ᠣᠯᠣᠰ ᠲᠦᠷᠦ ᠶᠢᠨ ᠵᠦᠪᠯᠡᠯᠭᠡᠨ ᠤ ᠬᠦᠪᠡᠭᠡᠲᠦ ᠰᠢᠷ᠎ᠠ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠣᠭᠠᠷ ᠣᠳᠠᠭᠠᠨ ᠤ ᠬᠤᠷᠠᠯᠳᠣᠭᠠᠨ ᠤ ᠪᠡᠯᠡᠳᠬᠡᠯ ᠬᠤᠷᠠᠯᠳᠣᠭᠠᠨ ᠬᠤᠷᠠᠯᠳᠣᠪᠠ
ᠨᠡᠶᠢᠲᠡᠯᠡᠭᠰᠡᠨ ᠴᠠᠭ᠄
2018-01-22
              1 ᠰᠠᠷ᠎ᠠ ᠶᠢᠨ6 ᠤ ᠡᠳᠦᠷ ᠤᠨ ᠦᠳᠡ ᠶᠢᠨ ᠬᠤᠶᠢᠨ᠎ᠠ᠂ ᠣᠯᠣᠰ ᠲᠦᠷᠦ ᠶᠢᠨ ᠵᠦᠪᠯᠡᠯᠭᠡᠨ ᠤ ᠬᠦᠪᠡᠭᠡᠲᠦ ᠰᠢᠷ᠎ᠠ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠣᠭᠠᠷ ᠣᠳᠠᠭᠠᠨ  ᠤ ᠬᠤᠷᠠᠯᠳᠣᠭᠠᠨ ᠤ ᠪᠡᠯᠡᠳᠬᠡᠯ ᠬᠤᠷᠠᠯᠳᠣᠭᠠᠨ ᠰᠣᠷᠠᠭ ᠵᠠᠩᠬᠢᠵᠢᠭᠤᠯᠤᠯᠲᠠ ᠶᠢᠨ ᠲᠦᠪ ᠲᠤ ᠬᠤᠷᠠᠯᠳᠣᠪᠠ᠃ ᠬᠤᠰᠢᠭᠤ ᠣᠯᠣᠰ ᠲᠦᠷᠦ ᠶᠢᠨ ᠵᠦᠪᠯᠡᠯᠭᠡᠨ ᠤ ᠭᠤᠷᠪᠠᠳᠣᠭᠠᠷ ᠬᠤᠭᠤᠴᠠᠭᠠᠨ ᠤ ᠲᠡᠷᠢᠭᠦᠯᠡᠭᠴᠢ ᠯᠢᠦ ᠳ᠋ᠦᠩ ᠬᠠᠨ ᠬᠤᠷᠠᠯ ᠢ ᠡᠷᠬᠢᠯᠡᠵᠦ᠂ ᠣᠯᠣᠰ ᠲᠦᠷᠦ ᠶᠢᠨ ᠵᠦᠪᠯᠡᠯᠭᠡᠨ ᠤ ᠨᠠᠮ ᠤᠨ ᠳᠣᠭᠤᠶᠢᠯᠠᠩ ᠤᠨ ᠱᠦᠵᠢ ᠹᠦ᠋ ᡁᠢ ᠭᠠᠩ᠂ ᠣᠯᠣᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠰᠡᠴᠡᠨᠭᠡᠷᠡᠯ᠂ ᠣᠷᠲᠦ᠂ ᠪᠦᠬᠡᠪᠠᠳᠣ᠂ ᠬᠤᠷᠴᠠ᠂ ᠨᠠᠷᠢᠨ ᠪᠢᠴᠢᠭ ᠤᠨ ᠳᠠᠷᠤᠭ᠎ᠠ ᠲᠡᠮᠦᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃               ᠬᠤᠷᠠᠯ ᠠᠴᠠ᠂ ᠶᠡᠭᠡ ᠬᠤᠷᠠᠯ ᠤᠨ ᠪᠡᠯᠡᠳᠬᠡᠯ ᠠᠵᠢᠯ ᠤᠨ ᠮᠡᠳᠡᠭᠦᠯᠦᠯᠲᠡ ᠶᠢ ᠰᠣᠨᠣᠰᠣᠨ᠂ ᠶᠡᠭᠡ ᠬᠤᠷᠠᠯ ᠤᠨ ᠵᠦᠪᠯᠡᠯᠬᠦ ᠵᠦᠢᠯ ︿ᠡᠬᠡ ᠨᠤᠤᠷᠠᠭ﹀ ᠵᠢᠴᠢ ᠳᠡᠰ ᠳᠠᠷᠠᠭᠠᠯᠠᠯ  ︿ᠡᠬᠡ ᠨᠤᠤᠷᠠᠭ﹀  ᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ᠂ ᠲᠡᠷᠢᠭᠦᠯᠡᠭᠴᠢᠳ ᠤᠨ ᠪᠦᠯᠬᠦᠮ ᠤᠨ ᠬᠤᠷᠠᠯ ᠤᠨ ᠡᠷᠬᠢᠯᠡᠭᠴᠢ᠂ ᠲᠡᠷᠢᠭᠦᠯᠡᠭᠴᠢᠳ ᠤᠨ ᠪᠦᠯᠬᠦᠮ ᠤᠨ ᠨᠠᠷᠢᠨ ᠪᠢᠴᠢᠭ ᠤᠨ ᠳᠠᠷᠤᠭ᠎ᠠ ᠶᠢᠨ ᠨᠡᠷ᠎ᠡ ︿ᠡᠬᠡ ᠨᠤᠤᠷᠠᠭ﹀ ᠬᠢᠭᠡᠳ ᠶᠡᠭᠡ ᠬᠤᠷᠠᠯ ᠤᠨ ᠰᠠᠨᠠᠯ ᠳᠣᠷᠠᠳᠣᠯᠭ᠎ᠠ ᠶᠢ ᠬᠢᠨᠠᠨ ᠪᠠᠶᠢᠴᠠᠭᠠᠬᠤ ᠵᠦᠪᠯᠠᠯ ᠤᠨ ᠨᠡᠷᠡᠰ ︿ ᠡᠬᠡ ᠨᠤᠤᠷᠠᠭ﹀ ᠢ ᠪᠠᠲᠤᠯᠠᠭᠰᠠᠨ ᠪᠠᠶᠢᠨ᠎ᠠ᠃               ᠬᠤᠷᠠᠯ ᠳᠡᠭᠡᠷ᠎ᠠ ᠯᠢᠦ ᠳ᠋ᠦᠩ ᠬᠠᠨ ᠠᠴᠠ᠂ ᠣᠯᠣᠰ ᠲᠦᠷᠦ ᠶᠢᠨ ᠵᠦᠪᠯᠡᠯᠭᠡᠨ ᠤ ᠬᠦᠪᠡᠭᠡᠲᠦ ᠰᠢᠷ᠎ᠠ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠣᠭᠠᠷ ᠣᠳᠠᠭᠠᠨ ᠤ ᠬᠤᠷᠠᠯᠳᠣᠭᠠᠨ ᠪᠤᠯ ᠪᠦᠬᠦ ᠬᠤᠰᠢᠭᠤ ᠪᠠᠷ ᠢᠶᠠᠨ ᠨᠠᠮ ᠤᠨ ᠠᠷᠪᠠ ᠶᠢᠰᠦᠳᠦᠭᠡᠷ ᠬᠤᠷᠠᠯ ᠤᠨ ᠵᠤᠷᠢᠭ ᠰᠠᠨᠠᠭ᠎ᠠ ᠶᠢ ᠰᠣᠷᠣᠯᠴᠠᠨ ᠲᠤᠱᠯᠠᠭᠤᠯᠵᠤ ᠪᠠᠶᠢᠭ᠎ᠠ ᠴᠠᠭ ᠮᠦᠴᠡ ᠳᠤ ᠬᠤᠷᠠᠯᠳᠣᠭᠰᠠᠨ ᠴᠢᠬᠤᠯᠠ ᠬᠤᠷᠠᠯ ᠪᠠᠶᠢᠵᠤ᠂ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠣᠯᠠᠨ ᠤ ᠣᠯᠣᠰ ᠲᠦᠷᠦ ᠶᠢᠨ ᠠᠮᠢᠳᠣᠷᠠᠯ ᠳᠠᠬᠢ ᠨᠢᠭᠡᠨ ᠴᠢᠬᠤᠯᠠ ᠣᠴᠢᠷ ᠪᠤᠯᠬᠤ ᠪᠦᠭᠡᠳ ᠮᠠᠨ ᠤ ᠬᠤᠰᠢᠭᠤᠨ ᠤ ᠠᠵᠤ ᠠᠬᠤᠢ᠂ ᠣᠯᠣᠰ ᠲᠦᠷᠦ᠂ ᠰᠣᠶᠤᠯ᠂ ᠨᠡᠶᠢᠭᠡᠮ᠂ ᠠᠮᠢ ᠠᠬᠤᠢ᠂ ᠶᠢᠨ ᠪᠤᠯᠪᠠᠰᠣᠨ ᠤ ᠪᠠᠶᠢᠭᠤᠯᠤᠯᠲᠠ ᠶᠢ ᠠᠬᠢᠭᠤᠯᠬᠤ ᠳᠤ ᠴᠢᠬᠤᠯᠠ ᠣᠳᠬ᠎ᠠ ᠠᠭᠤᠯᠭ᠎ᠠ ᠲᠠᠢ ᠶᠤᠮ ᠭᠡᠵᠦ ᠵᠢᠭᠠᠵᠤ ᠭᠠᠷᠭᠠᠬᠤ ᠶᠢᠨ ᠬᠠᠮᠲᠦ ᠲᠤᠰ ᠣᠳᠠᠭᠠᠨ ᠤ ᠬᠤᠷᠠᠯ ᠤᠨ ᠭᠤᠤᠯ ᠡᠭᠦᠷᠭᠡ ᠪᠤᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠦᠮᠲᠦ ᠦᠵᠡᠯ ᠰᠠᠨᠠᠭ᠎ᠠ ᠪᠠᠷ ᠵᠢᠯᠤᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠬᠤᠷᠠᠯ ᠤᠨ ᠵᠤᠷᠢᠭ ᠰᠠᠨᠠᠭ᠎ᠠ ᠶᠢ ᠰᠣᠷᠣᠯᠴᠠᠨ ᠲᠤᠤᠱᠯᠠᠭᠤᠯᠵᠤ᠂ ᠣᠯᠣᠰ ᠲᠦᠷᠦ ᠶᠢᠨ ᠵᠦᠪᠯᠡᠯᠭᠡᠨ ᠤ ᠬᠦᠪᠡᠭᠡᠲᠦ ᠰᠢᠷ᠎ᠠ ᠬᠤᠰᠢᠭᠤᠨ ᠤ ᠠᠷᠪᠠᠨ ᠭᠤᠷᠪᠠᠳᠣᠭᠠᠷ ᠬᠤᠭᠤᠴᠠᠭᠠᠨ ᠤ ᠬᠤᠷᠢᠶ᠎ᠠ  ᠶᠢᠨ ᠲᠠᠪᠤᠨ ᠵᠢᠯ ᠤᠨ ᠲᠤᠷᠰᠢᠬᠢ ᠠᠵᠢᠯ ᠢ ᠨᠠᠷᠢᠨ ᠬᠢᠨᠠᠮᠠᠭᠠᠢ ᠳ᠋ᠦᠩᠨᠡᠨ᠎ᠡ︔ ︽ᠨᠢᠭᠡ ᠣᠷᠳᠣᠨ ᠬᠤᠶᠠᠷ ᠬᠤᠷᠢᠶ᠎ᠠ︾ ᠶᠢᠨ ᠠᠵᠢᠯ ᠤᠨ ᠮᠡᠳᠡᠭᠦᠯᠦᠯᠲᠡ ᠵᠢᠴᠢ ᠪᠣᠰᠣᠳ ᠠᠵᠢᠯ ᠤᠨ ᠮᠡᠳᠡᠭᠦᠯᠦᠯᠲᠡ ᠶᠢ ᠰᠣᠨᠣᠰᠣᠨ᠎ᠠ︔ ᠰᠣᠩᠭᠤᠭᠤᠯᠢ  ᠪᠠᠷ ᠣᠯᠣᠰ ᠲᠦᠷᠦ ᠶᠢᠨ ᠵᠦᠪᠯᠡᠯᠭᠡᠨ ᠤ ᠬᠦᠪᠡᠭᠡᠲᠦ ᠰᠢᠷ᠎ᠠ ᠬᠤᠰᠢᠭᠤᠨ ᠤ ᠠᠷᠪᠠᠨ ᠲᠦᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠨᠠᠷᠢᠨ ᠪᠢᠴᠢᠭ ᠤᠨ ᠳᠠᠷᠤᠭ᠎ᠠ᠂ ᠪᠠᠶᠢᠩᠭᠤ ᠶᠢᠨ ᠭᠡᠰᠢᠭᠦᠨ ᠢ ᠰᠣᠩᠭᠤᠨ ᠭᠠᠷᠭᠠᠨ᠎ᠠ ᠭᠡᠵᠤ ᠲᠤᠳᠣᠷᠬᠠᠶᠢᠯᠠᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号