ᠥᠪᠥᠷ ᠮᠣᠩᠭᠤᠯ ᠣᠷᠣᠨ ᠤ ᠲᠤᠲᠤᠷ᠎ᠠ ᠪᠠᠨ ᠣᠨᠳᠣᠣ ᠭᠠᠵᠠᠷ ᠡᠮᠨᠡᠯᠭᠡ ᠳᠤ  ᠰᠠᠭᠤᠭᠰᠠᠨ ᠵᠠᠷᠤᠳᠠᠯ ᠎ ᠤᠨ ᠰᠢᠭᠤᠳ  ᠲᠠᠰᠤᠯᠤᠯᠲᠠ  ᠶᠢ ᠡᠨᠡ ᠵᠢᠯ ᠤᠨ  ᠲᠤᠦᠷ᠎ᠠ ᠪᠡᠶᠡᠯᠡᠬᠦᠯᠬᠦ ᠪᠤᠯᠤᠨ᠎ᠠ
ᠨᠡᠶᠢᠲᠡᠯᠡᠭᠰᠡᠨ ᠴᠠᠭ᠄
2017/3/14
          ᠠᠷᠠᠳ ᠤᠨ ᠰᠦᠯᠵᠢᠶ᠎ᠡ ᠶᠢᠨ  ᠬᠦᠬᠡᠬᠤᠲᠠ ᠶᠢᠨ  2  ᠰᠠᠷ᠎ᠠ ᠶᠢᠨ  22  ᠎ ᠤᠨ  ᠡᠳᠦᠷ ᠤᠨ  ᠴᠠᠬᠢᠯᠭᠠᠨ  ᠮᠡᠳᠡᠭᠡ ᠥᠪᠥᠷ ᠮᠣᠩᠭᠤᠯ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠳ ᠥᠪᠥᠷ ᠮᠣᠩᠭᠤᠯ ᠤᠨ ᠬᠡᠪᠴᠢᠶᠡᠨ ᠲᠤᠲᠤᠷ᠎ᠠ ᠪᠠᠨ ᠡᠮᠨᠡᠯᠭᠡ ᠳᠤ ᠰᠠᠭᠤᠵᠤ ᠡᠮᠴᠢᠯᠡᠭᠦᠯᠦᠭᠰᠡᠨ ᠡᠮᠨᠡᠯᠭᠡ ᠶᠢᠨ ᠵᠠᠷᠤᠳᠠᠯ ᠢ ᠣᠨᠳᠣᠣ ᠭᠠᠵᠠᠷ ᠲᠤ ᠰᠢᠭᠤᠳ ᠲᠠᠰᠤᠯᠤᠯᠲᠠ ᠶᠢ 2017 ᠣᠨ ᠤ  ᠵᠢᠯ ᠤᠨ  ᠡᠴᠦᠰ ᠠᠴᠠ ᠡᠮᠦᠨ᠎ᠡ ᠪᠡᠶᠡᠯᠡᠬᠦᠯᠬᠦ ᠎ ᠪᠠᠷ ᠪᠠᠶᠢᠨ᠎ᠠ᠃                   22᠎ ᠤᠨ  ᠡᠳᠦᠷ  ᠬᠤᠷᠠᠯᠳᠤᠭᠰᠠᠨ  2017  ᠣᠨ ᠤ  ᠥᠪᠥᠷ  ᠮᠣᠩᠭᠤᠯ ᠤᠨ  ᠠᠷᠠᠳ ᠤᠨ  ᠠᠮᠢᠳᠤᠷᠠᠯ ᠤᠨ ᠬᠦᠷᠢᠶ᠎ᠡ ᠴᠠᠷᠠᠭ᠎ᠠ ᠳᠠᠬᠢ ᠭᠤᠣᠯᠳᠠᠯᠭ᠎ᠠ ᠲᠠᠢ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠥᠪᠥᠷ ᠮᠣᠩᠭᠤᠯ ᠤᠨ ᠦᠪᠡᠷᠲᠡᠭᠡᠨ  ᠵᠠᠰᠠᠬᠤ ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ  ᠪᠠᠲᠤᠯᠠᠭᠠᠨ ᠤ  ᠲᠢᠩᠬᠢᠮ ᠤᠨ  ᠳᠡᠳ᠋  ᠳᠠᠷᠤᠭ᠎ᠠ ᠳ᠋ᠢᠩ ᠹᠧᠢ ᠶᠢᠨ ᠲᠠᠨᠢᠯᠴᠠᠭᠤᠯᠤᠭᠰᠠᠨ ᠢᠶᠠᠷ᠂ ᠤᠯᠤᠰ ᠠᠴᠠ ᠪᠦᠬᠦ ᠤᠯᠤᠰ ᠲᠤ ᠣᠨᠳᠣᠣ ᠭᠠᠵᠠᠷ ᠡᠮᠨᠡᠭᠦᠯᠦᠭᠰᠡᠨ ᠵᠠᠷᠤᠳᠠᠯ ᠢ ᠰᠢᠭᠤᠳ ᠲᠠᠰᠤᠯᠤᠯᠲᠠ ᠶᠢ ᠡᠨᠡ ᠵᠢᠯ ᠤᠨ ᠵᠢᠯ ᠤᠨ ᠡᠴᠦᠰ ᠲᠤ ᠪᠡᠶᠡᠯᠡᠭᠦᠯᠬᠦ ᠬᠡᠷᠡᠭᠲᠡᠢ ᠬᠡᠮᠡᠨ ᠱᠠᠭᠠᠷᠲᠠᠪᠠ᠃ ᠡᠨᠡᠬᠦ ᠬᠠᠷᠠᠯᠲᠠ ᠶᠢ  ᠪᠡᠶᠡᠯᠡᠭᠦᠯᠬᠦ ᠳᠤ᠂  ᠶᠠᠭᠤᠨ ᠤ  ᠡᠮᠦᠨ᠎ᠡ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠳᠣᠲᠣᠷ᠎ᠠ ᠪᠠᠨ ᠣᠨᠳᠣᠣ  ᠭᠠᠵᠠᠷ ᠲᠤ  ᠡᠮᠨᠡᠯᠭᠡ  ᠎ ᠳᠤ ᠰᠠᠭᠤᠵᠤ ᠡᠮᠨᠡᠭᠦᠯᠦᠭᠰᠡᠨ ᠵᠠᠷᠤᠳᠠᠯ ᠢ ᠰᠢᠭᠤᠳ ᠲᠠᠰᠤᠯᠤᠯᠲᠠ ᠶᠢ ᠪᠠᠶᠡᠯᠡᠭᠦᠯᠬᠦ ᠬᠡᠷᠡᠭᠲᠡᠢ᠃                   ᠣᠶᠢᠯᠠᠭᠠᠭᠰᠠᠨ ᠢᠶᠠᠷ᠂ 2015 ᠣᠨ ᠳᠤ᠂ ᠥᠪᠥᠷ ᠮᠣᠩᠭᠤᠯ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭᠠᠨ ᠤ ᠲᠢᠩᠬᠢᠮ ᠠᠴᠠ ᠡᠨᠡᠬᠦ ᠠᠵᠢᠯ ᠢ ᠡᠬᠢᠯᠡᠭᠦᠯᠵᠦ᠂ ᠨᠡᠶᠢᠭᠡᠮ ᠤᠨ ᠳᠠᠭᠠᠳᠬᠠᠯ ᠤᠨ  ᠦᠪᠡᠷᠲᠡᠭᠡᠨ  ᠵᠠᠰᠠᠬᠤ  ᠣᠷᠣᠨ ᠤ  ᠲᠤᠭ᠎ᠠ ᠪᠠᠷᠢᠮᠲᠠ ᠶᠢ ᠶᠡᠭᠡ ᠪᠠᠷ ᠲᠦᠪᠯᠡᠷᠡᠭᠦᠯᠬᠦ ᠪᠠ ᠨᠡᠶᠢᠭᠡᠮ ᠤᠨ ᠪᠠᠲᠤᠯᠠᠭ᠎ᠠ ᠶᠢᠨ ︽ᠪᠦᠬᠦᠨ ᠳᠤ ᠲᠣᠬᠢᠷᠠᠬᠤ ᠺᠠᠷᠲ︾᠎ ᠳᠤ ᠲᠦᠰᠢᠭᠯᠡᠨ᠂ ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠣᠨᠳᠣᠣ ᠭᠠᠵᠠᠷ ᠲᠤ  ᠡᠮᠨᠡᠭᠦᠯᠬᠦ  ᠮᠡᠳᠡᠭᠡ  ᠵᠠᠩᠭᠢ ᠶᠢᠨ  ᠬᠠᠮᠢᠶᠠᠷᠤᠯᠲᠠ ᠶᠢᠨ  ᠰᠢᠰᠲ᠋ᠧᠮ ᠪᠣᠯᠣᠨ ᠰᠢᠭᠤᠳ ᠲᠠᠰᠤᠯᠤᠯᠲᠠ ᠶᠢᠨ ᠲᠡᠪᠴᠡᠩ ᠢ ᠪᠠᠶᠢᠭᠤᠯᠵᠠᠢ᠃ ᠳᠠᠷᠠᠭᠠᠴᠢ ᠶᠢᠨ ᠠᠯᠬᠤᠮ ᠳᠤ᠂ ᠬᠦᠮᠦᠨ ᠤ ᠬᠦᠴᠦᠨ ᠤ ᠡᠬᠢ  ᠪᠠᠶᠠᠯᠢᠭ ᠪᠠ ᠨᠡᠶᠢᠭᠡᠮ ᠤᠨ ᠪᠠᠲᠤᠯᠠᠭᠠᠨ ᠤ ᠲᠢᠩᠬᠢᠮ ᠠᠴᠠ ᠡᠮ ᠡᠮᠨᠡᠯᠭᠡ ᠶᠢᠨ ᠳᠠᠭᠠᠳᠬᠠᠯ ᠤᠨ ᠣᠨᠳᠣᠣ ᠭᠠᠵᠠᠷ ᠲᠤ ᠡᠮᠨᠡᠭᠦᠯᠬᠦ ᠰᠤᠷᠠᠭ  ᠵᠠᠩᠭᠢ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠣᠷᠣᠨ ᠤ ᠬᠡᠪᠴᠢᠶᠡᠨ ᠳᠤ ᠡᠮᠨᠡᠯᠭᠡ ᠳᠤ ᠰᠠᠭᠤᠵᠤ ᠡᠮᠴᠢᠯᠡᠭᠦᠯᠦᠭᠰᠡᠨ ᠪᠠᠶᠢᠪᠠᠯ ᠡᠮᠨᠡᠯᠭᠡ ᠳᠤ  ᠰᠠᠭᠤᠭᠰᠠᠨ ᠵᠠᠷᠤᠳᠠᠯ ᠢ ᠣᠨᠳᠣᠣ ᠭᠠᠵᠠᠷ  ᠰᠢᠭᠤᠳ ᠲᠠᠰᠤᠯᠤᠯᠲᠠ   ᠬᠢᠬᠦ  ᠎ ᠶᠢ  ᠡᠨᠡ  ᠵᠢᠯ ᠤᠨ  ᠲᠤᠦᠷ᠎ᠠ  ᠪᠡᠶᠡᠯᠡᠭᠦᠯᠦᠨ᠂  ᠤᠯᠤᠰ ᠤᠨ  ᠰᠢᠭᠤᠳ ᠲᠠᠰᠤᠯᠤᠯᠲᠠ ᠶᠢᠨ ᠲᠡᠪᠴᠡᠩ ᠲᠠᠢ ᠵᠠᠯᠭᠠᠵᠤ᠂  ᠮᠤᠵᠢ  ᠠᠯᠤᠰᠯᠠᠨ  ᠡᠮᠨᠡᠭᠦᠯᠦᠭᠰᠡᠨ  ᠵᠠᠷᠤᠳᠠᠯ ᠢ  ᠰᠢᠭᠤᠳ  ᠲᠠᠰᠤᠯᠤᠯᠲᠠ ᠶᠢ  ᠲᠦᠯᠬᠢᠨ ᠠᠬᠢᠭᠤᠯᠤᠨ᠎ᠠ᠃                   ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠦᠭᠦᠯᠡᠭᠴᠢ ᠹᠧᠩ ᠷᠧᠨ ᠹᠧᠢ ᠬᠤᠷᠠᠯ ᠳᠡᠭᠡᠷ᠎ᠡ ᠶᠠᠷᠢᠬᠤ ᠳᠠᠭᠠᠨ᠂ 2017 ᠣᠨ ᠳᠤ ᠨᠡᠶᠢᠭᠡᠮ ᠤᠨ ᠳᠠᠭᠠᠳᠬᠠᠯ ᠳᠤ ᠣᠷᠣᠯᠴᠠᠵᠤ ᠲᠦᠯᠦᠪᠦᠷᠢ  ᠲᠤᠰᠢᠶᠠᠬᠤ  ᠪᠣᠯᠣᠨ ᠰᠢᠯᠵᠢᠭᠦᠯᠦᠨ ᠵᠠᠯᠭᠠᠯᠳᠤᠭᠤᠯᠬᠤ ᠲᠦᠷᠦ ᠶᠢᠨ  ᠪᠣᠳᠣᠯᠭ᠎ᠠ ᠶᠢ  ᠲᠡᠭᠦᠯᠳᠡᠷᠵᠢᠭᠦᠯᠵᠦ᠂  ᠨᠡᠶᠢᠭᠡᠮ ᠤᠨ  ᠳᠠᠭᠠᠳᠬᠠᠯ ᠤᠨ  ᠬᠠᠮᠤᠷᠬᠤ  ᠬᠦᠷᠢᠶ᠎ᠡ ᠬᠡᠪᠴᠢᠶ᠎ᠡ ᠶᠢ ᠦᠷᠭᠡᠳᠬᠡᠨ᠎ᠡ᠃ ᠡᠨᠡ ᠵᠢᠯ ᠤᠨ ᠵᠢᠯ ᠤᠨ ᠡᠴᠦᠰ ᠪᠣᠯᠲᠠᠯ᠎ᠠ᠂  ᠥᠪᠥᠷ  ᠮᠣᠩᠭᠤᠯ ᠤᠨ  ᠬᠤᠲᠠ  ᠪᠠᠯᠭᠠᠰᠤᠨ ᠤ  ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠴᠢ 676 ᠲᠦᠮᠡᠨ ᠬᠦᠮᠦᠨ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠴᠢ 734 ᠲᠦᠮᠡᠨ ᠬᠦᠮᠦᠨ᠂  ᠬᠤᠲᠠ  ᠪᠠᠯᠭᠠᠰᠤᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠴᠢ 2050  ᠲᠦᠮᠡᠨ  ᠬᠦᠮᠦᠨ᠂  ᠠᠵᠢᠯ ᠠᠴᠠ  ᠪᠣᠯᠣᠭᠰᠠᠨ  ᠭᠡᠮᠲᠦᠯ  ᠪᠠ ᠦᠷᠡᠵᠢᠯ ᠤᠨ ᠳᠠᠭᠠᠳᠬᠠᠯ ᠳᠤ ᠣᠷᠣᠯᠴᠠᠭᠴᠢ 305 ᠲᠦᠮᠡᠨ ᠬᠦᠮᠦᠨ ᠳᠤ  ᠬᠦᠷᠦᠨ᠎ᠡ᠃  ᠡᠭᠦᠨ ᠤ  ᠬᠠᠮᠲᠤ᠂  ᠬᠤᠲᠠ  ᠬᠦᠳᠡᠭᠡ ᠶᠢᠨ ᠰᠠᠭᠤᠭᠠᠯᠢᠴᠦᠤᠳ  ᠤᠨ ᠡᠮ ᠡᠮᠨᠡᠯᠭᠡ ᠶᠢᠨ ᠳᠠᠭᠠᠳᠬᠠᠯ ᠤᠨ ᠡᠳ᠋ ᠤᠨ  ᠵᠠᠰᠠᠭ ᠤᠨ  ᠨᠦᠬᠦᠪᠦᠷᠢ  ᠥᠭᠬᠦ  ᠪᠠᠷᠢᠮᠵᠢᠶ᠎ᠠ ᠶᠢ  ᠦᠷᠭᠦᠯᠵᠢᠯᠡᠨ ᠳᠡᠭᠡᠭᠰᠢᠯᠡᠭᠦᠯᠵᠦ᠂ ᠨᠢᠭᠡᠲᠦᠯᠲᠡᠢ  ᠬᠤᠲᠠ  ᠬᠦᠳᠡᠭᠡ ᠶᠢᠨ  ᠰᠠᠭᠤᠭᠠᠯᠢ  ᠠᠷᠠᠳ ᠤᠨ  ᠡᠮ  ᠡᠮᠨᠡᠯᠭᠡ ᠶᠢᠨ  ᠳᠠᠭᠠᠳᠬᠠᠯ ᠤᠨ  ᠳᠦᠷᠢᠮ ᠢ ᠬᠡᠷᠡᠭᠵᠢᠭᠦᠯᠦᠨ᠂ ᠳᠠᠭᠠᠳᠬᠠᠯ ᠳᠤ ᠣᠷᠣᠯᠴᠠᠭᠰᠠᠨ ᠰᠠᠭᠤᠭᠠᠯᠢᠴᠦᠤᠳ ᠤᠨ ᠬᠠᠷᠠᠭᠠᠯᠵᠠᠯ ᠬᠦᠷᠲᠡᠬᠦ ᠲᠦᠪᠰᠢᠨ ᠢ ᠳᠡᠭᠡᠭᠰᠢᠯᠡᠭᠦᠯᠦᠨ᠎ᠡ ᠭᠡᠵᠡᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号