ᠶᠠᠫᠣᠨ ᠤ ᠰᠢᠨ᠎ᠡ ᠰᠣᠳᠣᠯᠣᠯᠲᠠ‌ᠤᠯᠵᠦ ᠮᠡᠳᠡᠭᠰᠡᠨ ᠢᠶᠠᠷ ᠮᠣᠷᠢ ᠤᠨᠤᠬᠤ ᠨᠢ ᠬᠡᠥᠬᠡᠳ  ᠢ ᠨᠡᠩ ᠰᠡᠴᠡᠨ ᠰᠡᠷᠭᠦᠯᠡᠩ  ᠪᠤᠯᠭᠠᠳᠠᠭ
ᠨᠡᠶᠢᠲᠡᠯᠡᠭᠰᠡᠨ ᠴᠠᠭ᠄
2017/3/27
           ᠠᠯᠢ ᠨᠢᠭᠡ ᠭᠡᠷ ‍ᠤᠨ‌ᠠᠬᠠᠮᠠᠳ ᠴᠦ ᠭᠡᠳ‌ᠦᠪᠡᠷ ᠤᠨ ᠬᠡᠥᠬᠡᠳ ᠢᠶᠠᠨ ᠤᠯᠠᠮ ᠰᠡᠴᠡᠨ ᠰᠡᠷᠭᠦᠯᠡᠩ ᠥᠰᠬᠡᠵᠦ᠂ ᠰᠡᠭᠦᠯᠡᠷ ᠨᠡᠩ ᠰᠠᠶᠢᠨ ᠶᠡᠭᠡ ᠰᠣᠷᠭᠠᠭᠤᠯᠢ ᠳᠤ ᠰᠢᠯᠭᠠᠨ ᠤᠷᠤᠭᠤᠯᠬᠤ ᠶᠢ ᠪᠣᠳᠣᠳᠠᠭ᠃ ᠠᠩᠭ᠍ᠯᠢ ᠶᠢᠨ  ︽ᠡᠳᠦᠷ  ᠪᠣᠯᠭᠠᠨ   ᠤ  ᠰᠢᠤᠳᠠᠨ  ᠰᠣᠨᠢᠨ︾ ᠣᠷᠴᠢᠮ ᠤᠨ ᠡᠳᠦᠷ ᠮᠡᠳᠡᠭᠡᠯᠡᠭᠰᠡᠨ ᠢᠶᠠᠷ᠂ ᠮᠣᠷᠢ ᠣᠨᠣᠬᠤ ᠨᠢ ᠬᠡᠥᠬᠡᠳ ᠤᠨ ᠰᠣᠷᠬᠤ ᠴᠢᠳᠠᠮᠵᠢ ᠶᠢ  ᠳᠡᠭᠡᠭᠰᠢᠯᠡᠭᠦᠯᠵᠣ᠂  ᠬᠡᠥᠬᠡᠳ ᠢ ᠤᠯᠠᠮ ᠰᠡᠴᠡᠨ ᠰᠡᠷᠭᠦᠯᠡᠩ ᠪᠣᠯᠭᠠᠳᠠᠭ ᠢ ᠶᠠᠫᠣᠨ ᠤ ᠰᠢᠨ᠎ᠡ ᠰᠤᠳᠤᠯᠤᠯ ᠢᠯᠡᠷᠡᠭᠦᠯᠵᠡᠢ ᠭᠡᠵᠦ  ᠠᠮᠧᠷᠢᠺᠡ ᠶᠢᠨ  ︽ᠤᠯᠠᠨ  ᠨᠡᠶᠢᠲᠡ ᠶᠢᠨ ᠡᠷᠡᠭᠦᠯ ᠬᠠᠮᠠᠭᠠᠯᠠᠯ ᠤᠨ ᠡᠮᠤᠨ᠎ᠡ ᠹᠷᠤᠨᠲ︾ ᠰᠡᠳᠭᠦᠯ ᠨᠡᠶᠢᠲᠡᠯᠡᠵᠡᠢ᠃                    ᠶᠠᠫᠣᠨ ᠤ ᠲᠣᠣᠺᠢᠣ᠋  ᠲᠠᠷᠢᠶᠠᠯᠠᠩ ᠤᠨ ᠶᠡᠭᠡ ᠰᠣᠷᠭᠠᠭᠤᠯᠢ ᠶᠢᠨ ᠰᠣᠳᠣᠯᠭᠠᠲᠠᠨ ᠮᠢᠲᠰᠦᠺᠢ ᠥᠾᠲᠠ  ᠫᠷᠣᠹᠧᠰᠰᠣᠷ  ᠪᠣᠯᠣᠨ ᠲᠡᠭᠦᠨ ᠤ ᠰᠣᠳᠣᠯᠭᠠᠨ ᠤ ᠪᠥᠯᠬᠦᠮ ᠤᠨ ᠬᠢᠨ ᠮᠣᠷᠢ ᠣᠨᠣᠬᠤ ᠨᠢ ᠬᠡᠥᠬᠡᠳ ᠤᠨ ᠰᠣᠷᠬᠤ ᠴᠢᠳᠠᠪᠤᠷᠢ ᠳᠤ ᠦᠵᠡᠭᠦᠯᠬᠦ  ᠨᠦᠯᠦᠭᠡᠨ   ᠤ ᠲᠣᠬᠠᠢ ᠰᠣᠳᠣᠯᠭᠠᠨ ᠬᠢᠪᠡ᠃ ᠲᠣᠷᠰᠢᠯᠲᠠ ᠳᠤ ᠣᠷᠣᠯᠴᠠᠭᠰᠠᠨ ᠬᠡᠥᠬᠡᠳ ᠲᠤ ᠮᠣᠷᠢ ᠣᠨᠣᠬᠤ ᠶᠢᠨ ᠡᠮᠦᠨ᠎ᠡ ᠬᠤᠶᠢᠨᠠᠬᠢ ᠪᠠᠶᠢᠳᠠᠯ   ᠳᠤ ᠲᠣᠰ ᠲᠣᠰ ᠲᠥᠭᠦᠮ ᠬᠠᠷᠢᠭᠤ ᠲᠣᠰᠬᠠᠯᠲᠠ ᠶᠢᠨ ᠬᠡᠮᠵᠢᠯᠲᠡ ᠪᠣᠯᠣᠨ ᠲᠤᠭ᠎ᠠ ᠪᠣᠳᠣᠯᠭ᠎ᠠ ᠶᠢᠨ ᠬᠡᠮᠵᠢᠯᠲᠡ  ᠬᠢᠪᠡ᠃  ᠰᠣᠳᠣᠯᠣᠭᠴᠢᠳ ᠪᠠᠰᠠ ᠣᠷᠣᠯᠴᠠᠭᠰᠠᠨ ᠬᠡᠥᠬᠡᠳ ᠤᠨ ᠮᠣᠷᠢ ᠣᠨᠣᠬᠤ ᠦᠶ᠎ᠡ ᠶᠢᠨ ᠵᠢᠷᠦᠬᠡᠨ ᠴᠣᠬᠢᠯᠭ᠎ᠠ ᠳᠤ ᠬᠡᠮᠵᠢᠯᠲᠡ  ᠬᠢᠵᠡᠢ᠃  ᠡᠭᠦᠨ   ᠤ  ᠳ᠋ᠥᠩ ᠳᠤ᠂ ᠮᠣᠷᠢ ᠣᠨᠣᠬᠤ ᠨᠢ ᠬᠡᠥᠬᠡᠳ ᠤᠨ ᠠᠵᠢᠯᠯᠠᠭᠠᠨ ᠤ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠬᠡᠥᠬᠡᠳ ᠤᠨ ᠲᠠᠨᠢᠨ  ᠮᠡᠳᠡᠬᠦᠢ ᠴᠢᠳᠠᠪᠣᠷᠢ ᠶᠢ ᠰᠠᠶᠢᠵᠢᠷᠠᠭᠤᠯᠳᠠᠭ ᠢ ᠤᠯᠵᠦ ᠮᠡᠳᠡᠪᠡ᠃ ᠭᠡᠲᠡᠯ᠎ᠡ ᠮᠣᠷᠢ ᠣᠨᠣᠬᠤ ᠨᠢ ᠲᠣᠷᠰᠢᠯᠲᠠ ᠳᠤ  ᠣᠷᠣᠯᠴᠠᠭᠰᠠᠨ  ᠬᠡᠥᠬᠡᠳ ᠤᠨ ᠲᠤᠭ᠎ᠠ ᠪᠣᠳᠣᠯᠭ᠎ᠠ ᠶᠢᠨ ᠴᠢᠳᠠᠪᠣᠷᠢ ᠶᠢᠨ ᠲᠠᠯ᠎ᠠ ᠳᠤ ᠬᠢ ᠨᠥᠯᠦᠭᠡ ᠲᠡᠳᠦᠢ ᠢᠯᠡᠷᠭᠡᠢ ᠪᠢᠰᠢ ᠪᠠᠶᠢᠯ᠎ᠠ᠃                    ᠮᠢᠲᠰᠦᠺᠢ ᠥᠾᠲᠠ ᠬᠡᠯᠡᠬᠦ ᠳᠤ ᠪᠠᠨ᠄ ᠮᠣᠷᠢᠨ ᠤ ᠠᠯᠬᠤᠳᠠᠯ ᠤᠨ ᠨᠢᠭᠡ ᠣᠨᠴᠠᠭᠠᠢ ᠣᠨᠴᠠᠯᠢᠭ ᠪᠣᠯ  ᠭᠤᠷᠪᠠᠨ  ᠬᠡᠮᠵᠢᠯᠲᠦ ᠬᠤᠷᠳᠣᠴᠠ ᠭᠠᠷᠭᠠᠬᠤ ᠪᠣᠯᠣᠨ᠎ᠠ᠃ ᠮᠣᠷᠢᠨ ᠨᠢᠷᠣᠭᠤᠨ ᠤ ᠳᠣᠷᠭᠢᠯᠲᠠ ᠨᠢ ᠬᠡᠥᠬᠡᠳ ᠤᠨ ᠶᠡᠭᠡ ᠲᠡᠷᠢᠬᠢᠨ ᠤ ᠰᠣᠷᠬᠤ ᠪᠠ ᠴᠡᠭᠡᠵᠢᠯᠡᠬᠦ ᠶᠢ ᠬᠠᠷᠢᠭᠤᠴᠠᠳᠠᠭ ᠰᠢᠰᠲ᠋ᠧᠮ ︵ᠰᠣᠯᠪᠢᠭᠤ ᠮᠡᠳᠡᠷᠡᠯ ᠤᠨ ᠰᠢᠰᠲ᠋ᠧᠮ︶ ᠢ ᠤᠷᠮᠠᠰᠢᠭᠤᠯᠵᠦ᠂  ᠡᠭᠦᠨ  ᠤᠯᠠᠮ   ᠠᠴᠠ  ᠮᠣᠷᠢ  ᠣᠨᠣᠬᠤ   ᠨᠢ ᠬᠡᠥᠬᠡᠳ ᠤᠨ ᠶᠡᠭᠡ ᠲᠠᠷᠢᠬᠢᠨ ᠤ ᠲᠠᠨᠢᠨ ᠮᠡᠳᠡᠷᠡᠬᠦ ᠴᠢᠳᠠᠪᠣᠷᠢ ᠶᠢ ᠳᠡᠭᠡᠭᠰᠢᠯᠡᠭᠦᠯᠳᠡᠭ ᠪᠠᠶᠢᠨ᠎ᠠ ᠭᠡᠵᠡᠢ᠃ ︵ᠴᠧᠩ ᠰᠢ︶                                                 ᠢᠷᠡᠯᠲᠡ᠄ ︽ᠠᠮᠢ ᠨᠠᠰᠤᠨ ᠤ ᠴᠠᠭ ‍ᠤᠨ‌‍ᠰᠣᠨᠢᠨ︾  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号