ᠦᠨᠳᠤᠰᠤᠳᠡᠨ ᠤ ᠰᠤᠶᠤᠯ ᠢᠶᠠᠷ ᠢᠶᠠᠨ ᠪᠠᠭ᠋ᠠᠷᠬᠠᠡᠡᠰᠡᠨ ᠱᠠᠭ᠎ᠠ ᠳᠤᠡᠡᠯᠠᠭᠠᠮ ᠤᠨ ᠤᠷᠤᠯᠳᠤᠭᠠᠨ
ᠨᠡᠶᠢᠲᠡᠯᠡᠭᠰᠡᠨ ᠴᠠᠭ᠄
2017/2/23
         ᠰᠠᠷ᠎ᠠ ᠰᠢᠨ᠎ᠡ ᠶᠢᠨ ᠪᠠᠶᠠᠷ ᠢ ᠥᠨᠳᠥᠷ ᠲᠤ ᠬᠥᠷᠭᠡᠭᠰᠡᠨ ᠱᠠᠭ᠎ᠠ ᠲᠤᠭᠯᠠᠭᠠᠮ ᠤᠨ ᠤᠷᠤᠯᠳᠤᠭᠠᠨ 2 ᠳ᠋ᠤᠭᠠᠷ ᠰᠠᠷ᠎ᠠ ᠶᠢᠨ 9 ᠤ ᠡᠳᠥᠷ᠂ ᠰᠥᠨᠢᠳ ᠪᠠᠷᠠᠭᠤᠨ ᠬᠤᠰᠢᠭᠤᠨ ᠤ ᠭᠤᠷᠪᠠᠳᠤᠭᠠᠷ ᠤᠳᠠᠭᠠᠨ ᠤ  ᠤᠯᠠᠮᠵᠢᠯᠠᠯᠳᠤ ᠱᠠᠭ᠎ᠠ ᠲᠤᠭᠯᠠᠭᠠᠮ ᠤᠨ ᠤᠷᠤᠯᠳᠤᠭᠠᠨ ᠬᠥᠷ ᠬᠥᠭᠵᠢᠶᠡᠨ ᠲᠠᠢ ᠶᠠᠪᠤᠭᠳᠠᠯ᠎ᠠ᠃             ᠤᠷᠤᠯᠳᠤᠭᠠᠨ ᠳᠤ ᠥᠡᠭᠭᠡ ᠢᠯᠭᠠᠷᠠᠭᠰᠠᠨ ᠲᠡᠪᠡᠯ ᠬᠤᠪᠴᠠᠰᠤ ᠪᠠᠷ ᠢᠶᠠᠨ ᠵᠠᠰᠠᠵᠤ ᠴᠢᠮᠡᠭᠰᠡᠨ ᠬᠤᠳᠠ ᠪᠠᠯᠭᠠᠰᠤ  ᠬᠥᠳᠡᠭᠡ ᠨᠤᠳᠤᠭ ᠤᠨ ᠨᠠᠰᠤᠳᠠᠨ ᠪᠤᠭᠤᠷᠤᠯᠴᠤᠳ᠂ ᠨᠠᠷᠬᠢᠮ᠎ᠠ ᠵᠠᠯᠠᠭᠤᠴᠤᠳ᠂ ᠨᠢᠯᠬ᠎ᠠ ᠪᠠᠭᠠᠴᠤᠳ ᠬᠤᠷᠠᠨ  ᠴᠤᠭᠯᠠᠷᠠᠵᠤ᠂ ᠤᠯᠠᠮᠵᠢᠯᠠᠯᠳᠤ ᠱᠠᠭ᠎ᠠ ᠰᠤᠶᠤᠯ ᠤᠨ ᠭᠠᠶᠢᠬᠠᠮᠰᠢᠭ ᠢ ᠤᠷ᠎ᠠ ᠤᠬᠠᠭᠠᠨ᠂ ᠴᠡᠴᠡᠨ ᠰᠠᠮᠪᠠᠭ᠎ᠠ ᠪᠠᠷ  ᠭᠠᠶᠢᠬᠠᠭᠤᠯᠵᠤ᠂ ᠰᠠᠷ᠎ᠠ ᠰᠢᠨ᠎ᠡ ᠶᠢᠨ ᠪᠠᠶᠠᠷ ᠲᠡᠭᠡᠷ᠎ᠡ ᠬᠥᠷ ᠨᠡᠮᠡᠭᠰᠡᠨ ᠪᠠᠶᠢᠨ᠎ᠠ᠃             ᠲᠤᠰ ᠤᠳᠠᠭᠠᠨ ᠤ ᠤᠷᠤᠯᠳᠤᠭᠠᠨ ᠨᠢ ᠬᠤᠶᠠᠷ ᠲᠤᠭᠤᠶᠢᠯᠠᠩ ᠬᠤᠪᠢᠶᠠᠨ ᠶᠠᠪᠤᠭᠳᠠᠵᠤ᠂ ᠲᠤᠮᠤᠴᠤᠤᠯ ᠤᠨ  ᠲᠤᠭᠤᠶᠢᠯᠠᠩ ᠳᠤ 144 ᠬᠥᠮᠥᠨ᠂ ᠪᠠᠭᠠᠴᠤᠤᠯ ᠤᠨ ᠲᠤᠭᠤᠶᠢᠯᠠᠩ ᠳᠤ 88 ᠬᠥᠮᠥᠨ ᠨᠠᠷ᠎ᠠ ᠮᠡᠳᠡᠭᠦᠯᠥᠨ  ᠤᠷᠤᠯᠴᠠᠵᠤ᠂ ᠮᠤᠷᠢ ᠤᠷᠤᠯᠳᠤᠬᠤ᠂ ᠠᠵᠠ ᠶᠢᠨ ᠲᠥᠷᠪᠡᠨ ᠪᠡᠷᠭᠡ ᠤᠷᠬᠢᠬᠤ᠂ ᠪᠤᠭᠤᠨ ᠵᠢᠷᠬᠢᠭᠡ᠂ ᠮᠢᠩᠭᠠᠳᠤ  ᠤᠷᠤᠯᠳᠤᠬᠤ᠂ ᠬᠠᠯᠵᠠ ᠬᠠᠷᠪᠤᠬᠤ ᠵᠡᠷᠭᠡ ᠲᠥᠷᠪᠡᠨ ᠵᠥᠢᠯ ᠤᠨ ᠤᠷᠤᠯᠳᠤᠭᠠᠨ ᠢ ᠶᠠᠪᠤᠭᠳᠠᠭᠤᠯᠵᠠᠢ᠃ ᠰᠦᠨᠢᠳ  ᠪᠠᠷᠠᠭᠤᠨ ᠬᠤᠰᠢᠭᠤᠨ ᠤ ᠤᠯᠠᠮᠵᠢᠯᠠᠯᠳᠤ ᠱᠠᠭ᠎ᠠ ᠺᠯᠦ᠋ᠪ ᠤᠨ ᠬᠠᠷᠢᠭᠤᠴᠠᠯᠭᠠᠳᠠᠨ ᠮᠠᠯᠴᠢᠨ ᠲᠡᠭᠦᠰ᠄ ︽ᠮᠠᠨ ᠤ  ᠬᠤᠰᠢᠭᠤ ᠤᠯᠠᠮᠵᠢᠯᠠᠯᠳᠤ ᠰᠤᠶᠤᠯ ᠢ ᠬᠥᠭᠵᠢᠬᠦᠯᠬᠦ ᠲᠡᠭᠡᠷ᠎ᠡ ᠮᠠᠰᠢ ᠤᠯᠠᠨ ᠠᠷᠭ᠎ᠠ ᠠᠪᠴᠤ ᠪᠠᠶᠢᠨ᠎ᠠ᠂ ᠤᠯᠠᠮᠵᠢᠯᠠᠯᠳᠤ  ᠱᠠᠭ᠎ᠠ ᠲᠤᠭᠯᠠᠭᠠᠮ ᠤᠨ ᠤᠷᠤᠯᠳᠤᠭᠠᠨ ᠢ ᠡᠷᠬᠢᠯᠡᠨ ᠶᠠᠪᠤᠭᠤᠯᠵᠤ ᠭᠤᠷᠪᠠᠳᠡᠬᠢ ᠵᠢᠯ ᠪᠤᠯᠵᠤ ᠪᠠᠶᠢᠨ᠎ᠠ᠂ ᠵᠢᠯ ᠪᠤᠯᠭᠠᠨ ᠤ  ᠰᠠᠷ᠎ᠠ ᠰᠢᠨ᠎ᠡ ᠶᠢᠨ ᠪᠠᠶᠠᠷ ᠢᠶᠠᠷ ᠤᠯᠠᠨ ᠲᠥᠮᠡᠨᠴᠢ ᠠᠵᠢᠯᠯᠠᠭ᠎ᠠ ᠪᠤᠯᠭᠠᠵᠤ ᠶᠠᠪᠤᠬᠳᠠᠭᠤᠯᠳᠠᠭ᠃ ᠡᠨᠡ ᠵᠢᠯ ᠤᠨ  ᠬᠤᠪᠢ ᠳᠤ ᠤᠷᠤᠯᠴᠠᠭᠰᠨᠨ ᠬᠥᠮᠥᠨ ᠤᠯᠠᠨ᠂ ᠨᠠᠭᠠᠳᠤᠮ ᠤᠨ ᠲᠥᠷᠥᠯ ᠤᠯᠠᠨ ᠪᠤᠯᠤᠭᠰᠠᠨ ᠪᠠᠶᠢᠨ᠎ᠠ︾ ᠭᠡᠵᠥ  ᠶᠠᠷᠢᠵᠥ ᠪᠠᠶᠢᠯ᠎ᠠ᠃  
 
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号