ᠥᠪᠥᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠬᠤᠶᠠᠳᠤᠭᠠᠷ  ᠬᠤᠭᠤᠴᠠᠭᠠᠨ ᠤ ︽ᠪᠡᠯᠭᠦᠳᠡᠢ︾ ᠨᠡᠷᠡᠮᠵᠢᠲᠦ 512 ᠬᠦᠴᠦᠲᠦ ᠪᠥᠬᠡ  ᠶᠢᠨ ᠨᠠᠭᠠᠳᠤᠮ ᠣᠷᠳᠣᠰ ᠲᠤ ᠶᠠᠪᠤᠭᠳᠠᠪᠠ
ᠨᠡᠶᠢᠲᠡᠯᠡᠭᠰᠡᠨ ᠴᠠᠭ᠄
2017/4/24
               ᠥᠪᠥᠷ ᠮᠣᠩᠭᠤᠯ ᠤᠨ ᠣᠷᠳᠣᠰ  ᠬᠤᠲᠠ  ᠵᠢᠴᠢ  ᠴᠢᠩᠭᠢᠰ  ᠬᠠᠭᠠᠨ ᠤ  ᠣᠩᠭᠤᠨ ᠤ  ᠵᠤᠭᠠᠴᠠᠯ ᠤᠨ ᠣᠷᠣᠨ ᠤ ᠨᠡᠷ᠎ᠡ ᠨᠦᠯᠦᠭᠡ ᠶᠢ  ᠤᠯᠠᠮ  ᠨᠢᠭᠡ   ᠠᠯᠬᠤᠮ   ᠳᠡᠭᠡᠭᠰᠢᠯᠡᠭᠦᠯᠵᠦ᠂   ᠰᠣᠶᠣᠯ ᠤᠨ   ᠵᠢᠭᠤᠯᠴᠢᠯᠠᠯ ᠤᠨ  ᠠᠵᠤ ᠦᠢᠯᠡᠰ ᠢ ᠦᠨᠡᠨᠬᠦ ᠪᠤᠵᠠᠭᠠᠶᠢᠷᠠᠭᠤᠯᠤᠨ   ᠬᠦᠴᠦᠷᠬᠡᠭᠵᠢᠭᠦᠯᠬᠦ ᠶᠢᠨ    ᠲᠦᠯᠦᠭᠡ᠂    ᠤᠯᠠᠭᠠᠭᠴᠢᠨ    ᠲᠠᠬᠢᠶ᠎ᠠ   ᠵᠢᠯ ᠤᠨ ᠴᠢᠩᠭᠢᠰ ᠬᠠᠭᠠᠨ ᠤ『ᠴᠠᠭᠠᠨ‌‍ᠰᠦ᠋ᠷᠦᠭ ᠤᠨ ᠶᠡᠭᠡ ᠳᠠᠶᠢᠯᠭ᠎ᠠ』 ᠶᠢᠨ ᠬᠤᠭᠤᠴᠠᠭᠠᠨ ︵4 ᠰᠠᠷ᠎ᠠ ᠶᠢᠨ 13 ᠤ ᠡᠳᠦᠷ — 4 ᠰᠠᠷ᠎ᠠ ᠶᠢᠨ 20 ᠤ ᠡᠳᠦᠷ︶ ᠳᠤ ᠥᠪᠥᠷ ᠮᠣᠩᠭᠤᠯ ᠤᠨ ᠦᠪᠡᠷᠲᠡᠭᠡᠨ  ᠵᠠᠰᠠᠬᠤ ᠣᠷᠣᠨ ᠤ ᠦᠨᠳᠦᠰᠦᠲᠡᠨ ᠤ ᠬᠡᠷᠡᠭ  ᠡᠷᠬᠢᠯᠡᠬᠦ ᠵᠦᠪᠯᠡᠯ᠂  ᠨᠠᠢᠮᠠᠨ ᠮᠤᠵᠢ ᠣᠷᠣᠨ ᠤ ᠮᠣᠩᠭᠤᠯ ᠬᠡᠯᠡ ᠪᠢᠴᠢᠭ ᠤᠨ ᠠᠵᠢᠯ ᠢ ᠬᠠᠮᠵᠢᠯᠴᠠᠬᠤ ᠳᠤᠭᠤᠶᠢᠯᠠᠩ᠂ ᠥᠪᠥᠷ ᠮᠣᠩᠭᠤᠯ ᠤᠨ ᠪᠡᠶ᠎ᠡ ᠶᠢᠨ ᠲᠠᠮᠢᠷ ‍ᠤᠨ‌‍ᠶᠡᠷᠦᠩᠬᠡᠢ ᠡᠪᠯᠡᠯ ᠠᠴᠠ ᠭᠤᠣᠯᠯᠠᠨ ᠡᠷᠬᠢᠯᠡᠨ᠂ ᠣᠷᠳᠣᠰ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ  ᠵᠦᠪᠯᠡᠯ᠂ ᠣᠷᠳᠣᠰ ᠬᠤᠲᠠ ᠶᠢᠨ ᠪᠡᠶ᠎ᠡ ᠶᠢᠨ  ᠲᠠᠮᠢᠷ ᠤᠨ  ᠲᠣᠪᠴᠢᠶ᠎ᠠ᠂  ᠴᠢᠩᠭᠢᠰ  ᠬᠠᠭᠠᠨ ᠤ  ᠣᠩᠭᠤᠨ ᠤ  ᠵᠤᠭᠠᠴᠠᠯ ᠤᠨ ᠣᠷᠣᠨ ᠤ ᠬᠠᠮᠢᠶᠠᠷᠤᠯᠲᠠ ᠶᠢᠨ ᠵᠦᠪᠯᠡᠯ ᠠᠴᠠ ᠳᠠᠭᠠᠭᠠᠴᠢᠯᠠᠨ ᠡᠷᠬᠢᠯᠡᠵᠦ᠂ ᠥᠪᠥᠷ ᠮᠣᠩᠭᠤᠯ ᠤᠨ ᠮᠡᠷᠭᠡᠵᠢᠯ ᠤᠨ ᠪᠥᠬᠡ ᠶᠢᠨ ᠮᠦᠷᠦᠶᠢᠴᠡᠭᠡᠨ  ᠤ ᠬᠤᠯᠪᠤᠭᠠᠲᠤ ᠬᠤᠷᠠᠯ᠂ ᠣᠷᠳᠣᠰ ᠬᠤᠲᠠ ᠶᠢᠨ ᠪᠡᠶ᠎ᠡ ᠶᠢᠨ ᠲᠠᠮᠢᠷ ᠤᠨ ᠶᠡᠷᠦᠩᠬᠡᠢ ᠡᠪᠯᠡᠯ᠂ ᠣᠷᠳᠣᠰ ᠬᠤᠲᠠ ᠶᠢᠨ  ᠮᠣᠩᠭᠤᠯ ᠪᠥᠬᠡ ᠶᠢᠨ  ᠨᠡᠶᠢᠭᠡᠮᠯᠢᠭ ᠠᠴᠠ   ᠬᠠᠮᠵᠢᠨ   ᠡᠷᠬᠢᠯᠡᠭᠰᠡᠨ   2017   ᠣᠨ ᠤ   ᠬᠤᠶᠠᠳᠤᠭᠠᠷ   ᠬᠤᠭᠤᠴᠠᠭᠠᠨ ᠤ ᠪᠦᠬᠦ ᠣᠷᠣᠨ ᠤ『ᠪᠡᠯᠭᠦᠳᠡᠢ』 ᠨᠡᠷᠡᠮᠵᠢᠲᠦ512 ᠭᠦᠴᠦᠲᠦ ᠪᠥᠭᠡ ᠶᠢᠨ  ᠲᠡᠮᠡᠴᠡᠭᠡᠨ2017  ᠣᠨ ᠤ  4  ᠰᠠᠷ᠎ᠠ ᠶᠢᠨ 16 —17 ᠤ ᠡᠳᠦᠷ ᠣᠷᠳᠣᠰ ᠬᠤᠲᠠ ᠶᠢᠨ ᠴᠢᠩᠭᠢᠰ ᠬᠠᠭᠠᠨ ᠤ ᠣᠩᠭᠤᠨ ᠤ ᠵᠤᠭᠠᠴᠠᠯ ᠤᠨ  ᠣᠷᠣᠨ ᠤ  ᠪᠠᠶᠠᠨ  ᠴᠠᠩᠬᠤᠭ ᠤᠨ ᠲᠠᠯ᠎ᠠ ᠨᠤᠲᠤᠭ ᠲᠤ ᠶᠠᠪᠤᠭᠳᠠᠵᠠᠢ᠃ ᠲᠤᠰ ᠤᠳᠠᠭᠠᠨ ᠤ ᠨᠠᠭᠠᠳᠤᠮ ᠳᠤ  ᠥᠪᠥᠷ  ᠮᠣᠩᠭᠤᠯ ᠤᠨ  ᠡᠯ᠎ᠡ  ᠠᠶᠢᠮᠠᠭ  ᠬᠤᠲᠠ ᠶᠢᠨ ᠰᠢᠯᠢᠳᠡᠭ ᠪᠦᠬᠡᠴᠢᠳ ᠬᠦᠷᠦᠯᠴᠡᠨ ᠢᠷᠡᠵᠦ ᠬᠤᠷᠴᠠ ᠰᠢᠷᠦᠭᠦᠨ ᠢᠶᠠᠷ ᠪᠢᠷ᠎ᠠ ᠴᠢᠳᠠᠯ ᠬᠢᠭᠡᠳ ᠤᠷ᠎ᠠ ᠮᠡᠷᠭᠡᠵᠢᠯ ᠢᠶᠠᠨ ᠰᠣᠷᠢᠭᠰᠠᠨ  ᠤ ᠡᠴᠦᠰ ᠲᠤ ᠰᠢᠯᠢ ᠶᠢᠨ ᠭᠤᠣᠯ ᠠᠶᠢᠮᠠᠭ ᠤᠨ ᠪᠦᠭᠡᠴᠢᠨ ᠴᠠᠭᠠᠨᠵᠠᠭᠠᠨ ᠮᠠᠩᠯᠠᠢ ᠳᠤ ᠲᠣᠳᠣᠷᠠᠵᠠᠢ᠃                                    ︵ᠲᠡᠮᠦᠷᠪᠠᠭᠠᠨ᠎ᠠ  ᠰᠡᠭᠦᠳᠡᠷᠯᠡᠨ ᠮᠡᠳᠡᠭᠡᠯᠡᠪᠡ︶
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号