ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠠᠯᠴᠢᠨ ᠳᠠᠷᠢᠶᠠᠴᠢᠨ ᠤ ᠬᠤᠷᠰᠢᠶᠠᠵᠢᠯ ᠬᠦᠭᠵᠢᠬᠡᠳ 416  ᠡᠷᠦᠬᠡ ᠪᠤᠯᠪᠠ
ᠨᠡᠶᠢᠲᠡᠯᠡᠭᠰᠡᠨ ᠴᠠᠭ᠄
2017/2/20
     ᠪᠠᠶᠠᠨᠬᠤᠰᠢᠭᠤ ᠶᠢᠨ ᠮᠡᠳᠡᠭᠡ ᠨᠢᠳᠤᠨᠤᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠮᠠᠯ ᠠᠵᠤ ᠠᠬᠤᠢ  ᠳᠠᠷᠢᠶᠠᠯᠠᠩ ᠤᠨ ᠬᠦᠭᠵᠢᠯᠲᠡ ᠶᠢ ᠠᠬᠢᠭᠤᠯᠵᠤ᠂ ᠮᠠᠯᠴᠢᠨ ᠳᠠᠷᠢᠶᠠᠴᠢᠨ ᠤ ᠤᠷᠤᠯᠭ᠎ᠠ ᠶᠢ ᠨᠡᠮᠡᠭᠳᠡᠬᠦᠯᠬᠦ ᠪᠠᠷ ᠪᠦᠲᠦᠮᠵᠢᠲᠡᠢ ᠠᠷᠭ᠎ᠠ  ᠭᠡᠮᠵᠢᠶ ᠎ᠡ ᠠᠪᠴᠦ᠂ ᠮᠠᠯᠵᠢᠬᠤ ᠳᠠᠷᠢᠶᠠᠯᠠᠬᠤ ᠤᠷᠤᠨ ᠤ ᠳᠤᠰᠬᠠᠢ ᠬᠤᠷᠰᠢᠶ᠎ᠠ ᠶᠢᠨ ᠬᠦᠭᠵᠢᠯᠲᠡ ᠶᠢ ᠳᠦᠷᠭᠡᠳᠭᠡᠵᠤ᠂ ᠪᠦᠬᠦ  ᠬᠤᠰᠢᠭᠤᠨ ᠤ ᠠᠵᠤ ᠠᠬᠤᠢ ᠨᠡᠶᠢᠬᠡᠮ ᠤᠨ ᠳᠦᠷᠭᠡᠨ ᠬᠦᠭᠵᠢᠯᠲᠡ ᠶᠢ ᠠᠬᠢᠭᠤᠯᠤᠨ᠂ ᠮᠠᠯᠴᠢᠨ ᠳᠠᠷᠢᠶᠠᠴᠢᠨ ᠤ ᠬᠤᠷᠰᠢᠶ᠎ᠠ ᠬᠦᠭᠵᠢᠬᠡᠳ  416 ᠡᠷᠦᠬᠡ ᠪᠤᠯᠪᠠ᠃            ᠳᠤᠰ ᠬᠤᠰᠢᠭᠤ ᠨᠢ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠰᠠᠭᠠᠳ ᠦᠬᠡᠢ ᠵᠠᠮ ᠢ ᠨᠡᠬᠡᠬᠡᠵᠤ᠂ ᠳᠠᠧᠠᠷ ᠤᠨ  ᠳᠦᠷᠦᠯ ᠳᠡᠮᠳᠡᠭ ᠢᠶᠠᠷ ᠮᠠᠯ ᠠᠵᠤ ᠠᠬᠤᠢ ᠳᠠᠷᠢᠶᠠᠯᠠᠩ ᠢ ᠬᠦᠭᠵᠢᠬᠦᠯᠬᠦ ᠵᠡᠷᠭᠡ ᠠᠷᠭ᠎ᠠ ᠠᠪᠴᠦ᠂ ᠦᠷᠭᠡᠨ ᠤᠯᠠᠨ ᠮᠠᠯᠴᠢᠨ  ᠳᠠᠷᠢᠶᠠᠴᠢᠨ ᠤ ᠦᠪᠡᠷ ᠤᠨ ᠰᠠᠶᠢᠨ ᠳᠤᠷ᠎ᠠ ᠠᠴᠠ ᠪᠠᠨ ᠳᠤᠰᠬᠠᠢ ᠬᠤᠷᠰᠢᠶ᠎ᠠ ᠪᠠᠶᠢᠭᠤᠯᠬᠤ ᠶᠢ ᠢᠳᠡᠪᠬᠢᠲᠡᠢ ᠪᠠᠷ ᠵᠤᠷᠢᠬᠵᠢᠭᠤᠯᠤᠨ᠂  ᠳᠤᠰᠬᠠᠢ ᠬᠤᠷᠰᠢᠶ᠎ᠠ ᠶᠢᠨ ᠬᠦᠭᠵᠢᠯᠲᠡ ᠳᠤ ᠰᠠᠶᠢᠨ ᠰᠠᠶᠢᠬᠠᠨ ᠬᠦᠭᠵᠢᠯᠲᠡ ᠶᠢᠨ ᠤᠷᠴᠢᠨ ᠢ ᠬᠠᠨᠭ᠍ᠭᠠᠪᠠ᠃ ᠨᠢᠳᠤᠨᠤᠨ᠂ ᠳᠤᠰ  ᠬᠤᠰᠢᠭᠤᠨ ᠤ ᠮᠠᠯᠴᠢᠨ ᠳᠠᠷᠢᠶᠠᠴᠢᠨ ᠤ ᠳᠤᠰᠬᠠᠢ ᠬᠤᠷᠰᠢᠶ᠎ᠠ ᠰᠢᠨ᠎ᠡ ᠪᠠᠷ 41 ᠡᠷᠦᠬᠡ ᠨᠡᠮᠡᠭᠳᠡᠵᠤ᠂ ᠳᠤᠰᠬᠠᠢ ᠬᠤᠷᠰᠢᠶ᠎ᠠ ᠶᠢᠨ  ᠭᠡᠰᠢᠬᠦᠳ 4000 ᠬᠦᠮᠦᠨ ᠢ ᠳᠠᠪᠠᠵᠠᠢ᠃ ᠡᠬᠦᠨ ᠤ ᠬᠠᠮᠳᠤ᠂ ᠳᠤᠰ ᠬᠤᠰᠢᠭᠤ ᠨᠢ ᠮᠠᠯᠵᠢᠬᠤ ᠳᠠᠷᠢᠶᠠᠯᠠᠬᠤ ᠤᠷᠤᠨ ᠳᠤ  ᠬᠦᠨᠵᠡᠬᠡᠶᠢᠷᠡᠨ᠂ ᠬᠠᠤᠯᠢ ᠴᠠᠭᠠᠵᠠ ᠳᠦᠷᠢᠮ ᠳᠤᠭᠳᠠᠭᠠᠯ ᠤᠨ ᠤᠬᠠᠭᠤᠯᠭ᠎ᠠ ᠶᠢ ᠦᠷᠨᠢᠬᠦᠯᠵᠤ᠂ ᠮᠠᠯᠴᠢᠨ ᠳᠠᠷᠢᠶᠠᠴᠢᠨ ᠤ ᠳᠤᠰᠬᠠᠢ  ᠬᠤᠷᠰᠢᠶ᠎ᠠ ᠶᠢᠨ ᠳᠦᠷᠢᠮᠵᠢᠭᠰᠡᠨ ᠡᠵᠡᠩᠨᠡᠯᠲᠡ ᠪᠠ ᠬᠠᠮᠢᠶᠠᠷᠤᠯᠳᠠ ᠶᠢ ᠵᠢᠯᠤᠭᠤᠳᠬᠤ ᠶᠢᠨ ᠳᠠᠭᠠᠤ ᠳᠤᠰᠬᠠᠢ ᠬᠤᠷᠰᠢᠶ᠎ᠠ ᠶᠢ  ᠳᠠᠩᠰᠠᠯᠠᠭᠤᠯᠬᠤ ᠳᠤ ᠰᠠᠭᠠᠳ ᠦᠬᠡᠢ ᠵᠠᠮ ᠢ ᠨᠡᠭᠡᠭᠡᠨ ᠦᠭᠴᠦ᠂ ᠳᠡᠮᠳᠡᠭᠯᠡᠨ ᠳᠠᠩᠰᠠᠯᠠᠬᠤ ᠶᠠᠪᠤᠴᠠ ᠶᠢ ᠴᠤᠮᠬᠠᠳᠬᠠᠨ᠂ ᠬᠡᠷᠡᠴᠢ  ᠦᠨᠡᠮᠯᠡᠯ ᠡᠷᠬᠢᠯᠡᠬᠦ ᠬᠤᠭᠤᠴᠠᠭ᠎ᠠ ᠶᠢ ᠪᠠᠭᠠᠰᠬᠠᠵᠤ᠂ ᠬᠦᠴᠢᠷᠳᠡᠯ ᠠᠰᠠᠭᠤᠳᠠᠯ ᠢ ᠨᠢ ᠴᠠᠭ ᠳᠤᠬᠠᠢ ᠳᠤᠨᠢ ᠰᠢᠢᠳᠪᠦᠷᠢᠯᠡᠨ ᠦᠭᠴᠦ᠂ ︽ ᠳᠠᠭᠠᠭᠤᠯᠤᠭᠴᠢ ᠠᠵᠤ ᠠᠬᠤᠶᠢᠯᠠᠯ + ᠬᠤᠷᠰᠢᠶ᠎ᠠ + ᠮᠠᠯᠴᠢᠨ ᠳᠠᠷᠢᠶᠠᠴᠢᠨ ᠡᠷᠦᠬᠡ︾ ᠶᠢᠨ ᠡᠵᠡᠩᠨᠡᠯᠲᠡ ᠶᠢᠨ ᠬᠡᠪ ᠵᠠᠭᠪᠤᠷ ᠢᠶᠠᠷ  ᠦᠷᠭᠡᠨ ᠤᠯᠠᠨ ᠮᠠᠯᠴᠢᠨ ᠳᠠᠷᠢᠶᠠᠴᠢᠨ ᠤ ᠤᠷᠤᠯᠭ᠎ᠠ ᠶᠢ ᠨᠡᠮᠡᠭᠳᠡᠬᠦᠯᠵᠤ ᠪᠠᠶᠢᠨ᠎ᠠ᠃                  ᠴᠢᠩ ᠯᠢᠨ
 
ᠢᠷᠡᠯᠲᠡ᠄ ᠦᠪᠦᠷ ᠮᠣᠩᠭᠤᠯ ᠤᠨ ᠮᠤᠩᠭᠤᠯ ᠰᠤᠨᠢᠨ ᠰᠦᠯᠵᠢᠶ᠎ᠡ ᠶᠢᠨ ᠬᠤᠯᠪᠤᠭ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号