ᠲᠦᠢᠮᠡᠷ ᠢ ᠰᠡᠷᠬᠡᠶᠢᠯᠡᠬᠦ ᠶᠡᠷᠤ ᠶᠢᠨ ᠮᠡᠳᠡᠴᠡ
ᠨᠡᠶᠢᠲᠡᠯᠡᠭᠰᠡᠨ ᠴᠠᠭ᠄
2017/4/10
          ᠭᠠᠯ ᠰᠡᠷᠭᠡᠶᠢᠯᠡᠯᠲᠡ ᠶᠢᠨ ᠤᠯᠠᠷᠢᠯ ᠬᠦᠷᠴᠦ ᠢᠷᠡᠬᠦ ᠳᠤ᠂ ᠦᠷᠭᠡᠨ ᠤᠯᠠᠨ ᠺᠠᠳ᠋ᠷ᠂ ᠮᠠᠯᠴᠢᠨ ᠲᠦᠮᠡᠨ ᠳᠤ ᠪᠠᠨ  ᠲᠤᠤᠷᠠᠬᠢ ᠬᠡᠲᠤᠨ ᠲᠠᠯ᠎ᠠ ᠶᠢᠨ ᠰᠠᠨᠠᠭᠤᠯᠤᠮᠵᠢ ᠶᠢ ᠠᠩᠬᠠᠷᠤᠭᠤᠯᠵᠤ᠂ ᠭᠠᠯ ᠰᠡᠷᠭᠡᠶᠢᠯᠡᠯᠲᠡ ᠶᠢᠨ ᠠᠵᠢᠯ ᠢ ᠰᠠᠶᠢᠲᠤᠷ  ᠬᠢᠬᠦ ᠳᠤ ᠲᠤᠰᠠ ᠲᠡᠮᠵᠢᠯᠭᠡ ᠪᠤᠯᠭᠠᠶ᠎ᠠ᠃               ᠤᠢ ᠰᠢᠭᠤᠢ ᠨᠤᠳᠤᠭ ᠪᠡᠯᠴᠢᠬᠡᠷ ᠤᠨ ᠭᠠᠯ ᠲᠦᠢᠮᠡᠷ ᠢ ᠰᠡᠷᠬᠡᠶᠢᠯᠡᠬᠦ ᠬᠤᠭᠤᠴᠠᠭ᠎ᠠ ᠶᠢ ︽ᠤᠢ ᠰᠢᠭᠤᠢ ᠨᠤᠳᠤᠭ  ᠪᠡᠯᠴᠢᠬᠡᠷ ᠤᠨ ᠭᠠᠯ ᠲᠦᠢᠮᠡᠷ ᠢ ᠰᠡᠷᠬᠡᠶᠢᠯᠡᠬᠦ ᠲᠦᠷᠢᠮ︾ ᠳᠤ 3 ᠳ᠋ᠤᠭᠠᠷ ᠰᠠᠷ᠎ᠡ ᠶᠢᠨ 15 ᠤ ᠡᠳᠤᠷ ᠠᠴᠠ 6  ᠳ᠋ᠤᠭᠠᠷ ᠰᠠᠷ᠎ᠡ ᠶᠢᠨ 15 ᠤ ᠡᠳᠤᠷ ᠪᠤᠯ ᠬᠠᠪᠤᠷ ᠤᠨ ᠤᠯᠠᠷᠢᠯ ᠤᠨ ᠭᠠᠯ ᠰᠡᠷᠬᠡᠶᠢᠯᠡᠬᠦ ᠬᠤᠭᠤᠴᠠᠭ᠎ᠠ ᠮᠦᠨ᠂ 9  ᠳ᠋ᠤᠭᠡᠷ ᠰᠠᠷ᠎ᠡ ᠶᠢᠨ 15 ᠤ ᠡᠳᠤᠷ ᠠᠴᠠ 11 ᠳ᠋ᠤᠭᠡᠷ ᠰᠠᠷ᠎ᠡ ᠶᠢᠨ 15 ᠤ ᠡᠳᠤᠷ ᠪᠤᠯ ᠨᠠᠮᠤᠷ ᠤᠨ ᠤᠯᠠᠷᠢᠯ ᠤᠨ ᠭᠠᠯ  ᠰᠡᠷᠬᠡᠶᠢᠯᠡᠬᠦ ᠬᠤᠭᠤᠴᠠᠭ᠎ᠠ ᠪᠤᠯᠤᠨ᠎ᠠ ᠭᠡᠵᠥ ᠲᠤᠬᠳᠠᠭᠠᠵᠠᠢ᠃               ᠭᠠᠯ ᠰᠡᠷᠬᠡᠶᠢᠯᠡᠬᠦ ᠬᠤᠭᠤᠴᠠᠭᠠᠨ ᠳᠤ᠂ ᠭᠡᠭᠡᠷ᠎ᠡ ᠭᠠᠳᠠᠨ᠎ᠠ ᠳᠠᠮᠠᠬᠢᠨ ᠭᠠᠯ ᠢ ᠬᠠᠶᠠᠵᠦ ᠪᠤᠯᠬᠤ ᠦᠭᠡᠢ᠂ ᠫᠤᠤᠵᠢᠩ  ᠳᠠᠯᠪᠢᠬᠤ ᠪᠤᠶᠤ ᠤᠴᠢ ᠤᠯᠠᠯᠵᠠᠭᠤᠯᠵᠦ ᠪᠤᠯᠬᠤ ᠦᠭᠡᠢ᠂ ᠭᠠᠯ ᠢᠶᠠᠷ ᠠᠷᠢᠶᠠᠳᠠᠨ ᠢ ᠤᠳᠤᠵᠦ ᠪᠤᠯᠬᠤ ᠦᠭᠡᠢ᠂ ᠭᠠᠯ  ᠨᠤᠴᠤᠭᠠᠵᠦ ᠳᠤᠯᠠᠭᠠᠴᠠᠬᠤ ᠪᠤᠶᠤ ᠰᠢᠷᠠᠮᠠᠯ ᠰᠢᠷᠠᠵᠦ ᠪᠤᠯᠬᠤ ᠦᠭᠡᠢ᠂ ᠭᠡᠤᠭᠡᠳ ᠭᠠᠯ ᠢᠶᠠᠷ ᠨᠠᠭᠠᠳᠴᠦ ᠪᠤᠯᠬᠤ  ᠦᠭᠡᠢ᠃ ᠬᠡᠷᠪᠡ ᠭᠠᠯ ᠲᠦᠢᠮᠡᠷ ᠤᠨ ᠠᠳᠡᠯ ᠭᠠᠷᠪᠡᠯ 12119 ᠪᠤᠶᠤ 3221814 ᠤᠳᠠᠰᠤ ᠪᠠᠷ ᠮᠡᠳᠡᠭᠳᠡᠬᠦ  ᠬᠡᠷᠭᠳᠠᠢ᠃               ᠤᠢ ᠰᠢᠭᠤᠢ ᠨᠤᠳᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠠᠷᠭ᠎ᠠ ᠭᠡᠪᠡᠯ ᠬᠤᠯᠠᠩ ᠳᠠᠭᠠᠨ ᠲᠤᠤᠷ  ᠬᠢᠵᠤ᠂ 5 ᠲᠡᠰ ᠠᠴᠠ ᠲᠡᠭᠡᠭᠰᠢ ᠰᠠᠯᠬᠢᠨ ᠳᠤ ᠭᠠᠯᠯᠠᠬᠤ ᠦᠭᠡᠢ᠂ ᠭᠠᠯ ᠲᠠᠢ ᠦᠨᠡᠰᠤ ᠬᠠᠶᠠᠬᠤ ᠦᠭᠡᠢ᠂ ᠡᠷᠤᠬᠡ  ᠪᠦᠷᠢ ᠦᠨᠡᠰᠤᠨ ᠨᠦᠬᠡ ᠲᠠᠢ ᠪᠠᠶᠢᠵᠤ᠂ ᠬᠡᠬᠡᠷ᠎ᠡ ᠭᠠᠳᠠᠨ᠎ᠠ ᠲᠠᠮᠠᠬᠢ ᠲᠠᠳᠠᠬᠤ ᠦᠭᠡᠢ᠂ ᠲᠠᠮᠠᠬᠢᠨ ᠶᠤᠵᠤᠭᠤᠷ ᠢᠶᠠᠨ  ᠬᠠᠮᠢᠶ᠎ᠠ ᠦᠭᠡᠢ ᠬᠠᠶᠠᠵᠤ ᠪᠤᠯᠬᠤ ᠦᠭᠡᠢ᠂ ᠨᠤᠳᠤᠭ ᠪᠡᠯᠴᠢᠭᠡᠷ ᠤᠢ ᠰᠢᠭᠤᠶᠢᠳᠤ ᠤᠷᠤᠨ ᠳᠤ ᠬᠡᠭᠦᠷ ᠤᠡᠭᠭᠤᠨ ᠳᠤ  ᠴᠠᠭᠠᠰᠤ ᠰᠢᠳᠠᠭᠠᠵᠤ ᠪᠤᠯᠬᠤ ᠦᠭᠡᠢ᠃ ᠡᠪᠡᠰᠤᠨ ᠤᠪᠤᠭ᠎ᠠ᠂ ᠫᠸᠡᠭ ᠰᠠᠷᠠᠪᠴᠢ᠂ ᠲᠦᠯᠡᠰᠢ ᠶᠢᠨ ᠤᠪᠤᠭᠠᠨ ᠤ  ᠲᠡᠷᠭᠡᠳᠡ ᠫᠤᠤᠵᠢᠩ ᠲᠠᠯᠪᠢᠵᠤ ᠪᠤᠯᠬᠤ ᠦᠭᠡᠢ᠃ ᠬᠡᠬᠡᠷ᠎ᠡ ᠭᠠᠳᠠᠨ᠎ᠠ ᠪᠡᠯᠴᠢᠭᠡᠷ᠂ ᠲᠠᠷᠢᠶᠠᠨ ᠭᠤᠤᠷᠰᠤ ᠵᠡᠷᠭᠡ ᠶᠢ  ᠰᠢᠳᠠᠭᠠᠵᠤ ᠪᠤᠯᠬᠤ ᠦᠭᠡᠢ᠂ ᠠᠡᠭ ᠠᠩᠨᠠᠬᠤ ᠪᠠ ᠲᠠᠯᠪᠡᠴᠢᠵᠤ ᠪᠤᠯᠬᠤ ᠦᠭᠡᠢ᠂ ᠲᠤᠭᠤᠭᠠᠯᠠᠬᠤ ᠪᠤᠶᠤ ᠰᠢᠷᠠᠮᠠᠯ  ᠰᠢᠷᠠᠵᠤ ᠪᠤᠯᠬᠤ ᠦᠭᠡᠢ᠃ ᠡᠪᠡᠰᠤ᠂ ᠨᠡᠬᠦᠷᠡᠰᠤ ᠵᠡᠷᠭᠡ ᠶᠢ ᠲᠡᠭᠡᠭᠡᠪᠤᠷᠢᠯᠡᠬᠦ ᠲᠡᠷᠭᠡ ᠡᠷᠬᠡᠪᠰᠢ ᠭᠠᠯ ᠰᠡᠷᠭᠡᠶᠢᠯᠡᠬᠦ  ᠪᠦᠷᠬᠦᠪᠴᠢ ᠲᠠᠢ ᠪᠠᠶᠢᠬᠤ ᠬᠡᠷᠡᠭᠳᠠᠢ᠂ ᠡᠰᠡᠪᠡᠯ ᠨᠡᠪᠳᠡᠷᠡᠬᠦ ᠶᠢ ᠴᠠᠭᠠᠵᠠᠯᠠᠨ᠎ᠠ᠃ ᠡᠪᠡᠰᠤ ᠬᠠᠳᠤᠵᠤ᠂ ᠲᠡᠬᠡᠬᠡᠪᠤᠷᠢᠯᠡᠵᠤ  ᠨᠦᠬᠡᠴᠡᠯᠡᠬᠦ ᠳᠡᠭᠡᠨ ᠭᠠᠯ ᠢ ᠤᠨᠴᠡ ᠬᠢᠴᠢᠶᠡᠬᠦ ᠬᠡᠷᠡᠭᠳᠠᠢ᠃ ᠦᠨᠳᠤᠷ ᠲᠠᠷᠤᠯᠳᠡ ᠲᠠᠢ ᠴᠠᠬᠢᠯᠭᠠᠨ ᠤᠳᠠᠰᠤᠨ ᠲᠡᠭᠡᠷ᠎ᠡ  ᠰᠢᠪᠠᠭᠤ ᠡᠬᠦᠷᠯᠡᠵᠤ ᠭᠠᠯ ᠭᠠᠷᠬᠤ ᠠᠴᠠ ᠰᠡᠷᠡᠮᠵᠢᠯᠡᠬᠦ ᠬᠡᠷᠡᠭᠳᠠᠢ᠃ ᠠᠶᠤᠩᠭ᠎ᠠ ᠨᠢᠷᠭᠡᠵᠤ ᠭᠠᠯ ᠭᠠᠷᠬᠤ ᠠᠴᠠ  ᠰᠡᠷᠡᠮᠵᠢᠯᠡᠬᠦ ᠬᠡᠷᠡᠭᠳᠠᠢ᠃ ᠭᠠᠯᠳᠤ ᠲᠡᠷᠭᠡ ᠶᠢᠨ ᠦᠷᠤᠯᠲᠡ ᠠᠴᠠ ᠭᠠᠯ ᠡᠬᠦᠰᠬᠦ ᠶᠢ ᠬᠢᠴᠢᠶᠡᠬᠦ ᠬᠡᠷᠡᠭᠳᠠᠢ᠃ ᠭᠠᠳᠠᠭᠰᠢ  ᠭᠠᠷᠪᠡᠯ ᠰᠠᠯᠬᠢᠨ ᠬᠦᠴᠤᠨ ᠤ ᠴᠠᠬᠢᠯᠭᠠᠨ ᠭᠠᠷᠭᠠᠬᠤ ᠮᠠᠰᠢᠨ ᠢ ᠠᠷᠭᠠᠮᠵᠢᠵᠤ ᠲᠠᠯᠪᠢᠬᠤ ᠬᠡᠷᠡᠭᠳᠠᠢ᠂ ᠡᠰᠡᠪᠡᠯ ᠭᠠᠯ  ᠠᠯᠳᠠᠬᠤ ᠠᠶᠤᠯ ᠲᠠᠢ᠃ ᠠᠶᠢᠯ ᠡᠷᠤᠬᠡ ᠨᠢ ᠭᠠᠴᠠᠭ᠎ᠠ᠂ ᠬᠤᠰᠢᠭᠤ ︵ᠰᠢᠶᠠᠨ︶᠂ ᠰᠤᠮᠤ᠂ ᠪᠠᠯᠭᠠᠰᠤ᠂ ᠲᠠᠯᠠᠪᠡᠢ᠂  ᠭᠠᠳᠠᠨ᠎ᠠ ᠠᠴᠠ ᠢᠷᠡᠭᠰᠡᠨ ᠠᠵᠤ ᠠᠬᠤᠶᠢᠯᠡᠯ ᠲᠠᠢ ᠭᠠᠯ ᠰᠡᠷᠭᠡᠶᠢᠯᠡᠬᠦ ᠭᠡᠷ᠎ᠡ ᠲᠤᠭᠳᠠᠬᠤ ᠬᠡᠷᠡᠭᠳᠠᠢ᠃                 ᠭᠠᠯ ᠰᠡᠷᠭᠡᠶᠢᠯᠡᠬᠦ ᠰᠠᠯᠠᠭ᠎ᠠ ᠮᠦᠴᠢᠷ ᠨᠢ ᠭᠠᠯ ᠤᠨ ᠶᠡᠭᠡ ᠪᠠᠭ᠎ᠠ᠂ ᠭᠠᠵᠡᠷ ᠤᠨ ᠪᠠᠶᠢᠴᠡ ᠵᠡᠷᠭᠡ ᠪᠤᠲᠠᠲᠠᠢ  ᠪᠠᠶᠢᠳᠠᠯ ᠢ ᠦᠨᠳᠤᠰᠤᠯᠠᠵᠤ ᠭᠠᠯ ᠤᠨᠳᠠᠷᠠᠭᠠᠬᠤ ᠠᠵᠢᠯ ᠢ ᠪᠠᠶᠢᠷᠢᠯᠠᠭᠤᠯᠤᠨ᠎ᠠ᠃ ᠡᠩ ᠤᠨ ᠭᠠᠯ ᠢ ᠰᠤᠮᠤ᠂  ᠭᠠᠴᠠᠭᠠᠨ ᠠᠴᠠ ᠠᠷᠭᠠᠴᠠᠭᠠᠵᠤ᠂ ᠨᠡᠯᠢᠶᠡᠳ ᠶᠡᠭᠡ ᠭᠠᠯ ᠢ ᠬᠤᠰᠢᠭᠤ ᠰᠢᠶᠠᠨ ᠤ ᠤᠢ ᠰᠢᠭᠤᠢ ᠶᠢᠨ ᠴᠠᠭᠳᠠᠭ᠎ᠠ  ᠪᠤᠯᠤᠨ ᠲᠤᠰᠬᠠᠢ ᠭᠠᠯ ᠤᠨᠳᠠᠷᠠᠭᠠᠬᠤ ᠠᠩᠭᠢ ᠤᠨᠳᠠᠷᠠᠭᠠᠨ᠎ᠠ᠃ ᠭᠠᠯ ᠴᠤᠬᠢᠬᠤ ᠳᠠᠭᠠᠨ ᠰᠠᠯᠬᠢᠨ ᠤᠷᠤᠭᠤ ᠴᠤᠬᠢᠨ᠎ᠠ᠂  ᠬᠠᠷᠢᠨ ᠲᠦᠢᠮᠡᠷ ᠤᠨ ᠦᠭᠡᠳᠡ ᠠᠴᠠ ᠴᠤᠬᠢᠵᠤ ᠪᠤᠯᠬᠤ ᠦᠭᠡᠢ᠃ ᠴᠤᠬᠢᠵᠤ ᠪᠤᠯᠬᠤ ᠭᠠᠯ ᠲᠦᠢᠮᠡᠷ ᠲᠤᠬᠢᠶᠠᠯᠳᠤᠪᠡᠯ  ᠬᠦᠷᠵᠡ᠂ ᠰᠢᠬᠦᠷ ᠡᠰᠡᠬᠦᠯ᠎ᠡ ᠭᠠᠯ ᠤᠨᠳᠠᠷᠠᠭᠠᠬᠤ ᠮᠠᠰᠢᠨ ᠢᠶᠠᠷ ᠤᠨᠳᠠᠷᠠᠭᠠᠬᠤ ᠬᠡᠷᠡᠭᠳᠠᠢ᠃ ᠶᠡᠭᠡ ᠲᠦᠢᠮᠡᠷ  ᠲᠤᠬᠢᠶᠠᠯᠳᠤᠪᠡᠯ ᠤᠳᠤᠷᠢᠳᠤᠯᠭ᠎ᠠ ᠲᠠᠢ᠂ ᠵᠤᠬᠢᠶᠠᠨ ᠪᠠᠶᠢᠭᠤᠯᠤᠯᠳᠡ ᠲᠠᠢ᠂ ᠭᠠᠯ ᠤᠨᠳᠠᠷᠠᠭᠠᠬᠤ ᠠᠩᠭᠢ ᠶᠢᠨ ᠬᠠᠮᠳᠤ  ᠭᠠᠯ ᠤᠨᠳᠠᠷᠠᠭᠠᠬᠤ ᠬᠡᠷᠡᠭᠲᠡᠢ᠃ ᠵᠠᠪᠳᠤᠭ᠎ᠠ ᠲᠠᠢ ᠦᠶ᠎ᠡ ᠳᠤ ᠫᠸᠡᠭ ᠬᠤᠷᠤᠭ᠎ᠠ ᠭᠡᠷ ᠰᠠᠷᠡᠪᠴᠢ ᠪᠠᠨ ᠬᠠᠮᠠᠭᠠᠯᠠᠬᠤ  ᠴᠠᠷᠠᠭ᠎ᠠ ᠲᠠᠯᠪᠢᠵᠤ ᠪᠤᠯᠤᠨ᠎ᠠ᠂ ᠶᠡᠭᠡ ᠲᠦᠢᠮᠡᠷ ᠢ ᠭᠠᠭᠴᠡ ᠬᠤᠶᠠᠷ ᠬᠦᠮᠤᠨ ᠴᠤᠬᠢᠵᠤ ᠪᠤᠯᠬᠤ ᠦᠬᠡᠢ᠃  
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ 
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号