪᠠᠶᠢᠭᠤᠯᠣᠭᠰᠠᠨ ᠲᠦᠷᠦᠯ ᠵᠦᠢᠯ᠂ ᠬᠤᠳᠠᠯᠳᠤᠭᠠᠨ ᠤ ᠲᠤᠤᠷ ᠴᠢᠭ᠋ ᠤᠨ ᠪᠦᠳᠦᠭᠡᠨ ᠪᠠᠶᠢᠭᠤᠯᠣᠯᠳᠠ ᠪᠤᠯᠤᠨ ᠤᠰᠤ ᠳᠤᠯᠠᠭᠠᠯᠭ᠎ᠠ ᠶᠢᠨ ᠬᠠᠩᠭᠠᠯᠭ᠎ᠠ᠂ ᠵᠠᠮ ᠤᠨ ᠲᠤᠤᠷ ᠤᠨ ᠦᠭᠡᠷᠡᠴᠢᠯᠡᠯᠲᠡ ᠵᠡᠷᠭᠡ ᠬᠤᠳᠠ ᠶᠢᠨ ᠶᠠᠪᠣᠳᠠᠯ ᠤᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠬᠡᠷᠡᠭᠵᠢᠭᠦᠯᠵᠤ᠂ ᠴᠢᠯᠠᠭᠤᠨ ᠮᠠᠲ᠋ᠧᠷᠢᠶᠠᠯ ᠤᠨ ᠲᠡᠯᠭᠡᠨ ᠦᠵᠡᠭᠦᠯᠦᠯᠭᠡ ᠶᠢᠨ ᠲᠦᠪ᠂ ᠲᠠᠮᠢᠷ ᠤᠨ ᠣᠷᠳᠣᠨ᠂ ᠨᠠᠰᠤᠳᠠᠶᠢᠴᠤᠳ ᠤᠨ ᠬᠦᠳᠡᠯᠪᠦᠷᠢ ᠶᠢᠨ ᠲᠦᠪ ᠵᠡᠷᠭᠡ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠪᠠᠷᠢᠯᠭ᠎ᠠ ᠶᠢ ᠪᠠᠶᠢᠭᠤᠯᠣᠨ ᠠᠰᠢᠭᠯᠠᠵᠦ᠂ ᠬᠤᠳᠠ ᠪᠠᠯᠭᠠᠰᠣᠵᠢᠯᠳᠠ ᠶᠢᠨ ᠨᠣᠷᠮ᠎ᠠ ︽ᠠᠷᠪᠠᠨ ᠨᠢᠭᠡᠳᠦᠭᠡᠷ ᠲᠠᠪᠤᠨ ᠵᠢᠯ ︾᠎ ᠤᠨ ᠰᠡᠭᠦᠯᠴᠢ ᠶᠢᠨ ᠬᠤᠭᠤᠴᠠᠭ᠎ᠠ ᠠᠴᠠ 7.6 ᠵᠠᠭᠤᠨ ᠤ ᠬᠤᠪᠢ ᠨᠠᠮᠡᠭᠳᠠᠪᠡ᠃ ︽ᠴᠠᠪᠡᠷᠵᠢᠭᠦᠯᠦᠯᠳᠠ ᠪᠠ ᠨᠣᠭᠤᠭᠠᠷᠠᠭᠤᠯᠣᠯᠳᠠ︾᠎ ᠶᠢᠨ ᠠᠵᠢᠯᠯᠠᠭ᠎ᠠ ᠶᠢ ᠶᠡᠭᠡᠪᠠᠷ ᠦᠷᠨᠢᠭᠦᠯᠵᠦ᠂ ᠬᠤᠲᠠ ᠪᠠᠯᠭᠠᠰᠤᠨ ᠤ ᠨᠣᠭᠤᠭᠠᠷᠠᠭᠤᠯᠣᠯᠳᠠ᠂ ᠭᠡᠭᠡᠷᠡᠭᠦᠯᠦᠯᠳᠠ᠂ ᠭᠤᠸᠠᠵᠢᠭᠤᠯᠣᠯᠳᠠ ᠶᠢᠨ ᠲᠦᠪᠰᠢᠨ ᠢ ᠨᠡᠮᠡᠭᠳᠡᠭᠦᠯᠦᠨ᠂ ᠰᠢᠨᠠᠪᠣᠯᠠᠭ ᠪᠠᠯᠭᠠᠰᠣ ᠨᠢ ︽ᠦᠪᠡᠷᠳᠡᠭᠡᠨ ᠵᠠᠰᠠᠬᠤ ᠣᠷᠣᠨ ᠤ ᠲᠠᠰ ᠤᠨ ᠠᠷᠢᠭᠤᠨ ᠴᠠᠪᠠᠷ ᠬᠤᠳᠠ ᠪᠠᠯᠭᠠᠰᠣ︾᠎ ᠶᠢᠨ ᠢᠷᠠᠭᠤ ᠠᠯᠳᠠᠷ ᠢ ᠭᠦᠷᠳᠠᠪᠠ᠃ ︽ᠠᠷᠪᠠ ᠶᠢ ᠪᠦᠷᠭᠦᠭᠦᠯᠬᠦ︾ ᠢᠨᠵᠧᠨᠧᠷᠢᠩ ᠢ ᠯᠠᠪᠳᠠᠭᠤᠨ ᠪᠠᠳᠣᠲᠠᠢ ᠠᠭᠢᠭᠤᠯᠵᠦ᠂ ︽ᠭᠤᠷᠪᠠ ᠶᠢ ᠣᠶᠠᠯᠳᠣᠭᠤᠯᠬᠤ︾ ᠵᠠᠷᠴᠢᠮ ᠪᠠ ︽ᠭᠤᠷᠪᠠ ᠪᠠᠷ ᠭᠤᠣᠯᠳᠠᠯᠭ᠎ᠠ ᠪᠣᠯᠭᠠᠬᠤ︾ ᠳᠣᠭᠳᠠᠴᠠ ᠶᠢ ᠪᠠᠶᠢᠭᠤᠯᠤᠨ᠂ ᠮᠠᠯᠵᠢᠬᠤ ᠣᠷᠣᠨ ᠤ ᠵᠠᠮ ᠱᠣᠭᠤᠮ᠂ ᠬᠤᠶᠠᠷ ᠫᠧᠩ ᠤᠨ ᠪᠦᠳᠦᠭᠡᠨ ᠪᠠᠶᠢᠭᠤᠯᠣᠯᠳᠠ ᠪᠠ ᠣᠷᠴᠢᠨ ᠳᠣᠭᠤᠷᠢᠨ ᠢ ᠶᠡᠷᠦᠩᠭᠡᠶᠢᠯᠠᠨ ᠵᠠᠰᠠᠬᠤ ᠠᠭᠤᠯᠭ᠎ᠠ ᠶᠢ ᠨᠠᠮᠠᠵᠦ ᠣᠷᠣᠭᠤᠯᠣᠨ᠂ ᠭᠠᠵᠠᠷ ᠣᠷᠣᠨ ᠤ ᠪᠣᠳᠠᠲᠦ ᠪᠠᠶᠢᠳᠠᠯ ᠳᠤ ᠵᠣᠭᠢᠴᠠᠭᠰᠠᠨ ︽10 +3︾᠎ ᠶᠢ ᠪᠦᠳᠦᠭᠡᠨ ᠪᠠᠶᠢᠭᠤᠯᠬᠤ ᠠᠭᠤᠯᠭ᠎ᠠ ᠪᠠ ᠪᠦᠷᠬᠦᠬᠦᠯᠬᠦ ᠰᠢᠰᠲ᠋ᠧᠮ ᠢ ᠪᠦᠷᠢᠯᠳᠦᠭᠦᠯᠪᠠ᠃ 2014 ᠤᠨ ᠠᠴᠠ ᠨᠠᠰᠢ᠂ 124 ᠮᠠᠯᠴᠢᠨ ᠡᠷᠦᠬᠡ ᠳᠤ ᠰᠢᠨ᠎ᠡ ᠤᠷᠤᠨ ᠰᠠᠭᠤᠴᠨ ᠶᠢ ᠪᠠᠶᠢᠭᠤᠯᠤᠨ᠂ 1123 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠦᠭᠡᠷᠡᠴᠢᠯᠡᠨ ᠪᠠᠶᠢᠭᠤᠯᠵᠤ᠂ 1780 ᠡᠷᠦᠬᠡ ᠶᠢᠨ ᠭᠡᠷ ᠪᠠᠶᠢᠰᠢᠩ ᠢ ᠴᠢᠨᠠᠷᠵᠢᠭᠤᠯᠤᠨ ᠲᠡᠰ ᠳᠡᠪᠰᠢᠭᠦᠯᠵᠤ᠂ 154 ᠤᠰᠤᠨ ᠰᠤᠷᠪᠤᠯᠵᠢ ᠶᠢᠨ ᠬᠤᠳᠳᠤᠭ ᠎ ᠢ ᠰᠢᠨ᠎ᠡ ᠪᠠᠷ ᠮᠠᠯᠳᠠᠵᠤ᠂ 9 ᠲᠦᠭᠡᠭᠡᠯ ᠤᠰᠤᠨ ᠤ ᠢᠨᠵᠧᠨᠧᠷᠢᠩ ᠢ ᠪᠡᠶᠡᠯᠡᠭᠦᠯᠦᠨ᠂ 2435 ᠬᠦᠮᠦᠨ ᠤ ᠤᠰᠤ ᠤᠮᠳᠠ ᠶᠢᠨ ᠠᠶᠤᠯᠭᠦᠢ ᠶᠢᠨ ᠠᠰᠠᠭᠤᠳᠠᠯ ᠢ ᠰᠢᠢᠳᠪᠦᠷᠢᠯᠡᠵᠤ᠂ 93 ᠡᠷᠦᠬᠡ ᠳᠤ ᠲᠤᠤᠷᠴᠢᠯᠠᠭᠰᠠᠨ ᠴᠠᠬᠢᠯᠭᠠᠨ ᠨᠡᠪᠳᠡᠷᠡᠭᠦᠯᠪᠠ᠃ ᠲᠠᠪᠣᠨ‌ᠵᠢᠯ ᠳᠤ᠂ ᠮᠠᠯᠵᠢᠬᠤ ᠤᠷᠤᠨ ᠳᠤ 786.2 ᠺᠢᠯᠣᠮᠧᠲᠷ ᠤᠨ ᠵᠠᠰᠠᠮᠠᠯ ᠵᠠᠮ ᠢ ᠵᠠᠰᠠᠵᠦ᠂ ᠭᠠᠴᠠᠭᠠᠨ ᠳᠤ ᠵᠠᠰᠠᠮᠠᠯ ᠵᠠᠮ ᠨᠡᠪᠳᠡᠷᠡᠭᠰᠡᠨ ᠨᠣᠷᠮ᠎ᠠ 100%᠎ ᠳᠤ ᠭᠦᠷᠪᠡ᠃ 5 ᠰᠠᠣᠷᠢ 35 ᠺᠢᠯᠣᠸᠣᠯᠲ ᠤᠨ ᠴᠠᠬᠢᠯᠭᠠᠨ ᠭᠦᠴᠦᠳᠠᠯ ᠬᠤᠪᠢᠰᠬᠠᠬᠤ ᠦᠷᠳᠡᠭᠡ ᠶᠢ ᠰᠢᠨ᠎ᠠ ᠪᠠᠷ ᠦᠷᠭᠡᠳᠭᠡᠨ ᠪᠠᠶᠢᠭᠤᠯᠵᠦ᠂ 2 ᠲᠦᠷᠦᠯ ᠤᠨ 110 ᠺᠢᠯᠣᠸᠣᠯᠲ ᠤᠨ ᠴᠠᠬᠢᠯᠭᠠᠨ ᠭᠦᠴᠦᠳᠠᠯ ᠬᠤᠪᠢᠰᠬᠠᠬᠤ ᠢᠨᠵᠧᠨᠧᠷᠢᠩ ᠢ ᠭᠡᠷᠡᠭᠵᠢᠭᠦᠯᠵᠦ᠂ ᠮᠠᠯᠵᠢᠬᠤ ᠣᠷᠣᠨ ᠳᠤ ᠴᠠᠭᠢᠯᠭᠠᠨ ᠨᠠᠪᠳᠡᠷᠡᠭᠰᠡᠨ ᠨᠣᠷᠮ᠎ᠠ 100%᠎ ᠳᠤ ᠭᠦᠷᠪᠡ᠃ ᠰᠢᠨᠡᠪᠣᠯᠠᠭ ᠪᠠᠯᠭᠠᠰᠣᠨ ᠤ ᠤᠰᠤ ᠬᠠᠩᠭᠠᠯᠭ᠎ᠠ ᠶᠢᠨ ᠬᠤᠭᠤᠯᠠᠢ ᠶᠢ ᠦᠭᠡᠷᠡᠴᠢᠯᠡᠨ ᠦᠷᠭᠡᠳᠭᠡᠬᠦ ᠢᠨᠵᠧᠨᠧᠷᠢᠩ ᠨᠢ ᠣᠰᠣ ᠨᠡᠪᠳᠡᠷᠡᠬᠦ ᠨᠦᠭᠦᠴᠠᠯ ᠢ ᠪᠦᠷᠢᠯᠳᠦᠭᠦᠯᠵᠤ᠂ ᠪᠤᠯᠤᠩ ᠤᠨ ᠤᠰᠤᠨ ᠰᠤᠷᠪᠤᠯᠵᠢ ᠶᠢᠨ ᠭᠠᠵᠠᠷ ᠢ ᠦᠷᠭᠡᠳᠭᠡᠨ ᠪᠠᠶᠢᠭᠤᠯᠬᠤ ᠶᠢ ᠪᠡᠶᠡᠯᠡᠭᠦᠯᠪᠠ᠃ ᠪᠣᠵᠠᠷ ᠣᠰᠣ ᠶᠢ ᠰᠢᠢᠳᠪᠣᠷᠢᠯᠡᠬᠦ ᠦᠢᠯᠡᠳᠪᠦᠷᠢ ᠪᠠ ᠬᠤᠭ ᠨᠣᠪᠰᠢ ᠶᠢ ᠰᠢᠢᠳᠪᠣᠷᠢᠯᠡᠬᠦ ᠦᠢᠯᠡᠳᠪᠦᠷᠢ ᠶᠢ ᠠᠰᠢᠭᠯᠠᠯᠳᠠ ᠳᠤ ᠤᠷᠤᠭᠤᠯᠪᠠ᠃ ᠠᠮᠢ ᠠᠬᠤᠢ ᠶᠢᠨ ᠬᠠᠮᠠᠭᠠᠯᠠᠯᠳᠠ ᠪᠠ ᠪᠦᠳᠦᠭᠡᠨ ᠪᠠᠶᠢᠭᠤᠯᠣᠯᠳᠠ ᠢᠯᠡᠳᠳᠠ ᠦᠷ᠎ᠡ ᠪᠦᠳᠦᠮᠵᠢ ᠣᠯᠪᠠ᠃ ᠲᠠᠪᠣᠨ ᠵᠢᠯ ᠳᠤ ᠠᠮᠢ ᠠᠬᠤᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠣᠯᠳᠠ ᠳᠤ ᠨᠠᠶᠢᠳᠠ 1.2 ᠳ᠋ᠦᠩᠰᠢᠭᠤᠷ ᠲᠦᠭᠦᠷᠢᠭ ᠤᠨ ᠪᠠᠯᠠ ᠣᠷᠣᠭᠤᠯᠵᠦ᠂ 53.8 ᠲᠦᠮᠡᠨ ᠮᠣ᠋ ᠡᠯᠡᠰᠦᠨ ᠤ ᠡᠭᠢ ᠶᠢ ᠵᠠᠰᠠᠵᠦ᠂ 37.3 ᠲᠦᠮᠡᠨ ᠮᠣ᠋ ᠲᠠᠯ᠎ᠠ ᠨᠣᠳᠤᠭ ᠤᠨ ᠠᠮᠢ ᠠᠬᠤᠢ ᠶᠢᠨ ᠣᠷᠭᠤᠮᠠᠯ ᠤᠨ ᠪᠦᠷᠭᠦᠴᠠ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠤ᠂ ᠭᠤᠤᠯᠳᠠᠯᠭᠠᠲᠤ ᠣᠷᠣᠨ ᠳᠤ 3330 ᠮᠣ᠋ ᠣᠶᠢᠵᠢᠭᠤᠯᠣᠯᠳᠠ ᠨᠣᠭᠤᠭᠠᠷᠠᠭᠤᠯᠣᠯᠳᠠ ᠶᠢ ᠪᠠᠶᠠᠯᠡᠭᠦᠯᠪᠠ᠃ ᠠᠮᠢ ᠠᠬᠤᠢ ᠶᠢᠨ ᠱᠠᠩᠨᠠᠵᠦ ᠨᠦᠭᠦᠪᠦᠷᠢᠯᠡᠬᠦ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠦ᠂ ᠪᠦᠬᠦ ᠮᠠᠯᠵᠢᠬᠤ ᠭᠠᠴᠠᠭ᠎ᠠ ᠶᠢ ᠪᠡᠯᠴᠢᠭᠡᠷᠯᠡᠭᠦᠯᠬᠦ ᠶᠢ ᠵᠣᠭᠰᠣᠭᠠᠬᠤ ᠲᠦᠷᠦᠯ ᠵᠦᠢᠯ ᠤᠨ ᠭᠡᠪᠴᠢᠶᠠᠨ ᠳᠤ ᠤᠷᠤᠭᠤᠯᠤᠨ᠂ ᠪᠡᠯᠴᠢᠭᠡᠷᠯᠡᠭᠦᠯᠬᠦ ᠶᠢ ᠵᠣᠭᠰᠣᠭᠠᠬᠤ ᠲᠠᠯᠠᠪᠠᠢ ᠨᠡᠶᠢᠳᠠ 734 ᠲᠦᠮᠡᠨ ᠮᠣ᠋ ᠳᠤ ᠬᠦᠷᠪᠡ᠃        — — ᠠᠷᠠᠳ ᠤᠨ ᠠᠮᠢᠳᠣᠷᠠᠯ ᠤᠨ ᠪᠠᠳᠣᠯᠠᠭᠠᠨ ᠤ ᠭᠢᠷᠢ ᠲᠦᠪᠰᠢᠨ ᠰᠢᠨ᠎ᠠ ᠲᠡᠭᠡᠭᠰᠢᠯᠡᠯᠳᠠ ᠲᠠᠢ ᠪᠣᠯᠪᠠ ᠃ ᠲᠠᠪᠣᠨ ᠵᠢᠯ ᠳᠤ ᠠᠷᠠᠳ ᠤᠨ ᠠᠮᠢᠳᠣᠷᠠᠯ ᠳᠤ ᠨᠠᠶᠢᠳᠠ 27.8  ᠳ᠋ᠦᠩᠰᠢᠭᠤᠷ ᠲᠦᠭᠦᠷᠢᠭ ᠤᠨ ᠪᠠᠯᠠ ᠣᠷᠣᠭᠤᠯᠵᠦ᠂ ︽ᠠᠷᠪᠠᠨ ᠨᠢᠭᠡᠳᠦᠭᠡᠷ ᠲᠠᠪᠤᠨ ᠵᠢᠯ︾᠎ ᠤᠨ ᠲᠦᠯᠦᠪᠵᠢᠭᠦᠯᠭᠡ ᠶᠢᠨ ᠬᠤᠭᠤᠴᠠᠭ᠎ᠠ ᠠᠴᠠ 2.7 ᠲᠠᠭᠢᠨ ᠪᠤᠯᠪᠠ᠃ ︽ᠠᠷᠪᠠᠨ ᠬᠤᠶᠠᠳᠤᠭᠠᠷ ᠲᠠᠪᠤᠨ ᠵᠢᠯ︾᠎ ᠤᠨ ᠬᠤᠭᠤᠴᠠᠭᠠᠨ ᠤ ᠰᠡᠭᠦᠯᠴᠢ ᠪᠤᠯᠬᠤ ᠳᠤ᠂ ᠬᠤᠳᠠ ᠪᠠᠯᠭᠠᠰᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠭᠦᠮᠦᠨ ᠳᠣᠮᠳᠠᠴᠢ ᠶᠢᠨ ᠳᠣᠭᠢᠷᠠᠭᠤᠯᠵᠦ ᠪᠤᠯᠬᠤᠶᠢᠴᠠ ᠣᠷᠣᠯᠭ᠎ᠠ 30645 ᠲᠦᠭᠦᠷᠢᠭ ᠲᠤ ᠬᠦᠷᠴᠤ᠂ ︽ᠠᠷᠪᠠᠨ ᠨᠢᠭᠡᠳᠦᠭᠡᠷ ᠲᠠᠪᠤᠨ ᠵᠢᠯ︾᠎ ᠤᠨ ᠰᠡᠭᠦᠯᠴᠢ ᠶᠢᠨ ᠬᠤᠭᠤᠴᠠᠭ᠎ᠠ ᠠᠴᠠ 74.5%᠎ ᠪᠠᠷ ᠨᠡᠮᠡᠭᠳᠡᠵᠦ᠂ ᠵᠢᠯ ᠪᠦᠷᠢ ᠳᠤᠮᠳᠠᠴᠢ ᠪᠠᠷ 11.5%᠎ ᠪᠠᠷ ᠨᠡᠮᠡᠭᠳᠡᠵᠤ᠂ ᠮᠠᠯᠵᠢᠬᠤ ᠣᠷᠣᠨ ᠤ ᠪᠠᠶᠢᠩᠭᠤ ᠰᠠᠭᠤᠭ᠎ᠠ ᠬᠦᠮᠦᠨ ᠠᠮᠠ ᠶᠢᠨ ᠭᠦᠮᠦᠨ ᠳᠣᠮᠳᠠᠴᠢ ᠶᠢᠨ ᠳᠣᠭᠢᠷᠠᠭᠤᠯᠵᠦ ᠪᠤᠯᠬᠤᠶᠢᠴᠠ ᠣᠷᠣᠯᠭ᠎ᠠ 11223 ᠲᠦᠭᠦᠷᠢᠭ ᠲᠤ ᠬᠦᠷᠴᠤ᠂ ︽ᠠᠷᠪᠠᠨ ᠨᠢᠭᠡᠳᠦᠭᠡᠷ ᠲᠠᠪᠤᠨ ᠵᠢᠯ︾᠎ ᠤᠨ ᠰᠡᠭᠦᠯᠴᠢ ᠶᠢᠨ ᠬᠤᠭᠤᠴᠠᠭ᠎ᠠ ᠠᠴᠠ 113.5%᠎ ᠪᠠᠷ ᠨᠡᠮᠡᠭᠳᠡᠨ᠂ ᠵᠢᠯ ᠪᠦᠷᠢ ᠳᠤᠮᠳᠠᠴᠢ ᠪᠠᠷ 14.9%᠎ ᠪᠠᠷ ᠨᠡᠮᠡᠭᠳᠡᠪᠠ᠃ ᠦᠢᠯᠠᠰ ᠪᠣᠰᠬᠠᠨ ᠠᠵᠢᠯ ᠤᠯᠭᠤᠬᠤ ᠠᠵᠢᠯ ᠤᠨ ᠦᠷ᠎ᠡ ᠪᠦᠳᠦᠮᠵᠢ ᠢᠯᠡᠷᠭᠡᠢ ᠪᠤᠯᠪᠠ᠃ ᠦᠨᠳᠦᠰᠦᠨ ᠱᠠᠳᠣᠨ ᠤ ᠠᠵᠢᠯ ᠣᠯᠭᠤᠯᠳᠠ ᠪᠠ ᠨᠡᠶᠢᠭᠡᠮ ᠤᠨ ᠪᠠᠳᠣᠯᠠᠭ᠎ᠠ ᠶᠢᠨ ᠦᠢᠯᠡᠴᠢᠯᠡᠭᠡᠨ ᠤ ᠲᠦᠪ ᠠᠰᠢᠭᠯᠠᠯᠳᠠ ᠳᠤ ᠣᠷᠣᠪᠠ᠃ 300 ᠲᠦᠮᠡᠨ ᠲᠦᠭᠦᠷᠢᠭ ᠤᠨ ᠦᠢᠯᠠᠰ ᠪᠣᠰᠬᠠᠬᠤ ᠭᠦᠭᠵᠢᠯᠳᠡ ᠶᠢᠨ ᠰᠠᠭᠤᠷᠢ ᠮᠦᠩᠭᠦ ᠶᠢ ᠪᠠᠶᠢᠭᠤᠯᠵᠦ᠂ ᠦᠢᠯᠠᠰ ᠪᠣᠰᠬᠠᠬᠤ ᠭᠦᠰᠠᠯ ᠲᠠᠢ ᠬᠤᠳᠠ ᠭᠦᠳᠡᠭᠡ ᠶᠢᠨ ᠰᠠᠭᠤᠭᠠᠯᠢ ᠠᠷᠠᠳ ᠢ ᠪᠦᠭᠦᠨ ᠢ ᠲᠡᠳᠬᠦᠬᠦ ᠭᠡᠪᠴᠢᠶᠠᠨ ᠳᠤ ᠣᠷᠣᠭᠤᠯᠵᠦ᠂ ᠲᠠᠪᠣᠨ ᠵᠢᠯ ᠳᠤ ᠨᠠᠶᠢᠳᠠ 5400 ᠲᠦᠮᠡᠨ ᠲᠦᠭᠦᠷᠢᠭ ᠤᠨ ᠵᠢᠭᠡᠯᠡᠯᠭᠡ ᠲᠠᠷᠬᠠᠭᠠᠵᠦ᠂ 520 ᠭᠦᠮᠦᠨ ᠤ ᠦᠢᠯᠠᠰ ᠪᠣᠰᠬᠠᠬᠤ ᠶᠢ ᠲᠡᠮᠵᠢᠵᠦ᠂ 930 ᠭᠦᠮᠦᠨ ᠢ ᠲᠠᠶᠢᠴᠢᠯᠠᠨ ᠠᠵᠢᠯ ᠣᠯᠭᠤᠵᠦ᠂ ᠬᠤᠳᠠ ᠪᠠᠯᠭᠠᠰᠣᠨ ᠤ ᠲᠠᠩᠰᠠᠯᠠᠭᠤᠯᠣᠭᠰᠠᠨ ᠠᠵᠢᠯ ᠠᠯᠳᠠᠭᠰᠠᠳ ᠤᠨ ᠨᠣᠷᠮ᠎ᠠ ᠶᠢ 3%᠎ ᠶᠢᠨ ᠳᠣᠳᠣᠷ᠎ᠠ ᠭᠢᠵᠠᠭᠠᠷᠯᠠᠪᠠ᠃ ᠶᠠᠳᠠᠭᠤ ᠶᠢ ᠳᠡᠳᠬᠦᠵᠤ ᠨᠡᠭᠡᠭᠡᠨ ᠭᠦᠭᠵᠢᠭᠦᠯᠬᠦ  ᠢᠨᠵᠧᠨᠧᠷᠢᠩ ᠢ ᠯᠠᠪᠳᠠᠭᠤᠨ ᠪᠠᠳᠣᠲᠠᠢ ᠲᠦᠯᠭᠢᠨ ᠠᠭᠢᠭᠤᠯᠪᠠ᠃ ︽ᠭᠤᠷᠪᠠ ᠶᠢ ᠭᠠᠴᠠᠭ᠎ᠠ ᠪᠠ ᠡᠷᠦᠭᠡ ᠳᠤ ᠭᠦᠷᠭᠡᠬᠦ︾᠂ ᠶᠠᠳᠠᠭᠤ ᠶᠢ ᠤᠨᠤᠪᠴᠢᠲᠠᠢ ᠲᠡᠳᠬᠦᠬᠦ᠂ ᠮᠦᠩᠭᠦᠨ ᠭᠦᠢᠯᠭᠡᠭᠡ ᠎ ᠪᠠᠷ ᠶᠠᠳᠠᠭᠤ ᠶᠢ ᠲᠡᠳᠬᠦᠬᠦ ᠪᠠ ᠠᠮᠢ ᠠᠬᠤᠢ ᠠᠴᠠ ᠪᠣᠯᠵᠦ ᠠᠷᠠᠳ ᠢ ᠨᠡᠭᠦᠯᠭᠡᠨ ᠶᠠᠳᠠᠭᠤ ᠶᠢ ᠲᠡᠳᠭᠦᠭᠦ ᠢᠨᠵᠧᠨᠧᠷᠢᠩ ᠢ ᠨᠠᠷᠢᠨ ᠨᠢᠮᠪᠡᠢ ᠵᠣᠭᠢᠶᠠᠨ ᠪᠠᠶᠢᠭᠤᠯᠣᠨ ᠭᠡᠷᠡᠭᠵᠢᠭᠦᠯᠵᠦ᠂ ᠲᠠᠪᠣᠨ ᠵᠢᠯ ᠳᠤ ᠨᠠᠶᠢᠳᠠ 9652 ᠲᠦᠮᠡᠨ ᠲᠦᠭᠦᠷᠢᠭ ᠤᠨ ᠡᠯ᠎ᠡ ᠲᠦᠷᠦᠯ ᠤᠨ ᠶᠠᠳᠠᠭᠤ ᠶᠢ ᠲᠡᠳᠬᠦᠬᠦ ᠪᠠᠯᠠ ᠮᠦᠩᠭᠦ ᠵᠠᠷᠤᠴᠠᠭᠤᠯᠵᠤ᠂ 2013 ᠤᠨ ᠠᠴᠠ ᠨᠠᠰᠢ ᠮᠦᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ ᠵᠢᠭᠡᠯᠡᠯᠭᠡ 1.5 ᠳ᠋ᠦᠩᠰᠢᠭᠤᠷ ᠲᠦᠭᠦᠷᠢᠭ ᠲᠠᠷᠬᠠᠭᠠᠵᠦ᠂ 4563 ᠶᠠᠳᠠᠭᠤ ᠭᠦᠴᠢᠷᠳᠠᠯᠲᠠᠢ ᠮᠠᠯᠴᠢᠳ ᠤᠨ ᠳᠣᠭᠳᠠᠭᠤᠨ ᠢᠶᠠᠷ ᠶᠠᠳᠠᠭᠤ ᠠᠴᠠ ᠠᠩᠭᠢᠵᠢᠷᠠᠬᠤ ᠠᠰᠠᠭᠤᠳᠠᠯ ᠢ ᠰᠢᠢᠳᠪᠣᠷᠢᠯᠠᠨ᠂ ᠶᠠᠳᠠᠭᠤ ᠶᠢᠨ ᠨᠣᠷᠮ᠎ᠠ 27 ᠵᠠᠭᠤᠨ ᠤ ᠬᠤᠪᠢ ᠪᠠᠷ ᠳᠣᠷᠣᠭᠰᠢᠯᠠᠪᠠ᠃ ᠨᠡᠶᠢᠭᠡᠮ ᠤᠨ ᠪᠠᠳᠤᠯᠠᠭ᠎ᠠ ᠎ ᠶᠢᠨ ᠰᠢᠰᠲ᠋ᠧᠮ ᠲᠠᠰᠣᠷᠠᠯᠳᠠ ᠦᠭᠡᠢ ᠲᠡᠭᠦᠯᠳᠡᠷᠵᠢᠪᠠ᠃ ᠶᠠᠷᠦᠩᠭᠡᠶᠢᠯᠡᠭᠰᠡᠨ ᠨᠡᠶᠢᠭᠡᠮ ᠤᠨ ᠠᠰᠠᠷᠠᠮᠵᠢ ᠶᠢᠨ ᠲᠦᠪ ᠢ ᠠᠰᠢᠭᠯᠠᠯᠳᠠ ᠳᠤ ᠣᠷᠣᠭᠤᠯᠪᠠ᠃ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠨᠠᠰᠣᠵᠢᠯ ᠤᠨ ᠲᠠᠭᠠᠳᠬᠠᠯ ᠤᠨ ᠲᠦᠷᠢᠮ ᠢ ᠪᠦᠬᠦ ᠲᠠᠯ᠎ᠠ ᠪᠠᠷ ᠪᠦᠷᠭᠦᠭᠦᠯᠵᠦ᠂ ᠲᠣᠣᠷ᠎ᠠ ᠪᠠᠳᠣᠯᠠᠭ᠎ᠠ᠂ ᠳᠠᠪᠤᠨ ᠪᠠᠳᠤᠯᠠᠭ᠎ᠠ ᠶᠢᠨ ᠠᠰᠠᠷᠠᠮᠵᠢ᠂ ᠦᠨᠤᠴᠢᠨ ᠬᠡᠤᠬᠡᠳ ᠪᠠ ᠬᠠᠷᠠᠭᠠᠯᠵᠠᠬᠤ ᠨᠢᠭᠤᠷᠯᠠᠯ ᠵᠡᠷᠭᠡ ᠬᠦᠮᠦᠰ ᠤᠨ ᠠᠮᠢᠳᠤᠷᠠᠯ ᠤᠨ ᠨᠦᠬᠦᠪᠦᠷᠢ ᠶᠢᠨ ᠪᠠᠷᠢᠮᠵᠢᠶ᠎ᠠ ᠎ ᠶᠢ ᠵᠢᠯ ᠳᠠᠷᠠᠭᠠᠯᠠᠨ ᠳᠡᠭᠡᠭᠰᠢᠯᠡᠭᠦᠯᠪᠠ᠃ 870 ᠢᠵᠢ ᠭᠢᠮᠳᠠ ᠲᠦᠷᠢᠶᠠᠰᠣᠨ ᠭᠡᠷ᠂ 200 ᠢᠵᠢ ᠨᠡᠶᠢᠳᠠ ᠶᠢᠨ ᠲᠦᠷᠢᠶᠠᠰᠣᠨ ᠭᠡᠷ ᠢ ᠪᠠᠶᠢᠭᠤᠯᠵᠦ᠂ ᠳᠣᠣᠷ᠎ᠠ ᠣᠷᠣᠯᠭ᠎ᠠ ᠲᠠᠢ ᠭᠦᠮᠦᠰ ᠤᠨ ᠣᠷᠣᠨ ᠰᠠᠭᠤᠴᠠ ᠶᠢᠨ ᠠᠰᠠᠭᠤᠳᠠᠯ ᠢ ᠰᠢᠢᠳᠪᠣᠷᠢᠯᠠᠪᠠ᠃        — — ᠨᠡᠶᠢᠭᠡᠮ ᠤᠨ ᠠᠵᠢᠯ ᠦᠢᠯᠠᠰ ᠤᠨ ᠭᠦᠭᠵᠢᠯᠳᠠ ᠳᠤ ᠰᠢᠨ᠎ᠠ ᠪᠠᠶᠢᠳᠠᠯ ᠢᠯᠡᠷᠡᠪᠠ᠃ ᠰᠣᠷᠭᠠᠨ ᠭᠦᠮᠦᠵᠢᠯ ᠤᠨ ᠦᠢᠯᠠᠰ ᠲᠦᠷᠭᠡᠨ ᠭᠦᠭᠵᠢᠪᠡ᠃ ᠲᠠᠪᠣᠨ ᠵᠢᠯ ᠳᠤ ᠰᠣᠷᠭᠠᠨ ᠭᠦᠮᠦᠵᠢᠯ ᠤᠨ ᠭᠦᠭᠵᠢᠯᠳᠡ ᠳᠤ 4.04 ᠳ᠋ᠦᠩᠰᠢᠭᠤᠷ ᠲᠦᠭᠦᠷᠢᠭ ᠤᠨ ᠪᠠᠯᠠ ᠮᠦᠩᠭᠦ ᠵᠠᠷᠤᠴᠠᠭᠤᠯᠵᠤ᠂ ᠮᠣᠩᠭᠤᠯ ᠳᠣᠮᠳᠠᠲᠦ ᠰᠣᠷᠭᠠᠭᠤᠯᠢ᠂ ᠶᠡᠷᠦᠩᠭᠡᠶᠢᠯᠡᠭᠰᠡᠨ ᠦᠨᠳᠦᠷ ᠳᠣᠮᠳᠠᠲᠦ ᠰᠣᠷᠭᠠᠭᠤᠯᠢ᠂ ᠳᠣᠷᠰᠢᠯᠳᠠ ᠶᠢᠨ ᠨᠢᠭᠡᠳᠦᠭᠡᠷ ᠪᠠᠭ᠎ᠠ ᠰᠣᠷᠭᠠᠭᠤᠯᠢ᠂ ᠦᠨᠳᠦᠰᠦᠳᠠᠨ ᠤ ᠭᠡᠣᠭᠡᠳ ᠤᠨ ᠴᠡᠴᠡᠷᠯᠢᠭ ᠰᠢᠨ᠎ᠠ ᠰᠠᠭᠤᠷᠢᠰᠢᠯ ᠳᠤ ᠨᠠᠭᠦᠨ ᠣᠷᠣᠵᠦ  ᠂ ᠨᠢᠭᠡᠳᠦᠭᠡᠷ ᠳᠣᠮᠳᠠᠲᠦ ᠰᠣᠷᠭᠠᠭᠤᠯᠢ ᠶᠢᠨ ᠰᠣᠷᠣᠭᠴᠢᠳ ᠤᠨ ᠪᠠᠶᠢᠷᠢ ᠶᠢᠨ ᠠᠰᠠᠷ ᠪᠠ ᠪᠠᠶ᠎ᠡ ᠲᠠᠮᠢᠷ ᠤᠨ ᠣᠷᠳᠣᠨ ᠢ ᠰᠢᠨ᠎ᠠ ᠪᠠᠷ ᠪᠠᠶᠢᠭᠤᠯᠣᠨ᠂ ᠪᠠᠶᠢᠷᠢᠰᠢᠯ ᠨᠢ ᠲᠣᠭᠢᠷᠠᠮᠵᠢᠲᠠᠢ᠂ ᠦᠢᠯᠡᠳᠦᠯ ᠴᠢᠳᠠᠪᠭᠢ ᠨᠢ ᠪᠦᠷᠢᠨ ᠲᠡᠭᠦᠯᠳᠠᠷ ᠰᠣᠷᠭᠠᠨ ᠭᠦᠮᠦᠵᠢᠯ ᠤᠨ ᠳᠣᠭᠤᠷᠢᠭ ᠢ ᠦᠨᠳᠦᠰᠦᠨ ᠳᠡᠭᠡᠨ ᠪᠦᠷᠢᠯᠳᠣᠭᠦᠯᠪᠠ᠃ ᠠᠯᠪᠠᠨ ᠵᠢᠷᠣᠮ ᠤᠨ ᠰᠣᠷᠭᠠᠨ ᠭᠦᠮᠦᠵᠢᠯ ᠢ ᠲᠠᠩᠴᠠᠭᠦᠷᠢᠳᠠᠢ ᠭᠦᠭᠵᠢᠭᠦᠯᠬᠦ ᠣᠯᠣᠰ ᠤᠨ ᠲᠠᠰ ᠤᠨ ᠱᠠᠭᠠᠷᠳᠠᠨ ᠵᠢᠯᠣᠭᠤᠳᠬᠤ ᠵᠦᠪᠯᠡᠯ ᠤᠨ ᠭᠢᠨᠠᠨ ᠰᠢᠯᠭᠠᠯᠳᠠ ᠎ ᠪᠠᠷ ᠳᠠᠮᠵᠢᠨ᠂ ᠲᠠᠪᠣᠨ ᠳᠣᠮᠳᠠᠲᠦ ᠪᠠᠭ᠎ᠠ ᠰᠣᠷᠭᠠᠭᠤᠯᠢ ᠨᠢ ᠪᠦᠭᠦᠨ ᠢᠶᠠᠷ ᠢᠶᠠᠨ ᠪᠠᠷᠢᠮᠵᠢᠶᠠᠵᠢᠭᠰᠠᠨ ᠰᠣᠷᠭᠠᠭᠤᠯᠢ ᠶᠢᠨ ᠱᠠᠭᠠᠷᠳᠠᠯᠭ᠎ᠠ ᠳᠤ ᠭᠦᠷᠴᠦ᠂ ᠳᠣᠷᠰᠢᠯᠳᠠ ᠶᠢᠨ ᠨᠢᠭᠡᠳᠦᠭᠡᠷ ᠪᠠᠭ᠎ᠠ ᠰᠣᠷᠭᠠᠭᠤᠯᠢ ᠨᠢ ︽ᠣᠯᠣᠰ ᠤᠨ ᠲᠠᠰ ᠤᠨ ᠣᠨᠴᠠᠯᠢᠭᠲᠤ ᠭᠦᠯ ᠪᠦᠮᠪᠦᠭᠡ ᠶᠢᠨ ᠰᠣᠷᠭᠠᠭᠤᠯᠢ︾᠎ ᠪᠠᠷ ᠦᠨᠡᠯᠡᠭᠳᠡᠨ᠂ ᠦᠨᠳᠦᠰᠦᠳᠠᠨ ᠤ ᠭᠡᠣᠭᠡᠳ ᠤᠨ ᠴᠡᠴᠡᠷᠯᠢᠭ ᠎ ᠨᠢ ︽ᠦᠪᠡᠷᠳᠡᠭᠡᠨ ᠵᠠᠰᠠᠬᠤ ᠣᠷᠣᠨ ᠤ ᠲᠠᠰ ᠤᠨ ᠵᠢᠱᠢᠶ᠎ᠠ ᠦᠵᠡᠬᠦᠯᠬᠦ ᠴᠡᠴᠡᠷᠯᠢᠭ︾᠎ ᠢᠶᠠᠷ ᠴᠤᠯᠠᠯᠠᠭᠳᠠᠵᠤ᠂ ᠮᠣᠩᠭᠤᠯ ᠳᠣᠮᠳᠠᠲᠦ ᠰᠣᠷᠭᠠᠭᠤᠯᠢ ᠨᠢ ︽ᠠᠶᠢᠮᠠᠭ ᠤᠨ ᠲᠠᠰ ᠤᠨ ᠦᠨᠳᠦᠰᠦᠳᠠᠨ ᠤ ᠰᠣᠷᠭᠠᠨ ᠭᠦᠮᠦᠵᠢᠯ ᠤᠨ ᠰᠣᠳᠣᠨ ᠰᠣᠷᠭᠠᠭᠤᠯᠢ︾᠎ ᠪᠠᠷ ᠦᠨᠡᠯᠡᠭᠳᠡᠪᠡ᠃ ᠪᠠᠭᠰᠢ ᠶᠢᠨ ᠡᠩᠨᠡᠭᠡ ᠶᠢ ᠳᠠᠰᠤᠷᠠᠯᠲᠠ ᠦᠭᠡᠢ ᠴᠢᠩᠭᠠᠳᠬᠠᠵᠦ᠂ ᠲᠠᠪᠤᠨ ᠵᠢᠯ ᠳᠤ᠂ ᠨᠡᠶᠢᠲᠡ 130 ᠪᠠᠭᠰᠢ ᠡᠯᠰᠡᠵᠦ᠂ ᠵᠢᠭᠠᠨ ᠰᠣᠷᠭᠠᠬᠤ ᠶᠠᠰᠤ ᠴᠢᠨᠠᠷ ᠢ ᠳᠤᠭᠲᠠᠭᠤᠨ ᠢᠶᠠᠷ ᠲᠡᠭᠡᠭᠰᠢᠯᠡᠭᠦᠯᠪᠠ᠃ ᠰᠢᠨᠵᠢᠯᠡᠭᠡ ᠮᠡᠷᠭᠡᠵᠢᠯ ᠤᠨ ᠵᠢᠱᠢᠶ᠎ᠡ ᠦᠵᠡᠭᠦᠯᠬᠦ ᠪᠠ ᠪᠤᠯᠪᠠᠰᠤᠷᠠᠯ ᠤᠨ ᠠᠵᠢᠯ ᠢ ᠯᠠᠪᠳᠠᠭᠤᠨ ᠎ ᠢᠶᠠᠷ ᠳᠦᠯᠬᠢᠨ ᠠᠬᠢᠭᠤᠯᠵᠦ᠂ 5 ᠲᠦᠷᠦᠯ ᠤᠨ ᠬᠡᠷᠡᠭᠯᠡᠭᠡᠨ ᠤ ᠮᠡᠷᠭᠡᠵᠢᠯ ᠢ ᠣᠷᠣᠭᠤᠯᠣᠨ ᠳᠡᠯᠭᠡᠷᠡᠭᠦᠯᠵᠦ᠂ ᠮᠠᠯᠴᠢᠳ ᠪᠠ ᠰᠢᠨᠵᠢᠯᠡᠭᠡ ᠮᠡᠷᠭᠡᠵᠢᠯᠲᠡᠳ ᠨᠡᠶᠢᠲᠡ 1.2 ᠲᠦᠮᠡᠨ ᠬᠦᠮᠦᠨ ᠤᠳᠠᠭ᠎ᠠ ᠪᠤᠯᠪᠠᠰᠤᠷᠠᠯ ᠳᠤ ᠤᠷᠤᠯᠴᠠᠪᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠳᠤᠭᠲᠠᠭᠤᠨ ᠢᠶᠠᠷ ᠬᠦᠭᠵᠢᠪᠡ᠃ ᠠᠷᠠᠳ ᠤᠨ ᠡᠮᠨᠡᠯᠭᠡ ᠶᠢᠨ ᠬᠤᠷᠢᠶ᠎ᠠ᠂ ᠬᠢᠵᠢᠭ ᠢ ᠰᠡᠷᠭᠡᠶᠢᠯᠡᠬᠦ ᠲᠦᠪ ᠢ ᠰᠢᠨ᠎ᠡ ᠪᠠᠷ ᠪᠠᠶᠢᠭᠤᠯᠬᠤ ᠪᠠ ᠮᠤᠩᠭᠤᠯ ᠡᠮᠨᠡᠯᠭᠡ ᠶᠢᠨ ᠬᠤᠷᠢᠶ᠎ᠡ ᠶᠢ ᠦᠷᠭᠡᠳᠭᠡᠨ ᠵᠠᠰᠠᠬᠤ ᠢᠨᠵᠧᠨᠧᠷᠢᠩ ᠠᠰᠢᠭᠯᠠᠯᠲᠠ ᠳᠤ ᠣᠷᠣᠵᠦ᠂ ᠡᠬᠡ ᠨᠢᠯᠬᠠᠰ ᠤᠨ ᠡᠷᠡᠭᠦᠯᠵᠢᠯ ᠢ ᠪᠠᠳᠤᠯᠠᠬᠤ ᠬᠤᠷᠢᠶ᠎ᠠ ᠶᠢ ᠪᠦᠭᠦᠶᠢᠯᠠ ᠴᠣᠭᠴᠠ ᠪᠠᠷ ᠨᠢ ᠨᠡᠭᠦᠯᠭᠡᠨ᠂ ᠮᠤᠩᠭᠤᠯ ᠡᠮᠨᠡᠯᠭᠡ ᠶᠢᠨ ᠬᠤᠷᠢᠶ᠎ᠡ ᠨᠢ ᠬᠤᠶᠠᠳᠤᠭᠠᠷ ᠳᠡᠰ ᠤᠨ ᠬᠦᠬᠡᠭᠴᠢᠨ ᠲᠦᠷᠦᠯ ᠤᠨ ᠦᠡᠳᠦᠰᠦᠲᠡᠨ ᠤ ᠡᠮᠨᠡᠯᠭᠡ ᠤᠨ ᠬᠤᠷᠢᠶᠠᠨ ᠤ ᠬᠢᠨᠠᠨ ᠦᠨᠡᠯᠡᠯᠲᠡ ᠳᠤ ᠬᠢᠷᠢ ᠲᠡᠩᠴᠡᠵᠦ᠂ 3 ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠨᠢ ᠴᠦᠮ ᠠᠷᠡᠳ ᠲᠦᠮᠡᠨ ᠬᠠᠨᠤᠮᠵᠢᠲᠠᠢ ᠪᠠᠶᠢᠬᠤ ᠡᠷᠡᠭᠦᠯ ᠬᠠᠮᠠᠭᠠᠯᠠᠯ ᠤᠨ ᠪᠠᠷᠢᠮᠵᠢᠶ᠎ᠠ ᠳᠤ ᠬᠦᠷᠪᠡ᠃ ᠠᠯᠪᠠᠨ ᠠᠴᠠ ᠪᠠᠶᠢᠭᠤᠯᠣᠭᠰᠠᠨ ᠡᠮᠨᠡᠯᠭᠡ ᠶᠢᠨ ᠬᠤᠷᠢᠶᠠᠨ ᠤ ᠶᠠᠷᠦᠩᠭᠡᠶᠢᠯᠡᠭᠰᠡᠨ ᠦᠭᠡᠷᠡᠴᠢᠯᠠᠯᠳᠠ ᠶᠢ ᠯᠠᠪᠳᠠᠭᠤᠨ ᠢᠶᠠᠷ ᠠᠬᠢᠭᠤᠯᠪᠠ᠃ ᠮᠤᠩᠭᠤᠯ ᠡᠮᠨᠡᠯᠭᠡ ᠶᠢᠨ ᠬᠤᠷᠢᠶᠠᠨ ᠤ ᠶᠠᠷᠦᠩᠭᠡᠶᠢᠯᠡᠭᠰᠡᠨ ᠦᠢᠯᠡᠴᠢᠯᠡᠬᠦ ᠴᠢᠳᠠᠪᠤᠷᠢ ᠳᠠᠰᠤᠷᠠᠯᠲᠠ ᠦᠭᠡᠢ ᠳᠡᠭᠡᠭᠰᠢᠯᠡᠵᠤ᠂ ᠪᠤᠷᠵᠢᠬᠢᠨ ᠦᠭᠡᠬᠦ  ᠎ ᠶᠢ ᠪᠠᠭᠤᠷᠠᠭᠤᠯᠬᠤ ᠬᠤᠮᠵᠢᠶ᠎ᠠ ᠡᠮ ᠵᠡᠷᠭᠡ 10 ᠮᠤᠩᠭᠤᠯ ᠡᠮ ᠤᠨ ᠲᠦᠷᠦᠯ ᠵᠦᠢᠯ ᠢ ᠦᠢᠯᠡᠳᠪᠦᠷᠢᠯᠡᠵᠤ ᠡᠬᠢᠯᠡᠪᠠ᠃ ᠡᠷᠡᠭᠦᠯ ᠬᠠᠮᠠᠭᠠᠯᠠᠯ ᠤᠨ ᠬᠢᠨᠠᠯᠲᠠ ᠳᠠᠯᠪᠢᠬᠤ᠂ ᠬᠢᠵᠢᠭ ᠡᠪᠡᠳᠴᠢᠨ ᠢ ᠤᠷᠢᠳᠴᠢᠯᠠᠨ ᠰᠡᠷᠭᠡᠶᠢᠯᠡᠬᠦ᠂ ᠬᠦᠮᠦᠨ ᠠᠮᠨ ᠪᠠ ᠲᠦᠯᠦᠪᠯᠡᠭᠡᠲᠤ ᠦᠷᠡᠵᠢᠯ ᠤᠨ ᠠᠵᠢᠯ ᠢ ᠴᠢᠩᠭᠠᠳᠬᠠᠪᠠ᠃ ᠰᠤᠶᠤᠯ ᠪᠡᠶ᠎ᠡ ᠲᠠᠮᠢᠷ ᠤᠨ ᠠᠵᠢᠯ ᠦᠢᠯᠡᠰ ᠪᠦᠬᠦ ᠲᠠᠯ᠎ᠠ ᠪᠠᠷ ᠬᠦᠭᠵᠢᠪᠠ᠃ ᠴᠠᠬᠠᠷ ᠵᠠᠩ ᠦᠢᠯᠠ ᠰᠤᠶᠤᠯ ᠢ ᠰᠢᠰᠲ᠋ᠧᠮ ᠲᠠᠢ ᠠᠭᠤᠳᠠᠯᠯᠠᠨ ᠰᠢᠨᠵᠢᠯᠡᠵᠤ᠂ ᠠᠰᠠᠷ ᠤᠷᠠᠯᠢᠭ ᠢ ᠰᠤᠳᠤᠯᠤᠨ ᠬᠦᠭᠵᠢᠭᠦᠯᠬᠦ ᠲᠦᠪ ᠢ ᠪᠠᠶᠢᠭᠤᠯᠵᠤ᠂ ︽ᠤᠩᠭᠤᠨ ᠰᠠᠭᠠᠷᠠᠯ︾ ᠪᠦᠵᠢᠭᠲᠦ ᠵᠦᠴᠦᠭᠡ ᠪᠠ ︽ᠤᠷᠳᠤᠨ ᠤ ᠨᠠᠶᠢᠷᠠᠯ︾ ᠳᠠᠭᠤᠯᠠᠯᠲᠦ ᠵᠦᠴᠦᠭᠡ ᠶᠢ ᠠᠮᠵᠢᠯᠲᠠ ᠲᠠᠢ ᠲᠤᠭᠯᠠᠵᠦ᠂ ︽ᠠᠰᠠᠷ︾ ᠠᠶᠠᠯᠭᠤ ᠨᠢ ᠤᠯᠤᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠯᠦᠭᠡᠯᠡᠬᠦ ᠴᠢᠨᠠᠷᠲᠠᠢ ᠲᠦᠷᠦᠯ ᠵᠦᠢᠯ ᠳᠤ ᠡᠯᠰᠡᠭᠳᠡᠨ ᠤᠷᠤᠪᠠ᠃ ᠮᠠᠨ ᠤ ᠬᠤᠰᠢᠭᠤ ᠨᠢ ︽ᠦᠪᠡᠷᠳᠡᠭᠡᠨ ᠵᠠᠰᠠᠬᠤ ᠤᠷᠤᠨ ᠤ ᠰᠤᠶᠤᠯ ᠤᠨ ᠠᠵᠢᠯ ᠤᠨ ᠲᠡᠷᠢᠭᠦᠨ ᠤ ᠬᠤᠰᠢᠭᠤ︾᠎ ᠪᠠᠷ ᠴᠤᠯᠠᠯᠠᠭᠳᠠᠪᠠ᠃ ᠰᠤᠶᠤᠯ ᠤᠨ ᠤᠷᠳᠤᠨ ᠪᠠ ᠨᠤᠮ ᠤᠨ ᠰᠠᠩ ᠨᠢ ᠤᠯᠤᠰ ᠤᠨ ᠳᠡᠰ ᠤᠨ ᠬᠤᠶᠠᠳᠤᠭᠠᠷ ᠳᠡᠰ ᠪᠠ ᠭᠤᠷᠪᠠᠳᠤᠭᠠᠷ ᠳᠡᠰ ᠤᠨ ᠤᠷᠳᠤᠨ ᠢᠶᠠᠷ ᠦᠨᠡᠯᠡᠭᠳᠡᠨ᠂ ᠬᠤᠶᠠᠷ ᠪᠠᠯᠭᠠᠰᠤᠨ ᠤ ᠰᠤᠶᠤᠯ ᠤᠨ ᠤᠷᠳᠤᠨ ᠨᠢ ᠦᠪᠡᠷᠳᠡᠭᠡᠨ ᠵᠠᠰᠠᠬᠤ ᠤᠷᠤᠨ ᠤ ᠨᠢᠭᠡᠳᠤᠭᠡᠷ ᠳᠡᠰ ᠤᠨ ᠰᠤᠶᠤᠯ ᠤᠨ ᠤᠷᠳᠤᠨ᠂ ᠤᠯᠠᠭᠠᠨᠮᠤᠴᠢᠷ ᠨᠢ ︽ᠦᠪᠡᠷᠳᠡᠭᠡᠨ ᠵᠠᠰᠠᠬᠤ ᠤᠷᠤᠨ ᠤ ᠨᠢᠭᠡᠳᠤᠭᠡᠷ ᠲᠦᠷᠦᠯ ᠤᠨ ᠤᠯᠠᠭᠠᠨᠮᠤᠴᠢᠷ︾᠎ ᠢᠶᠠᠷ ᠦᠨᠡᠯᠡᠭᠳᠡᠪᠠ᠃ ᠵᠢᠷᠭᠤᠳᠤᠭᠠᠷ ᠬᠤᠭᠤᠴᠠᠭᠠᠨ ᠤ ᠴᠠᠬᠠᠷ ᠵᠠᠩ ᠦᠢᠯᠨ ᠰᠤᠶᠤᠯ ᠤᠨ ᠨᠠᠶᠢᠷ ᠢ ᠡᠷᠬᠢᠯᠡᠨ ᠶᠠᠪᠤᠭᠳᠠᠭᠤᠯᠵᠤ᠂ ᠪᠦᠬᠦ ᠤᠷᠤᠨ ᠤ ᠵᠠᠯᠠᠭᠤᠴᠤᠳ ᠪᠠᠭᠠᠴᠤᠳ ᠤᠨ ᠳᠡᠯᠡᠬᠡᠢ ᠶᠢᠨ ᠮᠠᠶ᠋ᠢᠭ ᠤᠨ ᠪᠦᠬᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ᠂ ᠠᠩᠬᠠᠳᠤᠭᠠᠷ ᠬᠤᠭᠤᠴᠠᠭᠠᠨ ᠤ ︽ᠠᠰᠠᠷ ᠤᠨ ᠦᠨᠳᠤᠷ︾ ᠴᠠᠭᠠᠨ ᠰᠠᠷ᠎ᠠ ᠶᠢᠨ ᠦᠳᠡᠰᠢᠯᠡᠭᠡ᠂ ︽ᠴᠠᠬᠠᠷ ᠬᠤᠨᠳᠠᠭᠠᠲᠤ︾ ᠮᠤᠩᠭᠤᠯ ᠰᠢᠯᠦᠭ ᠤᠨ ᠤᠷᠤᠯᠳᠤᠭᠠᠨ ᠪᠠ ︽ᠴᠠᠬᠠᠷ ᠬᠤᠨᠳᠠᠭᠠᠲᠤ︾ ᠦᠨᠳᠦᠰᠦᠲᠡᠨ ᠤ ᠬᠤᠪᠴᠠᠰᠦ ᠵᠠᠰᠠᠯ ᠤᠨ ᠤᠷᠤᠯᠳᠤᠭᠠᠨ ᠢ ᠠᠮᠵᠢᠯᠲᠠ ᠲᠠᠢ ᠡᠷᠬᠢᠯᠡᠵᠦ᠂ ᠡᠯ᠎ᠡ ᠵᠦᠢᠯ ᠤᠨ ᠤᠯᠠᠨ ᠲᠦᠮᠡᠨᠴᠢ ᠴᠢᠨᠠᠷᠲᠠᠢ ᠰᠤᠶᠤᠯ ᠤᠨ ᠠᠵᠢᠯᠯᠠᠭ᠎ᠠ ᠶᠢ ᠬᠦᠭᠵᠢᠶᠡᠨᠲᠠᠢ ᠦᠷᠨᠢᠭᠦᠯᠵᠤ᠂ ᠦᠪᠡᠷᠳᠡᠭᠡᠨ ᠵᠠᠰᠠᠬᠤ ᠤᠷᠤᠨ ᠤ ᠰᠤᠶᠤᠯ ᠲᠠᠮᠢᠷ ᠤᠨ ᠳᠤᠪᠴᠢᠶᠡᠨ ᠠᠴᠠ ᠮᠠᠨ ᠤ ᠬᠤᠰᠢᠭᠤ ᠶᠢ ︽ᠪᠦᠬᠦ ᠤᠷᠤᠨ ᠤ ᠰᠢᠳᠠᠷ᠎ᠠ ᠶᠢᠨ ᠦᠯᠦᠭᠡᠢ︾᠎ ᠪᠠᠷ ᠨᠡᠷᠡᠶᠢᠳᠤᠪᠠ᠃ ᠷᠠᠳᠢᠤ᠋ ᠨᠡᠪᠳᠡᠷᠡᠭᠦᠯᠭᠡ ᠲᠧᠯᠸᠢᠰ ᠤᠨ ᠦᠢᠯᠠᠰ ᠳᠣᠭᠳᠠᠭᠤᠨ ᠭᠦᠭᠵᠢᠵᠦ᠂ ᠠᠶᠢᠮᠠᠭ ᠬᠤᠰᠢᠭᠤᠨ ᠤ ᠦᠪᠡᠷᠳᠡᠭᠡᠨ ᠡᠷᠭᠢᠯᠡᠭᠰᠡᠨ ᠫᠷᠦᠭᠷᠡᠮ ᠤᠨ ᠪᠦᠷᠭᠦᠴᠠ 92%᠎ ᠳᠤ ᠭᠦᠷᠪᠠ᠃ ᠤᠶᠤᠨ ᠤ ᠪᠤᠯᠪᠠᠰᠤᠨ ᠢ ᠡᠭᠦᠳᠤᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠭᠡᠪ ᠴᠢᠨᠠᠷ ᠎ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠦᠪᠡᠷᠳᠡᠭᠡᠨ ᠵᠠᠰᠠᠬᠤ ᠤᠷᠤᠨ ᠤ ︽ᠪᠤᠯᠪᠠᠰᠤᠨ ᠬᠤᠰᠢᠭᠤ ᠰᠢᠶᠡᠨ ᠬᠤᠲᠠ︾᠎ ᠪᠠᠷ ᠦᠨᠡᠯᠡᠭᠳᠡᠪᠠ᠃ ᠵᠦᠷᠢᠴᠡᠯ ᠵᠢᠭᠤᠷᠭᠠᠨ ᠢ ᠪᠠᠶᠢᠴᠠᠭᠠᠨ ᠡᠶᠡᠳᠡᠭᠦᠯᠬᠦ ᠠᠵᠢᠯ ᠢ ᠬᠦᠨᠵᠡᠭᠡᠢ ᠦᠷᠨᠢᠭᠦᠯᠵᠦ᠂ ᠭᠠᠵᠠᠷ ᠤᠨ ᠳᠡᠰ ᠤᠨ ᠤᠳᠤᠷᠢᠳᠤᠯᠭ᠎ᠠ ᠨᠢ ᠡᠳᠦᠷ ᠪᠦᠷᠢ ᠵᠠᠬᠢᠳᠠᠯ ᠰᠤᠷᠪᠤᠯᠵᠢᠯᠠᠭ᠎ᠠ ᠬᠦᠯᠢᠶᠡᠬᠦ ᠪᠠ ︽1328︾ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠡᠳᠦᠷ ᠤᠨ ᠳᠦᠷᠢᠮ ᠢ ᠴᠢᠩᠭ᠎ᠠ ᠨᠠᠶᠢᠳᠠᠪᠣᠷᠢᠵᠢᠭᠤᠯᠣᠨ᠂ ᠨᠢᠭᠡ ᠪᠦᠯᠦᠭ ᠲᠠᠷᠣᠭᠳᠠᠵᠦ ᠪᠠᠶᠢᠭᠰᠠᠨ ᠵᠠᠭᠢᠳᠠᠯ ᠰᠣᠷᠪᠣᠯᠵᠢᠯᠠᠭ᠎ᠠ ᠶᠢᠨ ᠣᠴᠢᠷ ᠢ ᠡᠶᠡᠳᠡᠭᠦᠯᠦᠨ ᠰᠢᠢᠳᠪᠣᠷᠢᠯᠡᠵᠦ᠂ ᠠᠷᠠᠳ ᠤᠯᠠᠨ ᠤ ᠬᠠᠤᠯᠢ ᠶᠤᠰᠤᠨ ᠤ ᠡᠷᠬᠡ ᠠᠰᠢᠭ ᠢ ᠦᠨᠡᠨᠬᠦ ᠬᠠᠮᠠᠭᠠᠯᠠᠪᠠ᠃ ᠬᠠᠤᠯᠢ ᠶᠢ ᠲᠦᠭᠡᠮᠡᠯᠵᠢᠭᠦᠯᠦᠨ ᠬᠠᠤᠯᠢ ᠪᠠᠷ ᠵᠠᠰᠠᠬᠤ ᠠᠵᠢᠯ ᠢ ᠭᠦᠨᠵᠡᠭᠡᠢ ᠦᠷᠨᠢᠭᠦᠯᠦᠨ᠂ ︽ᠵᠢᠷᠭᠤᠳᠤᠭᠠᠷ ᠲᠠᠪᠤᠨ ᠵᠢᠯ︾᠎ ᠤᠨ ᠬᠠᠤᠯᠢ ᠲᠦᠭᠡᠮᠡᠯᠵᠢᠬᠦᠯᠬᠦ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠣᠯᠠᠨ ᠨᠠᠶᠢᠳᠠ ᠶᠢᠨ ᠬᠠᠣᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠡᠳᠦᠷ ᠢᠷᠡᠭᠦᠶ᠎ᠠ ᠳᠡᠭᠦᠯᠳᠡᠷᠵᠢᠭᠦᠯᠦᠨ᠂ ︽ᠦᠪᠡᠷᠳᠡᠭᠡᠨ ᠵᠠᠰᠠᠬᠤ ᠤᠷᠤᠨ ᠤ ᠠᠩᠬᠠᠳᠠᠭᠴᠢ ᠪᠦᠯᠦᠭ ᠬᠠᠤᠯᠢ ᠪᠠᠷ ᠬᠤᠰᠢᠭᠤ ᠪᠠᠨ ᠵᠠᠰᠠᠬᠤ ᠶᠢ ᠡᠭᠦᠳᠦᠨ ᠪᠠᠶᠢᠭᠤᠯᠬᠤ ᠠᠵᠢᠯᠯᠠᠭᠠᠨ ᠤ ᠲᠡᠷᠢᠭᠦᠨ ᠤ ᠨᠢᠭᠡᠴᠡ︾᠎ ᠪᠠᠷ ᠦᠨᠡᠯᠡᠭᠳᠡᠪᠠ᠃ ︽ᠨᠠᠮ ᠵᠠᠰᠠᠭ ᠠᠴᠠ ᠬᠠᠮᠳᠣ ᠳᠠᠭᠠᠨ ᠬᠠᠷᠢᠭᠤᠴᠠᠬᠤ᠂ ᠨᠢᠭᠡ ᠠᠵᠢᠯ ᠤᠨ ᠪᠠᠶᠢᠷᠢ ᠎ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾᠎ ᠶᠢ ᠴᠢᠩᠭ᠎ᠠ ᠬᠡᠷᠡᠭᠵᠢᠭᠦᠯᠦᠨ᠂ ᠠᠶᠣᠯᠭᠦᠢ ᠦᠢᠯᠡᠳᠪᠤᠷᠢᠯᠡᠯ ᠤᠨ ᠠᠵᠢᠯ ᠎ ᠢ ᠡᠷᠴᠢᠮᠲᠠᠢ ᠠᠳᠬᠤᠵᠤ᠂ ᠪᠦᠬᠦ ᠬᠤᠰᠢᠭᠤᠨ ᠤ ᠠᠶᠤᠯᠭᠦᠢ ᠦᠢᠯᠡᠳᠪᠤᠷᠢᠯᠡᠯ ᠤᠨ ᠳᠤᠭᠲᠠᠭᠤᠨ ᠢ ᠪᠠᠲᠤᠯᠠᠪᠠ᠃ ᠢᠳᠡᠭᠡᠨ ᠣᠮᠳᠠᠭᠠᠨ ᠡᠮ ᠤᠨ ᠵᠦᠢᠯᠡᠰ ᠤᠨ ᠠᠮᠤᠷ ᠳᠦᠪᠰᠢᠨ ᠢ ᠳᠤᠰᠬᠠᠢ ᠲᠦᠷᠦᠯ ᠢᠶᠠᠷ ᠴᠡᠭᠴᠡᠯᠡᠨ ᠵᠠᠰᠠᠬᠤ ᠶᠢ ᠢᠳᠡᠪᠬᠢᠲᠠᠢ ᠦᠷᠨᠢᠭᠦᠯᠵᠦ᠂ ᠤᠯᠠᠨ ᠲᠦᠮᠡᠨ ᠤ ᠢᠳᠡᠭᠡᠨ ᠤᠮᠳᠠᠭᠠᠨ ᠡᠮ ᠤᠨ ᠬᠡᠷᠡᠭᠯᠡᠯᠲᠡ ᠶᠢᠨ ᠠᠮᠦᠷ ᠳᠦᠪᠰᠢᠨ ᠢ ᠪᠠᠲᠤᠯᠠᠪᠠ᠃ ᠬᠠᠯᠠᠭᠤᠨ ᠳᠣᠳᠣᠨᠣᠰᠤᠭ ᠡᠩᠭᠡ ᠠᠮᠣᠭᠤᠯᠠᠩ ᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠦᠷᠨᠢᠭᠦᠯᠦᠨ᠂ ᠨᠡᠶᠢᠭᠡᠮ ᠤᠨ ᠠᠮᠤᠷ ᠳᠤᠭᠲᠠᠭᠤᠨ ᠤ ᠡᠮᠭᠢ ᠲᠢᠭᠯᠢᠮ ᠢ ᠦᠷᠭᠦᠯᠵᠢᠯᠠᠨ ᠰᠠᠶᠢᠵᠢᠷᠠᠭᠤᠯᠵᠤ᠂ ᠠᠷᠠᠳ ᠤᠯᠠᠨ ᠤ ᠠᠮᠤᠷ ᠲᠠᠶᠢᠪᠤᠩ ᠪᠠ ᠬᠠᠨᠤᠮᠵᠢᠲᠠᠢ ᠪᠠᠶᠢᠬᠤ ᠶᠢ ᠪᠠᠳᠤᠯᠠᠪᠠ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠬᠤᠶᠠᠷ ᠢ ᠭᠦᠷᠢᠶᠠᠯᠠᠬᠦ ᠠᠵᠢᠯ ᠤᠨ ᠦᠷ᠎ᠡ ᠪᠦᠲᠦᠮᠵᠢ ᠳᠤᠪᠤᠶᠢᠮ᠎ᠠ ᠪᠠᠶᠢᠵᠦ᠂ ︽ᠦᠪᠡᠷᠳᠡᠭᠡᠨ ᠵᠠᠰᠠᠬᠤ ᠤᠷᠤᠨ ᠤ ᠬᠤᠶᠠᠷ ᠢ ᠭᠦᠷᠢᠶᠠᠯᠠᠬᠦ ᠵᠢᠱᠢᠶᠡᠴᠢ ᠬᠤᠰᠢᠭᠤ︾᠎ ᠶᠢᠨ ᠢᠷᠠᠭᠤ ᠠᠯᠳᠠᠷ ᠢ ᠳᠠᠬᠢᠨᠲᠠ ᠬᠦᠷᠲᠡᠪᠡ᠃ ᠦᠨᠳᠦᠰᠦᠲᠡᠨ ᠱᠠᠰᠢᠨ ᠰᠣᠷᠳᠠᠬᠤᠨ᠂ ᠳᠠᠩᠰᠠ ᠡᠪᠬᠡᠮᠡᠯ᠂ ᠲᠡᠦᠬᠡ ᠴᠠᠳᠢᠭ᠂ ᠠᠭᠠᠷ ᠤᠨ ᠰᠡᠷᠭᠡᠶᠢᠯᠡᠯᠲᠡ᠂ ᠴᠠᠭ ᠠᠭᠤᠷ᠂ ᠵᠡᠮᠳᠡᠭᠴᠣᠳ᠂ ᠤᠯᠠᠭᠠᠨ ᠵᠠᠯᠮᠠᠭᠠᠶᠢᠳᠠᠨ᠂ ᠡᠮᠡᠭᠲᠡᠶᠢᠴᠤᠳ ᠬᠡᠦᠬᠡᠳ ᠵᠡᠷᠭᠡ ᠡᠯ᠎ᠡ ᠲᠦᠷᠦᠯ ᠤᠨ ᠠᠵᠢᠯ ᠦᠢᠯᠡᠰ ᠦᠳᠳᠡᠷ ᠲᠦᠷᠭᠡᠨ ᠭᠦᠭᠵᠢᠪᠠ᠃        — — ᠭᠤᠣᠯᠳᠠᠭᠠᠯᠲᠦ ᠭᠦᠷᠢᠶ᠎ᠡ ᠭᠡᠪᠴᠢᠶᠠᠨ ᠤ ᠦᠭᠡᠷᠡᠴᠢᠯᠠᠯᠳᠠ ᠰᠢᠨ᠎ᠠ ᠰᠢᠪᠳᠣᠯᠣᠯᠳᠠ ᠲᠠᠢ ᠪᠣᠯᠪᠠ᠃ ᠦᠭᠡᠷᠡᠴᠢᠯᠡᠯᠲᠡ ᠶᠢ ᠪᠦᠬᠦ ᠲᠠᠯ᠎ᠠ ᠪᠠᠷ ᠳᠦᠯᠬᠢᠨ ᠠᠬᠢᠭᠤᠯᠵᠦ᠂ ᠠᠵᠦ ᠠᠬᠤᠢ᠂ ᠠᠮᠢ ᠠᠬᠤᠢ ᠪᠠ ᠨᠡᠶᠢᠭᠡᠮ ᠤᠨ ᠪᠠᠶᠢᠭᠤᠯᠤᠮᠵᠢ ᠶᠢᠨ ᠬᠦᠷᠢᠶ᠎ᠡ ᠴᠠᠷ᠎ᠠ ᠳᠠᠬᠢ 113 ᠲᠦᠷᠦᠯ ᠵᠦᠢᠯ ᠳᠤ ᠦᠭᠡᠷᠡᠴᠢᠯᠡᠯᠲᠡ ᠬᠢᠪᠠ᠃ ᠵᠠᠰᠠᠭ ᠵᠠᠬᠢᠷᠭᠠᠨ ᠎ ᠤ ᠡᠷᠬᠡ ᠶᠢᠨ ᠨᠠᠷᠢᠨ ᠳᠠᠩᠰᠠ ᠶᠢ ᠨᠡᠶᠢᠭᠡᠮ ᠳᠤ ᠢᠯᠠ ᠪᠠᠷ ᠨᠡᠶᠢᠲᠡᠯᠡᠵᠦ᠂ 23 ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ᠂ 50 ᠵᠠᠰᠠᠭ ᠵᠠᠬᠢᠷᠭᠠᠨ ᠤ ᠪᠤᠰᠤ ᠵᠦᠪᠰᠢᠶᠡᠷᠡᠯ᠂ 163 ᠳᠡᠭᠡᠭᠰᠢ ᠳᠡᠪᠰᠢᠭᠦᠯᠵᠦ ᠳᠤᠷᠤᠭᠰᠢ ᠪᠠᠭᠤᠯᠭᠠᠬᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠲᠦᠷᠦᠯ ᠵᠦᠢᠯ ᠢ ᠬᠦᠴᠦᠨ ᠦᠭᠡᠢ ᠪᠤᠯᠭᠠᠵᠦ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ ᠴᠠᠭ ᠬᠤᠭᠤᠴᠠᠭ᠎ᠠ ᠤᠤᠯ ᠤᠨ ᠳᠡᠭᠰᠢᠳᠭᠡᠭᠡᠳ 20 ᠡᠳᠦᠷ ᠪᠠᠶᠢᠭᠰᠠᠨ ᠢ ᠪᠤᠭᠤᠨᠢᠰᠬᠠᠵᠤ 5 ᠡᠳᠦᠷ ᠪᠤᠯᠭᠠᠪᠠ᠃ ︽ᠭᠤᠷᠪᠠᠨ ᠦᠨᠡᠮᠯᠡᠯ ᠢ ᠨᠢᠭᠡᠳᠬᠡᠵᠦ᠂ ᠦᠨᠡᠮᠯᠡᠯ ᠪᠤᠯᠭᠠᠨ ᠳᠤ ᠨᠤᠮᠧᠷ ᠲᠠᠢ ᠪᠠᠶᠢᠬᠤ︾ ᠦᠢᠯᠡᠳᠪᠤᠷᠢ ᠬᠤᠳᠠᠯᠳᠤᠭᠠᠨ ᠤ ᠲᠠᠩᠰᠠᠯᠠᠨ ᠲᠡᠮᠳᠡᠭᠯᠡᠬᠦ ᠳᠦᠷᠢᠮ ᠤᠨ ᠦᠭᠡᠷᠡᠴᠢᠯᠠᠯᠳᠠ ᠶᠢ ᠪᠦᠬᠦ ᠲᠠᠯ᠎ᠠ ᠎ ᠪᠠᠷ ᠬᠡᠷᠡᠭᠵᠢᠭᠦᠯᠪᠡ᠃ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ᠂ ᠢᠳᠡᠭᠡᠨ ᠣᠮᠳᠠᠭᠠᠨ ᠡᠮ ᠤᠨ ᠵᠦᠢᠯᠠᠰ ᠦᠯᠡᠳᠪᠦᠷᠢ ᠬᠤᠳᠠᠯᠳᠤᠭᠠᠨ ᠤ ᠶᠠᠰᠣ ᠴᠢᠨᠠᠷ ᠤᠨ ᠬᠢᠨᠠᠯᠲᠠ᠂ ᠲᠠᠯ᠎ᠠ ᠨᠣᠳᠤᠭ ᠤᠨ ᠭᠢᠨᠠᠨ ᠬᠠᠮᠢᠶᠠᠷᠣᠯᠳᠠ ᠣᠷᠴᠢᠨ ᠳᠣᠭᠤᠷᠢᠨ ᠢ ᠬᠠᠮᠠᠭᠠᠯᠠᠬᠤ᠂ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠲᠦᠪ ᠵᠡᠷᠭᠡ ᠰᠠᠯᠠᠭ᠎ᠠ ᠮᠦᠴᠢᠷ ᠤᠨ ᠪᠠᠶᠢᠭᠤᠯᠤᠮᠵᠢ ᠶᠢᠨ ᠦᠭᠡᠷᠡᠴᠢᠯᠠᠯᠳᠠ ᠶᠢᠨ ᠡᠭᠦᠷᠭᠡ ᠶᠢ ᠪᠡᠶᠡᠯᠡᠭᠦᠯᠵᠦ᠂ ᠦᠯᠦ ᠬᠦᠳᠡᠯᠬᠦ ᠬᠦᠷᠦᠩᠭᠡ ᠶᠢ ᠲᠠᠩᠰᠠᠯᠠᠨ ᠲᠡᠮᠳᠡᠭᠯᠡᠬᠦ ᠲᠦᠪ᠂ ᠬᠤᠲᠠ ᠭᠦᠳᠡᠭᠡ ᠶᠢᠨ ᠪᠦᠳᠦᠭᠡᠨ ᠪᠠᠶᠢᠭᠤᠯᠣᠯᠳᠠ ᠶᠢᠨ ᠦᠭᠡᠷᠡᠴᠢᠯᠠᠯᠳᠠ ᠪᠠ ᠡᠳ᠋ ᠬᠦᠷᠦᠩᠭᠡ ᠎ ᠶᠢᠨ ᠬᠠᠮᠢᠶᠠᠷᠣᠯᠳᠠ ᠶᠢᠨ ᠬᠢᠵᠠᠭᠠᠷᠲᠦ ᠺᠤᠮᠫᠠᠨᠢ ᠶᠢ ᠪᠠᠶᠢᠭᠤᠯᠪᠠ᠃ ᠦᠪᠡᠷᠳᠡᠭᠡᠨ ᠵᠠᠰᠠᠬᠤ ᠤᠷᠤᠨ ᠤ ᠨᠤᠲᠤᠭ ᠪᠡᠯᠴᠢᠭᠡᠷ ᠤᠨ ᠡᠷᠭᠡ ᠶᠢ  ᠲᠤᠳᠤᠷᠬᠠᠶᠢᠯᠠᠨ ᠳᠠᠩᠰᠠᠯᠠᠬᠤ ᠳᠤᠷᠰᠢᠯᠲᠠ ᠤᠨ ᠴᠢᠭ ᠤᠨ ᠠᠵᠢᠯ ᠢ ᠪᠡᠶᠡᠯᠡᠭᠦᠯᠪᠡ᠃ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠴᠠᠯᠢᠩ ᠬᠦᠯᠦᠰᠦ᠂ ᠨᠠᠰᠤᠵᠢᠯ ᠤᠨ ᠳᠠᠭᠠᠳᠬᠠᠯ ᠤᠨ ᠳᠦᠷᠢᠮ ᠤᠨ ᠦᠭᠡᠷᠡᠴᠢᠯᠡᠯᠲᠡ ᠶᠢᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠪᠠ ᠪᠠᠶᠢᠭᠤᠯᠤᠯᠭ᠎ᠠ ᠶᠢᠨ ᠠᠯᠪᠠᠲᠠᠨ ᠤ ᠡᠭᠦᠷᠭᠡ ᠳᠤᠰᠢᠶᠠᠯ ᠪᠤᠯᠤᠨ ᠳᠣᠰᠢᠶᠠᠯ ᠤᠨ ᠳᠡᠰ ᠢ ᠵᠡᠷᠭᠡ ᠳᠤᠨᠢ ᠭᠡᠷᠡᠭᠵᠢᠭᠦᠯᠬᠦ ᠳᠦᠷᠢᠮ ᠢ ᠨᠠᠶᠢᠳᠠᠪᠤᠷᠵᠢᠭᠤᠯᠪᠠ᠃ ︽ᠭᠦᠪᠡᠭᠡᠲᠦ ᠰᠢᠷ᠎ᠠ ᠬᠤᠰᠢᠭᠤᠨ ᠤ ᠴᠢᠯᠠᠭᠤᠨ ᠳᠣᠰᠣ᠂ ᠪᠠᠶᠢᠭᠠᠯᠢ ᠶᠢᠨ ᠰᠢᠳᠠᠮᠠᠬᠠᠢ ᠭᠡᠢ ᠶᠢ ᠬᠠᠶᠢᠨ ᠰᠢᠨᠵᠢᠯᠡᠵᠦ ᠨᠡᠭᠡᠭᠡᠨ ᠭᠦᠭᠵᠢᠭᠦᠯᠬᠦ ᠠᠵᠦ ᠠᠬᠤᠶᠢᠯᠠᠯ ᠤᠨ ᠠᠰᠢᠭ ᠤᠯᠵᠠᠪᠤᠷᠢ ᠪᠠᠨ ᠮᠠᠯᠴᠢᠳ ᠲᠠᠢ ᠣᠷᠳᠦ ᠬᠤᠭᠤᠴᠠᠭ᠎ᠠ ᠪᠠᠷ ᠬᠠᠮᠳᠣᠪᠠᠷ ᠡᠳ᠋ᠯᠡᠬᠦ ᠠᠷᠭ᠎ᠠ︾ ᠪᠠ ︽ᠭᠦᠪᠡᠭᠡᠲᠦ ᠰᠢᠷ᠎ᠠ ᠬᠤᠰᠢᠭᠤᠨ ᠤ ᠠᠭᠤᠷᠬᠠᠢ ᠶᠢᠨ ᠠᠵᠦ ᠠᠬᠤᠶᠢᠯᠠᠯ ᠤᠨ ᠣᠷᠴᠢᠨ ᠳᠣᠭᠤᠷᠢᠨ ᠤ ᠵᠠᠰᠠᠯᠲᠠ ᠵᠢᠴᠢ ᠠᠵᠦ ᠠᠬᠤᠶᠢᠯᠠᠯ ᠤᠨ ᠠᠰᠢᠭ ᠤᠯᠵᠠᠪᠤᠷᠢ ᠪᠠᠨ ᠮᠠᠯᠴᠢᠳ ᠲᠠᠢ ᠬᠠᠮᠳᠣᠪᠠᠷ ᠡᠳ᠋ᠯᠡᠬᠦ ᠠᠷᠭ᠎ᠠ︾᠎ ᠶᠢ ᠳᠣᠭᠳᠠᠭᠠᠪᠠ᠃        — — ᠵᠠᠰᠠᠭ ᠤᠨ ᠣᠷᠳᠣᠨ ᠤ ᠳᠣᠰ ᠪᠠᠶ᠎ᠡ ᠶᠢᠨ ᠪᠠᠶᠢᠭᠤᠯᠣᠯᠳᠠ ᠰᠢᠨ᠎ᠠ ᠦᠷ᠎ᠡ ᠪᠦᠳᠦᠮᠵᠢ ᠣᠯᠪᠠ᠃ ᠲᠥᠪ ᠤᠨ ︽ᠨᠠᠢᠮᠠᠨ ᠵᠣᠷᠪᠣᠰ︾ ᠳᠣᠭᠳᠠᠭᠠᠯ ᠪᠠ ᠲᠦᠷᠦ ᠶᠢᠨ ᠶᠠᠪᠣᠳᠠᠯ ᠤᠨ ᠬᠤᠷᠢᠶ᠎ᠠ ᠶᠢᠨ ︽ᠰᠠᠭᠢᠯᠭ᠎ᠠ ᠲᠦᠷᠢᠮ ᠎ ᠤᠨ ᠳᠣᠭᠳᠠᠭᠠᠯ︾᠎ ᠢ ᠨᠠᠷᠢᠨ ᠭᠢᠨᠠᠮᠠᠭᠠᠢ ᠨᠠᠶᠢᠳᠠᠪᠣᠷᠢᠵᠢᠭᠤᠯᠵᠦ᠂ ᠨᠠᠮ ᠤᠨ ᠣᠯᠣᠰ ᠲᠦᠷᠦ ᠶᠢᠨ ᠰᠠᠭᠢᠯᠭ᠎ᠠ ᠪᠠᠳᠣ ᠪᠠ ᠣᠯᠣᠰ ᠲᠦᠷᠦ ᠶᠢᠨ ᠰᠠᠭᠢᠯᠭ᠎ᠠ ᠲᠦᠷᠢᠮ ᠢ ᠴᠢᠩᠭ᠎ᠠ ᠰᠠᠭᠢᠪᠠ᠃ ᠨᠠᠮ ᠤᠨ ᠣᠯᠠᠨᠴᠢ ᠲᠦᠮᠡᠨᠴᠢ ᠱᠣᠭᠤᠮ ᠤᠨ ᠭᠦᠮᠦᠵᠢᠯ ᠦᠢᠯᠡᠳᠦᠯᠭᠡ ᠶᠢᠨ ᠠᠵᠢᠯᠯᠠᠭ᠎ᠠ ᠪᠠ ︽ᠭᠤᠷᠪᠠᠨ ᠴᠢᠩᠭ᠎ᠠ ᠭᠤᠷᠪᠠᠨ ᠪᠣᠳᠠᠲᠠᠢ︾ ᠳᠣᠰᠬᠠᠢ ᠰᠠᠳᠣᠪᠲᠦ ᠭᠦᠮᠦᠵᠢᠯ ᠢ ᠭᠦᠨᠵᠡᠭᠡᠢ ᠦᠷᠨᠢᠭᠦᠯᠦᠨ᠂ ︽ᠲᠦᠷᠪᠠᠨ ᠰᠤᠷᠳᠠᠯ︾᠎ ᠤᠨ ᠳᠤᠪᠤᠶᠢᠮ᠎ᠠ ᠠᠰᠠᠭᠤᠳᠠᠯ ᠢ ᠬᠦᠨᠵᠡᠭᠡᠢ ᠴᠡᠭᠴᠡᠯᠡᠨ ᠵᠠᠰᠠᠵᠤ᠂ ᠪᠠᠶᠢᠭᠤᠯᠣᠯᠭ᠎ᠠ ᠶᠢᠨ ᠺᠠᠳ᠋ᠷ ᠤᠨ ᠭᠡᠪ ᠰᠣᠷᠳᠠᠯ ᠢᠯᠡᠷᠭᠡᠢ ᠰᠠᠶᠢᠵᠢᠷᠠᠵᠦ᠂ ᠵᠠᠰᠠᠭ ᠵᠠᠭᠢᠷᠭᠠᠨ ᠤ ᠴᠢᠳᠠᠪᠬᠢ ᠪᠠ ᠵᠠᠰᠠᠭ ᠤᠨ ᠣᠷᠳᠣᠨ ᠤ ᠭᠡᠷᠡᠭᠵᠢᠭᠦᠯᠬᠦ ᠭᠦᠴᠦᠨ ᠪᠦᠬᠦ ᠲᠠᠯ᠎ᠠ ᠪᠠᠷ ᠲᠡᠭᠡᠭᠰᠢᠯᠡᠪᠡ᠃ ᠵᠠᠰᠠᠭ ᠤᠨ ᠣᠷᠳᠣᠨ ᠤ ᠬᠤᠳᠠᠯᠳᠣᠨ ᠠᠪᠬᠤ ᠪᠠ ᠲᠠᠭᠠᠭᠠᠴᠢᠯᠠᠯᠳᠠ ᠵᠠᠷᠯᠠᠬᠤ ᠶᠠᠪᠣᠴᠠ ᠶᠢ ᠲᠦᠷᠢᠮᠵᠢᠭᠦᠯᠵᠦ᠂ ︽ᠭᠤᠷᠪᠠᠨ ᠴᠢᠬᠤᠯᠠ ᠨᠢᠭᠡ ᠳᠣᠮᠣ︾ ᠰᠢᠢᠳᠪᠣᠷᠢᠲᠦ ᠪᠣᠳᠣᠯᠭ᠎ᠠ ᠶᠢᠨ ᠲᠦᠷᠢᠮ ᠢ ᠭᠢᠨᠠᠮᠠᠭᠠᠢ ᠨᠠᠶᠢᠳᠠᠪᠣᠷᠢᠵᠢᠭᠤᠯᠪᠠ᠃ ᠵᠠᠰᠠᠭ ᠎ ᠤᠨ ᠣᠷᠳᠣᠨ ᠤ ᠬᠠᠣᠯᠢ ᠴᠠᠭᠠᠵᠠ ᠶᠢᠨ ᠵᠦᠪᠯᠡᠬᠦ ᠲᠦᠷᠢᠮ ᠢ ᠪᠠᠶᠢᠭᠤᠯᠣᠨ᠂ ᠬᠠᠣᠯᠢ ᠶᠣᠰᠣᠭᠠᠷ ᠵᠠᠰᠠᠭ ᠪᠠᠷᠢᠬᠤ ᠪᠠ ᠰᠢᠨᠵᠢᠯᠡᠬᠦ ᠣᠬᠠᠭᠠᠨᠴᠢ ᠠᠷᠠᠳᠴᠢᠯᠠᠯ ᠤᠨ ᠰᠢᠢᠳᠪᠣᠷᠢᠲᠦ ᠪᠣᠳᠣᠯᠭ᠎ᠠ ᠶᠢ ᠪᠠᠳᠣᠲᠠᠢ ᠲᠦᠯᠭᠢᠨ ᠠᠭᠢᠭᠤᠯᠵᠦ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠪᠠᠶᠢᠩᠭᠤ ᠶᠢᠨ ᠬᠤᠷᠢᠶ᠎ᠠ ᠶᠢᠨ ᠬᠠᠣᠯᠢ ᠴᠠᠭᠠᠵᠠ ᠶᠢᠨ ᠭᠢᠨᠠᠯᠳᠠ ᠪᠠ ᠣᠯᠣᠰ ᠲᠦᠷᠦ ᠶᠢᠨ ᠵᠦᠪᠯᠡᠯᠭᠡᠨ ᠤ ᠠᠷᠠᠳᠴᠢᠯᠠᠯ ᠤᠨ ᠭᠢᠨᠠᠯᠳᠠ ᠶᠢ ᠣᠬᠠᠮᠰᠠᠷ ᠠᠴᠠ ᠎ ᠪᠠᠨ ᠭᠦᠯᠢᠶᠠᠵᠦ᠂ ᠠᠷᠠᠳ ᠤᠨ ᠲᠦᠯᠦᠭᠡᠯᠡᠭᠴᠢᠳ ᠤᠨ ᠰᠠᠨᠠᠯ ᠵᠦᠪᠯᠡᠯᠭᠡ᠂ ᠰᠠᠨᠠᠭᠤᠯᠭ᠎ᠠ ᠪᠠ ᠣᠯᠣᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠰᠠᠨᠠᠯ ᠲᠣᠷᠠᠳᠣᠯᠭ᠎ᠠ ᠶᠢ ᠰᠢᠢᠳᠪᠣᠷᠢᠯᠡᠭᠰᠡᠨ ᠨᠣᠷᠮ᠎ᠠ 100%᠎ ᠳᠤ ᠬᠦᠷᠪᠠ᠃ ᠨᠠᠮ ᠤᠨ ᠰᠣᠷᠳᠠᠯ ᠴᠢᠭᠡᠴᠢ ᠵᠠᠰᠠᠭ ᠤᠨ ᠪᠠᠶᠢᠭᠤᠯᠣᠯᠳᠠ ᠶᠢᠨ ᠭᠤᠣᠯ ᠴᠤᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠵᠦ᠂ ᠵᠠᠰᠠᠭ ᠤᠨ ᠶᠠᠪᠣᠳᠠᠯ ᠢ ᠢᠯᠡ ᠪᠣᠯᠭᠠᠬᠤ ᠪᠠ ᠵᠠᠰᠠᠭ ᠵᠠᠭᠢᠷᠭᠠᠨ ᠤ ᠭᠢᠨᠠᠨ ᠪᠠᠶᠢᠴᠠᠭᠠᠯᠳᠠ᠂ ᠭᠢᠨᠠᠨ ᠪᠤᠳᠤᠵᠤ ᠭᠢᠨᠠᠯᠳᠠ ᠳᠠᠯᠪᠢᠬᠤ ᠭᠦᠴᠦᠯᠠᠴᠠ ᠶᠢ ᠴᠢᠩᠭᠠᠳᠬᠠᠨ᠂ ᠵᠠᠰᠠᠭ ᠤᠨ ᠣᠷᠳᠣᠨ ᠤ ᠰᠢᠰᠲ᠋ᠧᠮ ᠤᠨ ᠴᠢᠭᠡᠴᠢ ᠵᠠᠰᠠᠭ ᠤᠨ ᠪᠠᠶᠢᠭᠤᠯᠣᠯᠳᠠ ᠶᠢ ᠯᠠᠪᠳᠠᠭᠤᠨ ᠪᠠᠳᠣᠲᠠᠢ ᠲᠦᠯᠭᠢᠨ ᠠᠭᠢᠭᠤᠯᠪᠠ᠃        ᠲᠦᠯᠦᠭᠡᠯᠡᠭᠴᠢᠳ ᠡ᠂ ᠦᠩᠭᠡᠷᠡᠭᠰᠡᠨ ᠲᠠᠪᠤᠨ ᠵᠢᠯ ᠳᠤ᠂ ᠪᠢᠳᠠ ᠭᠦᠴᠢᠷ ᠪᠡᠷᠭᠡ ᠶᠢ ᠢᠯᠠᠨ ᠲᠠᠪᠠᠵᠦ᠂ ᠦᠨᠡᠨᠬᠦ ᠠᠳᠬᠤᠵᠤ ᠪᠤᠳᠠᠳᠠᠢ ᠪᠠᠷ ᠠᠵᠢᠯᠯᠠᠨ᠂ ᠭᠦᠪᠡᠭᠡᠲᠦ ᠰᠢᠷ᠎ᠠ ᠬᠤᠰᠢᠭᠤᠨ ᠤ ᠭᠦᠭᠵᠢᠯᠳᠡ ᠶᠢᠨ ᠲᠡᠣᠭᠡᠨ ᠳᠠᠬᠢ ᠴᠣ ᠰᠢᠨ᠎ᠠ ᠬᠠᠭᠤᠳᠠᠰᠣ ᠶᠢ ᠪᠢᠴᠢᠭᠯᠡᠪᠡ᠃ ︽ᠠᠷᠪᠠᠨ ᠬᠤᠶᠠᠳᠣᠭᠠᠷ ᠲᠠᠪᠣᠨ ᠵᠢᠯ︾᠎ ᠤᠨ ᠲᠦᠯᠦᠪᠵᠢᠭᠦᠯᠭᠡ ᠶᠢᠨ ᠬᠤᠭᠤᠴᠠᠭᠠᠨ ᠤ ᠭᠦᠭᠵᠢᠯᠳᠡ ᠶᠢ ᠡᠷᠭᠢᠴᠡᠭᠦᠯᠪᠠᠯ᠄ ᠡᠨᠡᠬᠦ ᠲᠠᠪᠣᠨ ᠵᠢᠯ ᠪᠣᠯ ᠮᠠᠨ ᠤ ᠬᠤᠰᠢᠭᠤᠨ ᠤ ᠠᠵᠦ ᠠᠬᠤᠢ᠂ ᠣᠯᠣᠰ ᠲᠦᠷᠦ᠂ ᠰᠣᠶᠣᠯ᠂ ᠨᠡᠶᠢᠭᠡᠮ ᠪᠠ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠳᠠ ᠶᠢ ᠪᠦᠬᠦ ᠲᠠᠯ᠎ᠠ ᠪᠠᠷ ᠲᠦᠯᠭᠢᠨ ᠠᠭᠢᠭᠤᠯᠣᠭᠰᠠᠨ ᠲᠠᠪᠣᠨ ᠵᠢᠯ᠂ ᠭᠦᠭᠵᠢᠯᠳᠡ ᠶᠢᠨ ᠠᠷᠭ᠎ᠠ ᠭᠡᠯᠪᠡᠷᠢ ᠪᠠᠨ ᠱᠠᠯᠠᠪᠳᠠᠨ ᠬᠤᠪᠢᠷᠠᠭᠤᠯᠵᠦ᠂ ᠭᠦᠭᠵᠢᠯᠳᠡ ᠶᠢᠨ ᠰᠠᠭᠤᠷᠢ ᠪᠠᠨ ᠪᠠᠬᠢᠵᠢᠭᠦᠯᠦᠨ᠂ ᠭᠦᠭᠵᠢᠯᠳᠡ ᠶᠢᠨ ᠪᠦᠬᠦ ᠲᠠᠯᠠᠴᠢ ᠴᠢᠨᠠᠷ ᠵᠣᠭᠢᠴᠠᠯᠲᠦ ᠴᠢᠨᠠᠷ ᠦᠷᠭᠦᠯᠵᠢᠯᠡᠭᠦᠶᠢᠴᠠ ᠴᠢᠨᠠᠷ ᠢ ᠲᠠᠰᠣᠷᠠᠯᠳᠠ ᠦᠭᠡᠢ ᠨᠡᠮᠡᠭᠳᠡᠭᠦᠯᠦᠭᠰᠡᠨ ᠲᠠᠪᠣᠨ ᠵᠢᠯ᠂ ᠦᠭᠡᠷᠡᠴᠢᠯᠠᠯᠳᠠ ᠶᠢᠨ ᠪᠤᠭᠤᠮᠳᠠ ᠰᠢᠪᠳᠣᠯᠬᠤ ᠭᠦᠴᠦᠯᠠᠴᠠ ᠬᠠᠮᠤᠭ ᠶᠡᠭᠡ᠂ ᠮᠠᠯᠵᠢᠬᠤ ᠣᠷᠣᠨ ᠤ ᠳᠦᠷᠰᠤ ᠪᠠᠶᠢᠳᠠᠯ ᠳᠤ ᠬᠠᠮᠤᠭ ᠶᠡᠭᠡ ᠬᠤᠪᠢᠷᠠᠯᠳᠠ ᠭᠠᠷᠤᠭᠰᠠᠨ᠂ ᠠᠷᠠᠳ ᠤᠯᠠᠨ ᠬᠠᠮᠤᠭ ᠶᠡᠭᠡ ᠠᠰᠢᠭ ᠬᠦᠷᠳᠡᠭᠰᠡᠨ ᠲᠠᠪᠤᠨ ᠵᠢᠯ ᠪᠤᠯᠬᠤ ᠶᠢ ᠪᠢᠳᠡ ᠤᠯᠵᠤ ᠬᠠᠷᠠᠪᠠ᠃ ᠡᠳᠡᠭᠡᠷ ᠠᠮᠵᠢᠯᠲᠠ ᠶᠢ ᠣᠯᠣᠭᠰᠠᠨ ᠶᠠᠪᠤᠳᠠᠯ ᠪᠣᠯ᠂ ᠠᠶᠢᠮᠠᠭ ᠤᠨ ᠨᠠᠮ ᠤᠨ ᠬᠤᠷᠢᠶ᠎ᠠ᠂ ᠵᠠᠭᠢᠷᠭ᠎ᠠ ᠪᠤᠯᠤᠨ ᠬᠤᠰᠢᠭᠤ ᠨᠠᠮ ᠤᠨ ᠬᠤᠷᠢᠶ᠎ᠠ ᠠᠴᠠ ᠵᠦᠪ ᠤᠨᠤᠪᠴᠢᠲᠠᠢ ᠣᠳᠣᠷᠢᠳᠣᠭᠰᠠᠨ ᠤ ᠦᠷ᠎ᠡ ᠳ᠋ᠦᠩ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠠᠷᠠᠳ ᠲᠦᠮᠡᠨ ᠰᠠᠳᠭᠢᠯ ᠨᠢᠭᠡᠳᠣᠨ ᠪᠦᠯᠬᠦᠮᠳᠠᠨ ᠳᠡᠮᠡᠴᠡᠭᠰᠡᠨ ᠤ ᠦᠷ᠎ᠡ ᠳ᠋ᠦᠩ ᠪᠣᠯᠬᠤ ᠶᠣᠮ᠃ ᠡᠶᠢᠮᠣ ᠠᠴᠠ ᠠᠳᠡ ᠪᠢ᠂ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ᠂ ᠬᠦᠪᠡᠭᠡᠲᠤ ᠰᠢᠷ᠎ᠠ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠳᠤ ᠠᠷᠭ᠎ᠠ ᠪᠤᠳᠤᠯᠭ᠎ᠠ ᠭᠠᠷᠭᠠᠵᠤ᠂ ᠬᠠᠳᠠᠭᠤᠵᠢᠯᠲᠠᠢ ᠠᠵᠢᠯᠯᠠᠨ᠂ ᠢᠳᠡᠪᠬᠢᠲᠠᠢ ᠨᠡᠮᠡᠷᠢ ᠬᠠᠨᠳᠢᠪ ᠢᠶᠠᠨ ᠡᠷᠭᠦᠭᠰᠡᠨ ᠦᠷᠭᠡᠨ ᠤᠯᠠᠨ ᠠᠷᠠᠳ ᠎ ᠤᠨ ᠲᠦᠯᠦᠭᠡᠯᠡᠭᠴᠢᠳ᠂ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠵᠢᠴᠢ ᠪᠦᠬᠦ ᠬᠤᠰᠢᠭᠤᠨ ᠤ ᠡᠯ᠎ᠡ ᠠᠵᠢᠯ ᠎ ᠤᠨ ᠹᠷᠤᠨᠲ ᠳᠡᠭᠡᠷ᠎ᠡ ᠭᠠᠪᠰᠢᠭᠠᠶᠢᠯᠠᠵᠤ ᠪᠠᠶᠢᠭ᠎ᠠ ᠦᠷᠭᠡᠨ ᠤᠯᠠᠨ ᠺᠠᠳ᠋ᠷ ᠠᠵᠢᠯᠳᠠᠳ᠂ ᠮᠠᠨ ᠤ ᠬᠤᠰᠢᠭᠤᠨ ᠤ ᠬᠦᠭᠵᠢᠯᠲᠡ᠂ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠭᠰᠡᠨ ᠨᠡᠶᠢᠭᠡᠮ ᠤᠨ ᠡᠯ᠎ᠡ ᠡᠳᠡᠭᠡᠳ ᠲᠤ ᠡᠷᠬᠢᠮ ᠳᠡᠭᠡᠲᠤ ᠬᠦᠨᠳᠤᠳᠭᠡᠯ ᠪᠠ ᠴᠢᠩ ᠰᠡᠳᠬᠢᠯ ᠤᠨ ᠳᠠᠯᠠᠷᠬᠠᠯ ᠢᠶᠠᠨ ᠳᠡᠪᠰᠢᠭᠦᠯᠦᠶ᠎ᠡ︕        ᠪᠢᠳᠠ ᠠᠮᠵᠢᠯᠳᠠ ᠪᠠᠨ ᠣᠯᠵᠦ ᠬᠠᠷᠠᠬᠤ ᠶᠢᠨ ᠲᠠᠭᠠᠣ᠂ ᠪᠦᠬᠦ ᠬᠤᠰᠢᠭᠤᠨ ᠤ ᠠᠵᠦ ᠠᠬᠤᠢ ᠨᠡᠶᠢᠭᠡᠮ ᠤᠨ ᠭᠦᠭᠵᠢᠯᠳᠡ ᠶᠢᠨ ᠳᠣᠮᠳᠠ ᠮᠠᠰᠢ ᠣᠯᠠᠨ ᠭᠦᠴᠢᠷ ᠪᠠᠷᠭᠡ ᠪᠠ ᠠᠰᠠᠭᠤᠳᠠᠯ ᠣᠷᠣᠰᠢᠵᠦ ᠪᠠᠶᠢᠭ᠎ᠠ ᠶᠢ ᠰᠡᠷᠭᠡᠭ ᠢᠶᠠᠷ ᠣᠯᠵᠦ ᠲᠠᠨᠢᠬᠤ ᠭᠡᠷᠡᠭᠲᠡᠢ᠃ ᠨᠢᠭᠡ ᠳᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠲᠤᠤᠷ᠎ᠠ᠂ ᠠᠵᠤ ᠦᠢᠯᠡᠰ ᠤᠨ ᠪᠦᠲᠦᠴᠨ ᠳᠠᠩ ᠴᠤᠯᠭᠤᠢ᠂ ᠡᠬᠢ ᠪᠠᠶᠠᠯᠢᠭ ᠤᠨ ᠪᠤᠰᠤ ᠴᠢᠨᠠᠷᠲᠠᠢ ᠠᠵᠤ ᠦᠢᠯᠡᠰ ᠪᠠ ᠤᠳᠤ ᠦᠶ᠎ᠡ ᠶᠢᠨ ᠦᠢᠯᠡᠴᠢᠯᠡᠭᠡᠨ ᠤ ᠬᠦᠭᠵᠢᠯᠲᠡ ᠠᠨᠠᠢ ᠪᠠᠶᠢᠨ᠎ᠠ᠃ ᠬᠤᠶᠠᠷ ᠲᠤ ᠠᠵᠤ ᠠᠬᠤᠢ ᠶᠢᠨ ᠪᠠᠭᠤᠷᠠᠯᠲᠠ ᠶᠢᠨ ᠳᠠᠷᠤᠭᠠᠰᠤ ᠨᠡᠯᠢᠶᠡᠳ ᠶᠡᠭᠡ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠮᠦᠨᠬᠦ ᠲᠦᠢᠯ ᠤᠨ ᠲᠤᠪᠤᠶᠢᠮ᠎ᠠ ᠪᠠᠶᠢᠨ᠎ᠠ᠃ ᠭᠤᠷᠪᠠ ᠳᠤ᠂ ᠰᠠᠭᠤᠷᠢ ᠲᠦᠬᠦᠭᠡᠷᠦᠮᠵᠢ ᠶᠢᠨ ᠨᠦᠬᠦᠴᠡᠯ ᠨᠡᠯᠢᠶᠡᠳ ᠬᠤᠴᠤᠷᠤᠩᠭᠤᠢ ᠪᠠᠶᠢᠵᠤ᠂ ᠬᠦᠭᠵᠢᠯᠲᠡ ᠶᠢ ᠲᠤᠯᠭᠠᠭᠤᠷᠢᠯᠠᠬᠤ ᠪᠠᠳᠤᠯᠠᠭ᠎ᠠ ᠶᠢᠨ ᠴᠢᠳᠠᠪᠤᠷᠢ ᠠᠨᠠᠢ ᠪᠠᠶᠢᠨ᠎ᠠ᠃ ᠳᠦᠷᠪᠠ ᠳᠤ᠂ ᠮᠠᠯ ᠠᠵᠤ ᠠᠬᠤᠢ ᠎ ᠶᠢᠨ ᠨᠡᠷ᠎ᠡ ᠳᠡᠮᠳᠡᠭ ᠤᠨ ᠦᠷ᠎ᠡ ᠠᠰᠢᠭ ᠲᠤᠤᠷ᠎ᠠ᠂ ᠠᠮᠢ ᠠᠬᠤᠢ ᠶᠢᠨ ᠤᠷᠴᠢᠨ ᠲᠤᠭᠤᠷᠢᠨ ᠮᠦᠨᠬᠦ ᠬᠡᠪᠡᠷᠡᠭ ᠪᠠᠶᠢᠨ᠎ᠠ᠃ ᠡᠶᠢᠮᠣ ᠠᠴᠠ᠂ ᠪᠢᠳᠠ ᠡᠷᠭᠡᠪᠡᠰᠢ ᠬᠠᠷᠢᠭᠤᠴᠠᠯᠭᠠᠲᠤ ᠤᠬᠠᠮᠰᠠᠷ ᠪᠠ ᠡᠭᠦᠷᠭᠡᠯᠡᠬᠦ ᠤᠬᠠᠮᠰᠠᠷ ᠢᠶᠠᠨ ᠤᠯᠠᠮ ᠳᠡᠭᠡᠭᠰᠢᠯᠡᠭᠦᠯᠵᠤ᠂ ᠭᠦᠴᠦᠨ ᠪᠦᠭᠦᠢ ᠠᠷᠭ᠎ᠠ ᠭᠡᠮᠵᠢᠶ᠎ᠡ ᠶᠢ ᠠᠪᠴᠦ ᠡᠳᠡᠭᠡᠷ ᠠᠰᠠᠭᠤᠳᠠᠯ ᠢ ᠰᠢᠢᠳᠪᠦᠷᠢᠯᠡᠨ᠂ ᠵᠠᠰᠠᠭ ᠎ ᠤᠨ ᠤᠷᠳᠤᠨ ᠤ ᠠᠵᠢᠯ ᠢᠶᠠᠨ ᠰᠠᠶᠢᠳᠤᠷ ᠬᠢᠵᠤ᠂ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠬᠦᠰᠡᠷᠳᠡᠭᠦᠯᠬᠦ ᠦᠭᠡᠢ ᠪᠠᠷ ᠴᠢᠷᠮᠠᠶᠢᠬᠤ ᠬᠡᠷᠡᠭᠲᠠᠢ ᠪᠠᠶᠢᠨ᠎ᠠ᠃        ᠬᠤᠶᠠᠷ᠄ ︽ᠠᠷᠪᠠᠨ ᠭᠤᠷᠪᠠᠲᠤᠭᠠᠷ ᠲᠠᠪᠤᠨ ᠵᠢᠯ︾᠎ ᠤᠨ ᠲᠦᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠬᠡᠮ ᠤᠨ ᠬᠦᠭᠵᠢᠯᠲᠠ ᠶᠢᠨ ᠲᠡᠮᠡᠴᠡᠬᠦ ᠬᠠᠷᠠᠯᠲᠠ ᠪᠠ ᠠᠵᠢᠯ ᠤᠨ ᠭᠤᠤᠯᠳᠠᠯᠭ᠎ᠠ        ︽ᠠᠷᠪᠠᠨ ᠭᠤᠷᠪᠠᠲᠤᠭᠠᠷ ᠲᠠᠪᠤᠨ ᠵᠢᠯ︾᠎ ᠤᠨ ᠲᠦᠯᠦᠪᠵᠢᠭᠦᠯᠭᠡ ᠶᠢᠨ ᠬᠤᠭᠤᠴᠠᠭ᠎ᠠ ᠪᠤᠯ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠦᠷᠢᠲᠤ ᠴᠠᠭ ᠬᠤᠭᠤᠴᠠᠭ᠎ᠠ᠂ ᠦᠬᠡᠷᠡᠴᠢᠯᠠᠯᠲᠠ ᠶᠢ ᠪᠦᠬᠦ ᠲᠠᠯ᠎ᠠ ᠎ ᠪᠠᠷ ᠬᠦᠨᠵᠡᠬᠡᠶᠢᠷᠡᠬᠦᠯᠬᠦ ᠰᠢᠪᠲᠤᠯᠤᠯᠲᠠ ᠶᠢᠨ ᠴᠠᠭ ᠬᠤᠭᠤᠴᠠᠭ᠎ᠠ᠂ ᠮᠦᠨᠴᠤ ᠬᠠᠤᠯᠢ ᠪᠠᠷ ᠬᠤᠰᠢᠭᠤ ᠪᠠᠨ ᠵᠠᠰᠠᠬᠤ ᠶᠢ ᠲᠦᠯᠬᠢᠨ ᠠᠬᠢᠭᠤᠯᠬᠤ ᠵᠠᠩᠬᠢᠯᠭ᠎ᠠ ᠶᠢᠨ ᠴᠠᠭ ᠬᠤᠭᠤᠴᠠᠭ᠎ᠠ ᠪᠤᠯᠤᠨ᠎ᠠ᠃ ᠬᠤᠰᠢᠭᠤ ᠨᠠᠮ ᠤᠨ ᠬᠤᠷᠢᠶᠠᠨ ᠤ ︽ᠤᠯᠤᠰ ᠠᠷᠠᠳ ᠤᠨ ᠠᠵᠤ ᠠᠬᠤᠢ ᠪᠤᠯᠤᠨ ᠨᠡᠶᠢᠬᠡᠮ ᠤᠨ ᠬᠦᠭᠵᠢᠬᠦᠯᠤᠯᠲᠠ ᠶᠢᠨ ᠠᠷᠪᠠᠨ ᠭᠤᠷᠪᠠᠲᠤᠭᠠᠷ ᠲᠠᠪᠤᠨ ᠵᠢᠯ ᠎ ᠤᠨ ᠲᠦᠯᠦᠪᠵᠢᠭᠦᠯᠭᠡ ᠶᠢ ᠲᠤᠭᠲᠠᠭᠠᠬᠤ ᠲᠤᠬᠠᠢ ᠰᠠᠨᠠᠭᠤᠯᠭ᠎ᠠ︾᠎ ᠶᠢ ᠦᠨᠲᠤᠰᠤᠯᠡᠵᠤ ᠭᠠᠷᠭᠠᠭᠰᠠᠨ᠂ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠲᠠ ᠶᠢᠨ ᠶᠡᠷᠤᠩᠬᠡᠢ ᠰᠡᠳᠬᠢᠴᠨ ᠪᠤᠯ᠄ ᠲᠦᠪ᠂ ᠦᠪᠡᠷᠲᠡᠬᠡᠨ ᠵᠠᠰᠠᠬᠤ ᠤᠷᠤᠨ ᠤ ᠴᠢᠭᠯᠡᠯᠲᠠ ᠲᠦᠷᠤ ᠶᠢᠨ ᠪᠤᠲᠤᠯᠭ᠎ᠠ ᠪᠤᠯᠤᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠰᠢᠢᠳᠪᠦᠷᠢᠲᠤ ᠪᠤᠲᠤᠯᠭ᠎ᠠ ᠪᠠᠶᠢᠷᠢᠯᠠᠭᠤᠯᠤᠯᠲᠠ ᠶᠢ ᠬᠦᠨᠵᠡᠬᠡᠢ ᠲᠤᠤᠱᠯᠠᠭᠤᠯᠵᠤ᠂ ︽ᠲᠦᠷᠪᠡᠨ ᠪᠦᠬᠦ ᠲᠠᠯ᠎ᠠ︾᠎ ᠶᠢᠨ ᠪᠠᠶᠢᠯᠲᠤᠬᠤ ᠪᠤᠲᠤᠯᠭ᠎ᠠ ᠶᠢᠨ ᠪᠠᠶᠢᠷᠢᠯᠠᠭᠤᠯᠤᠯᠲᠠ ᠶᠢ ᠪᠠᠷᠢᠮᠳᠠᠯᠠᠨ᠂ ᠰᠢᠨ᠎ᠡ ᠶᠢ ᠡᠬᠦᠳᠬᠦ᠂ ᠵᠤᠬᠢᠴᠠᠭᠤᠯᠬᠤ᠂ ᠪᠤᠬᠢᠷᠳᠤᠯ ᠦᠬᠡᠢ᠂ ᠨᠡᠬᠡᠬᠡᠯᠲᠡᠲᠦ᠂ ᠬᠠᠮᠲᠤ ᠪᠠᠷ ᠡᠳ᠋ᠯᠡᠬᠦ ᠬᠦᠭᠵᠢᠯᠲᠠ ᠶᠢᠨ ᠤᠶᠢᠯᠠᠭᠠᠭᠳᠠᠬᠤᠨ ᠢ ᠪᠤᠢ ᠪᠤᠯᠭᠠᠨ ᠪᠠᠬᠢᠵᠢᠬᠦᠯᠵᠤ᠂ ︽ᠵᠢᠷᠭᠤᠭᠠᠨ ᠨᠢᠬᠡᠲᠤᠬᠡᠷ︾᠎ ᠤᠨ ᠭᠤᠤᠯ ᠡᠬᠦᠷᠬᠡ ᠶᠢᠨ ᠲᠤᠭᠤᠷᠢᠨ ᠳᠤ᠂ ︽ᠲᠦᠷᠪᠠᠨ ᠰᠠᠭᠤᠷᠢ ᠎ ᠶᠢ ᠵᠡᠷᠬᠡ ᠳᠤᠨᠢ ᠴᠢᠬᠤᠯᠠᠴᠢᠯᠠᠵᠤ᠂ ᠰᠢᠨ᠎ᠡ ᠬᠡᠯᠪᠡᠷᠢ ᠶᠢᠨ ᠠᠵᠤ ᠤᠶᠢᠯᠡᠳᠪᠤᠷᠢᠵᠢᠯᠲᠠ᠂ ᠮᠡᠲᠡᠭᠡ ᠵᠠᠩᠬᠢᠵᠢᠯᠲᠠ᠂ ᠬᠤᠲᠠ ᠪᠠᠯᠭᠠᠰᠤᠵᠢᠯᠲᠠ᠂ ᠮᠠᠯ ᠠᠵᠤ ᠠᠬᠤᠢ ᠶᠢᠨ ᠤᠳᠤᠬᠢᠴᠢᠯᠠᠯᠲᠠ ᠶᠢ ᠵᠡᠷᠭᠡ ᠳᠤᠨᠢ ᠬᠦᠭᠵᠢᠬᠦᠯᠬᠦ︾᠎ ᠶᠢ ᠪᠠᠷᠢᠮᠲᠠᠯᠠᠵᠤ᠂ ᠬᠦᠭᠵᠢᠯᠲᠠ ᠶᠢᠨ ᠶᠠᠰᠤ ᠴᠢᠨᠠᠷ ᠪᠠ ᠦᠷ᠎ᠡ ᠠᠰᠢᠭ ᠢ ᠲᠡᠬᠡᠭᠰᠢᠯᠡᠬᠦᠯᠬᠦ ᠪᠠᠷ ᠭᠤᠤᠯ ᠪᠤᠯᠭᠠᠨ᠂ ︽ᠲᠤᠯᠤᠭᠠᠨ ᠲᠤᠮᠤ ᠤᠨᠴᠠᠯᠢᠭᠲᠦ ᠠᠵᠤ ᠤᠶᠢᠯᠡᠰ︾᠎ ᠢ ᠴᠢᠷᠮᠠᠶᠢᠨ ᠪᠤᠶᠢᠵᠢᠭᠤᠯᠵᠤ᠂ ︽ᠵᠢᠷᠭᠤᠭᠠᠨ ᠰᠠᠭᠤᠷᠢᠨ︾᠎ ᠢ ᠪᠦᠬᠦ ᠲᠠᠯ᠎ᠠ ᠪᠠᠷ ᠪᠠᠶᠢᠭᠤᠯᠤᠨ᠂ ᠬᠦᠴᠦᠨ ᠢᠶᠠᠨ ᠲᠦᠪᠯᠡᠷᠡᠭᠦᠯᠦᠨ᠂ ᠬᠦᠴᠢᠷ ᠢ ᠢᠯᠠᠵᠤ᠂ ᠠᠵᠤ ᠠᠬᠤᠢ ᠶᠢᠨ ᠡᠷᠡᠬᠦᠯ ᠢᠶᠠᠷ ᠬᠦᠭᠵᠢᠬᠦ᠂ ᠨᠡᠶᠢᠬᠡᠮ ᠤᠨ ᠡᠶ᠎ᠡ ᠵᠤᠬᠢᠴᠠᠩᠭᠤᠢ ᠲᠤᠭᠲᠠᠭᠤᠨ ᠢ ᠬᠠᠮᠠᠭᠠᠯᠠᠬᠤ᠂ ᠠᠷᠠᠳ ᠤᠨ ᠠᠮᠢᠲᠤᠷᠠᠯ ᠎ ᠢ ᠦᠷᠬᠦᠯᠵᠢᠯᠠᠨ ᠰᠠᠶᠢᠵᠢᠷᠠᠭᠤᠯᠬᠤ ᠶᠢ ᠲᠦᠯᠬᠢᠨ ᠠᠬᠢᠭᠤᠯᠵᠤ᠂ ᠲᠤᠭᠲᠠᠭᠰᠠᠨ ᠬᠤᠭᠤᠴᠠᠭᠠᠨ ᠳᠤ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠶᠢ ᠦᠨᠡᠨᠬᠦ ᠪᠠᠲᠤᠯᠠᠨ᠎ᠠ᠃ ᠭᠤᠤᠯ ᠲᠡᠮᠡᠴᠡᠬᠦ ᠬᠠᠷᠠᠯᠲᠠ ᠪᠤᠯ᠄ 2020 ᠤᠨ ᠪᠤᠯᠬᠤ ᠳᠤ᠂ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 77.5 ᠳ᠋ᠦᠩᠰᠢᠭᠤᠷ ᠲᠦᠭᠦᠷᠢᠭ ᠲᠤ ᠬᠦᠷᠭᠡᠵᠤ᠂ ᠵᠢᠯ ᠪᠦᠷᠢ ᠲᠤᠮᠲᠠᠴᠢ ᠪᠠᠷ 8%᠎ ᠪᠠᠷ ᠨᠡᠮᠡᠭᠳᠡᠭᠦᠯᠦᠨ᠎ᠡ᠃ ᠨᠠᠶᠢᠲᠠ ᠶᠢᠨ ᠡᠳ᠋ ᠶᠢᠨ ᠵᠠᠰᠠᠭ ᠤᠨ ᠲᠦᠰᠤᠪ ᠤᠨ ᠤᠷᠤᠯᠭ᠎ᠠ ᠶᠢ 3.28 ᠳ᠋ᠦᠩᠰᠢᠭᠤᠷ ᠲᠦᠭᠦᠷᠢᠭ ᠲᠤ ᠬᠦᠷᠭᠡᠵᠤ᠂ ᠵᠢᠯ ᠪᠦᠷᠢ ᠲᠤᠮᠲᠠᠴᠢ ᠎ ᠪᠠᠷ 7.2%᠎ ᠪᠠᠷ ᠨᠡᠮᠡᠭᠳᠡᠭᠦᠯᠦᠨ᠎ᠡ᠃ ᠪᠦᠬᠦ ᠨᠡᠶᠢᠭᠡᠮ ᠤᠨ ᠲᠤᠭᠲᠠᠮᠠᠯ ᠬᠦᠷᠤᠩᠬᠡ ᠶᠢᠨ ᠪᠡᠯᠡ ᠤᠷᠤᠭᠤᠯᠤᠯᠲᠠ ᠶᠢ 26.5 ᠳ᠋ᠦᠩᠰᠢᠭᠤᠷ ᠲᠦᠭᠦᠷᠢᠭ ᠲᠤ ᠬᠦᠷᠭᠡᠵᠤ᠂ ᠵᠢᠯ ᠪᠦᠷᠢ ᠲᠤᠮᠲᠠᠴᠢ ᠪᠠᠷ 15%᠎ ᠪᠠᠷ ᠨᠡᠮᠡᠭᠳᠡᠭᠦᠯᠦᠨ᠎ᠡ᠃ ᠪᠦᠬᠦ ᠨᠡᠶᠢᠭᠡᠮ ᠤᠨ ᠬᠡᠷᠡᠭᠯᠡᠭᠡᠨ ᠤ ᠪᠤᠳᠠᠰ ᠤᠨ ᠵᠢᠵᠢᠭᠯᠡᠨ ᠬᠤᠳᠠᠯᠳᠣᠬᠤ ᠶᠡᠷᠦᠩᠬᠡᠢ ᠬᠡᠮᠵᠢᠶ᠎ᠡ ᠶᠢ 8.5 ᠳ᠋ᠦᠩᠰᠢᠭᠤᠷ ᠲᠦᠭᠦᠷᠢᠭ ᠲᠤ ᠭᠦᠷᠭᠡᠵᠤ᠂ ᠵᠢᠯ ᠪᠦᠷᠢ ᠲᠤᠮᠲᠠᠴᠢ ᠪᠠᠷ 8.4%᠎ ᠪᠠᠷ ᠨᠡᠮᠡᠭᠳᠡᠭᠦᠯᠦᠨ᠎ᠡ᠃ ᠬᠤᠳᠠ ᠪᠠᠯᠭᠠᠰᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠳᠣᠬᠢᠷᠠᠭᠤᠯᠵᠣ ᠪᠣᠯᠬᠤᠶᠢᠴᠠ ᠣᠷᠣᠯᠭ᠎ᠠ ᠶᠢ 44920 ᠲᠦᠭᠦᠷᠢᠭ ᠲᠤ ᠬᠦᠷᠭᠡᠵᠦ᠂ ᠵᠢᠯ ᠪᠦᠷᠢ ᠲᠤᠮᠲᠠᠴᠢ ᠪᠠᠷ 7.9%᠎ ᠪᠠᠷ ᠨᠡᠮᠡᠭᠳᠡᠭᠦᠯᠦᠨ᠎ᠡ᠃ ᠮᠠᠯᠵᠢᠬᠤ ᠣᠷᠣᠨ ᠤ ᠪᠠᠶᠢᠩᠭᠤ ᠰᠠᠭᠤᠭ᠎ᠠ ᠬᠦᠮᠦᠨ ᠠᠮᠠ ᠶᠢᠨ ᠬᠦᠮᠦᠨ ᠳᠣᠮᠳᠠᠴᠢ ᠶᠢᠨ ᠳᠣᠬᠢᠷᠠᠭᠤᠯᠵᠣ ᠪᠣᠯᠬᠤᠶᠢᠴᠠ ᠣᠷᠣᠯᠭ᠎ᠠ ᠶᠢ 18110 ᠲᠦᠭᠦᠷᠢᠭ ᠲᠤ ᠬᠦᠷᠭᠡᠵᠦ᠂ ᠵᠢᠯ ᠪᠦᠷᠢ ᠲᠤᠮᠲᠠᠴᠢ ᠪᠠᠷ 10%᠎ ᠪᠠᠷ ᠨᠡᠮᠡᠭᠳᠡᠭᠦᠯᠦᠨ᠎ᠡ᠃        ︵ᠨᠢᠬᠡ︶ ᠰᠢᠨ᠎ᠡ ᠶᠢ ᠡᠭᠦᠳᠬᠦ ᠬᠦᠭᠵᠢᠯᠲᠡ ᠶᠢ ᠪᠠᠷᠢᠮᠲᠠᠯᠠᠵᠤ᠂ ᠠᠵᠤ ᠠᠬᠤᠢ ᠶᠢᠨ ᠬᠦᠭᠵᠢᠯᠲᠠ ᠶᠢᠨ ᠶᠡᠰᠤ ᠴᠢᠨᠠᠷ ᠪᠠ ᠦᠷ᠎ᠡ ᠠᠰᠢᠭ ᠢ ᠴᠢᠷᠮᠠᠶᠢᠨ ᠲᠡᠬᠡᠭᠰᠢᠯᠡᠬᠦᠯᠤᠨ᠎ᠠ᠃ ᠰᠢᠨ᠎ᠡ ᠶᠢ ᠡᠬᠦᠳᠬᠦ ᠶᠢ ᠬᠦᠭᠵᠢᠯᠲᠠ ᠶᠢᠨ ᠪᠦᠬᠦ ᠲᠠᠯ᠎ᠠ ᠶᠢᠨ ᠭᠤᠤᠯ ᠪᠠᠶᠢᠷᠢᠨ ᠳᠤ ᠲᠠᠯᠪᠢᠵᠤ᠂ ᠠᠵᠤ ᠤᠶᠢᠯᠡᠰ᠂ ᠨᠡᠷ᠎ᠡ ᠲᠡᠮᠲᠡᠭ᠂ ᠬᠠᠮᠢᠶᠠᠷᠤᠯᠲᠠ ᠵᠡᠷᠬᠡ ᠶᠢ ᠲᠦᠯᠬᠢᠨ ᠠᠬᠢᠭᠤᠯᠬᠤ ᠳᠤ ᠪᠦᠬᠦ ᠲᠠᠯ᠎ᠠ ᠪᠠᠷ  ᠰᠢᠨ᠎ᠡ ᠶᠢ ᠡᠬᠦᠳᠬᠦ ᠪᠠᠷ ᠲᠠᠭᠠᠭᠤᠯᠤᠭᠴᠢ ᠪᠤᠯᠭᠠᠭᠰᠠᠨ ᠠᠵᠤ ᠠᠬᠤᠢ ᠎ ᠶᠢᠨ ᠰᠢᠰᠲ᠋ᠧᠮ ᠪᠠ ᠬᠦᠭᠵᠢᠯᠲᠠ ᠶᠢᠨ ᠬᠡᠪ ᠵᠠᠭᠪᠤᠷ ᠢ ᠪᠦᠷᠢᠯᠲᠤᠬᠦᠯᠤᠨ᠎ᠠ᠃ ᠭᠤᠤᠯᠲᠠᠯᠭᠠᠲᠦ ᠬᠦᠷᠢᠶ᠎ᠡ ᠴᠠᠷᠠᠭᠠᠨ ᠤ ᠪᠠ ᠵᠠᠩᠬᠢᠯᠭ᠎ᠠ ᠶᠢᠨ ᠭᠤᠭᠴᠤᠭᠠᠨ ᠤ ᠦᠬᠡᠷᠡᠴᠢᠯᠡᠯᠲᠠ ᠶᠢ ᠲᠦᠯᠬᠢᠨ ᠠᠬᠢᠭᠤᠯᠵᠤ᠂ ᠵᠠᠰᠠᠭ ᠤᠨ ᠤᠷᠲᠤᠨ ᠪᠠ ᠵᠠᠬ᠎ᠠ ᠲᠡᠯᠬᠡᠬᠦᠷ ᠤᠨ ᠬᠠᠷᠢᠴᠠᠭ᠎ᠠ ᠶᠢ ᠤᠯᠠᠮ ᠴᠢᠨᠠᠭᠰᠢᠲᠠ ᠰᠢᠯᠤᠭᠤᠳᠬᠠᠨ᠂ ᠵᠠᠬ᠎ᠠ ᠲᠡᠯᠬᠡᠬᠦᠷ ᠤᠨ ᠭᠤᠤᠯ ᠴᠤᠭᠴᠠ ᠶᠢᠨ ᠠᠮᠢᠵᠢᠷᠠᠯ ᠤᠨ ᠬᠦᠴᠤᠨ ᠢ ᠨᠡᠮᠡᠭᠲᠡᠬᠦᠯᠤᠨ᠎ᠡ᠃ ᠨᠢᠬᠡᠲᠤᠬᠡᠷ ᠠᠵᠤ ᠤᠶᠢᠯᠡᠰ ᠤᠨ ᠲᠠᠯ᠎ᠠ ᠪᠠᠷ᠂ ᠴᠦᠭᠡᠨ ᠪᠦᠭᠡᠳ ᠨᠠᠷᠢᠯᠢᠭ ᠮᠠᠯᠵᠢᠬᠤ ᠨᠡᠷ᠎ᠡ ᠳᠡᠮᠳᠡᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠳᠠᠯᠠᠨ᠂ ᠴᠠᠬᠠᠷ ᠬᠤᠨᠢ᠂ ᠰᠢᠮᠧᠨ᠋ᠲ᠋ᠧᠷ ᠦᠭᠡᠷ᠂ ᠡᠾᠧᠰᠲ᠋ᠠᠨ ᠰᠠᠭᠠᠯᠢ ᠶᠢᠨ ᠦᠨᠢᠶ᠎ᠡ ᠵᠡᠷᠭᠡ ᠰᠢᠯᠢᠳᠡᠭ ᠡᠭᠦᠯᠳᠡᠷ ᠢ ᠪᠤᠶᠢᠵᠢᠭᠤᠯᠵᠤ᠂ ᠮᠠᠯ ᠠᠵᠤ ᠠᠬᠤᠢ ᠶᠢᠨ ᠦᠷ᠎ᠠ ᠠᠰᠢᠭ ᠢ ᠨᠡᠮᠡᠭᠲᠡᠬᠦᠯᠬᠦ ᠪᠠ ᠮᠠᠯᠴᠢᠳ ᠤᠨ ᠤᠷᠤᠯᠭ᠎ᠠ ᠶᠢ ᠨᠡᠮᠡᠭᠲᠡᠬᠦᠯᠬᠦ ᠪᠠᠷ ᠭᠤᠤᠯᠲᠠᠯᠭ᠎ᠠ ᠪᠤᠯᠭᠠᠵᠤ᠂ ᠳᠡᠵᠢᠭᠡᠨ ᠦᠷᠡᠵᠢᠭᠦᠯᠬᠦ ᠤᠷᠤᠨ ᠲᠤᠭᠤᠷᠢᠭ ᠤᠨ ᠪᠠᠶᠢᠷᠢᠰᠢᠯ ᠢ ᠤᠯᠠᠮ ᠰᠢᠯᠢᠳᠡᠭᠵᠢᠭᠦᠯᠵᠤ᠂ ᠤᠶᠢᠯᠡᠳᠪᠤᠷᠢᠯᠡᠯ ᠡᠵᠡᠩᠨᠡᠯᠲᠠ ᠶᠢᠨ ᠬᠡᠯᠪᠡᠷᠢ ᠶᠢ ᠬᠤᠪᠢᠷᠠᠭᠤᠯᠬᠤ ᠪᠠ ᠪᠦᠲᠤᠴᠨ ᠳᠤ ᠲᠤᠬᠢᠷᠠᠭᠤᠯᠤᠯᠲᠠ ᠬᠢᠬᠦ ᠶᠢ ᠲᠦᠯᠬᠢᠨ ᠠᠬᠢᠭᠤᠯᠵᠤ᠂ ᠪᠤᠬᠢᠷᠳᠤᠯ ᠦᠬᠡᠢ᠂ ᠦᠨᠲᠤᠷ ᠦᠷ᠎ᠡ ᠠᠰᠢᠭᠲᠦ᠂ ᠭᠠᠮᠰᠢᠭ ᠠᠴᠠ ᠵᠠᠶᠢᠯᠠᠰᠬᠢᠬᠦ ᠬᠡᠯᠪᠡᠷᠢ ᠶᠢᠨ ᠤᠲᠤᠬᠢᠴᠢᠯᠠᠭᠰᠠᠨ ᠮᠠᠯ ᠠᠵᠤ ᠠᠬᠤᠢ ᠶᠢᠨ ᠬᠦᠭᠵᠢᠯᠲᠠ ᠶᠢᠨ ᠰᠢᠰᠲ᠋ᠧᠮ ᠢ ᠪᠦᠬᠦ ᠬᠦᠴᠤᠨ ᠢᠶᠠᠷ ᠪᠠᠶᠢᠭᠤᠯᠤᠨ᠎ᠠ᠃ 2020 ᠤᠨ ᠪᠤᠯᠬᠤ ᠳᠤ᠂ ᠪᠦᠬᠦ ᠬᠤᠰᠢᠭᠤᠨ ᠤ ᠮᠠᠯ ᠤᠨ ᠡᠭᠦᠯᠳᠡᠷ ᠰᠠᠶᠢᠵᠢᠷᠠᠭᠤᠯᠬᠤ ᠬᠠᠷᠢᠴᠠᠯ ᠢ 98.6% ᠎ ᠳᠤ ᠬᠦᠷᠭᠡᠵᠤ᠂ ᠴᠠᠬᠠᠷ ᠬᠤᠨᠢ ᠶᠢ ᠳᠡᠵᠢᠭᠡᠨ ᠦᠷᠡᠵᠢᠭᠦᠯᠬᠦ ᠬᠠᠷᠢᠴᠠᠯ ᠢ 70%᠎ ᠠᠴᠠ ᠳᠡᠭᠡᠭᠰᠢ ᠳᠤ ᠬᠦᠷᠭᠡᠨ᠂ ᠮᠠᠯ ᠤᠨ ᠦᠷᠡᠵᠢᠯᠲᠡ ᠪᠦᠢᠵᠢᠯᠲᠡ ᠶᠢ 147%᠎ ᠳᠤ ᠬᠦᠷᠭᠡᠨ᠎ᠡ᠃ ᠬᠤᠶᠠᠲᠤᠭᠠᠷ ᠠᠵᠤ ᠤᠶᠢᠯᠡᠰ ᠤᠨ ᠲᠠᠯ᠎ᠠ ᠪᠠᠷ᠂ ᠠᠵᠤ ᠤᠶᠢᠯᠡᠳᠪᠤᠷᠢ ᠶᠢᠨ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠶᠢ ᠲᠦᠯᠬᠢᠨ ᠠᠬᠢᠭᠤᠯᠵᠤ᠂ ᠴᠢᠯᠠᠭᠤᠨ ᠲᠤᠰᠤ᠂ ᠴᠢᠯᠠᠭᠤᠨ ᠮᠠᠲ᠋ᠧᠷᠢᠶᠠᠯ᠂ ᠰᠢᠨ᠎ᠡ ᠡᠨᠧᠷᠬᠢ᠂ ᠮᠠᠯ ᠤᠨ ᠠᠰᠢᠭ ᠰᠢᠮ᠎ᠡ ᠶᠢᠨ ᠪᠦᠲᠤᠬᠡᠭᠲᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ᠂ ᠲᠡᠮᠦᠷᠯᠢᠭ ᠪᠤᠯᠪᠠᠰᠤᠷᠠᠭᠤᠯᠬᠤ᠂ ᠨᠡᠬᠦᠷᠡᠰᠤ ᠵᠡᠷᠭᠡ ᠠᠵᠤ ᠦᠢᠯᠡᠰ ᠢ ᠶᠡᠬᠡᠪᠡᠷ ᠬᠦᠭᠵᠢᠭᠦᠯᠦᠨ᠂ ᠡᠬᠢ ᠪᠠᠶᠠᠯᠢᠭ ᠢ ᠠᠷᠪᠢᠯᠠᠬᠤ᠂ ᠤᠷᠴᠢᠨ ᠲᠤᠭᠤᠷᠢᠨ ᠢ ᠬᠠᠮᠠᠭᠠᠯᠠᠬᠤ᠂ ᠲᠠᠬᠢᠨ ᠠᠰᠢᠭᠯᠠᠬᠤ᠂ ᠰᠢᠨ᠎ᠡ ᠰᠡᠪᠡᠬᠦᠨ ᠤᠨᠴᠠᠯᠢᠭ ᠪᠦᠬᠦᠢ᠂ ᠦᠷ᠎ᠠ ᠠᠰᠢᠭ ᠢᠶᠠᠷ ᠲᠤᠪᠤᠶᠢᠮ᠎ᠠ ᠪᠤᠬᠢᠷᠳᠤᠯ ᠦᠬᠡᠢ ᠠᠵᠤ ᠤᠶᠢᠯᠡᠳᠪᠤᠷᠢ ᠶᠢᠨ ᠰᠢᠰᠲ᠋ᠧᠮ ᠢ ᠴᠢᠷᠮᠠᠶᠢᠨ ᠪᠠᠶᠢᠭᠤᠯᠤᠨ᠎ᠠ᠃ 2020 ᠤᠨ ᠪᠤᠯᠬᠤ ᠳᠤ᠂ ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ 40᠎ ᠳᠤ ᠬᠦᠷᠭᠡᠵᠤ᠂ ᠠᠵᠤ ᠤᠶᠢᠯᠡᠳᠪᠤᠷᠢ ᠶᠢᠨ ᠶᠡᠷᠤᠩᠬᠡᠢ ᠦᠢᠯᠡᠳᠭᠦᠨ ᠤ ᠦᠷᠲᠡᠭ ᠢ 100 ᠳ᠋ᠦᠩᠰᠢᠭᠤᠷ ᠲᠦᠬᠦᠷᠢᠭ ᠠᠴᠠ ᠳᠠᠪᠠᠭᠤᠯᠤᠨ᠂ ᠨᠡᠮᠡᠭᠲᠡᠯ ᠦᠷᠲᠡᠭ ᠢ ᠵᠢᠯ ᠪᠦᠷᠢ ᠲᠤᠮᠲᠠᠴᠢ ᠪᠠᠷ 8%᠎ ᠪᠠᠷ ᠨᠡᠮᠡᠭᠳᠡᠭᠦᠯᠦᠨ᠎ᠡ᠃ ᠭᠤᠷᠪᠠᠲᠤᠭᠠᠷ ᠠᠵᠤ ᠤᠶᠢᠯᠡᠰ ᠤᠨ ᠲᠠᠯ᠎ᠠ ᠪᠠᠷ᠂ ᠤᠶᠢᠯᠡᠴᠢᠯᠡᠬᠡᠨ ᠤ ᠤᠶᠢᠯᠡᠰ ᠤᠨ ᠬᠦᠭᠵᠢᠯᠲᠠ ᠶᠢᠨ ᠬᠢᠷᠢ ᠲᠦᠪᠰᠢᠨ ᠢ ᠲᠠᠰᠤᠷᠠᠯᠲᠠ ᠦᠬᠡᠢ ᠲᠡᠬᠡᠭᠰᠢᠯᠡᠬᠦᠯᠤᠨ᠎ᠠ᠃ ᠪᠡᠬᠡᠵᠢᠩ— ᠴᠢᠭᠤᠯᠤᠯᠲᠤ ᠬᠠᠭᠠᠯᠭ᠎ᠠ ᠠᠴᠠ ᠬᠠᠮᠳᠤᠷᠠᠨ ᠡᠷᠬᠢᠯᠡᠬᠦ ᠡᠪᠤᠯ ᠤᠨ ᠤᠯᠠᠷᠢᠯ ᠤᠨ ᠤᠯᠢᠮᠫᠢᠺ ᠤᠨ ᠲᠠᠮᠢᠷ ᠤᠨ ᠴᠤᠭᠯᠠᠭᠠᠨ ᠤ ᠠᠵᠨ ᠲᠤᠬᠢᠶᠠᠯ ᠢ ᠠᠰᠢᠭᠯᠠᠵᠤ᠂ ᠦᠵᠡᠮᠵᠢ ᠶᠢᠨ ᠤᠷᠤᠨ ᠢ ᠨᠡᠬᠡᠬᠡᠨ ᠬᠦᠭᠵᠢᠬᠦᠯᠬᠦ ᠪᠠ ᠢᠵᠢ ᠪᠦᠷᠢᠲᠦᠭᠰᠡᠨ ᠰᠠᠭᠤᠷᠢ ᠲᠦᠬᠦᠬᠡᠷᠤᠮᠵᠢ ᠶᠢᠨ ᠪᠦᠲᠤᠬᠡᠨ ᠪᠠᠶᠢᠭᠤᠯᠤᠯᠲᠠ ᠶᠢ ᠪᠦᠬᠦ ᠬᠦᠴᠤᠨ ᠢᠶᠠᠷ ᠲᠦᠯᠬᠢᠨ ᠠᠬᠢᠭᠤᠯᠵᠤ᠂ ︽ᠠᠰᠠᠷ ᠤᠷᠠᠯᠢᠭ ᠤᠨ ᠨᠠᠶᠢᠷ︾᠂ ︽ᠴᠠᠬᠠᠷ ᠵᠠᠩ ᠤᠶᠢᠯᠡ ᠰᠤᠶᠤᠯ ᠤᠨ ᠨᠠᠶᠢᠷ︾ ᠵᠡᠷᠬᠡ ᠰᠤᠶᠤᠯ ᠵᠢᠭᠤᠯᠴᠢᠯᠠᠯ ᠤᠨ ᠨᠡᠷ᠎ᠡ ᠲᠡᠮᠲᠡᠭ ᠢ ᠡᠬᠦᠳᠴᠤ᠂ ᠵᠢᠭᠤᠯᠴᠢᠯᠠᠯ ᠤᠨ ᠤᠶᠢᠯᠡᠰ ᠤᠨ ᠬᠦᠭᠵᠢᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠲᠡᠬᠡᠭᠰᠢᠯᠡᠬᠦᠯᠵᠤ᠂ ᠦᠪᠡᠷᠲᠡᠬᠡᠨ ᠵᠠᠰᠠᠬᠤ ᠤᠷᠤᠨ ᠤ ᠲᠤᠮᠲᠠ ᠬᠡᠰᠡᠭ ᠳᠠᠬᠢ ᠵᠢᠭᠤᠯᠴᠢᠯᠠᠯ ᠤᠨ ᠵᠤᠰᠠᠯᠠᠩ ᠤᠨ ᠰᠠᠭᠤᠷᠢᠨ ᠭᠠᠵᠠᠷ ᠪᠤᠯᠭᠠᠨ ᠪᠦᠲᠦᠭᠡᠨ ᠪᠠᠶᠢᠭᠤᠯᠤᠨ᠎ᠠ᠃ ᠪᠤᠲᠠᠰ ᠤᠨ ᠬᠦᠢᠯᠬᠡᠬᠡᠨ ᠎ ᠤ ᠲᠤᠭᠤᠷᠢᠭ ᠤᠨ ᠬᠦᠮᠤᠷᠬᠡᠯᠡᠨ ᠬᠠᠲᠠᠭᠠᠯᠠᠬᠤ᠂ ᠲᠤᠬᠢᠷᠠᠭᠤᠯᠤᠨ ᠬᠦᠷᠬᠡᠬᠦ ᠵᠡᠷᠬᠡ ᠤᠶᠢᠯᠡᠴᠢᠯᠡᠬᠡᠨ ᠤ ᠴᠢᠲᠠᠮᠵᠢ ᠶᠢ ᠲᠡᠬᠦᠯᠲᠡᠷᠵᠢᠬᠦᠯᠤᠨ᠂ ᠪᠠᠷᠠᠭ᠎ᠠ ᠲᠠᠸᠠᠷ ᠪᠠ ᠵᠢᠵᠢᠭᠯᠡᠭᠰᠡᠨ ᠪᠤᠲᠠᠰ ᠢ ᠤᠯᠠᠨ ᠬᠡᠯᠪᠡᠷᠢ ᠪᠠᠷ ᠬᠤᠯᠪᠤᠭᠠᠯᠠᠨ ᠬᠦᠷᠬᠡᠬᠦ ᠤᠲᠤᠬᠢᠴᠢᠯᠠᠭᠰᠠᠨ ᠪᠤᠲᠠᠰ ᠤᠨ ᠬᠦᠢᠯᠬᠡᠬᠡᠨ ᠤ ᠠᠵᠤ ᠤᠶᠢᠯᠡᠰ ᠤᠨ ᠰᠢᠰᠲ᠋ᠧᠮ ᠢ ᠪᠦᠷᠢᠯᠲᠤᠬᠦᠯᠤᠨ᠎ᠠ᠃ ᠲᠡᠯᠬᠡᠨ ᠦᠵᠡᠬᠦᠯᠤᠯᠬᠡ ᠶᠢᠨ ᠠᠵᠤ ᠠᠬᠤᠢ᠂ ᠮᠦᠩᠬᠦᠨ ᠬᠦᠢᠯᠬᠡᠬᠡᠨ ᠤ ᠲᠡᠭᠠᠳᠬᠠᠯ᠂ ᠨᠠᠰᠤᠵᠢᠯ ᠤᠨ ᠤᠶᠢᠯᠡᠴᠢᠯᠡᠭᠡ᠂ ᠳᠠᠨᠢᠯᠴᠠᠭᠤᠯᠤᠨ ᠯᠠᠪᠯᠠᠬᠤ ᠵᠡᠷᠬᠡ ᠰᠢᠨ᠎ᠡ ᠪᠠᠷ ᠬᠦᠭᠵᠢᠭᠰᠡᠨ ᠤᠶᠢᠯᠡᠴᠢᠯᠡᠬᠡᠨ ᠤ ᠤᠶᠢᠯᠡᠰ ᠤᠨ ᠲᠦᠷᠬᠡᠨ ᠬᠦᠭᠵᠢᠯᠲᠠ ᠎ ᠶᠢ ᠲᠦᠯᠬᠢᠨ ᠠᠬᠢᠭᠤᠯᠤᠨ᠎ᠠ᠃        ︵ᠬᠤᠶᠠᠷ︶ ᠵᠤᠬᠢᠴᠠᠭᠤᠯᠤᠨ ᠬᠦᠭᠵᠢᠭᠦᠯᠬᠦ ᠶᠢ ᠪᠠᠷᠢᠮᠲᠠᠯᠠᠨ᠂ ᠬᠤᠲᠠ ᠬᠦᠳᠡᠭᠡ ᠶᠢᠨ ᠬᠦᠭᠵᠢᠯᠲᠡ ᠶᠢᠨ ᠬᠢᠷᠢ ᠳᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠨᠢᠬᠡᠲᠤᠯᠲᠠᠢ ᠲᠦᠯᠤᠪᠵᠢᠬᠦᠯᠤᠨ ᠬᠦᠭᠵᠢᠭᠦᠯᠬᠦ ᠤᠶᠢᠯᠠᠭᠠᠭᠳᠠᠬᠤᠨ ᠢ ᠪᠠᠷᠢᠮᠲᠠᠯᠠᠵᠤ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠎ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠤᠲᠠ ᠬᠦᠳᠡᠭᠡ ᠶᠢᠨ ᠵᠦᠷᠢᠶ᠎ᠡ ᠶᠢ ᠪᠠᠭᠠᠰᠬᠠᠨ᠂ ᠬᠦᠭᠵᠢᠯᠲᠠ ᠶᠢᠨ ᠪᠦᠬᠦᠯᠢ ᠴᠤᠭᠴᠠᠲᠦ ᠴᠢᠨᠠᠷ ᠢ ᠲᠠᠰᠤᠷᠠᠯᠲᠠ ᠦᠬᠡᠢ ᠨᠡᠮᠡᠭᠲᠡᠬᠦᠯᠤᠨ᠎ᠠ᠃ ᠲᠦᠭᠦᠮ ᠪᠦᠲᠤᠴᠡᠲᠤ ᠲᠤᠭᠤᠷᠢᠭ ᠢ ᠦᠭᠡᠷᠡᠴᠢᠯᠡᠨ ᠵᠠᠰᠠᠬᠤ ᠶᠢ ᠯᠠᠪᠳᠠᠭᠤᠨ ᠠᠬᠢᠭᠤᠯᠵᠤ᠂ ᠮᠠᠯᠵᠢᠬᠤ ᠤᠷᠤᠨ ᠤ ᠢᠯᠡᠭᠦᠴᠨ ᠬᠦᠳᠡᠯᠮᠤᠷᠢ ᠬᠦᠴᠦᠨ ᠢ ᠰᠢᠯᠵᠢᠭᠦᠯᠦᠨ ᠠᠵᠢᠯ ᠤᠯᠭᠤᠬᠤ ᠡᠯ᠎ᠡ ᠵᠦᠢᠯ ᠤᠨ ᠳᠡᠳᠬᠦᠨ ᠳᠡᠮᠵᠢᠬᠦ ᠠᠷᠭ᠎ᠠ ᠠᠪᠴᠠᠯ ᠢ ᠳᠡᠭᠦᠯᠳᠡᠷᠵᠢᠭᠦᠯᠦᠨ᠎ᠡ᠃ 2020 ᠤᠨ ᠪᠤᠯᠬᠤ ᠳᠤ᠂ ᠪᠠᠶᠢᠩᠭᠤ ᠰᠠᠭᠤᠭ᠎ᠠ ᠬᠦᠮᠦᠨ ᠠᠮᠨ ᠶᠢᠨ ᠬᠤᠳᠠ ᠪᠠᠯᠭᠠᠰᠤᠵᠢᠯᠲᠠ ᠶᠢᠨ ᠨᠤᠷᠮ᠎ᠠ ᠶᠢ 72%᠎ ᠳᠤ ᠬᠦᠷᠭᠡᠨ᠎ᠡ᠃ ᠬᠤᠳᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠲᠦᠭᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢᠨ ᠦᠢᠯᠡᠳᠤᠯ ᠴᠢᠳᠠᠪᠬᠢ ᠶᠢ ᠳᠡᠭᠦᠯᠳᠡᠷᠵᠢᠭᠦᠯᠵᠤ᠂ ᠬᠤᠳᠠ ᠪᠠᠯᠭᠠᠰᠤᠨ ᠤ ᠶᠡᠷᠦᠩᠬᠡᠶᠢᠯᠡᠭᠰᠡᠨ ᠳᠠᠭᠠᠭᠠᠴᠨ ᠶᠢᠨ ᠴᠢᠳᠠᠪᠤᠷᠢ ᠶᠢ ᠤᠯᠠᠮ ᠳᠡᠭᠡᠭᠰᠢᠯᠡᠭᠦᠯᠦᠨ᠎ᠡ᠃ ᠮᠠᠯᠴᠢᠬᠤ ᠤᠷᠤᠨ ᠎ ᠤ ︽ᠠᠷᠪᠠ ᠶᠢ ᠪᠦᠷᠬᠦᠬᠦᠯᠬᠦ︾ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠲᠤᠳᠬᠠᠨ ᠲᠡᠬᠡᠭᠰᠢᠯᠡᠬᠦᠯᠵᠤ᠂ ᠮᠠᠯᠵᠢᠬᠤ ᠤᠷᠤᠨ ᠤ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠢ ᠤᠯᠠᠮ ᠰᠠᠶᠢᠵᠢᠷᠠᠭᠤᠯᠤᠨ᠎ᠠ᠃ ᠴᠢᠬᠤᠯᠨ ᠲᠤᠮᠤ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠤᠵᠢ ᠎ ᠶᠢᠨ ᠳᠡᠰ ᠤᠨ ᠵᠠᠮ ᠤᠨ 313 ᠱᠤᠭᠤᠮ᠂ ᠡᠷᠢᠶᠡᠡ ᠠᠴᠠ ᠭᠤᠸᠠᠩᠵᠸᠤ ᠬᠦᠷᠬᠦ ᠦᠨᠲᠤᠷ ᠬᠤᠷᠲᠤᠴᠠᠲᠦ ᠵᠠᠰᠠᠮᠠᠯ ᠵᠠᠮ ᠤᠨ ᠬᠤᠯᠪᠤᠬᠤ ᠱᠤᠭᠤᠮ᠂ ᠵᠢᠷᠤᠬᠡ ᠠᠴᠠ ᠬᠤᠸᠠᠳᠧ ᠬᠦᠷᠬᠦ ᠲᠠᠮᠤᠷ ᠵᠠᠮ᠂ ᠨᠡᠶᠢᠲᠡ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ᠂ 220 ᠺᠢᠯᠤᠸᠤᠯᠲ ᠶᠢᠨ ᠴᠠᠬᠢᠯᠭᠠᠨ ᠬᠦᠴᠦᠳᠡᠯ ᠬᠤᠪᠢᠰᠬᠠᠬᠤ ᠦᠷᠳᠡᠭᠡ ᠪᠠ ᠷᠠᠳᠢᠤ᠋ ᠰᠦᠯᠵᠢᠶ᠎ᠡ ᠶᠢᠨ ᠪᠦᠷᠬᠦᠴᠨ ᠶᠢᠨ ᠢᠨᠵᠧᠨᠧᠷᠢᠩ ᠢ ᠰᠠᠶᠢᠳᠤᠷ ᠬᠡᠷᠡᠭᠵᠢᠭᠦᠯᠦᠨ᠂ ᠵᠠᠮ᠂ ᠴᠠᠬᠢᠯᠭᠠᠨ᠂ ᠮᠡᠳᠡᠭᠡ ᠵᠠᠩᠬᠢ ᠎ ᠶᠢᠨ ᠲᠤᠤᠷ ᠤᠨ ᠪᠦᠲᠦᠴᠨ ᠶᠢ ᠤᠯᠠᠮ ᠰᠢᠯᠢᠳᠡᠭᠵᠢᠭᠦᠯᠦᠨ᠎ᠡ᠃        ︵ᠭᠤᠷᠪᠠ︶ ᠪᠤᠬᠢᠷᠳᠤᠯ ᠦᠬᠡᠢ ᠬᠦᠭᠵᠢᠯᠲᠠ ᠶᠢ ᠪᠠᠷᠢᠮᠲᠠᠯᠠᠵᠤ᠂ ᠠᠮᠢ ᠠᠬᠤᠢ ᠶᠢᠨ ᠤᠷᠴᠢᠨ ᠲᠤᠭᠤᠷᠢᠨ ᠎ ᠢ ᠴᠢᠷᠮᠠᠶᠢᠨ ᠰᠠᠶᠢᠵᠢᠷᠠᠭᠤᠯᠤᠨ᠎ᠠ᠃ ᠬᠦᠭᠵᠢᠭᠦᠯᠬᠦ ᠶᠢᠨ ᠳᠤᠮᠳᠠ ᠬᠠᠮᠠᠭᠠᠯᠠᠬᠤ᠂ ᠬᠠᠮᠠᠭᠠᠯᠠᠬᠤ ᠶᠢᠨ ᠳᠤᠮᠳᠠ ᠬᠦᠭᠵᠢᠭᠦᠯᠬᠦ ᠶᠢ ᠪᠠᠷᠢᠮᠳᠠᠯᠠᠨ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠪᠡᠬᠡᠵᠢᠩ ᠲᠢᠶᠡᠨᠵᠢᠨ ᠤ ᠰᠠᠯᠬᠢ ᠡᠯᠡᠰᠤᠨ ᠤ ᠡᠬᠢ ᠶᠢ ᠵᠠᠰᠠᠬᠤ ᠬᠤᠶᠠᠲᠤᠭᠠᠷ ᠬᠤᠭᠤᠴᠠᠭᠠᠨ ᠤ ᠢᠨᠵᠧᠨᠧᠷᠢᠩ ᠲᠠᠢ ᠤᠶᠠᠯᠲᠤᠭᠤᠯᠤᠨ᠂ ᠠᠮᠢ ᠠᠬᠤᠢ ᠪᠠ ᠭᠤᠤᠯᠲᠠᠯᠭ᠎ᠠ ᠲᠠᠢ ᠤᠷᠤᠨ ᠤ ᠨᠤᠭᠤᠭᠠᠷᠠᠭᠤᠯᠤᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ 2020 ᠤᠨ ᠪᠤᠯᠬᠤ ᠳᠤ᠂ ᠪᠦᠬᠦ ᠬᠤᠰᠢᠭᠤᠨ ᠤ ᠤᠢ ᠰᠢᠭᠤᠢ ᠶᠢᠨ ᠪᠦᠷᠬᠦᠴᠨ ᠶᠢᠨ ᠨᠤᠷᠮ᠎ᠠ ᠶᠢ 22.5%᠎ ᠳᠤ ᠬᠦᠷᠭᠡᠨ᠎ᠡ᠃ ᠠᠮᠢ ᠠᠬᠤᠢ ᠶᠢᠨ ᠤᠯᠠᠭᠠᠨ ᠱᠤᠭᠤᠮ ᠢ ᠲᠤᠭᠲᠠᠭᠠᠬᠤ ᠠᠵᠢᠯ ᠢ ᠨᠠᠷᠢᠨ ᠬᠢᠨᠠᠮᠠᠭᠠᠢ ᠰᠠᠶᠢᠳᠤᠷ ᠬᠢᠨ᠎ᠠ᠃ ᠠᠭᠠᠷ ᠮᠠᠨᠲᠠᠯ᠂ ᠤᠰᠤ᠂ ᠬᠦᠷᠤᠰᠤ ᠰᠢᠷᠤᠢ ᠶᠢᠨ ᠪᠤᠬᠢᠷᠲᠤᠯ ᠢ ᠰᠡᠷᠬᠡᠶᠢᠯᠡᠨ ᠵᠠᠰᠠᠬᠤ ᠲᠦᠯᠦᠪᠯᠡᠭᠡ ᠶᠢ ᠬᠡᠷᠡᠭᠵᠢᠭᠦᠯᠵᠤ᠂ ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠯᠲᠡ ᠶᠢ ᠴᠢᠩᠭᠠᠳᠬᠠᠨ᠎ᠠ᠃ ᠡᠨᠧᠷᠬᠢ ᠠᠷᠪᠢᠯᠠᠵᠤ ᠪᠤᠬᠢᠷᠳᠤᠯ ᠢ ᠪᠠᠭᠠᠰᠬᠠᠬᠤ ᠪᠠ ᠲᠤᠤᠷ᠎ᠠ ᠨᠡᠬᠦᠷᠡᠰᠤᠳᠦ᠋ᠷᠦᠭᠴᠢᠲᠦ ᠬᠦᠭᠵᠢᠯᠲᠠ ᠶᠢ ᠲᠦᠯᠬᠢᠨ ᠠᠬᠢᠭᠤᠯᠵᠤ᠂  GDP᠎ ᠶᠢᠨ ᠨᠢᠬᠡᠴᠢ ᠬᠤᠷᠤᠭᠲᠠᠯ ᠪᠠ ᠪᠤᠬᠢᠷᠲᠤᠯ ᠲᠠᠢ ᠪᠤᠲᠠᠰ ᠤᠨ ᠭᠠᠲᠠᠭᠰᠢᠯᠠᠭᠤᠯᠤᠯᠲᠠ ᠶᠢᠨ ᠬᠡᠮᠵᠢᠶ᠎ᠡ ᠶᠢ ᠤᠯᠠᠮ ᠪᠠᠭᠤᠷᠠᠭᠤᠯᠤᠨ᠎ᠠ᠃        ︵ᠲᠦᠷᠪᠡ︶ ᠨᠡᠬᠡᠬᠡᠯᠲᠡᠲᠦ ᠬᠦᠭᠵᠢᠯᠲᠠ ᠶᠢ ᠪᠠᠷᠢᠮᠲᠠᠯᠠᠵᠤ᠂ ᠬᠦᠭᠵᠢᠯᠲᠠ ᠶᠢᠨ ᠠᠮᠢᠵᠢᠷᠠᠯ ᠤᠨ ᠬᠦᠴᠤᠨ ᠎ ᠢ ᠦᠷᠭᠦᠯᠵᠢᠯᠡᠨ ᠲᠡᠬᠡᠭᠰᠢᠯᠡᠬᠦᠯᠤᠨ᠎ᠠ᠃ ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠵᠤ᠂ ᠬᠠᠤᠯᠢ ᠪᠠᠷ ᠵᠠᠰᠠᠬᠤ ᠵᠠᠰᠠᠭ ᠤᠨ ᠤᠷᠳᠤᠨ ᠢ ᠪᠦᠬᠦ ᠬᠦᠴᠦᠨ ᠢᠶᠠᠷ ᠪᠠᠶᠢᠭᠤᠯᠤᠨ᠂ ᠡᠬᠢ ᠪᠠᠶᠠᠯᠢᠭ ᠤᠨ ᠲᠤᠬᠢᠷᠠᠭᠤᠯᠤᠯᠲᠠ ᠳᠤᠮᠳᠠᠬᠢ ᠵᠠᠬ᠎ᠠ ᠳᠡᠯᠭᠡᠭᠦᠷ ᠤᠨ ᠦᠢᠯᠡᠳᠤᠯ ᠢ ᠪᠠᠳᠠᠷᠠᠭᠤᠯᠵᠤ᠂ ᠰᠢᠨ᠎ᠡ ᠬᠡᠪ ᠪᠠᠶᠢᠳᠠᠯ ᠲᠤᠤᠷᠠᠬᠢ ᠠᠵᠤ ᠠᠬᠤᠢ ᠶᠢᠨ ᠦᠪᠡᠷᠳᠡᠭᠡᠨ ᠬᠦᠭᠵᠢᠬᠦ ᠪᠠᠶᠢᠭᠤᠯᠤᠮᠵᠢ ᠶᠢᠨ ᠲᠤᠭᠳᠠᠴᠠ ᠶᠢ ᠠᠭᠠᠵᠢᠮ ᠢᠶᠠᠷ ᠪᠦᠷᠢᠯᠳᠤᠭᠦᠯᠦᠨ᠎ᠡ᠃ ᠡᠷᠢᠶᠡᠨ ᠬᠤᠲᠠ ᠎ ᠶᠢᠨ ᠤᠯᠤᠰ ᠤᠨ ᠭᠤᠤᠯᠲᠠᠯᠭ᠎ᠠ ᠲᠠᠢ ᠨᠡᠬᠡᠬᠡᠨ ᠬᠦᠭᠵᠢᠬᠦᠯᠵᠤ ᠴᠢᠯᠤᠬᠡᠲᠠᠢ ᠲᠠᠯᠪᠢᠬᠤ ᠲᠤᠷᠰᠢᠯᠲᠠ ᠶᠢᠨ ᠤᠷᠤᠨ ᠳᠤ ᠲᠦᠰᠢᠭᠯᠡᠨ᠂ ᠲᠤᠮᠲᠠᠲᠦ ᠮᠤᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ ᠪᠠᠶᠢᠴᠠ ᠶᠢᠨ ᠲᠠᠪᠠᠭᠤᠯᠢᠭ ᠢᠶᠠᠨ ᠪᠠᠲᠠᠷᠭᠤᠯᠤᠨ᠂ ᠪᠡᠬᠡᠵᠢᠩ ᠲᠢᠶᠠᠨᠵᠢᠨ ᠡᠾᠧᠪᠸᠢ ᠵᠡᠷᠬᠡ ᠭᠠᠵᠠᠷ ᠤᠷᠤᠨ ᠯᠤᠭ᠎ᠠ ᠶᠢᠨ ᠵᠤᠬᠢᠴᠠᠯᠴᠠᠭ᠎ᠠ ᠪᠠᠨ ᠴᠢᠩᠭᠠᠳᠬᠠᠨ᠂ ᠡᠯ᠎ᠡ ᠭᠠᠵᠠᠷ ᠤᠨ ᠨᠡᠶᠢᠬᠡᠮᠯᠢᠭ᠂ ᠬᠤᠲᠠᠯᠲᠤᠭᠠᠨ ᠤ ᠡᠪᠯᠡᠯ ᠵᠡᠷᠬᠡ ᠠᠵᠢᠯ ᠲᠦᠷᠤᠯ ᠤᠨ ᠵᠤᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠪᠠᠨ ᠨᠢᠭᠳᠠᠷᠠᠭᠤᠯᠵᠤ᠂ ᠲᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠨ᠂ ᠬᠠᠮᠲᠤ ᠎ ᠪᠠᠷ ᠠᠮᠵᠢᠯᠲᠠ ᠤᠯᠬᠤ ᠬᠦᠭᠵᠢᠯᠲᠠ ᠶᠢᠨ ᠪᠠᠶᠢᠲᠠᠯ ᠢ ᠪᠦᠷᠢᠯᠳᠦᠭᠦᠯᠵᠤ᠂ ᠠᠵᠤ ᠦᠢᠯᠡᠳᠪᠦᠷᠢ ᠶᠢᠨ ᠪᠦᠲᠦᠭᠡᠭᠳᠡᠭᠦᠨ ᠎ ᠢ ᠭᠠᠳᠠᠭᠰᠢ ᠪᠤᠷᠤᠯᠠᠭᠤᠯᠬᠤ ᠵᠠᠬ᠎ᠠ ᠳᠡᠯᠭᠡᠭᠦᠷ ᠢ ᠨᠡᠭᠡᠭᠡᠨ ᠦᠷᠭᠡᠳᠬᠡᠵᠤ᠂ ᠮᠠᠨ ᠤ ᠬᠤᠰᠢᠭᠤ ᠪᠠᠨ ᠠᠯᠬᠤᠮ ᠠᠯᠬᠤᠮ ᠎ ᠢᠶᠠᠷ ︽ᠨᠢᠭᠡ ᠪᠦᠰᠨ ᠨᠢᠭᠡ ᠵᠠᠮ︾᠎ ᠤᠨ ᠤᠮᠠᠷᠠᠰᠢ ᠨᠡᠭᠡᠭᠡᠯᠲᠡ ᠬᠢᠬᠦ ᠴᠢᠬᠤᠯᠨ ᠵᠠᠩᠭᠢᠯᠭ᠎ᠠ ᠶᠢᠨ ᠴᠢᠭ ᠪᠤᠯᠭᠠᠨ᠎ᠠ᠃        ︵ᠲᠠᠪᠤ︶  ᠬᠦᠭᠵᠢᠯᠲᠠ ᠶᠢ ᠬᠠᠮᠲᠤᠪᠠᠷ ᠡᠳ᠋ᠯᠡᠬᠦ ᠶᠢ ᠪᠠᠷᠢᠮᠲᠠᠯᠠᠵᠤ᠂ ᠠᠷᠠᠳ ᠤᠯᠠᠨ ᠤ ᠬᠡᠰᠢᠭ ᠪᠤᠶᠠᠨ ᠢ ᠨᠡᠮᠡᠭᠲᠡᠬᠦᠯᠤᠨ᠎ᠠ᠃ ᠠᠷᠠᠳ ᠤᠨ ᠠᠮᠢᠲᠤᠷᠠᠯ ᠢ ᠪᠠᠲᠤᠯᠠᠨ ᠰᠠᠶᠢᠵᠢᠷᠠᠭᠤᠯᠬᠤ ᠶᠢ ᠲᠡᠷᠢᠭᠦᠨ ᠬᠠᠷᠠᠯᠲᠠ ᠪᠤᠯᠭᠠᠵᠤ᠂ ᠠᠵᠢᠯ ᠤᠯᠭᠤᠯᠲᠠ᠂ ᠰᠤᠷᠭᠠᠨ ᠬᠦᠮᠤᠵᠢᠯ᠂ ᠡᠮ ᠡᠮᠨᠡᠯᠬᠡ᠂ ᠰᠤᠶᠤᠯ᠂ ᠰᠢᠨᠵᠢᠯᠡᠭᠡ ᠮᠡᠷᠬᠡᠵᠢᠯ ᠪᠠ ᠨᠡᠶᠢᠬᠡᠮ ᠤᠨ ᠪᠠᠳᠤᠯᠠᠭ᠎ᠠ ᠵᠡᠷᠬᠡ ᠤᠯᠠᠨ ᠨᠡᠶᠢᠲᠠ ᠶᠢᠨ ᠤᠶᠢᠯᠡᠴᠢᠯᠡᠬᠡᠨ ᠤ ᠰᠢᠰᠲ᠋ᠧᠮ ᠢ ᠪᠦᠷᠢᠨᠰᠢᠭᠦᠯᠵᠤ᠂ ᠤᠯᠠᠨ ᠨᠡᠶᠢᠲᠡ ᠶᠢᠨ ᠦᠨᠳᠤᠰᠤᠨ ᠦᠢᠯᠡᠴᠢᠯᠡᠭᠡᠨ ᠤ ᠲᠡᠩᠴᠡᠭᠦᠷᠢᠰᠢᠯᠲᠠ ᠶᠢ ᠲᠦᠯᠬᠢᠨ ᠠᠬᠢᠭᠤᠯᠤᠨ᠎ᠠ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠰᠠᠶᠢᠳᠤᠷ ᠬᠢᠵᠤ᠂ ᠮᠠᠯᠵᠢᠬᠤ ᠤᠷᠤᠨ ᠤ ᠶᠠᠳᠠᠭᠤ ᠬᠦᠴᠢᠷᠳᠡᠯᠲᠡᠢ ᠬᠦᠮᠦᠰ ᠢ ᠪᠦᠬᠦᠨ ᠢ ᠶᠠᠳᠠᠭᠤ ᠠᠴᠠ ᠠᠩᠬᠢᠵᠢᠷᠠᠭᠤᠯᠤᠨ᠂ ︽ᠦᠪᠡᠷᠳᠡᠭᠡᠨ ᠵᠠᠰᠠᠬᠤ ᠤᠷᠤᠨ ᠤ ᠳᠡᠰ ᠎ ᠤᠨ ᠶᠠᠳᠠᠭᠤ ᠬᠤᠰᠢᠭᠤ︾᠎ ᠶᠢᠨ ᠨᠡᠷ᠎ᠡ ᠪᠠᠨ ᠳᠠᠶᠠᠭᠳᠠᠨ᠎ᠠ᠃ ᠪᠦᠬᠦ ᠠᠷᠠᠳ ᠤᠨ ᠦᠢᠯᠡᠰ ᠪᠤᠰᠬᠠᠨ ᠠᠵᠢᠯ ᠤᠯᠭᠤᠬᠤ ᠢᠨᠵᠧᠨᠧᠷᠢᠩ ᠢ ᠰᠠᠶᠢᠳᠤᠷ ᠬᠡᠷᠡᠭᠵᠢᠭᠦᠯᠦᠨ᠂ ᠤᠷᠤᠯᠭ᠎ᠠ ᠪᠠᠨ ᠬᠤᠪᠢᠶᠠᠷᠢᠯᠠᠬᠤ ᠲᠦᠷᠢᠮ ᠤᠨ ᠦᠭᠡᠷᠡᠴᠢᠯᠡᠯᠲᠡ ᠶᠢ ᠲᠦᠯᠬᠢᠨ ᠠᠬᠢᠭᠤᠯᠵᠤ᠂ ᠤᠷᠤᠯᠭ᠎ᠠ ᠶᠢᠨ ᠵᠦᠷᠢᠶ᠎ᠠ ᠶᠢ ᠤᠯᠠᠮ ᠪᠠᠭᠠᠰᠬᠠᠨ᠎ᠠ᠃ ᠤᠷᠤᠨ ᠰᠠᠭᠤᠴᠨ ᠶᠢᠨ ᠪᠠᠳᠤᠯᠠᠭ᠎ᠠ ᠎ ᠶᠢᠨ ᠰᠢᠰᠲ᠋ᠧᠮ ᠢ ᠪᠦᠷᠢᠨᠰᠢᠭᠦᠯᠦᠨ᠂ ᠡᠯ᠎ᠡ ᠲᠦᠷᠦᠯ ᠤᠨ ᠬᠦᠮᠦᠰ ᠤᠨ ᠤᠷᠤᠨ ᠰᠠᠭᠤᠴᠨ ᠶᠢᠨ ᠬᠡᠷᠡᠭᠴᠡᠭᠡ ᠶᠢ ᠪᠠᠳᠤᠯᠠᠨ᠎ᠠ᠃ ᠰᠤᠷᠭᠠᠭᠤᠯᠢ ᠡᠷᠬᠢᠯᠡᠬᠦ ᠨᠦᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠰᠤᠷᠭᠠᠨ ᠬᠦᠮᠤᠵᠢᠯ ᠤᠨ ᠵᠢᠭᠠᠨ ᠰᠤᠷᠭᠠᠯᠲᠠ ᠶᠢᠨ ᠶᠡᠰᠤ ᠴᠢᠨᠠᠷ ᠢ ᠤᠯᠠᠮ ᠴᠢᠨᠠᠭᠰᠢᠳᠠ ᠳᠡᠭᠡᠭᠰᠢᠯᠡᠭᠦᠯᠦᠨ᠎ᠡ᠃ ᠨᠡᠶᠢᠲᠡ ᠶᠢᠨ ᠰᠤᠶᠤᠯ ᠲᠠᠮᠢᠷ ᠎ ᠤᠨ ᠲᠦᠬᠦᠭᠡᠷᠦᠮᠵᠢ ᠶᠢ ᠪᠦᠷᠢᠨᠰᠢᠭᠦᠯᠵᠤ᠂ ᠠᠷᠠᠳ ᠤᠯᠠᠨ ᠤ ᠡᠳᠤᠷ ᠢᠷᠡᠭᠦᠶ᠎ᠡ ᠨᠡᠮᠡᠭᠳᠡᠵᠤ ᠪᠦᠬᠦᠢ ᠰᠤᠶᠤᠯ ᠲᠠᠮᠢᠷ ᠴᠢᠬᠢᠷᠠᠭᠵᠢᠯ ᠤᠨ ᠬᠡᠷᠡᠭᠴᠡᠭᠡ ᠶᠢ ᠬᠠᠩᠭᠠᠨ᠎ᠠ᠃ ᠠᠷᠠᠳ ᠤᠯᠠᠨ ᠤ ᠪᠤᠳᠠᠰ ᠤᠨ ᠠᠮᠢᠳᠤᠷᠠᠯ ᠨᠡᠩ ᠡᠯᠪᠡᠭ᠂ ᠤᠶᠤᠨ ᠎ ᠤ ᠠᠮᠢᠳᠤᠷᠠᠯ ᠨᠡᠩ ᠪᠠᠶᠠᠯᠢᠭ ᠪᠠᠶᠢᠬᠤ ᠶᠢ ᠪᠠᠳᠤᠯᠠᠵᠤ᠂ ᠠᠷᠠᠳ ᠤᠯᠠᠨ ᠤ ᠠᠰᠢᠭ ᠬᠦᠷᠳᠡᠬᠦ ᠪᠠ ᠵᠤᠯ ᠵᠢᠷᠭᠠᠯ ᠢ ᠤᠯᠠᠮ ᠨᠡᠮᠡᠭᠳᠡᠭᠦᠯᠦᠨ᠎ᠡ᠃        ᠲᠦᠯᠤᠬᠡᠯᠡᠭᠴᠢᠳ ᠡ︕ ᠬᠤᠶᠢᠰᠢᠲᠠ ᠶᠢᠨ ᠲᠠᠪᠤᠨ ᠵᠢᠯ ᠢ ᠪᠠᠷᠠᠭᠠᠯᠠᠬᠤ ᠳᠤ᠂ ᠠᠵᠨ ᠲᠤᠬᠢᠶᠠᠯ ᠪᠠ ᠦᠷᠢᠰᠤᠯᠳᠦᠭᠡᠨ ᠵᠡᠷᠭᠡᠪᠡᠷ ᠤᠷᠤᠰᠢᠵᠤ ᠪᠠᠶᠢᠨ᠎ᠠ᠃ ᠪᠦᠬᠦ ᠬᠤᠰᠢᠭᠤᠨ ᠤ ᠡᠯ᠎ᠡ ᠦᠨᠲᠤᠰᠤᠲᠠᠨ ᠤ ᠠᠷᠠᠳ ᠲᠦᠮᠠᠨ ᠎ ᠤ ᠬᠠᠮᠲᠤ ᠶᠢᠨ ᠴᠢᠷᠮᠠᠶᠢᠯᠭ᠎ᠠ ᠲᠤᠤᠷ᠎ᠠ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠤᠭ᠎ᠠ ᠲᠦᠯᠦᠪᠯᠡᠭᠡ ᠯᠠᠪᠲᠠᠢ ᠪᠡᠶᠡᠯᠡᠭᠳᠡᠵᠤ᠂ ᠬᠦᠪᠡᠬᠡᠲᠦ ᠰᠢᠷ᠎ᠠ ᠬᠤᠰᠢᠭᠤᠨ ᠤ ᠢᠷᠡᠬᠡᠲᠤᠢ ᠨᠡᠩ ᠰᠠᠶᠢᠨ ᠰᠠᠶᠢᠬᠠᠨ ᠪᠤᠯᠬᠤ ᠶᠢ ᠪᠢᠲᠠ ᠪᠠᠲᠦ ᠢᠲᠡᠬᠡᠵᠤ ᠪᠠᠶᠢᠨ᠎ᠠ᠃        ᠭᠤᠷᠪᠠ᠂ 2016 ᠤᠨ ᠤ ᠠᠵᠢᠯ ᠤᠨ ᠪᠠᠶᠢᠷᠢᠯᠠᠭᠤᠯᠤᠯᠲᠠ        2016 ᠤᠨ ᠪᠤᠯ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠦᠯᠦᠪᠵᠢᠭᠦᠯᠭᠡ ᠶᠢ ᠬᠡᠷᠡᠭᠵᠢᠭᠦᠯᠬᠦ ᠡᠬᠢᠯᠡᠯᠲᠡ ᠶᠢᠨ ᠵᠢᠯ ᠪᠤᠯᠤᠨ᠎ᠠ᠃ ᠡᠨᠡ ᠵᠢᠯ ᠤᠨ ᠠᠵᠢᠯ ᠢᠶᠠᠨ ᠰᠠᠶᠢᠳᠤᠷ ᠬᠢᠬᠦ ᠨᠢ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠰᠠᠶᠢᠨ ᠪᠠᠶᠢᠳᠠᠯ ᠢ ᠪᠠᠳᠤᠯᠠᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠦᠯᠦᠪᠵᠢᠭᠦᠯᠭᠡ ᠶᠢ ᠰᠠᠶᠢᠨ ᠢᠶᠠᠷ ᠡᠬᠢᠯᠡᠭᠦᠯᠬᠦ ᠳᠤ ᠲᠦᠢᠯ ᠤᠨ ᠴᠢᠬᠤᠯᠨ ᠠᠴᠢ ᠬᠤᠯᠪᠤᠭᠳᠠᠯ ᠲᠠᠢ ᠶᠤᠮ᠃ ᠡᠨᠡ ᠵᠢᠯ ᠤᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠤᠯ᠄ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 56.5 ᠳ᠋ᠦᠩᠰᠢᠭᠤᠷ ᠲᠦᠭᠦᠷᠢᠭ ᠲᠤ ᠬᠦᠷᠭᠡᠵᠤ᠂ 10%᠎ ᠪᠠᠷ ᠨᠡᠮᠡᠭᠳᠡᠭᠦᠯᠦᠨ᠎ᠡ᠃ ᠡᠭᠦᠨ ᠳᠤ᠂ ᠨᠢᠭᠡᠳᠤᠭᠡᠷ ᠠᠵᠤ ᠦᠢᠯᠡᠰ ᠤᠨ ᠨᠡᠮᠡᠭᠳᠡᠯ ᠦᠷᠳᠡᠭ ᠢ 3.6 ᠳ᠋ᠦᠩᠰᠢᠭᠤᠷ ᠲᠦᠭᠦᠷᠢᠭ ᠲᠤ ᠬᠦᠷᠭᠡᠵᠤ᠂ 4.8%᠎ ᠪᠠᠷ ᠨᠡᠮᠡᠭᠳᠡᠭᠦᠯᠦᠨ᠎ᠡ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠎ ᠢ 43.4 ᠳ᠋ᠦᠩᠰᠢᠭᠤᠷ ᠲᠦᠭᠦᠷᠢᠭ ᠲᠤ ᠬᠦᠷᠭᠡᠵᠤ᠂ 12.5%᠎ ᠪᠠᠷ ᠨᠡᠮᠡᠭᠳᠡᠭᠦᠯᠦᠨ᠎ᠡ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠤᠨ ᠦᠷᠳᠡᠭ ᠢ 9.5 ᠳ᠋ᠦᠩᠰᠢᠭᠤᠷ ᠲᠦᠭᠦᠷᠢᠭ ᠲᠤ ᠬᠦᠷᠭᠡᠵᠤ᠂ 5.2%᠎ ᠪᠠᠷ ᠨᠡᠮᠡᠭᠳᠡᠭᠦᠯᠦᠨ᠎ᠡ᠃ ᠣᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠶᠢ 2.57 ᠳ᠋ᠦᠩᠰᠢᠭᠤᠷ ᠲᠦᠭᠦᠷᠢᠭ ᠲᠤ ᠬᠦᠷᠭᠡᠵᠤ᠂ 10.6%᠎ ᠪᠠᠷ ᠨᠡᠮᠡᠭᠳᠡᠭᠦᠯᠦᠨ᠎ᠡ᠃ ᠪᠦᠬᠦ ᠨᠡᠶᠢᠭᠡᠮ ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢ15.97 ᠳ᠋ᠦᠩᠰᠢᠭᠤᠷ ᠲᠦᠭᠦᠷᠢᠭ ᠲᠤ ᠬᠦᠷᠭᠡᠵᠤ᠂ 21.3%᠎ ᠪᠠᠷ ᠨᠡᠮᠡᠭᠳᠡᠭᠦᠯᠦᠨ᠎ᠡ᠃ ᠪᠦᠬᠦ ᠨᠡᠶᠢᠭᠡᠮ ᠤᠨ ᠬᠡᠷᠡᠭᠯᠡᠭᠡᠨ ᠤ ᠪᠤᠳᠠᠰ ᠢ ᠵᠢᠵᠢᠭᠯᠡᠨ ᠬᠤᠳᠠᠯᠳᠣᠬᠤ ᠶᠡᠷᠦᠩᠬᠡᠢ ᠬᠡᠮᠵᠢᠶ᠎ᠡ ᠶᠢ 6.1 ᠳ᠋ᠦᠩᠰᠢᠭᠤᠷ ᠲᠦᠭᠦᠷᠢᠭ ᠲᠤ ᠬᠦᠷᠭᠡᠵᠤ᠂ 7.2%᠎ ᠪᠠᠷ ᠨᠡᠮᠡᠭᠳᠡᠭᠦᠯᠦᠨ᠎ᠡ᠃ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠲᠤᠬᠢᠷᠠᠭᠤᠯᠵᠤ ᠪᠤᠯᠬᠤᠶᠢᠴᠨ ᠤᠷᠤᠯᠭ᠎ᠠ ᠶᠢ 34000 ᠲᠦᠭᠦᠷᠢᠭ ᠲᠤ ᠬᠦᠷᠭᠡᠵᠤ᠂ 9.1%᠎ ᠪᠠᠷ ᠨᠡᠮᠡᠭᠳᠡᠭᠦᠯᠵᠤ︔ ᠮᠠᠯᠵᠢᠬᠤ ᠤᠷᠤᠨ ᠤ ᠪᠠᠶᠢᠩᠭᠤ ᠰᠠᠭᠤᠭ᠎ᠠ ᠬᠦᠮᠦᠨ ᠠᠮᠨ ᠶᠢᠨ ᠬᠦᠮᠦᠨ ᠳᠤᠮᠳᠠᠴᠢ ᠶᠢᠨ ᠲᠤᠬᠢᠷᠠᠭᠤᠯᠵᠤ ᠪᠤᠯᠬᠤᠶᠢᠴᠠ ᠤᠷᠤᠯᠭ᠎ᠠ ᠶᠢ 12860 ᠲᠦᠭᠦᠷᠢᠭ ᠲᠤ ᠬᠦᠷᠭᠡᠵᠤ᠂ 10.3%᠎ ᠪᠠᠷ ᠨᠡᠮᠡᠭᠳᠡᠭᠦᠯᠦᠨ᠎ᠡ᠃        ᠲᠤᠭᠳᠠᠭᠠᠭᠰᠠᠨ ᠡᠭᠦᠷᠭᠡ ᠬᠠᠷᠠᠯᠲᠠ ᠶᠢᠨ ᠲᠤᠭᠤᠷᠢᠨ ᠳᠤ᠂ ᠲᠤᠤᠷᠠᠬᠢ ᠨᠠᠢᠮᠠᠨ ᠳᠠᠯ᠎ᠠ ᠶᠢᠨ ᠠᠵᠢᠯ ᠢ  ᠴᠢᠬᠤᠯᠠᠴᠢᠯᠠᠨ ᠰᠠᠶᠢᠳᠤᠷ ᠠᠳᠬᠤᠬᠤ ᠬᠡᠷᠡᠭᠲᠠᠢ᠃        ︵ᠨᠢᠬᠡ︶ ᠣᠳᠤᠬᠢᠴᠢᠯᠠᠭᠰᠠᠨ ᠮᠠᠯ ᠠᠵᠤ ᠠᠬᠤᠢ ᠶᠢ ᠬᠦᠭᠵᠢᠬᠦᠯᠬᠦ ᠱᠠᠭᠠᠷᠲᠠᠯᠭ᠎ᠠ ᠶᠤᠰᠤᠭᠠᠷ᠂ ᠨᠢᠬᠡᠲᠤᠬᠡᠷ ᠠᠵᠤ ᠤᠶᠢᠯᠠᠰ ᠪᠠ ᠬᠤᠶᠠᠷ ᠭᠤᠷᠪᠠᠲᠤᠭᠠᠷ ᠠᠵᠤ ᠤᠶᠢᠯᠠᠰ ᠢ ᠨᠢᠭᠡᠳᠬᠡᠨ ᠬᠦᠭᠵᠢᠬᠦᠯᠬᠦ ᠶᠢ ᠲᠦᠯᠬᠢᠨ ᠠᠬᠢᠭᠤᠯᠤᠨ᠎ᠠ᠃        ᠮᠠᠯ ᠠᠵᠤ ᠠᠬᠤᠢ ᠶᠢᠨ ᠪᠦᠲᠦᠴᠨ ᠳᠤ ᠲᠤᠬᠢᠷᠠᠭᠤᠯᠤᠯᠲᠠ ᠬᠢᠵᠤ ᠰᠢᠯᠢᠲᠡᠭᠵᠢᠬᠦᠯᠤᠨ᠎ᠠ᠃ ︽ᠬᠤᠨᠢ ᠶᠢ ᠲᠤᠭᠳᠠᠪᠤᠷᠢᠵᠢᠭᠤᠯᠤᠨ ᠦᠬᠡᠷ ᠢ ᠨᠡᠮᠡᠭᠳᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠤᠷᠤᠯᠭ᠎ᠠ ᠶᠢ ᠨᠡᠮᠡᠭᠳᠡᠭᠦᠯᠬᠦ︾ ᠵᠠᠷᠴᠢᠮ ᠶᠤᠰᠤᠭᠠᠷ᠂ ᠲᠡᠵᠢᠭᠡᠨ ᠦᠷᠡᠵᠢᠭᠦᠯᠬᠦ ᠭᠤᠷᠪᠠᠨ ᠲᠤᠭᠤᠷᠢᠭ ᠢ ᠪᠦᠬᠦ ᠲᠠᠯ᠎ᠠ ᠪᠠᠷ ᠰᠢᠯᠢᠳᠡᠭᠵᠢᠭᠦᠯᠵᠤ᠂ ᠴᠦᠬᠡᠨ ᠪᠦᠬᠡᠳ ᠨᠠᠷᠢᠯᠢᠭ ᠮᠠᠯᠵᠢᠵᠤ ᠨᠡᠷ᠎ᠠ ᠲᠡᠮᠲᠡᠭ ᠡᠬᠦᠳᠬᠦ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠦᠨᠳᠤᠷ ᠦᠷ᠎ᠡ ᠠᠰᠢᠭᠲᠤ᠂ ᠪᠤᠬᠢᠷᠳᠤᠯ ᠦᠭᠡᠢ᠂ ᠭᠠᠮᠰᠢᠭ ᠠᠴᠠ ᠵᠠᠶᠢᠯᠠᠰᠬᠢᠬᠦ ᠬᠡᠯᠪᠡᠷᠢ ᠶᠢᠨ ᠮᠠᠯ ᠠᠵᠤ ᠠᠬᠤᠢ ᠶᠢ ᠬᠦᠭᠵᠢᠭᠦᠯᠬᠦ ᠪᠠᠷ ᠰᠢᠪᠳᠤᠯᠤᠯᠲᠠ ᠪᠤᠯᠭᠠᠨ᠎ᠠ᠃ ᠮᠢᠬᠠᠨ ᠤ ᠬᠤᠨᠢ ᠶᠢ ᠠᠷᠠᠴᠢᠯᠠᠨ ᠮᠠᠯᠵᠢᠬᠤ ᠲᠤᠭᠤᠷᠢᠭ ᠲᠤ ᠴᠠᠬᠠᠷ ᠬᠤᠨᠢ ᠶᠢ ᠰᠣᠩᠭᠤᠨ ᠪᠣᠶᠢᠵᠢᠭᠤᠯᠵᠣ ᠠᠷᠠᠴᠢᠯᠠᠨ ᠮᠠᠯᠵᠢᠬᠤ ᠶᠢ ᠭᠤᠣᠯᠳᠠᠯᠭ᠎ᠠ ᠲᠠᠢ ᠠᠳᠬᠤᠨ᠂ ︽ᠴᠠᠬᠠᠷ ᠬᠤᠨᠢᠨ ᠤ ᠠᠵᠣ ᠦᠢᠯᠡᠰ ᠢ ᠬᠦᠭᠵᠢᠭᠦᠯᠬᠦ ᠲᠠᠪᠤᠨ ᠵᠢᠯ ᠤᠨ ᠲᠦᠯᠦᠪᠵᠢᠭᠦᠯᠭᠡ ︵2015—2019 ᠤᠨ︶︾ ᠎ ᠶᠢ ᠤᠯᠠᠮ ᠳᠡᠭᠦᠯᠳᠡᠷᠵᠢᠭᠦᠯᠵᠤ᠂ ᠮᠠᠯᠴᠢᠳ ᠢ ᠵᠢᠯᠤᠭᠤᠲᠤᠨ ᠴᠠᠬᠠᠷ ᠬᠤᠨᠢ ᠮᠠᠯᠵᠢᠬᠤ ᠬᠡᠪᠴᠢᠶ᠎ᠡ ᠶᠢ ᠦᠷᠭᠡᠳᠬᠡᠵᠤ᠂ ᠴᠠᠬᠠᠷ ᠬᠤᠨᠢᠨ ᠤ ᠦᠷ᠎ᠠ ᠶᠢᠨ ᠮᠠᠯ ᠬᠠᠩᠭᠠᠬᠤ ᠰᠠᠭᠤᠷᠢᠨ ᠭᠠᠵᠠᠷ ᠢ ᠪᠦᠲᠤᠬᠡᠨ ᠪᠠᠶᠢᠭᠤᠯᠬᠤ ᠠᠵᠢᠯ ᠢ ᠰᠠᠶᠢᠳᠤᠷ ᠠᠳᠬᠤᠨ᠂ ᠬᠤᠰᠢᠭᠤ ᠦᠷ᠎ᠠ ᠶᠢᠨ ᠮᠠᠯ ᠤᠨ ᠲᠠᠯᠠᠪᠠᠢ ᠪᠠᠷ ᠲᠤᠯᠤᠭᠠᠶᠢᠯᠠᠭᠴᠢ ᠪᠤᠯᠭᠠᠭᠰᠠᠨ᠂ ᠬᠤᠷᠰᠢᠶᠠᠵᠢᠯ ᠪᠠ ᠦᠷ᠎ᠠ ᠶᠢᠨ ᠮᠠᠯ ᠢ ᠦᠷᠡᠵᠢᠬᠦᠯᠤᠨ ᠪᠤᠶᠢᠵᠢᠭᠤᠯᠬᠤ ᠲᠤᠰᠬᠠᠢ ᠡᠷᠤᠬᠡ ᠶᠢ ᠬᠠᠮᠤᠷᠤᠭᠰᠠᠨ᠂ ᠵᠢᠯ ᠳᠤ ᠲᠦᠮᠠᠨ ᠲᠤᠯᠤᠭᠠᠢ ᠠᠴᠠ ᠲᠡᠬᠡᠭᠰᠢ ᠴᠡᠪᠠᠷ ᠡᠭᠦᠯᠳᠡᠷ ᠤᠨ ᠦᠷ᠎ᠠ ᠶᠢᠨ ᠮᠠᠯ ᠬᠠᠩᠭᠠᠬᠤ ᠰᠠᠭᠤᠷᠢᠨ ᠭᠠᠵᠠᠷ ᠢ ᠪᠦᠲᠤᠬᠡᠨ ᠪᠠᠶᠢᠭᠤᠯᠤᠨ᠎ᠠ᠃ ᠬᠤᠯᠠᠨ ᠰᠢᠷᠭ᠎ᠠ ᠶᠢᠨ ᠡᠯᠡᠰᠤᠨ ᠤ ᠮᠢᠬᠠᠨ ᠤ ᠦᠬᠡᠷ ᠢ ᠠᠷᠠᠴᠢᠯᠠᠨ ᠮᠠᠯᠵᠢᠬᠤ ᠲᠤᠭᠤᠷᠢᠭ ᠲᠤ  ᠰᠢᠮᠧᠨ᠋ᠲ᠋ᠧᠷ ᠦᠬᠡᠷ ᠤᠨ ᠭᠤᠣᠯᠳᠠᠯᠭᠠᠳᠣ ᠰᠦᠷᠦᠭ ᠤᠨ ᠪᠦᠲᠦᠭᠡᠨ ᠪᠠᠶᠢᠭᠤᠯᠣᠯᠲᠠ ᠶᠢ ᠰᠠᠶᠢᠳᠤᠷ ᠠᠳᠬᠤᠵᠤ᠂ 1 ᠲᠦᠮᠡᠨ ᠲᠣᠯᠣᠭᠠᠢ ᠠᠴᠠ ᠳᠡᠭᠡᠭᠰᠢ ᠦᠬᠡᠷ ᠤᠨ ᠡᠭᠦᠯᠳᠡᠷ ᠰᠠᠶᠢᠵᠢᠷᠠᠭᠤᠯᠬᠤ ᠶᠢ ᠪᠡᠶᠡᠯᠡᠭᠦᠯᠵᠦ᠂ ᠰᠢᠯᠢᠳᠡᠭ ᠴᠢᠨᠠᠷ ᠎ ᠤᠨ ᠮᠢᠬᠠᠨ ᠤ ᠦᠬᠡᠷ ᠢ ᠠᠷᠠᠴᠢᠯᠠᠨ ᠮᠠᠯᠵᠢᠵᠣ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠢ ᠪᠠᠶᠢᠭᠤᠯᠣᠨ᠎ᠠ᠃ ᠬᠤᠲᠠ ᠪᠠᠯᠭᠠᠰᠤᠨ ᠤ ᠤᠶᠢᠷ᠎ᠠ ᠬᠠᠪᠢ ᠳᠠᠬᠢ ᠰᠠᠭᠠᠯᠢ ᠶᠢᠨ ᠦᠨᠢᠶ᠎ᠡ ᠠᠷᠠᠴᠢᠯᠠᠨ ᠮᠠᠯᠵᠢᠬᠤ ᠲᠤᠭᠤᠷᠢᠭ ᠲᠤ ᠳᠡᠰ ᠳᠡᠪᠰᠢᠭᠦᠯᠦᠨ ᠦᠭᠡᠷᠡᠴᠢᠯᠡᠬᠦ ᠶᠢ ᠰᠠᠶᠢᠳᠤᠷ ᠠᠳᠬᠤᠵᠤ᠂ ᠰᠠᠭᠠᠯᠢ ᠶᠢᠨ ᠦᠨᠢᠶ᠎ᠡ ᠶᠢ 3000 ᠤᠷᠴᠢᠮ ᠳᠤ ᠲᠤᠭᠲᠠᠪᠤᠷᠢᠵᠢᠭᠤᠯᠤᠨ᠎ᠠ᠃        ᠮᠠᠯ ᠠᠵᠤ ᠠᠬᠤᠢ ᠶᠢᠨ ᠤᠶᠢᠯᠡᠳᠪᠤᠷᠢᠯᠠᠯ ᠡᠵᠡᠩᠨᠡᠯᠲᠠ ᠶᠢᠨ ᠬᠡᠯᠪᠡᠷᠢ ᠶᠢ ᠬᠤᠪᠢᠷᠠᠭᠤᠯᠤᠨ᠎ᠠ᠃ ᠤᠯᠤᠰ ᠎ ᠤᠨ ᠰᠢᠨ᠎ᠡ ᠡᠭᠡᠯᠵᠢ ᠶᠢᠨ ᠲᠠᠯ᠎ᠠ ᠨᠤᠳᠤᠭ ᠤᠨ ᠠᠮᠢ ᠠᠬᠤᠢ ᠶᠢᠨ ᠱᠠᠩᠨᠠᠵᠤ ᠨᠦᠬᠦᠪᠦᠷᠢᠯᠡᠬᠦ ᠲᠦᠷᠣ ᠶᠢᠨ ᠪᠤᠲᠤᠯᠭ᠎ᠠ ᠎ ᠶᠢ ᠬᠡᠷᠡᠭᠵᠢᠭᠦᠯᠬᠦ ᠲᠠᠢ ᠤᠶᠠᠯᠲᠤᠭᠤᠯᠤᠨ᠂ ᠪᠡᠯᠴᠢᠬᠡᠷᠯᠡᠬᠦᠯᠬᠦ ᠶᠢᠨ ᠳᠠᠭᠠᠤ ᠪᠤᠷᠲᠤᠭ᠎ᠠ ᠨᠦᠬᠦᠪᠤᠷᠢᠯᠡᠬᠦ᠂ ᠤᠷᠢᠳᠴᠢᠯᠠᠨ ᠵᠠᠷᠤᠴᠠᠭᠤᠯᠬᠤ ᠲᠤᠷᠰᠢᠯᠲᠠ ᠶᠢᠨ ᠠᠵᠢᠯ ᠢ ᠵᠤᠬᠢᠶᠠᠨ ᠪᠠᠶᠢᠭᠤᠯᠤᠨ ᠦᠷᠨᠢᠭᠦᠯᠵᠤ᠂ ︽ᠬᠡᠪᠴᠢᠶᠡᠵᠢᠬᠦᠯᠤᠨ ᠠᠷᠠᠴᠢᠯᠠᠨ ᠮᠠᠯᠵᠢᠬᠤ᠂ ᠵᠤᠬᠢᠶᠠᠨ ᠪᠠᠶᠢᠭᠤᠯᠤᠨ ᠠᠬᠢᠭᠤᠯᠬᠤ᠂ ᠪᠠᠷᠢᠮᠵᠢᠶᠡᠵᠢᠭᠤᠯᠤᠨ ᠤᠶᠢᠯᠡᠳᠪᠤᠷᠢᠯᠡᠬᠦ︾ ᠱᠠᠭᠠᠷᠲᠠᠯᠭ᠎ᠠ ᠶᠤᠰᠤᠭᠠᠷ᠂  ᠪᠤᠬᠢᠷᠳᠤᠯ ᠦᠭᠡᠢ ᠵᠠᠬᠢᠶᠠᠯᠭ᠎ᠠ ᠶᠢᠨ ᠮᠠᠯ ᠠᠵᠤ ᠠᠬᠤᠢ ᠶᠢ ᠬᠦᠭᠵᠢᠬᠦᠯᠵᠤ᠂ ᠲᠦᠷᠪᠠᠨ ᠤᠯᠠᠷᠢᠯ ᠳᠤ ᠮᠠᠯ ᠢᠶᠠᠨ ᠵᠠᠷᠤᠴᠠᠭᠤᠯᠬᠤ ᠶᠢ ᠠᠭᠠᠵᠢᠮ ᠢᠶᠠᠷ ᠪᠡᠶᠡᠯᠡᠬᠦᠯᠤᠨ᠎ᠠ᠃ ᠨᠢᠬᠡᠨᠲᠠ ᠪᠡᠶᠡᠯᠡᠬᠦᠯᠦᠭᠰᠡᠨ ᠨᠣᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡ ᠶᠢ ᠳᠣᠳᠣᠷᠬᠠᠶᠢᠯᠠᠨ ᠳᠠᠩᠰᠠᠯᠠᠬᠤ ᠠᠵᠢᠯ ᠤᠨ ᠰᠠᠭᠤᠷᠢᠨ ᠲᠡᠬᠡᠷ᠎ᠠ᠂ ᠮᠠᠨ ᠤ ᠬᠤᠰᠢᠭᠤᠨ ᠤ ᠨᠤᠲᠤᠭ ᠪᠠᠯᠴᠢᠬᠡᠷ ᠤᠨ ᠡᠵᠡᠩᠨᠡᠯᠳᠡ ᠶᠢᠨ ᠡᠷᠭᠡ ᠶᠢ ᠰᠢᠯᠵᠢᠭᠦᠯᠬᠦ ᠠᠷᠭ᠎ᠠ ᠶᠢ ᠲᠠᠷᠤᠢ ᠲᠦᠷᠭᠡᠨ ᠲᠡᠬᠦᠯᠲᠡᠷᠵᠢᠬᠦᠯᠵᠤ᠂ ᠪᠤᠲᠠᠲᠠᠢ ᠲᠠᠢ ᠪᠠᠨ ᠤᠶᠠᠯᠲᠤᠭᠤᠯᠤᠨ ᠨᠤᠳᠤᠭ ᠪᠡᠯᠴᠢᠭᠡᠷ ᠢ ᠢᠯᠨ ᠪᠠᠷ ᠰᠢᠯᠵᠢᠭᠦᠯᠬᠦ ᠳᠡᠪᠴᠠᠩ ᠤᠨ ᠪᠠᠶᠢᠭᠤᠯᠤᠯᠲᠠ ᠶᠢ ᠰᠠᠶᠢᠳᠤᠷ ᠠᠳᠬᠤᠵᠤ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠭᠤᠷᠪᠠᠨ ᠱᠠᠲᠤᠨ ᠤ ᠬᠠᠮᠢᠶᠠᠷᠤᠯᠲᠠ ᠶᠢᠨ ᠲᠤᠤᠷ ᠰᠦᠯᠵᠢᠶ᠎ᠡ ᠶᠢ ᠳᠠᠷᠤᠶᠢᠬᠠᠨ ᠪᠠᠶᠢᠭᠤᠯᠤᠨ᠂ ᠨᠤᠳᠤᠭ ᠪᠡᠯᠴᠢᠭᠡᠷ ᠢ ᠮᠠᠯᠵᠢᠯ ᠤᠨ ᠳᠤᠰᠬᠠᠢ ᠡᠷᠦᠬᠡ᠂ ᠭᠡᠷ ᠪᠦᠯᠢ ᠶᠢᠨ ᠮᠠᠯᠵᠢᠯ ᠤᠨ ᠳᠠᠯᠠᠪᠠᠢ᠂ ᠳᠤᠰᠬᠠᠢ ᠬᠤᠷᠰᠢᠶᠠᠵᠢᠯ ᠳᠡᠰᠢ ᠰᠢᠯᠵᠢᠭᠦᠯᠬᠦ ᠶᠢ ᠢᠳᠡᠪᠬᠢᠲᠠᠢ ᠵᠢᠯᠤᠭᠤᠳᠤᠨ ᠳᠠᠭᠠᠭᠤᠯᠵᠤ᠂ ᠤᠯᠠᠨ ᠵᠦᠢᠯ ᠤᠨ ᠠᠷᠭ᠎ᠠ ᠬᠡᠯᠪᠡᠷᠢ ᠪᠠᠷ ᠵᠤᠬᠢᠬᠤ ᠬᠡᠪᠴᠢᠶᠡᠵᠢᠭᠰᠡᠨ ᠡᠵᠡᠩᠨᠡᠯᠲᠡ ᠶᠢ ᠳᠡᠳᠬᠦᠨ ᠬᠦᠭᠵᠢᠭᠦᠯᠦᠨ᠎ᠡ᠃ ᠮᠠᠯᠵᠢᠬᠤ ᠤᠷᠤᠨ ᠤ ᠠᠵᠢᠯ ᠲᠦᠷᠦᠯ ᠤᠨ ᠡᠵᠡᠩᠨᠡᠨ ᠬᠠᠮᠢᠶᠠᠷᠤᠭᠴᠢ ᠶᠢᠨ ᠡᠩᠨᠡᠭᠡᠨ ᠤ ᠪᠠᠶᠢᠭᠤᠯᠤᠯᠲᠠ᠂ ᠬᠤᠷᠰᠢᠶᠠᠵᠢᠯ ᠢ ᠲᠦᠷᠢᠮᠵᠢᠬᠦᠯᠤᠨ ᠳᠠᠭᠠᠭᠤᠯᠬᠤ ᠠᠵᠢᠯ ᠎ ᠢ ᠰᠠᠶᠢᠳᠤᠷ ᠬᠢᠨ᠎ᠡ᠃ ᠪᠤᠳᠠᠳᠤ ᠪᠠᠷᠢᠮᠵᠢᠶ᠎ᠠ ᠶᠢ ᠲᠤᠭᠳᠠᠭᠠᠨ᠂ 100 ᠭᠡᠷ ᠪᠦᠯᠢ ᠶᠢᠨ ᠮᠠᠯᠵᠢᠯ ᠤᠨ ᠳᠠᠯᠠᠪᠠᠢ ᠪᠠ 60 ᠵᠢᠱᠢᠶ᠎ᠡ ᠦᠵᠡᠭᠦᠯᠬᠦ ᠬᠤᠷᠰᠢᠶᠠᠵᠢᠯ ᠤᠨ ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠳᠬᠤᠨ᠎ᠠ᠃        ᠮᠠᠯ ᠠᠵᠦ ᠠᠬᠤᠢ ᠶᠢᠨ ᠠᠵᠦ ᠦᠢᠯᠡᠰᠵᠢᠯᠲᠡ ᠶᠢᠨ ᠠᠬᠢᠴᠠ ᠶᠢ ᠲᠦᠯᠬᠢᠨ ᠠᠬᠢᠭᠤᠯᠣᠨ᠎ᠠ᠃ ᠠᠷᠠᠯᠵᠢᠶᠠᠴᠢᠨ ᠤᠷᠢᠵᠤ ᠪᠡᠯᠡ ᠲᠠᠲᠠᠬᠤ ᠬᠦᠴᠤᠯᠠᠴᠨ ᠪᠠᠨ ᠴᠢᠩᠭᠠᠳᠬᠠᠨ᠂ 1—2 ᠮᠠᠯ ᠤᠨ ᠠᠰᠢᠭ ᠰᠢᠮ᠎ᠠ ᠶᠢ ᠡᠳ᠋ᠰᠢᠬᠦᠯᠤᠨ ᠪᠤᠯᠪᠠᠰᠤᠷᠠᠭᠤᠯᠬᠤ ᠲᠤᠯᠤᠭᠠᠶᠢᠯᠠᠭᠴᠢ ᠠᠵᠤ ᠠᠬᠤᠶᠢᠯᠠᠯ ᠢ ᠤᠷᠢᠨ ᠤᠷᠤᠭᠤᠯᠵᠤ᠂ ᠬᠦᠨ ᠨᠠᠷᠢᠯᠢᠭ ᠡᠳ᠋ᠰᠢᠬᠦᠯᠬᠦ ᠴᠢᠲᠠᠪᠤᠷᠢ ᠶᠢ ᠲᠡᠬᠡᠭᠰᠢᠯᠡᠬᠦᠯᠤᠨ᠂ ᠠᠵᠤ ᠠᠬᠤᠶᠢᠯᠠᠯ ᠤᠨ ᠮᠠᠯᠴᠢᠳ ᠲᠠᠢ ᠠᠰᠢᠭ ᠲᠣᠰᠠ ᠪᠠᠷ ᠢᠶᠠᠨ ᠬᠤᠯᠪᠣᠭᠠᠯᠠᠬᠤ ᠲᠤᠭᠲᠠᠴᠠ ᠶᠢ ᠪᠠᠶᠢᠭᠤᠯᠦᠨ ᠲᠡᠬᠦᠯᠲᠡᠷᠵᠢᠬᠦᠯᠤᠨ᠎ᠠ᠃ ᠮᠠᠯᠵᠢᠬᠤ ᠤᠷᠤᠨ ᠤ ᠵᠢᠵᠢᠭ ᠬᠡᠯᠪᠡᠷᠢ ᠶᠢᠨ ᠬᠦᠢᠲᠠᠨ ᠬᠦᠮᠤᠷᠬᠡ ᠶᠢᠨ ᠪᠠᠶᠢᠭᠤᠯᠤᠯᠲᠠ ᠶᠢᠨ ᠲᠤᠷᠰᠢᠯᠲᠠ ᠶᠢᠨ ᠴᠢᠭ ᠤᠨ ᠠᠵᠢᠯ ᠢ ᠡᠬᠢᠯᠡᠬᠦᠯᠵᠤ᠂ ᠲᠤᠰᠬᠠᠢ ᠪᠤᠷᠤᠯᠠᠭᠤᠯᠤᠯᠲᠠ ᠶᠢᠨ ᠡᠩᠨᠡᠭᠡ ᠶᠢ ᠪᠠᠶᠢᠭᠤᠯᠤᠨ᠂ ᠰᠢᠨ᠎ᠠ ᠪᠤᠷᠤᠯᠠᠭᠤᠯᠤᠯᠲᠠ ᠶᠢᠨ ᠵᠠᠬ᠎ᠠ ᠲᠡᠯᠬᠡᠬᠦᠷ ᠢ ᠨᠡᠬᠡᠬᠡᠵᠤ᠂ ᠪᠦᠬᠦ ᠠᠶᠢᠮᠠᠭ ᠤᠨ ᠲᠤᠭ᠎ᠠ ᠪᠠᠷᠢᠮᠳᠠ ᠶᠢ ᠲᠦᠪᠯᠡᠷᠡᠭᠦᠯᠦᠨ ᠬᠠᠮᠢᠶᠠᠷᠬᠤ ᠠᠵᠤ ᠦᠢᠯᠡᠰ ᠤᠨ ᠬᠦᠭᠵᠢᠯᠲᠡ ᠳᠤ ᠲᠦᠰᠢᠭᠯᠡᠠ᠂ ᠪᠠᠶᠢᠭᠠᠯᠢᠯᠢᠭ ᠮᠠᠯ ᠤᠨ ᠠᠰᠢᠭ ᠰᠢᠮ᠎ᠠ ᠶᠢᠨ ᠪᠦᠲᠦᠭᠡᠭᠳᠡᠭᠦᠨ ᠤ  ᠡᠯᠧᠺᠲᠷᠤᠨ ᠬᠤᠲᠠᠯᠲᠤᠭᠠᠨ ᠤ ᠲᠠᠪᠴᠠᠩ ᠢ ᠪᠠᠶᠢᠭᠤᠯᠤᠨ᠎ᠠ᠃ᠮᠠᠯ ᠠᠵᠦ ᠠᠬᠤᠢ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠣᠯᠲᠠ ᠶᠢ ᠪᠠᠳᠤᠳᠬᠠᠨ᠎ᠠ᠃ ︽ᠠᠷᠪᠠ ᠶᠢ ᠪᠦᠷᠬᠦᠭᠦᠯᠬᠦ︾ ᠢᠨᠵᠧᠨᠧᠷᠢᠩ ᠲᠠᠢ ᠤᠶᠠᠯᠲᠤᠭᠤᠯᠤᠨ᠂ ᠡᠯᠡᠰᠦᠨ ᠤ ᠡᠬᠢ ᠶᠢ ᠵᠠᠰᠠᠬᠤ᠂ ᠲᠠᠷᠢᠶᠠᠯᠠᠩ ᠤᠨ ᠮᠠᠰᠢᠨ ᠬᠤᠳᠠᠯᠳᠣᠨ ᠠᠪᠬᠤ ᠨᠦᠬᠦᠪᠦᠷᠢ ᠵᠡᠷᠬᠡ ᠲᠦᠷᠤᠯ ᠵᠤᠶᠢᠯ ᠢ ᠨᠢᠬᠡᠲᠤᠯᠲᠠᠢ ᠲᠦᠯᠤᠪᠵᠢᠬᠦᠯᠤᠨ ᠨᠢᠬᠡᠳᠬᠡᠵᠤ᠂ ᠰᠠᠭᠤᠷᠢ ᠲᠦᠬᠦᠬᠡᠷᠤᠮᠵᠢ ᠶᠢᠨ ᠪᠦᠲᠤᠬᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠨ᠂ 4.36 ᠲᠦᠮᠠᠨ‌‍ᠲ᠋ᠡᠭᠰᠢ ᠳᠦᠷᠪᠡᠯᠵᠢᠨ ᠮᠧᠲᠷ ᠪᠠᠷᠢᠮᠵᠢᠶᠠᠵᠢᠭᠰᠠᠨ ᠲᠤᠯᠠᠭᠠᠨ ᠫᠧᠩ᠂ 4000 ᠲᠡᠭᠰᠢ ᠳᠦᠷᠪᠡᠯᠵᠢᠨ ᠮᠧᠲᠷ ᠡᠪᠡᠰᠦ ᠨᠦᠭᠡᠴᠡᠯᠡᠬᠦ ᠫᠧᠩ᠂ 5 ᠲᠦᠮᠠᠨ ᠮᠤ᠋ ᠨᠤᠳᠤᠭ ᠪᠡᠯᠴᠢᠭᠡᠷ ᠢ ᠬᠦᠷᠢᠶᠡᠯᠡᠨ ᠪᠢᠳᠡᠭᠦᠮᠵᠢᠯᠡᠵᠤ᠂ 1.5 ᠲᠦᠮᠡᠨ ᠮᠦ ᠲᠠᠷᠢᠮᠠᠯ ᠡᠪᠡᠰᠣᠨ ᠤ ᠰᠠᠭᠤᠷᠢᠨ ᠭᠠᠵᠠᠷ ᠢ ᠪᠠᠶᠢᠭᠤᠯᠤᠨ᠎ᠠ᠃ ᠤᠯᠤᠰ ᠤᠨ ᠰᠢᠨ᠎ᠡ ᠡᠭᠡᠯᠵᠢ ᠶᠢᠨ ᠲᠠᠯ᠎ᠠ ᠨᠤᠳᠤᠭ ᠎ ᠤᠨ ᠠᠮᠢ ᠠᠬᠤᠢ ᠶᠢᠨ ᠬᠠᠮᠠᠭᠠᠯᠠᠯᠲᠠ ᠶᠢᠨ ᠱᠠᠩᠨᠠᠵᠤ ᠨᠦᠬᠦᠪᠤᠷᠢᠯᠡᠵᠤ ᠲᠦᠷᠤ ᠶᠢᠨ ᠪᠤᠲᠤᠯᠭ᠎ᠠ ᠲᠠᠢ ᠤᠶᠠᠯᠲᠤᠭᠤᠯᠤᠨ᠂ 60 ᠲᠦᠮᠠᠨ ᠮᠤ᠋ ᠬᠠᠳᠤᠯᠠᠩ ᠤᠨ ᠳᠠᠯᠠᠪᠠᠢ ᠪᠠᠶᠢᠭᠤᠯᠬᠤ ᠬᠠᠷᠠᠯᠲᠠ ᠶᠤᠰᠤᠭᠠᠷ᠂ ᠮᠢᠩᠭᠠᠨ ᠮᠤ᠋ ᠎ ᠠᠴᠠ ᠳᠡᠭᠡᠭᠰᠢ ᠲᠦᠪᠯᠡᠷᠡᠨ ᠵᠠᠯᠭᠠᠯᠳᠤᠭᠰᠠᠨ ᠬᠠᠳᠤᠯᠠᠩ ᠤᠨ ᠳᠠᠯᠠᠪᠠᠢ ᠪᠠᠶᠢᠭᠤᠯᠬᠤ ᠠᠵᠢᠯ ᠢ ᠡᠬᠢᠯᠡᠭᠦᠯᠵᠤ᠂ ᠤᠲᠤ ᠪᠠᠶᠢᠭ᠎ᠠ ᠦᠨᠲᠤᠷ ᠤᠨᠠᠯᠲᠠᠲᠦ ᠡᠪᠡᠰᠤ ᠪᠤᠷᠲᠤᠭᠠᠨ ᠤ ᠰᠠᠭᠤᠷᠢᠨ ᠭᠠᠵᠠᠷ ᠢ ᠬᠦᠢᠴᠡᠳ ᠠᠰᠢᠭᠯᠠᠨ᠂ ᠡᠪᠡᠰᠤᠨ ᠤ ᠦᠢᠯᠡᠰ ᠤᠨ ᠵᠠᠬ᠎ᠠ ᠳᠡᠯᠭᠡᠭᠦᠷ ᠢ ᠲᠦᠷᠢᠮᠵᠢᠭᠦᠯᠦᠨ ᠳᠡᠰ ᠳᠡᠪᠰᠢᠭᠦᠯᠵᠤ᠂ ᠭᠠᠮᠰᠢᠭ ᠢ ᠡᠰᠡᠷᠭᠦᠴᠡᠬᠦ  ᠴᠢᠳᠠᠪᠦᠷᠢ ᠶᠢ ᠳᠡᠭᠡᠭᠰᠢᠯᠡᠭᠦᠯᠦᠨ᠎ᠡ᠃        ᠮᠠᠯᠴᠢᠳ ᠤᠨ ᠤᠷᠤᠯᠭ᠎ᠠ ᠶᠢ ᠴᠢᠷᠮᠠᠶᠢᠨ ᠨᠡᠮᠡᠭᠳᠡᠭᠦᠯᠦᠨ᠎ᠡ᠃ ᠮᠠᠯ ᠠᠵᠤ ᠠᠬᠤᠢ ᠶᠢᠨ ᠤᠷᠤᠯᠭ᠎ᠠ ᠪᠠᠨ ᠨᠡᠮᠡᠭᠳᠡᠭᠦᠯᠬᠦ ᠳᠤᠳᠤᠭᠠᠳᠤ ᠳᠠᠯᠲᠠ ᠬᠦᠴᠦᠨ ᠢ ᠢᠯᠡᠷᠡᠭᠦᠯᠬᠦ ᠶᠢᠨ ᠵᠡᠷᠭᠡᠪᠡᠷ᠂ ᠤᠷᠤᠯᠭ᠎ᠠ ᠶᠢ ᠨᠡᠮᠡᠭᠳᠡᠭᠦᠯᠬᠦ ᠭᠠᠳᠠᠭᠠᠳᠤ ᠤᠷᠤᠨ ᠵᠠᠢ ᠶᠢ ᠢᠳᠡᠪᠬᠢᠲᠠᠢ ᠦᠷᠭᠡᠳᠬᠡᠵᠤ᠂ ᠡᠵᠡᠩᠨᠡᠯᠲᠡ ᠶᠢᠨ ᠴᠢᠨᠠᠷᠲᠠᠢ᠂ ᠲᠦᠷᠦ ᠶᠢᠨ ᠪᠤᠳᠤᠯᠭ᠎ᠠ ᠶᠢᠨ ᠴᠢᠨᠠᠷᠲᠠᠢ᠂ ᠴᠠᠯᠢᠩ ᠤᠨ ᠴᠢᠨᠠᠷᠲᠠᠢ ᠤᠷᠤᠯᠭ᠎ᠠ ᠶᠢ ᠨᠡᠮᠡᠭᠳᠡᠭᠦᠯᠦᠨ᠎ᠡ᠃ ᠤᠯᠤᠰ᠂ ᠦᠪᠡᠷᠳᠡᠭᠡᠨ ᠵᠠᠰᠠᠬᠤ ᠤᠷᠤᠨ ᠎ ᠠᠴᠠ ᠳᠤᠭᠳᠠᠭᠠᠭᠰᠠᠨ ᠮᠠᠯᠵᠢᠯ ᠳᠤ ᠬᠠᠮᠢᠶᠠᠲᠠᠢ᠂ ᠮᠠᠯᠴᠢᠳ ᠲᠤ ᠠᠰᠢᠭᠲᠠᠢ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠳᠤᠤᠱᠯᠠᠭᠤᠯᠵᠤ᠂ ᠡᠯ᠎ᠡ ᠲᠦᠷᠦᠯ ᠤᠨ ᠨᠦᠬᠦᠪᠦᠷᠢ ᠶᠢᠨ ᠮᠦᠩᠭᠦ ᠶᠢ ᠴᠠᠭ ᠲᠤᠬᠠᠢ ᠳᠤᠨᠢ ᠲᠤᠭ᠎ᠠ ᠶᠤᠰᠤᠭᠠᠷ ᠤᠯᠭᠤᠨ᠎ᠠ᠃ ᠠᠵᠤ ᠦᠢᠯᠡᠰᠵᠢᠭᠰᠡᠨ ᠡᠵᠡᠩᠨᠡᠯᠲᠡ ᠶᠢ ᠶᠡᠬᠡᠪᠡᠷ ᠲᠦᠯᠬᠢᠨ ᠠᠬᠢᠭᠤᠯᠵᠤ᠂ ᠠᠵᠤ ᠠᠬᠤᠶᠢᠯᠠᠯ ᠪᠠ ᠮᠠᠯᠴᠢᠳ ᠤᠨ ᠠᠰᠢᠭ ᠲᠤᠰᠨ ᠪᠠᠨ ᠬᠠᠮᠳᠤᠪᠠᠷ ᠡᠳ᠋ᠯᠡᠬᠦ ᠲᠤᠭᠳᠠᠴᠠ ᠶᠢ ᠤᠯᠠᠮ ᠳᠡᠭᠦᠯᠳᠡᠷᠵᠢᠭᠦᠯᠦᠨ᠎ᠡ        ︵ᠬᠤᠶᠠᠷ︶ ᠠᠵᠤ ᠤᠶᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠱᠠᠭᠠᠷᠲᠠᠯᠭ᠎ᠠ ᠪᠠᠷ᠂ ᠰᠢᠨ᠎ᠠ ᠬᠡᠯᠪᠡᠷᠢ ᠶᠢᠨ ᠠᠵᠤ ᠤᠶᠢᠯᠡᠳᠪᠤᠷᠢᠵᠢᠯᠲᠠ ᠶᠢᠨ ᠬᠦᠭᠵᠢᠯᠲᠠ ᠶᠢᠨ ᠬᠢᠷᠢ ᠲᠦᠪᠰᠢᠨ ᠢ ᠲᠠᠰᠤᠷᠠᠯᠲᠠ ᠦᠬᠡᠢ ᠲᠡᠬᠡᠭᠰᠢᠯᠡᠬᠦᠯᠤᠨ᠎ᠠ᠃        ᠳᠠᠪᠠᠭᠤᠯᠢᠭ ᠤᠨᠴᠠᠯᠢᠭᠲᠤ ᠠᠵᠤ ᠦᠢᠯᠡᠰ ᠢ ᠶᠡᠬᠡᠪᠡᠷ ᠪᠤᠶᠢᠵᠢᠭᠤᠯᠤᠨ᠎ᠠ᠃ ᠴᠢᠯᠠᠭᠤᠨ ᠮᠠᠲ᠋ᠧᠷᠢᠶᠠᠯ ᠤᠨ ᠠᠵᠤ ᠦᠢᠯᠡᠰ ᠤᠨ ᠲᠠᠯ᠎ᠠ ᠪᠠᠷ᠂ ᠤᠮᠠᠷᠠᠲᠤ ᠶᠢᠨ ᠴᠢᠯᠠᠭᠤᠨ ᠮᠠᠲ᠋ᠧᠷᠢᠶᠡᠯ ᠤᠨ ᠨᠡᠷ᠎ᠡ ᠳᠡᠮᠳᠡᠭ ᠢ ᠪᠦᠬᠦ ᠬᠦᠴᠦᠨ ᠢᠶᠠᠷ ᠡᠭᠦᠳᠤᠨ᠎ᠠ᠃ ᠦᠷᠭᠡᠳᠬᠡᠨ ᠪᠠᠶᠢᠭᠤᠯᠬᠤ 2 ᠲᠦᠷᠦᠯ ᠵᠦᠢᠯ ᠢ ᠲᠤᠭᠲᠠᠭᠰᠠᠨ ᠴᠠᠭ ᠲᠤ ᠠᠰᠢᠭᠯᠠᠯᠲᠠ ᠳᠤ ᠤᠷᠤᠭᠤᠯᠬᠤ ᠶᠢ ᠪᠠᠳᠤᠯᠠᠨ᠂ ᠴᠢᠯᠠᠭᠤᠨ ᠮᠠᠲ᠋ᠧᠷᠢᠶᠠᠯ ᠤᠨ ᠰᠤᠶᠤᠯ ᠤᠨ ᠮᠦᠸᠧᠽᠢ ᠶᠢ ᠪᠠᠶᠢᠭᠤᠯᠬᠤ ᠪᠠᠷ ᠳᠦᠰᠤᠪᠯᠡᠵᠤ᠂ ᠴᠢᠯᠠᠭᠤᠨ ᠮᠠᠲ᠋ᠧᠷᠢᠶᠠᠯ ᠤᠨ ᠶᠠᠰᠤ ᠴᠢᠨᠠᠷ ᠢ ᠰᠢᠯᠭᠠᠨ ᠪᠠᠶᠢᠴᠠᠭᠠᠬᠤ ᠲᠦᠪ ᠢ ᠲᠡᠰ ᠲᠡᠪᠰᠢᠬᠦᠯᠤᠨ ᠪᠠᠶᠢᠭᠤᠯᠬᠤ ᠠᠵᠢᠯ ᠢ ᠬᠦᠢᠴᠡᠳᠭᠡᠵᠤ᠂ ᠤᠯᠠᠨ ᠤᠯᠤᠰ ᠤᠨ ᠴᠢᠯᠠᠭᠤᠨ ᠮᠠᠲ᠋ᠧᠷᠢᠶᠠᠯ ᠤᠨ ᠲᠡᠯᠬᠡᠨ ᠦᠵᠡᠬᠦᠯᠤᠯᠬᠡ ᠶᠢ ᠳᠠᠭᠠᠭᠠᠴᠢᠯᠠᠨ ᠡᠷᠬᠢᠯᠡᠨ᠎ᠡ︔ ᠦᠢᠯᠡᠳᠪᠦᠷᠢᠯᠡᠯ ᠤᠨ ᠮᠡᠷᠭᠡᠵᠢᠯ ᠢ ᠳᠠᠳᠠᠨ ᠤᠷᠤᠭᠤᠯᠬᠤ ᠪᠠ ᠰᠢᠨᠡᠴᠢᠯᠡᠵᠤ᠂ ᠠᠵᠣ ᠦᠢᠯᠡᠰ ᠤᠨ ᠬᠤᠯᠪᠣᠭᠠᠰᠣ ᠶᠢ ᠤᠷᠳᠤᠳᠬᠠᠨ᠂ ᠪᠦᠬᠦ ᠵᠢᠯ ᠳᠤ 150 ᠲᠦᠮᠡᠨ ᠪᠤᠰᠤᠭ᠎ᠠ ᠲᠦᠷᠪᠡᠯᠵᠢᠨ ᠮᠧᠲᠷ ᠲᠦᠭᠦᠬᠡᠢ ᠴᠢᠯᠠᠭᠤᠨ ᠮᠠᠲ᠋ᠧᠷᠢᠶᠠᠯ ᠢ ᠮᠠᠯᠳᠠᠵᠤ᠂ 4500 ᠲᠦᠮᠡᠨ ᠲᠡᠭᠰᠢ ᠲᠦᠷᠪᠡᠯᠵᠢᠨ ᠮᠧᠲᠷ ᠬᠠᠪᠳᠠᠭᠠᠢ ᠮᠠᠲ᠋ᠧᠷᠢᠶᠠᠯ ᠢ ᠦᠢᠯᠡᠳᠪᠦᠷᠢᠯᠡᠨ᠂ ᠴᠢᠯᠠᠭᠤᠨ ᠮᠠᠲ᠋ᠧᠷᠢᠶᠠᠯ ᠤᠨ ᠨᠡᠶᠢᠬᠡᠮᠯᠢᠭ ᠢ ᠵᠤᠬᠢᠶᠠᠨ ᠪᠠᠶᠢᠭᠤᠯᠤᠨ ᠵᠢᠯᠤᠭᠤᠳᠴᠤ᠂ ᠤᠶᠢᠯᠡᠲᠤᠯ ᠢ ᠨᠢ  ᠪᠠᠳᠠᠷᠠᠭᠤᠯᠤᠨ᠂ ᠴᠢᠯᠠᠭᠤᠨ ᠮᠠᠲ᠋ᠧᠷᠢᠶᠠᠯ ᠤᠨ ᠠᠵᠤ ᠠᠬᠤᠶᠢᠯᠠᠯ ᠲᠠᠢ ᠬᠠᠮᠵᠢᠯᠴᠠᠨ ᠦᠨ᠎ᠠ ᠲᠤᠭᠳᠠᠭᠠᠬᠤ ᠲᠤᠭᠲᠠᠴᠠ ᠶᠢ ᠪᠠᠶᠢᠭᠤᠯᠤᠨ᠂ ᠵᠠᠬ᠎ᠠ ᠲᠡᠯᠬᠡᠬᠦᠷ ᠢ ᠬᠠᠮᠳᠤ ᠪᠠᠷ ᠨᠡᠬᠡᠬᠡᠨ᠂ ᠲᠦᠭᠰᠢᠬᠦᠷᠢ ᠶᠢ ᠡᠰᠡᠷᠬᠦᠴᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠴᠢᠯᠠᠭᠤᠨ ᠲᠤᠰᠤ᠂ ᠪᠠᠶᠢᠭᠠᠯᠢ ᠶᠢᠨ ᠰᠢᠳᠠᠮᠠᠬᠠᠢ ᠬᠡᠢ ᠶᠢᠨ ᠠᠵᠤ ᠦᠢᠯᠡᠰ ᠤᠨ ᠲᠠᠯ᠎ᠠ ᠪᠠᠷ᠂ ᠤᠰᠤ ᠤᠷᠤᠭᠤᠯᠤᠨ ᠦᠷᠦᠮᠳᠡᠬᠦ ᠮᠡᠷᠭᠡᠵᠢᠯ ᠢ ᠦᠷᠭᠦᠯᠵᠢᠯᠡᠨ ᠳᠡᠯᠭᠡᠷᠡᠭᠦᠯᠦᠨ᠂ ᠲᠤᠰᠤᠨ ᠎ ᠤ ᠲᠤᠭᠳᠠᠭᠤᠨ ᠭᠠᠷᠤᠯᠲᠠ ᠶᠢ ᠪᠠᠳᠤᠯᠠᠵᠤ᠂ ᠤᠩᠭᠤᠨ ᠠᠭᠤᠯᠨ ᠴᠢᠯᠠᠭᠤᠨ ᠲᠤᠰᠤᠨ ᠤ ᠲᠤᠭᠤᠷᠢᠭ ᠤᠨ ᠬᠠᠶᠢᠨ ᠰᠢᠨᠵᠢᠵᠤ ᠨᠡᠭᠡᠭᠡᠨ ᠠᠰᠢᠭᠯᠠᠬᠤ ᠠᠬᠢᠴᠨ ᠶᠢ ᠲᠦᠷᠭᠡᠳᠬᠡᠨ᠂ ᠪᠦᠬᠦ ᠵᠢᠯ ᠳᠤ 40 ᠴᠢᠯᠠᠭᠤᠨ ᠲᠤᠰᠤᠨ ᠬᠤᠳᠳᠤᠭ ᠎ ᠢ ᠬᠠᠶᠢᠨ ᠰᠢᠨᠵᠢᠵᠤ᠂ 4.5 ᠲᠦᠮᠡᠨ ᠲᠤᠨ ᠲᠦᠭᠦᠬᠡᠢ ᠲᠤᠰᠤ ᠦᠢᠯᠡᠳᠪᠦᠷᠢᠯᠡᠵᠤ᠂ ᠪᠠᠶᠢᠭᠠᠯᠢ ᠶᠢᠨ ᠰᠢᠳᠠᠮᠠᠬᠠᠢ ᠬᠡᠢ ᠶᠢ 500 ᠲᠦᠮᠡᠨ ᠪᠤᠰᠤᠭ᠎ᠠ ᠲᠦᠷᠪᠡᠯᠵᠢᠨ ᠮᠧᠲᠷ ᠬᠤᠷᠢᠶᠠᠨ ᠠᠰᠢᠭᠯᠠᠨ᠎ᠠ᠃ ᠨᠡᠭᠦᠷᠡᠰᠦᠨ ᠤ ᠠᠵᠤ ᠦᠢᠯᠡᠰ ᠎ ᠤᠨ ᠲᠠᠯ᠎ᠠ ᠪᠠᠷ᠂ ᠪᠦᠬᠦ ᠵᠢᠯ ᠳᠤ 60 ᠲᠦᠮᠡᠨ ᠲᠤᠨ ᠲᠦᠬᠦᠬᠡᠢ ᠨᠡᠭᠦᠷᠡᠰᠦ ᠮᠠᠯᠲᠠᠬᠤ ᠶᠢ ᠪᠠᠲᠤᠯᠠᠵᠤ᠂ ᠢᠲᠡᠪᠬᠢᠵᠢᠬᠦᠯᠦᠭᠰᠡᠨ ᠨᠡᠬᠦᠷᠡᠰᠤ᠂ ᠨᠡᠬᠦᠷᠡᠰᠤᠨ ᠴᠢᠯᠠᠭᠤ ᠶᠢ ᠶᠡᠷᠦᠩᠭᠡᠶᠢᠯᠡᠨ ᠠᠰᠢᠭᠯᠠᠵᠤ ᠪᠤᠯᠪᠠᠰᠤᠷᠠᠭᠤᠯᠬᠤ ᠲᠦᠷᠦᠯ ᠵᠦᠢᠯ ᠢ ᠢᠳᠡᠪᠬᠢᠲᠠᠢ ᠲᠦᠯᠬᠢᠨ ᠠᠬᠢᠭᠤᠯᠤᠨ᠎ᠠ᠃ ᠲᠡᠮᠦᠷᠯᠢᠭ ᠪᠤᠯᠪᠠᠰᠤᠷᠠᠭᠤᠯᠬᠤ ᠠᠵᠤ ᠦᠢᠯᠡᠰ ᠤᠨ ᠲᠠᠯ᠎ᠠ ᠪᠠᠷ᠂ ᠠᠵᠤ ᠤᠶᠢᠯᠡᠰ ᠢ ᠬᠦᠭᠵᠢᠬᠦᠯᠬᠦ ᠲᠦᠷᠤ ᠶᠢᠨ ᠪᠤᠲᠤᠯᠭ᠎ᠠ ᠶᠢᠨ ᠬᠡᠪᠴᠢᠶᠡᠨ ᠲᠤᠲᠤᠷ᠎ᠠ ᠲᠡᠮᠦᠷᠯᠢᠭ ᠪᠤᠯᠪᠠᠰᠤᠷᠠᠭᠤᠯᠬᠤ ᠠᠵᠤ ᠠᠬᠤᠶᠢᠯᠠᠯ ᠤᠨ ᠬᠡᠪ ᠤᠨ ᠤᠶᠢᠯᠡᠳᠪᠤᠷᠢᠯᠡᠯ ᠢ ᠪᠠᠳᠤᠯᠠᠨ᠂ 1.3 ᠲᠦᠮᠡᠨ ᠲᠣᠨ ᠨᠢᠺᠧᠯ ᠲᠡᠮᠦᠷ᠂ 3200 ᠲᠤᠨ ᠳᠢᠲ᠋ᠠᠨ ᠤ ᠬᠡᠮᠬᠡᠳᠡᠭ ᠢ ᠦᠢᠯᠡᠳᠪᠦᠷᠢᠯᠡᠨ᠎ᠡ︔ ᠵᠠᠰ ᠤᠨ ᠤᠯᠠᠨ ᠲᠡᠮᠦᠷᠯᠢᠭ ᠤᠨ ᠠᠭᠤᠷᠬᠠᠢ ᠶᠢ ᠨᠡᠭᠡᠭᠡᠨ ᠰᠤᠩᠭᠤᠬᠤ ᠲᠦᠷᠤᠯ ᠵᠤᠶᠢᠯ ᠤᠨ ᠠᠵᠢᠯ ᠡᠬᠢᠯᠡᠬᠦ ᠶᠢ ᠪᠠᠳᠤᠯᠠᠵᠤ᠂ ᠠᠯᠲᠠ ᠵᠢᠴᠢ ᠠᠯᠲᠠ ᠤᠯᠠᠨ ᠠᠭᠤᠯᠤᠭᠲᠠᠬᠤ ᠲᠡᠮᠦᠷᠯᠢᠭ ᠤᠨ ᠠᠭᠤᠷᠬᠠᠢ ᠶᠢᠨ ᠲᠦᠷᠤᠯ ᠵᠤᠶᠢᠯ ᠢ ᠲᠤᠬᠠᠢ ᠶᠢᠨ ᠳᠠᠯᠠᠪᠠᠢ ᠳᠤ ᠬᠠᠶᠢᠨ ᠰᠢᠨᠵᠢᠵᠤ᠂ ᠨᠢᠤᠪᠢ ᠲᠠᠨᠲ᠋ᠠᠯ ᠎ ᠤᠨ ᠠᠭᠤᠷᠬᠠᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠨ ᠶᠢ ᠲᠦᠷᠭᠡᠳᠬᠡᠨ᠎ᠡ᠃ ᠴᠡᠪᠡᠷ ᠡᠨᠧᠷᠭᠢ ᠶᠢᠨ ᠠᠵᠤ ᠦᠢᠯᠡᠰ ᠤᠨ ᠲᠠᠯ᠎ᠠ ᠪᠠᠷ᠂ ᠤᠨᠴᠠ ᠦᠨᠲᠤᠷ ᠬᠦᠴᠤᠳᠡᠯᠲᠤ ᠨᠠᠷᠠ ᠰᠠᠯᠬᠢᠨ ᠤ ᠡᠬᠢ ᠪᠠᠶᠠᠯᠢᠭ ᠢ ᠲᠤᠬᠢᠷᠠᠭᠤᠯᠬᠤ ᠲᠦᠷᠤᠯ ᠵᠤᠶᠢᠯ ᠢ ᠲᠠᠷᠤᠢ ᠲᠦᠷᠬᠡᠨ ᠪᠠᠶᠢᠭᠤᠯᠵᠤ᠂ ᠤᠲᠤ ᠪᠠᠶᠢᠭ᠎ᠠ ᠰᠢᠨ᠎ᠡ ᠡᠨᠧᠷᠬᠢ ᠶᠢᠨ ᠠᠵᠤ ᠠᠬᠤᠶᠢᠯᠡᠯ ᠤᠨ ᠤᠶᠢᠯᠡᠳᠪᠤᠷᠢᠯᠡᠯ ᠢ ᠲᠤᠭᠲᠠᠭᠤᠨ ᠪᠠᠶᠢᠯᠭᠠᠨ᠂ ᠪᠦᠬᠦ ᠵᠢᠯ ᠳᠤ ᠰᠢᠨ᠎ᠡ ᠡᠨᠧᠷᠭᠢ ᠪᠠᠷ ᠴᠠᠬᠢᠯᠭᠠᠨ ᠭᠠᠷᠭᠠᠬᠤ ᠬᠡᠮᠵᠢᠶ᠎ᠡ ᠶᠢ 3.3 ᠳ᠋ᠦᠩᠰᠢᠭᠤᠷ ᠺᠢᠯᠤᠸᠠᠲ ᠴᠠᠭ ᠲᠤ ᠬᠦᠷᠭᠡᠨ᠎ᠡ᠃        ᠠᠵᠤ ᠦᠢᠯᠡᠳᠪᠦᠷᠢ ᠶᠢᠨ ᠲᠤᠭᠤᠷᠢᠭ ᠤᠨ ᠪᠦᠲᠦᠭᠡᠨ ᠪᠠᠶᠢᠭᠤᠯᠤᠯᠳᠠ ᠶᠢ ᠲᠤᠪᠤᠶᠢᠮ᠎ᠠ ᠠᠳᠬᠤᠨ᠎ᠠ᠃ ᠦᠪᠡᠷᠳᠡᠭᠡᠨ ᠵᠠᠰᠠᠬᠤ ᠤᠷᠤᠨ ᠤ ᠠᠵᠤ ᠦᠢᠯᠡᠳᠪᠦᠷᠢ ᠶᠢᠨ ᠣᠷᠴᠢᠯ ᠠᠵᠤ ᠠᠬᠤᠢ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠲᠤᠭᠤᠷᠢᠭ ᠤᠨ ᠪᠠᠷᠢᠮᠵᠢᠶ᠎ᠠ ᠶᠢᠨ ᠱᠠᠭᠠᠷᠳᠠᠯᠭ᠎ᠠ ᠶᠤᠰᠤᠭᠠᠷ᠂ ᠰᠠᠭᠤᠷᠢ ᠲᠦᠬᠦᠭᠡᠷᠦᠮᠵᠢ ᠶᠢ ᠦᠷᠭᠦᠯᠵᠢᠯᠡᠨ ᠪᠦᠷᠢᠨᠰᠢᠬᠦᠯᠤᠨ᠎ᠠ᠃ ᠢᠯᠴᠢ ᠴᠠᠬᠢᠯᠭᠠᠨ ᠢ ᠵᠡᠷᠭᠡᠪᠡᠷ ᠭᠠᠷᠭᠠᠬᠤ ᠲᠦᠷᠦᠯ ᠵᠦᠢᠯ ᠢ ᠠᠰᠢᠭᠯᠠᠯᠲᠠ ᠳᠤ ᠤᠷᠤᠭᠤᠯᠤᠨ᠂ ᠪᠤᠵᠠᠷ ᠤᠰᠤ ᠶᠢ ᠳᠠᠬᠢᠨᠲᠠ ᠴᠡᠪᠡᠷᠰᠢᠭᠦᠯᠦᠨ ᠬᠠᠩᠭᠠᠬᠤ ᠬᠤᠭᠤᠯᠠᠢ ᠶᠢᠨ ᠲᠤᠤᠷ ᠢ ᠪᠠᠶᠢᠭᠤᠯᠵᠤ᠂ ᠠᠵᠤ ᠤᠶᠢᠯᠡᠳᠪᠤᠷᠢ ᠶᠢᠨ ᠲᠤᠭᠤᠷᠢᠭ ᠤᠨ ᠴᠠᠬᠢᠯᠭᠠᠨ᠂ ᠲᠤᠯᠠᠭᠠᠯᠭ᠎ᠠ᠂ ᠤᠰᠤ ᠬᠡᠷᠡᠭᠯᠡᠬᠦ ᠬᠡᠷᠡᠭᠴᠡᠭᠡ ᠶᠢ ᠪᠠᠲᠤᠯᠠᠨ᠎ᠠ᠃ ᠭᠠᠵᠠᠷ ᠰᠢᠷᠤᠢ ᠶᠢᠨ ᠬᠡᠷᠡᠭᠯᠡᠯᠲᠡ᠂ ᠬᠠᠮᠢᠶᠠᠷᠤᠯᠲᠠ ᠪᠠ ᠬᠤᠷᠢᠶᠠᠨ ᠨᠦᠭᠡᠴᠡᠯᠡᠬᠦ ᠠᠵᠢᠯ ᠢ ᠴᠢᠩᠭᠠᠳᠬᠠᠵᠤ᠂ ᠰᠢᠨ᠎ᠡ ᠎ ᠪᠠᠷ ᠪᠠᠶᠢᠭᠤᠯᠬᠤ ᠲᠦᠷᠦᠯ ᠵᠦᠢᠯ ᠳᠤ ᠭᠠᠵᠠᠷ ᠬᠡᠷᠡᠭᠰᠡᠬᠦ ᠬᠡᠷᠡᠭᠴᠡᠭᠡ ᠶᠢ ᠪᠠᠳᠤᠯᠠᠨ᠎ᠠ᠃ ᠴᠢᠯᠠᠭᠤᠨ ᠳᠤᠰᠤ᠂ ᠴᠢᠯᠠᠭᠤᠨ ᠮᠠᠲ᠋ᠧᠷᠢᠶᠠᠯ ᠤᠨ ᠠᠵᠤ ᠠᠬᠤᠶᠢᠯᠠᠯ ᠤᠨ ᠭᠠᠶᠢᠯᠢ ᠰᠤᠶᠢᠳᠬᠡᠯ ᠳᠠᠳᠠᠪᠤᠷᠢᠯᠠᠬᠤ ᠠᠷᠭ᠎ᠠ ᠶᠢ ᠦᠭᠡᠷᠡᠴᠢᠯᠡᠵᠤ᠂ ᠡᠳ᠋ ᠤᠨ ᠵᠠᠰᠠᠭ ᠭᠠᠶᠢᠯᠢ ᠶᠢᠨ ᠳᠡᠮᠵᠢᠯᠭᠡ ᠪᠠ ᠮᠦᠩᠭᠦᠨ ᠬᠦᠢᠯᠭᠡᠭᠡᠨ ᠤ ᠦᠢᠯᠡᠴᠢᠯᠡᠭᠡᠨ ᠤ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠠᠵᠤ ᠠᠬᠤᠢ ᠶᠢᠨ ᠡᠷᠡᠭᠦᠯ ᠢᠶᠠᠷ ᠬᠦᠭᠵᠢᠬᠦ ᠎ ᠶᠢ ᠠᠬᠢᠭᠤᠯᠤᠨ᠎ᠠ᠃        ᠠᠷᠠᠯᠵᠢᠶᠠᠴᠢᠨ ᠤᠷᠢᠵᠤ ᠪᠡᠯᠡ ᠲᠠᠳᠠᠬᠤ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠰᠠᠶᠢᠳᠤᠷ ᠠᠳᠬᠤᠨ᠎ᠠ᠃ ᠠᠷᠠᠯᠵᠢᠶᠠᠴᠢᠨ ᠤᠷᠢᠬᠤ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ᠂ ᠲᠦᠷᠤᠯ ᠵᠤᠶᠢᠯ ᠤᠨ ᠬᠦᠮᠤᠷᠬᠡ ᠶᠢ ᠤᠯᠠᠮ ᠲᠡᠬᠦᠯᠲᠡᠷᠵᠢᠬᠦᠯᠤᠨ᠂ ᠠᠷᠠᠯᠵᠢᠶᠠᠴᠢᠨ ᠤᠷᠢᠬᠤ ᠠᠷᠭ᠎ᠠ ᠬᠡᠯᠪᠡᠷᠢ ᠪᠠᠨ ᠰᠢᠨᠡᠴᠢᠯᠡᠨ᠂ ᠠᠶᠢᠮᠠᠭ ᠤᠨ ᠭᠠᠳᠠᠨᠠᠬᠢ ᠪᠡᠯᠨ ᠮᠦᠩᠭᠦ ᠶᠢ 11 ᠳ᠋ᠦᠩᠰᠢᠭᠤᠷ ᠲᠦᠭᠦᠷᠢᠭ ᠳᠠᠳᠠᠨ ᠤᠷᠤᠭᠤᠯᠬᠤ ᠪᠠᠷ ᠴᠢᠷᠮᠠᠶᠢᠨ᠎ᠠ᠃ ᠨᠤᠨᠳᠠᠭ ᠨᠡᠭᠦᠷᠡᠰᠤᠨ ᠤ ᠦᠨᠡᠰᠤ᠂ ᠴᠢᠯᠠᠭᠤᠨ ᠮᠠᠲ᠋ᠧᠷᠢᠶᠠᠯ ᠤᠨ ᠦᠭᠡᠳᠡᠰᠤ᠂ ᠴᠢᠯᠠᠭᠤᠨ ᠨᠤᠨᠳᠠᠭ ᠵᠡᠷᠭᠡ ᠠᠵᠤ ᠦᠢᠯᠡᠳᠪᠦᠷᠢ ᠶᠢᠨ ᠬᠠᠶᠠᠭᠳᠠᠮᠠᠯ ᠮᠠᠲ᠋ᠧᠷᠢᠶᠠᠯ ᠢ ᠪᠤᠯᠪᠠᠰᠤᠷᠠᠭᠤᠯᠤᠨ ᠶᠡᠷᠦᠩᠭᠡᠶᠢᠯᠡᠨ ᠠᠰᠢᠭᠯᠠᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠵᠤᠷᠢᠭᠵᠢᠭᠤᠯᠤᠨ ᠳᠠᠮᠵᠢᠵᠤ᠂ ᠡᠬᠢ ᠪᠠᠶᠠᠯᠢᠭ ᠢ ᠶᠡᠬᠡᠪᠡᠷ ᠨᠡᠭᠡᠭᠡᠨ ᠬᠦᠭᠵᠢᠬᠦᠯᠬᠦ ᠪᠠ ᠶᠡᠷᠦᠩᠭᠡᠶᠢᠯᠡᠨ ᠠᠰᠢᠭᠯᠠᠬᠤ ᠲᠦᠪᠰᠢᠨ ᠢ ᠳᠡᠭᠡᠭᠰᠢᠯᠡᠭᠦᠯᠦᠨ᠎ᠡ᠃ ᠭᠤᠤᠯᠳᠠᠯᠭ᠎ᠠ ᠲᠠᠢ ᠲᠦᠷᠦᠯ ᠵᠦᠢᠯ ᠤᠨ ᠪᠡᠯᠡᠳᠭᠡᠯ ᠠᠵᠢᠯ ᠢ ᠰᠠᠶᠢᠳᠤᠷ ᠬᠢᠵᠤ᠂ ᠠᠶᠢᠮᠠᠭ ᠤᠨ ᠱᠠᠲᠤᠨ ᠤ ᠪᠡᠯᠨ ᠨᠡᠶᠢᠯᠡᠭᠦᠯᠬᠦ ᠳᠠᠪᠴᠠᠩ ᠠᠴᠠ ᠪᠠᠶᠢᠭᠤᠯᠤᠭᠰᠠᠨ ︽ᠦᠯᠵᠡᠶᠢᠲᠤ ᠲᠠᠯ᠎ᠠ ᠨᠤᠳᠤᠭ︾ ᠠᠵᠤ ᠦᠢᠯᠡᠰ᠂ ᠤᠳᠤᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠲᠡ᠂ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠵᠡᠷᠭᠡ ᠵᠢᠷᠭᠤᠭᠠᠨ ᠰᠠᠭᠤᠷᠢ ᠮᠦᠩᠭᠦ ᠶᠢ ᠲᠡᠮᠡᠴᠡᠨ ᠤᠯᠵᠤ ᠬᠦᠢᠴᠡᠳ ᠠᠰᠢᠭᠯᠠᠨ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠂ ᠵᠢᠯ ᠳᠤ 50 ᠲᠦᠮᠡᠨ ᠲᠦᠭᠦᠷᠢᠭ ᠠᠴᠠ ᠳᠡᠭᠡᠭᠰᠢ 48 ᠭᠤᠤᠯᠳᠠᠯᠭᠠᠲᠤ ᠲᠦᠷᠦᠯ ᠵᠦᠢᠯ ᠤᠨ ᠠᠵᠢᠯ ᠢ ᠰᠡᠷᠭᠦᠭᠡᠨ ᠠᠵᠢᠯ ᠡᠬᠢᠯᠡᠭᠦᠯᠦᠨ᠎ᠡ᠃        ︵ᠭᠤᠷᠪᠠ︶ ᠠᠵᠤ  ᠦᠢᠯᠡᠰ ᠤᠨ ᠪᠦᠲᠦᠴᠨ ᠶᠢ ᠰᠢᠯᠢᠳᠡᠭᠵᠢᠭᠦᠯᠬᠦ ᠱᠠᠭᠠᠷᠲᠠᠯᠭ᠎ᠠ ᠶᠤᠰᠤᠭᠠᠷ᠂ ᠤᠶᠢᠯᠡᠴᠢᠯᠡᠬᠡᠨ ᠤ ᠤᠶᠢᠯᠡᠰ ᠢ ᠪᠦᠬᠦᠯᠢ ᠴᠤᠭᠴᠠ ᠪᠠᠷ ᠬᠦᠭᠵᠢᠭᠦᠯᠬᠦ ᠬᠢᠷᠢ ᠲᠦᠪᠰᠢᠨ ᠢ ᠤᠯᠠᠮ ᠲᠡᠬᠡᠭᠰᠢᠯᠡᠬᠦᠯᠤᠨ᠎ᠠ᠃        ᠰᠤᠶᠤᠯ ᠵᠢᠭᠤᠯᠴᠢᠯᠠᠯ ᠤᠨ ᠦᠢᠯᠡᠰ ᠢ ᠶᠡᠬᠡᠪᠠᠷ ᠬᠦᠭᠵᠢᠭᠦᠯᠦᠨ᠎ᠡ᠃ ᠪᠦᠬᠦ ᠬᠤᠰᠢᠭᠤᠨ ᠤ ᠰᠤᠶᠤᠯ ᠵᠢᠭᠤᠯᠴᠢᠯᠠᠯ ᠤᠨ ᠠᠵᠤ ᠦᠢᠯᠡᠰ ᠤᠨ ᠬᠦᠭᠵᠢᠭᠦᠯᠦᠯᠲᠡ ᠶᠢᠨ ᠲᠦᠯᠦᠪᠵᠢᠭᠦᠯᠭᠡ ᠵᠢᠴᠢ ᠡᠯ᠎ᠡ ᠦᠵᠡᠮᠵᠢ ᠶᠢᠨ ᠤᠷᠤᠨ ᠎ ᠤ ᠨᠠᠷᠢᠨ ᠲᠦᠯᠦᠪᠵᠢᠭᠦᠯᠭᠡ ᠶᠢ ᠨᠠᠶᠢᠷᠠᠭᠤᠯᠤᠨ ᠲᠤᠭᠳᠠᠭᠠᠨ᠎ᠠ᠃ ᠴᠠᠬᠠᠷ ᠰᠤᠶᠤᠯ ᠤᠨ ᠲᠤᠲᠤᠭᠠᠲᠦ ᠠᠭᠤᠯᠬᠤᠨ ᠢ ᠬᠦᠨᠵᠡᠭᠡᠢ ᠠᠭᠤᠳᠠᠯᠯᠠᠨ᠂ ︽ᠠᠰᠠᠷ︾ ᠠᠶᠠᠯᠭᠤ ᠶᠢᠨ ᠨᠡᠷ᠎ᠡ ᠳᠡᠮᠳᠡᠭ ᠢ ᠪᠦᠬᠦ ᠬᠦᠴᠦᠨ ᠢᠶᠠᠷ ᠡᠭᠦᠳᠴᠤ᠂ ᠠᠩᠬᠠᠲᠤᠭᠠᠷ ᠬᠤᠭᠤᠴᠠᠭᠠᠨ ᠤ ︽ᠠᠰᠠᠷ︾ ᠠᠶᠠᠯᠭᠤ ᠶᠢᠨ ᠨᠠᠶᠢᠷ ᠢ ᠡᠷᠬᠢᠯᠠᠨ ᠶᠠᠪᠤᠭᠳᠠᠭᠤᠯᠤᠨ᠎ᠠ᠃ ᠬᠠᠶ᠋ᠢᠩᠬᠢᠷᠸ᠎ᠠ ᠰᠦᠮ᠎ᠡ᠂ ᠬᠤᠩᠭᠤᠷ ᠠᠭᠤᠯᠠ ᠵᠡᠷᠭᠡ ᠵᠢᠭᠤᠯᠴᠢᠯᠠᠯ ᠤᠨ ᠣᠷᠣᠨ ᠤ ᠪᠦᠲᠦᠭᠡᠨ ᠪᠠᠶᠢᠭᠤᠯᠣᠯᠲᠠ ᠶᠢ ᠭᠤᠣᠯᠳᠠᠯᠭ᠎ᠠ ᠎ ᠲᠠᠢ ᠠᠳᠬᠤᠵᠤ᠂ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠪᠠ ᠲᠦᠷᠢᠮᠵᠢᠭᠰᠡᠨ ᠪᠠᠷᠢᠮᠵᠢᠶ᠎ᠠ ᠭᠠᠷᠭᠠᠵᠤ᠂ 30  ᠲᠦᠷᠢᠮᠵᠢᠭᠰᠡᠨ ︽ᠮᠠᠯᠴᠢᠨ ᠠᠶᠢᠯ︾ ᠵᠤᠭᠠᠴᠠᠯ ᠤᠨ ᠴᠢᠭ ᠢ ᠪᠠᠶᠢᠭᠤᠯᠤᠨ᠎ᠠ᠃ ᠪᠡᠬᠡᠵᠢᠩ ᠪᠠ ᠬᠦᠬᠡᠬᠤᠲᠠ ᠬᠦᠷᠬᠦ 2 ᠵᠤᠷᠪᠤᠰ ᠵᠢᠭᠤᠯᠴᠢᠯᠠᠯ ᠤᠨ ᠵᠠᠮ ᠱᠤᠭᠤᠮ ᠤᠨ ᠲᠡᠰ ᠢ ᠪᠠᠲᠤᠳᠬᠠᠨ ᠲᠡᠬᠡᠭᠰᠢᠯᠡᠬᠦᠯᠵᠤ᠂ ᠪᠦᠬᠦ ᠬᠦᠴᠤᠨ ᠢᠶᠠᠷ ᠵᠢᠭᠤᠯᠴᠢᠯᠠᠯ ᠤᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠤ᠂ ᠴᠢᠭᠤᠯᠭᠠᠲᠦ ᠬᠠᠭᠠᠯᠭ᠎ᠠ — ᠤᠯᠠᠭᠠᠨᠴᠠᠪ ᠭᠠᠵᠠᠷ ᠤᠷᠤᠨ ᠤ ᠵᠢᠭᠤᠯᠴᠢᠯᠠᠯ ᠤᠨ ᠵᠠᠬ᠎ᠠ ᠲᠡᠯᠬᠡᠬᠦᠷ ᠲᠤ ᠢᠲᠠᠪᠬᠢᠲᠠᠢ ᠤᠷᠤᠵᠤ᠂ ᠨᠢᠬᠡ ᠪᠦᠯᠦᠭ ᠤᠷᠤᠨ ᠨᠤᠲᠤᠭ ᠎ ᠤᠨ ᠰᠤᠶᠤᠯ ᠤᠨ ᠤᠨᠴᠠᠯᠢᠭᠲᠦ ᠵᠢᠭᠤᠯᠴᠢᠯᠠᠯ ᠤᠨ ᠲᠠᠸᠠᠷ ᠢ ᠨᠡᠬᠡᠬᠡᠨ ᠬᠦᠭᠵᠢᠬᠦᠯᠵᠤ᠂ ᠵᠢᠭᠤᠯᠴᠢᠯᠠᠯ ᠤᠨ ᠤᠶᠢᠯᠡᠴᠢᠯᠡᠬᠡᠨ ᠤ ᠲᠤᠲᠤᠭᠠᠲᠦ ᠠᠭᠤᠯᠬᠤᠨ ᠪᠠ ᠴᠢᠨᠠᠷᠵᠢᠯ ᠢ ᠤᠯᠠᠮ ᠳᠡᠭᠡᠭᠰᠢᠯᠡᠭᠦᠯᠦᠨ᠂ ᠵᠢᠭᠤᠯᠴᠢᠯᠠᠯ ᠤᠨ ᠦᠢᠯᠡᠰ ᠤᠨ ᠦᠷᠨᠢᠭᠦᠨ ᠬᠦᠭᠵᠢᠯᠲᠡ ᠶᠢ ᠠᠬᠢᠭᠤᠯᠤᠨ᠎ᠠ᠃        ᠵᠠᠮ ᠬᠠᠷᠢᠯᠴᠠᠭ᠎ᠠ ᠪᠤᠲᠠᠰ ᠤᠨ ᠬᠦᠢᠯᠬᠡᠬᠡᠨ ᠤ ᠤᠶᠢᠯᠡᠰ ᠢ ᠶᠡᠬᠡᠪᠡᠷ ᠬᠦᠭᠵᠢᠬᠦᠯᠤᠨ᠎ᠠ᠃ ᠴᠢᠯᠠᠭᠤᠨ ᠲᠤᠰᠤ ᠂ ᠴᠢᠯᠠᠭᠤᠨ ᠮᠠᠲ᠋ᠧᠷᠢᠶᠠᠯ᠂ ᠨᠡᠬᠦᠷᠡᠰᠤ᠂ ᠮᠠᠯ ᠤᠨ ᠠᠰᠢᠭ ᠰᠢᠮ᠎ᠡ ᠶᠢᠨ ᠪᠦᠲᠤᠬᠡᠭᠲᠡᠬᠦᠨ ᠵᠡᠷᠬᠡ ᠪᠠᠷᠠᠭ᠎ᠠ ᠪᠤᠲᠠᠰ ᠵᠦᠬᠡᠬᠡᠪᠤᠷᠢᠯᠡᠬᠦ ᠬᠦᠢᠯᠬᠡᠬᠡᠨ ᠤ ᠠᠵᠤ ᠤᠶᠢᠯᠡᠰ ᠢ ᠭᠤᠤᠯᠲᠠᠯᠭ᠎ᠠ ᠲᠠᠢ ᠬᠦᠭᠵᠢᠭᠦᠯᠦᠨ᠂ ᠹᠠᠩ ᠶᠤᠸᠠᠨ ᠪᠤᠲᠠᠰ ᠤᠨ ᠬᠦᠢᠯᠬᠡᠬᠡᠨ ᠤ ᠲᠤᠭᠤᠷᠢᠭ ᠤᠨ ᠲᠡᠰ ᠲᠡᠪᠰᠢᠬᠦᠯᠤᠨ ᠦᠬᠡᠷᠡᠴᠢᠯᠡᠬᠦ ᠲᠦᠷᠤᠯ ᠵᠤᠶᠢᠯ ᠢᠶᠠᠷ ᠭᠤᠤᠯᠲᠠᠯᠭ᠎ᠠ ᠪᠤᠯᠭᠠᠵᠤ᠂ ᠵᠠᠮ ᠬᠠᠷᠢᠯᠴᠠᠭ᠎ᠠ ᠵᠦᠬᠡᠬᠡᠪᠤᠷᠢ᠂ ᠪᠠᠷᠠᠭᠠᠨ ᠤ ᠵᠦᠭᠡᠭᠡᠪᠦᠷᠢ ᠶᠢ ᠤᠷᠤᠯᠠᠨ ᠬᠦᠢᠴᠡᠳᠭᠡᠬᠦ ᠵᠡᠷᠬᠡ ᠪᠤᠲᠠᠰ ᠤᠨ ᠬᠦᠢᠯᠬᠡᠬᠡᠨ ᠤ ᠡᠬᠢ ᠪᠠᠶᠠᠯᠢᠭ ᠢ ᠨᠢᠬᠡᠳᠬᠡᠨ᠂ ᠪᠤᠲᠠᠰ ᠤᠨ ᠬᠦᠢᠯᠬᠡᠬᠡᠨ ᠤ ᠲᠠᠭᠠᠭᠠᠴᠠ ᠶᠢᠨ ᠴᠢᠲᠠᠮᠵᠢ ᠪᠠ ᠰᠢᠯᠵᠢᠬᠦᠯᠤᠨ ᠵᠦᠬᠡᠬᠡᠪᠤᠷᠢᠯᠡᠬᠦ ᠠᠰᠢᠭ ᠨᠤᠷᠮ᠎ᠠ ᠶᠢ ᠤᠯᠠᠮ ᠨᠢᠬᠡ ᠠᠯᠬᠤᠮ ᠲᠡᠬᠡᠭᠰᠢᠯᠡᠬᠦᠯᠤᠨ᠎ᠠ᠃ ᠪᠤᠳᠠᠰ ᠤᠨ ᠬᠦᠢᠯᠭᠡᠭᠡᠨ ᠤ ᠲᠤᠬᠢᠷᠠᠭᠤᠯᠤᠨ ᠬᠦᠷᠭᠡᠬᠦ ᠲᠤᠤᠷ ᠰᠦᠯᠵᠢᠶ᠎ᠡ ᠶᠢ ᠳᠠᠰᠤᠷᠠᠯᠲᠠ ᠦᠭᠡᠢ ᠳᠡᠭᠦᠯᠳᠡᠷᠵᠢᠭᠦᠯᠵᠤ᠂ ᠲᠦᠷᠭᠡᠨ ᠭᠤᠪᠢᠭᠤᠯᠭ᠎ᠠ ᠶᠢᠨ ᠡᠷᠡᠭᠦᠯ ᠢᠶᠠᠷ ᠬᠦᠭᠵᠢᠬᠦ ᠶᠢ ᠠᠬᠢᠭᠤᠯᠤᠨ᠎ᠠ᠃        ᠰᠢᠨ᠎ᠡ ᠬᠡᠯᠪᠡᠷᠢ ᠶᠢᠨ ᠦᠢᠯᠡᠴᠢᠯᠡᠭᠡᠨ ᠤ ᠦᠢᠯᠡᠰ ᠢ ᠵᠣᠷᠢᠭᠵᠢᠭᠤᠯᠣᠨ ᠭᠦᠭᠵᠢᠭᠦᠯᠦᠨ᠎ᠡ᠃ ᠴᠢᠯᠠᠭᠤᠨ ᠮᠠᠲ᠋ᠧᠷᠢᠶᠠᠯ᠂ ᠴᠠᠬᠠᠷ ᠬᠤᠨᠢᠨ ᠤ ᠤᠯᠠᠭᠠᠨ ᠢᠳᠡᠭᠡᠨ ᠤ ᠪᠦᠲᠤᠬᠡᠭᠲᠡᠬᠦᠨ᠂ ᠴᠠᠭᠠᠨ ᠢᠳᠡᠭᠡ ᠪᠠ ᠦᠨᠳᠦᠰᠦᠲᠡᠨ ᠤ ᠬᠤᠪᠴᠠᠰᠣ ᠵᠠᠰᠠᠯ ᠵᠡᠷᠭᠡ ᠣᠷᠣᠨ ᠨᠣᠲᠤᠭ ᠤᠨ ᠣᠨᠴᠠᠯᠢᠭ ᠢ ᠬᠠᠷᠠᠭᠤᠯᠣᠭᠰᠡᠨ ᠡᠯᠧᠺᠲᠷᠣᠨ ᠬᠤᠳᠠᠯᠳᠤᠭᠠᠨ ᠤ ᠠᠵᠦ ᠦᠢᠯᠡᠰ ᠢ ᠬᠦᠴᠦᠯᠡᠨ ᠬᠦᠭᠵᠢᠭᠦᠯᠦᠨ᠎ᠡ᠃ ᠨᠠᠰᠤᠵᠢᠯ ᠤᠨ ᠦᠢᠯᠡᠴᠢᠯᠡᠭᠡ᠂ ᠰᠠᠭᠤᠭᠠᠯᠢ ᠠᠷᠠᠳ ᠤᠨ ᠲᠤᠭᠤᠷᠢᠭ ᠤᠨ ᠠᠳᠠᠯ ᠦᠢᠯᠡᠰ᠂ ᠭᠡᠷ ᠤᠨ ᠶᠠᠪᠤᠳᠠᠯ ᠤᠨ ᠦᠢᠯᠡᠴᠢᠯᠡᠭᠡ ᠵᠡᠷᠭᠡ ᠦᠢᠯᠡᠴᠢᠯᠡᠭᠡᠨ ᠤ ᠦᠢᠯᠡᠰ ᠢ ᠢᠳᠡᠪᠬᠢᠲᠠᠢ ᠬᠦᠭᠵᠢᠭᠦᠯᠦᠨ᠎ᠡ᠃ ᠮᠦᠩᠭᠦᠨ ᠭᠦᠢᠯᠭᠡᠭᠡᠨ ᠤ ᠳᠠᠭᠠᠳᠬᠠᠯ᠂ ᠠᠰᠠᠭᠤᠨ ᠯᠠᠪᠯᠠᠬᠤ ᠵᠠᠭᠤᠴᠢ ᠪᠠ ᠶᠠᠰᠣ ᠴᠢᠨᠠᠷ ᠢ ᠰᠢᠯᠭᠠᠨ ᠪᠠᠶᠢᠴᠠᠭᠠᠬᠤ ᠵᠡᠷᠭᠡ ᠰᠢᠨ᠎ᠡ ᠬᠡᠯᠪᠡᠷᠢ ᠵᠢᠨ‌ᠠᠵᠦ ᠦᠢᠯᠡᠰ ᠢ ᠳᠡᠳᠬᠦᠨ ᠬᠦᠭᠵᠢᠭᠦᠯᠦᠨ᠎ᠡ᠃        ︵ᠲᠦᠷᠪᠡ︶ ᠬᠦᠭᠵᠢᠯᠲᠡ ᠶᠢᠨ ᠲᠤᠲᠠᠭᠲᠠᠯ ᠢᠶᠠᠨ ᠨᠦᠬᠦᠪᠤᠷᠢᠯᠡᠬᠦ ᠱᠠᠭᠠᠷᠲᠠᠯᠭ᠎ᠠ ᠶᠤᠰᠤᠭᠠᠷ᠂ ᠶᠠᠲᠠᠭᠤ ᠎ ᠠᠴᠠ ᠠᠩᠬᠢᠵᠢᠷᠡᠭᠤᠯᠤᠨ ᠪᠤᠭᠤᠮᠳᠠ ᠰᠢᠪᠲᠤᠯᠬᠤ ᠪᠠ ︽ᠠᠷᠪᠠ ᠶᠢ ᠪᠦᠷᠬᠦᠬᠦᠯᠬᠦ︾ ᠢᠨᠵᠧᠨᠧᠷᠢᠩ ᠢ ᠤᠯᠠᠮ ᠴᠢᠨᠠᠭᠰᠢᠳᠠ ᠰᠠᠶᠢᠳᠤᠷ ᠠᠳᠬᠤᠨ᠎ᠠ᠃        ᠶᠠᠳᠠᠭᠤ ᠠᠴᠠ ᠠᠩᠬᠢᠵᠢᠷᠡᠭᠤᠯᠤᠨ ᠪᠤᠭᠤᠮᠳᠠ ᠰᠢᠪᠳᠤᠯᠬᠤ ᠠᠵᠢᠯ ᠢ ᠪᠦᠬᠦ ᠬᠦᠴᠦᠨ ᠢᠶᠠᠷ ᠰᠠᠶᠢᠳᠤᠷ ᠬᠢᠨ᠎ᠠ᠃ ︽ᠵᠢᠷᠭᠤᠭᠠᠨ ᠤᠨᠤᠪᠴᠢᠲᠠᠢ ᠪᠠᠶᠢᠬᠤ︾ ᠪᠠ ︽ᠲᠠᠪᠤᠨ ᠨᠢᠭᠡ ᠪᠦᠯᠦᠭ︾᠎ ᠤᠨ ᠱᠠᠭᠠᠷᠳᠠᠯᠭ᠎ᠠ ᠶᠤᠰᠤᠭᠠᠷ᠂ ᠡᠮᠤᠨᠡᠬᠢ ᠬᠤᠭᠤᠴᠠᠭᠠᠨ ᠤ ᠳᠡᠳᠬᠦᠬᠦ ᠨᠢᠭᠤᠷᠯᠠᠯ ᠢᠶᠠᠨ ᠲᠤᠭᠳᠠᠭᠠᠬᠤ᠂ ᠳᠠᠩᠰᠠ ᠺᠠᠷᠲ ᠪᠠᠶᠢᠭᠤᠯᠬᠤ᠂ ᠨᠢᠭᠤᠷᠳᠠᠨ ᠳᠡᠳᠬᠦᠬᠦ ᠪᠠ ᠡᠷᠦᠬᠡ ᠳᠤ ᠬᠦᠨᠵᠡᠭᠡᠶᠢᠷᠡᠨ ᠪᠠᠶᠢᠴᠠᠭᠠᠬᠤ ᠶᠢ ᠦᠷᠨᠢᠭᠦᠯᠦᠭᠰᠡᠨ ᠤ ᠰᠠᠭᠤᠷᠢᠨ ᠳᠡᠭᠡᠷ᠎ᠡ᠂ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠬᠠᠪᠰᠤᠷᠤᠨ ᠳᠡᠳᠬᠦᠬᠦ ᠰᠢᠰᠲ᠋ᠧᠮ ᠢ ᠪᠦᠷᠢᠨᠰᠢᠭᠦᠯᠦᠨ᠂ ᠡᠭᠦᠷᠭᠡ ᠶᠢ ᠤᠯᠠᠮ ᠨᠠᠷᠢᠯᠢᠭᠵᠢᠭᠤᠯᠵᠤ᠂ ᠤᠨᠤᠪᠴᠢᠲᠠᠢ ᠪᠠᠷ ᠶᠠᠳᠠᠭᠤ ᠶᠢ ᠳᠡᠳᠬᠦᠬᠦ ᠬᠢᠭᠡᠳ ᠡᠯ᠎ᠡ ᠬᠦᠷᠢᠶ᠎ᠠ ᠴᠠᠷ᠎ᠠ ᠳᠠᠬᠢ ᠲᠦᠷᠦᠯ ᠵᠦᠢᠯ ᠢ ᠨᠢᠭᠡᠳᠭᠡᠨ ᠬᠡᠷᠡᠭᠵᠢᠭᠦᠯᠵᠤ᠂ ᠴᠢᠭ ᠲᠤᠭᠳᠠᠭᠠᠨ ᠶᠠᠳᠠᠭᠤ ᠶᠢ ᠳᠡᠳᠬᠦᠬᠦ ᠪᠠ ᠨᠡᠶᠢᠭᠡᠮ ᠤᠨ ᠬᠦᠴᠦᠨ ᠠᠴᠠ ᠶᠠᠳᠠᠭᠤ ᠶᠢ ᠳᠡᠳᠬᠦᠬᠦ ᠵᠡᠷᠭᠡ ᠠᠵᠢᠯ ᠢ ᠨᠠᠷᠢᠨ ᠬᠢᠨᠠᠮᠠᠭᠠᠢ ᠰᠠᠶᠢᠳᠤᠷ ᠦᠷᠨᠢᠭᠦᠯᠦᠨ᠂ 410 ᠡᠷᠦᠬᠡ᠂ 1095 ᠬᠦᠮᠦᠨ ᠢ ᠳᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠶᠢ ᠪᠠᠳᠤᠯᠠᠵᠤ᠂ ᠵᠢᠯ ᠎ ᠤᠨ ᠡᠴᠤᠰ ᠠᠴᠠ ᠡᠮᠤᠨ᠎ᠡ ︽ᠠᠷᠠᠳ ᠨᠢ ᠶᠠᠳᠠᠭᠤ ᠠᠴᠠ ᠠᠩᠬᠢᠵᠢᠷᠡᠵᠤ᠂ ᠬᠤᠰᠢᠭᠤ ᠨᠢ ᠶᠠᠳᠠᠭᠤ ᠨᠡᠷ᠎ᠡ ᠪᠠᠨ ᠳᠠᠶᠠᠭᠳᠠᠬᠤ︾ ᠬᠠᠷᠠᠯᠲᠠ ᠶᠢ ᠪᠡᠶᠡᠯᠡᠭᠦᠯᠦᠨ᠎ᠡ᠃ ︽ᠭᠤᠷᠪᠠ ᠶᠢ ᠭᠠᠴᠠᠭ᠎ᠠ ᠪᠤᠶᠤ ᠡᠷᠦᠬᠡ ᠳᠤ ᠬᠦᠷᠭᠡᠬᠦ︾ ᠶᠠᠳᠠᠭᠤ ᠎ ᠶᠢ ᠳᠡᠳᠬᠦᠬᠦ ᠲᠦᠷᠦᠯ ᠵᠦᠢᠯ ᠪᠠ ︽ᠮᠦᠩᠭᠦᠨ ᠬᠦᠢᠯᠭᠡᠭᠡ ᠪᠠᠷ ᠶᠠᠳᠠᠭᠤ ᠶᠢ ᠳᠡᠳᠬᠦᠬᠦ︾ ᠢᠨᠵᠧᠨᠧᠷᠢᠩ ᠵᠢᠴᠢ ᠬᠠᠷᠢᠯᠴᠠᠨ ᠬᠠᠪᠰᠤᠷᠤᠯᠴᠠᠬᠤ ᠪᠡᠯᠨ ᠮᠦᠩᠭᠦᠨ ᠤ ᠲᠦᠷᠦᠯ ᠵᠦᠢᠯ ᠢ ᠭᠤᠤᠯᠳᠠᠯᠭ᠎ᠠ ᠲᠠᠢ ᠬᠡᠷᠡᠭᠵᠢᠭᠦᠯᠵᠤ᠂ ᠡᠯ᠎ᠡ ᠲᠦᠷᠦᠯ ᠤᠨ ᠳᠠᠷᠢᠶᠠᠯᠠᠩ ᠮᠠᠯ ᠠᠵᠤ ᠠᠬᠤᠢ ᠶᠢᠨ ᠲᠦᠷᠦᠯ ᠵᠦᠢᠯ ᠢ ᠨᠢᠭᠡᠳᠬᠡᠨ᠂ ᠪᠠᠶᠢᠭᠠᠯᠢᠯᠢᠭ ᠨᠡᠷ᠎ᠡ ᠳᠡᠮᠳᠡᠭ ᠤᠨ ᠪᠦᠲᠦᠭᠡᠨ ᠪᠠᠶᠢᠭᠤᠯᠤᠯᠲᠠ ᠶᠢ ᠲᠤᠪᠤᠶᠢᠯᠭᠠᠵᠤ᠂ ᠴᠠᠬᠠᠷ ᠬᠤᠨᠢ᠂ ᠰᠢᠮᠧᠨ᠋ᠲ᠋ᠧᠷ ᠦᠭᠡᠷ ᠪᠠ ᠡᠾᠧᠰᠲ᠋ᠠᠨ ᠰᠠᠭᠠᠯᠢ ᠶᠢᠨ ᠦᠨᠢᠶ᠎ᠡ ᠠᠷᠠᠴᠢᠯᠠᠨ ᠳᠡᠵᠢᠭᠡᠬᠦ ᠦᠢᠯᠡᠰ ᠢ ᠭᠤᠤᠯᠳᠠᠯᠭ᠎ᠠ ᠲᠠᠢ ᠬᠦᠭᠵᠢᠭᠦᠯᠵᠤ᠂ ᠦᠢᠯᠡᠳᠪᠦᠷᠢᠯᠡᠯ ᠡᠵᠡᠩᠨᠡᠯᠲᠡ ᠶᠢᠨ ᠬᠡᠯᠪᠡᠷᠢ ᠪᠠᠨ ᠦᠷᠭᠦᠯᠵᠢᠯᠡᠨ ᠬᠤᠪᠢᠷᠠᠭᠤᠯᠵᠤ᠂ ᠮᠠᠯᠴᠢᠳ ᠤᠨ ᠤᠷᠤᠯᠭ᠎ᠠ ᠶᠢ ᠨᠡᠮᠡᠭᠳᠡᠭᠦᠯᠦᠨ᠂ ᠳᠡᠵᠢᠭᠡᠨ ᠠᠷᠠᠴᠢᠯᠠᠬᠤ ᠦᠢᠯᠡᠰ ᠢ ᠬᠦᠭᠵᠢᠭᠦᠯᠬᠦ ᠪᠠᠷ ᠳᠠᠮᠵᠢᠨ ᠨᠢᠭᠡ ᠪᠦᠯᠦᠭ ᠬᠦᠮᠦᠰ ᠢ ᠶᠠᠳᠠᠭᠤ ᠠᠴᠠ ᠠᠩᠬᠢᠵᠢᠷᠠᠭᠤᠯᠤᠨ᠎ᠠ᠃ ︽ᠮᠠᠯᠴᠢᠨ ᠠᠶᠢᠯ︾ ᠵᠤᠭᠠᠴᠠᠯ ᠢᠶᠠᠷ ᠶᠠᠳᠠᠭᠤ ᠠᠴᠠ ᠠᠩᠬᠢᠵᠢᠷᠠᠭᠤᠯᠬᠤ ᠪᠤᠳᠠᠲᠠᠢ ᠠᠷᠭ᠎ᠠ ᠶᠢ ᠳᠤᠭᠳᠠᠭᠠᠨ ᠭᠠᠷᠭᠠᠵᠤ᠂ ᠠᠵᠤ ᠦᠢᠯᠡᠰ ᠢ ᠨᠢ ᠬᠤᠪᠢᠷᠠᠭᠤᠯᠤᠨ ᠬᠦᠮᠦᠨ ᠢ ᠨᠢ ᠰᠢᠯᠵᠢᠭᠦᠯᠬᠦ ᠦᠭᠡᠢ ᠪᠠᠷ ᠲᠤᠬᠠᠢ ᠶᠢᠨ ᠭᠠᠵᠠᠷ ᠎ ᠳᠤᠨᠢ ᠨᠢᠭᠡ ᠪᠦᠯᠦᠭ ᠬᠦᠮᠦᠰ ᠢ ᠶᠠᠳᠠᠭᠤ ᠠᠴᠠ ᠠᠩᠬᠢᠵᠢᠷᠠᠭᠤᠯᠤᠨ᠎ᠠ᠃ ᠠᠵᠢᠯ ᠤᠯᠭᠤᠬᠤ ᠪᠤᠯᠪᠠᠰᠤᠷᠠᠯ ᠤᠨ ᠰᠠᠭᠤᠷᠢᠨ ᠭᠠᠵᠠᠷ ᠤᠨ ᠲᠦᠷᠦᠯ ᠵᠦᠢᠯ ᠢ ᠲᠡᠮᠡᠴᠡᠨ ᠤᠯᠵᠤ᠂ ᠮᠠᠯᠵᠢᠬᠤ ᠤᠷᠤᠨ ᠤ ᠬᠦᠳᠡᠯᠮᠤᠷᠢ ᠬᠦᠴᠦ ᠶᠢ ᠰᠢᠯᠵᠢᠭᠦᠯᠦᠨ ᠪᠤᠯᠪᠠᠰᠤᠷᠠᠭᠤᠯᠬᠤ ᠠᠵᠢᠯ ᠢ ᠰᠠᠶᠢᠳᠤᠷ ᠠᠳᠬᠤᠨ᠂ ᠦᠢᠯᠡᠰ ᠪᠤᠰᠬᠠᠨ ᠠᠵᠢᠯ ᠤᠯᠭᠤᠬᠤ ᠵᠢᠭᠡᠯᠡᠯᠭᠡ ᠎ ᠶᠢ ᠠᠰᠢᠭᠯᠠᠨ᠂ ᠶᠠᠳᠠᠭᠤ ᠡᠷᠦᠬᠡ ᠶᠢ ᠳᠡᠳᠬᠦᠨ ᠦᠨᠳᠤᠰᠤᠲᠠᠨ ᠤ ᠬᠤᠭᠤᠯᠨ ᠤᠮᠳᠠ᠂ ᠦᠨᠳᠤᠰᠤᠲᠠᠨ ᠤ ᠬᠤᠪᠴᠠᠰᠤ ᠵᠠᠰᠠᠯ᠂ ᠭᠠᠷ ᠤᠷᠠᠯᠠᠯ ᠤᠨ ᠪᠦᠲᠦᠭᠡᠭᠳᠡᠭᠦᠨ ᠬᠢᠬᠦ ᠵᠡᠷᠭᠡ ᠤᠨᠴᠠᠯᠢᠭᠲᠤ ᠠᠵᠤ ᠦᠢᠯᠡᠰ ᠢ ᠬᠦᠭᠵᠢᠭᠦᠯᠬᠦ ᠎ ᠪᠠᠷ ᠳᠠᠮᠵᠢᠨ ᠨᠢᠭᠡ ᠪᠦᠯᠦᠭ ᠬᠦᠮᠦᠰ ᠢ ᠶᠠᠳᠠᠭᠤ ᠠᠴᠠ ᠠᠩᠬᠢᠵᠢᠷᠡᠭᠤᠯᠤᠨ᠎ᠠ᠃ ᠡᠪᠡᠳᠴᠢᠨ ᠢᠶᠠᠷ ᠶᠠᠳᠠᠭᠤᠷᠠᠭᠰᠠᠨ ᠪᠠ ᠰᠤᠷᠤᠯᠭ᠎ᠠ ᠶᠢᠨ ᠰᠢᠯᠳᠠᠭᠠᠨ ᠢᠶᠠᠷ ᠶᠠᠳᠠᠭᠤᠷᠠᠭᠰᠠᠨ ᠬᠦᠮᠦᠰ ᠢ ᠡᠮ ᠡᠮᠨᠡᠯᠭᠡ ᠪᠠᠷ ᠠᠪᠤᠷᠠᠨ ᠳᠤᠰᠠᠯᠠᠬᠤ᠂ ᠰᠤᠷᠭᠠᠨ ᠬᠦᠮᠦᠵᠢᠯ ᠤᠨ ᠪᠡᠯᠨ ᠮᠦᠩᠭᠦ ᠪᠠᠷ ᠳᠡᠮᠵᠢᠬᠦ ᠲᠦᠷᠦ ᠶᠢᠨ ᠪᠤᠳᠤᠯᠭ᠎ᠠ ᠪᠠ ᠰᠤᠷᠭᠠᠨ ᠬᠦᠮᠦᠵᠢᠯ ᠤᠨ ᠰᠠᠭᠤᠷᠢ ᠮᠦᠩᠬᠦ ᠪᠠᠷ ᠳᠠᠮᠵᠢᠨ ᠨᠢᠭᠡ ᠪᠦᠯᠦᠭ ᠬᠦᠮᠦᠰ ᠢ ᠶᠠᠳᠠᠭᠤ ᠠᠴᠠ ᠠᠩᠬᠢᠵᠢᠷᠠᠭᠤᠯᠤᠨ᠎ᠠ᠃ ᠵᠡᠮᠳᠡᠭ᠂ ᠨᠠᠰᠤ ᠠᠬᠢᠭᠰᠠᠨ ᠵᠡᠷᠭᠡ ᠬᠦᠳᠡᠯᠮᠤᠷᠢᠯᠡᠬᠦ ᠴᠢᠳᠠᠪᠤᠷᠢ ᠪᠠᠨ ᠠᠯᠳᠠᠭᠰᠠᠨ ᠬᠦᠮᠦᠰ ᠢ ᠨᠡᠶᠢᠭᠡᠮ ᠤᠨ ᠠᠪᠤᠷᠠᠨ ᠳᠤᠰᠠᠯᠠᠬᠤ ᠬᠦᠷᠢᠶ᠎ᠡ ᠬᠡᠪᠴᠢᠶᠡᠨ ᠳᠤ ᠤᠷᠤᠭᠤᠯᠵᠤ᠂ ᠨᠡᠶᠢᠭᠡᠮ ᠤᠨ ᠪᠠᠳᠤᠯᠠᠭ᠎ᠠ ᠪᠠᠷ ᠳᠠᠮᠵᠢᠨ ᠨᠢᠭᠡ ᠪᠦᠯᠦᠭ ᠬᠦᠮᠦᠰ ᠢ ᠶᠠᠳᠠᠭᠤ ᠎ ᠠᠴᠠ ᠠᠩᠬᠢᠵᠢᠷᠠᠭᠤᠯᠤᠨ᠎ᠠ᠃        ︽ᠠᠷᠪᠠ ᠶᠢ ᠪᠦᠷᠬᠦᠭᠦᠯᠬᠦ︾ ᠢᠨᠵᠧᠨᠧᠷᠢᠩ ᠢ ᠪᠦᠬᠦ ᠲᠠᠯ᠎ᠠ ᠪᠠᠷ ᠠᠳᠬᠤᠨ᠎ᠠ᠃ ︽ᠭᠤᠷᠪᠠ ᠶᠢ ᠤᠶᠠᠯᠳᠤᠭᠤᠯᠬᠤ︾ ᠠᠵᠢᠯ ᠤᠨ ᠵᠠᠷᠴᠢᠮ ᠢ ᠪᠠᠷᠢᠮᠳᠠᠯᠠᠨ᠂ ︽ᠭᠤᠷᠪᠠ ᠪᠠᠷ ᠭᠤᠤᠯ ᠪᠤᠯᠭᠠᠬᠤ︾ ᠠᠵᠢᠯ ᠤᠨ ᠲᠤᠭᠳᠠᠴᠠ ᠪᠠ ︽10 +3︾ ᠪᠦᠲᠦᠭᠡᠨ ᠪᠠᠶᠢᠭᠤᠯᠬᠤ ᠠᠭᠤᠯᠭ᠎ᠠ ᠪᠠ ᠪᠦᠷᠬᠦᠬᠦᠯᠬᠦ ᠰᠢᠰᠲ᠋ᠧᠮ ᠢ ᠳᠡᠭᠦᠯᠳᠡᠷᠵᠢᠭᠦᠯᠵᠤ᠂ ᠤᠬᠠᠭᠤᠯᠤᠨ ᠳᠠᠶᠢᠴᠢᠯᠠᠬᠤ᠂ ᠪᠡᠯᠨ ᠮᠦᠩᠭᠦ ᠴᠤᠭᠯᠠᠭᠤᠯᠬᠤ᠂ ᠠᠵᠢᠯᠴᠢᠨ ᠪᠠ ᠮᠠᠲ᠋ᠧᠷᠢᠶᠠᠯ ᠪᠡᠯᠡᠳᠬᠡᠬᠦ᠂ ᠳᠠᠭᠠᠭᠠᠴᠢᠯᠠᠯᠲᠠ ᠵᠠᠷᠯᠠᠬᠤ᠂ ᠲᠦᠷᠦᠯ ᠵᠦᠢᠯ ᠢ ᠬᠡᠷᠡᠭᠵᠢᠭᠦᠯᠬᠦ᠂ ᠪᠠᠷᠢᠯᠭ᠎ᠠ ᠳᠤ ᠬᠢᠨᠠᠯᠲᠠ ᠳᠠᠯᠪᠢᠬᠤ᠂ ᠶᠡᠷᠦᠩᠭᠡᠶᠢᠯᠡᠨ ᠬᠢᠨᠠᠨ ᠰᠢᠯᠭᠠᠯᠲᠠ ᠬᠢᠬᠦ ᠵᠡᠷᠭᠡ ᠠᠵᠢᠯ ᠢ ᠨᠢᠭᠡᠳᠤᠯᠲᠠᠢ ᠰᠠᠶᠢᠳᠤᠷ ᠬᠢᠵᠤ᠂ ᠪᠦᠲᠦᠭᠡᠨ ᠪᠠᠶᠢᠭᠤᠯᠤᠯᠲᠠ ᠎ ᠶᠢᠨ ᠡᠭᠦᠷᠭᠡ ᠪᠠᠨ ᠴᠢᠨᠠᠷᠯᠢᠭ ᠪᠡᠶᠡᠯᠡᠭᠦᠯᠬᠦ ᠶᠢ ᠪᠠᠳᠤᠯᠠᠨ᠎ᠠ᠃ ᠰᠤᠮᠤ ᠪᠠᠯᠭᠠᠰᠤ ᠪᠠ ︽ᠨᠢᠭᠡᠳᠤᠭᠡᠷ ᠱᠦᠵᠢ︾᠂ ᠭᠠᠴᠠᠭᠠᠨ ᠳᠤ ᠪᠠᠭᠤᠭᠰᠠᠨ ᠺᠠᠳ᠋ᠷ᠂ ᠭᠠᠴᠠᠭᠠᠨ ᠤ ᠺᠠᠳ᠋ᠷ᠂ ᠨᠠᠮ ᠤᠨ ᠬᠡᠰᠢᠭᠦᠨ ᠭᠤᠤᠯᠳᠠᠯᠭᠠᠲᠤ ᠡᠷᠦᠬᠡ ᠶᠢᠨ ᠦᠢᠯᠡᠳᠤᠯ ᠢ ᠤᠯᠠᠮ ᠪᠠᠳᠠᠷᠠᠭᠤᠯᠵᠤ᠂ ᠡᠷᠦᠬᠡ ᠪᠤᠯᠭᠠᠨ ᠳᠤ ᠤᠬᠠᠭᠤᠯᠬᠤ᠂ ᠵᠤᠬᠢᠶᠠᠨ ᠪᠠᠶᠢᠭᠤᠯᠤᠨ ᠳᠠᠶᠢᠴᠢᠯᠠᠬᠤ ᠠᠵᠢᠯ ᠢ ᠬᠦᠨᠵᠡᠭᠡᠢ ᠨᠠᠷᠢᠨ ᠨᠢᠮᠪᠠᠢ ᠰᠠᠶᠢᠳᠤᠷ ᠬᠢᠵᠤ᠂ ᠮᠠᠯᠴᠢᠳ ᠤᠨ ᠬᠦᠳᠡᠯᠮᠤᠷᠢ ᠬᠦᠴᠦ ᠪᠠᠷ ᠢᠶᠠᠨ ᠢᠳᠡᠪᠬᠢᠯᠡᠨ ᠤᠷᠤᠯᠴᠠᠬᠤ ᠶᠢ ᠵᠢᠯᠤᠭᠤᠳᠤᠨ ᠳᠠᠭᠠᠭᠤᠯᠤᠨ᠎ᠠ᠃ 1000 ᠮᠠᠯᠴᠢᠨ ᠡᠷᠦᠬᠡ ᠶᠢᠨ ᠠᠶᠤᠯᠲᠠᠢ ᠬᠡᠷ ᠪᠠᠶᠢᠰᠢᠩ ᠢ ᠦᠭᠡᠷᠡᠴᠢᠯᠡᠨ ᠰᠢᠨᠡᠳᠭᠡᠬᠦ ᠶᠢ ᠪᠡᠶᠡᠯᠡᠭᠦᠯᠵᠤ᠂ 2800 ᠡᠷᠦᠬᠡ ᠶᠢᠨ ᠭᠡᠷ ᠪᠠᠶᠢᠰᠢᠩ ᠢ ᠴᠢᠨᠠᠷᠵᠢᠭᠤᠯᠤᠨ ᠳᠡᠰ ᠳᠡᠪᠰᠢᠭᠦᠯᠵᠤ᠂ ᠨᠡᠭᠦᠳᠡᠯ ᠮᠠᠯᠴᠢᠳ ᠢ ᠰᠠᠭᠤᠷᠢᠰᠢᠭᠤᠯᠬᠤ ᠪᠠ ᠮᠠᠯᠴᠢᠳ ᠤᠨ ᠰᠢᠨ᠎ᠡ ᠤᠷᠤᠨ ᠰᠠᠭᠤᠴᠨ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠭᠡᠷᠡᠭᠵᠢᠭᠦᠯᠦᠨ᠎ᠡ᠃ 100 ᠤᠰᠤᠨ ᠰᠤᠷᠪᠤᠯᠵᠢ ᠶᠢᠨ ᠬᠤᠳᠳᠤᠭ ᠢ ᠰᠢᠨ᠎ᠡ ᠪᠠᠷ ᠮᠠᠯᠳᠠᠵᠤ᠂ ᠲᠦᠪᠯᠡᠷᠡᠭᠦᠯᠦᠨ ᠤᠰᠤ ᠬᠠᠩᠭᠠᠬᠤ ᠢᠨᠵᠧᠨᠧᠷᠢᠩ 10 ᠰᠠᠤᠷᠢ᠂120 ᠤᠰᠤᠨ ᠵᠤᠭᠤᠷᠢ ᠶᠢ ᠪᠦᠲᠦᠭᠡᠨ ᠪᠠᠶᠢᠭᠤᠯᠵᠤ᠂ ᠤᠰᠤᠨ ᠤ ᠴᠢᠨᠠᠷ ᠬᠠᠷᠢᠴᠠᠩᠭᠤᠢ ᠪᠠᠷ ᠠᠨᠠᠢ ᠭᠠᠵᠠᠷ ᠤᠷᠤᠨ ᠤ ᠮᠠᠯᠴᠢᠳ ᠲᠤ 700 ᠢᠵᠢ ᠤᠰᠤ ᠠᠷᠢᠭᠤᠳᠬᠠᠬᠤ ᠲᠦᠬᠦᠭᠡᠷᠦᠮᠵᠢ ᠤᠭᠰᠠᠷᠠᠵᠤ ᠦᠭᠭᠦᠨ᠎ᠡ᠃ ᠨᠢᠭᠡᠳᠤᠭᠡᠷ ᠪᠦᠯᠦᠭ 29.6 ᠺᠢᠯᠤᠮᠧᠲᠷ ᠤᠨ ᠵᠡᠭᠡᠯᠢ ᠭᠤᠳᠤᠮᠵᠢ ᠶᠢᠨ ᠬᠠᠳᠠᠭᠤᠷᠠᠭᠤᠯᠤᠯᠲᠠ ᠶᠢᠨ ᠢᠨᠵᠧᠨᠧᠷᠢᠩ ᠪᠠ ᠭᠠᠴᠠᠭᠠᠨ ᠳᠤ ᠨᠡᠪᠳᠡᠷᠡᠬᠦ 129 ᠺᠢᠯᠤᠮᠧᠲᠷ ᠤᠨ ᠵᠠᠰᠠᠮᠠᠯ ᠵᠠᠮ ᠤᠨ ᠢᠨᠵᠧᠨᠧᠷᠢᠩ ᠵᠢᠴᠢ ︽ᠳᠤᠰᠬᠠᠢ ᠶᠠᠪᠤᠳᠠᠯ ᠢ ᠳᠤᠰᠬᠠᠢ ᠵᠦᠪᠯᠡᠬᠦ︾ 120 ᠺᠢᠯᠤᠮᠧᠲᠷ ᠤᠨ ᠬᠠᠶᠢᠷ ᠴᠢᠯᠠᠭᠤᠨ ᠵᠠᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠰᠠᠶᠢᠳᠤᠷ ᠬᠡᠷᠡᠭᠵᠢᠭᠦᠯᠬᠦ ᠬᠡᠷᠡᠭᠲᠠᠢ᠃ ᠪᠠᠶᠠᠨᠲᠠᠯ᠎ᠠ ᠠᠴᠠ ᠬᠦᠨᠳᠡᠯᠡᠨ ᠬᠦᠷᠬᠦ ᠭᠤᠤᠯ ᠱᠤᠭᠤᠮ ᠢᠶᠠᠷ ᠳᠠᠮᠵᠢᠭᠤᠯᠤᠨ ᠬᠦᠴᠦᠳᠡᠯ ᠬᠤᠪᠢᠰᠬᠠᠬᠤ ᠢᠨᠵᠧᠨᠧᠷᠢᠩ ᠢ ᠬᠡᠷᠡᠭᠵᠢᠭᠦᠯᠵᠤ᠂ 52 ᠮᠠᠯᠴᠢᠨ ᠡᠷᠦᠬᠡ ᠳᠤ ᠲᠤᠤᠷᠴᠢᠯᠠᠭᠰᠠᠨ ᠴᠠᠬᠢᠯᠭᠠᠨ ᠨᠡᠪᠳᠡᠷᠡᠭᠦᠯᠵᠤ᠂ ᠲᠤᠤᠷᠴᠢᠯᠠᠭᠰᠠᠨ ᠴᠠᠬᠢᠯᠭᠠᠨ ᠨᠡᠪᠳᠡᠷᠡᠬᠦ ᠨᠦᠬᠦᠴᠡᠯ ᠪᠤᠯᠤᠮᠵᠢ ᠦᠭᠡᠢ ᠮᠠᠯᠴᠢᠨ ᠡᠷᠦᠬᠡ ᠳᠤ ᠨᠠᠷᠨ ᠰᠠᠯᠬᠢᠨ ᠬᠠᠷᠢᠯᠴᠠᠨ ᠨᠦᠬᠦᠪᠦᠷᠢᠯᠡᠬᠦ ᠴᠠᠬᠢᠯᠭᠠᠨ ᠬᠠᠩᠭᠠᠬᠤ ᠲᠦᠬᠦᠭᠡᠷᠦᠮᠵᠢ ᠶᠢ ᠳᠡᠰ ᠳᠡᠪᠰᠢᠭᠦᠯᠦᠨ ᠰᠢᠨᠡᠳᠭᠡᠵᠤ ᠦᠭᠭᠦᠨ᠎ᠡ᠃ ᠭᠠᠵᠠᠷ ᠳᠡᠭᠡᠷᠡᠬᠢ ᠲᠤᠭᠠᠴᠢᠯᠠᠭᠰᠠᠨ ᠰᠠᠭᠤᠷᠢ ᠦᠷᠳᠡᠭᠡ 3᠂ ᠴᠢᠮᠡᠭᠡ ᠨᠡᠪᠳᠡᠷᠡᠭᠦᠯᠭᠡ ᠶᠢᠨ ᠰᠠᠭᠤᠷᠢ ᠦᠷᠳᠡᠭᠡ 45᠎ ᠶᠢ ᠪᠠᠶᠢᠭᠤᠯᠵᠤ᠂ ᠡᠷᠦᠬᠡ ᠪᠤᠯᠭᠠᠨ ᠳᠤ ᠨᠡᠪᠳᠡᠷᠡᠬᠦ ᠲᠦᠬᠦᠭᠡᠷᠤᠮᠵᠢ 400 ᠢᠵᠢ ᠤᠭᠰᠠᠷᠠᠨ᠎ᠠ᠃ ᠰᠤᠶᠤᠯ ᠤᠨ ᠬᠦᠳᠡᠯᠪᠤᠷᠢ ᠶᠢᠨ ᠳᠠᠰᠤᠭ 10᠎ ᠶᠢ ᠰᠢᠨ᠎ᠡ ᠪᠠᠷ ᠪᠠᠶᠢᠭᠤᠯᠬᠤ ᠪᠤᠶᠤ ᠦᠭᠡᠷᠡᠴᠢᠯᠡᠨ ᠵᠠᠰᠠᠵᠤ᠂ ᠭᠠᠴᠠᠭᠠᠨ ᠤ ᠡᠷᠡᠭᠦᠯ ᠬᠠᠮᠠᠭᠠᠯᠠᠯ ᠤᠨ ᠳᠠᠰᠤᠭ ᠢ 6 ᠪᠠᠶᠢᠭᠤᠯᠤᠨ᠎ᠠ᠃ ᠡᠭᠦᠨ ᠤ ᠬᠠᠮᠳᠤ᠂ ᠬᠦᠷᠢᠶ᠎ᠡ ᠬᠡᠷᠡᠮ ᠢ ᠦᠭᠡᠷᠡᠴᠢᠯᠡᠨ ᠵᠠᠰᠠᠬᠤ᠂ ᠫᠧᠩ ᠬᠤᠷᠤᠭ᠎ᠠ ᠶᠢ ᠰᠡᠯᠪᠢᠨ ᠵᠠᠰᠠᠬᠤ᠂ ᠬᠤᠭ ᠨᠤᠪᠰᠢ ᠬᠠᠶᠠᠬᠤ ᠴᠦᠩᠭᠦ ᠪᠠ ᠨᠠᠶᠢᠲᠡ ᠎ ᠶᠢᠨ ᠵᠤᠷᠯᠤᠩ ᠤᠨ ᠪᠦᠲᠦᠭᠡᠨ ᠪᠠᠶᠢᠭᠤᠯᠤᠯᠲᠠ ᠵᠡᠷᠭᠡ ᠤᠷᠤᠨ ᠰᠠᠭᠤᠴᠨ ᠶᠢᠨ ᠤᠷᠴᠢᠨ ᠲᠤᠭᠤᠷᠢᠨ ᠢ ᠴᠡᠭᠴᠡᠯᠡᠨ ᠵᠠᠰᠠᠬᠤ ᠪᠠ ᠦᠷᠭᠡᠳᠬᠡᠬᠦ ᠲᠠᠯ᠎ᠠ ᠪᠠᠷ ᠬᠢ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠰᠠᠶᠢᠳᠤᠷ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃        ︵ᠲᠠᠪᠤ︶ ᠪᠠᠳᠣᠯᠠᠭ᠎ᠠ ᠶᠢᠨ ᠴᠢᠳᠠᠪᠣᠷᠢ ᠶᠢ ᠲᠡᠭᠡᠭᠰᠢᠯᠡᠭᠦᠯᠬᠦ ᠱᠠᠭᠠᠷᠳᠠᠯᠭ᠎ᠠ ᠶᠣᠰᠣᠭᠠᠷ᠂ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠣᠯᠠᠮ ᠲᠡᠭᠦᠯᠳᠡᠷᠵᠢᠭᠦᠯᠦᠨ᠎ᠠ᠃        ᠲᠦᠯᠦᠪᠵᠢᠭᠦᠯᠭᠡ ᠶᠢᠨ ᠪᠠᠶᠢᠷᠢᠰᠢᠯᠠᠭᠤᠯᠤᠯᠲᠠ ᠶᠢ ᠨᠢᠭᠡᠳᠦᠯᠲᠠᠢ ᠲᠦᠯᠦᠪᠵᠢᠭᠦᠯᠦᠨ᠎ᠡ᠃ ᠲᠦᠯᠦᠪᠵᠢᠭᠦᠯᠭᠡ ᠎ ᠶᠢᠨ ᠵᠣᠭᠢᠴᠠᠯᠲᠦ ᠴᠢᠨᠠᠷ᠂ ᠬᠠᠮᠣᠷᠬᠤ ᠴᠢᠨᠠᠷ᠂ ᠬᠠᠷᠢᠯᠴᠠᠨ ᠨᠦᠭᠦᠪᠦᠷᠢᠯᠡᠬᠦ ᠴᠢᠨᠠᠷ ᠢ ᠪᠠᠷᠢᠮᠳᠠᠯᠠᠨ᠂ ᠬᠤᠳᠠ ᠪᠠᠯᠭᠠᠰᠣᠨ ᠤ ᠲᠦᠯᠦᠪᠵᠢᠭᠦᠯᠭᠡ ᠭᠢᠭᠡᠳ ᠠᠵᠦ ᠠᠬᠤᠢ ᠨᠡᠶᠢᠭᠡᠮ ᠤᠨ ᠭᠦᠭᠵᠢᠯᠳᠠ᠂ ᠭᠠᠵᠠᠷ ᠰᠢᠷᠣᠢ ᠶᠢᠨ ᠡᠭᠢ ᠪᠠᠶᠠᠯᠢᠭ ᠢ ᠠᠰᠢᠭᠯᠠᠬᠤ᠂ ᠠᠮᠢ ᠠᠬᠤᠢ ᠶᠢᠨ ᠣᠯᠠᠭᠠᠨ ᠱᠣᠭᠤᠮ ᠢ ᠢᠯᠭᠠᠨ ᠳᠣᠭᠳᠠᠭᠠᠬᠤ ᠵᠡᠷᠭᠡ ᠣᠯᠠᠨ ᠲᠦᠯᠦᠪᠵᠢᠭᠦᠯᠭᠡ ᠶᠢ ᠨᠢᠭᠡᠳᠭᠡᠨ᠂ ᠡᠨᠡ ᠵᠢᠯ ᠰᠢᠨᠠᠪᠣᠯᠠᠭ ᠪᠠᠯᠭᠠᠰᠣᠨ ᠤ ᠬᠤᠳᠠ ᠪᠠᠯᠭᠠᠰᠣᠨ ᠤ ᠭᠦᠭᠵᠢᠯᠳᠠ ᠶᠢᠨ ᠲᠦᠯᠦᠪᠵᠢᠭᠦᠯᠭᠡ ᠪᠠ ᠭᠢᠵᠠᠭᠠᠷᠯᠠᠬᠤ ᠴᠢᠨᠠᠷᠲᠠᠢ ᠨᠠᠷᠢᠨ  ᠲᠦᠯᠦᠪᠵᠢᠭᠦᠯᠭᠡ ᠳᠤ ᠵᠠᠰᠠᠪᠤᠷᠢ ᠤᠷᠤᠭᠤᠯᠤᠨ ᠲᠠᠭᠦᠯᠳᠡᠷᠵᠢᠭᠦᠯᠦᠨ᠎ᠠ᠃        ᠬᠤᠳᠠ ᠪᠠᠯᠭᠠᠰᠣᠨ ᠤ ᠪᠦᠳᠦᠭᠡᠨ ᠪᠠᠶᠢᠭᠤᠯᠣᠯᠳᠠ ᠶᠢ ᠰᠠᠶᠢᠳᠣᠷ ᠠᠳᠬᠤᠨ᠎ᠠ᠃ ︽ᠠᠷᠠᠳ ᠤᠨ ᠠᠮᠢᠳᠣᠷᠠᠯ ᠳᠤ ᠬᠤᠯᠪᠤᠭᠳᠠᠭᠰᠠᠨ ᠬᠤᠳᠠ ᠪᠠᠯᠭᠠᠰᠣᠨ ᠤ ᠪᠦᠳᠦᠭᠡᠨ ᠪᠠᠶᠢᠭᠤᠯᠣᠯᠳᠠ︾᠎ ᠶᠢᠨ ᠣᠶᠢᠯᠠᠭᠠᠭᠳᠠᠬᠤᠨ ᠢ ᠪᠠᠷᠢᠮᠳᠠᠯᠠᠨ᠂ PPP᠎ ᠶᠢᠨ ᠬᠡᠪ ᠵᠠᠭᠪᠤᠷ ᠢᠶᠠᠷ ᠬᠤᠲᠠ ᠶᠢᠨ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢ ᠬᠢᠨ᠎ᠡ᠃ ᠠᠮᠤᠭᠤᠯᠠᠩ ᠬᠦᠭᠦᠷᠭᠡ ᠪᠠ ᠰᠢᠨᠡᠪᠤᠯᠠᠭ ᠬᠦᠭᠦᠷᠭᠡ ᠶᠢ ᠦᠷᠭᠡᠳᠭᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠤ᠂ ᠬᠤᠲᠠ ᠪᠠᠯᠭᠠᠰᠤᠨ ᠤ ᠵᠠᠮ ᠢ 1.3 ᠺᠢᠯᠤᠮᠧᠲᠷ ᠦᠷᠭᠡᠳᠬᠡᠨ᠂ ᠲᠤᠯᠠᠭᠠᠯᠭ᠎ᠠ ᠶᠢᠨ ᠬᠤᠭᠤᠯᠠᠢ ᠶᠢ 5.8 ᠺᠢᠯᠤᠮᠧᠲᠷ᠂ ᠤᠰᠤ ᠬᠠᠩᠭᠠᠯᠭ᠎ᠠ ᠶᠢᠨ ᠬᠤᠭᠤᠯᠠᠢ ᠶᠢ 12.5 ᠺᠢᠯᠤᠮᠧᠲᠷ ᠦᠭᠡᠷᠡᠴᠢᠯᠡᠨ ᠵᠠᠰᠠᠵᠤ᠂ ᠨᠢᠭᠡ ᠵᠢᠯ ᠎ ᠳᠤ ᠨᠢᠭᠡ ᠵᠡᠭᠡᠯᠢ ᠭᠤᠳᠤᠮᠵᠢ ᠶᠢ ᠦᠭᠡᠷᠡᠴᠢᠯᠡᠨ ᠵᠠᠰᠠᠬᠤ ᠲᠦᠯᠦᠪᠯᠡᠭᠡ ᠶᠤᠰᠤᠭᠠᠷ᠂ ᠪᠣᠭᠳᠠ ᠵᠠᠮ ᠢ ᠦᠭᠡᠷᠡᠴᠢᠯᠡᠨ ᠵᠠᠰᠠᠬᠤ ᠢᠨᠵᠧᠨᠧᠷᠢᠩ ᠢ ᠪᠡᠶᠡᠯᠡᠭᠦᠯᠵᠤ᠂ ᠬᠤᠳᠠ ᠪᠠᠯᠭᠠᠰᠣᠨ ᠤ ︽ᠳᠤᠳᠤᠭᠠᠲᠤ ᠠᠭᠤᠯᠤᠭᠳᠠᠬᠤᠨ ᠬᠡᠯᠪᠡᠷᠢ ︾᠎ ᠶᠢᠨ ᠦᠭᠡᠷᠠᠴᠢᠯᠠᠯᠳᠠ ᠶᠢᠨ ᠦᠷ᠎ᠡ ᠠᠰᠢᠭ ᠢ ᠣᠯᠠᠮ ᠳᠡᠭᠡᠭᠰᠢᠯᠡᠭᠦᠯᠦᠨ᠎ᠡ᠃ ᠨᠤᠭᠤᠭᠠᠷᠠᠭᠤᠯᠤᠯᠲᠠ᠂ ᠭᠤᠸᠠᠵᠢᠭᠤᠯᠤᠯᠲᠠ᠂ ᠭᠡᠭᠡᠷᠡᠭᠦᠯᠦᠯᠲᠡ ᠶᠢᠨ ᠢᠨᠵᠧᠨᠧᠷᠢᠩ ᠢ ᠬᠡᠷᠡᠭᠵᠢᠭᠦᠯᠦᠨ᠂ ᠤᠶᠢᠵᠢᠭᠤᠯᠤᠯᠲᠠ ᠶᠢᠨ ᠬᠦᠷᠢᠶᠡᠯᠡᠩ ᠢ 7 ᠲᠦᠮᠡᠨ ᠳᠡᠭᠰᠢ ᠲᠦᠷᠪᠡᠯᠵᠢᠨ ᠮᠧᠲᠷ ᠨᠤᠭᠤᠭᠠᠷᠠᠭᠤᠯᠵᠤ᠂ ᠨᠠᠷᠠᠨ ᠡᠨᠧᠷᠬᠢ ᠶᠢᠨ ᠵᠠᠮ ᠤᠨ ᠳ᠋ᠧᠩ ᠢ 155 ᠤᠭᠰᠠᠷᠠᠵᠤ᠂ ᠰᠠᠭᠤᠷᠢᠰᠢᠬᠤ ᠳᠤ ᠳᠠᠭᠠᠯᠠᠮᠵᠢᠲᠠᠢ᠂ ᠠᠵᠢᠯᠯᠠᠬᠤ ᠳᠤ ᠲᠦᠭᠦᠮ᠂ ᠵᠣᠭᠠᠴᠠᠬᠤ ᠳᠤ ᠲᠤᠬᠢᠷᠠᠮᠵᠢᠲᠠᠢ ᠲᠠᠯ᠎ᠠ ᠨᠣᠳᠤᠭ ᠎ ᠤᠨ ᠠᠮᠢ ᠠᠬᠤᠢ ᠶᠢᠨ ᠪᠣᠯᠪᠠᠰᠣᠨ ᠬᠤᠳᠠ ᠪᠠᠯᠭᠠᠰᠣ ᠶᠢ ᠪᠦᠳᠦᠭᠡᠨ ᠪᠠᠶᠢᠭᠤᠯᠣᠨ᠎ᠠ᠃ ᠲᠦᠭᠦᠮ ᠪᠦᠲᠦᠴᠡᠲᠤ ᠭᠡᠷ ᠪᠠᠶᠢᠰᠢᠩ ᠢ ᠦᠭᠡᠷᠡᠴᠢᠯᠡᠨ ᠵᠠᠰᠠᠬᠤ ᠪᠠ ᠢᠵᠢ ᠪᠦᠷᠢᠳᠦᠭᠰᠡᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠠᠳᠣᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠶᠠᠰᠣ ᠴᠢᠨᠠᠷ ᠢ ᠭᠢᠨᠠᠨ ᠬᠠᠮᠢᠶᠠᠷᠬᠤ ᠠᠵᠢᠯ ᠢ ᠰᠠᠶᠢᠳᠣᠷ ᠭᠢᠵᠦ᠂ ᠭᠡᠷ  ᠭᠠᠵᠠᠷ ᠬᠦᠷᠦᠩᠭᠡ  ᠎ ᠶᠢᠨ ᠠᠵᠦ ᠦᠢᠯᠠᠰ ᠤᠨ ᠡᠷᠡᠭᠦᠯ ᠢᠶᠠᠷ ᠭᠦᠭᠵᠢᠬᠦ ᠶᠢ ᠠᠭᠢᠭᠤᠯᠣᠨ᠎ᠠ᠃        ᠬᠤᠳᠠ ᠪᠠᠯᠭᠠᠰᠣᠨ ᠤ ᠬᠠᠮᠢᠶᠠᠷᠣᠯᠳᠠ ᠶᠢᠨ ᠬᠢᠷᠢ ᠳᠦᠪᠰᠢᠨ ᠢ ᠳᠡᠭᠡᠭᠰᠢᠯᠡᠭᠦᠯᠦᠨ᠎ᠡ᠃ ᠣᠶᠣᠨᠴᠢ ᠬᠤᠳᠠ ᠪᠠᠯᠭᠠᠰᠤ ᠶᠢ ᠪᠠᠶᠢᠭᠤᠯᠬᠤ ᠣᠶᠢᠯᠠᠭᠠᠭᠳᠠᠬᠤᠨ ᠢ ᠪᠠᠷᠢᠮᠳᠠᠯᠠᠨ᠂ ᠲᠣᠭᠠᠴᠢᠯᠠᠭᠰᠠᠨ ᠮᠠᠶ᠋ᠢᠭ ᠤᠨ ᠬᠤᠳᠠ ᠶᠢᠨ ᠬᠠᠮᠢᠶᠠᠷᠣᠯᠳᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠤᠳᠠ ᠪᠠᠯᠭᠠᠰᠣ ᠶᠢ ᠬᠠᠮᠢᠶᠠᠷᠴᠤ ᠬᠠᠮᠠᠭᠠᠯᠠᠬᠤ ᠠᠵᠢᠯᠲᠠᠳ ᠎ ᠤᠨ ᠡᠩᠨᠡᠭᠡᠨ ᠤ ᠪᠠᠶᠢᠭᠤᠯᠣᠯᠳᠠ ᠶᠢ ᠴᠢᠩᠭᠠᠳᠬᠠᠨ᠂ ᠣᠷᠴᠢᠨ ᠳᠣᠭᠤᠷᠢᠨ ᠤ ᠠᠷᠢᠭᠤᠨ ᠴᠡᠪᠡᠷᠯᠡᠭᠡᠨ ᠤ ᠭᠡᠰᠡᠭ ᠲᠦᠭᠦᠭᠡᠷᠦᠮᠵᠢ ᠶᠢ ᠰᠢᠨᠡᠳᠭᠡᠨ ᠰᠣᠯᠢᠵᠦ᠂ ᠬᠤᠳᠠ ᠶᠢᠨ ᠲᠦᠷᠢ ᠲᠦᠷᠬᠦ᠂ ᠣᠷᠴᠢᠨ ᠳᠣᠭᠤᠷᠢᠨ ᠤ ᠠᠷᠢᠭᠤᠨ ᠴᠠᠪᠠᠷ ᠂ ᠬᠤᠳᠠ ᠶᠢᠨ ᠶᠠᠪᠤᠳᠠᠯ ᠤᠨ ᠲᠦᠭᠦᠭᠡᠷᠦᠮᠵᠢ᠂ ᠨᠣᠭᠤᠭᠠᠷᠠᠭᠤᠯᠣᠭᠰᠠᠨ ᠴᠡᠴᠡᠷᠯᠢᠭ ᠵᠡᠷᠭᠡ ᠳᠤ ᠲᠤᠤᠷᠴᠢᠯᠠᠭᠰᠠᠨ ᠬᠠᠮᠢᠶᠠᠷᠣᠯᠳᠠ ᠶᠢ ᠦᠷᠭᠦᠯᠵᠢᠯᠠᠨ ᠭᠡᠷᠡᠭᠵᠢᠭᠦᠯᠵᠦ᠂ ᠭᠡᠷ ᠪᠠᠶᠢᠰᠢᠩ ᠤᠨ ᠳᠣᠭᠤᠷᠢᠭ᠂ ᠵᠡᠭᠡᠯᠢ ᠶᠢᠨ ᠳᠠᠯᠳᠠ ᠭᠤᠳᠣᠮᠵᠢ ᠵᠡᠷᠭᠡ ᠭᠠᠵᠠᠷ ᠣᠷᠣᠨ ᠤ ᠣᠷᠴᠢᠨ ᠳᠣᠭᠤᠷᠢᠨ ᠤ ᠠᠷᠢᠭᠤᠨ ᠴᠠᠪᠡᠷ ᠢ ᠵᠠᠰᠠᠨ ᠴᠡᠭᠴᠡᠯᠡᠬᠦ ᠠᠵᠢᠯ ᠢ ᠭᠤᠣᠯᠳᠠᠯᠭ᠎ᠠ ᠲᠠᠢ ᠠᠳᠬᠤᠨ᠂ ᠦᠨᠴᠦᠭ ᠪᠤᠯᠤᠩ᠂ ᠵᠡᠭᠡᠯᠢ ᠭᠤᠳᠣᠮᠵᠢ᠂ ᠠᠭᠤᠳᠠᠮ ᠳᠠᠯᠠᠪᠠᠢ᠂ ᠨᠣᠭᠤᠭᠠᠷᠠᠭᠤᠯᠣᠯᠳᠠ ᠶᠢᠨ ᠭᠠᠵᠠᠷ ᠤᠨ ᠴᠡᠪᠡᠷ ᠲᠤᠬᠢᠯᠢᠭ ᠪᠠᠶᠢᠬᠤ ᠶᠢ ᠪᠠᠳᠣᠯᠠᠵᠦ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠣᠷᠴᠢᠨ ᠳᠣᠭᠤᠷᠢᠨ ᠢ ᠣᠯᠠᠮ ᠰᠠᠶᠢᠵᠢᠷᠠᠭᠤᠯᠣᠨ᠎ᠠ᠃        ᠵᠠᠮ ᠬᠠᠷᠢᠯᠴᠠᠭᠠᠨ ᠤ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠡᠷᠢᠶᠡᠨ ᠠᠴᠠ ᠭᠤᠸᠠᠩᠵᠸᠤ ᠬᠦᠷᠬᠦ ᠦᠨᠳᠤᠷ ᠬᠤᠷᠳᠤᠴᠠᠲᠤ ᠵᠠᠰᠠᠮᠠᠯ ᠵᠠᠮ ᠤᠨ ᠬᠤᠯᠪᠤᠬᠤ ᠱᠤᠭᠤᠮ᠂ ᠮᠤᠵᠢ ᠶᠢᠨ ᠲᠠᠰ ᠤᠨ ᠵᠠᠮ ᠤᠨ 313 ᠱᠤᠭᠤᠮ ᠤᠨ ᠬᠦᠪᠡᠭᠡᠲᠤ ᠰᠢᠷ᠎ᠠ ᠠᠴᠠ ᠰᠢᠯᠤᠭᠤᠨ ᠴᠠᠭᠠᠨ ᠬᠦᠷᠬᠦ ᠬᠡᠰᠡᠭ ᠪᠠ ᠨᠡᠶᠢᠲᠡ ᠎ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠢᠨᠵᠧᠨᠧᠷᠢᠩ ᠪᠠ ᠵᠢᠭᠤᠯᠴᠢᠯᠠᠯ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠨᠤᠳᠤᠭ ᠪᠡᠯᠴᠢᠭᠡᠷ ᠢ ᠳᠠᠳᠠᠪᠤᠷᠢᠯᠠᠨ ᠡᠵᠡᠯᠡᠵᠤ ᠬᠡᠷᠡᠭᠯᠡᠬᠦ᠂ ᠭᠠᠵᠠᠷ ᠳᠠᠳᠠᠪᠤᠷᠢᠯᠠᠬᠤ᠂ ᠨᠤᠷᠠᠭᠠᠨ ᠰᠢᠯᠵᠢᠭᠦᠯᠬᠦ ᠵᠡᠷᠭᠡ ᠡᠯ᠎ᠡ ᠲᠠᠯ᠎ᠠ ᠶᠢᠨ ᠠᠵᠢᠯ ᠢ ᠰᠠᠶᠢᠳᠤᠷ ᠬᠢᠵᠤ᠂ ᠡᠨᠡ ᠵᠢᠯ ᠠᠵᠢᠯ ᠢᠶᠠᠨ ᠡᠬᠢᠯᠡᠭᠦᠯᠦᠨ ᠪᠦᠲᠦᠭᠡᠨ ᠪᠠᠶᠢᠭᠤᠯᠤᠯᠲᠠ ᠬᠢᠬᠦ ᠪᠠᠷ ᠴᠢᠷᠮᠠᠶᠢᠨ᠎ᠠ᠃ ᠵᠢᠷᠦᠬᠡ ᠠᠴᠠ ᠬᠤᠸᠠᠳᠧ ᠬᠦᠷᠬᠦ ᠲᠡᠮᠤᠷ ᠵᠠᠮ ᠤᠨ ᠡᠷᠳᠡ ᠡᠳᠤᠷ ᠠᠵᠢᠯ ᠢᠶᠠᠨ ᠡᠬᠢᠯᠡᠭᠦᠯᠦᠨ ᠪᠦᠲᠦᠭᠡᠨ ᠪᠠᠶᠢᠭᠤᠯᠤᠯᠲᠠ ᠬᠢᠬᠦ ᠶᠢ ᠲᠦᠯᠬᠢᠨ ᠠᠬᠢᠭᠤᠯᠤᠨ᠎ᠠ᠃ᠰᠤᠷᠠᠭ ᠵᠠᠩᠬᠢ ᠦᠨᠳᠤᠷ ᠬᠤᠷᠳᠤᠴᠠᠲᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠵᠢᠯ ᠎ ᠤᠨ ᠲᠤᠳᠤᠷ᠎ᠠ 4G ᠰᠠᠭᠤᠷᠢ ᠦᠷᠳᠡᠭᠡ 19᠎ ᠶᠢ ᠰᠢᠨ᠎ᠡ ᠪᠠᠷ ᠪᠠᠶᠢᠭᠤᠯᠵᠤ᠂ ᠬᠤᠳᠠ ᠬᠦᠳᠡᠭᠡ ᠶᠢᠨ ᠷᠠᠳᠢᠤ᠋ ᠲᠤᠯᠬᠢᠶᠠᠨ ᠤ ᠰᠦᠯᠵᠢᠶᠡᠨ ᠲᠤᠤᠷ ᠢ ᠪᠦᠬᠦ ᠲᠠᠯ᠎ᠠ ᠪᠠᠷ ᠪᠦᠷᠬᠦᠭᠦᠯᠬᠦ ᠶᠢ ᠪᠡᠶᠡᠯᠡᠭᠦᠯᠦᠨ᠎ᠡ᠃ ᠪᠦᠬᠦ ᠠᠶᠢᠮᠠᠭ ᠤᠨ ᠲᠤᠭ᠎ᠠ ᠪᠠᠷᠢᠮᠳᠠ ᠶᠢ ᠲᠦᠪᠯᠡᠷᠡᠭᠦᠯᠦᠨ ᠬᠠᠮᠢᠶᠠᠷᠬᠤ ᠠᠵᠤ ᠦᠢᠯᠡᠰ ᠢ ᠪᠦᠲᠦᠭᠡᠨ ᠪᠠᠶᠢᠭᠤᠯᠬᠤ ᠲᠤᠬᠢᠶᠠᠯ ᠢ ᠡᠵᠡᠮᠳᠠᠨ᠂ ᠰᠤᠷᠠᠭ ᠵᠠᠩᠬᠢ ᠶᠢᠨ ᠡᠬᠢ ᠪᠠᠶᠠᠯᠢᠭ ᠢ ᠨᠢᠭᠡᠳᠬᠡᠬᠦ᠂ ᠬᠠᠮᠳᠤᠪᠠᠷ ᠡᠳ᠋ᠯᠡᠬᠦ ᠪᠠ ᠬᠡᠷᠡᠭᠯᠡᠬᠦ ᠶᠢ ᠪᠡᠶᠡᠯᠡᠭᠦᠯᠵᠤ᠂ ᠤᠶᠤᠨᠴᠢ ᠭᠠᠴᠠᠭ᠎ᠠ ᠪᠠ ᠤᠶᠤᠨᠴᠢ ᠨᠡᠶᠢᠭᠡᠮ ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠢᠭ ᠤᠨ ᠠᠵᠢᠯ ᠢ ᠰᠠᠶᠢᠳᠤᠷ ᠬᠢᠵᠤ᠂ ᠲᠦᠭᠦᠮ ᠳᠦᠳᠡ ᠤᠶᠤᠨᠴᠢᠯᠠᠭᠰᠠᠨ ᠠᠮᠢᠳᠤᠷᠠᠯ ᠢ ᠴᠤᠭᠴᠠᠯᠠᠨ ᠪᠠᠶᠢᠭᠤᠯᠤᠨ᠎ᠠ᠃        ︵ᠵᠢᠷᠭᠤᠭ᠎ᠠ︶ ᠪᠣᠭᠢᠷᠳᠦᠯ ᠦᠭᠡᠢ ᠦᠷᠭᠦᠯᠵᠢᠯᠡᠨ ᠬᠦᠭᠵᠢᠭᠦᠯᠬᠦ ᠱᠠᠭᠠᠷᠳᠠᠯᠭ᠎ᠠ ᠶᠣᠰᠣᠭᠠᠷ᠂ ᠠᠮᠢ ᠠᠬᠤᠢ ᠶᠢᠨ ᠣᠷᠴᠢᠨ ᠳᠣᠭᠤᠷᠢᠨ ᠢ ᠬᠠᠮᠠᠭᠠᠯᠠᠬᠤ ᠪᠠᠶᠢᠭᠤᠯᠣᠯᠳᠠ ᠶᠢᠨ ᠭᠦᠴᠦᠯᠠᠴᠠ ᠪᠠᠨ ᠣᠯᠠᠮ ᠴᠢᠩᠭᠠᠳᠬᠠᠨ᠎ᠠ        ᠠᠮᠢ ᠠᠬᠤᠢ ᠶᠢᠨ ᠪᠦᠳᠦᠭᠡᠨ ᠪᠠᠶᠢᠭᠤᠯᠣᠯᠳᠠ ᠶᠢᠨ ᠢᠨᠵᠧᠨᠧᠷᠢᠩ ᠢ ᠰᠠᠶᠢᠳᠣᠷ ᠠᠳᠬᠤᠨ᠎ᠠ᠃ ᠲᠠᠯ᠎ᠠ ᠨᠣᠳᠤᠭ ᠤᠨ ᠠᠮᠢ ᠠᠬᠤᠢ ᠶᠢᠨ ᠱᠠᠩᠨᠠᠵᠤ ᠨᠦᠬᠦᠪᠦᠷᠢᠯᠡᠬᠦ ᠲᠦᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠣᠷᠢᠵᠢᠭᠤᠯᠣᠨ ᠂ ᠪᠡᠯᠴᠢᠭᠡᠷᠯᠡᠭᠦᠯᠬᠦ ᠶᠢ ᠵᠣᠭᠰᠣᠭᠠᠬᠤ ᠪᠠ ᠮᠠᠯ ᠪᠡᠯᠴᠢᠭᠡᠷ ᠢ ᠲᠡᠩᠴᠡᠬᠦᠷᠢᠰᠢᠬᠦᠯᠬᠦ ᠣᠷᠣᠨ ᠢ ᠵᠦᠢ ᠵᠣᠭᠢᠰᠲᠠᠢ ᠬᠤᠪᠢᠶᠠᠷᠢᠯᠠᠵᠦ᠂ ᠢᠵᠢ ᠪᠦᠷᠢᠳᠦᠭᠰᠡᠨ ᠲᠦᠷᠦ ᠶᠢᠨ ᠪᠣᠳᠣᠯᠭ᠎ᠠ ᠪᠠ ᠭᠢᠨᠠᠨ ᠬᠠᠮᠢᠶᠠᠷᠬᠤ ᠲᠤᠭᠳᠠᠴᠨ ᠶᠢ ᠣᠯᠠᠮ ᠨᠢᠭᠡ ᠠᠯᠬᠤᠮ ᠲᠡᠭᠦᠯᠳᠡᠷᠵᠢᠭᠦᠯᠦᠨ᠎ᠠ᠃ ᠪᠡᠭᠡᠵᠢᠩ ᠲᠢᠶᠠᠨᠵᠢᠨ ᠤ ᠰᠠᠯᠬᠢ ᠡᠯᠠᠰᠣᠨ ᠤ ᠡᠭᠢ ᠶᠢ ᠵᠠᠰᠠᠬᠤ ᠬᠤᠶᠠᠳᠣᠭᠠᠷ ᠬᠤᠭᠤᠴᠠᠭᠠᠨ ᠤ ᠢᠨᠵᠧᠨᠧᠷᠢᠩ ᠵᠡᠷᠭᠡ ᠭᠤᠤᠯᠳᠠᠯᠭᠠᠲᠤ ᠠᠮᠢ ᠠᠬᠤᠢ ᠶᠢᠨ ᠢᠨᠵᠧᠨᠧᠷᠢᠩ ᠢ ᠰᠠᠶᠢᠳᠣᠷ ᠭᠡᠷᠡᠭᠵᠢᠭᠦᠯᠵᠦ ᠂ 9.6 ᠲᠦᠮᠡᠨ ᠮᠣ᠋ ᠪᠡᠭᠡᠵᠢᠩ ᠲᠢᠶᠠᠨᠵᠢᠨ ᠤ ᠰᠠᠯᠬᠢ ᠡᠯᠠᠰᠣᠨ ᠤ ᠡᠭᠢ ᠶᠢ ᠵᠠᠰᠠᠵᠦ᠂ 1000 ᠮᠣ᠋ ᠭᠤᠣᠯᠳᠠᠭᠠᠯᠲᠦ ᠣᠷᠣᠨ ᠤ ᠨᠣᠭᠤᠭᠠᠷᠠᠭᠤᠯᠣᠯᠳᠠ ᠶᠢ ᠪᠠᠶᠠᠯᠠᠭᠦᠯᠦᠨ᠎ᠠ᠃ ᠠᠵᠦ ᠦᠢᠯᠠᠰ ᠤᠨ ᠪᠠᠶᠢᠷᠢᠰᠢᠭᠤᠯᠣᠯᠳᠠ᠂ ᠦᠢᠯᠡᠳᠦᠯ ᠴᠢᠳᠠᠪᠬᠢ ᠶᠢᠨ ᠪᠠᠶᠢᠷᠢ ᠳᠤᠭᠳᠠᠭᠠᠯᠲᠠ᠂ ᠡᠯᠧᠮᠧᠨ᠋ᠲ ᠤᠨ ᠲᠣᠭᠢᠷᠠᠭᠤᠯᠣᠯᠳᠠ ᠵᠡᠷᠭᠡ ᠨᠦᠭᠦᠴᠠᠯ ᠢ ᠨᠢᠭᠡᠳᠦᠯᠲᠠᠢ ᠪᠣᠳᠣᠯᠭᠢᠯᠠᠨ᠂ ᠠᠮᠢ ᠠᠬᠤᠢ ᠶᠢ ᠬᠠᠮᠠᠭᠠᠯᠠᠬᠤ ᠣᠯᠠᠭᠠᠨ ᠱᠣᠭᠤᠮ ᠢ ᠰᠢᠨᠵᠢᠯᠡᠬᠦ ᠤᠬᠠᠭᠠᠨᠴᠢ ᠪᠠᠷ ᠲᠤᠭᠳᠠᠭᠠᠬᠤ ᠪᠠ ᠠᠮᠢ ᠠᠬᠤᠢ ᠶᠢ ᠬᠠᠮᠠᠭᠠᠯᠠᠬᠤ ᠲᠦᠷᠢᠮ ᠢ ᠴᠢᠩᠭ᠎ᠠ ᠬᠡᠷᠡᠭᠵᠢᠭᠦᠯᠦᠨ᠎ᠡ᠃        ᠲᠠᠯ᠎ᠠ ᠨᠣᠳᠤᠭ ᠤᠨ ᠠᠮᠢ ᠠᠬᠤᠢ ᠶᠢ ᠬᠠᠮᠠᠭᠠᠯᠠᠬᠤ ᠪᠠ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠳᠣᠭᠤᠷᠢᠨ ᠤ ᠴᠡᠭᠴᠡᠯᠡᠯᠲᠡ ᠶᠢ ᠴᠢᠩᠭᠠᠳᠬᠠᠨ᠎ᠠ᠃ ᠬᠠᠣᠯᠢ ᠪᠣᠰᠤ ᠪᠠᠷ ᠭᠠᠵᠠᠷ ᠢ ᠬᠠᠭᠠᠯᠪᠣᠷᠢᠯᠠᠬᠤ᠂ ᠬᠠᠣᠯᠢ ᠪᠣᠰᠣ ᠎ ᠪᠠᠷ ᠨᠣᠳᠤᠭ ᠪᠡᠯᠴᠢᠭᠡᠷ ᠢ ᠡᠵᠡᠯᠠᠨ ᠭᠡᠷᠡᠭᠯᠡᠬᠦ᠂ ᠨᠣᠳᠤᠭ ᠪᠡᠯᠴᠢᠭᠡᠷ ᠤᠨ ᠭᠡᠷᠡᠭᠴᠡᠭᠡ ᠶᠢ ᠦᠭᠡᠷᠡᠴᠢᠯᠡᠬᠦ ᠪᠠ ᠬᠠᠤᠯᠢ ᠪᠣᠰᠣ ᠪᠠᠷ ᠲᠠᠯ᠎ᠠ ᠨᠣᠳᠤᠭ ᠤᠨ ᠪᠠᠶᠢᠭᠠᠯᠢᠯᠢᠭ ᠣᠷᠭᠤᠮᠠᠯ ᠢ ᠳᠡᠭᠦᠵᠤ ᠮᠠᠯᠳᠠᠬᠤ ᠵᠡᠷᠭᠡ ᠨᠣᠳᠤᠭ ᠪᠡᠯᠴᠢᠭᠡᠷ ᠢ ᠡᠪᠳᠡᠭᠰᠡᠨ ᠭᠡᠷᠡᠭ ᠢ ᠪᠠᠶᠢᠴᠠᠭᠠᠨ ᠰᠢᠢᠳᠪᠦᠷᠢᠯᠡᠬᠦ ᠭᠦᠴᠦᠯᠠᠴᠠ ᠪᠠᠨ ᠴᠢᠩᠭᠠᠳᠬᠠᠵᠦ᠂ ᠲᠠᠯ᠎ᠠ ᠨᠣᠳᠤᠭ ᠤᠨ ᠠᠮᠢ ᠠᠬᠤᠢ ᠶᠢ ᠡᠪᠳᠡᠭᠰᠡᠨ ᠦᠢᠯᠠ ᠠᠵᠢᠯᠯᠠᠭ᠎ᠠ ᠶᠢ ᠡᠷᠡᠰ ᠬᠤᠷᠢᠭᠯᠠᠨ᠎ᠠ᠃ ᠬᠠᠶ᠋ᠢᠩᠬᠢᠷᠸ᠎ᠠ ᠰᠦᠮ᠎ᠡ᠂ ᠬᠤᠩᠭᠤᠷ ᠠᠭᠤᠯᠠ ᠵᠡᠷᠭᠡ ᠭᠤᠤᠯᠳᠠᠯᠭᠠᠲᠤ ᠦᠵᠡᠮᠵᠢ ᠶᠢᠨ ᠤᠷᠤᠨ ᠪᠠ ᠠᠮᠢ ᠠᠬᠤᠢ ᠶᠢᠨ ᠲᠤᠭᠤᠷᠢᠭ ᠢ ᠬᠠᠮᠠᠭᠠᠯᠠᠬᠤ ᠪᠠ ᠬᠠᠤᠯᠢ ᠬᠡᠷᠡᠭᠵᠢᠭᠦᠯᠬᠦ ᠠᠵᠢᠯ ᠢ ᠰᠠᠶᠢᠳᠤᠷ ᠠᠳᠬᠤᠨ᠎ᠠ᠃ ᠲᠠᠯ᠎ᠠ ᠨᠣᠳᠤᠭ ᠤᠨ ᠣᠢ ᠰᠢᠭᠤᠢ ᠶᠢᠨ ᠭᠠᠯ ᠢ ᠰᠡᠷᠭᠡᠶᠢᠯᠡᠬᠦ ᠪᠠ ᠬᠤᠤᠷᠲᠤ ᠠᠮᠢᠲᠦ ᠪᠣᠳᠠᠰ ᠢ ᠰᠡᠷᠭᠡᠶᠢᠯᠡᠬᠦ ᠠᠵᠢᠯ ᠢ ᠪᠦᠬᠦ ᠭᠦᠴᠦᠨ ᠢᠶᠠᠷ ᠢᠶᠠᠨ ᠰᠠᠶᠢᠳᠣᠷ ᠭᠢᠨ᠎ᠠ᠃ ᠵᠠᠰᠠᠮᠠᠯ ᠵᠠᠮ ᠤᠨ ᠬᠤᠶᠠᠷ ᠬᠠᠵᠠᠭᠤ ᠶᠢᠨ ᠭᠠᠵᠠᠷ ᠤᠷᠤᠨ ᠤ ᠣᠷᠴᠢᠨ ᠳᠣᠭᠤᠷᠢᠨ ᠢ ᠴᠡᠭᠴᠡᠯᠡᠬᠦ ᠪᠠ ᠲᠡᠮᠦᠷᠯᠢᠭ ᠤᠨ ᠪᠣᠰᠣ ᠠᠭᠤᠷᠬᠠᠢ ᠎ ᠶᠢ ᠨᠢᠭᠡᠳᠦᠭᠦᠯᠦᠨ ᠴᠡᠭᠴᠡᠯᠡᠬᠦ ᠲᠦᠷᠦᠯ ᠵᠦᠢᠯ ᠢ ᠰᠠᠶᠢᠳᠣᠷ ᠭᠡᠷᠡᠭᠵᠢᠭᠦᠯᠦᠨ᠎ᠡ᠃ ᠠᠭᠤᠷᠬᠠᠢ ᠶᠢᠨ ᠤᠷᠴᠢᠨ ᠳᠣᠭᠤᠷᠢᠨ ᠪᠠ ᠬᠠᠶᠠᠭᠳᠠᠮᠠᠯ ᠠᠭᠤᠷᠬᠠᠢ ᠶᠢᠨ ᠴᠢᠭ ᠢ ᠴᠡᠭᠴᠡᠯᠡᠬᠦ᠂ ᠲᠤᠭᠤᠰᠬᠠᠨ ᠤ ᠦᠢᠯᠡᠳᠪᠦᠷᠢ ᠶᠢᠨ ᠡᠷᠬᠢᠨ ᠲᠤᠭᠤᠷᠢᠨ ᠢ ᠴᠡᠭᠴᠡᠯᠡᠬᠦ ᠵᠢᠴᠢ ᠴᠢᠯᠠᠭᠤᠨ ᠮᠠᠲ᠋ᠧᠷᠢᠶᠠᠯ ᠤᠨ ᠬᠠᠶᠠᠭᠳᠠᠮᠠᠯ ᠪᠤᠳᠠᠰ ᠤᠨ ᠳᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠳᠬᠤᠨ᠎ᠠ᠃        ᠣᠰᠣᠨ ᠤ ᠡᠭᠢ ᠰᠣᠷᠪᠣᠯᠵᠢ ᠶᠢᠨ ᠬᠠᠮᠢᠶᠠᠷᠤᠯᠲᠠ ᠪᠠ ᠡᠨᠧᠷᠭᠢ ᠶᠢ ᠠᠷᠪᠢᠯᠠᠨ ᠪᠣᠭᠢᠷᠳᠣᠯ ᠢ ᠪᠠᠭᠠᠰᠬᠠᠬᠤ ᠠᠵᠢᠯ ᠢ ᠰᠠᠶᠢᠳᠣᠷ ᠠᠳᠬᠤᠨ᠎ᠠ᠃ ᠤᠰᠤ ᠬᠡᠷᠡᠭᠯᠡᠬᠦ ᠶᠡᠷᠥᠩᠭᠡᠢ ᠬᠡᠮᠵᠢᠶ᠎ᠠ ᠶᠢ ᠬᠢᠵᠠᠭᠠᠷᠯᠠᠬᠤ᠂ ᠤᠰᠤ ᠬᠡᠷᠡᠭᠯᠡᠬᠦ ᠨᠤᠷᠮ᠎ᠠ ᠶᠢ ᠬᠢᠵᠠᠭᠠᠷᠯᠠᠬᠤ ᠪᠠ ᠤᠰᠤᠨ ᠤ ᠴᠢᠲᠠᠪᠬᠢᠲᠥ ᠤᠷᠤᠨ ᠤ ᠪᠤᠬᠢᠷᠲᠤᠯ ᠢ ᠬᠢᠵᠠᠭᠠᠷᠯᠠᠬᠤ ᠵᠡᠷᠭᠡ ︽ᠭᠤᠷᠪᠠ ᠶᠢ ᠬᠢᠵᠠᠭᠠᠷᠯᠠᠬᠤ︾ ᠲᠥᠷᠢᠮ ᠢ ᠴᠢᠩᠭ᠎ᠠ ᠬᠡᠷᠡᠭᠵᠢᠭᠦᠯᠦᠨ᠂ ᠣᠰᠣᠨ ᠤ ᠡᠭᠢ ᠪᠠᠶᠠᠯᠢᠭ ᠢ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠠᠵᠦ ᠦᠢᠯᠡᠳᠪᠦᠷᠢ᠂ ᠪᠠᠷᠢᠯᠭ᠎ᠠ᠂ ᠵᠠᠮ ᠬᠠᠷᠢᠯᠴᠠᠭ᠎ᠠ ᠵᠦᠭᠡᠭᠡᠪᠦᠷᠢ᠂ ᠣᠯᠠᠨ ᠨᠠᠶᠢᠳᠠ ᠶᠢᠨ ᠪᠠᠶᠢᠭᠤᠯᠣᠮᠵᠢ ᠵᠡᠷᠭᠡ ᠭᠦᠷᠢᠶ᠎ᠠ ᠭᠡᠪᠴᠢᠶᠠᠨ ᠳᠠᠬᠢ ᠡᠨᠧᠷᠭᠢ ᠶᠢ ᠠᠷᠪᠢᠯᠠᠨ ᠬᠤᠷᠤᠭᠳᠠᠯ ᠢ ᠪᠠᠭᠠᠰᠬᠠᠬᠤ ᠶᠢ ᠲᠣᠪᠣᠶᠢᠮ᠎ᠠ ᠠᠳᠬᠤᠨ᠎ᠠ᠃ ᠲᠦᠷᠦᠯ ᠵᠦᠢᠯ ᠤᠨ ᠪᠦᠳᠦᠭᠡᠨ ᠪᠠᠶᠢᠭᠤᠯᠣᠯᠳᠠ ᠶᠢᠨ ᠣᠷᠴᠢᠨ ᠳᠣᠭᠤᠷᠢᠨ ᠳᠤ ᠦᠵᠡᠭᠦᠯᠬᠦ ᠨᠦᠯᠦᠭᠡ ᠎ ᠶᠢ ᠦᠨᠡᠯᠡᠬᠦ ᠪᠠ ︽ᠭᠤᠷᠪᠠ ᠶᠢ ᠵᠡᠷᠭᠡ ᠳᠤᠨᠢ ᠪᠠᠶᠢᠯᠭᠠᠬᠤ︾ ᠲᠦᠷᠢᠮ ᠢ ᠨᠠᠷᠢᠨ ᠭᠢᠨᠠᠭᠠᠮᠠᠢ ᠭᠡᠷᠡᠭᠵᠢᠭᠦᠯᠵᠦ᠂ ᠭᠤᠤᠯᠳᠠᠯᠭᠠᠲᠤ ᠠᠵᠢᠯ ᠲᠦᠷᠦᠯ ᠪᠠ ᠬᠤᠷᠣᠭᠳᠠᠯ ᠶᠡᠭᠡᠲᠠᠢ ᠠᠵᠤ ᠠᠬᠤᠶᠢᠯᠠᠯ ᠤᠨ ᠲᠡᠷᠢᠭᠦᠨ ᠤ ᠮᠡᠷᠭᠡᠵᠢᠯ ᠪᠠ ᠲᠦᠭᠦᠭᠡᠷᠦᠮᠵᠢ ᠶᠢ ᠠᠰᠢᠭᠯᠠᠬᠤ ᠶᠢ ᠵᠣᠷᠢᠭᠵᠢᠭᠤᠯᠤᠨ᠂ ︽ᠭᠤᠷᠪᠠᠨ ᠬᠠᠶᠠᠭᠳᠠᠮᠠᠯ︾᠎ ᠢ ᠰᠢᠢᠳᠪᠣᠷᠢᠯᠡᠬᠦ ᠶᠢᠨ ᠳᠣᠭᠤᠷᠢᠨ ᠳᠤ᠂ ᠪᠣᠭᠢᠷᠳᠣᠯ ᠢ ᠪᠠᠭᠠᠰᠬᠠᠬᠤ ᠡᠯ᠎ᠡ ᠲᠦᠷᠦᠯ ᠤᠨ ᠠᠷᠭ᠎ᠠ ᠠᠪᠴᠠᠯ ᠢ ᠨᠠᠷᠢᠨ ᠭᠢᠨᠠᠮᠠᠭᠠᠢ ᠨᠠᠶᠢᠳᠠᠪᠣᠷᠢᠵᠢᠭᠤᠯᠵᠦ᠂ ᠡᠨᠧᠷᠭᠢ ᠶᠢ ᠠᠷᠪᠢᠯᠠᠨ ᠪᠣᠭᠢᠷᠳᠣᠯ ᠢ ᠪᠠᠭᠠᠰᠬᠠᠬᠤ ᠡᠭᠦᠷᠭᠡ ᠶᠢ ᠪᠦᠬᠦ ᠲᠠᠯ᠎ᠠ ᠪᠠᠷ ᠪᠠᠶᠠᠯᠡᠭᠦᠯᠦᠨ᠎ᠠ᠃        ︵ᠳᠣᠯᠤᠭ᠎ᠠ︶ ᠭᠦᠭᠵᠢᠯᠳᠡ ᠶᠢᠨ ᠦᠷ᠎ᠡ ᠪᠦᠲᠦᠭᠡᠯ ᠢ ᠬᠠᠮᠲᠤᠪᠡᠷ ᠡᠳ᠋ᠯᠡᠬᠦ ᠱᠠᠭᠠᠷᠳᠠᠯᠭ᠎ᠠ ᠶᠣᠰᠣᠭᠠᠷ᠂ ᠨᠡᠶᠢᠭᠡᠮ ᠤᠨ ᠠᠵᠢᠯ ᠦᠢᠯᠡᠰ ᠤᠨ ᠬᠦᠭᠵᠢᠯᠲᠡ ᠪᠠ ᠠᠷᠠᠳ ᠤᠨ ᠠᠮᠢᠳᠣᠷᠠᠯ ᠤᠨ ᠭᠢᠷᠢ ᠲᠦᠪᠰᠢᠨ ᠢ ᠣᠯᠠᠮ ᠲᠡᠭᠡᠭᠰᠢᠯᠡᠭᠦᠯᠦᠨ᠎ᠡ᠃        ᠰᠤᠷᠭᠠᠨ ᠬᠦᠮᠦᠵᠢᠯ ᠰᠢᠨᠵᠢᠯᠡᠭᠡ ᠮᠡᠷᠭᠡᠵᠢᠯ ᠤᠨ ᠦᠢᠯᠡᠰ ᠢ ᠤᠷᠢᠳᠠᠪᠠᠷ ᠬᠦᠭᠵᠢᠭᠦᠯᠦᠨ᠎ᠡ᠃ ︽ᠰᠠᠭᠤᠷᠢ ᠰᠣᠷᠭᠠᠨ ᠭᠦᠮᠦᠵᠢᠯ ᠤᠨ ᠶᠠᠰᠣ ᠴᠢᠨᠠᠷ ᠢ ᠪᠦᠬᠦ ᠲᠠᠯ᠎ᠠ ᠪᠠᠷ ᠲᠡᠭᠡᠭᠰᠢᠯᠡᠬᠦᠯᠬᠦ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ︾᠎ ᠶᠢ ᠦᠷᠭᠦᠯᠵᠢᠯᠠᠨ ᠭᠡᠷᠡᠭᠵᠢᠭᠦᠯᠵᠦ᠂ ᠮᠤᠩᠭᠤᠯ ᠳᠤᠮᠳᠠᠳᠤ ᠰᠣᠷᠭᠠᠭᠤᠯᠢ ᠪᠤᠯᠤᠨ ᠶᠡᠷᠦᠩᠬᠡᠶᠢᠯᠡᠭᠰᠡᠨ ᠦᠨᠳᠤᠷ ᠳᠤᠮᠳᠠᠳᠦ ᠰᠤᠷᠭᠠᠭᠤᠯᠢ ᠶᠢᠨ ᠪᠡᠶ᠎ᠡ ᠳᠠᠮᠢᠷ ᠤᠨ ᠤᠷᠳᠤᠨ ᠢ ᠪᠠᠶᠢᠭᠤᠯᠵᠤ᠂ ᠬᠤᠶᠠᠳᠤᠭᠠᠷ ᠪᠠᠭ᠎ᠠ ᠰᠤᠷᠭᠠᠭᠤᠯᠢ ᠶᠢᠨ ᠬᠦᠳᠡᠯᠪᠤᠷᠢ ᠶᠢᠨ ᠳᠠᠯᠠᠪᠤᠷ ᠤᠨ ᠪᠠᠶᠢᠭᠤᠯᠤᠯᠲᠠ ᠶᠢᠨ ᠲᠦᠷᠦᠯ ᠵᠦᠢᠯ ᠢ ᠤᠯᠬᠤ ᠪᠠᠷ ᠴᠢᠷᠮᠠᠶᠢᠨ ᠲᠡᠮᠡᠴᠡᠵᠦ᠂ ᠪᠠᠭᠰᠢ ᠶᠢᠨ ᠡᠩᠨᠡᠭᠡᠨ ᠤ ᠪᠣᠯᠪᠠᠰᠣᠷᠠᠯ ᠪᠠ ᠪᠠᠴᠢᠮ ᠲᠣᠲᠠᠭᠲᠠᠵᠤ ᠪᠠᠶᠢᠭ᠎ᠠ ᠠᠵᠢᠯ ᠤᠨ ᠪᠠᠶᠢᠷᠢ ᠳᠤ ᠪᠠᠭᠰᠢ ᠡᠯᠰᠡᠬᠦ ᠠᠵᠢᠯ ᠢ ᠰᠠᠶᠢᠳᠣᠷ ᠭᠢᠵᠦ᠂ ᠪᠠᠭᠰᠢ ᠶᠢᠨ ᠡᠩᠨᠡᠭᠡᠨ ᠤ ᠶᠡᠷᠦᠩᠭᠡᠶᠢᠯᠡᠭᠰᠡᠨ ᠭᠡᠪ ᠴᠢᠨᠠᠷ ᠢ ᠣᠯᠠᠮ ᠲᠡᠭᠡᠭᠰᠢᠯᠡᠭᠦᠯᠦᠨ᠂ ᠪᠠᠭᠰᠢ ᠶᠢᠨ ᠮᠡᠷᠭᠡᠵᠢᠯ ᠤᠨ ᠴᠣᠯᠠ ᠶᠢ ᠦᠨᠡᠯᠠᠨ ᠤᠷᠢᠵᠤ ᠬᠡᠷᠡᠭᠯᠡᠬᠦ ᠠᠷᠭ᠎ᠠ ᠳᠤ ᠦᠭᠡᠷᠡᠴᠢᠯᠡᠯᠲᠡ ᠬᠢᠵᠤ ᠲᠡᠭᠦᠯᠳᠡᠷᠵᠢᠭᠦᠯᠦᠨ᠂ ᠰᠣᠷᠭᠠᠨ ᠭᠦᠮᠦᠵᠢᠯ ᠤᠨ ᠵᠢᠭᠠᠨ ᠰᠣᠷᠭᠠᠬᠤ ᠶᠠᠰᠣ ᠴᠢᠨᠠᠷ ᠢ ᠯᠠᠪᠳᠠᠭᠤᠨ ᠢᠶᠠᠷ ᠲᠡᠭᠡᠭᠰᠢᠯᠡᠭᠦᠯᠦᠨ᠎ᠡ᠃ ᠰᠢᠨᠵᠢᠯᠡᠭᠡ ᠮᠡᠷᠭᠡᠵᠢᠯ ᠢ ᠲᠡᠯᠭᠡᠷᠡᠭᠦᠯᠬᠦ ᠰᠢᠰᠲ᠋ᠧᠮ ᠢ ᠲᠡᠭᠦᠯᠳᠡᠷᠵᠢᠭᠦᠯᠵᠦ᠂ ᠰᠢᠨ᠎ᠠ ᠮᠡᠷᠭᠡᠵᠢᠯ᠂ ᠰᠢᠨ᠎ᠠ ᠪᠦᠳᠦᠭᠡᠭᠳᠡᠭᠦᠨ ᠢ ᠣᠷᠣᠭᠤᠯᠣᠨ ᠲᠡᠯᠭᠡᠷᠡᠭᠦᠯᠬᠦ ᠭᠦᠴᠦᠯᠠᠴᠠ ᠪᠠᠨ ᠴᠢᠩᠭᠠᠳᠬᠠᠨ᠎ᠠ᠃        ᠰᠣᠶᠣᠯ ᠪᠠᠶ᠎ᠠ ᠲᠡᠮᠢᠷ ᠤᠨ ᠦᠢᠯᠠᠰ ᠤᠨ ᠬᠦᠭᠵᠢᠯᠲᠡ ᠶᠢ ᠲᠦᠷᠭᠡᠳᠬᠡᠨ᠎ᠡ᠃ ᠰᠣᠮᠣ ᠪᠠᠯᠭᠠᠰᠣᠨ ᠤ ᠶᠡᠷᠦᠩᠭᠡᠶᠢᠯᠡᠭᠰᠡᠨ ᠰᠣᠶᠣᠯ ᠤᠨ ᠦᠷᠳᠡᠭᠡ᠂ ᠭᠠᠴᠠᠭᠠᠨ ᠤ ᠰᠣᠶᠣᠯ ᠤᠨ ᠬᠦᠳᠡᠯᠪᠦᠷᠢ ᠶᠢᠨ ᠳᠠᠰᠤᠭ ᠪᠠ ︽ᠲᠠᠯ᠎ᠠ ᠨᠣᠳᠤᠭ ᠤᠨ ᠨᠣᠮ ᠤᠨ ᠦᠷᠦᠭᠡ︾᠎ ᠶᠢᠨ ᠦᠢᠯᠡᠳᠦᠯ ᠢ ᠭᠦᠢᠴᠠᠳ ᠪᠠᠳᠠᠷᠠᠭᠤᠯᠵᠦ᠂ ᠰᠣᠶᠣᠯ ᠰᠣᠷᠠᠭ ᠵᠠᠩᠭᠢ ᠶᠢᠨ ᠡᠭᠢ ᠪᠠᠶᠠᠯᠢᠭ ᠢ ᠬᠠᠮᠳᠣᠪᠠᠷ ᠡᠳ᠋ᠯᠡᠬᠦ ᠢᠨᠵᠧᠨᠧᠷᠢᠩ ᠢ ᠰᠠᠶᠢᠳᠣᠷ ᠭᠡᠷᠡᠭᠵᠢᠭᠦᠯᠦᠨ᠎ᠡ᠃ ︽ᠤᠩᠭᠤᠨ ᠰᠠᠭᠠᠷᠠᠯ︾ ᠪᠦᠵᠢᠭᠲᠦ ᠵᠦᠴᠦᠭᠡ᠂ ︽ᠠᠰᠠᠷ︾ ᠠᠶᠠᠯᠭᠤ ᠶᠢᠨ ᠳᠠᠭᠤᠯᠠᠯᠲᠦ ᠵᠦᠴᠦᠭᠡ᠂ ︽ᠣᠷᠳᠣᠨ ᠤ ᠨᠠᠶᠢᠷᠠᠯ︾ ᠳᠠᠭᠤᠯᠠᠯᠲᠦ ᠵᠦᠴᠦᠭᠡ ᠶᠢ ᠳᠣᠭᠯᠠᠬᠤ ᠭᠢᠷᠢ ᠲᠦᠪᠰᠢᠨ ᠢ ᠣᠯᠠᠮ ᠳᠡᠭᠡᠭᠰᠢᠯᠡᠭᠦᠯᠦᠨ᠎ᠡ᠃ ᠴᠠᠭᠠᠨ ᠰᠦᠯᠳᠠ ᠶᠢᠨ ᠲᠡᠭᠢᠯᠭ᠎ᠠ᠂ ᠰᠢᠳᠠᠷ᠎ᠠ ᠶᠢᠨ ᠣᠷᠣᠯᠳᠣᠭᠠᠨ ᠵᠡᠷᠭᠡ ᠰᠣᠶᠣᠯ ᠲᠠᠮᠢᠷ ᠤᠨ ᠠᠵᠢᠯᠯᠠᠭ᠎ᠠ ᠶᠢ ᠡᠷᠭᠢᠯᠠᠨ ᠶᠪᠣᠭᠳᠠᠭᠤᠯᠣᠨ᠎ᠠ᠃ ᠪᠦᠬᠦ ᠠᠶᠢᠮᠠᠭ ᠤᠨ ᠦᠨᠳᠦᠰᠦᠲᠡᠨ ᠤ ᠬᠤᠪᠴᠠᠰᠤ ᠵᠠᠰᠠᠯ ᠤᠨ ᠤᠷᠤᠯᠳᠤᠭᠠᠨ ᠪᠠ ᠡᠯ᠎ᠡ ᠲᠦᠷᠦᠯ ᠤᠨ ᠲᠠᠮᠢᠷ ᠤᠨ ᠣᠷᠣᠯᠳᠣᠭᠠᠨ ᠢ ᠢᠳᠡᠪᠭᠢᠲᠠᠢ ᠳᠠᠭᠠᠭᠠᠴᠢᠯᠠᠨ ᠡᠷᠬᠢᠯᠡᠵᠤ᠂ ᠪᠦᠬᠦ ᠠᠷᠠᠳ ᠤᠨ ᠪᠠᠶ᠎ᠠ ᠴᠢᠭᠢᠷᠠᠭᠵᠢᠭᠤᠯᠬᠤ ᠪᠠ ᠤᠯᠠᠨ ᠲᠦᠮᠡᠨᠴᠢ ᠰᠤᠶᠤᠯ ᠲᠠᠮᠢᠷ ᠤᠨ ᠠᠵᠢᠯᠯᠠᠭ᠎ᠠ ᠶᠢ ᠵᠣᠭᠢᠶᠠᠨ ᠪᠠᠶᠢᠭᠤᠯᠤᠨ ᠦᠷᠨᠢᠭᠦᠯᠦᠨ᠎ᠡ᠃        ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠠᠵᠢᠯ ᠢ ᠪᠦᠬᠦ ᠲᠠᠯ᠎ᠠ ᠪᠠᠷ ᠭᠦᠭᠵᠢᠭᠦᠯᠦᠨ᠎ᠡ᠃ ᠠᠯᠪᠠᠨ ᠎ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠠᠯᠳᠠ ᠶᠢ ᠲᠦᠯᠭᠢᠨ ᠠᠭᠢᠭᠤᠯᠵᠦ᠂ ᠡᠷᠡᠬᠦᠯ ᠬᠠᠮᠠᠭᠠᠯᠠᠯ ᠤᠨ ᠶᠡᠰᠤ ᠴᠢᠨᠠᠷ ᠢ ᠲᠡᠬᠡᠭᠰᠢᠯᠡᠬᠦᠯᠬᠦ ᠭᠤᠷᠪᠠᠨ ᠵᠢᠯ ᠤᠨ ᠠᠵᠢᠯᠯᠠᠭᠠᠨ ᠤ ᠲᠦᠯᠤᠪᠯᠡᠭᠡ ᠶᠢ ᠬᠦᠨᠵᠡᠬᠡᠢ ᠬᠡᠷᠡᠭᠵᠢᠬᠦᠯᠵᠤ᠂ ᠡᠮ ᠡᠮᠨᠡᠯᠬᠡ ᠶᠢᠨ ᠠᠵᠢᠯᠲᠠᠨ ᠤ ᠪᠤᠯᠪᠠᠰᠤᠷᠠᠯ ᠪᠠ ᠲᠤᠰᠬᠠᠢ ᠮᠡᠷᠬᠡᠵᠢᠯ ᠤᠨ ᠴᠢᠲᠠᠪᠤᠷᠢᠲᠠᠨ ᠢ ᠲᠠᠲᠠᠨ ᠤᠷᠤᠭᠤᠯᠬᠤ ᠶᠢ ᠰᠠᠶᠢᠲᠤᠷ ᠠᠳᠬᠤᠵᠤ᠂ ᠴᠦᠮ᠎ᠡ ᠶᠢᠨ ᠰᠤᠷᠢᠨᠵᠢᠨ ᠳᠡᠷᠪᠢᠯᠲᠡ ᠶᠢᠨ ᠮᠠᠰᠢᠨ᠂ ᠲᠡᠷᠢᠭᠦᠨ ᠤ ᠠᠦ᠋ᠲᠴᠢᠯᠠᠭᠰᠠᠨ ᠮᠠᠰᠢᠨ ᠵᠡᠷᠭᠡ ᠡᠮᠨᠡᠯᠭᠡ ᠶᠢᠨ ᠮᠠᠰᠢᠨ ᠲᠦᠭᠦᠭᠡᠷᠦᠮᠵᠢ ᠶᠢ ᠰᠢᠨᠡᠳᠭᠡᠨ᠂ ᠡᠮ ᠡᠮᠨᠡᠯᠭᠡ ᠶᠢᠨ ᠦᠢᠯᠡᠴᠢᠯᠡᠭᠡᠨ ᠤ ᠶᠠᠰᠣ ᠴᠢᠨᠠᠷ ᠪᠠ ᠭᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠭᠦᠯᠦᠨ᠎ᠡ᠃ ᠮᠣᠩᠭᠤᠯ ᠡᠮᠴᠢ ᠶᠢᠨ ᠳᠣᠰᠬᠠᠢ ᠰᠠᠯᠠᠭᠠᠨ ᠤ ᠪᠠᠶᠢᠭᠤᠯᠣᠯᠳᠠ ᠶᠢ ᠣᠯᠠᠮ ᠲᠡᠭᠦᠯᠳᠡᠷᠵᠢᠭᠦᠯᠦᠨ ᠴᠢᠩᠭᠠᠳᠬᠠᠵᠦ᠂ ᠮᠣᠩᠭᠤᠯ ᠭᠢᠳᠠᠳ ᠡᠮ ᠤᠨ ᠭᠡᠷᠡᠭᠯᠡᠭᠡᠨ ᠤ ᠮᠡᠷᠭᠡᠵᠢᠯ ᠢ ᠲᠡᠯᠭᠡᠷᠡᠭᠦᠯᠬᠦ ᠠᠵᠢᠯ ᠢ ᠰᠠᠶᠢᠳᠣᠷ ᠭᠢᠵᠦ᠂ ᠮᠣᠩᠭᠤᠯ ᠭᠢᠳᠠᠳ ᠡᠮ ᠤᠨ ᠶᠡᠷᠦᠩᠭᠡᠶᠢᠯᠡᠭᠰᠡᠨ ᠦᠢᠯᠡᠴᠢᠯᠡᠭᠡᠨ ᠤ ᠴᠢᠳᠠᠪᠣᠷᠢ ᠶᠢ ᠲᠡᠭᠡᠭᠰᠢᠯᠡᠭᠦᠯᠦᠨ᠎ᠡ᠃ ᠭᠢᠵᠢᠭ ᠡᠪᠡᠳᠴᠢᠨ ᠢ ᠣᠷᠢᠳᠴᠢᠯᠠᠨ ᠰᠠᠷᠭᠡᠶᠢᠯᠡᠬᠦ᠂ ᠡᠭᠡ ᠨᠢᠯᠬᠠᠰ ᠤᠨ ᠡᠷᠡᠭᠦᠯᠵᠢᠯ ᠢ ᠪᠠᠳᠤᠯᠠᠬᠤ ᠪᠠ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠣᠯᠳᠠ ᠶᠢᠨ ᠠᠵᠢᠯ ᠢ ᠣᠯᠠᠮ ᠴᠢᠩᠭᠠᠳᠬᠠᠨ᠎ᠠ᠃ ᠮᠠᠯᠴᠢᠳ ᠲᠤ ᠦᠨ᠎ᠡ ᠲᠦᠯᠦᠪᠦᠷᠢ ᠦᠭᠡᠢ ᠪᠠᠷ ᠪᠡᠶ᠎ᠡ ᠶᠢᠨ ᠪᠠᠶᠢᠴᠠᠭᠠᠯᠳᠠ ᠬᠢᠬᠦ ᠠᠵᠢᠯ ᠢ ᠦᠷᠭᠦᠯᠵᠢᠯᠠᠨ ᠦᠷᠨᠢᠭᠦᠯᠵᠦ᠂ 1000 ᠡᠮ ᠤᠨ ᠬᠠᠶᠢᠷᠴᠠᠭ ᠢ ᠲᠠᠷᠬᠠᠭᠠᠨ᠎ᠠ᠃ ᠣᠯᠣᠰ ᠤᠨ ᠲᠠᠰ ᠤᠨ ᠠᠷᠢᠭᠤᠨ ᠴᠡᠪᠠᠷ ᠬᠤᠳᠠ ᠪᠠᠯᠭᠠᠰᠣ ᠪᠠᠷ ᠮᠡᠳᠡᠭᠦᠯᠬᠦ ᠪᠠᠯᠡᠳᠭᠡᠯ ᠠᠵᠢᠯ ᠢ ᠪᠦᠬᠦ ᠭᠦᠴᠦᠨ ᠢᠶᠠᠷ ᠢᠶᠠᠨ ᠰᠠᠶᠢᠳᠣᠷ ᠭᠢᠨ᠎ᠠ᠃ ᠦᠷᠡᠵᠢᠯ ᠤᠨ ᠲᠦᠷᠦ ᠶᠢᠨ ᠪᠣᠳᠣᠯᠭ᠎ᠠ ᠶᠢ ᠨᠠᠷᠢᠨ ᠭᠢᠨᠠᠮᠠᠭᠠᠢ ᠨᠠᠶᠢᠳᠠᠪᠣᠷᠢᠵᠢᠭᠤᠯᠵᠦ᠂ ᠲᠦᠯᠦᠪᠯᠡᠭᠡᠲᠤ ᠦᠷᠡᠵᠢᠯ ᠤᠨ ᠦᠢᠯᠡᠴᠢᠯᠡᠭᠡᠨ ᠤ ᠠᠵᠢᠯ ᠢ ᠰᠠᠶᠢᠳᠤᠷ ᠬᠢᠵᠤ᠂ ᠭᠦᠮᠦᠨ ᠠᠮᠠ ᠶᠢᠨ ᠭᠡᠪ ᠴᠢᠨᠠᠷ ᠢ ᠲᠡᠭᠡᠭᠰᠢᠯᠡᠭᠦᠯᠦᠨ᠎ᠡ᠃        ᠦᠢᠯᠠᠰ ᠪᠤᠰᠬᠠᠨ ᠠᠵᠢᠯ ᠤᠯᠭᠤᠬᠤ ᠢᠨᠵᠧᠨᠧᠷᠢᠩ ᠢ ᠯᠠᠪᠳᠠᠭᠤᠨ ᠪᠠᠳᠣᠲᠠᠢ ᠲᠦᠯᠭᠢᠨ ᠠᠭᠢᠭᠤᠯᠣᠨ᠎ᠠ᠃ ᠠᠵᠢᠯ ᠤᠯᠭᠤᠯᠲᠠ ᠶᠢᠨ ᠲᠦᠷᠦ ᠶᠢᠨ ᠪᠣᠳᠣᠯᠭ᠎ᠠ ᠶᠢ ᠢᠳᠡᠪᠬᠢᠲᠠᠢ ᠭᠡᠷᠡᠭᠵᠢᠭᠦᠯᠦᠨ᠂ ᠨᠡᠶᠢᠲᠡ ᠶᠢᠨ ᠠᠰᠢᠭᠲᠤ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠬᠦ ᠪᠠ ᠬᠤᠳᠠᠯᠳᠣᠨ ᠠᠪᠴᠦ᠂ ᠠᠵᠢᠯ ᠤᠯᠭᠤᠨ ᠦᠢᠯᠠᠰ ᠪᠤᠰᠬᠠᠬᠤ ᠰᠠᠭᠤᠷᠢᠨ ᠢ ᠪᠠᠶᠢᠭᠤᠯᠵᠦ᠂ ᠶᠡᠭᠡ ᠰᠣᠷᠭᠠᠭᠤᠯᠢ ᠠᠴᠠ ᠲᠡᠭᠦᠰᠦᠭᠰᠡᠨ ᠣᠶᠣᠳᠠᠨ᠂ ᠢᠯᠠᠩᠭᠤᠶ᠎ᠠ ᠮᠣᠩᠭᠤᠯ ᠢᠶᠠᠷ ᠬᠢᠴᠢᠶᠡᠯᠯᠡᠭᠰᠡᠨ ᠪᠠ ᠶᠠᠳᠠᠭᠤ ᠭᠦᠴᠢᠷᠳᠠᠯᠲᠠᠢ ᠭᠡᠷ ᠪᠦᠯᠢ ᠶᠢᠨ ᠲᠡᠭᠦᠰᠦᠭᠰᠡᠨ ᠤᠶᠤᠳᠠᠳ ᠤᠨ ᠠᠵᠢᠯ ᠣᠯᠭᠤᠯᠳᠠ ᠶᠢ ᠠᠬᠢᠭᠤᠯᠤᠨ᠂ ᠬᠤᠳᠠ ᠣᠷᠣᠭᠰᠠᠨ ᠮᠠᠯᠴᠢᠳ ᠪᠠ ᠬᠤᠳᠠ ᠪᠠᠯᠭᠠᠰᠣᠨ ᠤ ᠠᠵᠢᠯ ᠣᠯᠬᠤ ᠳᠤ ᠭᠦᠴᠢᠷᠳᠡᠵᠦ ᠪᠠᠶᠢᠭ᠎ᠠ ᠭᠦᠮᠦᠰ ᠤᠨ ᠠᠵᠢᠯ ᠤᠯᠭᠤᠯᠲᠠ ᠶᠢ ᠨᠢᠭᠡᠳᠦᠯᠲᠠᠢ ᠲᠦᠯᠦᠪᠵᠢᠭᠦᠯᠦᠨ᠎ᠠ᠃ ᠦᠢᠯᠠᠰ ᠪᠤᠰᠬᠠᠬᠤ ᠰᠠᠭᠤᠷᠢ ᠮᠦᠩᠭᠦ ᠶᠢ ᠤᠯᠠᠮ ᠳᠡᠭᠦᠯᠳᠡᠷᠵᠢᠭᠦᠯᠦᠨ᠂ ᠦᠢᠯᠠᠰ ᠪᠤᠰᠬᠠᠬᠤ ᠪᠠᠳᠣᠯᠠᠭᠠᠨ ᠤ ᠵᠢᠭᠡᠯᠡᠯᠭᠡ ᠶᠢ 1000 ᠲᠦᠮᠡᠨ ᠲᠦᠭᠦᠷᠢᠭ ᠳᠠᠷᠬᠠᠭᠠᠵᠤ᠂ 600 ᠭᠦᠮᠦᠨ ᠢ ᠳᠠᠭᠠᠭᠤᠯᠤᠨ ᠠᠵᠢᠯ ᠣᠯᠭᠤᠨ᠎ᠠ᠃ 1000 ᠭᠦᠮᠦᠨ ᠢ ᠮᠡᠷᠭᠡᠵᠢᠯ ᠤᠨ ᠪᠣᠯᠪᠠᠰᠣᠷᠠᠯ ᠳᠤ ᠣᠷᠣᠯᠴᠠᠭᠤᠯᠣᠨ᠂ 120 ᠭᠦᠮᠦᠨ ᠳᠤ ᠦᠢᠯᠠᠰ ᠪᠤᠰᠬᠠᠬᠤ ᠪᠣᠯᠪᠠᠰᠣᠷᠠᠯ ᠬᠦᠷᠳᠡᠭᠡᠨ᠎ᠡ᠃ ᠳᠣᠮᠳᠠ ᠪᠠᠭ᠎ᠠ ᠠᠵᠦ ᠠᠬᠤᠶᠢᠯᠠᠯ ᠤᠨ ᠠᠵᠢᠯ ᠤᠨ ᠪᠠᠶᠢᠷᠢ ᠬᠠᠩᠭᠠᠬᠤ ᠴᠢᠳᠠᠪᠤᠷᠢ ᠶᠢ ᠨᠡᠮᠡᠭᠳᠡᠭᠦᠯᠵᠤ᠂ ᠭᠦᠳᠠᠯᠮᠦᠷᠢᠴᠢᠳ ᠤᠨ ᠦᠪᠡᠷᠳᠡᠭᠡᠨ ᠠᠵᠢᠯ ᠰᠣᠩᠭᠤᠬᠤ᠂ ᠵᠠᠬ᠎ᠠ ᠲᠠᠯᠭᠡᠭᠦᠷ ᠤᠨ ᠲᠣᠭᠢᠷᠠᠭᠤᠯᠭ᠎ᠠ ᠪᠠᠷ ᠠᠵᠢᠯ ᠣᠯᠬᠤ ᠪᠠ ᠵᠠᠰᠠᠭ ᠤᠨ ᠣᠷᠳᠣᠨ ᠠᠴᠠ ᠠᠵᠢᠯ ᠤᠯᠭᠤᠬᠤ ᠶᠢ ᠠᠭᠢᠭᠤᠯᠬᠤ ᠣᠷᠲᠦ ᠬᠤᠭᠤᠴᠠᠭᠠᠨ ᠤ ᠲᠤᠭᠳᠠᠴᠨ ᠶᠢ ᠪᠦᠷᠢᠨᠰᠢᠭᠦᠯᠦᠨ᠎ᠠ᠃ ᠠᠵᠢᠯ ᠣᠯᠣᠭᠠᠳᠤᠢ ᠭᠡᠷ ᠪᠦᠯᠢ ᠳᠤ ᠠᠵᠢᠯ ᠤᠯᠭᠤᠯᠲᠠ ᠶᠢ ᠪᠡᠶᠡᠯᠡᠭᠦᠯᠬᠦ ᠶᠢ ᠪᠠᠳᠤᠯᠠᠨ᠂ ᠬᠤᠳᠠ ᠪᠠᠯᠭᠠᠰᠣᠨ ᠤ 900 ᠭᠦᠮᠦᠨ ᠳᠤ ᠰᠢᠨ᠎ᠠ ᠪᠠᠷ ᠠᠵᠢᠯ ᠣᠯᠭᠤᠵᠦ᠂ ᠬᠤᠳᠠ ᠪᠠᠯᠭᠠᠰᠣᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 3.2%᠎ ᠤᠨ ᠳᠣᠳᠣᠷ᠎ᠠ ᠭᠢᠵᠠᠭᠠᠷᠯᠠᠨ᠎ᠠ᠃        ᠨᠡᠶᠢᠭᠡᠮ ᠤᠨ ᠪᠠᠳᠣᠯᠠᠭᠠᠨ ᠤ ᠰᠢᠰᠲ᠋ᠧᠮ ᠢ ᠣᠯᠠᠮ ᠲᠡᠭᠦᠯᠳᠡᠷᠵᠢᠭᠦᠯᠦᠨ᠎ᠠ᠃ ᠪᠦᠬᠦ ᠠᠷᠠᠳ ᠢᠶᠠᠷ ᠢᠶᠠᠨ ᠪᠠᠳᠣᠯᠠᠭᠠᠨ ᠳᠤ ᠣᠷᠣᠬᠤ ᠲᠦᠯᠦᠪᠯᠡᠭᠡ ᠶᠢ ᠭᠡᠷᠡᠭᠵᠢᠭᠦᠯᠵᠦ᠂ ᠨᠡᠶᠢᠭᠡᠮ ᠤᠨ ᠪᠠᠳᠣᠯᠠᠭᠠᠨ ᠤ ᠪᠦᠷᠬᠦᠴᠨ ᠶᠢᠨ ᠭᠡᠪᠴᠢᠶ᠎ᠡ ᠶᠢ ᠣᠯᠠᠮ ᠦᠷᠭᠡᠳᠭᠡᠨ᠎ᠠ᠃ ᠠᠵᠢᠯ ᠤᠨ ᠪᠠᠶᠢᠷᠢ ᠠᠴᠠ ᠪᠠᠭᠤᠭᠰᠠᠨ ᠠᠵᠢᠯᠳᠠᠨ ᠤ ᠨᠡᠶᠢᠭᠡᠮ ᠤᠨ ᠳᠠᠭᠠᠳᠬᠠᠯ ᠤᠨ ᠨᠦᠬᠦᠪᠦᠷᠢ ᠶᠢ ᠤᠯᠭᠤᠬᠤ ᠠᠵᠢᠯ ᠢ ᠰᠠᠶᠢᠳᠤᠷ ᠬᠢᠨ᠎ᠠ᠃ ᠡᠮ ᠡᠮᠨᠡᠯᠭᠡ ᠶᠢᠨ ᠠᠪᠣᠷᠠᠯᠳᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠠᠷᠠᠳ ᠤᠯᠠᠨ ᠤ ᠡᠮ ᠡᠮᠨᠡᠯᠭᠡ ᠶᠢᠨ ᠲᠠᠷᠣᠭᠠᠰᠣ ᠶᠢ ᠣᠯᠠᠮ ᠬᠦᠩᠭᠡᠷᠡᠭᠦᠯᠦᠨ᠎ᠡ᠃ ᠬᠤᠳᠠ ᠭᠦᠳᠡᠭᠡ ᠶᠢᠨ ᠳᠣᠣᠷ᠎ᠠ ᠪᠠᠳᠣᠯᠠᠭ᠎ᠠ᠂ ᠲᠠᠪᠣᠨ ᠪᠠᠳᠣᠯᠠᠭ᠎ᠠ ᠶᠢᠨ ᠬᠠᠷᠠᠭᠠᠯᠵᠠᠯ᠂ ᠦᠨᠦᠴᠢᠨ ᠭᠡᠣᠭᠡᠳ ᠪᠠ ᠬᠠᠷᠠᠭᠠᠯᠵᠠᠬᠤ ᠬᠦᠷᠳᠡᠬᠦ ᠨᠢᠭᠤᠷᠯᠠᠯ ᠵᠡᠷᠭᠡ ᠬᠦᠮᠦᠰ ᠤᠨ ᠠᠮᠢᠳᠣᠷᠠᠯ ᠤᠨ ᠪᠠᠳᠣᠯᠠᠭᠠᠨ ᠤ ᠪᠠᠷᠢᠮᠵᠢᠶ᠎ᠡ ᠶᠢ ᠦᠷᠭᠦᠯᠵᠢᠯᠠᠨ ᠨᠡᠮᠡᠭᠳᠡᠭᠦᠯᠦᠨ᠎ᠡ᠃ ᠮᠠᠯᠵᠢᠬᠤ ᠤᠷᠤᠨ ᠤ ᠨᠠᠰᠤᠳᠠᠶᠢᠴᠤᠳ ᠤᠨ ᠠᠰᠠᠷᠠᠮᠵᠢ ᠶᠢᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠢᠳᠡᠪᠬᠢᠲᠠᠢ ᠲᠦᠯᠬᠢᠨ ᠠᠬᠢᠭᠤᠯᠤᠨ᠎ᠠ᠃ ᠭᠤᠷᠪᠠᠨ ᠨᠡᠶᠢᠭᠡᠮ ᠳᠣᠭᠤᠷᠢᠭ ᠢ ᠰᠢᠨ᠎ᠠ ᠪᠠᠷ ᠪᠠᠶᠢᠭᠤᠯᠣᠭᠰᠠᠨ ᠠᠯᠪᠠᠯᠠᠬᠤ ᠭᠠᠵᠠᠷ ᠲᠤᠨᠢ ᠨᠡᠭᠦᠯᠭᠡᠬᠦ ᠠᠵᠢᠯ ᠢ ᠪᠡᠶᠡᠯᠡᠭᠦᠯᠵᠤ᠂ ᠨᠡᠶᠢᠭᠡᠮ ᠲᠤᠭᠤᠷᠢᠭ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠬᠢᠷᠢ ᠳᠦᠪᠰᠢᠨ ᠢ ᠳᠡᠭᠡᠭᠰᠢᠯᠡᠭᠦᠯᠦᠨ᠎ᠡ᠃        ᠦᠨᠳᠦᠰᠦᠳᠠᠨ ᠱᠠᠰᠢᠨ ᠰᠣᠷᠳᠠᠬᠤᠨ ᠤ ᠠᠵᠢᠯ ᠢ ᠰᠠᠶᠢᠳᠣᠷ ᠠᠳᠬᠤᠨ᠎ᠠ᠃ ᠦᠨᠳᠤᠰᠤᠳᠠᠨ ᠤ ᠪᠦᠯᠬᠦᠮᠳᠡᠯ ᠳᠠᠪᠰᠢᠯᠲᠠ ᠶᠢ ᠡᠭᠦᠳᠤᠨ ᠪᠠᠶᠢᠭᠤᠯᠬᠤ ᠠᠵᠢᠯᠯᠠᠭ᠎ᠠ ᠶᠢ ᠬᠦᠨᠵᠡᠭᠡᠢ ᠦᠷᠨᠢᠭᠦᠯᠦᠨ᠎ᠡ᠃ ᠴᠦᠭᠡᠨ ᠳᠤᠭᠠᠲᠤ ᠦᠨᠳᠤᠰᠤᠲᠠᠨ ᠤ ᠬᠦᠭᠵᠢᠯᠲᠡ ᠶᠢᠨ ᠪᠡᠯᠨ ᠮᠦᠩᠭᠦᠨ ᠤ ᠲᠦᠷᠦᠯ ᠵᠦᠢᠯ ᠢ ᠲᠡᠮᠡᠴᠡᠨ ᠤᠯᠬᠤ ᠠᠵᠢᠯ ᠢ ᠰᠠᠶᠢᠳᠤᠷ ᠬᠢᠵᠤ᠂ ᠮᠠᠯᠵᠢᠬᠤ ᠤᠷᠤᠨ ᠤ ᠵᠢᠵᠢᠭ ᠬᠦᠢᠳᠡᠨ ᠬᠦᠮᠦᠷᠭᠡ ᠪᠠ ︽ᠮᠠᠯᠴᠢᠨ ᠠᠶᠢᠯ︾ ᠵᠤᠭᠠᠴᠠᠯ ᠤᠨ ᠴᠢᠭ ᠤᠨ ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠳᠡᠮᠵᠢᠨ᠎ᠠ᠃ ᠮᠣᠩᠭᠤᠯ ᠦᠭᠡ ᠬᠡᠯᠡ ᠦᠰᠦᠭ ᠪᠢᠴᠢᠭ ᠤᠨ ᠲᠦᠷᠢᠮᠵᠢᠭᠰᠡᠨ ᠭᠡᠷᠡᠭᠯᠡᠯᠳᠡ ᠬᠠᠮᠢᠶᠠᠷᠣᠯᠳᠠ ᠶᠢ ᠴᠢᠩᠭᠠᠳᠬᠠᠵᠦ᠂ ᠴᠢᠬᠤᠯᠠ ᠪᠢᠴᠢᠭ ᠮᠠᠲ᠋ᠧᠷᠢᠶᠠᠯ ᠳᠤ ᠮᠣᠩᠭᠤᠯ ᠭᠢᠳᠠᠳ ᠬᠡᠯᠡ ᠶᠢ ᠵᠡᠷᠭᠡᠪᠠᠷ ᠭᠡᠷᠡᠭᠯᠡᠬᠦ ᠶᠢ ᠪᠠᠷᠢᠮᠳᠠᠯᠠᠨ᠎ᠠ᠃ ᠱᠠᠰᠢᠨ ᠰᠣᠷᠳᠠᠬᠤᠨ ᠤ ᠭᠡᠷᠡᠭ ᠡᠷᠬᠢᠯᠡᠬᠦ ᠶᠢ ᠬᠠᠣᠯᠢ ᠶᠣᠰᠣᠭᠠᠷ ᠬᠠᠮᠢᠶᠠᠷᠴᠦ᠂ ᠱᠠᠰᠢᠨ ᠰᠤᠷᠳᠠᠬᠤᠨ ᠤ ᠡᠳᠡᠭᠡᠳ ᠪᠠ ᠱᠠᠰᠢᠨ ᠰᠢᠳᠦᠯᠭᠡ ᠲᠠᠢ ᠣᠯᠠᠨ ᠲᠦᠮᠡᠨ ᠤ ᠠᠵᠦ ᠠᠬᠤᠢ ᠨᠡᠶᠢᠭᠡᠮ ᠤᠨ ᠭᠦᠭᠵᠢᠯᠳᠡ ᠳᠤ ᠦᠵᠡᠬᠦᠯᠬᠦ ᠢᠳᠡᠪᠭᠢ ᠦᠢᠯᠡᠳᠣᠯ ᠢ ᠨᠢ ᠪᠠᠳᠠᠷᠠᠭᠤᠯᠣᠨ᠎ᠠ᠃         ︵ᠨᠠᠢᠮᠠ︶ ᠪᠤᠳᠠᠲᠠᠢ ᠶᠢ ᠡᠷᠬᠢᠮᠯᠡᠵᠤ ᠦᠨᠳᠤᠷ ᠦᠷ᠎ᠡ ᠠᠰᠢᠭᠲᠤ ᠲᠠᠢ ᠪᠠᠶᠢᠬᠤ ᠴᠢᠭᠡᠴᠢ ᠵᠠᠰᠠᠭ ᠤᠨ ᠱᠠᠭᠠᠷᠳᠠᠯᠭ᠎ᠠ ᠪᠠᠷ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠣᠯᠳᠠ ᠶᠢ ᠣᠯᠠᠮ ᠴᠢᠩᠭᠠᠳᠬᠠᠨ᠎ᠠ᠃        ᠬᠠᠤᠯᠢ ᠪᠠᠷ ᠬᠤᠰᠢᠭᠤ ᠪᠠᠨ ᠵᠠᠰᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃  ᠬᠠᠤᠯᠢ ᠪᠠᠷ ᠵᠠᠰᠠᠭ ᠶᠠᠪᠤᠭᠤᠯᠬᠤ ᠶᠢ ᠦᠨᠡᠨᠬᠦ ᠲᠦᠯᠬᠢᠨ ᠠᠬᠢᠭᠤᠯᠵᠤ᠂ ᠬᠠᠤᠯᠢ ᠳᠤ ᠲᠤᠭᠳᠠᠭᠠᠭᠰᠠᠨ ᠡᠷᠬᠡ᠂ ᠠᠯᠬᠤᠮ ᠳᠠᠷᠠᠭ᠎ᠠ ᠪᠠ ᠡᠷᠬᠡ ᠡᠭᠦᠷᠭᠡ ᠶᠢᠨ ᠨᠠᠷᠢᠨ ᠳᠠᠩᠰᠠ ᠶᠤᠰᠤᠭᠠᠷ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠬᠦᠢᠴᠡᠳᠭᠡᠨ᠎ᠡ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠶᠢᠨ ᠬᠠᠤᠯᠢ ᠴᠠᠭᠠᠵᠨ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠤᠨ ᠬᠢᠨᠠᠯᠲᠠ ᠶᠢ ᠤᠬᠠᠮᠰᠠᠷ ᠎ ᠠᠴᠠ ᠪᠠᠨ ᠬᠦᠯᠢᠶᠡᠵᠤ᠂ ᠠᠷᠠᠳ ᠤᠨ ᠲᠦᠯᠦᠭᠡᠯᠡᠭᠴᠢᠳ ᠤᠨ ᠰᠠᠨᠠᠯ ᠵᠦᠪᠯᠡᠯᠭᠡ ᠪᠠ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠤᠨ ᠰᠠᠨᠠᠯ ᠳᠤᠷᠠᠳᠤᠯᠭ᠎ᠠ ᠶᠢ ᠨᠠᠷᠢᠨ ᠨᠢᠮᠪᠠᠢ ᠰᠢᠢᠳᠪᠦᠷᠢᠯᠡᠨ᠂ ᠡᠯ᠎ᠡ ᠠᠷᠠᠳᠴᠢᠯᠠᠯᠲᠤ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠨᠠᠮ ᠪᠦᠯᠦᠭ ᠤᠨ ᠪᠤᠰᠤ ᠬᠦᠮᠦᠰ ᠪᠤᠯᠤᠨ ᠠᠷᠠᠳ ᠤᠨ ᠪᠦᠯᠬᠦᠮ ᠤᠨ ᠰᠠᠨᠠᠯ ᠰᠠᠨᠠᠭᠤᠯᠭ᠎ᠠ ᠶᠢ ᠦᠷᠭᠡᠨ ᠢᠶᠠᠷ ᠰᠤᠨᠤᠰᠤᠨ᠎ᠠ᠃        ᠨᠡᠶᠢᠭᠡᠮ ᠤᠨ ᠬᠠᠮᠢᠶᠠᠷᠤᠯᠲᠠ ᠶᠢ ᠪᠦᠬᠦ ᠬᠦᠴᠦᠨ ᠢᠶᠠᠷ ᠴᠢᠩᠭᠠᠳᠬᠠᠨ᠎ᠠ᠃ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠲᠡ ᠶᠢ ᠪᠤᠢ ᠪᠤᠯᠭᠠᠨ ᠦᠢᠯᠡᠳᠦᠯᠭᠡᠵᠢᠭᠦᠯᠬᠦ ᠪᠠᠷ ᠭᠤᠤᠯ ᠱᠤᠭᠤᠮ ᠪᠤᠯᠭᠠᠨ᠂ ︽ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠨ᠂ ᠬᠦᠰᠡᠯ ᠵᠡᠭᠦᠳᠤ ᠪᠠᠨ ᠳᠡᠷᠭᠡᠯᠰᠢᠭᠦᠯᠬᠦ︾ ᠭᠤᠤᠯ ᠰᠡᠳᠤᠪᠲᠤ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠬᠦᠨᠵᠡᠭᠡᠶᠢᠷᠡᠭᠦᠯᠵᠤ᠂ ᠤᠯᠠᠨ ᠲᠦᠮᠡᠨ ᠤ ᠤᠶᠤᠨ ᠤ ᠪᠤᠯᠪᠠᠰᠤᠨ ᠎ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠬᠦᠨᠵᠡᠭᠡᠢ ᠦᠷᠨᠢᠭᠦᠯᠬᠦ ᠶᠢ ᠲᠦᠯᠬᠢᠨ ᠠᠬᠢᠭᠤᠯᠵᠤ᠂ ᠡᠷᠬᠡᠲᠤ ᠠᠷᠠᠳ ᠤᠨ ᠪᠤᠯᠪᠠᠰᠤᠨ ᠤ ᠬᠡᠪ ᠴᠢᠨᠠᠷ ᠪᠠ ᠨᠡᠶᠢᠭᠡᠮ ᠤᠨ ᠪᠤᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠠᠤᠯᠢ ᠪᠠᠷ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠠᠢ ᠦᠷᠨᠢᠭᠦᠯᠵᠤ᠂ ︽ᠲᠤᠯᠤᠳᠤᠭᠠᠷ ᠲᠠᠪᠤᠨ ᠵᠢᠯ︾᠎ ᠤᠨ ᠬᠠᠤᠯᠢ ᠲᠦᠭᠡᠮᠡᠯᠵᠢᠭᠦᠯᠬᠦ ᠠᠵᠢᠯ ᠢ ᠡᠬᠢᠯᠡᠭᠦᠯᠵᠤ᠂ ᠬᠠᠤᠯᠢ ᠴᠠᠭᠠᠵᠨ ᠶᠢᠨ ᠠᠪᠤᠷᠠᠨ ᠳᠤᠰᠠᠯᠠᠬᠤ ᠰᠢᠰᠲ᠋ᠧᠮ ᠢ ᠤᠯᠠᠮ ᠪᠦᠷᠢᠨᠰᠢᠭᠦᠯᠦᠨ᠎ᠡ᠃ ᠭᠠᠵᠠᠷ ᠤᠨ ᠳᠡᠰ ᠤᠨ ᠤᠳᠤᠷᠢᠳᠤᠯᠭ᠎ᠠ ᠶᠢᠨ ᠡᠳᠤᠷ ᠪᠦᠷᠢ  ᠵᠠᠬᠢᠳᠠᠯ ᠰᠤᠷᠪᠤᠯᠵᠢᠯᠠᠭ᠎ᠠ ᠬᠦᠯᠢᠶᠡᠬᠦ ᠪᠠ ︽1328︾ ᠵᠠᠭᠢᠳᠠᠯ ᠰᠣᠷᠪᠣᠯᠵᠢᠯᠠᠭ᠎ᠠ ᠶᠢᠨ ᠠᠵᠢᠯ ᠤᠨ ᠡᠳᠦᠷ ᠤᠨ ᠲᠦᠷᠢᠮ ᠢ ᠦᠷᠭᠦᠯᠵᠢᠯᠡᠨ ᠬᠡᠷᠡᠭᠵᠢᠭᠦᠯᠵᠤ᠂ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠭ᠎ᠠ ᠶᠢᠨ ᠳᠠᠪᠴᠠᠩ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠤᠯᠠᠨ ᠲᠦᠮᠡᠨ ᠤ ᠵᠦᠢ ᠶᠤᠰᠤᠨ ᠤ ᠬᠦᠰᠡᠯ ᠱᠠᠭᠠᠷᠳᠠᠯᠭ᠎ᠠ ᠶᠢ ᠵᠤᠬᠢᠰᠲᠠᠢ ᠰᠢᠢᠳᠪᠦᠷᠢᠯᠡᠬᠦ ᠪᠠ ᠬᠠᠨᠤᠮᠵᠢᠲᠠᠢ ᠬᠠᠷᠢᠭᠤᠯᠲᠠ ᠦᠭᠬᠦ ᠶᠢ ᠪᠠᠳᠤᠯᠠᠵᠤ᠂ ᠵᠠᠭᠢᠳᠠᠯ ᠰᠣᠷᠪᠣᠯᠵᠢᠯᠠᠭ᠎ᠠ ᠶᠢᠨ ᠠᠰᠠᠭᠤᠳᠠᠯ ᠢ ᠡᠭᠢ ᠡᠭᠦᠰᠤᠯ ᠎ ᠠᠴᠠ ᠨᠢ ᠵᠠᠰᠠᠬᠤ ᠠᠵᠢᠯ ᠢ ᠰᠠᠶᠢᠳᠣᠷ ᠠᠳᠬᠤᠵᠦ᠂ ᠵᠠᠭᠢᠳᠠᠯ ᠰᠣᠷᠪᠤᠯᠵᠢᠯᠠᠭ᠎ᠠ ᠶᠢᠨ ᠠᠵᠢᠯ ᠢ ᠬᠠᠣᠯᠢ ᠴᠠᠭᠠᠵᠠ ᠶᠢᠨ ᠠᠯᠬᠤᠮ ᠳᠠᠷᠠᠭ᠎ᠠ ᠳᠤ ᠤᠷᠤᠭᠤᠯᠬᠤ ᠶᠢ ᠵᠢᠯᠤᠭᠤᠳᠤᠨ᠎ᠠ᠃ ᠨᠡᠶᠢᠭᠡᠮ ᠤᠨ ᠵᠦᠷᠢᠴᠠᠯ ᠢ ᠡᠶᠡᠳᠡᠬᠦᠯᠬᠦ ᠶᠢ ᠭᠦᠨᠵᠡᠭᠡᠢ ᠠᠭᠢᠭᠤᠯᠵᠦ᠂ ᠬᠠᠣᠯᠢ ᠶᠣᠰᠣᠭᠠᠷ ᠡᠷᠭᠡ ᠪᠠᠨ ᠬᠠᠮᠠᠭᠠᠯᠠᠬᠤ ᠪᠠ ᠵᠦᠷᠢᠴᠠᠯ ᠢ ᠰᠢᠢᠳᠪᠣᠷᠢᠯᠡᠬᠦ ᠲᠤᠭᠳᠠᠴᠨ ᠶᠢ ᠪᠦᠷᠢᠨᠰᠢᠭᠦᠯᠦᠨ᠂ ᠡᠯ᠎ᠡ ᠲᠦᠷᠦᠯ ᠤᠨ ᠵᠦᠷᠢᠴᠡᠯ ᠵᠢᠭᠤᠷᠭᠠᠨ ᠪᠠ ᠠᠰᠠᠭᠤᠳᠠᠯ ᠢ ᠢᠳᠡᠪᠬᠢᠲᠠᠢ ᠰᠡᠷᠭᠡᠶᠢᠯᠡᠬᠦ ᠪᠠ ᠲᠤᠬᠢᠲᠠᠢ ᠰᠢᠢᠳᠪᠦᠷᠢᠯᠡᠵᠤ᠂ ᠠᠷᠠᠳ  ᠤᠯᠠᠨ ᠤ ᠬᠤᠪᠢ ᠪᠠᠶ᠎ᠠ ᠶᠢᠨ ᠠᠰᠢᠭ ᠳᠣᠰᠠ ᠶᠢ ᠦᠨᠡᠨᠬᠦ ᠬᠠᠮᠠᠭᠠᠯᠠᠵᠦ᠂ ᠢᠳᠡᠪᠬᠢ ᠪᠤᠰᠤ ᠬᠦᠴᠦᠨ ᠵᠦᠢᠯ ᠢ ᠬᠠᠮᠤᠭ ᠶᠡᠭᠡ ᠭᠡᠮᠵᠢᠶ᠎ᠡ ᠪᠠᠷ ᠪᠠᠭᠠᠰᠬᠠᠨ᠎ᠠ᠃ ᠨᠡᠶᠢᠭᠡᠮ ᠤᠨ ᠠᠮᠤᠷ ᠳᠦᠪᠰᠢᠨ ᠢ  ᠶᠡᠷᠦᠩᠭᠡᠶᠢᠯᠡᠨ ᠵᠠᠰᠠᠬᠤ ᠲᠤᠭᠳᠠᠴᠨ ᠶᠢᠨ ᠰᠢᠨ᠎ᠡ ᠶᠢ ᠡᠭᠦᠳᠴᠤ᠂ ᠪᠦᠬᠦ ᠠᠶᠢᠮᠠᠭ ᠤᠨ ᠲᠤᠭ᠎ᠠ ᠪᠠᠷᠢᠮᠳᠠ ᠶᠢ ᠲᠦᠪᠯᠡᠷᠡᠭᠦᠯᠦᠨ ᠬᠠᠮᠢᠶᠠᠷᠬᠤ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠪᠠᠷ ᠲᠤᠯᠭᠠᠭᠤᠷᠢᠯᠠᠨ᠂ ᠨᠡᠶᠢᠭᠡᠮ ᠤᠨ ᠠᠮᠤᠷ ᠢ ᠬᠠᠮᠠᠭᠠᠯᠠᠬᠤ᠂ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠡᠯ᠎ᠡ ᠲᠦᠷᠦᠯ ᠤᠨ ᠬᠠᠤᠯᠢ ᠶᠢ ᠵᠦᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠤᠰᠤᠭᠠᠷ ᠰᠢᠳᠭᠡᠨ᠎ᠡ᠃ ᠨᠡᠶᠢᠭᠡᠮ ᠤᠨ ᠶᠠᠷᠢᠶ᠎ᠡ ᠬᠡᠯᠡᠯᠴᠡᠭᠡᠨ ᠤ ᠪᠠᠶᠢᠳᠠᠯ ᠢ ᠲᠡᠭᠡᠲᠦ ᠭᠡᠮᠵᠢᠶ᠎ᠠ ᠪᠠᠷ ᠬᠠᠯᠠᠮᠵᠢᠯᠠᠨ ᠠᠩᠬᠠᠷᠴᠤ᠂ ᠲᠠᠶᠢᠯᠪᠣᠷᠢᠯᠠᠬᠤ ᠪᠠ ᠵᠢᠯᠣᠭᠤᠳᠬᠤ ᠠᠵᠢᠯ ᠢ ᠴᠠᠭ ᠳᠣᠬᠠᠢ ᠳᠤᠨᠢ ᠰᠠᠶᠢᠳᠣᠷ ᠭᠢᠵᠦ᠂ ᠡᠯ᠎ᠡ ᠵᠦᠢᠯ ᠤᠨ ᠭᠡᠨᠡᠳᠳᠠ ᠶᠢᠨ ᠭᠡᠷᠡᠭ ᠶᠠᠪᠣᠳᠠᠯ ᠢ ᠵᠣᠭᠢᠰᠲᠠᠢ ᠰᠢᠢᠳᠪᠣᠷᠢᠯᠠᠨ᠎ᠠ᠃ ᠭᠠᠮᠰᠢᠭ ᠢ ᠰᠡᠷᠭᠡᠶᠢᠯᠡᠨ ᠬᠤᠬᠢᠷᠠᠯ ᠢ ᠪᠠᠭᠠᠰᠬᠠᠬᠤ ᠴᠢᠳᠠᠪᠤᠷᠢ ᠶᠢᠨ ᠪᠠᠶᠢᠭᠤᠯᠤᠯᠲᠠ ᠎ ᠶᠢ ᠴᠢᠩᠭᠠᠳᠬᠠᠵᠤ᠂ ᠬᠢᠨᠠᠨ ᠬᠡᠮᠵᠢᠵᠤ ᠤᠷᠢᠳᠴᠢᠯᠠᠨ ᠮᠡᠳᠡᠭᠡᠯᠡᠬᠦ ᠪᠠᠴᠢᠮ ᠪᠠᠶᠢᠳᠠᠯ ᠢ ᠠᠷᠭᠠᠴᠠᠭᠠᠬᠤ ᠲᠤᠭᠳᠠᠴᠨ ᠶᠢ ᠪᠦᠷᠢᠨᠰᠢᠭᠦᠯᠵᠤ᠂ ᠴᠠᠭ ᠠᠭᠤᠷ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠶᠤᠯᠭᠦᠢ ᠦᠢᠯᠡᠳᠪᠣᠷᠢᠯᠠᠯ ᠪᠠ ᠢᠳᠡᠭᠡᠨ ᠤᠮᠳᠠᠭᠠᠨ ᠡᠮ ᠤᠨ ᠵᠦᠢᠯᠠᠰ ᠤᠨ ᠠᠮᠣᠷ ᠲᠦᠪᠰᠢᠨ ᠤ ᠠᠵᠢᠯ ᠢ ᠰᠠᠶᠢᠳᠣᠷ ᠠᠳᠬᠤᠵᠦ᠂ ᠭᠢᠨᠠᠨ ᠬᠠᠮᠢᠶᠠᠷᠣᠯᠳᠠ ᠪᠠᠨ ᠴᠢᠩᠭᠠᠳᠬᠠᠨ᠂ ᠭᠡᠮ ᠰᠣᠭᠤᠭ ᠢ ᠪᠠᠶᠢᠴᠠᠭᠠᠬᠤ ᠪᠠ ᠳᠣᠰᠬᠠᠢ ᠲᠦᠷᠦᠯ ᠎ ᠢᠶᠠᠷ ᠴᠡᠭᠴᠡᠯᠡᠬᠦ ᠠᠵᠢᠯ ᠢ ᠨᠠᠷᠢᠨ ᠭᠢᠨᠠᠮᠠᠭᠠᠢ ᠵᠤᠬᠢᠶᠠᠨ ᠪᠠᠶᠢᠭᠤᠯᠤᠨ ᠦᠷᠨᠢᠭᠦᠯᠵᠦ᠂ ᠡᠯ᠎ᠡ ᠲᠦᠷᠦᠯ ᠤᠨ ᠤᠨᠴᠠ ᠬᠦᠨᠳᠤ ᠶᠡᠭᠡ ᠬᠡᠷᠡᠭ ᠣᠴᠢᠷ ᠭᠠᠷᠬᠤ ᠶᠢ ᠡᠷᠡᠰ ᠬᠤᠷᠢᠭᠯᠠᠨ᠎ᠠ᠃        ᠦᠭᠡᠷᠡᠴᠢᠯᠡᠯᠲᠡ ᠶᠢᠨ ᠠᠵᠢᠯ ᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ᠡᠯ᠎ᠡ ᠬᠦᠷᠢᠶ᠎ᠡ ᠴᠠᠷ᠎ᠠ ᠎ ᠳᠠᠬᠢ ᠦᠭᠡᠷᠡᠴᠢᠯᠡᠯᠲᠡ ᠶᠢᠨ ᠭᠤᠤᠯᠳᠠᠯᠭ᠎ᠠ ᠶᠢᠨ ᠲᠤᠭᠤᠷᠢᠨ ᠳᠤ᠂ ᠡᠬᠢ ᠪᠠᠶᠠᠯᠢᠭ ᠤᠨ ᠬᠦᠴᠦᠨ ᠢ ᠨᠢᠭᠡᠳᠤᠯᠲᠠᠢ ᠲᠦᠯᠦᠪᠵᠢᠭᠦᠯᠦᠨ ᠲᠤᠬᠢᠷᠠᠭᠤᠯᠵᠤ᠂ ᠡᠯ᠎ᠡ ᠲᠦᠷᠦᠯ ᠤᠨ ᠦᠭᠡᠷᠡᠴᠢᠯᠡᠯᠲᠡ ᠶᠢᠨ ᠡᠭᠦᠷᠬᠡ ᠶᠢᠨ ᠨᠠᠶᠢᠳᠠᠪᠤᠷᠢᠵᠢᠭᠤᠯᠤᠯᠲᠠ ᠶᠢᠨ ᠠᠬᠢᠴᠨ ᠪᠠᠨ ᠲᠦᠷᠭᠡᠳᠬᠡᠨ᠎ᠡ᠃ ᠡᠭᠦᠨ ᠤ ᠵᠡᠷᠭᠡᠪᠡᠷ᠂ ᠨᠢᠭᠡᠨᠲᠡ ᠲᠤᠭᠳᠠᠭᠠᠭᠰᠠᠨ ᠦᠭᠡᠷᠡᠴᠢᠯᠡᠯᠲᠡ ᠶᠢᠨ ᠲᠦᠷᠢᠮ ᠤᠨ ᠨᠠᠶᠢᠳᠠᠪᠤᠷᠢᠵᠢᠭᠤᠯᠤᠯᠲᠠ ᠶᠢᠨ ᠬᠦᠴᠦᠯᠡᠴᠨ ᠪᠠᠨ ᠴᠢᠩᠭᠠᠳᠬᠠᠵᠤ᠂ ᠡᠯ᠎ᠡ ᠬᠦᠷᠢᠶ᠎ᠡ ᠴᠠᠷ᠎ᠠ ᠳᠠᠬᠢ ᠦᠭᠡᠷᠡᠴᠢᠯᠡᠯᠲᠡ ᠶᠢᠨ ᠡᠭᠦᠷᠭᠡ ᠶᠢ ᠴᠢᠨᠠᠷᠯᠢᠭ ᠪᠡᠶᠡᠯᠡᠭᠦᠯᠦᠨ᠎ᠡ᠃ ᠬᠢᠨᠠᠨ ᠵᠦᠪᠰᠢᠶᠡᠷᠡᠬᠦ ᠶᠠᠪᠤᠴᠨ ᠶᠢ ᠤᠯᠠᠮ ᠰᠢᠯᠢᠳᠡᠭᠵᠢᠭᠦᠯᠵᠤ᠂ ᠬᠢᠨᠠᠨ ᠵᠦᠪᠰᠢᠶᠡᠷᠡᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠡᠳ᠋ ᠎ ᠤᠨ ᠵᠠᠰᠠᠭ ᠭᠠᠶᠢᠯᠢ ᠶᠢᠨ ᠪᠦᠲᠦᠴᠨ ᠶᠢᠨ ᠦᠭᠡᠷᠡᠴᠢᠯᠡᠯᠲᠡ ᠶᠢ ᠬᠦᠨᠵᠡᠭᠡᠶᠢᠷᠡᠭᠦᠯᠵᠤ᠂ ᠪᠦᠬᠦ ᠲᠠᠯ᠎ᠠ ᠪᠠᠷ ᠲᠦᠷᠢᠮᠵᠢᠭᠰᠡᠨ᠂ ᠢᠯᠨ ᠲᠤᠳᠤ ᠳᠦᠰᠦᠪ ᠤᠨ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠦᠨ᠎ᠡ᠃        ᠵᠠᠰᠠᠭ ᠵᠠᠬᠢᠷᠭᠠᠨ ᠤ ᠴᠢᠳᠠᠪᠬᠢ ᠶᠢ ᠱᠠᠭᠠᠷᠳᠠᠨ ᠪᠠᠶᠢᠴᠠᠭᠠᠵᠤ ᠬᠢᠨᠠᠨ ᠰᠢᠯᠭᠠᠬᠤ ᠶᠢ ᠴᠢᠩᠭᠠᠳᠬᠠᠨ᠎ᠠ᠃ ︽ᠭᠤᠷᠪᠠᠨ ᠴᠢᠩᠭ᠎ᠠ ᠭᠤᠷᠪᠠᠨ ᠪᠤᠳᠠᠲᠠᠢ︾ ᠬᠦᠮᠦᠵᠢᠯ ᠤᠨ ᠦᠷ᠎ᠡ ᠪᠦᠲᠦᠮᠵᠢ ᠪᠠᠨ ᠪᠠᠳᠤᠳᠬᠠᠨ ᠬᠦᠨᠵᠡᠭᠡᠶᠢᠷᠡᠭᠦᠯᠵᠤ᠂ ᠤᠯᠤᠰ ᠲᠦᠷᠦ ᠶᠢᠨ ᠤᠬᠠᠮᠰᠠᠷ᠂ ᠪᠦᠬᠦ ᠲᠠᠯ᠎ᠠ ᠶᠢᠨ ᠤᠬᠠᠮᠰᠠᠷ᠂ ᠭᠤᠤᠯᠯᠠᠭᠴᠢ ᠤᠬᠠᠮᠰᠠᠷ ᠪᠠ ᠭᠤᠤᠯᠴᠢ ᠤᠬᠠᠮᠰᠠᠷ ᠎ ᠢᠶᠠᠨ ᠨᠡᠮᠡᠭᠳᠡᠭᠦᠯᠦᠨ᠂ ᠰᠤᠷᠳᠠᠯ ᠪᠠ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠵᠤ᠂ ᠵᠠᠰᠠᠭ ᠵᠠᠬᠢᠷᠭᠠᠨ ᠤ ᠦᠢᠯᠡᠳᠤᠯ ᠴᠢᠳᠠᠪᠬᠢ ᠪᠠ ᠦᠢᠯᠡᠴᠢᠯᠡᠭᠡᠨ ᠤ ᠬᠢᠷᠢ ᠳᠦᠪᠰᠢᠨ ᠢᠶᠠᠨ ᠳᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠴᠢᠬᠤᠯᠨ ᠰᠢᠢᠳᠪᠦᠷᠢᠲᠤ ᠪᠤᠳᠤᠯᠭ᠎ᠠ᠂ ᠭᠤᠤᠯᠳᠠᠯᠭ᠎ᠠ ᠲᠠᠢ ᠲᠦᠷᠦᠯ ᠵᠦᠢᠯ ᠪᠠ ᠭᠤᠤᠯ ᠪᠤᠯᠬᠤ ᠠᠵᠢᠯ ᠳᠠᠬᠢ ᠱᠠᠭᠠᠷᠳᠠᠨ ᠪᠠᠶᠢᠴᠠᠭᠠᠯᠲᠠ ᠪᠠ ᠲᠤᠬᠢᠷᠠᠭᠤᠯᠤᠯᠲᠠ ᠪᠠᠨ ᠴᠢᠩᠭᠠᠳᠬᠠᠨ᠂ ᠪᠤᠳᠠᠲᠠᠢ ᠶᠢ ᠲᠤᠪᠤᠶᠢᠯᠭᠠᠨ᠂ ᠬᠠᠷᠢᠭᠤᠴᠠᠯᠭ᠎ᠠ ᠪᠠᠨ ᠴᠢᠩᠭᠠᠳᠬᠠᠨ᠂ ᠡᠯ᠎ᠡ ᠲᠦᠷᠦᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠵᠠᠰᠠᠭ ᠤᠨ ᠤᠷᠳᠤᠨ ᠤ ᠢᠳᠡᠭᠡᠭᠦᠯᠬᠦ ᠬᠦᠴᠦᠨ ᠪᠠ ᠬᠡᠷᠡᠭᠵᠢᠭᠦᠯᠬᠦ ᠬᠦᠴᠦᠨ ᠢ ᠨᠡᠮᠡᠭᠳᠡᠭᠦᠯᠦᠨ᠎ᠡ᠃ ᠵᠠᠰᠠᠭ ᠤᠨ ᠤᠷᠳᠤᠨ ᠤ ᠴᠢᠳᠠᠪᠬᠢ ᠶᠢ ᠱᠠᠭᠠᠷᠳᠠᠨ ᠪᠠᠶᠢᠴᠠᠭᠠᠵᠤ ᠬᠢᠨᠠᠨ ᠰᠢᠯᠭᠠᠬᠤ ᠶᠢ ᠴᠢᠩᠭᠠᠳᠬᠠᠨ᠂ ᠴᠠᠭ ᠬᠤᠭᠤᠴᠠᠭ᠎ᠠ ᠶᠢ ᠡᠵᠡᠮᠳᠠᠨ᠂ ᠭᠤᠤᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠢ ᠱᠠᠭᠠᠷᠳᠠᠨ ᠪᠠᠶᠢᠴᠠᠭᠠᠵᠤ ᠰᠢᠯᠭᠠᠨ ᠦᠨᠡᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠱᠠᠲᠤ ᠳᠠᠷᠠᠭᠠᠯᠠᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠡᠮᠤᠨ᠎ᠡ ᠡᠩᠨᠡᠭᠡᠨ ᠳᠤ ᠤᠷᠤᠬᠤ ᠬᠠᠷᠠᠯᠲᠠ ᠶᠢ ᠪᠡᠶᠡᠯᠡᠭᠦᠯᠬᠦ ᠶᠢ ᠪᠠᠳᠤᠯᠠᠨ᠎ᠠ᠃        ᠴᠢᠭᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠢ ᠴᠢᠩᠭ᠎ᠠ ᠪᠠᠷ ᠵᠠᠰᠠᠬᠤ ᠬᠠᠷᠢᠭᠤᠴᠠᠯᠭ᠎ᠠ ᠎ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠢᠭᠤᠨ ᠴᠢᠭᠡᠴᠢ ᠎ ᠪᠠᠷ ᠪᠡᠶ᠎ᠡ ᠪᠠᠨ ᠱᠠᠭᠠᠷᠳᠠᠬᠤ ᠪᠠᠷᠢᠮᠵᠢᠶ᠎ᠠ︾᠂ ︽ᠳᠤᠮᠳᠠᠳᠤ ᠤᠯᠤᠰ ᠤᠨ ᠡᠪ ᠬᠠᠮᠳᠤ ᠨᠠᠮ ᠤᠨ ᠰᠠᠬᠢᠯᠭ᠎ᠠ ᠪᠠᠲᠤ ᠎ ᠶᠢᠨ ᠰᠢᠳᠬᠡᠯ ᠦᠭᠬᠦ ᠲᠦᠷᠢᠮ︾᠎ ᠢ ᠴᠢᠩᠭ᠎ᠠ ᠵᠢᠷᠤᠮᠯᠠᠨ᠂ ︽ᠨᠢᠭᠡ ᠠᠵᠢᠯ ᠤᠨ ᠪᠠᠶᠢᠷᠢᠨ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾᠎ ᠶᠢ ᠬᠢᠨᠠᠮᠠᠭᠠᠢ ᠬᠡᠷᠡᠭᠵᠢᠭᠦᠯᠵᠤ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠪᠠ ᠤᠳᠤᠷᠢᠳᠬᠤ ᠺᠠᠳ᠋ᠷ ᠤᠨ ᠠᠷᠢᠭᠤᠨ ᠴᠢᠭᠡᠴᠢ ᠪᠠᠷ ᠵᠠᠰᠠᠭ ᠪᠠᠷᠢᠬᠤ ᠡᠯ᠎ᠡ ᠵᠦᠢᠯ ᠤᠨ ᠲᠦᠷᠢᠮ ᠲᠤᠭᠳᠠᠭᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠ ᠬᠢᠨᠠᠨ ᠪᠤᠳᠤᠵᠤ ᠬᠢᠨᠠᠯᠲᠠ ᠳᠠᠯᠪᠢᠬᠤ ᠲᠦᠷᠢᠮ ᠢ ᠴᠢᠩᠭ᠎ᠠ ᠬᠡᠷᠡᠭᠵᠢᠭᠦᠯᠵᠤ᠂ ᠵᠠᠰᠠᠭ ᠤᠨ ᠤᠷᠳᠤᠨ ᠤ ᠡᠭᠦᠷᠬᠡ ᠴᠢᠳᠠᠪᠬᠢᠲᠤ ᠰᠠᠯᠠᠭ᠎ᠠ ᠮᠦᠴᠢᠷ ᠤᠨ ᠡᠭᠦᠷᠬᠡ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠳᠠᠯ ᠎ ᠳᠤ ᠬᠢᠨᠠᠯᠲᠠ ᠳᠠᠯᠪᠢᠬᠤ ᠶᠢ ᠴᠢᠩᠭᠠᠳᠬᠠᠨ᠂ ᠡᠯ᠎ᠡ ᠲᠦᠷᠦᠯ ᠤᠨ ᠬᠠᠤᠯᠢ ᠲᠦᠷᠢᠮ ᠢ ᠵᠦᠷᠢᠴᠡᠭᠰᠡᠨ ᠬᠡᠷᠡᠭ ᠤᠴᠢᠷ ᠢ ᠴᠢᠩᠭ᠎ᠠ ᠪᠠᠷ ᠪᠠᠶᠢᠴᠠᠭᠠᠨ ᠰᠢᠢᠳᠪᠦᠷᠢᠯᠡᠵᠤ᠂ ︽ᠰᠠᠬᠢᠯᠭ᠎ᠠ ᠪᠠᠲᠤ ᠬᠡᠪ ᠰᠤᠷᠳᠠᠯ ᠢ ᠴᠡᠭᠴᠡᠯᠡᠬᠦ ᠤᠨ︾᠎ ᠤ ᠠᠵᠢᠯᠯᠠᠭ᠎ᠠ ᠶᠢ ᠰᠠᠶᠢᠳᠤᠷ ᠦᠷᠨᠢᠭᠦᠯᠵᠤ᠂ ᠲᠦᠪ ᠭᠤᠤᠯᠴᠢ᠂ ᠠᠷᠢᠭᠤᠨ ᠴᠢᠭᠡᠴᠢ᠂ ᠦᠨᠡᠨ ᠢ ᠪᠠᠷᠢᠮᠳᠠᠯᠠᠨ ᠪᠤᠳᠠᠳᠠᠢ ᠎ ᠶᠢ ᠡᠷᠬᠢᠮᠯᠡᠬᠦ ᠤᠬᠢ ᠰᠠᠶᠢᠨ ᠪᠠᠶᠢᠳᠠᠯ ᠢ ᠪᠤᠢ ᠪᠤᠯᠭᠠᠬᠤ ᠪᠠᠷ ᠴᠢᠷᠮᠠᠶᠢᠨ᠎ᠠ᠃         ᠡᠨᠡ ᠵᠢᠯ ᠠᠷᠠᠳ ᠤᠨ ᠠᠮᠢᠳᠤᠷᠠᠯ ᠤᠨ ᠲᠠᠯ᠎ᠠ ᠪᠠᠷ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ᠂ ︽ᠠᠷᠪᠠ ᠶᠢ ᠪᠦᠷᠬᠦᠭᠦᠯᠬᠦ︾᠂ ᠦᠢᠯᠡᠰ ᠪᠤᠰᠬᠠᠨ ᠠᠵᠢᠯ ᠤᠯᠭᠤᠬᠤ ᠵᠡᠷᠭᠡ ᠢᠨᠵᠧᠨᠧᠷᠢᠩ ᠢ ᠲᠤᠪᠤᠶᠢᠮ᠎ᠠ ᠠᠳᠬᠤᠵᠤ᠂ ᠰᠤᠷᠭᠠᠨ ᠬᠦᠮᠦᠵᠢᠯ᠂ ᠡᠮ ᠡᠮᠨᠡᠯᠭᠡ᠂ ᠤᠷᠤᠨ ᠰᠠᠭᠤᠴᠨ᠂ ᠰᠤᠶᠤᠯ ᠪᠡᠶ᠎ᠡ ᠳᠠᠮᠢᠷ᠂ ᠨᠡᠶᠢᠭᠡᠮ ᠤᠨ ᠪᠠᠳᠤᠯᠠᠭ᠎ᠠ ᠵᠡᠷᠭᠡ ᠠᠵᠢᠯ ᠢ ᠪᠦᠬᠦ ᠲᠠᠯ᠎ᠠ ᠪᠠᠷ ᠰᠠᠶᠢᠳᠤᠷ ᠬᠢᠵᠤ᠂ ᠦᠷᠭᠡᠨ ᠤᠯᠠᠨ ᠲᠦᠮᠡᠨ ᠳᠤ ᠦᠭᠡᠷᠡᠴᠢᠯᠡᠯᠲᠡ ᠬᠦᠭᠵᠢᠯᠲᠡ ᠶᠢᠨ ᠦᠷ᠎ᠡ ᠪᠦᠲᠦᠭᠡᠯ ᠢ ᠡᠳ᠋ᠯᠡᠭᠦᠯᠦᠨ᠎ᠡ᠃        ᠲᠦᠯᠦᠭᠡᠯᠡᠭᠴᠢᠳ ᠡ︕ ᠰᠢᠨ᠎ᠡ ᠬᠡᠪ ᠪᠠᠶᠢᠳᠠᠯ ᠨᠢ ᠰᠢᠨ᠎ᠡ ᠠᠵᠨ ᠳᠤᠬᠢᠶᠠᠯ ᠢ ᠤᠯᠭᠤᠵᠤ᠂ ᠰᠢᠨ᠎ᠡ ᠴᠠᠭ ᠦᠶ᠎ᠡ ᠳᠠᠬᠢ ᠰᠢᠨ᠎ᠡ ᠠᠶᠠᠨ ᠢᠶᠠᠨ ᠡᠬᠢᠯᠡᠭᠦᠯᠪᠠ᠃ ᠪᠢᠳᠡ ᠦᠵᠡᠯ ᠰᠠᠨᠠᠭ᠎ᠠ ᠦᠢᠯᠨ ᠠᠵᠢᠯᠯᠠᠭ᠎ᠠ ᠪᠠᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠤᠯᠤᠨ ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠤ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠤ᠂ ᠪᠦᠯᠭᠦᠮᠳᠡᠨ ᠲᠡᠮᠡᠴᠡᠵᠤ᠂ ᠡᠷᠡᠮᠡᠭᠡᠶᠢᠯᠡᠨ ᠤᠷᠤᠭᠰᠢᠯᠠᠵᠤ᠂ ᠢᠳᠡᠭᠡᠯ ᠵᠤᠷᠢᠭ ᠢᠶᠠᠨ ᠬᠦᠪᠴᠢᠯᠡᠨ᠂ ᠯᠠᠪᠳᠠᠭᠤᠨ ᠪᠠᠳᠤᠲᠠᠢ ᠠᠵᠢᠯᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠨ᠎ᠡ ᠢᠯᠠᠯᠲᠡ ᠶᠢ ᠲᠡᠮᠡᠴᠡᠨ ᠤᠯᠵᠤ᠂ ᠰᠢᠯᠢᠳᠡᠭ ᠠᠮᠵᠢᠯᠲᠠ ᠪᠠᠷ ᠢᠶᠠᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠠᠶᠠᠷᠯᠠᠨ ᠤᠭᠳᠤᠵᠠᠭᠠᠶ᠎ᠠ︕
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号