ᠲᠠᠷᠬᠠᠨ ᠴᠤᠯᠠ ᠪᠠᠨ ᠮᠠᠨᠳᠤᠭᠤᠯᠵᠤ ᠶᠠᠪᠤᠭ᠎ᠠ ᠲᠠᠯ᠎ᠠ ᠨᠤᠳᠤᠭ ᠤᠨ ︽ᠬᠦᠩᠭᠡᠨ ᠮᠤᠷᠢᠳᠤ ᠴᠡᠷᠢᠭ︾
ᠨᠡᠶᠢᠲᠡᠯᠡᠭᠰᠡᠨ ᠴᠠᠭ᠄
2017/6/9
ᠲᠠᠷᠬᠠᠨ ᠴᠤᠯᠠ ᠪᠠᠨ ᠮᠠᠨᠳᠤᠭᠤᠯᠵᠤ ᠶᠠᠪᠤᠭ᠎ᠠ ᠲᠠᠯ᠎ᠠ ᠨᠤᠳᠤᠭ ᠤᠨ ︽ᠬᠦᠩᠭᠡᠨ ᠮᠤᠷᠢᠳᠤ ᠴᠡᠷᠢᠭ︾                             — ᠬᠦᠪᠡᠭᠡᠳᠤ ᠰᠢᠷ᠎ᠡ ᠬᠤᠰᠢᠭᠤᠨ ᠤ ᠤᠯᠠᠭᠠᠨᠨᠮᠦ᠋ᠴᠢᠷ                                  ᠎ ᠤᠨ ᠡᠬᠦᠰᠤᠯ ᠬᠦᠭᠵᠢᠯ ᠤᠨ ᠲᠤᠬᠠᠢ ᠬᠦᠤᠷᠨᠢᠯ ᠮᠡᠳᠡᠭᠡᠯᠡᠯ                                  ᠰᠤᠷᠪᠤᠯᠵᠢᠯᠠᠭᠴᠢ ᠲᠠᠯᠠᠨᠪᠠᠶᠠᠷ   ᠴᠢᠮᠡᠭᠡᠯᠡᠭᠴᠢ ᠬᠡᠷᠡᠯᠳᠦ         ᠦᠷᠯᠦᠭ ᠨᠠᠮ ᠤᠨ ᠢᠶᠠᠨ ᠮᠡᠷᠭᠡᠨ ᠪᠤᠳᠤᠯᠭ᠎ᠠ᠂ ᠦᠩᠬᠢᠶᠡᠮᠤᠷ ᠵᠠᠰᠠᠭ ᠤᠨ ᠢᠶᠠᠨ ᠬᠠᠯᠠᠭᠤᠨ ᠬᠠᠶᠢᠷ᠎ᠠ ᠪᠠᠷ ᠦᠶ᠎ᠡ ᠦᠶ᠎ᠡ ᠶᠢᠨ ᠤᠷᠠᠯᠢᠬᠴᠢᠳ ᠤᠨ ᠢᠶᠠᠨ ᠦᠰᠦ ᠪᠠᠨ ᠴᠠᠶᠢᠳᠠᠯ᠎ᠠ ᠵᠢᠳᠬᠦᠭᠰᠡᠨ ᠬᠦᠳᠡᠯᠮᠤᠷᠢ ᠠᠵᠢᠯ ᠤᠨ ᠬᠢᠨᠢ ᠬᠦᠯᠦᠰᠤᠨ ᠲᠤᠰᠤᠯ ᠢᠶᠠᠷ ᠦᠪᠤᠷ ᠮᠤᠩᠭᠤᠯ ᠤᠨ ᠲᠠᠯ᠎ᠡ ᠨᠤᠳᠤᠭ ᠲᠤ ᠪᠠᠳᠮᠠᠯᠠᠨ ᠲᠡᠯᠭᠡᠷᠡᠭᠰᠡᠨ ︽ᠲᠠᠯ᠎ᠡ ᠨᠤᠳᠤᠭ ᠎ ᠤᠨ ᠬᠦᠩᠭᠡᠨ ᠮᠤᠷᠢᠳᠤ ᠴᠡᠷᠢᠭ︾ ᠭᠡᠮᠡᠬᠦ ᠬᠦᠨᠳᠤᠳᠭᠡᠯ ᠲᠠᠭᠤᠳᠠᠯᠭ᠎ᠠ ᠶᠢᠨ ᠢᠷᠠᠭᠤ ᠰᠠᠶᠢᠬᠠᠨ ᠠᠯᠳᠠᠷ ᠲᠠᠢ ᠤᠯᠠᠭᠠᠨᠮᠦ᠋ᠴᠢᠷ ᠮᠠᠨᠢ ᠡᠨᠡ ᠵᠢᠯ 60 ᠨᠠᠰᠤᠨ ᠤ ᠦᠯᠵᠡᠢ ᠪᠠᠶᠠᠷ ᠢᠶᠠᠨ ᠦᠷᠨᠢᠬᠦᠨ ᠬᠦᠭᠵᠢᠯ ᠤᠨ ᠵᠢᠬᠦᠷ ᠢᠶᠠᠨ ᠲᠡᠯᠭᠡᠭᠰᠡᠨ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠠᠨ 70 ᠨᠠᠰᠤᠨ ᠤ ᠲᠠᠯᠠᠢ ᠵᠢᠷᠭᠠᠯ ᠢᠶᠠᠷ ᠤᠬᠳᠤᠨ ᠠᠪᠤᠯ᠎ᠠ᠃         ᠲᠡᠭᠡᠪᠡᠯ᠂ ᠲᠡᠬᠦᠨ ᠤ ᠨᠢᠭᠡᠨ ᠳᠤ ᠬᠠᠷᠢᠶᠠᠯᠠᠭᠳᠠᠬᠤ ᠬᠦᠪᠡᠭᠡᠳᠤ ᠰᠢᠷ᠎ᠡ ᠬᠤᠰᠢᠭᠤᠨ ᠤ ᠤᠯᠠᠭᠠᠨᠮᠦ᠋ᠴᠢᠷ ᠎ ᠤᠨ ᠵᠢᠷᠠᠨ ᠵᠢᠯ ᠤᠨ ᠤᠯᠠ ᠮᠦᠷ ᠢ ᠡᠷᠬᠢᠴᠡᠬᠦᠯᠦᠨ ᠰᠠᠨᠠᠬᠤ ᠳᠤ ᠦᠭᠡᠢ ᠠᠴᠠ ᠪᠠᠨ ᠪᠤᠢ ᠪᠤᠯᠵᠤ᠂ ᠪᠠᠶᠢᠬᠤ ᠠᠴᠠ ᠎ ᠪᠠᠨ ᠪᠤᠵᠠᠭᠠᠶᠢᠷᠠᠨ ᠬᠦᠭᠵᠢᠵᠤ᠂ ᠤᠳᠤ ᠪᠤᠯᠬᠤ ᠳᠤ ᠤᠷᠤᠨ ᠨᠤᠳᠤᠭ ᠤᠨ ᠦᠨᠦᠷ ᠠᠮᠳᠠ ᠬᠠᠩᠬᠤᠯᠤᠭᠰᠠᠨ ᠦᠨᠳᠤᠰᠤᠳᠡᠨ ᠤ ᠰᠤᠶᠤᠯ ᠤᠨ ᠨᠢᠭᠡ ᠪᠠᠭᠴᠠ ᠰᠤᠷᠭᠤᠭ ᠴᠡᠴᠡᠭ ᠪᠤᠯᠵᠤ᠂ ᠲᠠᠯ᠎ᠡ ᠨᠤᠳᠤᠭ ᠤᠨ ᠰᠤᠶᠤᠯ ᠢᠶᠠᠨ ᠤᠯᠠᠮᠵᠢᠯᠠᠨ ᠲᠡᠯᠭᠡᠷᠡᠬᠦᠯᠵᠤ ᠬᠦᠭᠵᠢᠬᠦᠯᠦᠨ ᠮᠠᠨᠳᠤᠭᠤᠯᠬᠤ ᠶᠡᠭᠡ ᠦᠢᠯᠡᠰ ᠲᠤ ᠴᠠᠭ ᠦᠶ᠎ᠡ ᠪᠠᠨ ᠲᠡᠮᠳᠡᠭᠯᠡᠭᠰᠡᠨ᠂ ᠢᠷᠡᠭᠡᠳᠤᠢ ᠪᠠᠨ ᠪᠠᠷᠠᠭᠠᠯᠠᠵᠤ᠂ ᠲᠡᠤᠭᠡᠨ ᠳᠤ  ᠬᠤᠨᠤᠭᠰᠢᠮᠠᠷ ᠬᠠᠭᠤᠳᠠᠰᠤ ᠬᠠᠭᠤᠳᠠᠰᠤ ᠲᠤᠤᠯᠢᠰ ᠢᠶᠠᠨ ᠪᠢᠴᠢᠭᠯᠡᠭᠰᠡᠭᠡᠷ ᠪᠠᠶᠢᠨ᠎ᠡ᠃ᠤᠯᠠᠭᠠᠨᠮᠦ᠋ᠴᠢᠷ ᠤᠨ ︽ᠲᠤᠯᠭ᠎ᠠ ᠶᠢᠨ ᠭᠤᠷᠪᠡᠨ ᠴᠢᠯᠠᠭᠤ︾᠎ ᠶᠢ ᠲᠠᠯᠪᠢᠭᠰᠠᠨ — ︽ᠲᠤᠬᠢᠭᠤᠷ ᠲᠤᠯᠣᠭᠠᠨ ᠤᠳᠤ︾         ᠪᠦᠬᠦ ᠤᠯᠤᠰ ᠲᠤ ᠬᠠᠮᠤᠭ ᠲᠦᠷᠦᠬᠦᠦ ᠪᠠᠶᠢᠭᠤᠯᠤᠭᠳᠠᠭᠰᠠᠨ ᠰᠦᠨᠢᠳ ᠪᠠᠷᠠᠭᠤᠨ ᠬᠤᠰᠢᠭᠤᠨ ᠤ ᠤᠤᠭᠠᠨ ᠤᠯᠠᠭᠠᠨᠮᠦ᠋ᠴᠢᠷ ᠢᠶᠠᠨ ᠦᠯᠮᠡᠶᠢᠳᠡᠵᠤ᠂ 1958 ᠤᠨ ᠳᠤ ᠪᠠᠶᠢᠭᠤᠯᠤᠭᠳᠠᠭᠰᠠᠨ ᠬᠦᠪᠡᠭᠡᠳᠤ ᠰᠢᠷ᠎ᠡ ᠬᠤᠰᠢᠭᠤᠨ ᠤ ᠤᠯᠠᠭᠠᠨᠮᠦ᠋ᠴᠢᠷ ᠨᠢ ᠠᠩᠬ᠎ᠠ ᠡᠬᠢᠨ ᠳᠡᠭᠡᠨ ᠵᠦᠪᠭᠡᠨ 7 ᠨᠡᠷ᠎ᠡ ᠲᠤᠭᠯᠠᠭᠴᠢ ᠲᠠᠢ ᠪᠠᠶᠢᠵᠤ᠂ ᠲᠡᠳᠡ ᠨᠠᠷ ᠤᠨ ᠵᠠᠷᠢᠮ ᠨᠢ ᠬᠦᠭᠡᠷᠤᠬᠦᠢ ᠤᠳᠤ ᠨᠢᠭᠡᠨᠳᠡ ᠨᠠᠰᠤ ᠪᠠᠷᠠᠭᠰᠠᠨ ᠪᠤᠯᠪᠠᠴᠦ ᠤᠳᠬ᠎ᠠ ᠤᠷᠠᠯᠢᠭ ᠤᠨ ᠦᠪᠡᠷᠮᠢᠴᠡ ᠭᠡᠯᠪᠡᠷᠢ ᠪᠠᠷ ᠨᠠᠮ ᠤᠨ ᠲᠦᠷᠦ ᠶᠢᠨ ᠪᠤᠳᠤᠯᠭ᠎ᠠ ᠶᠢ ᠤᠬᠠᠭᠤᠯᠵᠤ᠂ ᠨᠡᠶᠢᠭᠡᠮ ᠵᠢᠷᠤᠮᠳᠤ ᠬᠤᠪᠢᠰᠬᠠᠯ ᠪᠡ ᠪᠦᠳᠦᠭᠡᠨ ᠪᠠᠶᠢᠭᠤᠯᠤᠯᠳᠠ ᠳᠤ ᠦᠵᠡᠬᠦᠯᠦᠭᠰᠡᠨ ᠭᠠᠪᠢᠶ᠎ᠡ ᠵᠢᠳᠬᠦᠯ ᠨᠢ ᠲᠡᠤᠭᠡ ᠶᠢᠨ ᠬᠠᠭᠤᠳᠠᠰᠤᠨ ᠳᠤ ᠦᠨᠢᠳᠡ ᠮᠦᠩᠭᠡᠷᠡᠬᠦ ᠎ ᠳᠡᠭᠡᠨ ᠦᠶ᠎ᠡ ᠦᠶ᠎ᠡ ᠶᠢᠨ ᠤᠷᠠᠯᠢᠭᠴᠢᠳ ᠤᠨ ᠢᠶᠠᠨ ᠦᠰᠤᠨ ᠪᠤᠶᠢᠵᠢᠯᠳᠠ ᠳᠤ ᠦᠯᠢᠭᠡᠷ ᠲᠠᠭᠤᠷᠢᠶᠠᠯ ᠤᠨ ᠬᠦᠴᠦᠨ ᠪᠤᠯᠳᠠᠭ ᠢᠶᠠᠷ ᠤᠳᠤ ᠴᠦ ᠭᠡᠳ ᠠᠭᠠᠷ ᠲᠡᠭᠷᠢ ᠶᠢᠨ ︽ᠲᠤᠬᠢᠭᠤᠷ ᠲᠤᠯᠤᠭᠠᠨ ᠤᠳᠤ︾ ᠮᠡᠳᠤ ᠬᠢᠯᠠᠯᠵᠠᠨ ᠬᠢᠯᠠᠯᠵᠠᠭᠰᠠᠭᠠᠷ ᠪᠠᠶᠢᠨ᠎ᠡ᠃ ᠡᠨᠡ ᠲᠤᠬᠠᠢ ᠵᠢᠷᠠᠭᠠᠳ ᠤᠨ ᠤ ᠡᠬᠢᠨ ᠤ ᠦᠶ᠎ᠡ ᠪᠠᠷ ᠤᠯᠠᠭᠠᠨᠮᠦ᠋ᠴᠢᠷ ᠤᠨ ᠡᠬᠦᠳᠡᠨ ᠪᠤᠱᠤᠭ᠎ᠠ ᠶᠢ ᠠᠯᠬᠤᠵᠤ᠂ ᠠᠵᠢᠯ ᠤᠨ ᠭᠠᠷᠤᠭ᠎ᠠ ᠪᠠᠨ ᠠᠪᠤᠭᠰᠠᠨ ᠠᠬᠠᠮᠠᠳ ᠺᠠᠳ᠋ᠷ ᠬᠦᠩᠭ᠎ᠠ ᠤᠳᠪᠠᠯ᠎ᠠ ᠨᠠᠷ ᠤᠨ ᠡᠷᠬᠢᠴᠡᠬᠦᠯᠬᠦ ᠪᠠᠷ᠄ ︽ᠪᠢᠳᠡ ᠭᠡᠳᠤᠶᠢᠪᠡᠷ ᠤᠯᠠᠭᠠᠨᠮᠦ᠋ᠴᠢᠷ ᠤᠨ ᠢᠶᠠᠨ ᠬᠤᠶᠠᠳᠤᠭᠠᠷ ᠦᠶ᠎ᠡ ᠶᠢᠨ ᠲᠤᠭᠯᠠᠭᠴᠢᠳ ᠲᠤ ᠬᠠᠷᠢᠶᠠᠯᠠᠭᠳᠠᠬᠤ ᠪᠤᠯᠪᠠᠴᠦ ᠦᠨᠡᠨ ᠳᠡᠭᠡᠨ ᠤᠯᠠᠭᠠᠨᠮᠦ᠋ᠴᠢᠷ ᠢ ᠡᠬᠦᠰᠭᠡᠨ ᠪᠠᠶᠢᠭᠤᠯᠤᠭᠰᠠᠨ ᠡᠬᠢᠨ ᠤ ᠦᠶ᠎ᠡ ᠶᠢᠨ 7 ᠲᠤᠭᠯᠠᠭᠴᠢ ᠲᠠᠢ ᠪᠠᠨ ᠭᠤᠷᠪᠡ ᠲᠦᠷᠪᠡᠨ ᠵᠢᠯ ᠤᠨ ᠡᠮᠤᠨ᠎ᠡ ᠬᠤᠶᠢᠨ᠎ᠡ ᠢᠷᠡᠭᠰᠡᠨ ᠪᠤᠯᠬᠤᠷ ᠤᠯᠠᠭᠠᠨᠮᠦ᠋ᠴᠢᠷ ᠤᠨ ᠎ ᠢᠶᠠᠨ ᠲᠤᠬᠠᠢ ᠶᠢᠨ ᠦᠶ᠎ᠡ ᠶᠢᠨ ᠲᠡᠤᠭᠡᠨ ᠪᠠᠶᠢᠳᠠᠯ ᠢ ᠨᠠᠯᠢᠶᠡᠳ ᠪᠦᠷᠢᠨ ᠦᠢᠯᠠᠭᠠᠨ᠎ᠠ᠃ ᠲᠠᠷᠠ ᠦᠶ᠎ᠡ ᠶᠢᠨ ᠪᠠᠶᠢᠳᠠᠯ ᠎ ᠢ ᠤᠳᠤ ᠶᠢᠨ ᠬᠢᠨ ᠲᠠᠢ ᠬᠠᠷᠢᠴᠠᠭᠤᠯᠬᠤ ᠶᠢᠨ ᠠᠷᠭ᠎ᠠ ᠦᠭᠡᠢ᠃ ᠨᠢᠭᠡ ᠯᠡ ᠦᠭᠡ ᠪᠠᠷ ᠭᠡᠯᠡᠪᠡᠯ᠂ ᠲᠦᠢᠯ ᠤᠨ ᠪᠡᠷᠭᠡ ᠬᠠᠳᠠᠭᠤ ᠤᠷᠴᠢᠨ ᠲᠤᠭᠤᠷᠢᠨ ᠳᠤ ᠠᠵᠢᠯᠯᠠᠵᠤ ᠪᠠᠶᠢᠯ᠎ᠠ ᠭᠡᠰᠡᠨ ᠦᠭᠡ᠃ ᠵᠠᠮ ᠨᠡᠪᠳᠡᠷᠡᠬᠦᠯᠭᠡ ᠲᠦᠢᠯ ᠤᠨ ᠲᠦᠬᠦᠮ ᠦᠭᠡᠢ ᠲᠡᠭᠡᠷ᠎ᠡ ᠪᠠᠨ ᠰᠤᠷᠠᠭ ᠴᠢᠮᠡᠭᠡ ᠲᠠᠭ ᠪᠢᠳᠡᠬᠦᠦ᠃ ᠡᠶᠢᠮᠤ ᠪᠠᠶᠢᠳᠠᠯ ᠲᠤᠤᠷ᠎ᠡ ᠦᠷᠬᠦᠯᠵᠢ ᠬᠦᠳᠡᠭᠡ ᠪᠠᠭᠤᠵᠤ ᠲᠤᠭᠯᠠᠯᠳᠠ ᠭᠠᠷᠭᠠᠨ᠂ ᠪᠠᠰᠠ ᠬᠦᠳᠡᠯᠮᠤᠷᠢ ᠳᠤ ᠤᠷᠤᠯᠴᠠᠨ᠎ᠠ᠃ ᠮᠠᠯᠴᠢᠳ ᠢ ᠬᠠᠪᠰᠤᠷᠴᠦ ᠡᠪᠡᠰᠤ ᠬᠠᠳᠤᠬᠤ᠂ ᠬᠤᠷᠤᠭ᠎ᠠ ᠬᠠᠰᠢᠶ᠎ᠠ ᠪᠠᠷᠢᠬᠤ᠂ ᠰᠢᠭᠤᠷᠭᠠᠨ ᠳᠤ ᠤᠷᠤᠭᠤᠳᠠᠭᠰᠠᠨ ᠮᠠᠯ ᠤᠨ ᠬᠢᠨᠢ ᠡᠷᠢᠯ ᠳᠤ ᠬᠦᠷᠳᠡᠯ᠎ᠡ ᠮᠤᠷᠳᠡᠨ᠎ᠡ᠃ ᠶᠡᠷᠤᠩᠭᠡᠢ ᠳᠡᠭᠡᠨ ᠬᠢᠬᠦ ᠦᠭᠡᠢ ᠠᠵᠢᠯ ᠭᠡᠵᠤ ᠪᠠᠷᠤᠭ ᠪᠠᠶᠢᠬᠤ ᠦᠭᠡᠢ᠃ ᠬᠦᠳᠡᠭᠡ ᠪᠠᠭᠤᠵᠤ ᠲᠤᠭᠯᠠᠯᠳᠠ ᠭᠠᠷᠭᠠᠬᠤ ᠳᠠᠭᠠᠨ ᠭᠤᠷᠪᠡᠨ ᠮᠤᠷᠢ ᠬᠦᠯᠦᠭᠰᠡᠨ ᠲᠡᠷᠭᠡᠨ ᠳᠡᠭᠡᠨ ᠭᠡᠳᠤᠨ ᠬᠦᠭᠵᠢᠮ ᠤᠨ ᠵᠢᠮᠰᠡᠭ ᠪᠡ ᠢᠳᠡᠵᠤ ᠤᠤᠭᠤᠬᠤ ᠪᠠᠭ᠎ᠠ ᠰᠠᠭ᠎ᠠ ᠬᠠᠭᠤᠷᠠᠢ ᠠᠮᠤ ᠬᠦᠨᠡᠰᠤ ᠪᠠᠨ ᠪᠡᠯᠡᠳᠭᠡᠵᠤ ᠶᠠᠪᠤᠨ᠎ᠠ᠃ ᠲᠤᠭᠯᠠᠯᠳᠠ ᠶᠢᠨ ᠬᠤᠪᠴᠠᠰᠤ ᠬᠤᠨᠠᠷ ᠭᠡᠮᠡᠷ ᠶᠠᠭᠤᠮ᠎ᠠ ᠪᠠᠷᠤᠭ ᠪᠠᠶᠢᠳᠠᠭ ᠦᠭᠡᠢ᠂ ᠪᠦᠷ ᠯᠡ ᠲᠤᠭ᠎ᠠ ᠲᠠᠢ ᠭᠡᠳᠤᠨ ᠵᠠᠬ᠎ᠠ ᠬᠤᠪᠴᠠᠰᠤ ᠎ ᠪᠠᠨ ᠰᠤᠯᠢᠵᠤ ᠬᠠᠯᠠᠨ ᠡᠮᠤᠰᠳᠡᠭ ᠮᠦᠷᠳᠡᠭᠡᠨ ᠵᠠᠷᠢᠮ ᠦᠶ᠎ᠡ ᠳᠤ  ᠦᠪᠡᠷ ᠤᠨ ᠲᠡᠷᠯᠢᠭ ᠬᠤᠪᠴᠠᠰᠤ ᠪᠠᠨ ᠡᠮᠤᠰᠬᠦ ᠦᠵᠡᠭᠳᠡᠯ ᠴᠦ ᠵᠦᠩᠳᠡᠭᠡᠨ ᠭᠠᠷᠤᠨ᠎ᠡ᠃ ᠲᠤᠭᠯᠠᠯᠳᠠ ᠪᠠᠨ ᠵᠤᠬᠢᠶᠡᠨ ᠪᠦᠳᠦᠭᠡᠵᠤ ᠪᠡᠯᠡᠳᠭᠡᠬᠦ ᠪᠡ ᠪᠤᠯᠪᠠᠰᠤᠷᠠᠬᠤ ᠪᠤᠯ ᠤᠯᠠᠭᠠᠨᠮᠦ᠋ᠴᠢᠷ ᠤᠨ ᠬᠠᠮᠤᠭ ᠴᠢᠬᠤᠯᠠ ᠨᠢᠭᠡ ᠠᠵᠢᠯ᠂ ᠤᠴᠢᠷ ᠨᠢ ᠲᠡᠷᠡ ᠦᠶ᠎ᠡ ᠳᠤ ᠭᠠᠷ ᠦᠵᠦᠬᠦᠷ ᠪᠡᠯᠡᠨ ᠠᠰᠢᠭᠯᠠᠮᠠᠷ ᠮᠠᠲ᠋ᠧᠷᠢᠶᠡᠯ ᠭᠡᠵᠤ ᠪᠠᠶᠢᠬᠤ ᠦᠭᠡᠢ᠂ ᠤᠯᠠᠩᠬᠢ ᠲᠤᠭᠯᠠᠯᠳᠠ ᠪᠠᠨ ᠪᠦᠷ ᠦᠪᠡᠷᠳᠡᠭᠡᠨ ᠵᠤᠬᠢᠶᠡᠨ ᠪᠦᠳᠦᠭᠡᠵᠤ ᠪᠤᠯᠪᠠᠰᠤᠷᠴᠦ ᠪᠡᠯᠡᠳᠭᠡᠨ᠎ᠡ᠃ ᠮᠠᠨ ᠤ ᠬᠤᠶᠠᠷ ᠵᠠ᠊ ᠪᠠᠭᠰᠢ ᠭᠡᠵᠤ᠂ ᠨᠢᠭᠡ ᠨᠢ ᠲᠠᠭᠤᠨ ᠤ ᠠᠶ᠎ᠠ ᠬᠢᠵᠤ ᠬᠦᠭᠵᠢᠮ ᠵᠤᠬᠢᠴᠠᠭᠤᠯᠬᠤ ᠤᠷ᠎ᠡ ᠮᠡᠷᠭᠡᠵᠢᠯᠳᠡᠨ᠂ ᠨᠦᠬᠦᠭᠡ ᠨᠢ ᠲᠠᠭᠤᠨ ᠤ ᠦᠭᠡ᠂ ᠬᠤᠯᠪᠤᠭ᠎ᠠ ᠰᠢᠯᠦᠭ᠂ ᠱᠤᠭ ᠶᠠᠷᠢᠶ᠎ᠠ᠂ ᠵᠦᠴᠦᠭᠡ ᠪᠢᠴᠢᠬᠦ ᠲᠠᠯ᠎ᠡ ᠪᠠᠷ ᠲᠠᠪᠠᠭᠤ ᠰᠠᠶᠢᠨ ᠭᠠᠷᠰᠢᠭᠰᠠᠨ ᠭᠤᠤᠯ ᠬᠦᠴᠦᠨ ᠪᠤᠯᠬᠤ ᠮᠦᠷᠳᠡᠭᠡᠨ ᠬᠤᠯᠪᠤᠭ᠎ᠠ ᠰᠠᠶᠢᠬᠠᠨ ᠭᠡᠯᠡᠳᠡᠭ᠃ ᠪᠢᠳᠡ ᠴᠦ ᠭᠡᠳ ᠦᠪᠡᠷᠳᠡᠭᠡᠨ ᠪᠠᠭ᠎ᠠ ᠰᠠᠭ᠎ᠠ ᠵᠤᠬᠢᠶᠡᠨ ᠪᠢᠴᠢᠬᠦ ᠤᠷ᠎ᠡ ᠴᠢᠳᠠᠪᠤᠷᠢᠳᠡᠢ ᠪᠤᠯᠬᠤᠷ ᠮᠠᠨ ᠤ ᠲᠤᠭᠯᠠᠯᠳᠠ ᠶᠢᠨ ᠬᠢᠷᠢ ᠲᠦᠪᠰᠢᠨ ᠲᠤᠬᠠᠢ ᠶᠢᠨ ᠦᠶ᠎ᠡ ᠳᠡᠭᠡᠨ ᠨᠡᠯᠢᠶᠡᠳ ᠰᠠᠶᠢᠨ ᠪᠠᠶᠢᠭᠰᠠᠨ᠂ ᠡᠬᠦᠨ ᠤ ᠲᠤᠬᠠᠢ ᠪᠤᠳᠠᠳᠤ ᠭᠡᠷᠡᠴᠢ ᠭᠡᠪᠡᠯ᠂ 1959 ᠤᠨ ᠤ 3 ᠰᠠᠷ᠎ᠡ ᠳᠤ ᠰᠢᠯᠢ ᠶᠢᠨ ᠭᠤᠤᠯ ᠠᠶᠢᠮᠠᠭ ᠲᠤ ᠪᠤᠯᠤᠭᠰᠠᠨ ᠤᠯᠠᠭᠠᠨᠮᠦ᠋ᠴᠢᠷ ᠤᠨ ᠦᠵᠡᠭᠦᠯᠦᠯᠭᠡ ᠶᠢᠨ ᠲᠤᠭᠯᠠᠯᠳᠠ ᠶᠢᠨ ᠤᠷᠤᠯᠳᠤᠭᠠᠨ ᠳᠤ ᠨᠢᠭᠡᠳᠤᠭᠡᠷ ᠲᠡᠰ ᠲᠤ 2᠂  ᠬᠤᠶᠠᠳᠤᠭᠠᠷ ᠲᠡᠰ ᠲᠤ 5᠂ ᠭᠤᠷᠪᠠᠳᠤᠭᠠᠷ ᠲᠡᠰ ᠲᠤ 2 ᠰᠢᠯᠭᠠᠷᠠᠵᠤ᠂ ᠪᠦᠬᠦ ᠨᠡᠶᠢᠳᠡ 9 ᠲᠦᠷᠦᠯ ᠤᠨ ᠱᠠᠩᠨᠠᠯ ᠠᠪᠴᠦ᠂ ᠲᠠᠬᠢᠪᠠᠯ ᠪᠠᠰᠠ 1965 ᠤᠨ ᠤ ᠨᠠᠮᠤᠷ ᠠᠶᠢᠮᠠᠭ ᠲᠤ ᠪᠤᠯᠤᠭᠰᠠᠨ ᠪᠦᠬᠦ ᠠᠶᠢᠮᠠᠭ ᠎ ᠤᠨ ᠤᠯᠠᠭᠠᠨᠮᠦ᠋ᠴᠢᠷ ᠤᠨ ᠪᠤᠯᠪᠠᠰᠤᠷᠠᠯ ᠲᠡᠭᠡᠷ᠎ᠡ᠂ ᠦᠪᠡᠷᠳᠡᠭᠡᠨ ᠵᠤᠬᠢᠶᠡᠨ ᠪᠦᠳᠦᠭᠡᠭᠰᠡᠨ ᠪᠡ ᠲᠤᠷᠤᠭᠰᠢ ᠪᠠᠭᠤᠵᠤ ᠲᠤᠭᠯᠠᠯᠳᠠ ᠭᠠᠷᠭᠠᠭᠰᠠᠨ ᠡᠳᠤᠷ ᠬᠤᠨᠤᠭ ᠤᠨ ᠲᠤᠭ᠎ᠠ ᠪᠠᠷᠢᠮᠳᠠ ᠵᠡᠷᠭᠡ 2 ᠶᠡᠭᠡ ᠠᠳᠠᠯᠢᠳᠬᠠᠨ ᠰᠢᠯᠭᠠᠷᠠᠭᠤᠯᠬᠤ ᠨᠦᠬᠦᠴᠡᠯ ᠢᠶᠠᠷ ᠪᠦᠬᠦ ᠠᠶᠢᠮᠠᠭ ᠲᠠᠭᠠᠨ ᠲᠡᠷᠢᠬᠦᠯᠡᠭᠰᠡᠨ ᠪᠤᠯᠬᠤᠷ ︽ᠬᠦᠪᠡᠭᠡᠳᠤ ᠰᠢᠷ᠎ᠡ ᠬᠤᠰᠢᠭᠤᠨ ᠤ ᠤᠯᠠᠭᠠᠨᠮᠦ᠋ᠴᠢᠷ ᠠᠴᠠ ᠰᠤᠷᠤᠯᠴᠠᠳᠤᠭᠠᠢ︾ ᠭᠡᠰᠡᠨ ᠤᠷᠢᠶᠠᠯᠭ᠎ᠠ ᠭᠠᠷᠭᠠᠭᠰᠠᠨ ᠪᠠᠶᠢᠳᠠᠭ᠃ ᠭᠡᠯᠡᠬᠦ ᠠᠴᠠ ᠬᠦᠳᠡᠭᠡ ᠪᠠᠭᠤᠵᠤ ᠲᠤᠭᠯᠠᠯᠳᠠ ᠭᠠᠷᠭᠠᠬᠤ ᠳᠠᠭᠠᠨ ᠪᠦᠷ ᠯᠡ ᠮᠠᠯ ᠤᠨ ᠫᠧᠩ ᠬᠤᠷᠤᠭ᠎ᠠ ᠪᠠᠷ ᠲᠤᠭᠯᠠᠯᠳᠠ ᠶᠢᠨ ᠲᠠᠯᠠᠪᠤᠷ ᠪᠤᠯᠭᠠᠵᠤ᠂ ᠵᠤᠨ ᠨᠠᠮᠤᠷ ᠲᠠᠭᠠᠨ ᠪᠠᠷᠤᠭ ᠭᠡᠳᠤᠨ ᠰᠠᠷ᠎ᠡ ᠪᠠᠷ ᠡᠳᠤᠷ ᠲᠤᠵᠢ ᠬᠦᠳᠡᠭᠡ ᠪᠠᠭᠤᠵᠤ᠂ ᠨᠢᠭᠡ ᠯᠡ ᠭᠠᠷᠤᠭᠠᠳ ᠶᠠᠪᠤᠪᠠᠯ ᠰᠠᠷ᠎ᠠ ᠶᠢᠨ ᠨᠢᠭᠤᠷ ᠦᠵᠡᠴᠢᠬᠡᠨ᠎ᠡ᠃ ᠠᠷᠭ᠎ᠠ ᠦᠭᠡᠢ᠂ ᠨᠠᠰᠢ ᠴᠠᠰᠢ ᠤᠯᠠᠨ ᠰᠦᠯᠵᠢᠯᠳᠦᠨ ᠶᠠᠪᠤᠪᠠᠯ᠂ ᠡᠳᠤᠷ ᠬᠤᠨᠤᠭ ᠢᠶᠠᠨ ᠵᠠᠮ ᠶᠠᠪᠤᠭᠠᠳ ᠪᠠᠷᠠᠴᠢᠬᠠᠨ᠎ᠠ᠃ ᠮᠢᠨᠤ ᠴᠡᠭᠡᠵᠢᠯᠡᠵᠤ ᠪᠠᠶᠢᠬᠤ ᠪᠠᠷ 1966 ᠤᠨ ᠎ ᠤ ᠬᠠᠪᠤᠷ ᠮᠠᠨ ᠤ ᠤᠯᠠᠭᠠᠨᠮᠦ᠋ᠴᠢᠷ ᠴᠢᠨᠢ ᠪᠠᠰᠠ ᠬᠤᠰᠢᠭᠤᠨ ᠤ ᠪᠠᠨ ᠲᠤᠬᠢᠷᠠᠭᠤᠯᠤᠯᠳᠠ ᠪᠠᠷ ᠲᠤᠯᠤᠨ ᠨᠤᠤᠷ ᠲᠤ ᠬᠦᠷᠴᠦ ᠤᠳᠤᠷᠴᠤᠳ ᠢᠶᠠᠨ ᠲᠤᠬᠤᠨᠢᠭᠤᠯᠵᠤ ᠪᠠᠶᠢᠯ᠎ᠡ᠃ ᠤᠳᠤ ᠪᠤᠳᠤᠵᠤ ᠦᠵᠡᠪᠡᠯ᠂ ᠭᠤᠷᠪᠡᠨ ᠮᠤᠷᠢ ᠬᠦᠯᠦᠭᠰᠡᠨ ᠲᠡᠷᠭᠡ ᠪᠠᠷ ᠬᠠᠷᠢ ᠬᠤᠰᠢᠭᠤᠨ ᠰᠢᠶᠡᠨ ᠳᠤ ᠬᠤᠷᠢ ᠭᠤᠴᠢᠨ ᠬᠤᠨᠤᠭ ᠢᠶᠠᠷ ᠶᠠᠪᠤᠨ᠎ᠠ ᠭᠡᠳᠡᠭ ᠴᠢᠨᠢ ᠪᠠᠰᠠ ᠴᠦ ᠠᠮᠠᠷ ᠦᠭᠡᠢ ᠤᠴᠢᠷ ᠰᠢᠦ︕︾ ᠭᠡᠵᠤ᠂ ᠮᠠᠰᠢ ᠰᠡᠳᠬᠢᠯ ᠲᠤᠭᠳᠤᠯᠤᠩᠭᠤᠢ ᠲᠤᠷᠠᠳᠬᠠᠯ ᠪᠤᠯᠭᠠᠨ ᠶᠠᠷᠢᠬᠤ ᠶᠢᠨ ᠲᠠᠭᠠᠤ  ᠤᠷᠳᠤ ᠶᠢᠨ ᠲᠠᠭᠤᠴᠢᠨ ᠲᠠᠷᠢᠮ᠎ᠡ ᠨᠠᠰᠤᠳᠠᠨ ᠪᠤᠯᠤᠨ ᠤᠷᠤᠨ ᠤ ᠲᠤᠭᠤᠷᠢᠨ ᠲᠤᠭᠯᠠᠬᠤ ᠪᠦᠯᠬᠦᠮ ᠤᠨ ᠭᠡᠰᠢᠬᠦᠨ ᠪᠤᠯᠵᠤ᠂ ᠮᠠᠤ ᠲᠡᠷᠢᠬᠦᠯᠡᠭᠴᠢ ᠵᠡᠷᠭᠡ ᠨᠠᠮ ᠲᠦᠷᠦ ᠶᠢᠨ ᠠᠭᠤᠤ ᠬᠦᠮᠤᠰ ᠲᠠᠢ ᠠᠭᠤᠯᠵᠠᠵᠤ ᠪᠠᠶᠢᠭᠰᠠᠨ ᠲᠤᠭᠯᠠᠭᠴᠢ ᠷᠤᠯᠭᠠᠮ᠎ᠠ᠂ ᠪᠠᠭ᠎ᠠ ᠨᠤᠷᠵᠢᠮ᠎ᠡ ᠨᠠᠷ ᠤᠨ ᠲᠤᠬᠠᠢ ᠴᠦ ᠤᠴᠢᠷᠳᠡᠢ ᠰᠠᠶᠢᠬᠠᠨ ᠶᠠᠷᠢᠵᠤ ᠪᠢᠯᠡ᠃         ᠡᠳᠡᠭᠡᠷ ᠪᠦᠬᠦᠨ ᠨᠢ ︽ᠤᠳᠬ᠎ᠠ ᠤᠷᠠᠯᠢᠭ ᠠᠷᠠᠳ ᠲᠦᠮᠡᠨ ᠳᠤ ᠦᠢᠯᠡᠴᠢᠯᠡᠬᠦ︾ ᠤᠯᠠᠭᠠᠨᠮᠦ᠋ᠴᠢᠷ ᠤᠨ ᠵᠤᠷᠢᠭ ᠰᠠᠨᠠᠭᠠᠨ ᠤ ᠬᠤᠷᠢᠶᠠᠩᠭᠤᠢ ᠲᠤᠰᠬᠠᠯ ᠪᠤᠯᠤᠭᠰᠠᠨ ᠮᠡᠳᠤ ᠬᠠᠯᠠᠭᠤᠬᠠᠨ ᠰᠠᠨᠠᠭᠳᠠᠭᠰᠠᠨ ᠢᠶᠠᠷ ᠪᠢ ᠴᠦ ᠦᠪᠡᠷ ᠎ ᠤᠨ ᠡᠷᠭᠡ ᠦᠭᠡᠢ ᠠᠬᠠᠮᠠᠳ ᠨᠢᠭᠡ ᠦᠶ᠎ᠡ ᠶᠢᠨ ᠤᠷᠠᠯᠢᠭᠴᠢᠳ ᠢᠶᠠᠨ ᠪᠢᠰᠢᠷᠡᠨ ᠬᠦᠨᠳᠤᠳᠭᠡᠬᠦ ᠪᠤᠯᠪᠠ᠃         ᠰᠢᠨ᠎ᠡ ᠮᠢᠩᠭᠠᠨ ᠤ ᠦᠤᠷ ᠤᠨ ᠲᠤᠶᠠᠭᠠᠨ ᠲᠡᠭᠡᠷ᠎ᠡ — ᠰᠢᠵᠢᠷ ᠠᠯᠳᠠᠨ ᠴᠠᠭ ᠦᠶ᠎ᠡ ᠪᠠᠨ ᠤᠭᠳᠤᠨ ᠠᠪᠤᠭᠰᠠᠨ ᠨᠢ         ᠲᠤᠬᠠᠢ ᠶᠢᠨ ᠦᠶ᠎ᠡ ᠶᠢᠨ ᠪᠡᠷᠭᠡ ᠬᠠᠳᠠᠭᠤ ᠲᠡᠤᠭᠡᠨ ᠠᠬᠤᠢ ᠪᠠᠶᠢᠳᠠᠯ ᠲᠤᠤᠷ᠎ᠡ᠂ ᠬᠦᠪᠡᠭᠡᠳᠤ ᠰᠢᠷ᠎ᠡ ᠬᠤᠰᠢᠭᠤᠨ ᠤ ᠤᠯᠠᠭᠠᠨᠮᠦ᠋ᠴᠢᠷ ᠨᠢ ︽ᠦᠨᠳᠤᠰᠤᠨ ᠱᠠᠳᠤᠨ ᠳᠤ ᠬᠦᠨᠵᠡᠭᠡᠶᠢᠷᠡᠨ᠂ ᠠᠷᠠᠳ ᠲᠦᠮᠡᠨ ᠳᠤ ᠦᠢᠯᠡᠴᠢᠯᠡᠬᠦ︾᠎ ᠶᠢ ᠠᠵᠢᠯ ᠦᠢᠯᠡᠰ ᠤᠨ ᠢᠶᠠᠨ ᠲᠠᠷᠬᠠᠨ ᠬᠠᠷᠢᠭᠤᠴᠠᠯᠭ᠎ᠠ ᠪᠤᠯᠭᠠᠵᠤ᠂ ᠪᠤᠯᠪᠠᠰᠤᠷᠠᠯ ᠢᠶᠠᠨ ᠪᠠᠶᠢᠩᠭᠤ ᠎ ᠶᠢᠨ ᠴᠢᠨᠠᠷᠳᠠᠢ ᠬᠢᠳᠡᠭ ᠢᠶᠠᠷ ᠰᠠᠴᠡᠨᠪᠢᠯᠢᠭ᠂ ᠯᠢ ᠪᠦᠸᠧ᠂ ᠨᠠᠰᠤᠨ᠂ ᠢᠳᠰᠢᠨ ᠮᠡᠳᠤ ᠶᠢᠨ ᠤᠯᠤᠰ ᠤᠷᠤᠨ ᠳᠤ ᠨᠠᠷ᠎ᠡ ᠠᠯᠳᠠᠷᠰᠢᠭᠰᠠᠨ ᠨᠢᠭᠡ ᠪᠦᠯᠦᠭ ᠤᠷᠠᠯᠢᠭᠴᠢᠳ ᠴᠤᠯᠭᠤᠷᠠᠨ ᠭᠠᠷᠤᠭᠰᠠᠨ ᠢᠶᠠᠷ ᠦᠯᠦ ᠪᠠᠷᠠᠨ᠂ ᠢᠯᠠᠩᠭᠤᠶ᠎ᠡ ᠨᠠᠮ ᠤᠨ ᠦᠭᠡᠷᠡᠴᠢᠯᠡᠯᠳᠡ ᠨᠡᠭᠡᠭᠡᠯᠳᠡ ᠶᠢᠨ ᠲᠦᠷᠦ ᠶᠢᠨ ᠪᠤᠳᠤᠯᠭ᠎ᠠ ᠶᠢᠨ ᠡᠷᠴᠢᠨ ᠲᠡᠭᠡᠷ᠎ᠡ᠂ ᠦᠨᠳᠤᠰᠤᠳᠡᠨ ᠤ ᠰᠤᠶᠤᠯ ᠤᠨ ᠲᠤᠮᠤ ᠤᠷᠤᠨ ᠠᠴᠠ ᠬᠦᠴᠦᠷᠭᠡᠭ ᠤᠷᠤᠨ ᠢ ᠪᠠᠶᠢᠭᠤᠯᠬᠤ ᠲᠠᠶᠢᠴᠢᠨ ᠤᠷᠢᠶᠠᠯᠭ᠎ᠠ ᠨᠢ ︽ᠰᠤᠶᠤᠯ ᠤᠨ ᠬᠤᠪᠢᠰᠬᠠᠯ︾᠎ ᠤᠨ ᠬᠤᠤᠷ ᠨᠦᠯᠦᠭᠡᠨ ᠳᠤ ᠲᠠᠷᠴᠠᠭ ᠲᠠᠭᠠᠨ ᠲᠤᠯᠳᠠᠯ᠎ᠠ ᠠᠪᠳᠠᠭᠳᠠᠭᠰᠠᠨ ᠤᠯᠠᠭᠠᠨᠮᠦ᠋ᠴᠢᠷ ᠲᠤ ᠮᠢᠨᠢ ᠬᠤᠶᠠᠳᠠᠬᠢ ᠤᠳᠠᠭᠠᠨ ᠤ ᠠᠮᠢ ᠨᠠᠰᠤ ᠤᠯᠭᠤᠭᠰᠠᠨ ᠢᠶᠠᠷ ᠴᠠᠭ ᠦᠶ᠎ᠡ ᠶᠢᠨ ᠬᠦᠭᠵᠢᠯᠳᠡ ᠲᠠᠢ ᠪᠠᠨ ᠠᠯᠬᠤᠭ᠎ᠠ ᠨᠢᠭᠡᠳᠴᠦ᠂ ᠠᠮᠵᠢᠯᠳᠠ ᠪᠦᠳᠤᠮᠵᠢ ᠨᠢ ᠵᠢᠯ ᠢᠷᠡᠬᠦ ᠲᠤᠳᠤᠮ ᠢᠯᠡᠳᠳᠡ ᠪᠤᠯᠵᠤ᠂ ᠤᠳᠤ ᠪᠤᠯᠬᠤ ᠳᠤ ᠤᠷᠠᠯᠢᠭ ᠤᠨ ᠲᠤᠰᠬᠠᠢ ᠮᠡᠷᠭᠡᠵᠢᠯ ᠲᠡᠬᠦᠰᠦᠭᠰᠡᠨ 32 ᠨᠡᠷ᠎ᠡ ᠭᠡᠰᠢᠬᠦᠨ ᠲᠠᠢ᠂ ᠪᠦᠷᠢᠨ ᠲᠦᠬᠦᠭᠡᠷᠤᠮᠵᠢᠳᠤ ᠡᠯ᠎ᠡ ᠵᠦᠢᠯ ᠤᠨ ᠬᠦᠭᠵᠢᠮ ᠤᠨ ᠵᠢᠮᠰᠡᠭ ᠲᠠᠢ᠂ ᠶᠤᠰᠤᠳᠠᠢ ᠨᠠᠷ᠎ᠠ ᠨᠢᠳᠡᠷ ᠲᠡᠭᠡᠨ ᠲᠡᠩᠴᠡᠭᠰᠡᠨ ᠤᠳᠬ᠎ᠠ ᠤᠷᠠᠯᠢᠭ ᠤᠨ ᠨᠢᠭᠡᠨ ᠰᠠᠯᠠᠭ᠎ᠠ ᠡᠩᠨᠡᠭᠡ ᠪᠤᠯᠵᠤ᠂ ᠨᠡᠶᠢᠭᠡᠮ ᠲᠠᠶᠠᠭᠠᠷ ᠤᠨ ᠬᠠᠯᠠᠭᠤᠨ ᠤᠭᠳᠤᠯᠭ᠎ᠠ ᠶᠢ ᠤᠯᠤᠭᠰᠠᠭᠠᠷ ᠪᠠᠶᠢᠨ᠎ᠡ᠃ ᠲᠤᠬᠠᠶᠢᠯᠠᠪᠠᠯ᠂ ᠲᠤᠰ ᠤᠯᠠᠭᠠᠨᠮᠦ᠋ᠴᠢᠷ ᠨᠢ ᠤᠷᠢᠳ ᠬᠤᠵᠢᠳ ︽ᠪᠦᠬᠦ ᠤᠯᠤᠰ ᠤᠨ ᠲᠡᠷᠢᠬᠦᠨ ᠤ ᠤᠯᠠᠭᠠᠨᠮᠦ᠋ᠴᠢᠷ︾᠂ ︽ᠦᠪᠡᠷᠳᠡᠭᠡᠨ ᠵᠠᠰᠠᠬᠤ ᠤᠷᠤᠨ ᠤ ᠠᠷᠪᠠᠨ ᠰᠤᠳᠤᠨ ᠤᠯᠠᠭᠠᠨᠮᠦ᠋ᠴᠢᠷ︾᠂ ︽ᠪᠦᠬᠦ ᠠᠶᠢᠮᠠᠭ ᠤᠨ ᠰᠢᠯᠢᠳᠡᠭ ᠤᠯᠠᠭᠠᠨᠮᠦ᠋ᠴᠢᠷ︾ ᠵᠡᠷᠭᠡ ᠶᠢᠨ ᠤᠯᠠᠨ ᠠᠷᠪᠢᠨ ᠢᠷᠠᠭᠤ ᠠᠯᠳᠠᠷ ᠲᠤᠰᠴᠦ᠂ ᠲᠤᠭᠯᠠᠯᠳᠠ ᠶᠢᠨ ᠲᠠᠯ᠎ᠡ ᠪᠠᠷ 2004 ᠤᠨ ᠳᠤ ᠰᠢᠯᠢ ᠶᠢᠨ ᠭᠤᠤᠯ ᠠᠶᠢᠮᠠᠭ ᠤᠨ ᠠᠩᠬᠠᠳᠤᠭᠠᠷ ᠬᠤᠭᠤᠴᠠᠭᠠᠨ ᠤ ᠮᠤᠩᠭᠤᠯ ᠬᠤᠪᠴᠠᠰᠤ ᠵᠠᠰᠠᠯ ᠤᠨ ᠵᠢᠷᠤᠭ ᠲᠦᠯᠦᠪᠯᠡᠭᠡ ᠪᠡ ᠦᠨᠳᠤᠰᠤᠳᠡᠨ ᠤ ᠠᠷᠠᠳ ᠤᠨ ᠭᠠᠷ ᠤᠷᠠᠯᠠᠯ ᠤᠨ ᠪᠦᠳᠦᠭᠡᠭᠳᠡᠬᠦᠨ ᠤ ᠲᠡᠯᠭᠡᠨ ᠦᠵᠡᠬᠦᠯᠦᠯᠭᠡ ᠶᠢᠨ ᠶᠡᠭᠡ ᠮᠦᠷᠦᠶᠢᠴᠡᠭᠡᠨ ᠳᠤ ᠲᠤᠰ ᠤᠯᠠᠭᠠᠨᠮᠦ᠋ᠴᠢᠷ ᠴᠤ᠋ ᠰᠢᠨ᠎ᠡ ᠵᠤᠬᠢᠶᠠᠵᠤ ᠨᠠᠶᠢᠷᠠᠭᠤᠯᠬᠤ ᠰᠡᠳᠬᠢᠴᠡ ᠪᠡ ᠲᠤᠭᠯᠠᠬᠤ ᠤᠷ᠎ᠡ ᠮᠡᠷᠭᠡᠵᠢᠯ ᠢᠶᠠᠷ ᠢᠶᠠᠨ ᠨᠢᠭᠡᠳᠤᠭᠡᠷ ᠲᠡᠰ ᠤᠨ ᠱᠠᠩᠨᠠᠯ 5᠂ ᠬᠤᠶᠠᠳᠤᠭᠠᠷ ᠲᠡᠰ ᠤᠨ ᠱᠠᠩᠨᠠᠯ 1᠂ ᠭᠤᠷᠪᠠᠳᠤᠭᠠᠷ ᠲᠡᠰ ᠤᠨ ᠱᠠᠩᠨᠠᠯ 3᠎ ᠶᠢ ᠲᠤᠰᠴᠦ᠂ ᠬᠤᠪᠴᠠᠰᠤ ᠵᠠᠰᠠᠯ ᠤᠨ ᠵᠢᠷᠤᠭ ᠲᠦᠯᠦᠪᠯᠡᠭᠡ᠂ ᠲᠤᠭᠯᠠᠯᠳᠠ᠂ ᠠᠶ᠎ᠠ ᠵᠤᠬᠢᠴᠠᠭᠤᠯᠬᠤ ᠵᠤᠬᠢᠶᠡᠨ ᠪᠦᠳᠦᠭᠡᠯᠭᠡ ᠵᠡᠷᠭᠡ 9 ᠱᠠᠩᠨᠠᠯ ᠢ ᠲᠤᠰᠤᠭᠰᠠᠨ ᠪᠠᠶᠢᠨ᠎ᠡ᠃ 2004 ᠤᠨ ᠤ ᠰᠢᠯᠢ ᠶᠢᠨ ᠭᠤᠤᠯ ᠠᠶᠢᠮᠠᠭ ᠤᠨ ᠠᠩᠬᠠᠳᠤᠭᠠᠷ ᠬᠤᠭᠤᠴᠠᠭᠠᠨ ᠤ ᠲᠤᠰᠬᠠᠢ ᠮᠡᠷᠭᠡᠵᠢᠯ ᠤᠨ ᠪᠦᠵᠢᠭ ᠤᠨ ᠤᠷᠤᠯᠳᠤᠭᠠᠨ ᠳᠤ ᠲᠤᠬᠢᠷᠠᠭᠤᠯᠤᠭᠰᠠᠨ ᠬᠤᠶᠠᠷᠬᠠᠨ ᠠᠯᠳᠠᠨ ᠮᠧᠳᠡᠯ ᠤᠨ ᠱᠠᠩᠨᠠᠯ ᠢ ᠲᠤᠰ ᠤᠯᠠᠭᠠᠨᠮᠦ᠋ᠴᠢᠷ ᠨᠢ ᠬᠠᠮᠳᠤ ᠶᠢᠨ ᠪᠦᠵᠢᠭ ︽ᠵᠢᠪᠬᠤᠯᠠᠩᠳᠤ ᠦᠷᠯᠦᠭᠡ︾᠂ ᠭᠤᠴᠤᠯᠠᠯ ᠪᠦᠵᠢᠭ ︽ᠮᠦᠩᠭᠡ ᠲᠡᠭᠷᠢ ᠶᠢᠨ ᠤᠷᠭᠠᠴᠢᠨ︾ ᠎ ᠢᠶᠠᠷ ᠢᠶᠠᠨ ᠠᠯᠠᠭ ᠦᠭᠡᠢ ᠠᠪᠤᠭᠰᠠᠨ ᠪᠠᠶᠢᠯ᠎ᠡ᠃ 2005 ᠤᠨ ᠤ 7 ᠰᠠᠷ᠎ᠡ ᠳᠤ ᠡᠷᠬᠢᠯᠡᠭᠰᠡᠨ ︽ᠸᠠᠩ ᠲᠦᠩ ᠬᠤᠨᠳᠠᠭᠠᠳᠤ︾ ᠪᠦᠬᠦ ᠠᠶᠢᠮᠠᠭ ᠤᠨ ᠤᠯᠠᠭᠠᠨᠮᠦ᠋ᠴᠢᠷ ᠤᠨ ᠤᠷᠠᠨ ᠰᠠᠶᠢᠬᠠᠨ ᠤ ᠴᠤᠭᠯᠠᠭᠠᠨ ᠳᠤ ᠲᠤᠰ ᠬᠤᠰᠢᠭᠤᠨ ᠤ ᠤᠯᠠᠭᠠᠨᠮᠦ᠋ᠴᠢᠷ ᠪᠦᠯᠬᠦᠮ ᠨᠢᠭᠡᠴᠡ ᠶᠢᠨ ᠲᠡᠷᠢᠬᠦᠨ ᠱᠠᠩᠨᠠᠯ ᠢ ᠠᠪᠴᠦ᠂ ᠬᠠᠮᠳᠤ ᠶᠢᠨ ᠪᠦᠵᠢᠭ ︽ᠠᠳᠤᠭᠤᠴᠢᠨ︾ ᠎ ᠨᠢ ᠵᠤᠬᠢᠶᠡᠨ ᠪᠦᠳᠦᠭᠡᠯᠭᠡ ᠶᠢᠨ 1 ᠳ᠋ᠤᠭᠡᠷ ᠲᠡᠰ᠂ ᠲᠤᠭᠯᠠᠯᠳᠠ ᠶᠢᠨ 2 ᠳ᠋ᠤᠭᠠᠷ ᠲᠡᠰ ᠲᠤ ᠲᠤᠳᠤᠷᠡᠨ᠂ ᠡᠷᠡᠭᠳᠡᠶᠢᠴᠤᠳ ᠤᠨ ᠬᠠᠮᠳᠤ ᠶᠢᠨ ᠪᠦᠵᠢᠭ ︽ᠲᠠᠯ᠎ᠡ ᠨᠤᠳᠤᠭ ᠤᠨ ᠡᠵᠡᠳ︾᠎ ᠨᠢ ᠦᠵᠡᠬᠦᠯᠦᠯᠭᠡ ᠶᠢᠨ ᠲᠤᠭᠯᠠᠯᠳᠠ ᠎ ᠶᠢᠨ 2 ᠳ᠋ᠤᠭᠠᠷ ᠲᠡᠰ᠂  ︽ᠵᠢᠪᠬᠤᠯᠠᠩᠳᠤ ᠦᠷᠯᠦᠭᠡ︾ ᠭᠡᠬᠦ ᠬᠠᠮᠳᠤ ᠶᠢᠨ ᠪᠦᠵᠢᠭ ᠨᠢ ᠵᠤᠬᠢᠶᠡᠨ ᠪᠦᠳᠦᠭᠡᠯᠭᠡ ᠶᠢᠨ 2 ᠳ᠋ᠤᠭᠠᠷ ᠲᠡᠰ᠂ ᠲᠤᠭᠯᠠᠯᠳᠠ ᠶᠢᠨ 1 ᠳ᠋ᠤᠭᠡᠷ ᠲᠡᠰ ᠢ ᠠᠪᠴᠦ᠂ ︽ᠵᠤᠨ ᠤ ᠤᠶᠠᠩᠭ᠎ᠠ︾ ᠭᠡᠬᠦ ᠠᠷᠠᠳ ᠤᠨ ᠬᠦᠭᠵᠢᠮ ᠤᠨ ᠨᠠᠶᠢᠷᠠᠯ ᠨᠢ ᠵᠤᠬᠢᠶᠡᠨ ᠪᠦᠳᠦᠭᠡᠯᠭᠡ ᠶᠢᠨ 2 ᠳ᠋ᠤᠭᠠᠷ ᠲᠡᠰ ᠲᠤ ᠪᠠᠶᠢᠷᠢ ᠠᠪᠴᠦ᠂ ︽ᠬᠦᠷ ᠪᠢᠯᠬᠠᠭᠰᠠᠨ ᠬᠦᠪᠡᠭᠡᠳᠤ ᠰᠢᠷ᠎ᠡ︾ ᠭᠡᠬᠦ ᠬᠤᠯᠪᠤᠭ᠎ᠠ ᠨᠢ ᠵᠤᠬᠢᠶᠡᠨ ᠪᠦᠳᠦᠭᠡᠯ ᠤᠨ 1 ᠳ᠋ᠤᠭᠡᠷ ᠲᠡᠰ᠂ ᠲᠤᠭᠯᠠᠯᠳᠠ ᠎ ᠶᠢᠨ 2 ᠳ᠋ᠤᠭᠠᠷ ᠲᠡᠰ ᠲᠤ ᠤᠷᠤᠪᠠ᠃ ᠮᠦᠨ ᠲᠤᠰ ᠵᠢᠯ ᠤᠨ 8 ᠰᠠᠷ᠎ᠡ ᠶᠢᠨ 23᠎ ᠤ ᠡᠳᠤᠷ ᠬᠢᠩᠭᠠᠨ ᠠᠶᠢᠮᠠᠭ ᠲᠤ ᠡᠷᠬᠢᠯᠡᠭᠰᠡᠨ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠩᠬᠠᠳᠤᠭᠠᠷ ᠬᠤᠭᠤᠴᠠᠭᠠᠨ ᠤ ᠦᠯᠢᠭᠡᠷ ᠤᠷᠠᠯᠢᠭ ᠤᠨ ᠨᠠᠶᠢᠷ ᠵᠢᠴᠢ ᠲᠠᠪᠤᠳᠤᠭᠠᠷ ᠬᠤᠭᠤᠴᠠᠭᠠᠨ ᠤ ᠪᠦᠬᠦ ᠤᠯᠤᠰ ᠤᠨ ᠦᠯᠢᠭᠡᠷ ᠬᠤᠯᠪᠤᠭᠠᠨ ᠤ ᠶᠡᠭᠡ ᠮᠦᠷᠦᠶᠢᠴᠡᠭᠡᠨ ᠳᠤ ᠲᠤᠰ ᠤᠯᠠᠭᠠᠨᠮᠦ᠋ᠴᠢᠷ 3 ᠳ᠋ᠤᠭᠠᠷ ᠲᠡᠰ ᠤᠨ ᠱᠠᠩᠨᠠᠯ᠂ ᠰᠢᠯᠢᠳᠡᠭ ᠱᠠᠩᠨᠠᠯ ᠪᠡ ᠵᠤᠬᠢᠶᠡᠨ ᠪᠠᠶᠢᠭᠤᠯᠤᠭᠰᠠᠨ ᠱᠠᠩᠨᠠᠯ ᠢ ᠲᠤᠰ ᠲᠤᠰ ᠬᠦᠷᠳᠡᠵᠤ᠂ 8 ᠰᠠᠷ᠎ᠡ ᠶᠢᠨ 28᠎ ᠤ ᠡᠳᠤᠷ ᠨᠡᠶᠢᠰᠯᠡᠯ ᠪᠡᠭᠡᠵᠢᠩ ᠳᠤ ᠶᠠᠪᠤᠭᠳᠠᠭᠰᠠᠨ ᠰᠤᠶᠤᠯ ᠤᠨ ᠶᠠᠮᠤᠨ᠂ ᠰᠤᠷᠭᠠᠨ ᠬᠦᠮᠤᠵᠢᠯ ᠤᠨ ᠶᠠᠮᠤᠨ ᠵᠡᠷᠭᠡ 6 ᠰᠠᠯᠠᠭ᠎ᠠ ᠮᠦᠴᠢᠷ ᠠᠴᠠ ᠬᠠᠮᠳᠤᠷᠠᠨ ᠡᠷᠬᠢᠯᠡᠭᠰᠡᠨ ᠪᠦᠬᠦ ᠤᠯᠤᠰ ᠤᠨ ᠵᠢᠷᠤᠮ ᠤᠨ ᠲᠤᠭᠯᠠᠯᠳᠠ ᠶᠢᠨ ᠠᠪᠢᠶᠠᠰ ᠴᠢᠳᠠᠪᠤᠷᠢᠳᠡᠨ ᠢ ᠰᠢᠯᠭᠠᠷᠠᠭᠤᠯᠬᠤ ᠶᠡᠷᠤᠩᠭᠡᠢ ᠰᠢᠢᠳᠪᠤᠷᠢᠳᠤ ᠤᠷᠤᠯᠳᠤᠭᠠᠨ ᠤ ᠪᠦᠵᠢᠭ ᠤᠨ ᠲᠦᠷᠦᠯ ᠤᠨ ᠤᠷᠤᠯᠳᠤᠭᠠᠨ ᠳᠤ ᠲᠤᠭᠯᠠᠭᠴᠢ ᠢᠷᠠᠭᠤᠬᠠᠨ ︽ᠠᠳᠤᠭᠤᠴᠢᠨ︾ ᠭᠡᠬᠦ ᠭᠤᠴᠤᠯᠠᠯ ᠪᠦᠵᠢᠭ ᠢᠶᠠᠷ ᠢᠶᠠᠨ ᠠᠯᠳᠠᠨ ᠮᠧᠳᠡᠯ ᠤᠨ ᠤᠨᠴᠠᠭᠠᠢ ᠱᠠᠩᠨᠠᠯ ᠠᠪᠴᠦ᠂ ᠠᠷᠠᠳ ᠤᠨ ᠬᠦᠭᠵᠢᠮ ᠤᠨ ᠲᠦᠷᠦᠯ ᠤᠨ ᠤᠷᠤᠯᠳᠤᠭᠠᠨ ᠳᠤ ᠤᠷᠠᠨ᠎ᠡ ᠶᠢᠨ ᠬᠦᠭᠵᠢᠮᠳᠡᠭᠰᠡᠨ ᠬᠤᠪᠢᠰ ᠤᠨ ᠭᠤᠴᠤᠯᠠᠯ ︽ᠠᠴᠢᠳᠤ︾ ᠠᠯᠳᠠᠨ ᠮᠧᠳᠡᠯ ᠢᠶᠠᠷ ᠱᠠᠩᠨᠠᠭᠳᠠᠵᠤ᠂ ᠦᠨᠳᠤᠰᠤᠳᠡᠨ ᠤ ᠲᠠᠭᠤᠤ ᠶᠢᠨ ᠲᠦᠷᠦᠯ ᠤᠨ ᠤᠷᠤᠯᠳᠤᠭᠠᠨ ᠳᠤ ᠨᠠᠴᠢᠨ ᠵᠡᠷᠭᠡ ᠭᠤᠷᠪᠡᠨ ᠲᠠᠭᠤᠴᠢᠨ ᠬᠦᠷᠡᠯ ᠮᠧᠳᠡᠯ ᠤᠯᠵᠤ᠂ ᠲᠤᠰ ᠤᠯᠠᠭᠠᠨᠮᠦ᠋ᠴᠢᠷ ᠨᠢ ᠰᠢᠯᠢᠳᠡᠭ ᠵᠤᠬᠢᠶᠡᠨ ᠪᠠᠶᠢᠭᠤᠯᠤᠭᠰᠠᠨ ᠨᠢᠭᠡᠴᠡ ᠶᠢᠨ ᠱᠠᠩᠨᠠᠯ ᠢ ᠭᠠᠷᠳᠠᠵᠤ ᠪᠢᠯᠡ᠃ ᠡᠬᠦᠨ ᠢᠶᠠᠷ ᠦᠯᠦ ᠪᠠᠷᠠᠨ ᠬᠠᠮᠳᠤ ᠶᠢᠨ ᠪᠦᠵᠢᠭ ︽ᠵᠢᠪᠬᠤᠯᠠᠩᠳᠤ ᠦᠷᠯᠦᠭᠡ︾᠎ ᠪᠠᠷ ᠢᠶᠠᠨ ᠦᠪᠡᠷᠳᠡᠭᠡᠨ ᠵᠠᠰᠠᠬᠤ ᠤᠷᠤᠨ ᠤ ᠲᠠᠪᠦ‍ ᠨᠢᠭᠡ ᠶᠢᠨ ᠢᠨᠵᠧᠨᠧᠷᠢᠩ ᠤᠨ ᠱᠠᠩᠨᠠᠯ᠂ ᠬᠤᠯᠪᠤᠭ᠎ᠠ ︽ᠬᠦᠷ ᠪᠢᠯᠬᠠᠭᠰᠠᠨ ᠬᠦᠪᠡᠭᠡᠳᠤ ᠰᠢᠷ᠎ᠡ︾᠎ ᠪᠠᠷ ᠢᠶᠠᠨ ᠦᠪᠡᠷᠳᠡᠭᠡᠨ ᠵᠠᠰᠠᠬᠤ ᠤᠷᠤᠨ ᠤ ᠰᠠᠷᠠᠨ᠎ᠠ ᠱᠠᠩᠨᠠᠯ᠂ ᠡᠮᠡᠭᠳᠡᠶᠢᠴᠤᠳ ᠤᠨ ᠬᠠᠮᠳᠤ ᠶᠢᠨ ᠪᠦᠵᠢᠭ ︽ᠤᠷᠠᠨ ᠦᠢᠯᠡ ᠎ ᠶᠢᠨ ᠰᠤᠷ︾᠎ ᠪᠠᠷ ᠢᠶᠠᠨ ᠦᠪᠡᠷᠳᠡᠭᠡᠨ ᠵᠠᠰᠠᠬᠤ ᠤᠷᠤᠨ ᠤ ᠲᠠᠪᠤᠳᠤᠭᠠᠷ ᠬᠤᠭᠤᠴᠠᠭᠠᠨ ᠤ ᠤᠯᠠᠭᠠᠨᠮᠦ᠋ᠴᠢᠷ ᠤᠨ ᠤᠷᠠᠯᠢᠭ ᠤᠨ ᠴᠢᠭᠤᠯᠭᠠᠨ ᠤ ᠵᠤᠬᠢᠶᠡᠯ ᠪᠦᠳᠦᠭᠡᠯ ᠤᠨ ᠨᠢᠭᠡᠳᠤᠭᠡᠷ ᠲᠡᠰ ᠤᠨ ᠱᠠᠩᠨᠠᠯ᠂ ᠪᠦᠵᠢᠭᠳᠦ ᠵᠦᠴᠦᠭᠡ ︽ᠤᠩᠭᠤᠯ ᠰᠠᠷᠠᠯ︾᠎ ᠨᠢ ᠠᠷᠪᠠᠨ ᠨᠢᠭᠡᠳᠤᠭᠡᠷ ᠬᠤᠭᠤᠴᠠᠭᠠᠨ ᠤ ︽ᠲᠤᠮᠳᠠᠳᠤ ᠤᠯᠤᠰ · ᠦᠪᠤᠷ ᠮᠤᠩᠭᠤᠯ ᠤᠨ ᠲᠠᠯ᠎ᠡ ᠨᠤᠳᠤᠭ ᠤᠨ ᠰᠤᠶᠤᠯ ᠤᠨ ᠨᠠᠶᠢᠷ︾᠎ ᠤᠨ ᠡᠬᠢᠯᠡᠯᠳᠡ ᠶᠢᠨ ᠲᠤᠭᠯᠠᠯᠳᠠ ᠳᠤ ᠰᠤᠩᠭᠤᠭᠳᠠᠵᠤ᠂ ᠪᠠᠰᠠ ᠰᠢᠯᠢᠳᠡᠭ ᠵᠦᠴᠦᠭᠡ ᠶᠢᠨ ᠱᠠᠩᠨᠠᠯ᠂ ᠤᠳᠤᠷᠢᠳᠤᠭᠠᠴᠢ ᠶᠢᠨ ᠲᠤᠭᠤᠶᠢᠯᠠᠩ ᠤᠨ ᠱᠠᠩᠨᠠᠯ᠂ ᠭᠤᠤᠯ ᠲᠤᠭᠯᠠᠭᠴᠢ ᠶᠢᠨ ᠲᠦᠷᠢ ᠪᠦᠳᠦᠭᠡᠯᠳᠡ ᠶᠢᠨ ᠱᠠᠩᠨᠠᠯ ᠢ ᠲᠤᠰ ᠲᠤᠰ ᠲᠤᠰᠴᠦ᠂ ᠪᠠᠰᠠ ᠤᠷᠤᠨ ᠤ ᠨᠠᠮ ᠤᠨ ᠬᠤᠷᠢᠶᠡᠨ ᠤ ᠤᠬᠠᠭᠤᠯᠬᠤ ᠭᠡᠯᠳᠡᠰ ᠤᠨ ᠲᠤᠬᠢᠷᠠᠭᠤᠯᠤᠯᠳᠠ ᠪᠠᠷ ᠵᠡᠬᠦᠨ ᠭᠡᠳᠤᠨ ᠠᠶᠢᠮᠠᠭ ᠬᠤᠳᠠ ᠪᠠᠷ ᠰᠢᠯᠢᠳᠡᠭ ᠵᠦᠴᠦᠭᠡ ᠶᠢᠨ ᠲᠤᠰᠬᠠᠢ ᠲᠤᠭᠤᠷᠢᠨ ᠲᠤᠭᠯᠠᠯᠳᠠ ᠬᠢᠭᠰᠡᠨ ᠪᠠᠶᠢᠨ᠎ᠡ᠃ ᠲᠤᠰ ᠤᠯᠠᠭᠠᠨᠮᠦ᠋ᠴᠢᠷ ᠨᠢ 2011 ᠤᠨ ᠠᠴᠠ ᠡᠬᠢᠯᠡᠵᠤ᠂ ᠤᠯᠤᠰ ᠎ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠢᠶᠠᠷ ᠲᠡᠮᠳᠡᠭᠯᠡᠬᠦᠯᠦᠭᠰᠡᠨ ︽ᠠᠰᠤᠷᠤ ᠠᠶᠠᠯᠭᠤ︾᠎ ᠪᠠᠷ ᠢᠶᠠᠨ ᠤᠷᠤᠨ ᠨᠤᠳᠤᠭ ᠤᠨ ᠰᠤᠶᠤᠯ ᠤᠨ ᠨᠡᠷᠡᠳᠤ ᠲᠡᠮᠳᠡᠭ ᠡᠬᠦᠳᠬᠦ ᠬᠠᠨᠳᠤᠯᠭ᠎ᠠ ᠵᠤᠷᠢᠯᠳᠠ ᠳᠤ ᠴᠢᠭᠯᠡᠬᠦᠯᠵᠤ᠂ ᠤᠷᠳᠤᠨ ᠎ ᠤ ᠬᠦᠭᠵᠢᠮ ᠤᠨ ᠠᠶᠠᠯᠭᠤ ᠪᠤᠯᠬᠤ ︽ᠠᠰᠤᠷᠤ ᠠᠶᠠᠯᠭᠤ︾᠎ ᠶᠢ ᠨᠠᠶᠢᠷᠠᠭᠤᠯᠤᠨ ᠬᠦᠭᠵᠢᠮᠳᠡᠬᠦ ᠲᠠᠯ᠎ᠡ  ᠎ ᠳᠤ ᠶᠡᠭᠡᠳᠡ ᠬᠦᠴᠦ ᠤᠷᠤᠭᠤᠯᠤᠨ᠂ ᠤᠳᠤ ᠪᠤᠯᠬᠤ ᠳᠤ ︽ᠠᠰᠤᠷᠤ ᠠᠶ᠋ᠯᠠᠭᠤ︾ ᠭᠡᠮᠡᠬᠦ‍ ᠨᠢᠭᠡ ᠲᠠᠯᠠᠪᠠᠢ ᠲᠤᠭᠯᠠᠯᠳᠠ ᠪᠠᠷ ᠢᠶᠠᠨ ᠤᠯᠤᠰ ᠤᠨ ᠲᠤᠳᠤᠭᠠᠳᠤ ᠭᠠᠳᠠᠭᠠᠳᠤ ᠶᠢᠨ ᠦᠵᠡᠭᠴᠢᠳ ᠠᠴᠠ ᠠᠪᠤᠭᠠᠳ ᠨᠢᠭᠡ ᠪᠦᠯᠦᠭ ᠲᠤᠰᠬᠠᠢ ᠮᠡᠷᠭᠡᠵᠢᠯᠳᠡᠨ ᠤ ᠠᠩᠬᠠᠷᠤᠯ ᠳᠤ ᠬᠦᠷᠴᠦ᠂ ᠨᠡᠶᠢᠰᠯᠡᠯ ᠪᠡᠭᠡᠵᠢᠩ ᠳᠤ ᠪᠤᠯᠤᠭᠰᠠᠨ ᠲᠠᠯᠡᠭᠡᠢ ᠶᠢᠨ 16 ᠤᠯᠤᠰ ᠤᠷᠤᠨ ᠤ ︽ᠲᠡᠯᠡᠭᠡᠢ ᠎ ᠶᠢᠨ ᠤᠯᠠᠨ ᠤᠯᠤᠰ ᠤᠨ ᠤᠷᠳᠤᠨ ᠤ ᠬᠦᠭᠵᠢᠮ ᠤᠨ ᠦᠵᠡᠬᠦᠯᠦᠯᠭᠡ︾᠎ ᠳᠤ ᠤᠷᠤᠯᠴᠠᠭᠰᠠᠨ ᠲᠡᠤᠭᠡ ᠨᠠᠮᠳᠠᠷ ᠲᠠᠢ ᠪᠠᠶᠢᠵᠤ᠂ ᠢᠯᠠᠩᠭᠤᠶ᠎ᠡ ᠡᠨᠡ ᠵᠢᠯ ᠤᠨ ᠬᠤᠪᠢᠨ ᠳᠤ ᠮᠦᠨ ᠡᠨᠡᠬᠦ ᠢᠵᠠᠭᠤᠷ ᠤᠷᠠᠯᠢᠭ ᠤᠨ ᠲᠤᠭᠯᠠᠯᠳᠠ ᠪᠠᠷ ᠢᠶᠠᠨ ᠠᠶᠢᠮᠠᠭ ᠤᠷᠤᠨ ᠤ ᠬᠢᠨᠡᠨ ᠰᠢᠯᠭᠠᠯᠳᠠ ᠶᠢ ᠬᠦᠯᠢᠶᠡᠵᠤ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠵᠢᠴᠢ ᠤᠯᠠᠭᠠᠨᠮᠦ᠋ᠴᠢᠷ ᠪᠠᠶᠢᠭᠤᠯᠤᠭᠳᠠᠭᠰᠠᠨ 60 ᠵᠢᠯ ᠤᠨ ᠤᠢ ᠶᠢ ᠲᠤᠷᠠᠰᠬᠠᠨ ᠪᠡᠯᠬᠡᠯᠡᠬᠦ ᠦᠪᠡᠳᠡᠭᠰᠢ ᠪᠠᠶᠠᠷ ᠲᠤ ᠲᠤᠰᠬᠠᠢ ᠲᠤᠭᠯᠠᠭᠤᠯᠬᠤ ᠪᠠᠷ ᠲᠤᠭᠳᠠᠭᠰᠠᠨ ᠲᠤᠯᠠ ᠤᠳᠤ ᠶᠠᠭ ᠴᠠᠭ ᠎ ᠢ ᠵᠠᠪᠳᠤᠨ ᠮᠠᠰᠢ ᠶᠠᠭᠠᠷᠠᠯᠳᠠᠢ ᠪᠤᠯᠪᠠᠰᠤᠷᠴᠦ ᠪᠤᠢ᠃ ᠡᠶᠢᠮᠤ ᠪᠤᠯᠬᠤᠷ ᠲᠤᠰ ᠤᠯᠠᠭᠠᠨᠮᠦ᠋ᠴᠢᠷ ᠠᠴᠠ ᠲᠠᠭᠤᠴᠢᠨ ᠤᠷᠢᠬᠠᠨ᠂ ᠨᠠᠴᠢᠨ᠂ ᠪᠦᠵᠢᠭᠴᠢᠨ ᠨᠠᠰᠤᠨᠪᠠᠶᠠᠷ᠂ ᠪᠦᠳᠦᠭᠡᠭᠴᠢ᠂ ᠢᠷᠠᠭᠤᠬᠠᠨ᠂ ᠬᠦᠭᠵᠢᠮᠴᠢᠨ ᠲᠡᠭᠵᠢᠯᠳᠤ᠂ ᠪᠦᠷᠢᠩᠭᠤᠸ᠎ᠠ᠂ ᠤᠷᠠᠨ᠎ᠠ ᠵᠡᠷᠭᠡ ᠨᠢᠭᠡ ᠪᠦᠯᠦᠭ ᠵᠠᠯᠭᠠᠮᠵᠢ ᠦᠶ᠎ᠡ ᠶᠢᠨ ᠨᠦᠯᠦᠭᠡ ᠲᠤᠰᠬᠠᠯ ᠲᠠᠢ ᠲᠤᠭᠯᠠᠭᠴᠢ ᠦᠯᠮᠡᠢ ᠵᠠᠯᠭᠠᠨ ᠬᠦᠮᠦᠵᠢᠭᠳᠡᠨ ᠭᠠᠷᠴᠦ ᠪᠢᠯᠡ᠃ ᠶᠠᠷᠢᠶᠡᠨ ᠦᠭᠡᠢ ᠡᠨᠡ ᠪᠦᠬᠦᠨ ᠳᠤ ᠠᠬᠠᠮᠠᠳ ᠤᠷᠠᠯᠢᠭᠴᠢᠨ ᠰᠦᠭᠡ᠂ ᠬᠠᠩᠷᠠᠮ᠎ᠠ᠂ ᠰᠤ᠊ ᠊ ᠲᠤᠷᠵᠢᠵᠠᠪ᠂ ᠵᠠᠩᠰᠠᠮ᠎ᠠ᠂ ᠡᠷᠳᠡᠨᠢᠪᠠᠭᠠᠳᠤᠷ᠂ ᠦᠨᠡᠨ᠂ ᠲᠠᠷᠡᠴᠢᠯᠡᠨ ᠢᠯᠠᠯᠳᠠ᠂ ᠦᠨᠡᠨᠴᠢ᠂ ᠭᠡᠷᠡᠯᠳᠤ ᠵᠡᠷᠭᠡ ᠤᠯᠠᠭᠠᠨᠮᠦ᠋ᠴᠢᠷ ᠲᠤ ᠤᠳᠤᠷᠢᠳᠤᠯᠭ᠎ᠠ ᠶᠢᠨ ᠠᠵᠢᠯ ᠢ ᠬᠠᠷᠢᠭᠤᠴᠠᠵᠤ ᠢᠷᠡᠭᠰᠡᠨ ᠵᠢᠴᠢ ᠬᠠᠷᠢᠭᠤᠴᠠᠭᠰᠠᠭᠠᠷ ᠪᠠᠶᠢᠭ᠎ᠠ ᠨᠦᠬᠦᠳ ᠤᠨ ᠭᠠᠪᠢᠶ᠎ᠡ ᠵᠢᠳᠬᠦᠯ ᠢ ᠲᠤᠷᠠᠳᠬᠠᠨ ᠲᠡᠮᠳᠡᠭᠯᠡᠬᠦ ᠴᠢᠬᠤᠯᠠᠳᠠᠢ ᠮᠦᠷᠳᠡᠭᠡᠨ ᠪᠦᠬᠦᠶᠢᠯᠡ ᠤᠷᠠᠯᠢᠭᠴᠢᠳ ᠤᠨ ᠢᠶᠠᠨ ᠦᠢᠭ᠎ᠠ ᠦᠭᠡᠢ ᠴᠢᠷᠮᠠᠶᠢᠯᠳᠠ ᠶᠢ ᠴᠦ ᠦᠨᠡᠯᠡᠬᠦ ᠶᠤᠰᠤᠳᠠᠢ ᠶᠤᠮᠰᠠᠨ︕ ᠤᠴᠢᠷ ᠨᠢ ᠰᠤᠳᠤᠨ ᠪᠦᠳᠦᠭᠡᠯ ᠢᠶᠠᠷ ᠢᠶᠠᠨ ᠰᠤᠶᠤᠯ ᠤᠷᠠᠯᠢᠭ ᠢᠶᠠᠨ ᠴᠡᠴᠡᠭᠯᠡᠬᠦᠯᠦᠨ ᠬᠦᠭᠵᠢᠬᠦᠯᠬᠦ ᠳᠤ ᠦᠶ᠎ᠡ ᠦᠶ᠎ᠡ ᠎ ᠶᠢᠨ ᠤᠷᠠᠯᠢᠭᠴᠢᠳ ᠤᠨ ᠮᠠᠨᠢ ᠦᠨᠡᠨᠴᠢ ᠵᠢᠳᠬᠦᠯ ᠤᠨ ᠰᠢᠷᠭᠠᠭᠤ ᠬᠦᠳᠡᠯᠮᠤᠷᠢ ᠦᠢᠯᠡᠰ ᠢᠶᠠᠨ ᠭᠡᠰᠡᠨ ᠬᠠᠳᠠᠨ ᠵᠤᠷᠢᠭ ᠲᠤ  ᠲᠦᠰᠢᠭᠯᠡᠵᠤ ᠪᠠᠶᠢᠬᠤ ᠠᠴᠠ ᠯᠡ ᠪᠤᠯᠤᠭᠰᠠᠨ ᠪᠢᠯᠡ……
 
ᠢᠷᠡᠯᠲᠡ᠄ xhqxcbweixin
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号