ᠠᠭᠤᠳᠠᠮ ᠲᠠᠯ᠎ᠠ ᠶᠢᠨ ᠳᠡᠨᠵᠢᠨ ᠳᠠᠬᠢ ᠰᠠᠭᠰᠣᠨ ᠪᠦᠮᠪᠦᠭᠡ ᠶᠢᠨ ᠲᠡᠮᠡᠴᠡᠭᠡᠨ
ᠨᠡᠶᠢᠲᠡᠯᠡᠭᠰᠡᠨ ᠴᠠᠭ᠄
2017/5/24
        ᠬᠤᠲᠠ ᠶᠢᠨ ᠶᠡᠭᠡ ᠬᠦᠭᠵᠢᠯᠲᠡ ᠶᠢᠨ ᠤᠷᠤᠨ ᠵᠠᠢ ᠳᠤ ᠰᠠᠭᠰᠣᠨ ᠪᠦᠮᠪᠦᠭᠡ ᠮᠡᠲᠦ ᠶᠢᠨ ᠲᠠᠯᠠᠪᠤᠷ ᠬᠡᠷᠡᠭᠰᠡᠳᠡᠭ ᠤᠷᠤᠯᠳᠣᠭᠠᠨ ᠢ ᠶᠠᠪᠤᠭᠳᠠᠭᠤᠯᠬᠤ ᠳᠤ ᠣᠳᠣᠬᠠᠨ ᠳᠤ ᠪᠦᠷ ᠠᠮᠠᠷᠬᠠᠨ ᠣᠴᠢᠷ ᠪᠢᠯᠡ᠂ ᠭᠡᠲᠡᠯ᠎ᠡ ᠬᠦᠳᠡᠭᠡ ᠨᠤᠲᠤᠭ ᠤᠨ ᠠᠭᠤᠳᠠᠮ ᠲᠠᠯ᠎ᠠ ᠳᠡᠨᠵᠢᠨ ᠳᠡᠭᠡᠷ᠎ᠡ ᠪᠠᠷᠢᠮᠵᠢᠶᠠᠲᠦ ᠮᠠᠶ᠋ᠢᠭ ᠤᠨ ᠰᠠᠭᠰᠣᠨ ᠪᠦᠮᠪᠦᠭᠡ ᠶᠢᠨ ᠤᠷᠤᠯᠳᠣᠭᠠᠨ ᠡᠷᠬᠢᠯᠡᠵᠤ ᠤᠷ᠎ᠠ ᠠᠪᠢᠶᠠᠰ ᠢᠶᠠᠨ ᠪᠠᠳᠠᠷᠠᠭᠤᠯᠵᠤ᠂ ᠦᠵᠡᠭᠴᠢ ᠤᠯᠠᠨ ᠮᠠᠯᠴᠢᠳ ᠢᠶᠠᠨ ᠪᠠᠶᠠᠰᠬᠠᠵᠤ ᠪᠠᠶᠢᠬᠤ ᠨᠢ ᠦᠨᠡᠬᠡᠷ ᠪᠠᠭ᠋ᠠᠷᠬᠠᠯᠲᠠᠢ ᠰᠠᠨᠠᠭᠳᠠᠭᠤᠯᠤᠨ᠎ᠠ᠃         4ᠰᠠᠷ᠎ᠠ ᠶᠢᠨ28᠎ ᠤ ᠡᠳᠦᠷ᠂  ᠬᠦᠪᠡᠭᠡᠲᠦ ᠰᠢᠷ᠎ᠠ ᠬᠤᠰᠢᠭᠤᠨ ᠤ ᠪᠣᠭᠳᠠ ᠶᠢᠨ ᠭᠤᠤᠯ ᠰᠣᠮᠣᠨ ᠤ ᠣᠩᠭᠤᠴᠠ ᠭᠠᠴᠠᠭ᠎ᠠ ᠨᠢ ᠦᠪᠡᠷ ᠤᠨ ᠰᠣᠶᠣᠯ ᠤᠨ ᠦᠷᠦᠭᠡ ᠶᠢᠨ ᠢᠶᠠᠨ ᠦᠢᠯᠡᠳᠦᠯ ᠴᠢᠳᠠᠪᠬᠢ ᠶᠢ ᠭᠦᠢᠴᠡᠳ ᠪᠠᠳᠠᠷᠠᠭᠤᠯᠤᠨ᠂ ᠨᠡᠩ ᠤᠯᠠᠨ ᠮᠠᠯᠴᠢᠨ ᠲᠦᠮᠡᠨ ᠢᠶᠠᠨ ᠰᠣᠶᠣᠯ ᠲᠠᠮᠢᠷ ᠤᠨ ᠠᠵᠢᠯᠯᠠᠭ᠎ᠠ ᠳᠤ ᠢᠳᠡᠪᠬᠢᠯᠡᠨ ᠣᠷᠣᠯᠴᠠᠭᠤᠯᠬᠤ ᠶᠢᠨ ᠲᠤᠰᠠᠳᠠ᠂ ᠭᠠᠴᠠᠭᠠᠨ ᠤ ᠪᠠᠨ ᠰᠣᠶᠣᠯ ᠤᠨ ᠦᠷᠦᠭᠡ ᠶᠢᠨ ᠬᠠᠵᠠᠭᠤ ᠳᠤ ᠪᠠᠶᠢᠭᠤᠯᠤᠭᠰᠠᠨ ᠰᠠᠭᠰᠣᠨ ᠪᠦᠮᠪᠦᠭᠡᠨ ᠤ ᠲᠠᠯᠠᠪᠤᠷ ᠲᠠᠭᠠᠨ ᠠᠩᠬᠠᠳᠣᠭᠠᠷ ᠣᠳᠠᠭᠠᠨ ᠤ ︽ ᠤᠩᠭᠤᠴᠠ ᠬᠤᠨᠳᠠᠭᠠᠲᠦ︾ ᠮᠠᠯᠴᠢᠨ ᠵᠠᠯᠠᠭᠤᠰ ᠤᠨ ᠰᠠᠭᠰᠤᠨ ᠪᠦᠮᠪᠦᠭᠡᠨ ᠤ ᠣᠷᠣᠯᠳᠣᠭᠠᠨ ᠢ ᠡᠷᠬᠢᠯᠡᠨ ᠶᠠᠪᠤᠭᠳᠠᠭᠤᠯᠵᠤ ᠮᠠᠯᠴᠢᠨ ᠠᠷᠠᠳ ᠢᠶᠠᠨ ᠪᠠᠶᠠᠰᠬᠠᠭᠰᠠᠨ ᠪᠢᠯᠡ᠃         ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ70 ᠵᠢᠯ ᠤᠨ ᠣᠢ ᠶᠢᠨ ᠪᠠᠶᠠᠷ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠣᠬᠤ ᠶᠢ ᠪᠠᠶᠠᠷᠯᠠᠨ ᠤᠭᠳᠣᠵᠤ᠂ ᠮᠦᠨᠴᠦ ︽5.4︾᠎ ᠤ ᠵᠠᠯᠠᠭᠤᠴᠣᠳ ᠤᠨ ᠪᠠᠶᠠᠷ ᠢᠶᠠᠨ ᠣᠳᠬ᠎ᠠ ᠠᠭᠤᠯᠭ᠎ᠠ ᠲᠠᠢ ᠦᠩᠭᠡᠷᠡᠭᠦᠯᠬᠦ ᠪᠠᠷ ᠵᠤᠷᠢᠯᠲᠠ ᠪᠠᠨ ᠪᠤᠯᠭᠠᠭᠰᠠᠨ ᠲᠤᠰ ᠤᠳᠠᠭᠠᠨ ᠤ ᠣᠷᠣᠯᠳᠣᠭᠠᠨ ᠨᠢ  ᠬᠦᠪᠡᠭᠡᠲᠦ ᠰᠢᠷ᠎ᠠ ᠬᠤᠰᠢᠭᠤᠨ ᠤ ᠡᠯ᠎ᠡ ᠰᠣᠮᠣ ᠭᠠᠴᠠᠭᠠᠨ ᠤ ᠠᠴᠠ ᠨᠡᠶᠢᠲᠡ ᠨᠠᠢᠮᠠᠨ ᠲᠠᠮᠢᠷᠴᠢᠨ ᠤ ᠳᠣᠭᠤᠶᠢᠯᠠᠩ ᠨᠡᠷ᠎ᠡ ᠮᠡᠳᠡᠭᠦᠯᠦᠨ ᠤᠷᠤᠯᠴᠠᠵᠤ ᠠᠭᠤᠳᠠᠮ ᠲᠠᠯ᠎ᠠ ᠶᠢᠨ ᠳᠡᠨᠵᠢᠨ ᠪᠠᠶᠢᠭᠤᠯᠤᠭᠰᠠᠨ ᠰᠠᠭᠰᠣᠨ ᠪᠦᠮᠪᠦᠭᠡ ᠶᠢᠨ ᠲᠠᠯᠠᠪᠤᠷ ᠲᠠᠭᠠᠨ ᠦᠪᠡᠷ ᠦᠪᠡᠷ ᠤᠨ ᠤᠷ᠎ᠠ ᠠᠪᠢᠶᠠᠰ ᠢᠶᠠᠨ ᠭᠠᠶᠢᠬᠠᠭᠤᠯᠤᠭᠰᠠᠨ ᠪᠠᠶᠢᠨ᠎ᠠ᠃ᠬᠡᠳᠦᠶᠢᠪᠡᠷ ᠬᠠᠪᠤᠷ ᠤᠨ ᠶᠠᠭᠠᠷᠠᠯᠲᠠᠢ ᠣᠯᠠᠷᠢᠯ ᠪᠤᠯᠪᠠᠴᠦ᠂ ᠮᠠᠯᠴᠢᠳ ᠮᠠᠨᠢ ᠮᠠᠰᠢ ᠢᠳᠡᠪᠬᠢᠲᠡᠢ ᠣᠷᠣᠯᠴᠠᠵᠤ᠂ ᠣᠣᠬᠠᠶᠢᠯᠠᠯ ᠪᠤᠯᠤᠨ ᠠᠯᠠᠭ᠎ᠠ ᠲᠠᠰᠢᠯᠲᠠ ᠪᠠᠷ ᠢᠶᠠᠨ ᠲᠠᠮᠢᠷᠴᠢᠨ ᠢᠶᠠᠨ ᠣᠷᠠᠮᠰᠢᠭᠤᠯᠤᠭᠰᠠᠨ ᠬᠤᠯᠠ ᠤᠶᠢᠷ᠎ᠠ ᠶᠢᠨ ᠦᠵᠡᠭᠴᠢᠳ ᠴᠦ ᠮᠤᠩ ᠦᠭᠡᠢ ᠣᠯᠠᠨ ᠢᠷᠡᠴᠢᠬᠡᠭᠰᠡᠨ ᠪᠠᠶᠢᠪᠠ᠃
         ᠦᠢᠷ᠎ᠠ ᠶᠢᠨ ᠵᠢᠯ ᠠᠴᠠ ᠬᠦᠪᠡᠭᠡᠲᠦ ᠰᠢᠷ᠎ᠠ ᠬᠤᠰᠢᠭᠤ ᠨᠢ ᠬᠦᠳᠡᠭᠡ ᠲᠤᠰᠬᠤᠨ ᠮᠠᠯᠵᠢᠬᠤ ᠤᠷᠤᠨ ᠤ ᠰᠣᠶᠣᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠦᠨᠳᠦᠳᠬᠡᠨ ᠠᠳᠬᠤᠵᠤ᠂ ᠡᠯ᠎ᠡ ᠰᠣᠮᠣ ᠪᠠᠯᠭᠠᠰᠤ᠂ ᠭᠠᠴᠠᠭᠠᠨ ᠳᠤ ᠰᠣᠶᠣᠯ ᠤᠨ ᠦᠷᠦᠭᠡ ᠪᠦᠲᠦᠭᠡᠨ ᠪᠠᠶᠢᠭᠤᠯᠬᠤ ᠠᠵᠢᠯ ᠢ ᠶᠡᠬᠡᠪᠡᠷ ᠬᠢᠵᠦ᠂ ᠰᠣᠶᠣᠯ ᠤᠨ ᠦᠷᠦᠭᠡ ᠎ ᠳᠡᠭᠡᠨ ᠦᠵᠡᠬᠦ ᠠᠴᠠ ᠨᠤᠮᠤ ᠲᠠᠢ᠂ ᠬᠤᠷᠠᠯ ᠴᠤᠭᠯᠠᠭᠠᠨ ᠬᠢᠬᠦ ᠬᠤᠷᠠᠯ ᠤᠨ ᠭᠡᠷ ᠲᠠᠢ᠂ ᠪᠠᠭ᠎ᠠ ᠬᠡᠯᠪᠡᠷᠢ ᠶᠢᠨ ᠠᠭᠤᠳᠠᠮ ᠲᠠᠯᠠᠪᠠᠢ ᠳᠤ ᠨᠢ ᠪᠡᠶ᠎ᠡ ᠪᠤᠯᠪᠠᠰᠣᠷᠠᠭᠤᠯᠬᠤ ᠪᠠᠭᠠᠵᠢ ᠲᠦᠭᠦᠭᠡᠷᠦᠮᠵᠢ ᠶᠢ ᠪᠦᠷᠢᠨᠰᠢᠭᠦᠯᠵᠦ᠂ ᠮᠠᠯᠴᠢᠨ ᠲᠦᠮᠡᠨ ᠤ ᠪᠠᠨ ᠰᠣᠶᠤᠯ ᠲᠠᠮᠢᠷ ᠤᠨ ᠠᠵᠢᠯᠯᠠᠭ᠎ᠠ ᠳᠤ ᠣᠷᠣᠯᠴᠠᠬᠤ ᠳᠤ ᠣᠬᠢ ᠰᠠᠶᠢᠨ ᠨᠦᠬᠦᠴᠡᠯ ᠢ ᠪᠦᠷᠢᠯᠳᠦᠭᠦᠯᠵᠦ ᠦᠭᠴᠡᠢ᠃ ᠨᠡᠩ ᠴᠦ ᠣᠩᠭᠤᠴᠠ ᠭᠠᠴᠠᠭ᠎ᠠ ᠨᠢ ᠡᠯ᠎ᠡ ᠲᠠᠯ᠎ᠠ ᠶᠢᠨ ᠨᠦᠬᠦᠴᠡᠯ ᠪᠤᠯᠤᠯᠴᠠᠭ᠎ᠠ ᠪᠠᠨ ᠠᠰᠢᠭᠯᠠᠵᠤ ᠪᠠᠶᠢᠭᠠᠳ ᠰᠠᠭᠰᠤᠨ ᠪᠦᠮᠪᠦᠭᠡᠨ ᠲᠠᠯᠠᠪᠤᠷ ᠭᠠᠷᠭᠠᠭᠰᠠᠨ ᠨᠢ ᠦᠨᠡᠬᠡᠷ ᠪᠣᠰᠣᠳ ᠭᠠᠴᠠᠭ᠎ᠠ ᠨᠤᠭᠤᠳ ᠠᠴᠠ ᠣᠨᠴᠠᠯᠢᠭᠳᠠᠬᠤ ᠮᠦᠷᠲᠡᠭᠡᠨ ᠮᠠᠯᠴᠢᠨ ᠠᠷᠠᠳ ᠲᠠᠭᠠᠨ ᠬᠦᠳᠡᠯᠭᠡᠭᠡᠨ ᠪᠤᠯᠪᠠᠰᠣᠷᠠᠯ ᠤᠨ ᠣᠷᠣᠨ ᠵᠠᠢ ᠣᠯᠠᠮ ᠦᠷᠭᠡᠳᠬᠡᠨ ᠪᠠᠶᠠᠯᠢᠭᠵᠢᠭᠤᠯᠤᠭᠰᠠᠨ ᠪᠠᠶᠢᠨ᠎ᠠ᠃                                         ᠰᠣᠷᠪᠤᠯᠵᠢᠯᠠᠭᠴᠢ    ᠳᠠᠪᠰᠢᠯᠲᠦ    
 
ᠢᠷᠡᠯᠲᠡ᠄ xhqxcbweixin
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号