ᠰᠦᠯᠵᠢᠶᠡᠨ ᠠᠴᠠ ᠬᠤᠳᠠᠯᠳᠤᠨ ᠠᠪᠤᠭᠰᠠᠨ ᠲᠠᠸᠠᠷ ᠢ ᠪᠠᠨ ᠪᠤᠴᠠᠭᠠᠬᠤ  ︽ᠳᠣᠯᠣᠭᠠᠨ ᠡᠳᠦᠷ︾  ᠤᠨ  ᠬᠤᠭᠤᠴᠠᠭ᠎ᠠ ᠶᠢ ᠠᠩᠬ᠎ᠠ  ᠲᠣᠳᠣᠷᠬᠠᠢ  ᠲᠣᠭᠲᠠᠭᠠᠪᠠ
ᠨᠡᠶᠢᠲᠡᠯᠡᠭᠰᠡᠨ ᠴᠠᠭ᠄
2017/3/20
         3ᠰᠠᠷ᠎ᠠ ᠶᠢᠨ 15 ᠤ ᠡᠳᠦᠷ ᠠᠴᠠ ᠡᠬᠢᠯᠡᠨ᠂  ᠰᠦᠯᠵᠢᠶᠡᠨ ᠠᠴᠠ  ᠪᠠᠷᠠᠭ᠎ᠠ ᠬᠤᠳᠠᠯᠳᠤᠨ ᠠᠪᠳᠠᠭ ᠬᠡᠷᠡᠭᠯᠡᠭᠴᠢᠳ ᠪᠠᠰᠠ ᠢᠯᠡᠭᠦᠦ  ᠨᠢᠭᠡ  ᠳᠠᠪᠬᠤᠷ  ᠪᠠᠲᠤᠯᠠᠭ᠎ᠠ   ᠲᠠᠢ  ᠪᠣᠯᠣᠭᠰᠠᠨ  ᠪᠠᠶᠢᠨ᠎ᠠ᠃  ᠤᠯᠤᠰ ᠤᠨ  ᠦᠢᠯᠡᠳᠪᠦᠷᠢ  ᠬᠤᠳᠠᠯᠳᠤᠭᠠᠨ ᠤ ᠶᠡᠷᠦᠩᠬᠡᠢ ᠲᠣᠪᠴᠢᠶ᠎ᠠ ᠠᠴᠠ ᠨᠡᠶᠢᠲᠡᠯᠡᠭᠰᠡᠨ ︽ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠤᠭᠰᠠᠨ ᠲᠠᠸᠠᠷ ᠢ  ᠳᠣᠯᠣᠭᠠᠨ  ᠡᠳᠦᠷ ᠤᠨ  ᠳᠣᠲᠣᠷ᠎ᠠ ᠤᠴᠢᠷ ᠰᠢᠯᠲᠠᠭᠠᠨ ᠦᠭᠡᠢ ᠪᠠᠷ ᠪᠤᠴᠠᠭᠠᠬᠤ ᠲᠤᠬᠠᠢ ᠲᠦᠷ ᠬᠡᠷᠡᠭᠵᠢᠭᠦᠯᠬᠦ ᠠᠷᠭ᠎ᠠ︾ ︵ᠳᠣᠷᠣᠭᠰᠢ ︽ᠠᠷᠭ᠎ᠠ︾ ᠬᠡᠮᠡᠨ ᠲᠣᠪᠴᠢᠯᠠᠨ᠎ᠠ︶ ᠶᠢ ᠵᠢᠩᠬᠢᠨᠢ ᠪᠠᠷ ᠬᠡᠷᠡᠭᠵᠢᠭᠦᠯᠪᠡ᠃ ᠲᠣᠣᠷ ᠰᠦᠯᠵᠢᠶᠡᠨ ᠳᠡᠭᠡᠷ᠎ᠡ ᠲᠠᠸᠠᠷ ᠪᠣᠷᠣᠯᠠᠭᠤᠯᠤᠭᠴᠢ  ᠲᠠᠸᠠᠷ ᠢ  ᠳᠣᠯᠣᠭᠠᠨ  ᠡᠳᠦᠷ ᠤᠨ  ᠳᠣᠲᠣᠷ᠎ᠠ ᠤᠴᠢᠷ ᠰᠢᠯᠲᠠᠭᠠᠨ  ᠦᠭᠡᠢ ᠪᠠᠷ  ᠪᠤᠴᠠᠭᠠᠬᠤ  ᠡᠭᠦᠷᠭᠡ ᠪᠠᠨ  ᠬᠠᠥᠯᠢ  ᠶᠣᠰᠣᠭᠠᠷ  ᠭᠦᠢᠴᠡᠳᠬᠡᠬᠦ ᠬᠡᠷᠡᠭᠲᠡᠢ ᠬᠡᠮᠡᠨ ︽ᠠᠷᠭ᠎ᠠ︾ ᠳᠤ ᠲᠣᠭᠲᠠᠭᠠᠵᠠᠢ᠃ ᠡᠭᠦᠨ ᠤ ᠬᠠᠮᠲᠤ ᠪᠠᠰᠠ  ︽ᠳᠣᠯᠣᠭᠠᠨ  ᠡᠳᠦᠷ ᠤᠨ  ᠳᠣᠲᠣᠷ᠎ᠠ  ᠤᠴᠢᠷ  ᠰᠢᠯᠲᠠᠭᠠᠨ  ᠦᠭᠡᠢ ᠪᠠᠷ  ᠪᠤᠴᠠᠭᠠᠬᠤ︾ ᠲᠣᠭᠲᠠᠭᠠᠯ ᠳᠤ ᠵᠣᠬᠢᠴᠠᠬᠤ ᠦᠭᠡᠢ ᠠᠭᠤᠯᠭ᠎ᠠ ᠶᠢ ᠲᠣᠳᠣᠷᠬᠠᠶᠢᠯᠠᠭᠰᠠᠨ ᠪᠠᠶᠢᠨ᠎ᠠ᠃                  ︽ᠠᠷᠭ᠎ᠠ︾ ᠶᠢᠨ  ᠲᠣᠭᠲᠠᠭᠠᠯ ᠢ  ᠦᠨᠳᠦᠰᠦᠯᠡᠪᠡᠯ᠂  ᠲᠣᠣᠷ  ᠰᠦᠯᠵᠢᠶᠡᠨ  ᠳᠡᠭᠡᠷ᠎ᠡ  ᠲᠠᠸᠠᠷ  ᠪᠣᠷᠣᠯᠠᠭᠤᠯᠤᠭᠴᠢ ᠲᠠᠸᠠᠷ ᠢ ᠳᠣᠯᠣᠭᠠᠨ ᠡᠳᠦᠷ ᠤᠨ ᠳᠣᠲᠣᠷ᠎ᠠ  ᠤᠴᠢᠷ  ᠰᠢᠯᠲᠠᠭᠠᠨ  ᠦᠭᠡᠢ ᠪᠠᠷ  ᠪᠤᠴᠠᠭᠠᠬᠤ  ᠡᠭᠦᠷᠭᠡ ᠪᠠᠨ  ᠬᠠᠥᠯᠢ  ᠶᠣᠰᠣᠭᠠᠷ  ᠭᠦᠢᠴᠡᠳᠬᠡᠬᠦ ᠬᠡᠷᠡᠭᠲᠡᠢ᠃ ᠰᠦᠯᠵᠢᠶᠡᠨ ᠳᠡᠭᠡᠷ᠎ᠡ ᠠᠷᠠᠯᠵᠢᠶᠠᠨ ᠤ ᠲᠡᠪᠴᠡᠩ ᠬᠠᠩᠭᠠᠭᠴᠢ ᠲᠡᠪᠴᠡᠩ  ᠳᠡᠭᠡᠷᠡᠬᠢ ᠲᠠᠸᠠᠷ ᠤᠨ ᠪᠣᠷᠣᠯᠠᠭᠤᠯᠤᠭᠴᠢ ᠲᠠᠸᠠᠷ ᠢ ︽ᠳᠣᠯᠣᠭᠠᠨ ᠡᠳᠦᠷ ᠤᠨ ᠳᠣᠲᠣᠷ᠎ᠠ ᠤᠴᠢᠷ  ᠰᠢᠯᠲᠠᠭᠠᠨ  ᠦᠭᠡᠢ ᠪᠠᠷ  ᠪᠤᠴᠠᠭᠠᠬᠤ︾  ᠡᠭᠦᠷᠭᠡ ᠪᠠᠨ  ᠭᠦᠢᠴᠡᠳᠬᠡᠬᠦ ᠶᠢ ᠬᠦᠲᠦᠯᠦᠨ ᠵᠢᠯᠤᠭᠤᠳᠬᠤ ᠪᠠ ᠰᠢᠪᠠᠳᠠᠵᠤ᠂ ᠬᠢᠨᠠᠯᠲᠠ ᠲᠠᠯᠪᠢᠨ ᠪᠠᠶᠢᠴᠠᠭᠠᠬᠤ ᠶᠢᠨ ᠬᠠᠮᠲᠤ᠂ ᠮᠡᠷᠭᠡᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠢ᠃                  ᠲᠤᠰ  ᠤᠳᠠᠭᠠᠨ ᠤ  ︽ᠠᠷᠭ᠎ᠠ︾ ᠳᠤ  ᠪᠠᠰᠠ︽ᠳᠣᠯᠣᠭᠠᠨ  ᠡᠳᠦᠷ ᠤᠨ  ᠳᠣᠲᠣᠷ᠎ᠠ  ᠤᠴᠢᠷ   ᠰᠢᠯᠲᠠᠭᠠᠨ   ᠦᠭᠡᠢ ᠪᠠᠷ ᠪᠤᠴᠠᠭᠠᠬᠤ︾ ᠲᠣᠭᠲᠠᠭᠠᠯ ᠳᠤ ᠵᠣᠬᠢᠴᠠᠬᠤ  ᠦᠭᠡᠢ  ᠠᠭᠤᠯᠭ᠎ᠠ ᠶᠢ  ᠲᠣᠳᠣᠷᠬᠠᠶᠢᠯᠠᠭᠰᠠᠨ  ᠪᠠᠶᠢᠨ᠎ᠠ᠃  ᠲᠤᠬᠠᠶᠢᠯᠠᠪᠠᠯ᠄  ᠬᠡᠷᠡᠭᠯᠡᠭᠴᠢᠳ ᠵᠠᠬᠢᠶᠠᠯᠠᠭ᠎ᠠ ᠪᠠᠷ ᠬᠢᠯᠭᠡᠭᠰᠡᠨ ᠲᠠᠸᠠᠷ︔ ᠠᠮᠢᠳᠤ ᠰᠣᠷᠭᠤᠭ ᠠᠮᠠᠷᠬᠠᠨ ᠢᠯᠵᠢᠷᠡᠳᠡᠭ ᠲᠠᠸᠠᠷ︔ ᠰᠦᠯᠵᠢᠶᠡᠨ ᠠᠴᠠ  ᠪᠠᠭᠤᠯᠭᠠᠭᠰᠠᠨ ᠪᠤᠶᠤ ᠬᠡᠷᠡᠭᠯᠡᠭᠴᠢᠳ ᠪᠢᠲᠡᠭᠦᠮᠵᠢ ᠶᠢ ᠨᠢᠭᠡᠨᠲᠡ ᠵᠠᠳᠠᠯᠤᠭᠰᠠᠨ ᠳᠠᠭᠤᠤ ᠳᠦᠷᠰᠦ ᠰᠢᠩᠭᠡᠭᠡᠯᠲᠡ ᠶᠢᠨ ᠦᠢᠯᠡᠳᠬᠦᠨ᠂ ᠺᠣᠮᠫᠢᠦ᠋ᠲ᠋ᠧᠷ ᠤᠨ ᠵᠦᠭᠡᠯᠡᠨ ᠬᠡᠷᠡᠭᠰᠡᠯ ᠵᠡᠷᠭᠡ ᠲᠣᠭᠠᠴᠠᠯᠠᠭᠰᠠᠨ ᠲᠠᠸᠠᠷ︔ ᠲᠤᠰᠢᠶᠠᠭᠰᠠᠨ ᠰᠣᠨᠢᠨ᠂ ᠬᠤᠭᠤᠴᠠᠭᠠᠲᠤ ᠰᠡᠳᠬᠦᠯ ᠵᠡᠷᠭᠡ᠃                  ᠡᠭᠦᠨ ᠠᠴᠠ ᠭᠠᠳᠠᠨ᠎ᠠ᠂ ᠳᠣᠣᠷ᠎ᠠ ᠵᠢᠭᠰᠠᠭᠠᠭᠰᠠᠨ ᠰᠢᠨᠵᠢ ᠴᠢᠨᠠᠷ ᠲᠠᠢ  ᠲᠠᠸᠠᠷ ᠢ  ᠬᠡᠷᠡᠭᠯᠡᠭᠴᠢᠳ ᠬᠤᠳᠠᠯᠳᠤᠨ ᠠᠪᠬᠤ ᠳᠤ᠂ ︽ᠳᠣᠯᠣᠭᠠᠨ ᠡᠳᠦᠷ ᠤᠨ ᠳᠣᠲᠣᠷ᠎ᠠ ᠤᠴᠢᠷ ᠰᠢᠯᠲᠠᠭᠠᠨ ᠦᠭᠡᠢ ᠪᠠᠷ ᠪᠤᠴᠠᠭᠠᠬᠤ︾ ᠲᠣᠭᠲᠠᠭᠠᠯ ᠶᠢ ᠬᠡᠷᠡᠭᠯᠡᠬᠦ ᠦᠭᠡᠢ ᠪᠠᠶᠢᠵᠤ ᠪᠣᠯᠣᠨ᠎ᠠ᠄ ᠪᠤᠭᠤᠳᠠᠯ ᠪᠠᠭᠯᠠᠭ᠎ᠠ ᠶᠢ ᠨᠢ ᠵᠠᠳᠠᠯᠤᠭᠰᠠᠨ ᠤ ᠳᠠᠷᠠᠭ᠎ᠠ ᠬᠦᠮᠦᠨ ᠤ ᠪᠡᠶ᠎ᠡ ᠶᠢᠨ ᠠᠮᠤᠷ ᠲᠦᠪᠰᠢᠨ ᠪᠤᠶᠤ ᠠᠮᠢ  ᠨᠠᠰᠤ  ᠡᠷᠡᠭᠦᠯ  ᠮᠡᠨᠳᠦ ᠶᠢ ᠨᠦᠯᠦᠭᠡᠯᠡᠬᠦ ᠲᠠᠸᠠᠷ᠂ ᠡᠰᠡᠪᠡᠯ ᠪᠤᠭᠤᠳᠠᠯ ᠪᠠᠭᠯᠠᠭ᠎ᠠ ᠶᠢ ᠨᠢ ᠵᠠᠳᠠᠯᠤᠭᠰᠠᠨ ᠤ ᠳᠠᠷᠠᠭ᠎ᠠ ᠬᠢᠯᠪᠠᠷᠬᠠᠨ  ᠶᠠᠰᠦ  ᠴᠢᠨᠠᠷ ᠲᠤ ᠨᠢ ᠬᠤᠪᠢᠷᠠᠯᠲᠠ ᠭᠠᠷᠳᠠᠭ ᠲᠠᠸᠠᠷ︔  ᠢᠳᠡᠪᠬᠢᠵᠢᠭᠦᠯᠬᠦ  ᠪᠤᠶᠤ  ᠲᠤᠷᠰᠢᠨ  ᠬᠡᠷᠡᠭᠯᠡᠭᠰᠡᠨ ᠤ  ᠳᠠᠷᠠᠭ᠎ᠠ  ᠥᠷᠲᠡᠭ   ᠨᠢ  ᠶᠡᠬᠡᠪᠡᠷ ᠪᠠᠭᠤᠷᠠᠬᠤ  ᠲᠠᠸᠠᠷ︔ ᠪᠣᠷᠣᠯᠠᠭᠤᠯᠬᠤ ᠦᠶ᠎ᠡ ᠳᠤ ᠪᠠᠨ ᠴᠢᠨᠠᠷ ᠢ ᠪᠠᠲᠤᠯᠠᠬᠤ ᠬᠤᠭᠤᠴᠠᠭ᠎ᠠ ᠨᠢ ᠲᠤᠯᠬᠤ  ᠣᠶᠢᠷᠠᠲᠤᠭᠰᠠᠨ  ᠪᠤᠶᠤ  ᠰᠡᠪ   ᠲᠠᠢ ᠶᠢ  ᠲᠣᠳᠣᠷᠬᠠᠢ ᠢᠯᠡᠷᠬᠡᠶᠢᠯᠡᠭᠰᠡᠨ ᠲᠠᠸᠠᠷ ᠵᠡᠷᠭᠡ᠃                  ︽ᠠᠷᠭ᠎ᠠ︾ ᠳᠤ ᠪᠠᠰᠠ  ᠡᠯ᠎ᠡ  ᠲᠠᠯ᠎ᠠ ᠶᠢᠨ  ᠪᠡᠶᠡᠴᠢ  ᠴᠣᠭᠴᠠ ᠶᠢᠨ  ᠲᠦᠷᠢᠮᠵᠢᠲᠦ  ᠬᠦᠳᠡᠯᠭᠡᠭᠡᠨ᠂ ᠴᠠᠭ ᠬᠤᠭᠤᠴᠠᠭ᠎ᠠ᠂ ᠰᠠᠭᠠᠲᠠᠭᠰᠠᠨ ᠬᠠᠷᠢᠭᠤᠴᠠᠯᠭ᠎ᠠ ᠶᠢ ᠲᠣᠳᠣᠷᠬᠠᠢ  ᠲᠣᠭᠲᠠᠭᠠᠬᠤ ᠶᠢᠨ  ᠬᠠᠮᠲᠤ  ᠤᠴᠢᠷ  ᠰᠢᠯᠲᠠᠭᠠᠨ  ᠦᠭᠡᠢ ᠪᠠᠷ  ᠲᠠᠸᠠᠷ ᠢ ᠪᠤᠴᠠᠭᠠᠬᠤ ᠬᠡᠷᠡᠭᠯᠡᠭᠴᠢᠳ ᠲᠠᠸᠠᠷ ᠢ ᠣᠯᠣᠭᠰᠠᠨ ᠡᠳᠦᠷ ᠠᠴᠠ  ᠡᠬᠢᠯᠡᠨ  ᠳᠣᠯᠣᠭᠠᠨ  ᠡᠳᠦᠷ ᠤᠨ  ᠳᠣᠲᠣᠷ᠎ᠠ  ᠰᠦᠯᠵᠢᠶ᠎ᠡ ᠪᠠᠷ  ᠳᠠᠮᠵᠢᠨ  ᠲᠠᠸᠠᠷ ᠪᠣᠷᠣᠯᠠᠭᠤᠯᠤᠭᠴᠢ ᠳᠤ ᠪᠤᠴᠠᠭᠠᠬᠤ ᠮᠡᠳᠡᠭᠳᠡᠯ ᠭᠠᠷᠭᠠᠬᠤ ᠬᠡᠷᠡᠭᠲᠡᠢ ᠬᠡᠮᠡᠨ ᠲᠣᠭᠲᠠᠭᠠᠵᠠᠢ᠃ ᠳᠣᠯᠣᠭᠠᠨ  ᠡᠳᠦᠷ   ᠤᠨ  ᠬᠤᠭᠤᠴᠠᠭ᠎ᠠ ᠶᠢ ᠬᠡᠷᠡᠭᠯᠡᠭᠴᠢ ᠭᠠᠷ ᠤᠨ ᠦᠰᠦᠭ ᠵᠢᠷᠤᠵᠤ ᠲᠠᠸᠠᠷ ᠢ ᠬᠤᠷᠢᠶᠠᠭᠰᠠᠨ ᠡᠳᠦᠷ ᠤᠨ ᠳᠠᠷᠠᠭ᠎ᠠ ᠡᠳᠦᠷ ᠠᠴᠠ ᠡᠬᠢᠯᠡᠨ ᠪᠣᠳᠣᠨ᠎ᠠ᠃                  ᠰᠣᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠲᠤᠰ ᠤᠳᠠᠭ᠎ᠠ ᠨᠡᠶᠢᠲᠡᠯᠡᠭᠰᠡᠨ ︽ᠠᠷᠭ᠎ᠠ︾ ᠳᠤ ᠪᠠᠰᠠ᠂  ᠲᠠᠸᠠᠷ ᠤᠨ ᠪᠦᠷᠢᠨ ᠪᠦᠲᠦᠨ ᠪᠠᠶᠢᠬᠤ ᠪᠠᠷᠢᠮᠵᠢᠶ᠎ᠠ ᠱᠠᠭᠠᠷᠳᠠᠯᠭ᠎ᠠ ᠶᠢ ᠲᠣᠳᠣᠷᠬᠠᠶᠢᠯᠠᠵᠤ᠂ ᠬᠡᠷᠡᠭᠯᠡᠭᠴᠢ ᠶᠢᠨ ᠪᠤᠴᠠᠭᠠᠭᠰᠠᠨ ᠲᠠᠸᠠᠷ ᠪᠦᠷᠢᠨ ᠪᠦᠲᠦᠨ ᠪᠠᠶᠢᠬᠤ ᠶᠢ ᠱᠠᠭᠠᠷᠳᠠᠭᠰᠠᠨ ᠪᠠᠶᠢᠨ᠎ᠠ᠃ ᠲᠠᠸᠠᠷ ᠨᠢ ᠤᠤᠯ ᠤᠨ ᠴᠢᠨᠠᠷ ᠴᠢᠨᠰᠠᠭ᠎ᠠ᠂ ᠴᠢᠳᠠᠮᠵᠢ᠂ ᠲᠠᠸᠠᠷ ᠤᠨ ᠲᠤᠰ  ᠪᠡᠶ᠎ᠡ᠂  ᠰᠡᠯᠪᠢᠭᠡᠰᠦ᠂ ᠲᠠᠸᠠᠷ ᠤᠨ ᠲᠡᠮᠳᠡᠭᠲᠦ ᠶᠢᠨ ᠢᠯᠡᠳᠬᠡᠮᠵᠢ ᠲᠡᠮᠳᠡᠭ  ᠨᠢ ᠪᠦᠷᠢᠨ ᠭᠦᠢᠴᠡᠳ  ᠪᠠᠶᠢᠪᠠᠯ  ᠲᠠᠸᠠᠷ ᠢ  ᠪᠦᠷᠢᠨ  ᠪᠦᠲᠦᠨ  ᠪᠠᠶᠢᠨ᠎ᠠ  ᠭᠡᠵᠦ ᠦᠵᠡᠨ᠎ᠡ᠃ ᠬᠡᠷᠡᠭᠯᠡᠭᠴᠢ ᠰᠢᠯᠭᠠᠨ ᠪᠠᠶᠢᠴᠠᠭᠠᠬᠤ ᠬᠡᠷᠡᠭᠴᠡᠭᠡ ᠠᠴᠠ ᠪᠣᠯᠵᠤ ᠲᠠᠸᠠᠷ ᠤᠨ ᠪᠤᠭᠤᠳᠠᠯ ᠪᠠᠭᠯᠠᠭ᠎ᠠ ᠶᠢ ᠵᠠᠳᠠᠯᠤᠭᠰᠠᠨ ᠪᠤᠶᠤ ᠲᠠᠸᠠᠷ ᠤᠨ ᠴᠢᠨᠠᠷ ᠴᠢᠨᠰᠠᠭ᠎ᠠ᠂ ᠴᠢᠳᠠᠮᠵᠢ ᠶᠢ ᠨᠣᠲᠠᠯᠠᠨ ᠲᠣᠭᠲᠠᠭᠠᠬᠤ ᠪᠠᠷ ᠵᠦᠢ ᠵᠣᠬᠢᠰᠲᠠᠢ ᠲᠣᠬᠢᠷᠠᠭᠤᠯᠤᠯᠲᠠ ᠬᠢᠬᠦ ᠨᠢ  ᠲᠠᠸᠠᠷ ᠤᠨ  ᠪᠦᠷᠢᠨ ᠪᠦᠲᠦᠨ ᠢ ᠨᠦᠯᠦᠭᠡᠯᠡᠬᠦ ᠦᠭᠡᠢ᠃                  ᠡᠭᠦᠨ ᠠᠴᠠ ᠭᠠᠳᠠᠨ᠎ᠠ᠂ ᠪᠦᠬᠦ ᠤᠯᠤᠰ ᠤᠨ 12315 ᠢᠨᠲ᠋ᠧᠷ ᠰᠦᠯᠵᠢᠶᠡᠨ ᠤ ᠲᠡᠪᠴᠡᠩ15 ᠤ  ᠡᠳᠦᠷ  ᠵᠢᠩᠬᠢᠨᠢ ᠪᠠᠷ ᠰᠦᠯᠵᠢᠶᠡᠨ ᠳᠤ ᠣᠷᠣᠨ ᠠᠵᠢᠯᠯᠠᠵᠠᠢ᠂ ᠬᠡᠷᠡᠭᠯᠡᠭᠴᠢᠳ ᠲᠤᠰ  ᠲᠡᠪᠴᠡᠩ ᠢᠶᠠᠷ  ᠳᠠᠮᠵᠢᠨ ᠰᠢᠭᠤᠳ ᠰᠦᠯᠵᠢᠶᠡᠨ ᠤ ᠠᠷᠭ᠎ᠠ ᠵᠠᠮ ᠢᠶᠠᠷ ᠢᠯᠡᠴᠢᠯᠡᠨ ᠵᠠᠭᠠᠯᠳᠤᠵᠣ ᠪᠣᠯᠣᠨ᠎ᠠ᠂ ᠦᠷ᠎ᠡ ᠳ᠋ᠦᠩ ᠢ ᠨᠢ ᠴᠦ ᠲᠤᠰ ᠲᠡᠪᠴᠡᠩ ᠠᠴᠠ ᠪᠠᠶᠢᠴᠠᠭᠠᠨ ᠡᠷᠢᠵᠤ ᠪᠣᠯᠣᠨ᠎ᠠ᠃                                                                     ᠲᠤᠷᠤᠨ᠎ᠠ
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号