ᠵᠠᠯᠠᠭᠤ ᠪᠦᠬᠡᠴᠢᠨ ᠦᠯᠵᠡᠶᠢᠪᠠᠶᠠᠷ ᠪᠦᠬᠦ ᠤᠯᠤᠰ ᠤᠨ  ᠲᠠᠮᠢᠷ ᠤᠨ ᠴᠤᠭᠯᠠᠭᠠᠨ ᠳᠤ ᠤᠷᠤᠯᠴᠠᠬᠤ ᠡᠷᠭᠡ ᠶᠢ ᠲᠦᠷᠪᠡᠳᠡᠬᠢ ᠤᠳᠠᠭ᠎ᠠ ᠪᠠᠨ ᠤᠯᠤᠯ᠎ᠠ
ᠨᠡᠶᠢᠲᠡᠯᠡᠭᠰᠡᠨ ᠴᠠᠭ᠄
2017/4/12
             ᠲᠦᠷᠪᠡᠨ ᠵᠢᠯ ᠲᠤ ᠨᠢᠭᠡ ᠤᠳᠠᠭ᠎ᠠ ᠶᠠᠪᠤᠭᠳᠠᠳᠠᠭ ᠪᠦᠬᠦ ᠤᠯᠤᠰ ᠤᠨ ᠲᠠᠮᠢᠷ ᠤᠨ ᠴᠤᠭᠯᠠᠭᠠᠨ ᠨᠢ ᠮᠠᠨ ᠤ ᠤᠯᠤᠰ ᠤᠨ ᠬᠠᠮᠤᠭ ᠲᠤᠮᠤ ᠬᠡᠪᠴᠢᠶᠡᠨ ᠤ ᠲᠠᠮᠢᠷ ᠤᠨ ᠴᠤᠭᠯᠠᠭᠠᠨ ᠪᠤᠯᠤᠨ᠎ᠠ᠂  ᠲᠤᠰ ᠲᠠᠮᠢᠷ ᠤᠨ ᠴᠤᠭᠯᠠᠭᠠᠨ ᠳᠤ ᠤᠷᠤᠯᠴᠠᠬᠤ ᠪᠤᠯ ᠲᠠᠮᠢᠷᠴᠢᠨ ᠪᠤᠯᠤᠭᠰᠠᠨ ᠬᠦᠮᠦᠨ ᠤ ᠬᠦᠰᠡᠯ ᠮᠦᠷᠦᠭᠡᠳᠦᠯ ᠪᠢᠯᠡ᠃              3 ᠰᠠᠷ᠎ᠠ ᠶᠢᠨ 29 ᠠᠴᠠ 4 ᠰᠠᠷ᠎ᠠ ᠶᠢᠨ 1 ᠳᠤ ᠬᠦᠷᠲᠠᠯ᠎ᠠ᠂ ᠪᠦᠬᠦ ᠤᠯᠤᠰ ᠤᠨ ᠡᠷᠡᠭᠲᠠᠢ ᠶᠢᠨ ᠴᠢᠯᠦᠭᠡᠳᠦ ᠪᠦᠭᠡ ᠶᠢᠨ ᠪᠠᠷᠢᠯᠳᠤᠭᠠᠨ ᠪᠤᠯᠤᠨ ᠲᠢᠶᠠᠨᠵᠢᠨ ᠬᠤᠳᠠ ᠳᠤ ᠪᠤᠯᠬᠤ ᠪᠦᠬᠦ ᠤᠯᠤᠰ ᠤᠨ ᠠᠷᠪᠠᠨ ᠭᠤᠷᠪᠠᠳᠤᠭᠠᠷ ᠬᠤᠭᠤᠴᠠᠭᠠᠨ ᠤ ᠲᠠᠮᠢᠷ ᠤᠨ ᠴᠤᠭᠯᠠᠭᠠᠨ ᠳᠤ ᠤᠷᠤᠬᠤ ᠡᠷᠭᠡ ᠶᠢ ᠲᠡᠮᠡᠴᠡᠬᠦ ᠤᠷᠤᠯᠳᠤᠭᠠᠨ ᠤᠯᠠᠭᠠᠨᠴᠠᠪ ᠬᠤᠳᠠ ᠳᠤ ᠪᠤᠯᠵᠦ ᠦᠩᠭᠡᠷᠡᠯ᠎ᠡ᠃ ᠲᠤᠰ ᠤᠳᠠᠭᠠᠨ ᠤ ᠤᠷᠤᠯᠳᠤᠭᠠᠨ ᠳᠤ ᠬᠦᠪᠡᠭᠡᠲᠦ ᠰᠢᠷ᠎ᠠ‌ᠬᠤᠰᠢᠭᠤᠨ ᠤ ᠪᠤᠭᠳᠠ ᠶᠢᠨ ᠭᠤᠤᠯ ᠰᠤᠮᠤᠨ ᠤ ᠨᠠᠷᠠᠲᠦ ᠭᠠᠴᠠᠭ᠎ᠠ ᠪᠠᠷ ᠨᠤᠲᠤᠭᠲᠠᠢ ᠵᠠᠯᠠᠭᠤ ᠪᠦᠭᠡᠴᠢᠨ ᠦᠯᠵᠡᠶᠢᠪᠠᠶᠠᠷ ᠱᠠᠨᠰᠢ ᠮᠤᠵᠢ ᠶᠢᠨ ᠴᠢᠯᠦᠭᠡᠳᠦ ᠪᠦᠭᠡ ᠶᠢᠨ ᠠᠩᠬᠢ ᠶᠢ ᠲᠦᠯᠦᠭᠡᠯᠡᠨ᠂ 125 ᠺᠢᠯᠤᠭ᠍ᠷᠠᠮ ᠤᠨ ᠲᠡᠰ   ᠲᠤ ᠤᠷᠤᠯᠴᠠᠭᠠᠳ᠂ ᠦᠪᠡᠷ ᠤᠨ ᠤᠷ ᠤᠬᠠᠭᠠᠨ᠂ ᠮᠡᠭᠡ ᠮᠡᠷᠭᠡᠵᠢᠯ ᠢᠶᠠᠷ ᠢᠶᠠᠨ ᠬᠠᠳᠠᠭᠤ ᠰᠢᠷᠦᠭᠦᠨ ᠲᠡᠮᠡᠴᠡᠭᠡᠨ ᠢ ᠲᠠᠮᠵᠢᠵᠦ᠂ ᠡᠨᠡ ᠵᠢᠯ ᠤᠨ 9 ᠰᠠᠷ᠎ᠠ ᠳᠤ ᠲᠢᠶᠠᠨᠵᠢᠨ ᠬᠤᠳᠠ ᠳᠤ ᠶᠠᠪᠤᠭᠳᠠᠬᠤ ᠪᠦᠬᠦ ᠤᠯᠤᠰ ᠤᠨ ᠠᠷᠪᠠᠨ ᠭᠤᠷᠪᠠᠳᠤᠭᠠᠷ ᠬᠤᠭᠤᠴᠠᠭᠠᠨ ᠤ ᠲᠠᠮᠢᠷ ᠤᠨ ᠴᠤᠭᠯᠠᠭᠠᠨ ᠳᠤ ᠤᠷᠤᠯᠴᠠᠬᠤ ᠡᠷᠭᠡ ᠶᠢ ᠤᠯᠤᠭᠰᠡᠨ ᠪᠠᠶᠢᠨ᠎ᠠ᠃ ᠡᠨᠡ  ᠨᠢ ᠦᠯᠵᠠᠶᠢᠪᠠᠶᠠᠷ ᠤᠨ ᠪᠦᠬᠦ ᠤᠯᠤᠰ ᠤᠨ ᠡᠷᠡᠭᠲᠠᠢ ᠶᠢᠨ ᠴᠢᠯᠦᠭᠡᠳᠦ ᠪᠦᠭᠡ ᠶᠢᠨ ᠤᠷᠤᠯᠳᠤᠭᠠᠨ ᠳᠤ ᠤᠷᠤᠯᠴᠠᠬᠤ ᠡᠷᠭᠡ ᠶᠢ ᠲᠦᠷᠪᠡᠳᠡᠬᠢ ᠤᠳᠠᠭ᠎ᠠ ᠪᠠᠨ ᠤᠯᠵᠦ  ᠪᠠᠶᠢᠭ᠎ᠠ ᠠᠮᠵᠢᠯᠲᠠ ᠲᠠᠢ ᠬᠢᠷᠢ ᠪᠦᠲᠦᠮᠵᠢ ᠶᠤᠮ᠃              ᠲᠡᠷᠡ ᠬᠠᠷᠠᠬᠠᠨ ᠪᠠᠭ᠎ᠠ ᠠᠴᠠ ᠪᠠᠨ ᠲᠠᠮᠢᠷ ᠤᠨ ᠬᠦᠳᠡᠯᠭᠡᠭᠡᠨ ᠳᠤ ᠪᠠᠬ᠎ᠠ ᠲᠠᠢ ᠪᠠᠶᠢᠵᠦ᠂ 2000 ᠤᠨ ᠠᠴᠠ ᠴᠢᠯᠦᠭᠡᠳᠦ ᠪᠦᠭᠡ ᠪᠤᠯᠪᠠᠰᠤᠷᠠᠵᠦ ᠡᠬᠢᠯᠡᠭᠰᠡᠨ ᠠᠴᠠ ᠠᠪᠤᠭᠠᠳ ᠤᠳᠤ ᠪᠤᠯᠳᠠᠯ᠎ᠠ ᠴᠢᠯᠦᠭᠡᠳᠦ ᠪᠦᠭᠡ ᠶᠢᠨ ᠪᠠᠷᠢᠯᠳᠤᠭᠠᠨ ᠢᠶᠠᠷ  ᠣᠠᠯᠨ ᠰᠠᠶᠢᠬᠠᠨ ᠢᠷᠠᠭᠤ ᠠᠯᠲᠠᠷ ᠢ ᠬᠦᠷᠳᠡᠵᠦ ᠶᠠᠪᠤᠨ᠎ᠠ᠃ 2003 ᠤᠨ ᠳᠤ ᠮᠤᠩᠭᠤᠯ ᠤᠯᠤᠰ   ᠲᠤ ᠪᠤᠯᠤᠭᠰᠡᠨ ᠤᠯᠠᠨ ᠤᠯᠤᠰ ᠤᠨ ᠤᠷᠢᠯᠭ᠎ᠠ ᠶᠢᠨ ᠤᠷᠤᠯᠳᠤᠭᠠᠨ ᠤ ᠴᠢᠯᠦᠭᠡᠳᠦ ᠪᠦᠭᠡ ᠶᠢᠨ ᠪᠠᠷᠢᠯᠳᠤᠭᠠᠨ ᠤ ᠬᠤᠶᠠᠳᠤᠭᠠᠷ ᠨᠡᠷ᠎ᠡ᠂ 2009 ᠳᠤ ᠺᠠᠽᠬᠠᠰᠲ᠋ᠠᠨ ᠤᠯᠤᠰ ᠲᠤ ᠪᠤᠯᠤᠭᠰᠡᠨ ᠤᠯᠠᠨ ᠤᠯᠤᠰ ᠤᠨ ᠤᠷᠢᠯᠭ᠎ᠠ ᠶᠢᠨ ᠤᠷᠤᠯᠳᠤᠭᠠᠨ ᠤ ᠴᠢᠯᠦᠭᠡᠳᠦ ᠪᠦᠭᠡ ᠶᠢᠨ ᠪᠠᠷᠢᠯᠳᠤᠭᠠᠨ ᠤ ᠬᠤᠶᠠᠳᠤᠭᠠᠷ ᠨᠡᠷ᠎ᠡ᠂ 2012 ᠤᠨ ᠳᠤ ᠺᠤᠷᠢᠶᠠ ᠤᠯᠤᠰ ᠲᠤ ᠪᠤᠯᠤᠭᠰᠡᠨ ᠴᠢᠯᠦᠭᠡᠳᠦ ᠪᠦᠭᠡ ᠶᠢᠨ ᠠᠽᠢᠶ᠎ᠠ ᠶᠢᠨ ᠠᠪᠤᠷᠭᠤ ᠰᠢᠯᠭᠠᠷᠠᠭᠤᠯᠬᠤ ᠤᠷᠤᠯᠳᠤᠭᠠᠨ  ᠳᠤ ᠲᠠᠪᠤᠳᠤᠭᠠᠷ ᠨᠡᠷ᠎ᠡ ᠵᠡᠷᠭᠡ ᠤᠯᠠᠨ ᠰᠠᠶᠢᠬᠠᠨ ᠢᠷᠠᠭᠤ ᠠᠯᠲᠠᠷ ᠢᠶᠠᠷ ᠡᠩᠭᠡᠷ ᠢᠶᠠᠨ ᠮᠢᠯᠢᠶᠠᠯᠭᠠᠵᠦ ᠢᠷᠡᠭᠰᠡᠨ ᠪᠠᠶᠢᠨ᠎ᠠ᠃ ᠲᠡᠷᠡ 2011 ᠤᠨ ᠳᠤ ᠱᠠᠨᠰᠢ ᠮᠤᠵᠢ ᠶᠢᠨ ᠰᠢ ᠠᠨ ᠬᠤᠳᠠ ᠶᠢᠨ ᠲᠠᠮᠢᠷ ᠤᠨ ᠲᠡᠭᠡᠳᠦ ᠰᠤᠷᠭᠠᠭᠤᠯᠢ  ᠠᠴᠠ ᠲᠠᠮᠢᠷ ᠤᠨ ᠮᠡᠷᠭᠡᠵᠢᠯ ᠢᠶᠠᠷ ᠲᠡᠭᠦᠰᠴᠦ᠂ ᠤᠳᠤ ᠴᠢᠯᠦᠭᠡᠳᠦ ᠪᠦᠭᠡ ᠶᠢᠨ ᠤᠯᠤᠰ ᠤᠨ ᠠᠪᠤᠷᠭᠤ᠂ ᠤᠯᠤᠰ ᠤᠨ ᠨᠢᠭᠡᠳᠦᠭᠡᠷ ᠲᠡᠰ ᠤᠨ ᠲᠠᠮᠢᠷᠴᠢᠨ ᠤ ᠴᠤᠯᠠ ᠲᠠᠢ ᠶᠠᠪᠤᠨ᠎ᠠ᠃ ᠲᠡᠷᠡ ᠰᠤᠷᠢᠭ᠎ᠠ ᠪᠤᠯᠪᠠᠰᠤᠷᠠᠯ   ᠤᠨ ᠲᠠᠯ᠎ᠠ ᠪᠠᠷ ᠪᠡᠶ᠎ᠡ  ᠪᠠᠨ ᠴᠢᠩᠭ᠎ᠠ ᠱᠠᠭᠠᠷᠲᠠᠨ᠂ ᠰᠤᠷᠢᠭ᠎ᠠ ᠪᠤᠯᠪᠠᠰᠤᠷᠠᠯ ᠤᠨ ᠴᠠᠭ ᠪᠤᠯᠪᠠᠯ ᠠᠯᠲᠠᠯ ᠦᠭᠡᠢ ᠤᠷᠤᠯᠴᠠᠨ᠂ ᠪᠠᠷᠢᠯᠳᠤᠭᠠᠨ ᠤ ᠮᠡᠭᠡ ᠮᠡᠷᠭᠡᠵᠢᠯ ᠢᠶᠠᠨ ᠲᠡᠭᠡᠭᠰᠢᠯᠡᠭᠦᠯᠦᠭᠰᠡᠭᠡᠷ ᠢᠷᠡᠭᠰᠡᠨ ᠶᠤᠮ᠃  ᠲᠤᠰ ᠤᠳᠠᠭ᠎ᠠ ᠲᠡᠷᠡ ᠦᠪᠡᠷ ᠤᠨ ᠰᠢᠷᠭᠠᠭᠤ ᠬᠠᠳᠠᠭᠤᠵᠢᠯᠲᠠᠢ ᠴᠢᠷᠮᠠᠶᠢᠯᠭ᠎ᠠ ᠪᠤᠯᠪᠠᠰᠤᠷᠠᠯ ᠪᠠᠷ ᠢᠶᠠᠨ ᠡᠨᠡ ᠵᠢᠯ ᠤᠨ 9 ᠰᠠᠷ᠎ᠠ ᠳᠤ ᠲᠢᠶᠠᠨᠵᠢᠨ ᠬᠤᠳᠠ ᠳᠤ ᠪᠤᠯᠬᠤ ᠪᠦᠬᠦ ᠤᠯᠤᠰ ᠤᠨ ᠠᠷᠪᠠᠨ ᠭᠤᠷᠪᠠᠳᠤᠭᠠᠷ ᠬᠤᠭᠤᠴᠠᠭᠠᠨ ᠤ ᠲᠠᠮᠢᠷ ᠤᠨ ᠴᠤᠭᠯᠠᠭᠠᠨ ᠤ ᠴᠢᠯᠦᠭᠡᠳᠦ ᠪᠦᠭᠡ ᠶᠢᠨ ᠪᠠᠷᠢᠯᠳᠤᠭᠠᠨ ᠳᠤ ᠤᠷᠤᠯᠴᠠᠬᠤ ᠡᠷᠭᠡ ᠪᠠᠨ ᠤᠯᠤᠭᠰᠡᠨ ᠨᠢ ᠬᠤᠰᠢᠭᠤ ᠨᠤᠳᠤᠭ ᠤᠨ ᠢᠶᠠᠨ  ᠰᠤᠶᠤᠯ ᠲᠠᠮᠢᠷ ᠤᠨ ᠦᠢᠯᠡᠰ ᠲᠤ  ᠨᠡᠷ᠎ᠡ ᠠᠯᠲᠠᠷ ᠢ ᠠᠪᠴᠢᠷᠠᠨ᠂  ᠪᠦᠭᠡ ᠶᠢᠨ ᠦᠢᠯᠡᠰ ᠤᠨ ᠭᠦᠭᠵᠢᠯᠳᠡ ᠳᠤ ᠦᠪᠡᠷ ᠤᠨ ᠨᠢᠭᠡᠨ ᠬᠤᠪᠢ ᠶᠢᠨ ᠬᠦᠴᠦᠨ ᠢᠶᠠᠨ ᠡᠷᠭᠦᠭᠰᠡᠨ ᠮᠠᠭᠳᠠᠭᠤᠰᠢᠲᠠᠢ ᠶᠠᠪᠤᠳᠠᠯ ᠪᠤᠯᠬᠤ ᠶᠤᠮ᠃                                                  ᠴᠢᠮᠡᠬᠡᠯᠡᠭᠴᠢ  ᠴᠡᠪᠡᠷ   ᠰᠢᠨᠵᠢᠯᠳᠦ
         
 
ᠢᠷᠡᠯᠲᠡ᠄ xhqxcbweixin
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号