︽ᠳᠡᠮᠦᠷ ᠡᠮᠡᠭᠳᠡᠢ︾ ᠮᠧᠢᠢᠷ ᠬᠠᠳᠤᠭᠳᠠᠢ
ᠨᠡᠶᠢᠲᠡᠯᠡᠭᠰᠡᠨ ᠴᠠᠭ᠄
2017/3/1
       ᠠᠩᠭ᠍ᠯᠢ ᠶᠢᠨ ᠳᠡᠷᠢᠭᠦᠨ ᠰᠠᠶᠢᠳ ᠰᠠᠴᠢᠧᠠᠷ ᠬᠠᠳᠤᠭᠳᠠᠢ ᠠᠴᠠ ᠡᠮᠦᠨ᠎ᠡ᠂ ᠳᠡᠭᠡᠷ᠎ᠡ ᠵᠠᠭᠤᠨ ᠤ ᠵᠢᠷᠠᠭᠠᠳ ᠤᠨ ᠤ ᠦᠶ᠎ᠡ ᠪᠠᠷ᠂ ᠪᠠᠰᠠ ᠨᠢᠭᠡᠨ ᠡᠮᠡᠭᠳᠡᠢ ᠤᠯᠠᠨ ᠤᠯᠤᠰ ᠤᠨ ᠤᠯᠤᠰ ᠲᠦᠷᠦ ᠶᠢᠨ ᠳᠠᠪᠴᠠᠩ ᠳᠡᠭᠡᠷ᠎ᠡ ᠨᠡᠷ᠎ᠡ ᠨᠦᠯᠦᠭᠡ ᠶᠡᠬᠡᠳᠡᠢ ᠪᠠᠶᠢᠵᠤ᠂ ᠡᠪᠡᠯᠷᠡᠬᠦ ᠦᠭᠡᠢ ᠪᠠᠶᠢᠬᠤ ᠬᠠᠳᠠᠭᠤ ᠰᠢᠷᠦᠭᠦᠨ ᠬᠡᠪ ᠨᠠᠮᠪᠠ᠂ ᠬᠦᠴᠦᠷᠬᠡᠭ ᠶᠡᠭᠡ ᠤᠪᠤᠷ ᠲᠦᠷᠢ ᠪᠠᠷ ᠳᠡᠯᠡᠭᠡᠢ ᠶᠢᠨ ᠤᠯᠤᠰ ᠲᠦᠷᠦ ᠶᠢᠨ ᠳᠠᠪᠴᠠᠩ ᠤᠨ ︽ᠳᠡᠮᠦᠷ ᠡᠮᠡᠭᠳᠡᠢ︾ ᠭᠡᠮᠡᠭᠳᠡᠵᠤ᠂ ᠭᠠᠷ ᠳᠡᠩᠴᠡᠭᠰᠡᠳ ᠤᠨ ᠢᠶᠠᠨ ᠬᠦᠨᠳᠦᠳᠬᠡᠯ ᠢ ᠤᠯᠵᠤ ᠪᠠᠶᠢᠵᠠᠢ᠃ ᠳᠡᠷᠡ ᠪᠤᠯ ᠳᠠᠷᠤᠢ ᠢᠰᠷᠧᠯ ᠤᠨ ᠶᠡᠷᠦᠩᠭᠡᠢ ᠰᠠᠶᠢᠳ ᠭᠤᠯᠧᠳᠠ • ᠮᠧᠢᠢᠷ᠂ ᠨᠡᠷᠡᠳᠡᠢ ᠮᠧᠢᠢᠷ ᠬᠠᠳᠤᠭᠳᠠᠢ ᠪᠤᠯᠠᠢ᠃               ᠭᠤᠯᠧᠳᠠ • ᠮᠧᠢᠢᠷ᠂ ᠢᠪᠷᠡᠢ ᠤᠳᠤᠮ ᠲᠠᠢ ᠳᠡᠷᠡᠪᠡᠷ 1898 ᠊᠊᠊᠊ 1978 ᠤᠨ ᠤ ᠬᠤᠭᠤᠷᠤᠨᠳᠤ ᠠᠮᠢᠳᠤᠷᠠᠵᠤ ᠪᠠᠶᠢᠭᠰᠠᠨ ᠪᠦᠭᠡᠳ ᠬᠦᠮᠦᠰ ᠤᠨ ᠳᠤᠮᠳᠠ ᠮᠧᠢᠢᠷ ᠬᠠᠳᠤᠭᠳᠠᠢ ᠬᠡᠮᠡᠨ ᠠᠯᠳᠠᠷᠰᠢᠵᠠᠢ᠃ ᠢᠰᠷᠧᠯ ᠤᠯᠤᠰ ᠢ ᠪᠠᠶᠢᠭᠤᠯᠬᠤ ᠳᠤ ᠬᠦᠴᠦᠨ ᠵᠢᠳᠬᠦᠯ ᠭᠠᠷᠭᠠᠭᠰᠠᠳ ᠤᠨ ᠨᠢᠭᠡ᠂ ᠢᠰᠷᠧᠯ ᠤᠨ ᠬᠦᠳᠡᠯᠮᠦᠷᠢᠴᠢᠨ ᠠᠵᠢᠯᠴᠢᠨ ᠤ ᠳᠠᠷᠤᠭ᠎ᠠ᠂ ᠢᠰᠷᠧᠯ ᠤᠨ ᠲᠦᠷᠪᠡᠳᠦᠭᠡᠷ ᠦᠶ᠎ᠡ ᠶᠢᠨ ᠶᠡᠷᠦᠩᠭᠡᠢ ᠰᠠᠶᠢᠳ ︵1969 ᠊᠊᠊᠊ 1974︶᠎ ᠤᠨ ᠳᠤᠰᠢᠶᠠᠯ ᠢ ᠬᠠᠷᠢᠭᠤᠴᠠᠵᠤ ᠪᠠᠶᠢᠵᠠᠢ᠃ ᠳᠡᠭᠦᠨ ᠢ ︽ᠳᠡᠮᠦᠷ ᠡᠮᠡᠭᠳᠡᠢ︾᠂ ︽ᠰᠠᠶᠢᠳ ᠨᠠᠷ ᠤᠨ ᠵᠦᠪᠯᠡᠯ ᠤᠨ ᠳᠤᠳᠤᠷᠠᠬᠢ ᠬᠠᠮᠤᠭ ᠤᠨ ᠰᠠᠶᠢᠨ ᠬᠦᠮᠦᠨ︾ ᠵᠡᠷᠭᠡ ᠪᠠᠷ ᠮᠠᠭᠳᠠᠳᠠᠭ᠃ ᠮᠧᠢᠢᠷ ᠬᠠᠳᠤᠭᠳᠠᠢ ᠪᠤᠯ ᠢᠰᠷᠧᠯ ᠤᠨ ᠬᠠᠮᠤᠭ ᠠᠩᠬᠠᠨ ᠤ ᠡᠮᠡᠭᠳᠡᠢ ᠶᠡᠷᠦᠩᠭᠡᠢ ᠰᠠᠶᠢᠳ᠂ ᠳᠡᠯᠡᠭᠡᠢ ᠶᠢᠨ ᠭᠤᠷᠪᠠᠳᠤᠭᠠᠷ ᠡᠮᠡᠭᠳᠡᠢ ᠶᠡᠷᠦᠩᠬᠡᠢ ᠰᠠᠶᠢᠳ ᠠᠵᠢ᠃ ᠮᠧᠢᠢᠷ ᠬᠠᠳᠤᠭᠳᠠᠢ ᠳᠡᠯᠡᠭᠡᠢ ᠶᠢᠨ ᠬᠤᠶᠠᠳᠤᠭᠠᠷ ᠳᠠᠶᠢᠨ ᠤ ᠦᠶ᠎ᠡ ᠳᠤ ᠠᠩᠭ᠍ᠯᠢ ᠶᠢᠨ ᠵᠠᠰᠠᠭ ᠤᠨ ᠭᠠᠵᠠᠷ ᠲᠠᠢ ᠬᠡᠯᠡᠯᠴᠡᠭᠡᠷ ᠬᠢᠵᠤ᠂ ᠢᠪᠷᠡᠢ ᠤᠯᠤᠰ ᠢᠶᠠᠨ ᠰᠡᠷᠬᠦᠬᠡᠬᠦ ᠦᠢᠯᠡ ᠠᠵᠢᠯᠯᠠᠭ᠎ᠠ ᠶᠢᠨ ᠬᠠᠮᠤᠭ ᠤᠨ ᠬᠦᠴᠦᠳᠡᠢ ᠦᠬᠦᠯᠡᠭᠴᠢ ᠪᠤᠯᠵᠠᠢ᠃ 1946 ᠤᠨ ᠳᠤ ᠠᠩᠭ᠍ᠯᠢ ᠢᠪᠷᠡᠢ ᠤᠯᠤᠰ ᠤᠨ ᠲᠦᠷᠦ ᠶᠢᠨ ᠡᠷᠭᠡ ᠶᠢ ᠤᠷᠤᠯᠠᠨ ᠬᠦᠢᠴᠡᠳᠬᠡᠬᠦ ᠭᠠᠵᠠᠷ ᠤᠨ ᠡᠷᠬᠢᠯᠡᠭᠴᠢ ᠶᠢᠨ ᠳᠤᠰᠢᠶᠠᠯ ᠢ ᠬᠠᠷᠢᠭᠤᠴᠠᠵᠤ ᠪᠠᠶᠢᠭᠰᠠᠨ ᠮᠢᠱᠧ • ᠱᠠᠷᠧᠢ ᠶᠢ ᠪᠠᠭᠳᠠᠭᠠᠭᠰᠠᠨ ᠮᠠᠰᠢ ᠤᠯᠠᠨ  ᠢᠪᠷᠡᠶᠢᠴᠤᠳ ᠢ ᠪᠠᠷᠢᠪᠴᠢᠯᠠᠵᠠᠢ᠃ ᠮᠧᠢᠢᠷ ᠬᠠᠳᠤᠭᠳᠠᠢ ᠤᠯᠤᠰ ᠲᠦᠷᠦ ᠶᠢᠨ ᠬᠡᠯᠳᠡᠰ ᠤᠨ ᠤᠷᠤᠯᠠᠭᠴᠢ ᠡᠷᠬᠢᠯᠡᠭᠴᠢ ᠶᠢᠨ ᠳᠤᠰᠢᠶᠠᠯ ᠢ ᠬᠠᠷᠢᠭᠤᠴᠠᠵᠤ᠂ ᠪᠠᠷᠢᠪᠴᠢᠯᠠᠭᠳᠠᠭᠰᠠᠨ ᠨᠦᠬᠦᠳ ᠪᠤᠯᠤᠨ ᠮᠠᠰᠢ ᠤᠯᠠᠨ ᠢᠪᠷᠡᠢ ᠬᠦᠮᠦᠰ ᠢ ᠰᠤᠯᠠᠯᠠᠭᠤᠯᠬᠤ ᠶᠢᠨ ᠲᠦᠯᠦᠭᠡ ᠬᠡᠯᠡᠯᠴᠡᠭᠡᠷ ᠬᠢᠵᠡᠢ᠃ ᠱᠠᠷᠧᠢ ᠰᠤᠯᠠᠯᠠᠭᠳᠠᠭᠰᠠᠨ ᠤ ᠳᠠᠷᠠᠭ᠎ᠠ ᠭᠠᠳᠠᠭᠠᠳᠤ ᠬᠠᠷᠢᠯᠴᠠᠭᠠᠨ ᠤ ᠬᠡᠯᠳᠡᠰ ᠤᠨ ᠳᠠᠷᠤᠭ᠎ᠠ ᠶᠢᠨ ᠳᠤᠰᠢᠶᠠᠯ ᠢ ᠬᠠᠷᠢᠭᠤᠴᠠᠵᠤ᠂ ᠮᠧᠢᠢᠷ ᠬᠠᠳᠤᠭᠳᠠᠢ ᠤᠷᠤᠯᠠᠨ ᠬᠦᠢᠴᠡᠳᠬᠡᠬᠦ ᠭᠠᠵᠠᠷ ᠤᠨ ᠤᠯᠤᠰ ᠲᠦᠷᠦ ᠶᠢᠨ ᠬᠡᠯᠳᠡᠰ ᠤᠨ ᠡᠷᠬᠢᠯᠡᠭᠴᠢ ᠪᠤᠯᠵᠠᠢ᠃ ᠮᠧᠢᠢᠷ ᠬᠠᠳᠤᠭᠳᠠᠢ ᠦᠪᠡᠷ ᠤᠨ ᠪᠡᠶ᠎ᠡ ᠪᠠᠷ ᠶᠤᠷᠳᠠᠨ ᠳᠤ ᠤᠴᠢᠵᠤ ᠤᠯᠤᠰ ᠤᠨ ᠸᠠᠩ ᠲᠠᠢ ᠨᠢ ᠠᠭᠤᠯᠵᠠᠵᠤ᠂ ᠪᠤᠰᠤᠳ ᠠᠷᠠᠪ ᠤᠨ ᠤᠯᠤᠰ ᠤᠳ ᠤᠨ ᠢᠰᠷᠧᠯ ᠢ ᠲᠦᠷᠢᠮᠡᠭᠡᠶᠢᠯᠡᠬᠦ ᠳᠠᠶᠢᠨ ᠳᠤ ᠤᠷᠤᠯᠴᠠᠬᠤ ᠦᠭᠡᠢ ᠪᠠᠶᠢᠬᠤ ᠶᠢ ᠢᠳᠬᠠᠵᠠᠢ᠃                1948 ᠤᠨ ᠤ 5 ᠰᠠᠷ᠎ᠠ ᠶᠢᠨ 14᠎ ᠳᠤ᠂ ᠮᠧᠢᠢᠷ ᠬᠠᠳᠤᠭᠳᠠᠢ ᠢᠰᠷᠧᠯ ᠤᠨ ᠳᠤᠰᠠᠭᠠᠷ ᠳᠤᠭᠳᠠᠨᠢᠯ ᠤᠨ ᠳᠤᠩᠬᠠᠭ ᠲᠤ ᠭᠠᠷ ᠤᠨ ᠦᠰᠦᠭ ᠵᠢᠷᠤᠬᠤ ᠳᠤ ᠤᠷᠤᠯᠴᠠᠪᠠ᠃ ᠮᠧᠢᠢᠷ ᠬᠠᠳᠤᠭᠳᠠᠢ 1949 ᠊᠊᠊᠊ 1974 ᠤᠨ ᠬᠦᠷᠳᠡᠯ᠎ᠡ ᠢᠰᠷᠧᠯ ᠤᠨ ᠤᠯᠤᠰ ᠤᠨ ᠬᠤᠷᠠᠯ ᠤᠨ ᠬᠡᠰᠢᠭᠦᠨ ᠪᠠᠶᠢᠵᠤ᠂ 1949 ᠊᠊᠊᠊ 1956 ᠤᠨ ᠤ ᠬᠤᠭᠤᠷᠤᠨᠳᠤ ᠢᠰᠷᠧᠯ ᠤᠨ ᠬᠦᠳᠡᠯᠮᠦᠷᠢᠴᠢᠨ ᠠᠵᠢᠯᠴᠢᠨ ᠤ ᠬᠡᠯᠳᠡᠰ ᠤᠨ ᠳᠠᠷᠤᠭ᠎ᠠ ᠪᠠᠷ ᠠᠵᠢᠯᠯᠠᠵᠤ᠂ ᠤᠷᠤᠨ ᠰᠠᠭᠤᠴᠠ ᠬᠢᠭᠡᠳ ᠵᠠᠮ ᠳᠡᠭᠡᠭᠡᠪᠦᠷᠢ ᠶᠢᠨ ᠪᠦᠳᠦᠭᠡᠨ ᠪᠠᠶᠢᠭᠤᠯᠤᠯᠳᠠ ᠶᠢ ᠡᠷᠴᠢᠮ ᠲᠠᠢ ᠬᠦᠭᠵᠢᠭᠦᠯᠵᠤ᠂ ᠢᠪᠷᠡᠢ ᠴᠢᠰᠦ ᠲᠠᠢ ᠬᠦᠮᠦᠰ ᠢᠰᠷᠧᠯ ᠤᠨ  ᠬᠢᠯᠢ ᠳᠤ ᠢᠷᠡᠵᠤ ᠰᠠᠭᠤᠷᠢᠰᠢᠬᠤ ᠶᠢ ᠬᠢᠵᠠᠭᠠᠷᠯᠠᠬᠤ ᠦᠭᠡᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠪᠡ᠃ 1956 ᠤᠨ ᠳᠤ ᠮᠸᠢᠢᠷ ᠬᠠᠳᠤᠭᠳᠠᠢ ᠢᠰᠷᠧᠯ ᠤᠨ ᠭᠠᠳᠠᠭᠠᠳᠤ ᠬᠠᠷᠢᠯᠴᠠᠭᠠᠨ ᠤ ᠬᠡᠯᠳᠡᠰ ᠤᠨ ᠳᠠᠷᠤᠭ᠎ᠠ ᠶᠢᠨ ᠳᠤᠰᠢᠶᠠᠯ ᠳᠤ ᠳᠠᠪᠰᠢᠵᠤ᠂ ᠰᠢᠨ᠎ᠡ ᠪᠠᠷ ᠳᠤᠰᠠᠭᠠᠷ ᠳᠤᠭᠳᠠᠨᠢᠭᠰᠠᠨ ᠠᠹᠷᠢᠺᠠ ᠶᠢᠨ ᠤᠯᠤᠰ ᠢ ᠳᠡᠮᠵᠢᠬᠦ ᠪᠤᠳᠤᠯᠭ᠎ᠠ ᠬᠡᠷᠡᠭᠵᠢᠭᠦᠯᠵᠤ᠂ ᠤᠯᠠᠮ ᠢᠶᠠᠷ ᠠᠹᠷᠢᠺᠠ ᠶᠢᠨ ᠤᠷᠤᠨ ᠤ ᠢᠰᠷᠧᠯ ᠯᠤᠭ᠎ᠠ ᠶᠢᠨ ᠭᠠᠳᠠᠭᠠᠳᠤ ᠬᠠᠷᠢᠯᠴᠠᠭ᠎ᠠ ᠶᠢ ᠰᠠᠶᠢᠵᠢᠷᠠᠭᠤᠯᠵᠠᠢ᠃ 1966 ᠤᠨ ᠤ 1 ᠰᠠᠷ᠎ᠠ ᠳᠤ ᠲᠠᠷᠠ ᠭᠠᠳᠠᠭᠠᠳᠤ ᠬᠠᠷᠢᠯᠴᠠᠭᠠᠨ ᠤ ᠬᠡᠯᠳᠡᠰ ᠠᠴᠠ ᠰᠠᠯᠵᠤ᠂ ᠢᠰᠷᠧᠯ ᠤᠨ ᠠᠵᠢᠯᠴᠢᠨ ᠤ ᠨᠠᠮ ᠤᠨ ᠶᠡᠷᠦᠩᠭᠡᠢ ᠱᠦᠵᠢ ᠶᠢᠨ ᠳᠤᠰᠢᠶᠠᠯ ᠢ ᠬᠠᠷᠢᠭᠤᠴᠠᠵᠠᠢ᠃ 1967 ᠤᠨ ᠤ ᠵᠢᠷᠭᠤᠭᠠᠨ ᠰᠠᠷ᠎ᠠ ᠳᠤ ᠢᠰᠷᠧᠯ ᠠᠷᠠᠪ ᠳᠠᠶᠢᠨ ᠢᠯᠠᠯᠳᠠ ᠤᠯᠤᠭᠰᠠᠨ ᠤ ᠳᠠᠷᠠᠭ᠎ᠠ ᠮᠧᠢᠢᠷ ᠬᠠᠳᠤᠭᠳᠠᠢ ᠢᠰᠷᠧᠯ ᠤᠨ ᠠᠵᠢᠯᠴᠢᠨ ᠤ ᠨᠠᠮ ᠪᠤᠯᠤᠨ ᠪᠤᠰᠤᠳ ᠬᠤᠶᠠᠷ ᠨᠠᠮ ᠢ ᠨᠢᠭᠡᠳᠬᠡᠵᠤ᠂ ᠢᠰᠷᠧᠯ ᠤᠨ ᠠᠵᠢᠯᠴᠢᠨ ᠤ ᠨᠠᠮ ᠬᠡᠮᠡᠨ ᠨᠡᠷᠡᠯᠡᠵᠡᠢ᠃ ᠮᠸᠢᠢᠷ ᠬᠠᠳᠤᠭᠳᠠᠢ 1969 ᠤᠨ ᠳᠤ ᠢᠰᠷᠧᠯ ᠤᠨ ᠶᠡᠷᠦᠩᠭᠡᠢ ᠰᠠᠶᠢᠳ ᠤᠨ ᠳᠤᠰᠢᠶᠠᠯ ᠳᠤ ᠳᠠᠪᠰᠢᠵᠤ᠂ ᠤᠯᠠᠨ ᠨᠠᠮ ᠬᠤᠯᠪᠤᠭᠠᠯᠠᠭᠰᠠᠨ ᠵᠠᠰᠠᠭ ᠤᠨ ᠤᠷᠳᠤᠨ ᠢ ᠦᠷᠬᠦᠯᠵᠢᠯᠡᠨ ᠪᠠᠳᠤᠯᠠᠪᠠ᠃ ᠳᠡᠷᠡᠪᠡᠷ ᠭᠠᠳᠠᠭᠠᠳᠤ ᠬᠠᠷᠢᠯᠴᠠᠭ᠎ᠠ ᠪᠠᠷ ᠳᠤᠮᠳᠠᠳᠤ ᠳᠤᠷᠤᠨᠠᠳᠤ ᠶᠢᠨ ᠠᠰᠠᠭᠤᠳᠠᠯ ᠢ ᠨᠠᠶᠢᠷᠠᠮᠳᠠᠯ ᠢᠶᠠᠷ ᠰᠢᠢᠳᠪᠦᠷᠢᠯᠡᠬᠦ ᠬᠡᠮᠡᠨ ᠴᠢᠷᠮᠠᠶᠢᠨ ᠠᠵᠢᠯᠯᠠᠵᠤ᠂ ᠤᠯᠠᠨ ᠤᠯᠤᠰ ᠤᠨ ᠳᠡᠷᠢᠬᠦᠨ ᠲᠠᠢ ᠵᠦᠪᠳᠡᠯᠴᠡᠭᠡᠷ ᠬᠢᠭᠰᠡᠨ ᠪᠠᠶᠢᠨ᠎ᠠ᠃ 1973 ᠤᠨ ᠤ 10 ᠰᠠᠷ᠎ᠠ ᠳᠤ ᠲᠦᠷᠪᠡᠳᠦᠭᠡᠷ ᠤᠳᠠᠭᠠᠨ ᠤ ᠠᠷᠠᠪ ᠢᠰᠷᠧᠯ ᠤᠨ ᠳᠠᠶᠢᠨ ᠡᠭᠦᠰᠴᠦ᠂ ᠳᠠᠶᠢᠨ ᠤ ᠪᠡᠯᠡᠳᠬᠡᠯ ᠳᠤᠳᠠᠮᠠᠭ ᠪᠠᠶᠢᠭᠰᠠᠨ ᠢᠰᠷᠧᠯ ᠢ ᠬᠦᠴᠢᠷᠳᠠᠯ ᠳᠤ ᠤᠷᠤᠭᠤᠯᠵᠠᠢ᠃ ᠠᠷᠠᠪ ᠢᠰᠷᠧᠯ ᠤᠨ ᠳᠠᠶᠢᠨ 1948 ᠤᠨ ᠠᠴᠠ 1973 ᠤᠨ ᠤ ᠬᠤᠭᠤᠷᠤᠨᠳᠤ ᠲᠦᠷᠪᠡ ᠤᠳᠠᠭ᠎ᠠ ᠡᠭᠦᠰᠴᠡᠢ᠃ ᠤᠯᠠᠨ ᠵᠢᠯ ᠦᠷᠬᠦᠯᠵᠢᠯᠡᠭᠰᠡᠨ ᠡᠨᠡᠬᠦ ᠳᠠᠶᠢᠨ ᠮᠠᠰᠢ ᠤᠯᠠᠨ ᠬᠦᠮᠦᠰ ᠤᠨ ᠠᠮᠢ ᠨᠠᠰᠤ ᠶᠢ ᠵᠠᠯᠬᠢᠵᠠᠢ᠃ ᠮᠧᠢᠢᠷ ᠬᠠᠳᠤᠭᠳᠠᠢ᠄ ︽ᠵᠦᠪᠬᠡᠨ ᠠᠷᠠᠪᠴᠤᠳ ᠤᠨ ᠬᠡᠦᠭᠡᠳ ᠢ ᠬᠠᠶᠢᠷᠠᠯᠠᠬᠤ ᠰᠡᠳᠬᠢᠯᠭᠡ ᠪᠠᠨ ᠢᠯᠠᠬᠤ ᠴᠠᠭ ᠲᠤ ᠯᠡ ᠳᠤᠮᠳᠠᠳᠤ ᠳᠤᠷᠤᠨᠠᠳᠤ ᠵᠢᠩᠭᠢᠨᠢ ᠠᠮᠤᠷ ᠳᠠᠶᠢᠪᠤᠡᠭ ᠪᠤᠯᠤᠨ᠎ᠠ︾ ᠭᠡᠵᠡᠢ᠃ 1974 ᠤᠨ ᠤ 3 ᠰᠠᠷ᠎ᠠ ᠳᠤ ᠮᠧᠢᠢᠷ ᠬᠠᠳᠤᠭᠳᠠᠢ ᠰᠢᠨ᠎ᠡ ᠨᠢᠭᠡᠨ ᠬᠤᠯᠪᠤᠭᠠᠯᠠᠭᠰᠠᠨ ᠵᠠᠰᠠᠭ ᠤᠨ ᠤᠷᠳᠤᠨ ᠢ ᠪᠠᠶᠢᠭᠤᠯᠵᠤ᠂ ᠪᠠᠶᠢᠳᠠᠯ ᠢ ᠠᠷᠭᠠᠴᠠᠭᠠᠵᠤ ᠪᠠᠶᠢᠭᠰᠠᠨ ᠴᠦ ᠮᠦᠨ ᠤᠨ ᠤ 4 ᠰᠠᠷ᠎ᠠ ᠶᠢᠨ 10᠎ ᠳᠤ ᠶᠡᠷᠦᠩᠭᠡᠢ ᠰᠠᠶᠢᠳ ᠤᠨ ᠳᠤᠰᠢᠶᠠᠯ ᠢᠶᠠᠨ ᠬᠠᠶᠠᠵᠡᠢ᠃ ᠬᠡᠳᠦ᠋ᠢᠪᠡᠷ ᠶᠡᠷᠦᠩᠬᠡᠢ ᠰᠠᠶᠢᠳ ᠤᠨ ᠳᠤᠰᠢᠶᠠᠯ ᠢᠶᠠᠨ ᠬᠠᠶᠠᠭᠰᠠᠨ ᠴᠦ ᠮᠧᠢᠢᠷ ᠬᠠᠳᠤᠭᠳᠠᠢ ᠳᠤᠬᠠᠢ ᠶᠢᠨ ᠦᠶ᠎ᠡ ᠶᠢᠨ ᠤᠯᠤᠰ ᠲᠦᠷᠦ ᠳᠤ ᠮᠠᠰᠢ ᠶᠡᠭᠡ ᠨᠡᠷ᠎ᠡ ᠨᠦᠯᠦᠭᠡ ᠲᠠᠢ ᠬᠡᠪ ᠢᠶᠠᠷ ᠢᠶᠠᠨ ᠪᠠᠶᠢᠵᠠᠢ᠃ ᠳᠡᠭᠦᠨ ᠢ ᠨᠠᠰᠤ ᠪᠠᠷᠠᠭᠰᠠᠨ ᠤ ᠳᠠᠷᠠᠭ᠎ᠠ ᠬᠦᠮᠦᠰ ᠰᠠᠶ᠋ᠢ ᠴᠢᠰᠦ ᠴᠠᠶᠢᠬᠤ ᠡᠪᠡᠳᠴᠢᠨ ᠳᠤ ᠨᠡᠷᠪᠡᠭᠳᠡᠭᠡᠳ 12 ᠵᠢᠯ ᠪᠤᠯᠤᠭᠰᠠᠨ ᠬᠡᠳᠡᠭ ᠢ ᠨᠢ ᠮᠡᠳᠡᠵᠡᠢ᠃                ᠮᠸᠢᠢᠷ ᠬᠠᠳᠤᠭᠳᠠᠢ᠄ ︽ᠳᠡᠯᠡᠭᠡᠢ ᠨᠢᠭᠡᠨᠳᠡ ᠢᠪᠷᠡᠶᠢᠴᠤᠳ ᠢ ᠤᠷᠬᠢᠭᠰᠠᠨ ᠪᠠᠶᠢᠬᠤ ᠳᠤ᠂ ᠢᠪᠷᠡᠶᠢᠴᠤᠳ ᠪᠠᠰᠠ ᠳᠡᠯᠡᠭᠡᠢ ᠶᠢ ᠤᠮᠳᠤᠭᠠᠢᠢᠯᠠᠵᠤ ᠪᠤᠯᠤᠨ᠎ᠠ︾ ᠬᠡᠮᠡᠨ ᠬᠠᠳᠠᠭᠤᠬᠠᠨ ᠶᠠᠷᠢᠭᠰᠠᠨ ᠪᠦᠭᠡᠳ ᠨᠢᠭᠡ ᠨᠠᠰᠤ ᠪᠠᠷ ᠢᠶᠠᠨ ᠢᠪᠷᠡᠶᠢᠴᠤᠳ ᠤᠨ ᠳᠤᠰᠠᠭᠠᠷ ᠳᠤᠭᠳᠠᠨᠢᠯ ᠤᠨ ᠲᠦᠯᠦᠭᠡ ᠳᠡᠮᠡᠴᠡᠵᠤ᠂ ︽ᠢᠪᠷᠡᠢ ᠶᠢᠨ ᠳᠡᠦᠭᠡ ᠬᠢᠭᠡᠳ ᠳᠡᠯᠡᠭᠡᠢ ᠶᠢᠨ ᠳᠡᠦᠭᠡᠨ ᠳᠡᠭᠡᠷᠡᠬᠢ ᠬᠠᠮᠤᠭ ᠤᠨ ᠠᠭᠤᠤ ᠡᠮᠡᠭᠳᠡᠢ︾ ᠬᠡᠮᠡᠨ ᠦᠨᠡᠯᠡᠭᠳᠡᠵᠡᠢ᠃ ︵ᠲᠦᠩᠯᠢᠶᠤᠤ ᠮᠤᠩᠭᠤᠯ ᠰᠦᠯᠵᠢᠶ᠎ᠡ︶  
 
ᠢᠷᠡᠯᠲᠡ᠄ ᠸᠠᠩᠨᠤᠳ ᠴᠢᠭᠡᠴᠢ ᠶᠢᠨ ᠬᠤᠯᠪᠤᠭ᠎ᠠ ᠪᠦᠷᠬᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号