ᠬᠤᠪᠢ ᠶᠢᠨ ᠢᠲᠡᠭᠡᠮᠵᠢ ᠶᠢᠨ ᠲᠤᠬᠠᠢ ᠲᠠ ᠤᠢᠢᠯᠠᠭᠠᠨ᠎ᠠ ᠤᠤ︖
ᠨᠡᠶᠢᠲᠡᠯᠡᠭᠰᠡᠨ ᠴᠠᠭ᠄
2017/6/9
             ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ  ᠵᠠᠰᠠᠭ ᠤᠨ  ᠤᠷᠳᠤᠨ ᠤ  ᠰᠤᠨᠢᠨ  ᠮᠡᠳᠡᠭᠡᠨ ᠤ  ᠠᠯᠪᠠᠨ ᠭᠡᠷ ᠠᠴᠠ ᠰᠤᠨᠢᠨ ᠮᠡᠳᠡᠭᠡ  ᠨᠡᠶᠢᠲᠡᠯᠡᠬᠦ  ᠬᠤᠷᠠᠯ  ᠬᠢᠵᠤ᠂  ᠮᠠᠨ ᠤ  ᠤᠷᠤᠨ ᠤ  ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ  ᠠᠬᠢᠭᠤᠯᠬᠤ  ᠲᠤᠬᠠᠢ  ᠮᠡᠳᠡᠭᠳᠡᠯ  ᠪᠠᠭᠤᠯᠭᠠᠵᠡᠢ᠃  ᠡᠭᠦᠨ ᠳᠤ᠂  ᠬᠤᠪᠢ   ᠬᠥᠮᠥᠨ ᠤ   ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠭᠤᠯᠭ᠎ᠠ ᠪᠠᠭᠲᠠᠵᠤ᠂ ᠡᠨᠡ ᠨᠢ ᠬᠤᠪᠢ ᠬᠥᠮᠥᠨ ᠤ  ᠬᠤᠵᠢᠮ ᠤᠨ  ᠠᠵᠢᠯ  ᠠᠮᠢᠳᠤᠷᠠᠯ ᠤᠨ ᠲᠠᠯ᠎ᠠ ᠳᠤ ᠪᠤᠳᠠᠳᠠᠢ ᠨᠥᠯᠥᠭᠡ ᠭᠠᠷᠭᠠᠬᠤ ᠪᠤᠯᠤᠨ᠎ᠠ᠃ ᠥᠷᠭᠡᠨ ᠤᠯᠠᠨ ᠬᠤᠲᠠ ᠶᠢᠨ ᠠᠷᠠᠳ ᠤᠨ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠳᠤ ᠵᠤᠷᠢᠭᠤᠯᠤᠨ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ  ᠰᠤᠨᠢᠨ  ᠮᠡᠳᠡᠭᠡᠨ ᠤ  ᠥᠭᠦᠯᠡᠭᠴᠢ᠂ ᠥᠪᠡᠷᠲᠡᠭᠡᠨ ᠵᠠᠰᠠᠬᠤ ᠤᠷᠤᠨ ᠤ ᠬᠥᠭᠵᠢᠭᠦᠯᠥᠯᠲᠡ ᠥᠭᠡᠷᠡᠴᠢᠯᠡᠯᠲᠡ ᠶᠢᠨ ᠵᠥᠪᠯᠡᠯ ᠵᠢᠴᠢ ᠳᠤᠮᠳᠠᠳᠤ  ᠤᠯᠤᠰ ᠤᠨ  ᠠᠷᠠᠳ ᠤᠨ ᠪᠠᠩᠬᠢ ᠶᠢᠨ  ᠬᠥᠬᠡᠬᠤᠲᠠ ᠳᠠᠬᠢ  ᠲᠥᠪ  ᠰᠠᠯᠪᠤᠷᠢ  ᠪᠠᠩᠬᠢ ᠶᠢᠨ  ᠬᠠᠮᠢᠶ᠎ᠠ  ᠪᠥᠬᠦᠢ   ᠬᠠᠷᠢᠭᠤᠴᠠᠯᠭᠠᠲᠠᠳ ᠠᠴᠠ ᠬᠤᠪᠢ ᠶᠢᠨ ᠢᠲᠡᠭᠡᠮᠵᠢ ᠶᠢᠨ ᠲᠤᠬᠠᠢ ᠨᠠᠷᠢᠨ ᠲᠠᠶᠢᠯᠪᠤᠷᠢᠯᠠᠯᠳᠠ ᠬᠢᠪᠡ᠃                      ᠬᠤᠪᠢ ᠬᠥᠮᠥᠨ ᠤ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠰᠠᠭᠤᠳᠠᠯ ᠨᠢ  ᠬᠤᠪᠢ  ᠬᠥᠮᠥᠨ ᠤ ᠠᠵᠢᠯ ᠠᠮᠢᠳᠤᠷᠠᠯ ᠳᠤ ᠶᠠᠮᠠᠷ ᠪᠤᠳᠠᠳᠠᠢ ᠨᠥᠯᠥᠭᠡ ᠪᠤᠯᠬᠤ ᠪᠤᠢ︖                      ᠥᠪᠡᠷᠲᠡᠭᠡᠨ ᠵᠠᠰᠠᠬᠤ  ᠤᠷᠤᠨ ᠤ  ᠵᠠᠰᠠᠭ ᠤᠨ  ᠤᠷᠳᠤᠨ ᠤ  ᠰᠤᠨᠢᠨ  ᠮᠡᠳᠡᠭᠡᠨ ᠤ  ᠥᠭᠦᠯᠡᠭᠴᠢ᠂  ᠳᠡᠳ᠋  ᠨᠠᠷᠢᠨ ᠪᠢᠴᠢᠭ ᠤᠨ ᠳᠠᠷᠤᠭ᠎ᠠ ᠹᠠᠨᠭ᠌ ᠷᠧᠨ ᠹᠸᠢ ᠬᠡᠯᠡᠬᠦ ᠳᠡᠭᠡᠨ᠂ ᠨᠠᠰᠤᠨ ᠳᠤ ᠬᠥᠷᠥᠭᠰᠡᠳ ᠤᠨ ᠬᠤᠪᠢ ᠬᠥᠮᠥᠨ ᠤ  ᠢᠲᠡᠭᠡᠮᠵᠢ ᠨᠢ  ᠪᠥᠷ ᠲᠡᠮᠳᠡᠭᠯᠡᠭᠳᠡᠳᠡᠭ᠃ ᠵᠠᠮ ᠬᠠᠷᠢᠯᠴᠠᠭᠠᠨ ᠤ ᠲᠥᠷᠢᠮ ᠠᠴᠠ ᠵᠥᠷᠢᠴᠡᠬᠦ᠂ ᠭᠠᠶᠢᠯᠢ ᠲᠤᠰᠢᠶᠠᠬᠤ ᠵᠡᠷᠭᠡ ᠨᠡᠶᠢᠭᠡᠮ ᠤᠨ ᠥᠢᠯᠡ ᠠᠵᠢᠯᠯᠠᠭ᠎ᠠ ᠵᠢᠴᠢ ᠢᠲᠡᠭᠡᠮᠵᠢᠲᠤ ᠺᠠᠷᠲ ᠤᠨ ᠢᠶᠠᠨ ᠵᠢᠭᠡᠯᠡᠯᠭᠡ ᠶᠢ ᠪᠤᠴᠠᠭᠠᠬᠤ᠂ ᠬᠤᠪᠢ ᠬᠥᠮᠥᠨ ᠤ ᠵᠢᠭᠡᠯᠡᠯᠭᠡ ᠪᠠᠨ  ᠪᠤᠴᠠᠭᠠᠬᠤ  ᠵᠡᠷᠭᠡ ᠠᠵᠤ ᠠᠬᠤᠢ ᠶᠢᠨ ᠥᠢᠯᠡ ᠠᠵᠢᠯᠯᠠᠭ᠎ᠠ ᠨᠤᠭᠤᠳ ᠨᠢ ᠪᠥᠷ  ᠬᠤᠯᠪᠤᠭᠳᠠᠬᠤ  ᠬᠥᠷᠢᠶ᠎ᠡ  ᠴᠠᠷᠠᠭ᠎ᠠ ᠶᠢᠨ  ᠢᠲᠡᠭᠡᠮᠵᠢ ᠶᠢᠨ  ᠲᠠᠩᠰᠡᠨ ᠳᠤ ᠲᠡᠮᠳᠡᠭᠯᠡᠭᠳᠡᠵᠤ᠂ ᠬᠤᠪᠢ ᠬᠥᠮᠥᠨ ᠤ ᠢᠲᠡᠭᠡᠮᠵᠢ ᠶᠢᠨ ᠲᠠᠩᠰᠠ ᠡᠪᠬᠡᠮᠡᠯ ᠪᠤᠯᠳᠠᠭ᠃                        ᠬᠡᠬᠦ ᠳᠡᠭᠡᠨ ᠰᠢᠯᠢᠳᠡᠭ ᠰᠠᠶᠢᠨ ᠢᠲᠡᠭᠡᠮᠵᠢ ᠶᠢᠨ ᠲᠡᠮᠳᠡᠭᠯᠡᠯ ᠲᠠᠢ ᠬᠥᠮᠥᠰ ᠲᠤ ᠰᠤᠷᠭᠠᠨ ᠬᠥᠮᠥᠵᠢᠯ᠂ ᠠᠵᠢᠯ ᠤᠯᠭᠤᠯᠲᠠ᠂ ᠥᠢᠯᠡᠰ ᠪᠤᠰᠬᠠᠬᠤ ᠵᠡᠷᠭᠡ ᠬᠥᠷᠢᠶ᠎ᠡ ᠴᠠᠷᠠᠭ᠎ᠠ ᠳᠤ ᠴᠢᠬᠤᠯᠠ ᠳᠡᠮᠵᠢᠯᠭᠡ ᠥᠵᠡᠭᠦᠯᠵᠤ᠂ ᠵᠠᠯᠭᠠᠪᠡᠷ 3  ᠵᠢᠯ ᠠᠴᠠ  ᠳᠡᠭᠡᠭᠰᠢ  ᠮᠠᠭᠤ ᠢᠲᠡᠭᠡᠮᠵᠢ ᠶᠢᠨ ᠲᠡᠮᠳᠡᠭᠯᠡᠯ ᠦᠭᠡᠢ ᠵᠠᠰᠠᠭ ᠵᠠᠬᠢᠷᠭᠠᠨ ᠤ ᠬᠠᠷᠠᠭᠠᠯᠵᠠᠭᠰᠠᠠ ᠬᠦᠮᠦᠨ ᠵᠠᠰᠠᠭ ᠵᠠᠬᠢᠷᠭᠠᠨ ᠤ ᠵᠥᠪᠰᠢᠶᠡᠷᠡᠯ ᠤᠨ ᠥᠨᠡᠮᠯᠡᠯ ᠬᠥᠢᠴᠡᠳᠬᠡᠬᠦ ᠶᠠᠪᠤᠴᠠ ᠳᠤ ᠲᠥᠬᠦᠮ ᠲᠥᠳᠡ ᠥᠢᠯᠡᠴᠢᠯᠡᠭᠡ ᠥᠵᠡᠭᠦᠯᠥᠨ᠎ᠡ᠃ ᠬᠥᠨᠲᠤ ᠨᠤᠴᠢᠲᠠᠢ  ᠢᠲᠡᠭᠡᠮᠵᠢ ᠪᠠᠨ  ᠠᠯᠳᠠᠭᠰᠠᠨ ᠬᠤᠪᠢ ᠬᠥᠮᠥᠨ ᠢ ᠰᠢᠯᠢᠳᠡᠭ ᠢᠶᠠᠷ ᠰᠤᠩᠭᠤᠬᠤ᠂ ᠰᠢᠯᠢᠳᠡᠭ ᠠᠵᠢᠯᠲᠠᠨ ᠢᠶᠠᠷ ᠰᠤᠩᠭᠤᠬᠤ᠂ ᠠᠯᠪᠠᠨ  ᠠᠵᠢᠯᠲᠠᠠ  ᠪᠤᠯᠤᠨ  ᠠᠵᠢᠯ ᠥᠢᠯᠡᠰ ᠤᠨ ᠨᠢᠭᠡᠴᠡ ᠳᠤ ᠡᠯᠰᠡᠬᠦ ᠶᠢ ᠬᠢᠵᠠᠭᠠᠷᠯᠠᠨ᠎ᠠ᠂  ᠵᠠᠰᠠᠭ ᠤᠨ  ᠤᠷᠳᠤᠨ ᠠᠴᠠ  ᠡᠷᠬᠢᠯᠡᠭᠰᠡᠨ  ᠲᠠᠭᠠᠭᠠᠴᠢᠯᠠᠯᠲᠠ  ᠵᠠᠷᠯᠠᠬᠤ ᠠᠵᠢᠯᠯᠠᠭ᠎ᠠ᠂  ᠪᠠᠩᠬᠢ ᠶᠢᠨ  ᠵᠢᠭᠡᠯᠡᠯᠭᠡ  ᠵᠡᠷᠭᠡ  ᠤᠯᠠᠨ  ᠵᠥᠢᠯ ᠤᠨ  ᠥᠢᠯᠡ  ᠠᠵᠢᠯᠯᠠᠭ᠎ᠠ ᠳᠤ  ᠤᠷᠤᠯᠴᠠᠭᠤᠯᠬᠤ  ᠦᠭᠡᠢ᠃ ᠤᠨᠴᠠᠭᠠᠢᠢᠯᠠᠨ ᠵᠤᠷᠢᠭᠤᠳᠠ ᠵᠢᠭᠡᠯᠡᠭᠰᠡᠨ ᠥᠷᠢ ᠠᠴᠠ ᠪᠠᠨ ᠲᠤᠲᠠᠭᠠᠬᠤ᠂ ᠬᠠᠤᠯᠢ ᠪᠤᠰᠤ ᠪᠠᠷ ᠪᠡᠯᠡ  ᠴᠤᠭᠯᠠᠭᠤᠯᠬᠤ᠂  ᠴᠠᠬᠢᠯᠭᠠᠡ ᠬᠤᠯᠪᠤᠭᠠᠨ ᠤ ᠮᠡᠬᠡᠯᠡᠯ᠂ ᠰᠥᠯᠵᠢᠶᠡᠨ ᠳᠡᠭᠡᠷᠡᠬᠢ ᠮᠡᠬᠡᠯᠡᠯ᠂ ᠵᠠᠮ  ᠬᠠᠷᠢᠯᠴᠠᠭᠠᠨ ᠤ  ᠲᠥᠷᠢᠮ ᠠᠴᠠ ᠵᠥᠷᠢᠴᠡᠭᠰᠡᠨ ᠵᠡᠷᠭᠡ ᠥᠢᠯᠡ ᠠᠵᠢᠯᠯᠠᠭ᠎ᠠ ᠨᠤᠭᠤᠳ ᠨᠢ ᠴᠢᠬᠤᠯᠠ ᠬᠢᠨᠠᠨ ᠬᠠᠮᠢᠶᠠᠷᠤᠯᠲᠠ ᠳᠤ ᠤᠷᠤᠵᠤ᠂ ᠡᠳᠡᠭᠡᠷ ᠥᠢᠯᠡ  ᠠᠵᠢᠯᠯᠠᠭ᠎ᠠ ᠳᠤ  ᠬᠠᠤᠯᠢ  ᠲᠥᠷᠢᠮ ᠬᠠᠤᠯᠢ  ᠳᠤᠭᠳᠠᠭᠠᠯ ᠢᠶᠠᠷ  ᠵᠠᠰᠠᠭ  ᠵᠠᠬᠢᠷᠭᠠᠨ ᠤ  ᠴᠢᠨᠠᠷᠲᠠᠢ  ᠬᠢᠵᠠᠭᠠᠷᠯᠠᠬᠤ᠂  ᠵᠠᠯᠬᠠᠭᠠᠨ  ᠴᠡᠬᠡᠷᠯᠡᠬᠦᠯᠬᠦ   ᠠᠷᠭ᠎ᠠ ᠬᠡᠮᠵᠢᠶ᠎ᠡ ᠶᠢ ᠬᠡᠷᠡᠭᠵᠢᠬᠦᠯᠤᠨ᠎ᠠ᠃                      ᠡᠭᠦᠨ ᠤ ᠵᠡᠷᠭᠡᠴᠡᠭᠡ᠂ ᠤᠯᠤᠰ ᠠᠴᠠ  ᠬᠤᠪᠢ  ᠬᠥᠮᠥᠨ ᠤ  ᠮᠡᠳᠡᠭᠡ  ᠵᠠᠩᠬᠢ ᠶᠢᠨ  ᠠᠮᠤᠷ  ᠲᠥᠪᠰᠢᠨ᠂  ᠬᠤᠪᠢ ᠶᠢᠨ ᠨᠢᠭᠤᠴᠠ ᠶᠢ ᠬᠠᠮᠠᠭᠠᠯᠠᠬᠤ ᠲᠤᠭᠲᠠᠭᠠᠯ ᠭᠠᠷᠭᠠᠵᠤ᠂ ᠬᠤᠪᠢ ᠬᠥᠮᠥᠨ ᠤ ᠮᠡᠳᠡᠭᠡ ᠵᠠᠩᠬᠢ ᠶᠢ ᠪᠠᠶᠢᠴᠠᠭᠠᠨ ᠠᠰᠠᠭᠤᠬᠤ ᠳᠤ ᠡᠷᠬᠡ ᠶᠢᠨ ᠬᠢᠵᠠᠭᠠᠷ ᠪᠤᠯᠤᠨ ᠶᠠᠪᠤᠴᠠ ᠱᠠᠭᠠᠷᠳᠠᠵᠤ᠂ ᠳ᠋ᠡᠶᠢᠲ᠋ᠠ ᠬᠥᠮᠥᠷᠭᠡ ᠶᠢᠨ ᠠᠮᠤᠷ ᠲᠥᠪᠰᠢᠨ ᠢ  ᠬᠠᠮᠠᠭᠠᠯᠠᠬᠤ  ᠠᠵᠢᠯ ᠢ  ᠰᠠᠶᠢᠲᠤᠷ ᠬᠢᠬᠦ ᠬᠡᠷᠡᠭᠲᠡᠢ᠃                        ᠬᠠᠤᠯᠢ ᠶᠢᠨ ᠡᠷᠬᠡᠲᠡᠨ ᠪᠤᠯᠤᠨ ᠪᠠᠶᠢᠭᠠᠯᠢ ᠬᠥᠮᠥᠨ ᠶᠠᠮᠠᠷ ᠪᠠᠶᠢᠳᠠᠯ ᠳᠤᠤᠷ᠎ᠠ ᠤᠯᠠᠭᠠᠨ ᠲᠠᠩᠰᠠᠨ ᠳᠤ ᠤᠷᠤᠳᠠᠭ ᠪᠤᠢ︖ ᠲᠡᠳᠡᠭᠡᠷ ᠢᠲᠡᠭᠡᠯ ᠢᠶᠠᠨ ᠠᠯᠲᠠᠭᠰᠠᠨ ᠥᠢᠯᠡ ᠠᠵᠢᠯᠯᠠᠭ᠎ᠠ ᠨᠢ ᠬᠠᠷ᠎ᠠ ᠨᠡᠷ᠎ᠡ ᠶᠢᠨ ᠲᠠᠩᠰᠠᠨ ᠳᠤ ᠤᠷᠤᠨ᠎ᠠ ᠦᠦ︖                      ᠥᠪᠡᠷᠲᠡᠭᠡᠨ ᠵᠠᠰᠠᠬᠤ ᠤᠷᠤᠨ ᠤ ᠬᠥᠭᠵᠢᠭᠦᠯᠥᠯᠲᠡ ᠥᠭᠡᠷᠡᠴᠢᠯᠡᠯᠲᠡ ᠶᠢᠨ ᠵᠥᠪᠯᠡᠯ ᠤᠨ ᠲᠡᠳ᠋ ᠡᠷᠬᠢᠯᠡᠭᠴᠢ ᠵᠠᠩ ᠭᠠᠨᠭ᠌ ᠲᠠᠨᠢᠯᠴᠠᠭᠤᠯᠬᠤ ᠳᠠᠭᠠᠨ᠂ ᠬᠡᠷᠪᠡ ᠠᠵᠤ ᠠᠬᠤᠢᠢᠯᠠᠯ᠂ ᠨᠡᠶᠢᠭᠡᠮ ᠤᠨ ᠪᠠᠶᠢᠭᠤᠯᠤᠯᠲᠠ ᠪᠤᠯᠤᠨ ᠬᠤᠪᠢ ᠬᠥᠮᠥᠨ ᠬᠠᠤᠯᠢ ᠲᠥᠷᠢᠮ ᠠᠴᠠ ᠵᠥᠷᠢᠴᠡᠵᠤ᠂ ᠬᠠᠤᠯᠢ ᠴᠠᠭᠠᠵᠠ ᠶᠢᠨ ᠡᠭᠦᠷᠭᠡ ᠪᠠᠨ ᠭᠦᠢᠴᠡᠳᠭᠡᠬᠦ ᠦᠭᠡᠢ᠂ ᠨᠡᠶᠢᠭᠡᠮ ᠤᠨ ᠶᠤᠰᠤ ᠰᠤᠷᠲᠠᠬᠤᠨ ᠠᠴᠠ  ᠵᠥᠷᠢᠴᠡᠭᠰᠡᠨ ᠵᠡᠷᠭᠡ ᠥᠢᠯᠡ ᠠᠵᠢᠯᠯᠠᠭ᠎ᠠ᠂ ᠨᠡᠶᠢᠭᠡᠮ ᠳᠡᠭᠡᠷ᠎ᠡ ᠮᠠᠭᠤ ᠨᠥᠯᠥᠭᠡ ᠭᠠᠷᠭᠠᠭᠰᠠᠨ  ᠡᠰᠡᠭᠦᠯ᠎ᠡ  ᠵᠠᠰᠠᠭ  ᠵᠠᠬᠢᠷᠭᠠᠨ ᠤ  ᠪᠠᠶᠢᠭᠤᠯᠤᠮᠵᠢ᠂ ᠬᠠᠤᠯᠢ ᠴᠠᠭᠠᠵᠠ ᠶᠢᠨ ᠪᠠᠶᠢᠭᠤᠯᠤᠮᠵᠢ ᠪᠤᠯᠤᠨ ᠤᠯᠠᠨ ᠨᠡᠶᠢᠲᠡ ᠶᠢᠨ ᠭᠡᠷᠡᠭ ᠶᠠᠪᠤᠳᠠᠯ ᠢ ᠬᠠᠮᠢᠶᠠᠷᠬᠤ ᠴᠢᠳᠠᠪᠬᠢ ᠲᠠᠢ  ᠪᠠᠶᠢᠭᠤᠯᠤᠯᠭ᠎ᠠ ᠨᠢᠭᠡᠴᠡ ᠠᠴᠠ ᠬᠥᠨᠳᠤ ᠨᠤᠴᠢᠲᠠᠢ ᠢᠲᠡᠭᠡᠯ ᠢᠶᠠᠨ ᠠᠯᠳᠠᠭᠰᠠᠨ ᠥᠢᠯᠡ ᠠᠵᠢᠯᠯᠠᠭ᠎ᠠ ᠪᠠᠷ ᠮᠠᠭᠠᠳᠯᠠᠨ ᠲᠤᠭᠲᠠᠭᠠᠭᠰᠠᠨ  ᠪᠠᠶᠢᠳᠠᠯ ᠳᠤ ︿ᠬᠠᠷ᠎ᠠ ᠨᠡᠷ᠎ᠠ ᠶᠢᠨ ᠲᠠᠩᠰᠠᠠ﹀ ᠳᠤ ᠤᠷᠤᠭᠤᠯᠤᠨ᠎ᠠ᠃                        ᠡᠭᠦᠨ ᠲᠠᠢ ᠡᠰᠡᠷᠭᠦ ᠪᠠᠷ᠂ ᠬᠡᠷᠪᠡ  ᠠᠵᠤ  ᠠᠬᠤᠢᠢᠯᠠᠯ᠂  ᠨᠡᠶᠢᠭᠡᠮ ᠤᠨ  ᠪᠠᠶᠢᠭᠤᠯᠤᠯᠲᠠ  ᠪᠤᠯᠤᠨ  ᠬᠤᠪᠢ  ᠬᠥᠮᠥᠨ ᠢ ᠬᠤᠲᠠ ᠶᠢᠨ  ᠲᠡᠰ ᠠᠴᠠ  ᠳᠡᠭᠡᠭᠰᠢᠬᠢ  ᠵᠠᠰᠠᠭ   ᠵᠠᠬᠢᠷᠭᠠᠨ ᠤ   ᠪᠠᠶᠢᠭᠤᠯᠤᠮᠵᠢ   ᠪᠤᠯᠤᠨ   ᠬᠠᠮᠢᠶ᠎ᠠ  ᠪᠥᠬᠦᠢ  ᠨᠡᠶᠢᠭᠡᠮ ᠤᠨ ᠪᠠᠶᠢᠭᠤᠯᠤᠯᠲᠠ ᠠᠴᠠ ᠱᠠᠩᠨᠠᠨ ᠬᠦᠬᠢᠭᠦᠯᠬᠦ ᠪᠤᠶᠤ ᠢᠲᠡᠭᠡᠮᠵᠢ ᠶᠢᠨ ᠥᠨᠡᠯᠡᠯᠲᠡ ᠨᠢ ᠰᠢᠯᠢᠳᠡᠭ ᠰᠠᠶᠢᠨ ᠪᠤᠯ ︿ᠤᠯᠠᠭᠠᠨ ᠨᠡᠷ᠎ᠡ ᠶᠢᠨ ᠳᠠᠩᠰᠠᠠ﹀ ᠳᠤ ᠤᠷᠤᠭᠤᠯᠤᠨ᠎ᠠ᠃                      ᠵᠠᠰᠠᠭ ᠤᠨ ᠤᠷᠳᠤᠨ ᠪᠤᠯᠤᠨ ᠰᠠᠯᠠᠭ᠎ᠠ ᠮᠦᠴᠢᠷ ᠤᠨ ᠬᠢᠨ ᠤ ᠢᠲᠡᠭᠡᠯ  ᠠᠯᠲᠠᠬᠤ  ᠥᠢᠯᠡ  ᠠᠵᠢᠯᠯᠠᠭ᠎ᠠ ᠳᠤ  ᠬᠡᠷᠬᠢᠨ ᠬᠢᠨᠠᠯᠲᠠ ᠲᠠᠯᠪᠢᠬᠤ ᠪᠤᠢ︖                      ︽ᠵᠠᠷᠢᠮ ᠵᠠᠰᠠᠭ ᠤᠨ ᠤᠷᠳᠤᠨ ᠪᠤᠯᠤᠨ ᠰᠠᠯᠠᠭ᠎ᠠ ᠮᠦᠴᠢᠷ ᠤᠨ ᠬᠢᠨ ᠳᠤ ᠪᠠᠰᠠ ᠢᠲᠡᠭᠡᠯ ᠠᠯᠳᠠᠬᠤ ᠥᠢᠯᠡ ᠠᠵᠢᠯᠯᠠᠭ᠎ᠠ ᠤᠷᠤᠰᠢᠵᠤ ᠪᠠᠶᠢᠨ᠎ᠠ᠂ ᠨᠡᠶᠢᠭᠡᠮ ᠤᠨ  ᠢᠲᠡᠭᠡᠮᠵᠢ ᠶᠢᠨ  ᠰᠢᠰᠲ᠋ᠧᠮ ᠤᠨ  ᠪᠠᠶᠢᠭᠤᠯᠤᠯᠲᠠ  ᠳᠤᠮᠳᠠ  ᠵᠠᠰᠠᠭ ᠤᠨ  ᠤᠷᠳᠤᠨ  ᠪᠤᠯ ᠵᠤᠬᠢᠶᠠᠨ ᠪᠠᠶᠢᠭᠤᠯᠤᠭᠴᠢ ᠮᠥᠷᠲᠡᠭᠡᠨ  ᠬᠥᠢᠴᠡᠳᠬᠡᠭᠴᠢ  ᠶᠤᠮ᠂  ᠲᠡᠶᠢᠮᠤ ᠠᠴᠠ  ᠵᠠᠪᠠᠯ  ᠲᠠᠭᠠᠭᠤᠯᠬᠤ  ᠥᠢᠯᠡᠳᠤᠯ  ᠥᠵᠡᠭᠦᠯᠬᠦ ᠬᠡᠷᠡᠭᠲᠡᠢ︾ ᠭᠡᠵᠤ ᠹᠠᠨᠭ᠌ ᠷᠧᠨ ᠹᠸᠢ ᠬᠡᠯᠡᠨ᠎ᠡ᠃ ᠲᠡᠷᠡᠪᠡᠷ ᠬᠡᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ ᠮᠠᠨ ᠤ  ᠤᠷᠤᠨ  ᠠᠷᠠᠳ ᠤᠯᠠᠨ ᠤ ᠠᠰᠢᠭ ᠲᠤᠰᠠ ᠶᠢ ᠬᠤᠬᠢᠷᠠᠭᠤᠯᠤᠭᠰᠠᠨ᠂ ᠵᠠᠬ᠎ᠠ ᠳᠡᠯᠭᠡᠭᠦᠷ ᠤᠨ  ᠡᠷᠬᠡ  ᠲᠡᠭᠰᠢ  ᠰᠤᠯᠢᠯᠴᠠᠭ᠎ᠠ ᠶᠢ  ᠡᠪᠳᠡᠭᠰᠡᠨ  ᠵᠡᠷᠭᠡ ᠵᠠᠰᠠᠭ ᠤᠨ ᠶᠠᠪᠤᠳᠠᠯ ᠤᠨ ᠢᠲᠡᠭᠡᠯ  ᠠᠯᠳᠠᠭᠰᠠᠨ  ᠥᠢᠯᠡ  ᠠᠵᠢᠯᠯᠠᠭ᠎ᠠ ᠶᠢ  ᠭᠤᠤᠯᠳᠠᠯᠭ᠎ᠠ ᠲᠠᠢ  ᠴᠡᠭᠴᠡᠯᠡᠨ  ᠵᠠᠰᠠᠵᠤ᠂  ᠳᠡᠭᠡᠳᠤ ᠱᠠᠲᠤ ᠨᠢ ᠳᠤᠤᠷᠡᠳᠤ ᠱᠠᠲᠤᠨ ᠳᠠᠭᠠᠨ ᠬᠢᠨᠠᠯᠲᠠ ᠲᠠᠯᠪᠢᠬᠤ ᠲᠤᠭᠳᠠᠯᠴᠠᠭ᠎ᠠ᠂  ᠡᠯ᠎ᠡ  ᠱᠠᠲᠤᠨ ᠤ  ᠵᠠᠰᠠᠭ ᠤᠨ  ᠤᠷᠳᠤᠨ  ᠠᠳᠠᠯᠢ ᠱᠠᠲᠤᠨ ᠤ  ᠠᠷᠠᠳ ᠤᠨ  ᠲᠥᠯᠥᠭᠡᠯᠡᠭᠴᠢᠳ ᠤᠨ  ᠶᠡᠭᠡ  ᠬᠤᠷᠠᠯ  ᠪᠤᠯᠤᠨ  ᠤᠯᠤᠰ  ᠲᠥᠷᠥ ᠶᠢᠨ  ᠵᠥᠪᠯᠡᠯ ᠤᠨ  ᠬᠤᠷᠠᠯ ᠤᠨ ᠬᠥᠨᠳᠡᠯᠡᠨ ᠢᠶᠠᠷ ᠬᠢᠨᠠᠯᠲᠠ ᠲᠠᠯᠪᠢᠬᠤ ᠶᠢ ᠬᠥᠯᠢᠶᠡᠬᠦ ᠲᠤᠭᠳᠠᠯᠴᠠᠭ᠎ᠠ᠂ ᠨᠡᠶᠢᠭᠡᠮ ᠠᠴᠠ  ᠬᠢᠨᠠᠯᠲᠠ  ᠲᠠᠯᠪᠢᠬᠤ  ᠪᠤᠯᠤᠨ  ᠭᠤᠷᠪᠠᠳᠤᠭᠠᠷ ᠡᠳᠡᠭᠡᠳ ᠠᠴᠠ ᠥᠨᠡᠯᠡᠯᠲᠡ ᠬᠢᠬᠦ ᠲᠤᠭᠳᠠᠯᠴᠠᠭ᠎ᠠ ᠶᠢ  ᠪᠠᠶᠢᠭᠤᠯᠬᠤ ᠪᠠᠷ  ᠪᠠᠶᠢᠨ᠎ᠠ᠃  ᠡᠭᠦᠨ ᠤ  ᠵᠡᠷᠭᠡᠴᠡᠭᠡ  ᠴᠢᠬᠤᠯᠠ  ᠬᠥᠷᠢᠶ᠎ᠡ ᠴᠠᠷᠠᠭ᠎ᠠ ᠶᠢᠨ  ᠢᠲᠡᠭᠡᠮᠵᠢ ᠶᠢᠨ  ᠪᠠᠶᠢᠭᠤᠯᠤᠯᠲᠠ ᠶᠢ  ᠠᠬᠢᠭᠤᠯᠤᠨ᠎ᠠ᠃  ᠲᠤᠬᠠᠢᠢᠯᠠᠪᠠᠯ   ᠬᠤᠳᠠᠯᠳᠤᠭᠠᠴᠢᠨ   ᠤᠷᠢᠵᠤ   ᠪᠡᠯᠡ ᠤᠷᠤᠭᠤᠯᠬᠤ᠂ ᠵᠠᠰᠠᠭ ᠤᠨ ᠤᠷᠳᠤᠨ  ᠬᠤᠳᠠᠯᠳᠤᠨ  ᠠᠪᠬᠤ᠂  ᠲᠠᠭᠠᠭᠠᠴᠢᠯᠠᠯᠲᠠ  ᠵᠠᠷᠯᠠᠬᠤ᠂  ᠵᠠᠰᠠᠭ ᠤᠨ  ᠤᠷᠳᠤᠨ  ᠪᠤᠯᠤᠨ ᠨᠡᠶᠢᠭᠡᠮ ᠤᠨ ᠬᠥᠷᠥᠩᠭᠡ  ᠮᠥᠡᠭᠭᠦ ᠶᠢᠨ  ᠬᠠᠮᠲᠤ ᠶᠢᠨ  ᠠᠵᠢᠯᠯᠠᠭ᠎ᠠ  ᠵᠡᠷᠭᠡ  ᠬᠥᠷᠢᠶ᠎ᠡ  ᠴᠠᠷᠠᠭ᠎ᠠ ᠶᠢᠨ  ᠵᠠᠰᠠᠭ ᠤᠨ  ᠶᠠᠪᠤᠳᠠᠯ ᠤᠨ ᠢᠲᠡᠭᠡᠮᠵᠢ ᠶᠢᠨ ᠪᠠᠶᠢᠭᠤᠯᠤᠯᠲᠠ ᠶᠢ ᠴᠢᠩᠭ᠎ᠠ  ᠠᠬᠢᠭᠤᠯᠵᠤ᠂  ᠵᠠᠰᠠᠭ  ᠵᠠᠬᠢᠷᠭᠠᠨ ᠤ  ᠥᠷ᠎ᠡ  ᠪᠥᠲᠥᠮᠵᠢ  ᠪᠤᠯᠤᠨ  ᠲᠥᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠥᠨ᠎ᠡ᠃                      ᠵᠢᠭᠡᠯᠡᠯᠭᠡ ᠶᠢᠨ ᠬᠤᠭᠤᠴᠠᠭ᠎ᠠ ᠨᠢ ᠬᠡᠳᠦᠷᠡᠪᠡᠯ ᠠᠷᠠᠳ ᠤᠨ ᠪᠠᠩᠬᠢ ᠶᠢᠨ  ︿ ᠢᠲᠡᠭᠡᠯ  ᠠᠯᠳᠠᠭᠰᠠᠨ  ᠬᠠᠷ᠎ᠠ  ᠨᠡᠷ᠎ᠡ ᠶᠢᠨ ᠳᠠᠩᠰᠠᠠ﹀ ᠳᠤ ᠤᠷᠤᠵᠤ᠂ ᠬᠤᠵᠢᠮ ᠵᠢᠭᠡᠯᠡᠯᠭᠡ ᠠᠪᠴᠤ ᠴᠢᠳᠠᠬᠤ ᠦᠭᠡᠢ ᠤᠤ︖                        ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠬᠦᠬᠡᠬᠤᠲᠠ ᠳᠠᠬᠢ ᠲᠦᠪ ᠰᠠᠯᠪᠤᠷᠢ ᠪᠠᠩᠬᠢ ᠶᠢᠨ ᠳᠡᠳ᠋ ᠳᠠᠷᠤᠭ᠎ᠠ  ᠯᠢ ᠵᠢᠶᠠᠩ ᠢᠯᠡᠷᠬᠡᠶᠢᠯᠡᠬᠦ ᠳᠡᠭᠡᠨ᠂ ᠵᠢᠭᠡᠯᠡᠯᠭᠡ ᠶᠢᠨ ᠬᠤᠭᠤᠴᠠᠭ᠎ᠠ ᠨᠢ ᠬᠡᠳᠦᠷᠡᠪᠡᠯ ᠠᠷᠠᠳ ᠤᠨ  ᠪᠠᠩᠬᠢ ᠶᠢᠨ ︿ᠢᠲᠡᠭᠡᠯ ᠠᠯᠳᠠᠭᠰᠠᠨ ᠬᠠᠷ᠎ᠠ ᠨᠡᠷ᠎ᠡ ᠶᠢᠨ ᠳᠠᠩᠰᠠᠠ﹀ ᠳᠤ ᠤᠷᠤᠵᠤ᠂ ᠬᠤᠵᠢᠮ ᠵᠢᠭᠡᠯᠡᠯᠭᠡ ᠠᠪᠴᠤ ᠴᠢᠳᠠᠬᠤ ᠦᠭᠡᠢ ᠪᠤᠯᠤᠨ᠎ᠠ ᠭᠡᠵᠤ  ᠨᠡᠶᠢᠭᠡᠮ  ᠳᠡᠭᠡᠷ᠎ᠡ ᠲᠠᠷᠬᠠᠵᠤ ᠪᠠᠶᠢᠨ᠎ᠠ᠃ ᠡᠨᠡᠬᠦ ᠬᠡᠯᠡᠯᠭᠡ ᠪᠤᠯ ᠪᠤᠷᠤᠭᠤ ᠶᠤᠮ᠃                      ᠠᠷᠠᠳ ᠤᠨ ᠪᠠᠩᠬᠢ ᠶᠢᠨ ᠬᠤᠪᠢ ᠶᠢᠨ ᠢᠲᠡᠭᠡᠮᠵᠢ ᠶᠢᠨ ᠥᠨᠡᠯᠡᠯᠲᠡ ᠶᠢᠨ ᠰᠢᠰᠲ᠋ᠧᠮ ᠪᠤᠯ  ᠠᠵᠤ  ᠠᠬᠤᠢᠢᠯᠠᠯ  ᠪᠤᠯᠤᠨ ᠬᠤᠪᠢ ᠬᠥᠮᠥᠨ ᠤ ᠢᠲᠡᠭᠡᠮᠵᠢᠲᠤ ᠵᠢᠭᠡᠯᠡᠯᠭᠡ ᠶᠢᠨ ᠰᠢᠰᠲ᠋ᠧᠮ ᠪᠤᠯᠤᠨ᠎ᠠ᠃ ᠪᠠᠩᠬᠢ ᠠᠴᠠ ᠵᠢᠭᠡᠯᠡᠯᠭᠡ ᠠᠪᠤᠭᠰᠠᠨ ᠪᠥᠬᠦᠨ ᠪᠥᠷ ᠲᠤᠰ ᠰᠢᠰᠲ᠋ᠧᠮ ᠳᠤ ᠲᠡᠮᠳᠡᠭᠯᠡᠭᠳᠡᠨ᠎ᠡ᠃ ᠬᠡᠷᠪᠡ  ᠠᠵᠤ  ᠠᠬᠤᠢᠢᠯᠠᠯ  ᠪᠤᠯᠤᠨ  ᠬᠤᠪᠢ  ᠬᠥᠮᠥᠨ ᠤ  ᠵᠢᠭᠡᠯᠡᠯᠭᠡ ᠶᠢᠨ  ᠬᠤᠭᠤᠴᠠᠭ᠎ᠠ ᠨᠢ ᠬᠡᠳᠦᠷᠡᠭᠰᠡᠨ  ᠪᠠᠶᠢᠪᠠᠯ  ᠮᠥᠨ  ᠲᠤᠰ  ᠰᠢᠰᠲ᠋ᠧᠮ ᠳᠤ  ᠲᠡᠮᠳᠡᠭᠯᠡᠭᠳᠡᠨ᠎ᠡ᠃  ᠭᠡᠪᠡᠴᠤ  ᠢᠲᠡᠭᠡᠮᠵᠢ ᠶᠢ  ᠨᠥᠯᠥᠭᠡᠯᠡᠬᠦ   ᠡᠰᠡᠬᠦ ᠨᠢ ᠵᠤᠷᠢᠭᠤᠳᠠ ᠶᠢᠨ ᠬᠡᠮᠵᠢᠶ᠎ᠡ ᠠᠴᠠ ᠲᠤᠭᠲᠠᠭᠠᠭᠳᠠᠨ᠎ᠠ᠃                      ᠲᠤᠬᠠᠢᠢᠯᠠᠪᠠᠯ᠂ ᠵᠢᠭᠡᠯᠡᠯᠭᠡ ᠶᠢ ᠰᠠᠷ᠎ᠠ ᠪᠥᠷᠢ ᠪᠤᠴᠠᠭᠠᠬᠤ ᠴᠢᠬᠤᠯᠠᠲᠠᠢ ᠥᠶ᠎ᠡ ᠳᠤ ᠥᠷᠭᠦᠯᠵᠢ ᠲᠤᠭᠳᠠᠭᠰᠠᠨ ᠴᠠᠭ ᠲᠠᠭᠠᠨ ᠪᠤᠴᠠᠭᠠᠬᠤ  ᠦᠭᠡᠢ  ᠪᠤᠶᠤ  ᠪᠥᠷᠢᠮᠤᠰᠤᠨ  ᠪᠤᠴᠠᠭᠠᠬᠤ  ᠦᠭᠡᠢ  ᠪᠤᠯ   ᠵᠤᠷᠢᠭᠤᠳᠠ   ᠵᠢᠭᠡᠯᠡᠯᠭᠡ ᠠᠴᠠ   ᠲᠤᠲᠠᠭᠠᠭᠰᠠᠨ ᠳᠤ ᠲᠤᠭᠠᠴᠠᠭᠳᠠᠵᠤ᠂ ᠪᠠᠩᠬᠢ ᠶᠢᠨ ᠮᠠᠭᠤ  ᠲᠡᠮᠳᠡᠭᠯᠡᠯ ᠳᠤ  ᠤᠷᠤᠨ᠎ᠠ᠃  ᠬᠡᠷᠪᠡ  ᠰᠠᠨᠠᠮᠰᠠᠷ  ᠦᠭᠡᠢ  ᠪᠤᠶᠤ  ᠬᠠᠶᠠ  ᠵᠠᠷᠢᠮ ᠳᠠᠭᠠᠨ ᠵᠢᠭᠡᠯᠡᠯᠭᠡ ᠶᠢᠨ  ᠬᠤᠭᠤᠴᠠᠭ᠎ᠠ ᠨᠢ  ᠬᠡᠲᠤᠷᠡᠪᠡᠯ  ᠢᠲᠡᠭᠡᠮᠵᠢ ᠶᠢ  ᠨᠥᠯᠥᠭᠡᠯᠡᠬᠦ  ᠦᠭᠡᠢ᠃  ᠡᠭᠦᠨ ᠳᠤ   ᠠᠩᠬᠠᠷᠤᠭᠤᠰᠢᠲᠠᠢ ᠨᠢ᠂ ᠪᠠᠩᠬᠢ ᠶᠢᠨ ᠢᠲᠡᠭᠡᠮᠵᠢ ᠶᠢᠨ ᠮᠠᠭᠤ ᠲᠡᠮᠳᠡᠭᠯᠡᠯ ᠪᠤᠯᠤᠨ ︿ᠤᠯᠠᠭᠠᠨ ᠬᠠᠷ᠎ᠠ ᠨᠡᠷ᠎ᠡ ᠶᠢᠨ ᠲᠠᠩᠰᠠ﹀  ᠨᠢ ᠠᠰᠳᠠᠭᠠᠨ ᠵᠥᠢᠯ ᠪᠤᠯᠬᠤ ᠶᠤᠮ᠃    
 
ᠢᠷᠡᠯᠲᠡ᠄ ᠲᠤᠮᠳᠠᠳᠣ ᠣᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号