ᠭᠡᠭᠡᠷ᠎ᠡ ᠶᠢᠨ ᠠᠮᠢᠳᠠᠨ ᠭᠦᠳᠡᠭᠡ ᠨᠤᠳᠤᠭ ᠤᠨ ᠮᠢᠨᠢ ᠡᠷᠳᠡᠨᠢ
ᠨᠡᠶᠢᠲᠡᠯᠡᠭᠰᠡᠨ ᠴᠠᠭ᠄
2017/3/7
         ᠭᠡᠭᠡᠷ᠎ᠡ ᠶᠢᠨ ᠠᠮᠢᠳᠠᠨ ᠪᠤᠯ ᠠᠮᠢ ᠠᠬᠤᠢ ᠭᠢᠭᠡᠳ ᠭᠦᠮᠤᠨ ᠵᠤᠨ ᠤ ᠡᠶ᠎ᠡ ᠵᠤᠭᠢᠴᠠᠯ ᠳᠤ ᠬᠤᠯᠪᠤᠭᠳᠠᠬᠤ ᠴᠢᠬᠤᠯᠠ  ᠨᠢᠭᠡᠨ ᠭᠤᠭᠴᠤᠭ᠎ᠠ ᠪᠤᠯᠳᠠᠭ ᠤᠴᠢᠷᠳᠠᠢ᠃ ᠲᠡᠶᠢᠨᠭᠦ ᠭᠡᠭᠡᠷ᠎ᠡ ᠶᠢᠨ ᠠᠮᠢᠳᠠᠨ ᠤ ᠡᠭᠢ ᠪᠠᠶᠠᠯᠢᠭ ᠢ ᠬᠠᠮᠠᠭᠠᠯᠠᠬᠤ  ᠠᠵᠢᠯ ᠢ ᠦᠨᠡᠨᠭᠦ ᠰᠠᠶᠢᠳᠤᠷ ᠴᠢᠩᠭᠠᠳᠬᠠᠬᠤ ᠡᠭᠦᠳᠡᠨ ᠠᠴᠠ ᠠᠪᠠᠭ᠎ᠠ ᠬᠤᠰᠢᠭᠤᠨ ᠤ ᠤᠢ ᠰᠢᠭᠤᠢ ᠶᠢᠨ  ᠲᠤᠳᠤᠭᠠᠳᠤ ᠶᠢ ᠬᠠᠮᠭᠠᠠᠯᠠᠬᠤ ᠲᠤᠪᠴᠢᠶ᠎ᠠ 2 ᠳ᠋ᠤᠭᠠᠷ ᠰᠠᠷ᠎ᠠ ᠶᠢᠨ 13 ᠤ ᠡᠳᠤᠷ ᠠᠴᠠ ᠭᠡᠭᠡᠷ᠎ᠡ ᠶᠢᠨ ᠠᠮᠢᠳᠠᠨ ᠤ  ᠡᠭᠢ ᠪᠠᠶᠠᠯᠢᠭ ᠲᠤ ᠪᠠᠶᠢᠴᠠᠭᠠᠯᠳᠠ ᠭᠢᠭᠦ ᠠᠵᠢᠯᠯᠠᠭ᠎ᠠ ᠪᠠᠨ ᠡᠭᠢᠯᠡᠭᠦᠯᠵᠤ᠂ 5 ᠳ᠋ᠤᠭᠠᠷ ᠰᠠᠷ᠎ᠠ ᠶᠢᠨ 30 ᠤ ᠡᠳᠤᠷ  ᠪᠤᠯᠳᠠᠯ᠎ᠠ ᠶᠠᠪᠤᠭᠳᠠᠭᠤᠯᠬᠤ ᠪᠠᠷ ᠳᠤᠬᠳᠠᠵᠠᠢ᠃             ᠡᠨᠡ ᠤᠳᠠᠭᠠᠨ ᠤ ᠪᠠᠶᠢᠴᠠᠭᠠᠯᠳᠠ ᠶᠢᠨ ᠠᠵᠢᠯᠯᠠᠭ᠎ᠠ ᠨᠢ ᠭᠤᠤᠯᠳᠠᠭᠤ ᠬᠠᠶᠢᠷᠭᠤᠴᠠᠢ ᠪᠡ ᠡᠯ᠎ᠡ ᠲᠦᠷᠦᠯ ᠤᠨ  ᠨᠡᠭᠦᠳᠡᠯ ᠤᠨ ᠰᠢᠪᠠᠭᠤᠳ ᠢ ᠬᠠᠤᠯᠢ ᠪᠤᠰᠤ ᠪᠠᠷ ᠠᠩᠨᠠᠭᠰᠠᠨ ᠠᠵᠢᠯᠯᠠᠭ᠎ᠠ ᠳᠤ ᠴᠤᠭᠢᠯᠳᠠ ᠦᠭᠭᠦ ᠶᠢ ᠴᠢᠩᠭᠠᠳᠬᠠᠬᠰᠠᠨ  ᠪᠠᠶᠢᠨ᠎ᠠ᠃ ᠤᠢ ᠰᠢᠭᠤᠢ ᠶᠢᠨ ᠴᠠᠬᠳᠠᠭᠠᠨ ᠤ ᠳᠠᠯ᠎ᠠ ᠶᠢᠨ ᠬᠢᠨ ᠤ ᠰᠢᠭᠰᠢᠨ ᠪᠠᠶᠢᠴᠠᠭᠠᠵᠤ ᠭᠠᠷᠭᠠᠭᠰᠠᠨ ᠬᠠᠤᠯᠢ  ᠪᠤᠰᠤ ᠪᠠᠷ ᠠᠩᠨᠠᠭᠰᠠᠨ ᠭᠡᠷᠡᠭ ᠤᠯᠠᠨ ᠡᠭᠦᠰᠳᠡᠭ ᠲᠤᠭᠤᠷᠢᠭ ᠲᠤ ᠪᠡᠯᠭᠦᠳᠡᠢ ᠪᠠᠯᠭᠠᠰᠤᠨ ᠤ ᠡᠷᠭᠢᠨ ᠲᠤᠭᠤᠷᠢᠨ ᠪᠡ  ᠴᠡᠷᠢᠭ ᠤᠨ ᠲᠤᠭᠤᠷᠢᠭ ᠤᠨ ᠮᠠᠯᠵᠢᠯ ᠤᠨ ᠲᠠᠯᠠᠪᠠᠢ ᠵᠡᠷᠭᠡ 7 ᠲᠤᠭᠤᠷᠢᠭ ᠪᠤᠢ᠃ ᠡᠶᠢᠨᠭᠦ ᠤᠢ ᠰᠢᠭᠤᠢ ᠶᠢᠨ  ᠳᠤᠳᠤᠭᠠᠳᠤ ᠶᠢ ᠬᠠᠮᠠᠭᠠᠯᠠᠬᠤ ᠳᠠᠯ᠎ᠠ ᠶᠢᠨ ᠬᠢᠨ ᠴᠠᠭᠳᠠᠭ᠎ᠠ ᠶᠢᠨ ᠭᠦᠴᠤᠨ ᠢᠶᠠᠨ ᠲᠦᠪᠯᠡᠷᠡᠭᠦᠯᠤᠨ ᠂ ᠲᠤᠭᠤᠢᠢᠯᠠᠩ  ᠬᠤᠪᠢᠶᠠᠨ ᠪᠠᠶᠢᠡᠭᠭᠤ ᠴᠠᠭᠳᠠᠬᠤ ᠵᠡᠷᠭᠡ ᠠᠷᠭ᠎ᠠ ᠪᠠᠷ ᠪᠠᠶᠢᠴᠠᠭᠠᠯᠳᠠ ᠪᠠᠨ ᠴᠢᠩᠭᠠᠳᠬᠠᠵᠤ᠂ ᠬᠠᠷᠢᠶ᠎ᠠ ᠭᠢᠵᠠᠭᠠᠷ  ᠲᠤᠳᠤᠷᠠᠭᠢ ᠭᠡᠭᠡᠷ᠎ᠡ ᠶᠢᠨ ᠠᠮᠢᠳᠠᠨ ᠤ ᠬᠠᠮᠠᠭᠠᠯᠠᠯᠳᠠ ᠶᠢ ᠰᠠᠶᠢᠳᠤᠷ ᠭᠢᠭᠦ ᠶᠢᠨ ᠬᠠᠮᠳᠤ ᠦᠡᠭᠭᠡᠷᠡᠭᠰᠡᠨ ᠵᠢᠯ ᠤᠳ ᠲᠤ  ᠬᠠᠤᠯᠢ ᠪᠤᠰᠤ ᠪᠠᠷ ᠬᠠᠶᠢᠷᠭᠤᠴᠠᠢ ᠰᠠᠷᠢᠭᠠᠯᠠᠨ ᠲᠡᠭᠡᠭᠡᠪᠤᠷᠢᠯᠡᠭᠰᠡᠨ ᠭᠡᠷᠡᠭ ᠤᠨ ᠲᠡᠮᠳᠡᠭᠯᠡᠯ ᠲᠠᠢ ᠭᠦᠮᠤᠰ ᠲᠤ  ᠬᠠᠶᠢᠷᠭᠤᠴᠠᠢ ᠪᠡ ᠨᠡᠭᠦᠳᠡᠯ ᠤᠨ ᠰᠢᠪᠠᠭᠤᠳ ᠢ ᠰᠠᠷᠢᠭᠠᠯᠠᠵᠤ ᠪᠤᠯᠬᠤ ᠦᠭᠡᠢ ᠭᠡᠭᠦ ᠮᠡᠳᠤ ᠶᠢᠨ ᠭᠦᠮᠦᠵᠢᠯ ᠬᠢᠭᠰᠡᠨ ᠤ  ᠬᠠᠮᠳᠤ ᠭᠡᠷᠪᠡ ᠲᠡᠭᠢᠨ ᠰᠠᠷᠢᠭᠠᠯᠠᠪᠠᠯ ᠭᠦᠨᠳᠤ ᠪᠠᠷ ᠰᠢᠳᠭᠡᠨ᠎ᠡ ᠭᠡᠮᠡᠨ ᠰᠡᠷᠡᠮᠵᠢᠯᠡᠭᠦᠯᠦᠭᠰᠡᠨ ᠪᠠᠶᠢᠨ᠎ᠠ᠃ ᠡᠨᠡ ᠵᠢᠯ  ᠠᠪᠠᠭ᠎ᠠ ᠬᠤᠰᠢᠭᠤ ᠬᠠᠤᠯᠢ ᠪᠤᠰᠤ ᠪᠠᠷ ᠠᠩᠨᠠᠭᠰᠠᠨ ᠠᠵᠢᠯᠯᠠᠭ᠎ᠠ ᠳᠤ ᠴᠤᠭᠢᠯᠳᠠ ᠦᠭᠭᠦ ᠡᠷᠴᠢᠮ ᠢᠶᠠᠨ ᠴᠢᠩᠭᠠᠳᠬᠠᠨ᠂ ᠬᠠᠤᠯᠢ ᠪᠤᠰᠤ ᠪᠠᠷ 20 ᠬᠠᠶᠢᠷᠭᠤᠴᠠᠢ ᠠᠩᠨᠠᠭᠰᠠᠨ ᠡᠳᠡᠭᠡᠳ ᠢ ᠲᠠᠷᠦ᠋ᠢᠬᠠᠨ ᠡᠷᠡᠭᠦᠤ ᠶᠢᠨ ᠭᠡᠷᠡᠭ ᠢᠶᠠᠷ ᠲᠦᠷ  ᠬᠤᠷᠢᠵᠤ᠂ 20 ᠬᠠᠶᠢᠷᠭᠤᠴᠠᠢ ᠠᠴᠠ ᠲᠤᠷᠤᠭᠰᠢ ᠠᠩᠨᠠᠬᠰᠠᠨ ᠡᠳᠡᠭᠡᠳ ᠲᠤ ᠵᠠᠰᠠᠭ ᠵᠠᠭᠢᠷᠭᠠᠨ ᠤ ᠲᠦᠷ ᠬᠤᠷᠢᠬᠤ  ᠰᠢᠳᠭᠡᠯ ᠦᠭᠭᠦᠨ᠎ᠡ ᠭᠡᠮᠡᠨ ᠳᠤᠬᠳᠠᠵᠠᠢ᠃             ᠤᠳᠤᠬᠠᠨ ᠳᠤ ᠤᠢ ᠰᠢᠭᠤᠢ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ 5000 ᠬᠤᠪᠢ  ᠤᠬᠠᠭᠤᠯᠭ᠎ᠠ ᠶᠢᠨ ᠬᠠᠭᠤᠳᠠᠰᠤ ᠲᠡᠷᠤᠮᠠᠯᠯᠠᠨ᠂ ᠴᠠᠭᠳᠠᠨ ᠪᠠᠶᠢᠴᠠᠭᠠᠬᠤ ᠲᠤᠮᠳᠠ ᠪᠠᠨ ᠮᠠᠯᠵᠢᠬᠤ ᠡᠷᠤᠭᠡ ᠪᠠᠷ  ᠲᠠᠷᠬᠠᠭᠠᠵᠤ᠂ ︽ᠮᠤᠳᠤ ᠲᠠᠷᠢᠬᠤ ᠡᠳᠤᠷ︾᠂ ︽ᠰᠢᠪᠠᠭᠤ ᠬᠠᠶᠢᠷᠠᠯᠠᠬᠤ ᠭᠠᠷᠠᠭ︾ ᠵᠡᠷᠭᠡ ᠠᠵᠢᠯᠯᠠᠭᠠᠨ ᠤ  ᠠᠰᠢᠭᠳᠠᠢ ᠲᠤᠭᠢᠶᠠᠯ ᠢᠶᠠᠷ ᠤᠬᠠᠭᠤᠯᠭ᠎ᠠ ᠶᠢᠨ ᠪᠤᠯᠤᠩ ᠭᠠᠷᠭᠠᠨ᠂ ᠭᠦᠮᠤᠨ ᠠᠮᠠ ᠲᠦᠪᠯᠡᠷᠡᠩᠭᠦᠢ ᠭᠠᠵᠠᠷ ᠢᠶᠠᠷ  ᠲᠡᠯᠭᠡᠨ ᠦᠵᠡᠭᠦᠯᠭᠦ᠂ ᠲᠧᠯᠸᠢᠰ ᠢᠶᠠᠷ ᠠᠰᠢᠭᠳᠠᠢ ᠰᠢᠪᠠᠭᠤᠳ ᠢ ᠬᠠᠮᠠᠭᠠᠯᠠᠬᠤ ᠶᠡᠷᠤ ᠶᠢᠨ ᠮᠡᠳᠡᠯᠭᠡ᠂ ᠰᠡᠭᠦᠳᠡᠷ  ᠵᠢᠷᠤᠭ ᠵᠢᠴᠢ ᠦᠷᠭᠡᠨ ᠤᠯᠠᠨ ᠲᠦᠮᠡᠨ ᠤ ᠲᠠᠭᠠᠰᠢᠶᠠᠯ ᠳᠤ ᠭᠦᠷᠭᠦ ᠭᠡᠯᠪᠡᠷᠢ ᠪᠠᠷ ᠠᠮᠢ ᠠᠬᠤᠢ ᠶᠢᠨ  ᠬᠠᠮᠠᠭᠠᠯᠠᠯᠳᠠ ᠶᠢᠨ ᠴᠢᠬᠤᠯᠠ ᠴᠢᠨᠠᠷ᠂ ᠪᠠᠴᠢᠮ ᠲᠤᠯᠭᠠᠮ᠎ᠠ ᠴᠢᠨᠠᠷ ᠢ ᠰᠠᠶᠢᠳᠤᠷ ᠤᠬᠠᠭᠤᠯᠵᠤ᠂ ᠪᠦᠭᠦ  ᠠᠷᠠᠳ ᠢᠶᠠᠷ ᠢᠶᠠᠨ ᠭᠡᠭᠡᠷ᠎ᠡ ᠶᠢᠨ ᠠᠮᠢᠳᠠᠳ ᠢ ᠰᠠᠶᠢᠨ ᠲᠤᠷ᠎ᠠ ᠠᠴᠠ ᠪᠠᠨ ᠬᠠᠶᠢᠷᠠᠯᠠᠨ ᠬᠠᠮᠠᠭᠠᠯᠠᠬᠤ ᠰᠠᠶᠢᠨ ᠰᠠᠶᠢᠬᠠᠨ  ᠤᠬᠠᠮᠰᠠᠷ ᠳᠠᠳᠬᠠᠯ ᠢ ᠪᠦᠷᠢᠯᠳᠦᠭᠦᠯᠭᠦ ᠪᠠᠷ ᠴᠢᠷᠮᠠᠶᠢᠵᠤ ᠪᠠᠶᠢᠭ᠎ᠠ ᠶᠤᠮ᠃ ᠡᠪᠡᠰᠤ ᠪᠡᠯᠴᠢᠭᠡᠷ ᠰᠠᠶᠢᠳᠠᠢ᠂ ᠪᠤᠳᠠ  ᠪᠤᠷᠭᠠᠰᠤ ᠢᠬᠴᠢ ᠰᠠᠬᠤᠯᠢᠭ᠂ ᠨᠠᠭᠤᠷ ᠭᠤᠤᠯ ᠤᠯᠠᠨ ᠲᠠᠢ ᠠᠪᠠᠭ᠎ᠠ ᠶᠢᠨ ᠠᠭᠤᠳᠠᠮ ᠨᠤᠳᠤᠭ ᠨᠢ ᠭᠡᠭᠡᠷ᠎ᠡ ᠶᠢᠨ  ᠠᠮᠢᠳᠠᠨ ᠤ ᠤᠷᠤᠩᠨᠠᠨ ᠠᠮᠢᠳᠤᠷᠠᠬᠤ ᠰᠠᠶᠢᠬᠠᠨ ᠤᠷᠤᠨ ᠪᠤᠯᠳᠠᠭ ᠠᠴᠠ ᠠᠳᠡᠬᠢ ᠶᠢᠨ ᠨᠠᠭᠤᠷ ᠭᠤᠤᠯ ᠳᠤᠨᠢ ᠤᠯᠠᠨ  ᠲᠦᠷᠦᠯ ᠤᠨ ᠨᠡᠭᠦᠳᠡᠯ ᠤᠨ ᠰᠢᠪᠠᠭᠤᠳ ᠢᠷᠡᠳᠡᠭ ᠪᠦᠭᠡᠳ ᠠᠭᠤᠳᠠᠮ ᠳᠠᠯ᠎ᠠ᠂ ᠡᠯᠡᠰᠤ ᠮᠠᠩᠬᠠᠨ ᠳᠤᠨᠢ ᠭᠡᠭᠡᠷ᠎ᠡ ᠶᠢᠨ  ᠳᠠᠤᠯᠠᠢ᠂ ᠵᠡᠭᠡᠷ᠎ᠡ᠂ ᠪᠤᠷᠤ ᠭᠦᠷᠦᠭᠡᠰᠤ᠂ ᠦᠨᠡᠭᠡ ᠴᠢᠨ᠋ᠸ᠎ᠠ ᠵᠡᠷᠭᠡ ᠭᠡᠭᠡᠷ᠎ᠡ ᠶᠢᠨ ᠠᠮᠢᠳᠠᠨ ᠴᠤ ᠤᠷᠤᠩᠨᠠᠨ ᠠᠮᠢᠳᠤᠷᠠᠵᠤ  ᠪᠠᠶᠢᠳᠠᠭ᠃ ᠶᠠᠪᠤᠬᠤ ᠳᠤᠳᠤᠮ ᠢᠶᠠᠨ ᠬᠤᠪᠤᠷᠳᠡᠵᠤ ᠴᠦᠭᠡᠷᠡᠨ ᠨᠤᠳᠤᠭ ᠤᠨ ᠡᠷᠳᠡᠨᠢ ᠪᠤᠯᠵᠤ ᠪᠠᠶᠢᠭ᠎ᠠ ᠡᠳᠡᠭᠡᠷ  ᠭᠡᠭᠡᠷ᠎ᠡ ᠶᠢᠨ ᠠᠮᠢᠳᠠᠨ ᠢᠶᠠᠨ ᠬᠠᠶᠢᠷᠠᠯᠠᠨ ᠬᠠᠮᠠᠭᠠᠯᠠᠵᠤ᠂ ᠳᠡᠳᠡᠨ ᠳᠤ ᠨᠡᠩ ᠰᠠᠶᠢᠨ ᠰᠠᠶᠢᠬᠠᠨ ᠤᠷᠤᠰᠢᠨ ᠠᠮᠢᠳᠤᠷᠠᠬᠤ  ᠤᠷᠤᠨ ᠵᠠᠢ ᠤᠯᠭᠤᠬᠤ ᠵᠢᠴᠢ ᠳᠡᠳᠡᠨ ᠢ ᠠᠰᠢᠬ ᠲᠤ ᠰᠢᠨᠤᠬᠰᠠᠨ ᠰᠠᠷᠢᠭᠠᠯᠠᠬᠴᠢᠳ ᠤᠨ ᠬᠠᠷ᠎ᠠ ᠰᠠᠪᠠᠷ ᠠᠴᠠ  ᠬᠠᠮᠠᠭᠠᠯᠠᠬᠤ ᠶᠢᠨ ᠳᠤᠰᠠᠳᠠ ᠳᠤᠰ ᠬᠤᠰᠢᠭᠤᠨ ᠤ ᠤᠢ ᠰᠢᠭᠤᠢ ᠶᠢᠨ ᠳᠤᠳᠤᠭᠠᠳᠤ ᠶᠢ ᠬᠠᠮᠠᠭᠠᠯᠠᠬᠤ  ᠳᠤᠪᠴᠢᠶᠠᠨ ᠤ ᠬᠢᠨ ᠤᠯᠠᠨ ᠵᠦᠢᠯ ᠤᠨ ᠠᠰᠢᠬᠳᠠᠢ ᠠᠷᠭ᠎ᠠ ᠭᠡᠮᠵᠢᠶ᠎ᠡ ᠠᠪᠴᠤ ᠬᠠᠷᠠᠵᠤ ᠬᠠᠮᠠᠭᠠᠯᠠᠬᠤ ᠡᠷᠴᠢᠮ ᠢᠶᠠᠨ  ᠤᠯᠠᠮ ᠴᠢᠩᠭᠠᠳᠬᠠᠵᠤ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ ᠤ ᠰᠢᠨ᠎ᠠ ᠮᠠᠯᠴᠢᠳ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号