ᠮᠤᠩᠭᠤᠯ ᠰᠢᠳᠠᠷ᠎ᠠ ᠬᠢᠬᠡᠳ ᠤᠯᠠᠮᠵᠢᠯᠠᠯᠲᠤ ᠰᠤᠶᠤᠯ
ᠨᠡᠶᠢᠲᠡᠯᠡᠭᠰᠡᠨ ᠴᠠᠭ᠄
2017/3/3
                  ᠮᠤᠩᠭᠤᠯ ᠰᠢᠳᠠᠷ᠎ᠠ ᠬᠢᠬᠡᠳ ᠤᠯᠠᠮᠵᠢᠯᠠᠯᠲᠤ ᠰᠤᠶᠤᠯ                                                             ● ᠤᠳᠪᠠᠯᠠ                     ᠮᠤᠩᠭᠤᠯ ᠰᠢᠳᠠᠷ᠎ᠠ ᠪᠤᠯ ᠲᠤᠭᠯᠠᠭᠠᠮ ᠤᠨ ᠲᠤᠮᠳᠡᠬᠢ ᠬᠠᠭᠠᠨ  ᠬᠡᠮᠡᠨ  ᠠᠯᠳᠠᠷᠰᠢᠭᠰᠠᠨ  ᠮᠤᠩᠭᠤᠯ  ᠦᠨᠳᠦᠰᠦᠳᠡᠨ ᠤ ᠰᠤᠳᠤᠨ ᠰᠢᠯᠢᠳᠡᠭ ᠰᠤᠶᠤᠯ ᠤᠨ ᠦᠪ ᠲᠠᠯᠠᠰᠳᠤ ᠮᠦᠨ᠃ ᠮᠤᠩᠭᠤᠯ ᠰᠢᠳᠠᠷ᠎ᠡ ᠲᠤᠬᠯᠠᠬᠤ ᠨᠢ ᠭᠡᠤᠭᠡᠳ ᠤᠨ ᠯᠤᠭᠢᠭ ᠰᠠᠤᠭᠢᠭᠦᠢ ᠶᠢᠨ ᠴᠢᠳᠠᠪᠤᠷᠢ ᠶᠢ ᠲᠡᠭᠡᠭᠰᠢᠯᠡᠭᠦᠯᠵᠤ᠂ ᠭᠡᠤᠭᠡᠳ ᠤᠨ ᠠᠩᠬᠠᠷᠤᠯ ᠢᠶᠠᠨ  ᠲᠦᠪᠯᠡᠷᠡᠭᠦᠯᠦᠨ  ᠰᠡᠳᠭᠢᠨ  ᠪᠤᠳᠤᠬᠤ  ᠵᠢᠴᠢ  ᠤᠭᠢ  ᠰᠠᠶᠢᠨ  ᠵᠠᠩ  ᠠᠷᠠᠨᠰᠢᠨ ᠤ ᠲᠤᠬᠳᠠᠪᠦᠷᠢᠵᠢᠯᠳᠡ ᠶᠢ ᠪᠦᠷᠢᠯᠳᠦᠭᠦᠯᠭᠦ ᠳᠤ ᠲᠤᠰᠡᠳᠡᠢ ᠪᠠᠶᠢᠳᠠᠭ᠃                  ᠮᠤᠩᠭᠤᠯ ᠰᠢᠳᠠᠷ᠎ᠡ ᠶᠢ ᠰᠤᠷᠭᠠᠭᠤᠯᠢ ᠶᠢᠨ ᠭᠦᠷᠢᠶᠡᠨ ᠳᠤ ᠤᠷᠤᠭᠤᠯᠤᠬᠰᠡᠨ ᠨᠢ᠂  ᠮᠤᠩᠭᠤᠯ  ᠰᠢᠳᠠᠷ᠎ᠡ ᠶᠢᠨ ᠲᠦᠭᠡᠮᠡᠯᠵᠢᠯᠳᠡ ᠶᠢ ᠠᠭᠢᠭᠤᠯᠤᠬᠰᠡᠨ ᠢᠶᠠᠷ  ᠪᠠᠷᠠᠬᠤ  ᠦᠭᠡᠢ  ᠮᠠᠰᠢ  ᠤᠯᠡᠨ  ᠭᠡᠷ ᠤᠨ  ᠠᠬᠠᠮᠠᠳ ᠤᠨ  ᠬᠠᠯᠠᠭᠤᠨ  ᠭᠦᠷᠢᠶᠡᠯᠡᠯ ᠢ  ᠤᠯᠤᠬᠰᠡᠨ  ᠪᠠᠶᠢᠨ᠎ᠡ᠃ ᠤᠳᠤᠬᠠᠨ ᠳᠤ ᠮᠤᠩᠭᠤᠯ ᠰᠢᠳᠠᠷ᠎ᠡ ᠶᠢ ᠦᠪᠤᠷ ᠮᠤᠩᠭᠤᠯ ᠤᠨ ᠦᠨᠳᠦᠰᠦᠳᠡᠨ ᠤ ᠭᠡᠤᠭᠡᠳ ᠤᠨ  ᠴᠡᠴᠡᠷᠯᠢᠭ ᠤᠨ  ᠪᠠᠭᠰᠢ ᠶᠢᠨ  ᠲᠤᠰᠬᠠᠢ ᠮᠡᠷᠭᠡᠵᠢᠯ ᠤᠨ ᠲᠡᠭᠡᠳᠤ ᠰᠤᠷᠭᠠᠭᠤᠯᠢ ᠶᠢᠨ ᠵᠠᠪᠠᠯ ᠰᠤᠷᠬᠤ ᠭᠢᠴᠢᠶᠡᠯ ᠪᠤᠯᠭᠠᠬᠰᠡᠨ ᠨᠢ  ᠪᠠᠶᠠᠷ ᠤᠨ  ᠴᠢᠮᠡᠭᠡ  ᠪᠤᠯᠵᠤ ᠪᠠᠶᠢᠨ᠎ᠡ᠃ ᠡᠨᠡ ᠨᠢ ᠲᠠᠷᠤᠢ ᠮᠤᠩᠭᠤᠯ ᠰᠢᠳᠠᠷ᠎ᠡ ᠶᠢᠨ ᠰᠤᠶᠤᠯ ᠢ ᠤᠯᠠᠮᠵᠢᠯᠡᠨ ᠵᠠᠯᠭᠠᠮᠵᠢᠯᠠᠬᠤ ᠰᠢᠯᠢᠳᠡᠭ ᠪᠠᠭᠰᠢ ᠶᠢᠨ  ᠡᠩᠨᠡᠭᠡ ᠶᠢ  ᠪᠤᠢ  ᠪᠤᠯᠭᠠᠬᠤ  ᠵᠠᠰᠠᠭ ᠤᠨ ᠲᠠᠯ᠎ᠡ ᠶᠢᠨ ᠤᠷᠤᠯᠳᠤᠯᠭ᠎ᠠ ᠶᠢ ᠭᠦᠢᠴᠡᠳ ᠬᠠᠷᠠᠭᠤᠯᠵᠤ ᠪᠤᠢ᠃                   ᠮᠤᠩᠭᠤᠯ ᠰᠢᠳᠠᠷ᠎ᠡ ᠶᠢᠨ ᠰᠤᠶᠤᠯ ᠢ ᠦᠷᠭᠡᠨ ᠭᠡᠪᠴᠢᠶ᠎ᠡ ᠪᠠᠷ ᠲᠦᠭᠡᠮᠡᠯᠵᠢᠭᠦᠯᠵᠤ᠂ ᠰᠢᠯᠢᠳᠡᠭ ᠮᠤᠩᠭᠤᠯ ᠰᠢᠳᠠᠷ᠎ᠡ ᠶᠢᠨ ᠪᠠᠭᠰᠢ ᠶᠢ ᠭᠦᠮᠦᠵᠢᠭᠦᠯᠵᠤ᠂ ᠦᠨᠳᠦᠰᠦᠳᠡᠨ ᠤ  ᠰᠤᠶᠤᠯ ᠤᠨ  ᠦᠪ ᠢᠶᠠᠨ  ᠦᠷ᠎ᠡ  ᠭᠡᠤᠭᠡᠤᠨ ᠲᠡᠭᠡᠨ  ᠬᠠᠷᠠᠬᠠᠨ  ᠪᠠᠭ᠎ᠠ ᠠᠴᠠ ᠨᠢ  ᠵᠠᠯᠭᠠᠮᠵᠢᠯᠡᠨ ᠰᠤᠷᠭᠠᠬᠤ ᠶᠠᠪᠤᠳᠠᠯ ᠪᠤᠯ ᠭᠦᠮᠦᠨ ᠪᠦᠭᠦᠨ ᠢ ᠪᠠᠶᠠᠷᠯᠠᠭᠤᠯᠬᠤ ᠶᠠᠪᠤᠳᠠᠯ ᠪᠤᠯᠬᠤ ᠶᠤᠮ᠃                                                                    ᠲᠤᠷᠤᠨ᠎ᠠ
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号