ᠰᠢᠨ᠎ᠡ ᠡᠷᠡᠨ ᠤ ᠰᠤᠳᠤᠨ ᠮᠠᠯᠴᠢᠨ
ᠨᠡᠶᠢᠲᠡᠯᠡᠭᠰᠡᠨ ᠴᠠᠭ᠄
2017-06-08
ᠰᠢᠨ᠎ᠡ ᠡᠷᠡᠨ ᠤ ᠰᠤᠳᠤᠨ ᠮᠠᠯᠴᠢᠨ                           — ᠵᠡᠬᠦᠨ ᠦᠵᠦᠮᠤᠴᠢᠨ ᠬᠤᠰᠢᠭᠤᠨ ᠤ ᠡᠵᠢᠨᠠᠭᠤᠷ                                      ᠪᠠᠯᠭᠠᠰᠤ ᠶᠢᠨ ᠬᠠᠷᠠᠭᠤᠪᠢ ᠭᠠᠴᠠᠭᠠᠨ ᠤ ᠮᠠᠯᠴᠢᠨ ᠬᠤᠪᠢᠰᠬᠠᠯᠲᠤ                                       ᠭᠠᠴᠠᠭᠠᠨ ᠤ ᠪᠠᠨ ᠮᠠᠯᠴᠢᠨ ᠳᠦᠮᠡᠨ ᠢ ᠳᠠᠶᠢᠴᠢᠯᠠᠨ ᠬᠤᠷᠰᠢᠨ ᠬᠠᠮᠵᠢᠯᠴᠠᠵᠤ ᠬᠠᠮᠳᠤᠪᠠᠷ ᠪᠠᠶᠠᠵᠢᠬᠤ ᠶᠢ ᠵᠤᠷᠢᠭᠰᠠᠨ  ᠪᠠᠶᠠᠵᠢᠯ ᠤᠨ ᠳᠠᠭᠠᠭᠤᠯᠤᠭᠴᠢ ᠬᠤᠪᠢᠰᠠᠬᠯᠳᠤ ᠪᠤᠯ ᠭᠦᠭᠵᠢᠯᠳᠡ ᠶᠢᠨ ᠠᠷᠭ᠎ᠠ ᠭᠡᠯᠪᠠᠷᠢ ᠪᠠᠨ ᠬᠤᠪᠢᠷᠠᠭᠤᠯᠬᠤ ᠶᠢᠨ  ᠴᠢᠬᠤᠯᠠ ᠴᠢᠨᠠᠷ ᠢ ᠠᠯᠢ ᠡᠷᠳᠡ ᠤᠬᠠᠭᠠᠷᠠᠭᠰᠠᠨ ᠨᠢᠭᠡᠨ ᠠᠵᠢ᠃              ᠳᠡᠷᠡᠪᠡᠷ ᠠᠩᠬ᠎ᠠ 2003 ᠤᠨ ᠳᠤ᠂ ᠭᠠᠴᠠᠭᠠᠨ ᠤ ᠪᠠᠨ ᠭᠡᠳᠤᠨ ᠰᠠᠶᠢᠨ ᠳᠤᠷᠠᠴᠤᠳ ᠲᠠᠢ ᠰᠠᠨᠠᠯ ᠨᠢᠭᠡᠳᠤᠨ  ᠬᠠᠷᠠᠭᠤᠪᠢ ᠮᠠᠯ ᠠᠵᠤ ᠠᠬᠤᠢ ᠶᠢᠨ ᠨᠡᠶᠢᠭᠡᠮᠯᠢᠭ ᠪᠠᠶᠢᠭᠤᠯᠵᠤ ᠪᠠᠶᠢᠭᠰᠠᠨ ᠪᠤᠯ ᠡᠨᠡ ᠨᠢ ᠤᠯᠠᠮ ᠢᠶᠠᠷ ᠦᠷᠭᠡᠵᠢᠨ  ᠪᠤᠵᠠᠭᠠᠶᠢᠷᠠᠵᠤ ᠬᠠᠷᠠᠭᠤᠪᠢ ᠮᠠᠯ ᠠᠵᠤ ᠠᠬᠤᠢ ᠶᠢᠨ ᠳᠤᠰᠬᠠᠢ ᠬᠤᠷᠰᠢᠶᠡᠵᠢᠯ ᠪᠤᠯᠵᠤ ᠭᠦᠭᠵᠢᠭᠰᠡᠨ ᠪᠠᠶᠢᠨ᠎ᠡ᠃ ᠳᠤᠰ  ᠬᠤᠷᠰᠢᠶᠡᠵᠢᠯ ᠨᠢ 30 ᠭᠠᠷᠤᠢ ᠭᠡᠰᠢᠭᠦᠨ ᠡᠷᠤᠭᠡ ᠲᠠᠢ᠃ ᠦᠵᠤᠮᠤᠴᠢᠨ ᠦᠷ᠎ᠡ ᠶᠢᠨ ᠮᠡᠯ ᠢ ᠳᠡᠵᠢᠭᠡᠨ  ᠦᠷᠡᠵᠢᠭᠦᠯᠭᠦ ᠪᠠᠷ ᠭᠤᠤᠯᠳᠠᠨ᠂ ᠠᠮᠢᠳᠤ ᠮᠠᠯ ᠤᠨ ᠰᠤᠯᠢᠯᠴᠠᠭᠠᠨ ᠤ ᠵᠠᠬ᠎ᠠ᠂ ᠭᠠᠮᠰᠢᠭ ᠠᠴᠠ ᠰᠠᠷᠭᠡᠶᠢᠯᠡᠭᠦ ᠡᠪᠡᠰᠤᠨ ᠤ  ᠨᠦᠭᠡᠴᠡ᠂ ᠬᠤᠨᠢᠨ ᠮᠢᠬ᠎ᠠ ᠭᠦᠯᠳᠡᠭᠡᠵᠤ ᠭᠦᠮᠤᠷᠭᠡᠯᠡᠭᠦ ᠦᠢᠯᠡᠴᠢᠯᠡᠭᠡᠨ ᠤ ᠭᠠᠵᠠᠷ ᠲᠠᠢ᠃ ᠪᠠᠰᠠ ᠨᠠᠷᠢᠯᠢᠬ  ᠡᠳ᠋ᠰᠢᠭᠦᠯᠭᠦ ᠪᠠᠭᠠᠵᠢ ᠳᠦᠭᠦᠭᠡᠷᠦᠮᠵᠢ ᠢᠵᠢ ᠪᠦᠷᠢᠨ ᠪᠠᠶᠢᠵᠤ᠂ ᠮᠠᠯᠴᠢᠳ ᠤᠤᠯ ᠨᠢ ᠮᠠᠯ ᠢᠶᠠᠨ ᠡᠭᠦᠳᠠᠨ ᠠᠴᠠ ᠪᠠᠨ  ᠠᠮᠢᠳᠤ ᠪᠠᠷ ᠨᠢ ᠬᠤᠳᠠᠯᠳᠤᠳᠠᠭ ᠪᠠᠶᠢᠭᠰᠠᠨ ᠪᠤᠯ ᠤᠳᠤ ᠡᠭᠦᠳᠡᠨ ᠳᠡᠭᠡᠨ ᠨᠠᠷᠢᠯᠢᠬ ᠡᠳ᠋ᠰᠢᠭᠦᠯᠭᠦ ᠨᠦᠭᠦᠴᠡᠯ  ᠪᠤᠯᠤᠮᠵᠢ ᠶᠢ ᠪᠦᠷᠢᠯᠳᠦᠭᠦᠯᠵᠡᠢ᠃ ᠤᠶᠢᠷ᠎ᠡ ᠶᠢᠨ ᠵᠢᠯ ᠠᠴᠠ ᠬᠤᠨᠢᠨ ᠮᠢᠬᠠᠨ ᠤ ᠦᠨ᠎ᠡ ᠬᠠᠩᠰᠢ ᠪᠠᠭᠤᠷᠠᠵᠤ᠂  ᠮᠠᠨᠡᠶᠢᠬᠢᠨ ᠤ ᠪᠤᠬᠢᠷᠳᠤᠯ ᠦᠭᠡᠢ ᠴᠠᠪᠠᠷ ᠪᠠᠶᠢᠭᠠᠯᠢᠯᠢᠬ ᠤᠯᠠᠭᠠᠨ ᠢᠳᠡᠭᠡᠨ ᠵᠠᠬ᠎ᠠ ᠳᠡᠯᠭᠡᠭᠦᠷ ᠤᠨ ᠰᠢᠬᠠᠯᠳᠠ ᠳᠤ  ᠤᠴᠠᠷᠠᠵᠤ ᠪᠠᠶᠢᠭ᠎ᠠ ᠪᠠᠶᠢᠳᠠᠯ ᠳᠤᠤᠷ᠎ᠡ ᠴᠤ ᠳᠤᠰ ᠬᠤᠷᠰᠢᠶᠡᠵᠢᠯ ᠨᠢ ᠮᠦᠨ ᠠᠰᠢᠭ ᠤᠷᠤᠯᠭ᠎ᠠ ᠪᠠᠨ ᠪᠠᠳᠤᠯᠠᠭᠰᠠᠭᠠᠷ  ᠪᠠᠶᠢᠭ᠎ᠠ ᠶᠤᠮ᠃ ᠡᠨᠡ ᠨᠢ ᠬᠠᠷᠠᠭᠤᠪᠢ ᠮᠠᠯ ᠠᠵᠤ ᠠᠬᠤᠢ ᠶᠢᠨ ᠬᠤᠷᠰᠢᠶᠠᠵᠢᠯ ᠤᠨ ᠭᠡᠷᠡᠭ ᠮᠡᠳᠡᠭᠴᠢᠳ ᠤᠨ ᠳᠠᠷᠤᠭ᠎ᠠ  ᠬᠤᠪᠢᠰᠬᠠᠯᠳᠤ ᠶᠢᠨ ᠮᠠᠯ ᠤᠨ ᠡᠭᠦᠯᠳᠡᠷ ᠰᠠᠶᠢᠵᠢᠷᠠᠭᠤᠯᠤᠯᠳᠠ ᠶᠢ ᠭᠤᠤᠯᠴᠢᠯᠠᠨ ᠠᠳᠬᠤᠵᠤ᠂ ᠮᠠᠯ ᠤᠨ ᠪᠤᠳᠠᠭᠠᠯᠢ  ᠪᠠᠶ᠎ᠡ ᠶᠢᠨ ᠭᠠᠷᠤᠯᠳᠠ ᠶᠢ ᠨᠡᠮᠡᠭᠳᠡᠭᠦᠯᠭᠦ ᠶᠢ ᠴᠢᠬᠤᠯᠠᠴᠢᠯᠠᠭᠰᠠᠨ ᠳᠤ ᠭᠤᠤᠯ ᠤᠴᠢᠷ ᠤᠷᠤᠰᠢᠨ᠎ᠡ᠃ ᠲᠡᠳᠡ ᠪᠠᠰᠠ  ᠬᠤᠨᠢᠨ ᠤ ᠪᠠᠨ ᠡᠭᠦᠯᠳᠡᠷ ᠢ ᠰᠠᠶᠢᠵᠢᠷᠠᠭᠤᠯᠵᠤ᠂ ᠬᠤᠷᠠᠭ᠎ᠠ ᠪᠠᠨ ᠠᠯᠢ ᠪᠤᠯᠬᠤ ᠪᠠᠷ ᠰᠠᠶᠢᠨ ᠡᠭᠦᠯᠳᠡᠷ ᠤᠨ ᠬᠤᠴᠠ  ᠪᠤᠶᠤ ᠰᠠᠶᠢᠨ ᠡᠭᠦᠯᠳᠡᠷ ᠤᠨ ᠡᠮ᠎ᠡ ᠬᠤᠨᠢ ᠪᠠᠷ ᠬᠤᠳᠠᠯᠳᠤᠬᠤ ᠠᠴᠠ ᠪᠢᠰᠢ᠂ ᠮᠢᠬᠠᠨ ᠤ ᠬᠤᠨᠢ ᠪᠠᠷ ᠬᠤᠳᠠᠯᠳᠤᠳᠠᠭ  ᠦᠭᠡᠢ᠃ ᠳᠡᠷᠡᠴᠢᠯᠡᠨ 2015 ᠤᠨ ᠳᠤ ᠭᠦᠢᠳᠡᠨ ᠭᠦᠮᠤᠷᠭᠡ ᠪᠠᠶᠢᠭᠤᠯᠵᠤ᠂ ᠪᠦᠭᠡᠮ ᠢᠶᠠᠷ ᠬᠤᠳᠠᠯᠳᠤᠬᠤ  ᠨᠦᠭᠦᠴᠡᠯ ᠢ ᠪᠦᠷᠢᠯᠳᠤᠭᠦᠯᠭᠦ ᠵᠡᠷᠭᠡ ᠤᠯᠠᠮᠵᠢᠯᠠᠯᠳᠤ ᠮᠠᠯᠵᠢᠯ ᠤᠨ ᠠᠷᠭ᠎ᠠ ᠪᠠᠷ ᠮᠠᠯᠵᠢᠵᠤ᠂ ᠤᠯᠠᠮᠵᠢᠯᠠᠯᠳᠤ ᠠᠷᠭ᠎ᠠ ᠪᠠᠷ  ᠠᠯᠠᠵᠤ ᠨᠢᠳᠤᠯᠤᠭᠰᠠᠨ ᠤᠨᠴᠠᠯᠢᠭᠳᠤ ᠳᠠᠪᠠᠭᠤᠯᠢᠭ ᠪᠠ ᠮᠠᠯᠵᠢᠯ ᠤᠨ ᠰᠤᠶᠤᠯ ᠢᠶᠠᠨ ᠢᠳᠡᠪᠬᠢᠳᠠᠢ ᠳᠠᠨᠢᠯᠴᠠᠭᠤᠯᠬᠤ ᠶᠢ  ᠴᠢᠬᠤᠯᠠᠴᠢᠯᠠᠪᠠ᠃ ᠳᠤᠬᠠᠶᠢᠯᠠᠪᠠᠯ ᠠᠷᠠᠯᠵᠢᠶᠠᠴᠢᠨ ᠢ ᠤᠷᠢᠳᠠᠪᠠᠷ ᠪᠡᠯᠴᠢᠭᠡᠷ ᠢᠶᠠᠷ ᠢᠶᠠᠨ ᠳᠠᠭᠠᠭᠤᠯᠤᠨ ᠭᠦᠷᠴᠤ᠂  ᠤᠰᠤᠨ ᠤ ᠳᠤᠩᠭᠠᠯᠠᠭ ᠡᠪᠡᠰᠤᠨ ᠤ ᠰᠤᠷᠭᠤᠭ ᠢᠶᠠᠨ ᠦᠵᠡᠭᠦᠯᠵᠤ᠂ ᠠᠯᠢ ᠴᠠᠭ ᠲᠤ ᠶᠠᠮᠠᠷ ᠡᠪᠡᠰᠤ ᠢᠳᠡᠭᠦᠯᠵᠤ᠂  ᠠᠯᠢ ᠴᠠᠭ ᠲᠤᠨᠢ ᠤᠰᠤᠨ ᠳᠠᠷᠭᠤ ᠠᠪᠤᠭᠤᠯᠵᠤ᠂ ᠠᠯᠢ ᠴᠠᠭ ᠲᠤ ᠳᠤᠰᠤᠨ ᠳᠠᠷᠭᠤ ᠠᠪᠤᠭᠤᠯᠳᠠᠭ ᠵᠡᠷᠭᠡ ᠪᠠᠨ  ᠳᠠᠨᠢᠯᠴᠠᠭᠤᠯᠳᠠᠭ ᠪᠠᠶᠢᠨ᠎ᠡ᠃ ᠢᠩᠬᠢᠭᠡᠳ ᠳᠠᠨᠢᠯᠴᠠᠭᠤᠯᠭ᠎ᠠ ᠶᠢ ᠰᠤᠨᠤᠰᠴᠤ ᠪᠡᠯᠴᠢᠭᠡᠷ ᠢᠶᠠᠷ ᠳᠤᠭᠤᠷᠢᠭᠰᠠᠨ  ᠠᠷᠠᠯᠵᠢᠶᠠᠴᠢᠳ ᠨᠢ ᠬᠤᠷᠰᠢᠶᠠᠵᠢᠯ ᠤᠨ ᠳᠤᠭᠳᠠᠭᠰᠠᠨ ᠦᠨ᠎ᠡ ᠶᠢ ᠪᠠᠷᠤᠭ ᠦᠨ᠎ᠡ ᠬᠠᠶᠠᠯᠴᠠᠯ ᠦᠭᠡᠢ ᠪᠠᠷ ᠭᠦᠯᠢᠶᠠᠨ  ᠠᠪᠳᠠᠭ᠃ ᠡᠭᠦᠨ ᠠᠴᠠ ᠭᠠᠳᠠᠨ᠎ᠡ ᠬᠤᠨᠢᠨ ᠤ ᠠᠷᠠᠰᠤ᠂ ᠰᠠᠭᠦᠯ ᠢ ᠴᠤ ᠡᠳ᠋ᠰᠢᠭᠦᠯᠦᠨ ᠪᠤᠯᠪᠠᠰᠤᠷᠠᠭᠤᠯᠵᠤ ᠮᠠᠰᠢ  ᠰᠠᠶᠢᠨ ᠪᠤᠳᠠᠳᠤ ᠦᠷ᠎ᠡ ᠠᠰᠢᠭ ᠤᠯᠤᠭᠰᠠᠨ ᠶᠤᠮ᠃             ᠤᠳᠤ ᠬᠠᠷᠠᠭᠤᠪᠢ ᠮᠠᠯ ᠠᠵᠤ ᠠᠬᠤᠢ ᠶᠢᠨ ᠬᠤᠷᠰᠢᠶᠠᠵᠢᠯ ᠨᠢ ︽ᠪᠦᠭᠦ ᠤᠯᠤᠰ ᠤᠨ ᠮᠠᠯᠴᠢᠨ ᠳᠠᠷᠢᠶᠠᠴᠢᠨ ᠤ  ᠳᠤᠰᠬᠠᠢ ᠬᠤᠷᠰᠢᠶᠡᠵᠢᠯ ᠤᠨ ᠵᠢᠱᠢᠶ᠎ᠡ ᠦᠵᠡᠭᠦᠯᠭᠦ ᠴᠡᠭ︾᠂ ︽ᠦᠪᠡᠷᠳᠡᠭᠡᠨ ᠵᠠᠰᠠᠬᠤ ᠤᠷᠤᠨ ᠤ ᠮᠠᠯᠴᠢᠨ  ᠳᠠᠷᠢᠶᠠᠴᠢᠨ ᠤ ᠳᠤᠰᠬᠠᠢ ᠬᠤᠷᠰᠢᠶᠡᠵᠢᠯ ᠤᠨ ᠵᠢᠱᠢᠶ᠎ᠡ ᠦᠵᠡᠭᠦᠯᠭᠦ ᠴᠡᠭ︾ ᠭᠡᠮᠡᠨ ᠤᠯᠠᠨ᠎ᠡ ᠰᠤᠷᠤᠯᠴᠠᠬᠤ ᠳᠠᠭᠤᠷᠢᠶᠠᠯ  ᠪᠤᠯᠵᠤ ᠪᠤᠢ᠃ ᠳᠤᠰ ᠬᠤᠷᠰᠢᠶᠠᠵᠢᠯ ᠨᠢ ᠪᠠᠶᠢᠭᠠᠯᠢ ᠶᠢᠨ ᠭᠠᠮᠰᠢᠬ ᠪᠠ ᠵᠠᠬ᠎ᠠ ᠳᠡᠯᠭᠡᠭᠦᠷ ᠤᠨ ᠠᠵᠤ ᠠᠬᠤᠢ ᠶᠢᠨ  ᠬᠤᠷᠴᠠ ᠰᠢᠷᠤᠭᠦᠨ ᠦᠷᠢᠰᠦᠯᠳᠤᠭᠡᠨ ᠤ ᠡᠮᠤᠨ᠎ᠡ᠂ ᠪᠦᠯᠭᠦᠮᠳᠠᠨ ᠨᠢᠭᠳᠠᠷᠠᠵᠤ ᠬᠤᠯᠪᠤᠭᠠᠯᠠᠨ ᠡᠵᠡᠩᠨᠡᠭᠦ ᠪᠠᠷ ᠳᠡᠮᠵᠢᠨ᠂ ᠳᠠᠯ᠎ᠡ ᠨᠤᠳᠤᠭ ᠢᠶᠠᠨ ᠬᠠᠮᠠᠭᠠᠯᠠᠬᠤ ᠪᠠ ᠠᠰᠢᠭ ᠤᠷᠤᠯᠭ᠎ᠠ ᠪᠠᠨ ᠨᠡᠮᠡᠭᠳᠡᠭᠦᠯᠭᠦ ᠬᠤᠤᠰ ᠬᠠᠷᠠᠯᠳᠠ ᠶᠢ ᠪᠠᠶᠠᠯᠡᠭᠦᠯᠵᠤ᠂  ᠤᠳᠤ ᠦᠶ᠎ᠡ ᠶᠢᠨ ᠪᠡᠯᠴᠢᠭᠡᠷ ᠤᠨ ᠮᠠᠯ ᠠᠵᠤ ᠠᠬᠤᠢ ᠶᠢᠨ ᠡᠵᠡᠩᠨᠡᠯᠳᠡ ᠶᠢᠨ ᠭᠡᠪ ᠵᠠᠭᠪᠤᠷ ᠢ ᠡᠭᠦᠳᠭᠦ ᠬᠠᠶᠢᠯᠳᠠ  ᠳᠤᠮᠳᠠ ᠠᠰᠢᠭᠳᠠᠢ ᠰᠦᠪᠡᠭᠴᠢᠯᠡᠯᠳᠡ ᠬᠢᠵᠤ ᠶᠠᠪᠤᠨ᠎ᠡ᠃                                           ᠰᠤᠷᠪᠤᠯᠵᠢᠯᠠᠭᠴᠢ ᠵᠤᠯᠠ
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ ᠤ ᠰᠢᠨ᠎ᠠ ᠮᠠᠯᠴᠢᠳ ᠤᠨ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号