ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ 8 ᠤ ᠡᠳᠤᠷ ᠤᠨ ᠴᠠᠬᠢᠯᠭᠠᠨ ᠮᠡᠳᠡᠭᠡ | ︵ᠰᠤᠷᠪᠤᠯᠵᠢᠯᠠᠭᠴᠢ ᠬᠡᠤ ᠬᠤᠤ᠂ ᠰᠢᠤᠢ ᠪᠦᠸᠧ︶ ᠪᠦᠬᠦ ᠣᠯᠣᠰ ᠤᠨ ᠡᠮᠨᠡᠯᠭᠡ ᠶᠢᠨ ᠳᠠᠭᠠᠳᠬᠠᠯ ᠤᠨ ᠮᠡᠳᠡᠭᠡ | ᠵᠠᠩᠭᠢ ᠶᠢ ᠰᠦᠯᠵᠢᠶ᠎ᠡ ᠪᠠᠷ ᠬᠤᠯᠪᠤᠵᠦ᠂ ᠤᠨᠳᠤᠤ ᠭᠠᠵᠠᠷ ᠲᠤ ᠡᠮᠨᠡᠯᠭᠡ ᠳᠤ ᠰᠠᠭᠤᠭᠰᠠᠨ ᠵᠠᠷᠣᠳᠠᠯ ᠢ ᠰᠢᠭᠤᠳ | ᠲᠠᠰᠤᠯᠤᠨ ᠪᠤᠳᠤᠨ᠎ᠠ ᠭᠡᠵᠦ ᠵᠠᠰᠠᠭ ᠤᠨ ᠣᠷᠳᠤᠨ ᠤ ᠠᠵᠢᠯ ᠤᠨ ᠢᠯᠡᠳᠭᠡᠯ ᠳᠤ ᠲᠤᠷᠠᠳᠤᠭᠰᠠᠨ ᠶᠤᠮ᠃ ᠬᠦᠮᠦᠨ | ᠤ ᠬᠦᠴᠦᠨ ᠤ ᠡᠬᠢ ᠰᠣᠷᠪᠣᠯᠵᠢ ᠪᠠ ᠨᠡᠶᠢᠭᠡᠮ ᠤᠨ ᠪᠠᠲᠤᠯᠠᠭᠠᠨ ᠤ ᠶᠠᠮᠦᠨ ᠤ ᠰᠠᠶᠢᠳ ᠢ ᠸᠧᠢ ᠮᠢᠨ ᠬᠡᠯᠡᠬᠦ ᠳᠡᠭᠡᠨ᠂ | ᠤᠨᠳᠤᠤ ᠭᠠᠵᠠᠷ ᠲᠤ ᠡᠮᠨᠡᠭᠦᠯᠦᠨ ᠵᠠᠰᠠᠭᠰᠠᠨ ᠵᠠᠷᠤᠳᠠᠯ ᠢ ᠰᠢᠭᠤᠳ ᠲᠠᠰᠤᠯᠤᠨ ᠪᠣᠳᠣᠬᠤ ᠠᠰᠠᠭᠤᠳᠠᠯ ᠢ | ᠭᠤᠷᠪᠠᠨ ᠠᠯᠬᠤᠮ ᠬᠤᠪᠢᠶᠠᠨ ᠰᠢᠢᠳᠪᠦᠷᠢᠯᠡᠨ᠎ᠡ ᠭᠡᠪᠡ᠃ | ᠲᠡᠭᠦᠨ ᠤ ᠲᠠᠨᠢᠯᠴᠠᠭᠤᠯᠬᠤ ᠪᠠᠷ᠂ ᠨᠢᠭᠡᠳᠦᠭᠡᠷ ᠠᠯᠬᠤᠮ ᠳᠤ ᠮᠤᠵᠢ ᠶᠢᠨ ᠳᠣᠲᠣᠷᠠᠬᠢ ᠡᠮᠨᠡᠭᠦᠯᠦᠨ | ᠵᠠᠰᠠᠭᠰᠠᠨ ᠵᠠᠷᠤᠳᠠᠯ ᠢ ᠰᠢᠭᠤᠳ ᠲᠠᠰᠤᠯᠤᠨ ᠪᠣᠳᠣᠬᠤ ᠶᠢ ᠪᠡᠶᠡᠯᠡᠭᠦᠯᠦᠨ᠎ᠡ᠃ ᠬᠤᠶᠠᠳᠣᠭᠠᠷ ᠠᠯᠬᠤᠮ ᠳᠤ ᠡᠨᠡ | ᠵᠢᠯ ᠤᠨ ᠳᠡᠭᠡᠷ᠎ᠡ ᠬᠠᠭᠠᠰ ᠵᠢᠯ ᠳᠤ ᠤᠨᠳᠤᠤ ᠭᠠᠵᠠᠷ ᠲᠤ ᠠᠵᠢᠯ ᠠᠴᠠ ᠪᠠᠨ ᠠᠮᠠᠷᠠᠭᠰᠠᠨ ᠬᠦᠮᠦᠰ ᠤᠨ ᠮᠤᠵᠢ | ᠠᠯᠤᠰᠯᠠᠨ ᠡᠮᠴᠢᠯᠡᠭᠦᠯᠵᠦ᠂ ᠡᠮᠨᠡᠯᠭᠡ ᠳᠤ ᠰᠠᠭᠤᠭᠰᠠᠨ ᠵᠠᠷᠤᠳᠠᠯ ᠢ ᠰᠢᠭᠤᠳ ᠲᠠᠰᠤᠯᠤᠨ ᠪᠣᠳᠣᠬᠤ ᠶᠢ | ᠪᠡᠶᠡᠯᠡᠭᠦᠯᠦᠨ᠎ᠡ᠃ᠭᠤᠷᠪᠠᠳᠤᠭᠠᠷ ᠠᠯᠬᠤᠮ ᠳᠤ ᠡᠨᠡ ᠵᠢᠯ ᠤᠨ ᠰᠡᠭᠦᠯᠴᠢ ᠪᠠᠷ᠂ ᠡᠮᠨᠡᠯᠭᠡ ᠰᠢᠯᠵᠢᠨ ᠡᠮᠨᠡᠭᠦᠯᠬᠦ | ᠨᠦᠬᠦᠴᠡᠯ ᠳᠤ ᠬᠦᠷᠦᠭᠰᠡᠨ ᠬᠦᠮᠦᠨ ᠪᠣᠯᠭᠠᠨ ᠪᠣᠰᠣᠳ ᠭᠠᠵᠠᠷ ᠡᠮᠨᠡᠭᠦᠯᠦᠨ᠂ ᠡᠮᠨᠡᠯᠭᠡ ᠳᠤ ᠰᠠᠭᠤᠭᠰᠠᠨ | ᠵᠠᠷᠤᠳᠠᠯ ᠢᠶᠠᠨ ᠲᠣᠬᠠᠢ ᠶᠢᠨ ᠭᠠᠵᠠᠷ ᠲᠤ ᠰᠢᠭᠤᠳ ᠲᠠᠰᠤᠯᠤᠨ ᠪᠣᠳᠣᠬᠤ ᠶᠢ ᠪᠡᠶᠡᠯᠡᠭᠦᠯᠦᠨ᠎ᠡ᠃ | ᠬᠦᠮᠦᠨ ᠤ ᠬᠦᠴᠦᠨ ᠤ ᠡᠬᠢ ᠰᠣᠷᠪᠣᠯᠵᠢ ᠪᠠ ᠨᠡᠶᠢᠭᠡᠮ ᠤᠨ ᠪᠠᠲᠤᠯᠠᠭᠠᠨ ᠤ ᠶᠠᠮᠤᠨ ᠤ ᠲᠠᠨᠢᠯᠴᠠᠭᠤᠯᠬᠤ | ᠪᠠᠷ᠂ ᠣᠯᠣᠰ ᠤᠨ ᠤᠨᠳᠤᠤ ᠭᠠᠵᠠᠷ ᠡᠮᠨᠡᠭᠦᠯᠬᠦ ᠶᠢ ᠲᠠᠰᠤᠤᠯᠨ ᠪᠣᠳᠣᠬᠤ ᠰᠢᠰᠲ᠋ᠧᠮ 2016 ᠣᠨ ᠤ ᠵᠢᠯ ᠤᠨ | ᠡᠴᠦᠰ ᠲᠤ ᠬᠡᠷᠡᠭᠯᠡᠭᠡᠨ ᠳᠤ ᠣᠷᠣᠵᠣ᠂ ᠲᠣᠷᠰᠢᠨ ᠬᠡᠷᠡᠭᠯᠡᠭᠰᠡᠨ ᠶᠤᠮ᠃ ᠲᠣᠷᠰᠢᠨ ᠬᠡᠷᠡᠭᠯᠡᠭᠰᠡᠨ ᠬᠤᠭᠤᠴᠠᠭᠠᠨ ᠳᠤ | 15 ᠮᠤᠵᠢ ᠣᠷᠣᠨ ᠲᠤᠰ ᠰᠢᠰᠲ᠋ᠧᠮ ᠳᠤ ᠤᠷᠤᠵᠦ ᠲᠤᠷᠰᠢᠯᠲᠠ ᠬᠢᠪᠡ ᠭᠡᠵᠡᠢ᠃ |