ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠠᠩᠬᠠᠳᠤᠭᠠᠷ ᠬᠤᠭᠤᠴᠠᠭᠠᠨ ᠤ ᠲᠡᠮᠡᠭᠡᠨ ᠤ  ᠤᠷᠤᠯᠳᠤᠭᠠᠨ ᠵᠢᠴᠢ ᠰᠥᠨᠢᠳ ᠪᠠᠷᠠᠭᠤᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠲᠡᠮᠡᠭᠡᠨ  ᠰᠤᠶᠤᠯ ᠤᠨ ᠨᠠᠶᠢᠷ ᠥᠪᠡᠳᠡᠭᠰᠢ ᠶᠠᠬᠡᠪᠡᠷ ᠶᠠᠪᠤᠭᠳᠠᠪᠠ
ᠨᠡᠶᠢᠲᠡᠯᠡᠭᠰᠡᠨ ᠴᠠᠭ᠄
2017/2/21
       ︵ᠤᠨᠴᠠ ᠤᠷᠢᠭᠰᠠᠨ ᠰᠤᠷᠪᠤᠯᠵᠢᠯᠠᠭᠴᠢ ᠳᠠᠮᠤᠴᠢ︶ ᠭᠤᠨᠠᠨ ᠥᠬᠡᠷ ᠤᠨ ᠡᠪᠡᠷ ᠬᠠᠭ᠎ᠠ ᠬᠥᠯᠳᠡᠮ᠎ᠡ ᠭᠤᠷᠪᠠ  ᠶᠢᠰᠥ ᠶᠢᠨ ᠬᠤᠶᠠᠳᠤᠭᠠᠷ ᠡᠳᠥᠷ᠂ 1 ᠳ᠋ᠤᠭᠡᠷ ᠰᠠᠷ᠎ᠠ ᠶᠢᠨ 9 ᠤ ᠡᠳᠥᠷ᠂ ᠮᠠᠠ ᠤ ᠠᠶᠢᠮᠠᠭ ᠤᠨ ᠰᠥᠨᠢᠳ ᠪᠠᠷᠠᠭᠤᠨ  ᠬᠤᠰᠢᠭᠤᠨ ᠳᠤ ᠮᠥᠡᠭᠭᠦᠨ ᠡᠪᠥᠯ ᠤᠨ ᠪᠠᠶᠠᠷ ᠨᠠᠭᠠᠳᠤᠮ ᠲᠡᠯᠭᠡᠭᠳᠡᠵᠥ᠂ ᠥᠪᠥᠷ ᠮᠤᠩᠭᠤᠯ ᠤᠨ ᠥᠪᠡᠷᠳᠡᠭᠡᠨ ᠵᠠᠰᠠᠬᠤ  ᠤᠷᠤᠨ ᠤ ᠠᠩᠬᠠᠳᠤᠭᠠᠷ ᠬᠤᠭᠤᠴᠠᠭᠠᠨ ᠤ ᠲᠡᠮᠡᠭᠡᠨ ᠤ ᠤᠷᠤᠯᠳᠤᠭᠠᠨ ᠵᠢᠴᠢ ᠰᠥᠨᠢᠳ ᠪᠠᠷᠠᠭᠤᠨ ᠬᠤᠰᠢᠭᠤᠨ ᠤ ᠠᠷᠪᠠᠨ  ᠨᠢᠭᠡᠳᠥᠭᠡᠷ ᠬᠤᠭᠤᠴᠠᠭᠠᠨ ᠤ ᠲᠡᠮᠡᠭᠡᠨ ᠰᠤᠶᠤᠯ ᠤᠨ ᠨᠠᠶᠢᠷ ᠥᠪᠡᠳᠡᠭᠰᠢ ᠶᠡᠭᠡᠪᠠᠷ ᠬᠥᠰᠢᠭᠡ ᠪᠠᠨ ᠰᠡᠭᠦᠭᠰᠡᠨ ᠪᠠᠶᠢᠨ᠎ᠠ᠃  ᠲᠤᠰ ᠨᠠᠶᠢᠷ ᠨᠢ 1 ᠳ᠋ᠤᠭᠡᠷ ᠰᠠᠷ ᠎ᠠ ᠶᠢᠨ 9 ᠠᠴᠠ 11 ᠤ ᠡᠳᠦᠷ ᠪᠤᠯᠲᠠᠯ᠎ᠠ ᠭᠤᠷᠪᠠᠨ ᠡᠳᠦᠷ ᠤᠨ ᠬᠤᠭᠤᠴᠠᠭ᠎ᠠ ᠲᠠᠢ  ᠶᠠᠪᠤᠭᠳᠠᠭᠰᠠᠨ ᠪᠠᠶᠢᠨ᠎ᠠ᠃                 ᠰᠥᠨᠢᠳ ᠪᠠᠷᠠᠭᠤᠨ ᠬᠤᠰᠢᠭᠤ ᠨᠢ ᠥᠨᠳᠥᠰᠥᠳᠡᠨ ᠤ ᠤᠤᠷ ᠵᠤᠵᠠᠭᠠᠨ ᠤᠯᠠᠮᠵᠢᠯᠠᠯᠳᠤ ᠰᠤᠶᠤᠯ ᠤᠨ ᠤᠬᠢ ᠶᠢ  ᠠᠭᠤᠳᠠᠯᠯᠠᠨ ᠨᠡᠭᠡᠭᠡᠵᠥ᠂ ᠭᠠᠵᠠᠷ ᠤᠷᠤᠨ ᠤ ᠥᠷᠢᠰᠥᠯᠳᠥᠬᠦ ᠬᠥᠴᠥᠨ ᠢ ᠴᠢᠩᠭᠠᠷᠠᠭᠤᠯᠵᠤ᠂ ᠡᠪᠥᠯ ᠤᠨ ᠤᠯᠠᠷᠢᠯ ᠤᠨ  ᠵᠤᠭᠠᠴᠠᠯ ᠤᠨ ᠨᠡᠷᠡᠳᠥ ᠲᠡᠮᠳᠡᠭ ᠢ ᠡᠭᠦᠳᠴᠥ᠂ ᠰᠥᠨᠢᠳ ᠪᠠᠷᠠᠭᠤᠨ ᠬᠤᠰᠢᠭᠤᠨ ᠤ ᠡᠶ᠎ᠡ ᠵᠤᠬᠢᠴᠠᠯᠳᠤ ᠬᠥᠭᠵᠢᠯᠳᠡ ᠶᠢ  ᠠᠬᠢᠭᠤᠯᠬᠤ ᠳᠤ ᠲᠥᠯᠬᠢᠴᠡ ᠬᠥᠴᠥᠨ ᠪᠤᠯᠭᠠᠬᠤ ᠵᠤᠷᠢᠯᠭ᠎ᠠ ᠪᠠᠷ ᠮᠥᠡᠭᠭᠦᠨ ᠡᠪᠥᠯ ᠤᠨ ᠲᠡᠮᠡᠭᠡᠨ ᠰᠤᠶᠤᠯ ᠤᠨ  ᠨᠠᠭᠠᠳᠤᠮ ᠢ ᠠᠷᠪᠠᠨ ᠨᠢᠭᠡᠳᠡᠬᠢ ᠤᠳᠠᠭ᠎ᠠ ᠪᠠᠨ ᠡᠷᠬᠢᠯᠡᠨ ᠶᠠᠪᠤᠭᠳᠠᠭᠤᠯᠵᠤ ᠪᠠᠶᠢᠭ᠎ᠠ ᠶᠤᠮ᠃            ᠲᠤᠰ ᠤᠳᠠᠭᠠᠨ ᠤ ᠲᠡᠮᠡᠭᠡᠨ ᠤ ᠤᠷᠤᠯᠳᠤᠭᠠᠨ ᠪᠠ ᠲᠡᠮᠡᠭᠡᠨ ᠰᠤᠶᠤᠯ ᠤᠨ ᠨᠠᠶᠢᠷ ᠨᠠᠭᠠᠳᠤᠮ ᠢ ᠥᠪᠥᠷ  ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠠ᠂ ᠠᠶᠢᠮᠠᠭ ᠤᠨ ᠵᠠᠬᠢᠷᠭ᠎ᠠ ᠠᠴᠠ  ᠭᠤᠤᠯᠯᠠᠨ ᠡᠷᠬᠢᠯᠡᠵᠥ᠂ ᠰᠢᠯᠢ ᠶᠢᠨ ᠭᠤᠤᠯ ᠠᠶᠢᠮᠠᠭ ᠤᠨ ᠰᠤᠶᠤᠯ ᠲᠠᠮᠢᠷ ᠰᠤᠨᠢᠨ ᠮᠡᠳᠡᠭᠡ ᠭᠡᠪᠯᠡᠯ ᠷᠠᠳᠢᠤ᠋ ᠲᠧᠯᠸᠢᠰ  ᠲᠤᠪᠴᠢᠶ᠎ᠠ ᠪᠠ ᠰᠥᠨᠢᠳ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠠᠴᠠ ᠲᠠᠭᠠᠭᠠᠴᠢᠯᠠᠨ ᠡᠷᠬᠢᠯᠡᠭᠰᠡᠨ  ᠪᠠᠶᠢᠨ᠎ᠠ᠃      ᠮᠥᠡᠭᠭᠦᠨ ᠡᠪᠥᠯ ᠤᠨ ᠨᠠᠭᠠᠳᠤᠮ ᠨᠢ ᠲᠠᠯ᠎ᠠ ᠨᠤᠳᠤᠭ ᠤᠨ ᠰᠤᠶᠤᠯ ᠢ ᠲᠤᠪᠤᠶᠢᠯᠭᠠᠭᠰᠠᠨ ᠤᠯᠠᠨ ᠲᠥᠷᠥᠯ ᠤᠨ  ᠰᠤᠶᠤᠯ ᠲᠠᠮᠢᠷ ᠤᠨ ᠠᠵᠢᠯᠯᠠᠭ᠎ᠠ ᠪᠠᠷ ᠡᠬᠢᠯᠡᠯᠳᠡ ᠪᠠᠨ ᠰᠡᠬᠦᠭᠰᠡᠨ ᠪᠠᠶᠢᠨ᠎ᠠ᠃ ᠲᠡᠮᠡᠭᠡᠨ ᠤ ᠤᠷᠤᠯᠳᠤᠭᠠᠨ ᠤ ᠲᠥᠷᠥᠯ ᠳᠤ  ᠲᠡᠮᠡᠭᠡᠨ ᠤ ᠰᠢᠨᠳᠠᠰᠤ ᠰᠢᠯᠭᠠᠬᠤ ᠤᠷᠤᠯᠳᠤᠭᠠᠨ ᠪᠠ ᠬᠤᠷᠳᠤᠨ ᠲᠡᠮᠡᠭᠡᠨ ᠤ ᠤᠷᠤᠯᠳᠤᠭᠠᠨ ᠵᠢᠴᠢ ᠲᠤᠷᠤᠮ ᠤᠨ  ᠤᠷᠤᠯᠳᠤᠭᠠᠨ᠂ ᠲᠡᠮᠡᠭᠡᠨ ᠪᠥᠮᠪᠤᠭᠡᠨ ᠤ ᠤᠷᠤᠯᠳᠤᠭᠠᠨ᠂ ᠭᠠᠨᠭ᠍ᠭᠠᠡᠭ ᠪᠤᠤᠷ᠎ᠠ ᠶᠢᠨ ᠠᠳᠠᠯᠢᠳᠬᠠᠯ ᠢ ᠶᠠᠪᠤᠭᠳᠠᠭᠤᠯᠤᠭᠰᠠᠨ  ᠪᠠᠶᠢᠨ᠎ᠠ᠃ ᠲᠡᠮᠡᠭᠡᠨ ᠰᠤᠶᠤᠯ ᠤᠨ ᠥᠵᠡᠰᠬᠦᠯᠡᠩ ᠨᠢ ᠲᠡᠮᠡᠭᠡᠨ ᠤ ᠥᠢᠯᠡᠳᠪᠤᠷᠢᠯᠡᠯ ᠠᠮᠢᠳᠤᠷᠠᠯ ᠤᠨ ᠬᠡᠷᠡᠭᠴᠡᠭᠡ ᠳᠤ  ᠵᠤᠬᠢᠷᠠᠭᠰᠠᠨ ᠡᠳ᠋ᠯᠡᠯ ᠬᠡᠷᠡᠭᠰᠡᠯ ᠢ ᠲᠡᠯᠭᠡᠨ ᠥᠵᠡᠬᠦᠯᠵᠥ᠂ ᠲᠡᠮᠡᠭᠡᠨ ᠤ ᠠᠵᠤ ᠥᠢᠯᠡᠰ ᠤᠨ ᠬᠥᠭᠵᠢᠬᠦᠯᠥᠯᠳᠡ ᠶᠢᠨ  ᠰᠤᠳᠤᠯᠤᠨ ᠶᠠᠷᠢᠯᠴᠠᠬᠤ ᠬᠤᠷᠠᠯ ᠢᠶᠠᠷ ᠭᠠᠵᠠᠷ ᠭᠠᠵᠠᠷ ᠤᠨ ᠡᠷᠳᠡᠮᠳᠡᠨ ᠮᠡᠷᠭᠡᠳ ᠂ ᠲᠡᠮᠡᠭᠡᠴᠢᠳ ᠤᠨ ᠥᠵᠡᠯ ᠪᠤᠳᠤᠯ  ᠶᠠᠷᠶ᠋ᠯᠴᠠᠭ᠎ᠠ ᠶᠢ ᠴᠢᠯᠥᠭᠡᠳᠡᠢ ᠶᠠᠪᠤᠭᠳᠠᠭᠤᠯᠤᠭᠰᠠᠨ ᠪᠠᠶᠢᠨ᠎ᠠ᠃             ᠲᠤᠰ ᠤᠳᠠᠭᠠᠨ ᠤ ᠨᠠᠶᠢᠷ ᠨᠠᠭᠠᠳᠤᠮ ᠳᠤ ᠮᠠᠨ ᠤ ᠰᠢᠯᠢ ᠶᠢᠨ ᠭᠤᠤᠯ ᠠᠶᠢᠮᠠᠭ ᠤᠨ ᠡᠯ ᠎ᠠ ᠬᠤᠰᠢᠭᠤ ᠰᠢᠶᠠᠨ ᠤ  ᠲᠡᠮᠡᠭᠡᠴᠢᠳ ᠤᠷᠤᠯᠴᠠᠭᠰᠠᠨ ᠢᠶᠠᠷ ᠪᠠᠷᠠᠬᠤ ᠦᠭᠡᠢ᠂ ᠦᠪᠦᠷ ᠮᠤᠩᠭᠤᠯ ᠤᠷᠤᠨ ᠤ ᠠᠯᠠᠱᠠ᠂ ᠤᠷᠳᠤᠰ᠂ ᠲᠥᠡᠭᠯᠢᠶᠤᠤ᠂  ᠪᠠᠶᠠᠠᠨᠠᠭᠤᠷ ᠵᠡᠷᠭᠡ ᠪᠤᠰᠤᠳ ᠠᠶᠢᠮᠠᠭ ᠬᠤᠲᠠ ᠶᠢᠨ ᠲᠡᠮᠡᠭᠡᠴᠢᠳ ᠬᠦᠷᠦᠯᠴᠡᠨ ᠢᠷᠡᠵᠦ ᠡᠯ᠎ᠡ ᠲᠥᠷᠥᠯ ᠤᠨ  ᠤᠷᠤᠯᠳᠤᠭᠠᠨ ᠳᠤ ᠤᠷ᠎ᠠ ᠠᠪᠢᠶᠠᠰ ᠢᠶᠠᠨ ᠰᠤᠷᠢᠵᠠᠭᠠᠭᠰᠠᠨ ᠪᠠᠶᠢᠨ᠎ᠠ᠃ ᠨᠠᠶᠢᠷ ᠨᠠᠭᠠᠳᠤᠮ ᠤᠨ ᠬᠤᠭᠤᠴᠠᠭᠠᠨ ᠳᠤ  ᠰᠢᠯᠢ ᠶᠢᠨ ᠭᠤᠤᠯ ᠤᠨ ᠰᠥᠨᠢᠳ ᠬᠤᠳᠠᠯᠳᠤᠭᠠᠴᠢᠳ ᠤᠨ ᠡᠪᠯᠡᠯ ᠪᠠᠶᠢᠭᠤᠯᠤᠭᠳᠠᠭᠰᠠᠨ ᠶᠤᠰᠤᠯᠠᠯ ᠢ ᠬᠢᠵᠥ᠂  ᠬᠤᠰᠢᠭᠤᠨ ᠤ ᠭᠠᠳᠠᠨ᠎ᠠ ᠲᠤᠳᠤᠨᠠᠬᠢ 65 ᠠᠵᠤ ᠠᠬᠤᠶᠢᠯᠠᠯ ᠢ ᠬᠡᠰᠢᠬᠦᠨ ᠢᠶᠠᠷ ᠡᠯᠰᠡᠭᠰᠡᠨ ᠤ ᠬᠠᠮᠳᠤ᠂ ᠰᠥᠨᠢᠳ  ᠪᠠᠷᠠᠭᠤᠨ ᠬᠤᠰᠢᠭᠤᠨ ᠤ ᠬᠥᠭᠵᠢᠯᠳᠡ ᠲᠠᠢ ᠮᠥᠷᠥ ᠵᠡᠷᠭᠡᠴᠡᠨ ᠤᠷᠤᠭᠰᠢᠯᠠᠬᠤ ᠢᠳᠡᠭᠡᠯ ᠵᠤᠷᠢᠭ ᠢᠶᠠᠨ ᠢᠯᠡᠷᠭᠡᠶᠢᠯᠡᠭᠰᠡᠨ  ᠪᠠᠶᠢᠨ᠎ᠠ᠃ ᠡᠬᠦᠨ ᠤ ᠬᠠᠮᠳᠤ ᠤᠯᠠᠭᠠᠠᠮᠦ᠋ᠴᠢᠷ ᠪᠠᠶᠢᠭᠤᠯᠤᠭᠳᠠᠭᠰᠠᠨ 60 ᠵᠢᠯ ᠤᠨ ᠤᠢ ᠶᠢ ᠤᠭᠳᠤᠬᠤ ᠲᠠᠭᠤᠤ  ᠬᠥᠭᠵᠢᠮ ᠤᠨ ᠲᠤᠰᠬᠠᠢ ᠥᠳᠡᠰᠢᠯᠡᠭᠡ ︽ᠤᠤᠭᠠᠨ ᠤᠯᠠᠭᠠᠨᠮᠦ᠋ᠴᠢᠷ ᠤᠨ ᠵᠢᠪᠬᠤᠯᠠᠩ︾ ᠵᠡᠷᠭᠡ ᠤᠳᠬ᠎ᠠ ᠤᠷᠠᠯᠢᠭ ᠤᠨ  ᠲᠤᠭᠯᠠᠯᠳᠠ ᠵᠢᠴᠢ ᠲᠥᠷᠪᠡᠳᠥᠭᠡᠷ ᠬᠤᠭᠤᠴᠠᠭᠠᠨ ᠤ ᠭᠡᠷᠡᠯ ᠵᠢᠷᠤᠭ ᠤᠨ ᠤᠷᠤᠯᠳᠤᠭᠠᠨ ᠪᠠ ᠭᠠᠷ ᠤᠳᠠᠰᠤ ᠪᠠᠷ  ᠰᠡᠬᠦᠳᠡᠷᠯᠡᠭᠰᠡᠨ ᠭᠡᠷᠡᠯ ᠵᠢᠷᠤᠭ ᠤᠨ ᠪᠥᠳᠥᠭᠡᠯ ᠤᠨ ᠤᠷᠤᠯᠳᠤᠭᠠᠨ ᠤ ᠪᠥᠳᠥᠭᠡᠯ ᠤᠳ ᠤᠨ ᠲᠡᠯᠭᠡᠨ ᠥᠵᠡᠬᠦᠯᠥᠯᠭᠡ ᠶᠢ  ᠬᠢᠭᠰᠡᠨ ᠪᠠᠶᠢᠨ᠎ᠠ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ ᠤ ᠰᠣᠶᠣᠯ ᠭᠠᠷᠠᠭ ᠤᠨ ᠬᠡᠪᠯᠡᠯ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号