ᠥᠪᠦᠷ ᠮᠣᠩᠭᠤᠯ ᠤᠨ ᠭᠤᠷᠪᠠᠳᠣᠭᠠᠷ ᠬᠤᠭᠤᠴᠠᠭᠠᠨ ᠤ ᠨᠠᠰᠣᠲᠠᠶᠢᠴᠣᠳ ᠤᠨ  ᠪᠡᠶ᠎ᠡ ᠲᠠᠮᠢᠷ ᠤᠨ ᠴᠣᠭᠯᠠᠭᠠᠨ ᠣᠯᠠᠭᠠᠨᠬᠠᠳᠠ ᠳᠤ  ᠡᠬᠢᠯᠡᠪᠡ
ᠨᠡᠶᠢᠲᠡᠯᠡᠭᠰᠡᠨ ᠴᠠᠭ᠄
2017/4/24
                ᠣᠷᠴᠢᠮ ᠤᠨ ᠡᠳᠦᠷ᠂ ᠥᠪᠦᠷ  ᠮᠣᠩᠭᠤᠯ ᠤᠨ  ᠥᠪᠡᠷᠲᠡᠭᠡᠨ  ᠵᠠᠰᠠᠬᠤ  ᠣᠷᠣᠨ  ᠎ ᠤ  ᠭᠤᠷᠪᠠᠳᠣᠭᠠᠷ  ᠬᠤᠭᠤᠴᠠᠭᠠᠨ  ᠎ ᠤ ᠨᠠᠰᠣᠲᠠᠶᠢᠴᠣᠳ ᠤᠨ ᠪᠡᠶ᠎ᠡ ᠲᠠᠮᠢᠷ ᠤᠨ ᠴᠣᠭᠯᠠᠭᠠᠨ ᠣᠯᠠᠭᠠᠨᠬᠠᠳᠠ ᠬᠤᠲᠠ ᠶᠢᠨ ᠪᠡᠶ᠎ᠡ ᠲᠠᠮᠢᠷ ᠤᠨ ᠣᠷᠳᠣᠨ  ᠎ ᠳᠤ  ᠡᠬᠢᠯᠡᠪᠡ᠃  ᠲᠣᠰ ᠤᠳᠠᠭ᠎ᠠ ᠶᠢᠨ ᠪᠡᠶ᠎ᠡ ᠲᠠᠮᠢᠷ ᠤᠨ ᠴᠣᠭᠯᠠᠭᠠᠨ ᠢ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠲᠠᠮᠢᠷ ᠤᠨ ᠲᠣᠪᠴᠢᠶ᠎ᠠ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠲᠠᠮᠢᠷ ᠤᠨ ᠶᠡᠷᠥᠩᠬᠡᠢ ᠡᠪᠯᠡᠯ᠂  ᠥᠪᠦᠷ  ᠮᠣᠩᠭᠤᠯ ᠤᠨ  ᠥᠪᠡᠷᠲᠡᠭᠡᠨ ᠵᠠᠰᠠᠬᠤ ᠣᠷᠣᠨ ᠤ ᠠᠬᠠᠮᠠᠳ ᠺᠠᠳ᠋ᠷ ᠤᠨ ᠲᠣᠪᠴᠢᠶ᠎ᠠ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠨᠠᠰᠣᠲᠠᠶᠢᠴᠣᠳ ᠤᠨ ᠠᠵᠢᠯ ᠤᠨ ᠵᠦᠪᠯᠡᠯ ᠤᠨ ᠠᠯᠪᠠᠨ ᠭᠡᠷ᠂ ᠥᠪᠦᠷ  ᠮᠣᠩᠭᠤᠯ ᠤᠨ  ᠥᠪᠡᠷᠲᠡᠭᠡᠨ  ᠵᠠᠰᠠᠬᠤ  ᠣᠷᠣᠨ  ᠎ ᠤ  ᠨᠠᠰᠣᠲᠠᠶᠢᠴᠣᠳ ᠤᠨ  ᠪᠡᠶ᠎ᠡ ᠲᠠᠮᠢᠷ ᠤᠨ ᠨᠡᠶᠢᠭᠡᠮᠯᠢᠭ ᠠᠴᠠ ᠬᠠᠮᠳᠣᠷᠠᠨ ᠡᠷᠬᠢᠯᠡᠪᠡ᠃                         ᠪᠥᠬᠦ ᠣᠷᠣᠨ ᠤ ᠭᠤᠷᠪᠠᠳᠣᠭᠠᠷ ᠬᠤᠭᠤᠴᠠᠭᠠᠨ ᠤ ᠨᠠᠰᠣᠲᠠᠶᠢᠴᠣᠳ ᠤᠨ ᠪᠡᠶ᠎ᠡ ᠲᠠᠮᠢᠷ ᠤᠨ ᠴᠣᠭᠯᠠᠭᠠᠨ ᠤ ᠡᠯ᠎ᠡ ᠲᠥᠷᠦᠯ ᠤᠨ ᠣᠷᠣᠯᠳᠣᠭᠠᠨ ᠥᠨᠦᠳᠦᠷ ᠠᠴᠠ ᠡᠬᠢᠯᠡᠵᠦ᠂ 5 ᠰᠠᠷ᠎ᠠ ᠣᠷᠴᠢᠮ ᠶᠠᠪᠤᠭᠳᠠᠨ᠎ᠠ᠃ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 12 ᠠᠶᠢᠮᠠᠭ ᠬᠤᠲᠠ ᠳᠤ ᠲᠣᠰ ᠲᠣᠰ ᠲᠤ ᠪᠠᠨ ᠵᠠᠯᠭᠠᠭ᠎ᠠ ᠎ ᠪᠠᠷ ᠰᠤᠯᠢᠯᠴᠠᠨ ᠤᠷᠤᠯᠳᠤᠨ᠎ᠠ᠃ ᠲᠣᠰ ᠣᠳᠠᠭᠠᠨ  ᠎ ᠤ  ᠣᠷᠣᠯᠳᠣᠭᠠᠨ ᠪᠣᠯ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠪᠴᠢᠶ᠎ᠡ ᠪᠠᠷ ᠬᠠᠮᠤᠭ ᠤᠨ ᠶᠡᠭᠡ᠂ ᠣᠷᠣᠯᠳᠣᠭᠠᠨ ᠤ  ᠲᠥᠷᠦᠯ  ᠵᠦᠢᠯ ᠬᠠᠮᠤᠭ ᠠᠴᠠ ᠣᠯᠠᠨ ᠨᠢᠭᠡ ᠣᠳᠠᠭᠠᠨ ᠤ ᠨᠠᠰᠣᠲᠠᠶᠢᠴᠣᠳ ᠤᠨ ᠪᠡᠶ᠎ᠡ ᠲᠠᠮᠢᠷ ᠤᠨ ᠣᠷᠣᠯᠳᠣᠭᠠᠨ ᠪᠣᠯᠣᠨ᠎ᠠ᠃  ᠥᠪᠡᠷᠲᠡᠭᠡᠨ  ᠵᠠᠰᠠᠬᠤ ᠣᠷᠣᠨ ᠤ  ᠠᠶᠢᠮᠠᠭ ᠬᠤᠲᠠ ᠶᠢᠨ ᠨᠠᠰᠣᠲᠠᠶᠢᠴᠣᠳ ᠤᠨ ᠪᠡᠶ᠎ᠡ ᠲᠠᠮᠢᠷ ᠤᠨ ᠨᠡᠶᠢᠭᠡᠮᠯᠢᠭ᠂ ᠮᠠᠨᠵᠣᠣᠷ  ᠬᠤᠲᠠ᠂  ᠡᠷᠢᠶᠡᠨ  ᠬᠤᠲᠠ ᠶᠢᠨ ᠨᠠᠰᠣᠠᠶᠢᠴᠣᠳ ᠤᠨ ᠪᠡᠶ᠎ᠡ ᠲᠠᠮᠢᠷ ᠤᠨ ᠨᠡᠶᠢᠭᠡᠮᠯᠢᠭ᠂ ᠡᠯ᠎ᠡ ᠶᠡᠭᠡ ᠠᠵᠣ ᠠᠬᠤᠶᠢᠯᠠᠯ᠂ ᠠᠵᠢᠯ ᠲᠥᠷᠦᠯ ᠤᠨ  ᠨᠠᠰᠣᠲᠠᠶᠢᠴᠣᠳ ᠤᠨ  ᠪᠡᠶ᠎ᠡ ᠲᠠᠮᠢᠷ ᠤᠨ  ᠨᠡᠶᠢᠭᠡᠮᠯᠢᠭ᠂  ᠥᠪᠦᠷ  ᠮᠣᠩᠭᠤᠯ ᠤᠨ  ᠥᠪᠡᠷᠲᠡᠭᠡᠨ  ᠵᠠᠰᠠᠬᠤ  ᠣᠷᠣᠨ  ᠎ ᠤ  ᠰᠢᠭᠤᠳ  ᠬᠠᠷᠢᠶ᠎ᠠ  ᠪᠠᠶᠢᠭᠤᠯᠭ᠎ᠠ  ᠎ ᠶᠢᠨ ᠨᠠᠰᠣᠲᠠᠶᠢᠴᠣᠳ ᠤᠨ ᠰᠣᠶᠣᠯ ᠲᠠᠮᠢᠷ ᠤᠨ  ᠨᠡᠶᠢᠭᠡᠮᠯᠢᠭ  ᠵᠡᠷᠭᠡ  ᠨᠡᠶᠢᠲᠡ  2000  ᠭᠠᠷᠤᠢ  ᠬᠥᠮᠦᠨ ᠢᠶᠠᠷ  ᠪᠦᠷᠢᠯᠳᠦᠭᠰᠡᠨ  18 ᠲᠦᠯᠦᠭᠡᠯᠡᠭᠴᠢᠳ ᠤᠨ ᠪᠥᠯᠬᠦᠮ᠂ ᠲᠣᠰ ᠲᠣᠰ ᠲᠤ ᠪᠠᠨ ᠳᠣᠮᠳᠠᠳᠣ ᠮᠠᠶ᠋ᠢᠭ ᠤᠨ ᠰᠢᠲᠠᠷ᠎ᠠ᠂ ᠪᠡᠶ᠎ᠡ ᠰᠤᠪᠢᠯᠠᠬᠤ ᠠᠮᠢᠰᠬᠤᠯ ᠤᠨ  ᠲᠠᠮᠢᠷ᠂ ᠪᠡᠶ᠎ᠡ ᠴᠢᠬᠢᠷᠠᠭᠵᠢᠭᠤᠯᠬᠤ ᠶᠠᠩᠭᠠᠷ ᠪᠦᠵᠢᠭ᠂ ᠵᠢᠭᠠᠰᠤ ᠬᠦᠬᠢᠳᠡᠬᠦ᠂ ᠡᠭᠦᠳᠡᠨ ᠪᠥᠮᠪᠦᠭᠡ᠂ ᠠᠯᠠᠭᠠᠳᠠᠬᠤ ᠪᠥᠮᠪᠦᠭᠡ᠂ ᠫᠢᠩᠫᠤᠩ ᠪᠥᠮᠪᠦᠭᠡ᠂ ᠴᠢᠴᠢᠭᠦᠷ ᠪᠥᠮᠪᠦᠭᠡ᠂ ᠲᠣᠣᠷ ᠪᠥᠮᠪᠦᠭᠡ᠂ ᠨᠢᠳᠣᠷᠭᠠᠨ  ᠡᠷᠳᠡᠮ  ︵ᠰᠡᠯᠡᠮ᠎ᠡ︶᠂  ᠴᠠᠭᠠᠰᠤᠨ  ᠰᠢᠪᠠᠭᠤ᠂  ᠥᠳᠦᠨ  ᠪᠥᠮᠪᠦᠭᠡ᠂  ᠪᠡᠶ᠎ᠡ ᠴᠢᠬᠢᠷᠠᠭᠵᠢᠭᠤᠯᠬᠤ ᠪᠥᠮᠪᠦᠭᠡᠨ ᠲᠠᠮᠢᠷ ᠨᠡᠶᠢᠲᠡ 14 ᠲᠥᠷᠦᠯ ᠵᠦᠢᠯ ᠤᠨ ᠣᠷᠣᠯᠳᠣᠭᠠᠨ ᠳᠤ ᠣᠷᠣᠯᠴᠠᠨ᠎ᠠ᠃                         ᠡᠬᠢᠯᠡᠯᠲᠡ ᠶᠢᠨ ᠶᠣᠰᠣᠯᠠᠯ ᠤᠨ ᠲᠡᠭᠦᠰᠭᠡᠯ ᠳᠤ ᠲᠣᠮᠣ ᠬᠡᠯᠪᠡᠷᠢ ᠶᠢᠨ ᠰᠣᠶᠣᠯ ᠣᠷᠠᠯᠢᠭ ᠪᠡᠶ᠎ᠡ ᠲᠠᠮᠢᠷ ᠤᠨ ᠣᠷᠠᠨ ᠰᠠᠶᠢᠬᠠᠨ ᠤ ᠲᠣᠭᠯᠠᠯᠲᠠ ᠭᠠᠷᠭᠠᠨ᠎ᠠ᠃  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号