ᠠ᠊ · ᠤᠳᠼᠠᠷ
ᠨᠡᠶᠢᠲᠡᠯᠡᠭᠰᠡᠨ ᠴᠠᠭ᠄
2017/2/16
       ᠠ᠊ · ᠤᠳᠼᠠᠷ᠂ 1924 ᠤᠨ ᠳᠤ ᠤᠯᠠᠭᠠᠨᠬᠠᠳᠠ ᠬᠤᠳᠠ ᠶᠢᠨ ᠪᠠᠭᠠᠷᠢᠨ ᠪᠠᠷᠠᠭᠤᠨ ᠬᠤᠰᠢᠭᠤᠨ ᠳᠤ ᠳᠦᠷᠦᠵᠠᠢ  ᠃ 1946 ᠤᠨ ᠤ 5 ᠰᠠᠷ᠎ᠠ ᠳᠤ ᠬᠤᠪᠢᠰᠬᠠᠯ ᠳᠤ ᠤᠷᠤᠯᠴᠠᠵᠤ᠂ 1946 ᠤᠨ ᠤ 10 ᠰᠠᠷ᠎ᠠ ᠳᠤ ᠳᠤᠮᠳᠠᠳᠤ ᠤᠯᠤᠰ ᠤᠨ ᠠᠷᠠᠳ ᠤᠨ ᠴᠢᠯᠦᠭᠡᠯᠡᠭᠦ ᠴᠡᠷᠢᠭ ᠲᠤ ᠤᠷᠤᠵᠦ᠂ 1947 ᠤᠨ ᠤ 9 ᠰᠠᠷ᠎ᠠ ᠳᠤ ᠳᠤᠮᠳᠠᠳᠤ ᠤᠯᠤᠰ ᠤᠨ ᠡᠪ ᠬᠠᠮᠳᠤ ᠨᠠᠮ ᠳᠤ ᠡᠯᠰᠡᠭᠳᠡᠪᠡ᠃ ᠤᠷᠢᠳ ᠬᠤᠵᠢᠳ ᠦᠪᠤᠷ ᠮᠤᠩᠭᠤᠯ ᠤᠨ ᠮᠤᠷᠢᠳᠤ ᠴᠡᠷᠢᠭ ᠤᠨ ᠤᠯᠤᠰ ᠳᠦᠷᠦ ᠶᠢᠨ ᠭᠠᠵᠠᠷ ᠤᠨ ᠡᠷᠭᠢᠯᠡᠭᠴᠢ᠂ ᠪᠠᠷᠢᠭᠠᠳ᠋ ᠤᠨ ᠤᠬᠠᠭᠤᠯᠭ᠎ᠠ ᠶᠢᠨ ᠳᠠᠰᠤᠭ ᠤᠨ ᠳᠠᠷᠤᠭ᠎ᠠ᠂ ᠤᠬᠠᠭᠤᠯᠭ᠎ᠠ ᠶᠢᠨ ᠰᠠᠯᠠᠭᠠᠨ ᠤ ᠳᠠᠷᠤᠭ᠎ᠠ᠂ ᠴᠡᠷᠢᠭ ᠤᠨ ᠳᠤᠭᠤᠷᠢᠭ ᠤᠨ ᠤᠷᠠᠯᠢᠭ ᠤᠨ ᠪᠦᠯᠭᠦᠮ ᠤᠨ ᠳᠠᠷᠤᠭ᠎ᠠ ᠵᠡᠷᠭᠡ ᠳᠤᠰᠢᠶᠠᠯ ᠢ ᠡᠭᠦᠷᠭᠡᠯᠡᠵᠦ᠂1957 ᠤᠨ ᠤ 10 ᠰᠠᠷ᠎ᠠ ᠳᠤ ᠴᠡᠷᠢᠭ ᠠᠩᠭᠢ ᠠᠴᠠ ᠬᠠᠯᠠᠭᠳᠠᠭᠰᠠᠨ ᠤ ᠳᠠᠷᠠᠭ᠎ᠠ᠂ ᠦᠪᠤᠷ ᠮᠤᠩᠭᠤᠯ ᠤᠨ ᠵᠤᠭᠢᠶᠠᠯᠴᠢᠳ ᠤᠨ ᠡᠪᠯᠡᠯ ᠤᠨ ᠳᠠᠷᠢᠭᠦᠯᠡᠭᠴᠢ᠂ ᠳᠡᠳ᠋ ᠳᠠᠷᠢᠭᠦᠯᠡᠭᠴᠢ︔ ᠦᠪᠤᠷ ᠮᠤᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠳᠡᠳ᠋ ᠳᠠᠷᠢᠭᠦᠯᠡᠭᠴᠢ᠂ ᠦᠪᠤᠷ ᠮᠤᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠪᠠ ᠦᠪᠤᠷ ᠮᠤᠩᠭᠤᠯ ᠤᠨ ᠵᠤᠭᠢᠶᠠᠯᠴᠢᠳ ᠤᠨ ᠡᠪᠯᠡᠯ ᠤᠨ ᠨᠠᠷ᠎ᠠ ᠭᠦᠨᠳᠤᠳᠤ ᠳᠠᠷᠢᠭᠦᠯᠡᠭᠴᠢ︔ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠭᠡᠰᠢᠭᠦᠨ ᠵᠡᠷᠭᠡ ᠡᠭᠦᠷᠭᠡ ᠳᠤᠰᠢᠶᠠᠯ ᠢ ᠡᠭᠦᠷᠭᠡᠯᠡᠵᠦ ᠶᠠᠪᠤᠪᠠ᠃ ᠳᠤᠮᠳᠠᠳᠤ ᠤᠯᠤᠰ ᠤᠨ ᠵᠤᠭᠢᠶᠠᠯᠴᠢᠳ ᠤᠨ ᠡᠪᠯᠡᠯ ᠤᠨ ᠭᠤᠷᠪᠠᠳᠤᠭᠠᠷ᠂ ᠳᠦᠷᠪᠡᠳᠦᠭᠡᠷ ᠬᠤᠭᠤᠴᠠᠭᠠᠨ ᠤ ᠭᠡᠷᠡᠭ ᠡᠷᠭᠢᠯᠡᠭᠴᠢ᠂ ᠳᠠᠪᠤᠳᠤᠭᠠᠷ᠂ ᠵᠢᠷᠭᠤᠳᠤᠭᠠᠷ ᠬᠤᠭᠤᠴᠠᠭᠠᠨ ᠤ ᠪᠦᠭᠦ ᠤᠯᠤᠰ ᠤᠨ ᠭᠡᠰᠢᠭᠦᠨ᠂ ᠨᠠᠷ᠎ᠠ ᠭᠦᠨᠳᠤᠳᠤ ᠭᠡᠰᠢᠭᠦᠨ ᠪᠠᠶᠢᠪᠠ᠃ 1948 ᠤᠨ ᠠᠴᠠ ᠡᠭᠢᠯᠡᠨ ᠤᠷᠠᠨ ᠵᠤᠭᠢᠶᠠᠯ ᠤᠳᠬ᠎ᠠ ᠤᠷᠠᠯᠢᠭ ᠤᠨ ᠵᠤᠭᠢᠶᠠᠨ ᠪᠦᠳᠦᠭᠡᠯᠭᠡ ᠭᠢᠵᠦ᠂ 1956 ᠤᠨ ᠳᠤ ᠳᠤᠮᠳᠠᠳᠤ ᠤᠯᠤᠰ ᠤᠨ ᠵᠤᠭᠢᠶᠠᠯᠴᠢᠳ ᠤᠨ ᠡᠪᠯᠡᠯ ᠭᠢᠭᠡᠳ ᠳᠤᠮᠳᠠᠳᠤ ᠤᠯᠤᠰ ᠤᠨ ᠰᠢ ᠵᠦᠴᠦᠭᠡᠴᠢᠳ ᠤᠨ ᠨᠡᠶᠢᠭᠡᠮᠯᠢᠭ ᠲᠤ ᠤᠷᠤᠵᠦ᠂ 1984 ᠤᠨ ᠳᠤ ᠤᠯᠤᠰ ᠤᠨ ᠨᠢᠭᠡᠳᠦᠭᠡᠷ ᠳᠡᠰ ᠤᠨ ᠵᠤᠭᠢᠶᠠᠯᠴᠢ ᠪᠠᠷ ᠦᠨᠡᠯᠡᠭᠳᠡᠵᠡᠢ᠃       ᠠ᠊ · ᠤᠳᠼᠠᠷ ᠪᠤᠯ ᠮᠠᠨ ᠤ ᠤᠯᠤᠰ ᠤᠨ ᠤᠳᠤ ᠦᠶ᠎ᠠ ᠶᠢᠨ ᠮᠤᠩᠭᠤᠯ ᠦᠨᠳᠤᠰᠤᠳᠡᠨ ᠤ ᠳᠤᠭᠤᠵᠢᠰ ᠤᠨ ᠵᠤᠭᠢᠶᠠᠯᠴᠢᠳ ᠤᠨ ᠭᠠᠷᠮᠠᠭᠠᠢ ᠳᠦᠯᠦᠭᠡᠯᠡᠭᠴᠢ᠂ ᠮᠤᠩᠭᠤᠯ ᠦᠨᠳᠤᠰᠤᠳᠡᠨ ᠤ ᠰᠢᠨ᠎ᠠ ᠤᠷᠠᠨ ᠵᠤᠭᠢᠶᠠᠯ ᠤᠨ ᠰᠠᠭᠤᠷᠢᠯᠠᠭᠴᠢ ᠶᠢᠨ ᠨᠢᠭᠡ᠂ ︽ᠳᠤᠮᠳᠠᠳᠤ ᠤᠯᠤᠰ ᠤᠨ ᠶᠡᠭᠡ ᠨᠠᠪᠳᠠᠷᠭᠡᠢ ᠳᠤᠯᠢ︾᠎ ᠳᠤ ᠰᠤᠩᠭᠤᠭᠳᠠᠭᠰᠠᠨ ᠵᠤᠭᠢᠶᠠᠯᠴᠢ ᠶᠢᠨ ᠨᠢᠭᠡ ᠪᠤᠯᠤᠨ᠎ᠠ᠃ ᠲᠠᠪᠢᠭᠠᠳ ᠵᠢᠯ ᠤᠨ ᠲᠤᠷᠰᠢ᠂ ᠳᠠᠷᠠ ᠷᠤᠮᠠᠨ᠂ ᠳᠤᠭᠤᠵᠢ᠂ ᠦᠭᠦᠯᠡᠯᠭᠡ᠂ ᠨᠠᠶᠢᠷᠠᠭᠤᠯᠤᠯ᠂ ᠤᠳᠬ᠎ᠠ ᠤᠷᠠᠯᠢᠭ ᠤᠨ ᠤᠨᠤᠯ ᠰᠢᠭᠦᠮᠵᠢ᠂ ᠶᠠᠷᠢᠶᠠᠳᠤ ᠵᠦᠴᠦᠭᠡ᠂ ᠳᠠᠭᠤᠯᠠᠯᠳᠤ ᠵᠦᠴᠦᠭᠡ᠂ ᠺᠢᠨᠤ᠋ ᠎ ᠶᠢᠨ ᠤᠷᠠᠨ ᠵᠤᠭᠢᠶᠠᠯ ᠵᠡᠷᠭᠡ ᠡᠯ᠎ᠠ ᠳᠦᠷᠦᠯ ᠰᠲ᠋ᠧᠯᠢ ᠪᠠᠷ30 ᠳᠡᠪᠳᠡᠷ ᠵᠤᠭᠢᠶᠠᠨ ᠪᠦᠳᠦᠭᠡᠵᠦ᠂ ᠨᠡᠶᠢᠳᠡ ᠦᠰᠦᠭ ᠎ ᠤᠨ ᠲᠤᠭ᠎ᠠ ︵ᠮᠤᠩᠭᠤᠯ᠂ ᠭᠢᠳᠡᠳ ᠭᠡᠯᠡᠨ ᠤ ᠵᠤᠭᠢᠶᠠᠯ ᠪᠦᠷ ᠪᠠᠭᠳᠠᠨ᠎ᠠ︶᠎ ᠨᠢ 800 ᠭᠠᠷᠤᠢ ᠳᠦᠮᠨ ᠭᠦᠷᠴᠡᠢ᠃ ᠨᠠᠨᠳᠢᠩᠨᠠᠭᠤᠰᠢᠳᠠᠢ ᠨᠢ᠂ ᠳᠡᠭᠦᠨ ᠤ ᠵᠤᠭᠢᠶᠠᠯ ᠪᠦᠳᠦᠭᠡᠯ ᠨᠢ ᠴᠦᠮ ᠭᠢᠳᠠᠳ᠂ ᠮᠤᠩᠭᠤᠯ ᠬᠤᠶᠠᠷ ᠭᠡᠯᠡ ᠪᠠᠷ ᠵᠤᠭᠢᠶᠠᠭᠳᠠᠵᠦ ᠭᠡᠪᠯᠡᠭᠳᠡᠭᠰᠨᠨ ᠶᠠᠪᠤᠳᠠᠯ ᠪᠤᠯᠤᠨ᠎ᠠ᠃ ᠡᠭᠦᠨ ᠳᠤ ︽ᠠᠯᠤᠰ ᠤᠨ ᠭᠤᠪᠢ︾᠂ ︽ᠮᠤᠷᠢᠳᠤ ᠴᠡᠷᠢᠭ ᠤᠨ ᠳᠠᠭᠤᠯᠠᠯ︾᠂ ︽ᠰᠠᠷᠠᠨ ᠨᠠᠭᠤᠷ ᠤᠨ ᠭᠡᠦᠭᠡᠨ︾ ᠵᠡᠷᠭᠡ ᠮᠠᠰᠢ ᠤᠯᠠᠨ ᠵᠤᠭᠢᠶᠠᠯ ᠪᠦᠳᠦᠭᠡᠯ ᠨᠢ ᠨᠡᠩ ᠴᠤ ᠦᠷᠭᠡᠨ ᠤᠯᠠᠨ ᠤᠩᠰᠢᠬᠴᠢ ᠶᠢᠨ ᠬᠠᠯᠠᠭᠤᠨ ᠭᠦᠷᠢᠶᠡᠯᠡᠯ ᠢ ᠤᠯᠤᠭᠰᠠᠨ ᠶᠤᠮ᠃ ᠦᠪᠤᠷ ᠮᠤᠩᠭᠤᠯ ᠤᠨ ᠰᠤᠶᠤᠯ ᠤᠨ ᠬᠡᠪᠯᠡᠯ ᠎ ᠤᠨ ᠬᠤᠷᠢᠶ᠎ᠠ ︽ᠠ᠊ · ᠤᠳᠼᠠᠷ ᠤᠨ ᠵᠤᠭᠢᠶᠠᠯ ᠤᠨ ᠳᠡᠭᠦᠪᠤᠷᠢ︾ ᠭᠡᠮᠡᠨ ᠭᠢᠳᠡᠳ ᠢᠶᠠᠷ 12 ᠪᠤᠳᠢ᠂ ᠮᠤᠩᠭᠤᠯ ᠎ ᠢᠶᠠᠷ 10 ᠪᠤᠳᠢ ᠭᠡᠪᠯᠡᠬᠦᠯᠵᠦ᠂ ᠳᠡᠭᠦᠨ ᠤ ᠪᠠᠷᠤᠭ ᠪᠤᠢ ᠪᠦᠬᠦᠢ ᠵᠤᠬᠢᠶᠠᠯ ᠪᠦᠳᠦᠭᠡᠯ ᠢ ᠬᠠᠮᠤᠷᠤᠨ ᠤᠷᠤᠭᠤᠯᠵᠠᠢ᠃      ᠳᠡᠭᠦᠨ ᠤ ᠴᠦᠭᠡᠨ ᠪᠤᠰᠤ ᠵᠤᠭᠢᠶᠠᠯ ᠪᠦᠳᠦᠭᠡᠯ ᠨᠢ ᠠᠩᠭ᠍ᠯᠢ᠂ ᠹᠷᠠᠨᠼᠢ᠂ ᠶᠠᠫᠤᠨ᠂ ᠢᠲ᠋ᠠᠯᠢ᠂ ᠬᠠᠰᠠᠭ᠂ ᠰᠤᠯᠤᠩᠭᠤᠰ ᠭᠡᠯᠠᠨ ᠳᠤ ᠤᠷᠴᠢᠭᠤᠯᠤᠭᠳᠠᠭᠰᠨᠨ ᠪᠠ ᠺᠢᠷᠢᠯ ᠦᠰᠦᠭ ᠲᠤ ᠭᠦᠷᠪᠡᠭᠦᠯᠦᠭᠳᠡᠵᠦ᠂ ᠤᠯᠤᠰ ᠤᠨ ᠳᠤᠳᠤᠭᠠᠳᠤ ᠭᠠᠳᠠᠭᠠᠳᠤ ᠳᠤ ᠭᠡᠪᠯᠡᠭᠳᠡᠨ ᠳᠠᠷᠬᠠᠭᠠᠭᠳᠠᠵᠠᠢ᠃ ᠡᠨᠡ ᠨᠢ ᠦᠪᠠᠷᠳᠡᠭᠡᠨ ᠵᠠᠰᠠᠬᠤ ᠤᠷᠤᠨ ᠤ ᠤᠳᠬ᠎ᠠ ᠵᠤᠭᠢᠶᠠᠯ ᠤᠨ ᠦᠢᠯᠡᠰ ᠤᠨ ᠴᠡᠴᠡᠭᠯᠡᠯ ᠮᠠᠨᠳᠤᠯ ᠳᠤ ᠳᠤᠪᠤᠶᠢᠮ᠎ᠠ ᠵᠢᠳᠭᠦᠯ ᠦᠵᠡᠭᠦᠯᠵᠦ᠂ ᠡᠭᠡ ᠤᠯᠤᠰ ᠤᠨ ᠦᠨᠳᠤᠰᠤᠳᠡᠨ ᠤ ᠤᠷᠠᠨ ᠵᠤᠭᠢᠶᠠᠯ ᠤᠨ ᠳᠡᠦᠭᠡᠨ ᠳᠤ ᠭᠦᠨᠳᠤᠭᠡᠨ ᠵᠢᠩ ᠲᠠᠢ ᠬᠠᠭᠤᠳᠠᠰᠤ ᠶᠢ ᠨᠡᠮᠡᠷᠢᠯᠡᠵᠡᠢ᠃      ᠦᠪᠠᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 50 ᠵᠢᠯ ᠤᠨ ᠤᠢ ᠶᠢᠨ ᠦᠶ᠎ᠠ ᠳᠤ ᠳᠠᠷᠠ ᠦᠪᠠᠷᠳᠡᠭᠡᠨ ᠵᠠᠰᠠᠬᠤ ᠤᠷᠤᠨ ᠤ ᠤᠳᠬ᠎ᠠ ᠵᠤᠭᠢᠶᠠᠯ ᠤᠷᠠᠯᠢᠭ ᠤᠨ ᠬᠠᠮᠤᠭ ᠤᠨ ᠦᠨᠳᠤᠷ ᠱᠠᠩᠨᠠᠯ — ᠠᠩᠬᠠᠳᠤᠭᠠᠷ ᠬᠤᠭᠤᠴᠠᠭᠠᠨ ᠤ ︽ᠳᠤᠪᠤᠶᠢᠮ᠎ᠠ ᠬᠤᠪᠢ ᠨᠠᠮᠠᠷᠢ ᠶᠢᠨ ᠱᠠᠩᠨᠠᠯ︾᠎ ᠢ ᠭᠦᠷᠳᠡᠪᠠ᠃ ᠠ᠊ · ᠤᠳᠼᠠᠷ ᠭᠤᠸᠠᠢ ᠱᠠᠩᠨᠠᠯ ᠤᠨ ᠮᠦᠩᠭᠦ ᠪᠠᠨ ᠪᠦᠭᠦᠨ ᠢ ᠦᠪᠤᠷ ᠮᠤᠩᠭᠤᠯ ᠤᠨ ᠤᠳᠬ᠎ᠠ ᠤᠷᠠᠯᠢᠭ ᠤᠨ ᠰᠠᠭᠤᠷᠢ ᠮᠦᠩᠭᠦᠨ ᠤ ᠨᠠᠶᠢᠭᠡᠮᠯᠢᠭ ᠲᠤ ᠡᠷᠭᠦᠵᠤ᠂ ᠰᠠᠭᠤᠷᠢ ᠮᠦᠩᠭᠦᠨ ᠤ ᠨᠡᠶᠢᠭᠡᠮᠯᠢᠭ ᠨᠢ ᠳᠡᠭᠦᠨ ᠤ ᠨᠠᠷ᠎ᠠ ᠪᠠᠷ ᠨᠠᠷᠠᠶᠢᠳᠦᠭᠰᠡᠨ ︽ᠠ᠊ · ᠤᠳᠼᠠᠷ ᠤᠳᠬ᠎ᠠ ᠵᠤᠭᠢᠶᠠᠯ ᠤᠨ ᠱᠠᠩᠨᠠᠯ︾᠎ ᠢ ᠭᠠᠷᠭᠠᠵᠠᠢ᠃
 
ᠢᠷᠡᠯᠲᠡ᠄ ᠳᠣᠮᠳᠠᠲᠦ ᠣᠯᠣᠰ ᠶᠢᠨ ᠮᠤᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号