ᠬᠦᠪᠡᠭᠡᠲᠦ ᠰᠢᠷ᠎ᠠ ᠬᠤᠰᠢᠭᠤ ᠠᠷᠪᠠᠨ ᠲᠠᠪᠤᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠪᠦᠬᠦᠲᠡ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2018-01-22
              1 ᠰᠠᠷ᠎ᠠ ᠶᠢᠨ8 ᠤ ᠡᠳᠦᠷ᠂ ᠬᠦᠪᠡᠭᠡᠲᠦ ᠰᠢᠷ᠎ᠠ ᠬᠤᠰᠢᠭᠤ ᠠᠷᠪᠠᠨ ᠲᠠᠪᠤᠳᠣᠭᠠᠷ ᠬᠤᠭᠤᠴᠠᠭᠠᠨ  ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠪᠦᠬᠦᠲᠡ ᠬᠤᠷᠠᠯ  ᠬᠤᠰᠢᠭᠤ ᠰᠣᠷᠠᠭ ᠵᠠᠩᠬᠢᠵᠢᠭᠤᠯᠤᠯᠲᠠ ᠶᠢᠨ ᠲᠦᠪ ᠲᠤ ᠦᠪᠡᠳᠡᠭᠰᠢ ᠶᠡᠭᠡ ᠪᠠᠷ ᠡᠬᠢᠯᠡᠪᠡ᠃
              ᠬᠦᠪᠡᠭᠡᠲᠦ ᠰᠢᠷ᠎ᠠ ᠬᠤᠰᠢᠭᠤ ᠠᠷᠪᠠᠨ ᠲᠠᠪᠤᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠣᠷᠣᠯᠴᠠᠬᠤ ᠶᠤᠰᠣᠲᠠᠢ ᠬᠦᠮᠦᠨ ᠤ ᠲᠤᠭ᠎ᠠ119 ᠬᠦᠮᠦᠨ᠂ ᠬᠤᠷᠠᠯ ᠳᠤ ᠤᠷᠣᠯᠴᠠᠭᠰᠠᠨ117 ᠬᠦᠮᠦᠨ᠂ ᠬᠠᠣᠯᠢ ᠳᠤ ᠲᠤᠭᠲᠠᠭᠰᠠᠨ ᠬᠦᠮᠦᠨ ᠤ ᠲᠤᠭ᠎ᠠ ᠳᠤ ᠨᠡᠶᠢᠴᠡᠨ᠎ᠡ᠃
              ᠲᠤᠰ ᠣᠳᠠᠭᠠᠨ ᠤ ᠬᠤᠷᠠᠯ ᠤᠨ ᠭᠦᠢᠴᠡᠳᠭᠡᠭᠴᠢ ᠳᠠᠷᠤᠭ᠎ᠠ ᠲᠡᠷᠢᠭᠦᠯᠡᠭᠴᠢ᠄ ᠵᠤᠷᠢᠭᠲᠦ᠂ ᠭᠡᠷᠡᠯᠲᠦ᠂ ᠪᠦᠷᠢᠨᠪᠠᠶᠠᠷ᠂ ᠯᠤᠪᠰᠠᠩ᠂ ᠲᠢᠶᠠᠨ ᠷᠦᠢ ᠯᠠᠨ᠂ ᠠᠯᠲᠠᠨᠸᠠᠴᠢᠷ᠃ ᠠᠶᠢᠮᠠᠭ ᠤᠨ ᠬᠤᠭᠤᠴᠠᠭ᠎ᠠ ᠰᠣᠯᠢᠬᠤ ᠠᠵᠢᠯ ᠤᠨ ᠲᠠᠪᠤᠳᠣᠭᠠᠷ ᠳᠣᠭᠤᠶᠢᠯᠠᠩ ᠤᠨ ᠲᠤᠭᠤᠶᠢᠯᠠᠩ ᠤᠨ ᠳᠠᠷᠤᠭ᠎ᠠ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠳᠡᠳ᠋ ᠳᠠᠷᠤᠭ᠎ᠠ ᠵᠣᠣ ᠳ᠋ᠧ ᠶᠥᠩ᠂ ᠳᠡᠳ᠋ ᠳᠣᠭᠤᠶᠢᠯᠠᠩ  ᠤᠨ ᠳᠠᠷᠤᠭ᠎ᠠ  ᠠᠶᠢᠮᠠᠭ ᠤᠨ ᠪᠠᠶᠢᠴᠠᠭᠠᠬᠤ ᠬᠤᠷᠢᠶᠠᠨ ᠤ ᠰᠠᠯᠪᠦᠷᠢ ᠬᠤᠷᠢᠶᠠᠨ ᠪᠠᠶᠢᠴᠠᠭᠠᠬᠤ ᠳᠠᠷᠤᠭ᠎ᠠ ᠲᠢᠶᠠᠨ ᠵᠦᠩ ᠪᠣᠣ᠂  ᠬᠤᠰᠢᠭᠤ ᠣᠳᠣᠷᠢᠳᠣᠯᠭ᠎ᠠ ᠹᠦ᠋ ᡁᠢ ᠭᠠᠩ ᠵᠡᠷᠭᠡ ᠬᠤᠷᠠᠯ ᠳᠤ ᠰᠣᠯᠠ ᠣᠷᠣᠯᠴᠠᠵᠤ᠂ ᠬᠤᠰᠢᠭᠤ ᠠᠷᠠᠳ  ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠷᠬᠢᠯᠡᠭᠴᠢ ᠵᠤᠷᠢᠭᠲᠦ ᠬᠤᠷᠠᠯ ᠡᠷᠬᠢᠯᠡᠪᠡ᠃
              ᠶᠡᠭᠡ ᠬᠤᠷᠠᠯ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠣᠨᠣᠰᠣᠨ᠂ ᠦᠭᠡᠷᠡᠴᠢᠯᠡᠯᠲᠡ ᠬᠦᠭᠵᠢᠭᠦᠯᠦᠯᠲᠡ ᠶᠢᠨ ᠲᠤᠪᠴᠢᠶ᠎ᠠ ᠪᠠ ᠡᠳ᠋ ᠤᠨ ᠵᠠᠰᠠᠭ ᠤᠨ ᠲᠤᠪᠴᠢᠶᠠᠨ ᠤ ᠠᠵᠢᠯ ᠤᠨ ᠮᠡᠳᠡᠭᠦᠯᠦᠯᠲᠡ ᠶᠢ ᠬᠢᠨᠠᠵᠤ᠂ ᠰᠣᠩᠭᠤᠭᠤᠯᠢ ᠶᠢᠨ ᠬᠠᠤᠯᠢ ︿ᠡᠬᠡ ᠨᠤᠤᠷᠠᠭ﹀ ᠶᠢ ᠨᠡᠶᠢᠲᠡᠯᠡᠵᠡᠢ᠃ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠲᠦᠯᠦᠭᠡᠯᠡᠭᠴᠢᠳ᠂ ᠣᠯᠣᠰ ᠲᠦᠷᠦ ᠶᠢᠨ ᠵᠦᠪᠯᠡᠯᠭᠡᠨ ᠤ ᠭᠡᠰᠢᠭᠦᠨ᠂ ᠣᠨᠴᠠ ᠣᠷᠢᠭᠰᠡᠳ ︿10 ᠨᠡᠷ᠎ᠡ ᠰᠣᠷᠣᠭᠴᠢ ᠶᠢ ᠪᠠᠭᠳᠠᠭᠠᠨ᠎ᠠ﹀᠂ ᠪᠦᠬᠦ ᠬᠤᠰᠢᠭᠤᠨ ᠤ ᠳᠡᠳ᠋ ᠰᠠᠯᠠᠭᠠᠨ ᠳᠡᠰ ᠠᠴᠠ ᠳᠡᠭᠡᠭᠰᠢᠬᠢ ᠺᠠᠳ᠋ᠷ ᠬᠤᠷᠠᠯ ᠳᠤ ᠣᠷᠣᠯᠴᠠᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号