ᠮᠠᠨ ᠤ ᠣᠯᠣᠰ ᠤᠨ ᠡᠮᠨᠡᠯᠭᠡ ᠶᠢᠨ ᠳᠠᠭᠠᠳᠬᠠᠯ ᠤᠨ ᠤᠨᠳᠤᠤ ᠭᠠᠵᠠᠷ ᠤᠨ  ᠲᠠᠰᠤᠯᠤᠨ ᠪᠤᠲᠤᠯᠲᠠ ᠶᠢ ᠭᠤᠷᠪᠠᠨ ᠠᠯᠬᠤᠮ ᠢᠶᠠᠷ ︽ᠪᠡᠶᠡᠯᠡᠭᠦᠯᠦᠨ᠎ᠡ︾
ᠨᠡᠶᠢᠲᠡᠯᠡᠭᠰᠡᠨ ᠴᠠᠭ᠄
2017/3/10
         ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ 8᠎ ᠤ ᠡᠳᠤᠷ ᠤᠨ ᠴᠠᠬᠢᠯᠭᠠᠨ ᠮᠡᠳᠡᠭᠡ ︵ᠰᠤᠷᠪᠤᠯᠵᠢᠯᠠᠭᠴᠢ  ᠬᠡᠤ  ᠬᠤᠤ᠂ ᠰᠢᠤᠢ ᠪᠦᠸᠧ︶ ᠪᠦᠬᠦ ᠣᠯᠣᠰ ᠤᠨ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢ ᠰᠦᠯᠵᠢᠶ᠎ᠡ ᠪᠠᠷ ᠬᠤᠯᠪᠤᠵᠦ᠂  ᠤᠨᠳᠤᠤ  ᠭᠠᠵᠠᠷ ᠲᠤ ᠡᠮᠨᠡᠯᠭᠡ ᠳᠤ ᠰᠠᠭᠤᠭᠰᠠᠨ ᠵᠠᠷᠣᠳᠠᠯ ᠢ ᠰᠢᠭᠤᠳ ᠲᠠᠰᠤᠯᠤᠨ ᠪᠤᠳᠤᠨ᠎ᠠ ᠭᠡᠵᠦ ᠵᠠᠰᠠᠭ ᠤᠨ ᠣᠷᠳᠤᠨ ᠤ ᠠᠵᠢᠯ ᠤᠨ  ᠢᠯᠡᠳᠭᠡᠯ  ᠎ ᠳᠤ ᠲᠤᠷᠠᠳᠤᠭᠰᠠᠨ ᠶᠤᠮ᠃ ᠬᠦᠮᠦᠨ ᠎ ᠤ ᠬᠦᠴᠦᠨ ᠤ ᠡᠬᠢ ᠰᠣᠷᠪᠣᠯᠵᠢ ᠪᠠ ᠨᠡᠶᠢᠭᠡᠮ ᠤᠨ ᠪᠠᠲᠤᠯᠠᠭᠠᠨ ᠤ ᠶᠠᠮᠦᠨ ᠤ ᠰᠠᠶᠢᠳ ᠢ ᠸᠧᠢ  ᠮᠢᠨ ᠬᠡᠯᠡᠬᠦ ᠳᠡᠭᠡᠨ᠂ ᠤᠨᠳᠤᠤ ᠭᠠᠵᠠᠷ ᠲᠤ ᠡᠮᠨᠡᠭᠦᠯᠦᠨ ᠵᠠᠰᠠᠭᠰᠠᠨ ᠵᠠᠷᠤᠳᠠᠯ ᠢ ᠰᠢᠭᠤᠳ  ᠲᠠᠰᠤᠯᠤᠨ  ᠪᠣᠳᠣᠬᠤ  ᠠᠰᠠᠭᠤᠳᠠᠯ ᠢ  ᠭᠤᠷᠪᠠᠨ ᠠᠯᠬᠤᠮ ᠬᠤᠪᠢᠶᠠᠨ ᠰᠢᠢᠳᠪᠦᠷᠢᠯᠡᠨ᠎ᠡ ᠭᠡᠪᠡ᠃                    ᠲᠡᠭᠦᠨ ᠤ ᠲᠠᠨᠢᠯᠴᠠᠭᠤᠯᠬᠤ ᠪᠠᠷ᠂ ᠨᠢᠭᠡᠳᠦᠭᠡᠷ ᠠᠯᠬᠤᠮ ᠳᠤ ᠮᠤᠵᠢ ᠶᠢᠨ ᠳᠣᠲᠣᠷᠠᠬᠢ  ᠡᠮᠨᠡᠭᠦᠯᠦᠨ  ᠵᠠᠰᠠᠭᠰᠠᠨ  ᠵᠠᠷᠤᠳᠠᠯ  ᠎ ᠢ ᠰᠢᠭᠤᠳ ᠲᠠᠰᠤᠯᠤᠨ ᠪᠣᠳᠣᠬᠤ ᠶᠢ ᠪᠡᠶᠡᠯᠡᠭᠦᠯᠦᠨ᠎ᠡ᠃ ᠬᠤᠶᠠᠳᠣᠭᠠᠷ ᠠᠯᠬᠤᠮ ᠳᠤ ᠡᠨᠡ ᠵᠢᠯ ᠤᠨ ᠳᠡᠭᠡᠷ᠎ᠡ ᠬᠠᠭᠠᠰ  ᠵᠢᠯ  ᠎ ᠳᠤ  ᠤᠨᠳᠤᠤ ᠭᠠᠵᠠᠷ ᠲᠤ ᠠᠵᠢᠯ ᠠᠴᠠ ᠪᠠᠨ ᠠᠮᠠᠷᠠᠭᠰᠠᠨ ᠬᠦᠮᠦᠰ ᠤᠨ ᠮᠤᠵᠢ ᠠᠯᠤᠰᠯᠠᠨ ᠡᠮᠴᠢᠯᠡᠭᠦᠯᠵᠦ᠂ ᠡᠮᠨᠡᠯᠭᠡ   ᠎ ᠳᠤ  ᠰᠠᠭᠤᠭᠰᠠᠨ  ᠵᠠᠷᠤᠳᠠᠯ  ᠎ ᠢ ᠰᠢᠭᠤᠳ ᠲᠠᠰᠤᠯᠤᠨ ᠪᠣᠳᠣᠬᠤ ᠶᠢ ᠪᠡᠶᠡᠯᠡᠭᠦᠯᠦᠨ᠎ᠡ᠃ᠭᠤᠷᠪᠠᠳᠤᠭᠠᠷ ᠠᠯᠬᠤᠮ ᠳᠤ ᠡᠨᠡ ᠵᠢᠯ ᠤᠨ ᠰᠡᠭᠦᠯᠴᠢ  ᠎ ᠪᠠᠷ᠂  ᠡᠮᠨᠡᠯᠭᠡ  ᠰᠢᠯᠵᠢᠨ ᠡᠮᠨᠡᠭᠦᠯᠬᠦ ᠨᠦᠬᠦᠴᠡᠯ ᠳᠤ ᠬᠦᠷᠦᠭᠰᠡᠨ ᠬᠦᠮᠦᠨ ᠪᠣᠯᠭᠠᠨ ᠪᠣᠰᠣᠳ ᠭᠠᠵᠠᠷ ᠡᠮᠨᠡᠭᠦᠯᠦᠨ᠂  ᠡᠮᠨᠡᠯᠭᠡ   ᠎ ᠳᠤ  ᠰᠠᠭᠤᠭᠰᠠᠨ  ᠵᠠᠷᠤᠳᠠᠯ ᠢᠶᠠᠨ ᠲᠣᠬᠠᠢ ᠶᠢᠨ ᠭᠠᠵᠠᠷ ᠲᠤ ᠰᠢᠭᠤᠳ ᠲᠠᠰᠤᠯᠤᠨ ᠪᠣᠳᠣᠬᠤ ᠶᠢ ᠪᠡᠶᠡᠯᠡᠭᠦᠯᠦᠨ᠎ᠡ᠃                  ᠬᠦᠮᠦᠨ ᠤ ᠬᠦᠴᠦᠨ ᠤ ᠡᠬᠢ ᠰᠣᠷᠪᠣᠯᠵᠢ ᠪᠠ ᠨᠡᠶᠢᠭᠡᠮ ᠤᠨ ᠪᠠᠲᠤᠯᠠᠭᠠᠨ ᠤ ᠶᠠᠮᠤᠨ ᠤ ᠲᠠᠨᠢᠯᠴᠠᠭᠤᠯᠬᠤ  ᠎ ᠪᠠᠷ᠂  ᠣᠯᠣᠰ ᠤᠨ ᠤᠨᠳᠤᠤ ᠭᠠᠵᠠᠷ ᠡᠮᠨᠡᠭᠦᠯᠬᠦ ᠶᠢ ᠲᠠᠰᠤᠤᠯᠨ ᠪᠣᠳᠣᠬᠤ ᠰᠢᠰᠲ᠋ᠧᠮ 2016 ᠣᠨ ᠤ ᠵᠢᠯ ᠤᠨ ᠡᠴᠦᠰ ᠲᠤ ᠬᠡᠷᠡᠭᠯᠡᠭᠡᠨ  ᠎ ᠳᠤ  ᠣᠷᠣᠵᠣ᠂ ᠲᠣᠷᠰᠢᠨ ᠬᠡᠷᠡᠭᠯᠡᠭᠰᠡᠨ ᠶᠤᠮ᠃ ᠲᠣᠷᠰᠢᠨ ᠬᠡᠷᠡᠭᠯᠡᠭᠰᠡᠨ ᠬᠤᠭᠤᠴᠠᠭᠠᠨ ᠳᠤ 15 ᠮᠤᠵᠢ  ᠣᠷᠣᠨ  ᠲᠤᠰ  ᠰᠢᠰᠲ᠋ᠧᠮ  ᠎ ᠳᠤ  ᠤᠷᠤᠵᠦ ᠲᠤᠷᠰᠢᠯᠲᠠ ᠬᠢᠪᠡ ᠭᠡᠵᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号