ᠲᠠᠯ᠎ᠠ ᠨᠤᠳᠤᠭ ᠤᠨ ᠰᠤᠶᠤᠯ ᠰᠷᠢ ᠯᠠᠨᠺᠠ ᠳᠤ
ᠨᠡᠶᠢᠲᠡᠯᠡᠭᠰᠡᠨ ᠴᠠᠭ᠄
2017/2/23
         ᠰᠤᠶᠤᠯ ᠤᠨ ᠶᠠᠮᠤᠨ ᠤ ᠨᠠᠶᠢᠳᠠᠯᠭ᠎ᠠ ᠪᠠ ᠰᠷᠢ ᠯᠠᠨᠺᠠ ᠶᠢᠨ ᠲᠤᠮᠳᠠᠳᠤ ᠤᠯᠤᠰ ᠤᠨ ᠰᠤᠶᠤᠯ ᠤᠨ ᠲᠦᠪ ᠤᠨ  ᠤᠷᠢᠯᠭ᠎ᠠ ᠪᠠᠷ ᠮᠠᠨ ᠤ ᠤᠷᠤᠨ ᠤ ᠭᠠᠳᠠᠭᠠᠳᠦ ᠲᠠᠢ ᠰᠤᠶᠤᠯ ᠢᠶᠠᠷ ᠬᠠᠷᠢᠯᠴᠠᠬᠤ ᠲᠦᠪ ᠤᠨ ᠬᠢᠨ ᠭᠦᠯᠦᠨ ᠪᠤᠶᠢᠷ ᠤᠨ  ᠦᠨᠳᠦᠰᠦᠳᠡᠨ ᠤ ᠲᠠᠭᠤᠤ ᠪᠦᠵᠢᠭᠳᠦ ᠵᠦᠴᠦᠭᠡ ᠶᠢᠨ ᠭᠦᠷᠢᠶᠡᠯᠡᠩ ᠤᠨ ᠲᠤᠭᠯᠠᠭᠴᠢᠳ ᠤᠨ ᠪᠦᠯᠭᠦᠮ ᠢ ᠲᠠᠭᠠᠭᠤᠯᠤᠨ  ᠂ 2 ᠳ᠋ᠤᠭᠠᠷ ᠰᠠᠷ᠎ᠠ ᠶᠢᠨ 7 ᠤ ᠡᠳᠦᠷ ᠰᠷᠢ ᠯᠠᠨᠺᠠ ᠤᠯᠤᠰ ᠤᠨ ᠺᠤᠯᠤᠮᠪᠤ᠂ ᠺᠠᠨᠳᠢ᠂ ᠭᠠᠯᠧ᠂ ᠨᠢᠺᠠᠨᠪᠦ᠋ ᠵᠡᠷᠭᠡ  ᠭᠠᠵᠠᠷ ᠭᠦᠷᠴᠦ᠂ ᠨᠢᠭᠡ ᠭᠠᠷᠠᠭ ᠤᠨ ᠬᠤᠭᠤᠴᠠᠭ᠎ᠠ ᠲᠠᠢ ︽ᠪᠠᠶᠠᠷᠳᠦ ᠴᠠᠭᠠᠨ ᠰᠠᠷ᠎ᠠ︾ ᠰᠤᠶᠤᠯ ᠤᠨ  ᠴᠤᠭᠯᠠᠭᠠᠨ ᠤ ᠲᠤᠭᠯᠠᠯᠳᠠ ᠭᠠᠷᠭᠠᠪᠠ᠃ ᠰᠤᠯᠢᠯᠴᠠᠭᠠᠨ ᠤ ᠲᠤᠭᠯᠠᠯᠳᠠ ᠨᠢ ᠮᠤᠷᠢᠨ ᠬᠤᠭᠤᠷ᠂ ᠠᠶᠠᠭᠠᠨ ᠪᠦᠵᠢᠭ᠂ ᠪᠤᠷᠢᠶᠠᠳ ᠪᠦᠵᠢᠭ᠂ ᠲᠠᠭᠤᠷ ᠪᠦᠵᠢᠭ᠂  ᠲᠠᠯ᠎ᠠ ᠨᠤᠳᠤᠭ ᠤᠨ ᠤᠨᠴᠠᠯᠢᠭ ᠰᠢᠨᠵᠢ ᠶᠢ ᠬᠠᠷᠠᠭᠤᠯᠤᠭᠰᠠᠨ ᠲᠠᠭᠤᠤ ︽ᠬᠤᠨ ᠭᠠᠯᠠᠭᠤ︾᠂ ︽ᠤᠪᠤᠭᠠᠨ  ᠲᠡᠭᠡᠷᠡᠭᠢ ᠠᠭᠤᠯᠵᠠᠯᠳᠠ︾ ᠪᠠ ᠤᠷᠳᠦ ᠶᠢᠨ ᠲᠠᠭᠤᠤ᠂ ᠭᠦᠭᠡᠮᠡᠢ ᠵᠡᠷᠭᠡ ᠪᠠᠷ ᠶᠠᠪᠤᠭᠳᠠᠵᠦ ᠠᠭᠤᠯᠭ᠎ᠠ ᠪᠠᠷ ᠪᠠᠶᠠᠯᠢᠭ  ᠪᠤᠯᠵᠦ ᠴᠢᠳᠠᠭᠰᠠᠨ ᠪᠠᠶᠢᠨ᠎ᠠ᠃ ᠲᠤᠰ ᠤᠳᠠᠭᠠᠨ ᠤ ᠰᠤᠶᠤᠯ ᠤᠨ ᠴᠤᠭᠯᠠᠭᠠᠨ ᠨᠢ ᠮᠤᠩᠭᠤᠯ᠂ ᠤᠷᠴᠤᠨ᠂ ᠡᠸᠡᠩᠭᠢ᠂  ᠲᠠᠭᠤᠷ ᠦᠨᠳᠦᠰᠦᠳᠡᠨ ᠤ ᠰᠤᠶᠤᠯ ᠤᠨ ᠤᠯᠠᠮᠵᠢᠯᠠᠯ ᠪᠠ ᠦᠪᠡᠷᠮᠢᠴᠠ ᠤᠷᠠᠯᠢᠭ ᠢ ᠭᠦᠢᠴᠡᠳ ᠢᠯᠡᠷᠡᠭᠦᠯᠦᠨ᠂ ᠲᠠᠯ᠎ᠠ  ᠨᠤᠳᠤᠭ ᠤᠨ ᠠᠷᠠᠳ ᠲᠦᠮᠡᠨ ᠤ ᠠᠮᠢᠳᠤᠷᠠᠯ ᠪᠤᠯᠤᠨ ᠤᠶᠤᠨ ᠰᠠᠨᠠᠭᠠᠨ ᠤ ᠲᠦᠷᠰᠦ ᠪᠠᠶᠢᠳᠠᠯ ᠢ ᠬᠠᠷᠢ ᠨᠤᠳᠤᠭ ᠤᠨ  ᠠᠷᠠᠳ ᠲᠦᠮᠡᠨ ᠳᠤ ᠲᠠᠨᠢᠭᠤᠯᠵᠦ ᠴᠢᠳᠠᠵᠠᠢ᠃                                                ︵ᠠᠷᠠᠳ ᠤᠨ ᠰᠦᠯᠵᠢᠶ᠎ᠠ︶
 
ᠢᠷᠡᠯᠲᠡ᠄ ᠰᠢᠨ᠎ᠡ ᠮᠠᠯᠴᠢᠳ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号