ᠰᠢᠯᠢ ᠶᠢᠨ ᠭᠤᠤᠯ ᠤᠨ ᠲᠠᠯ᠎ᠠ ᠨᠤᠲᠤᠭ ᠤᠨ ᠮᠦᠩᠭᠦᠨ ᠡᠪᠦᠯ ᠤᠨ ᠨᠠᠭᠠᠳᠣᠮ ᠵᠢᠴᠢ2018 ᠬᠦᠪᠡᠭᠡᠲᠦ ᠰᠢᠷ᠎ᠠ ᠬᠤᠰᠢᠭᠤᠨ ᠤ ᠡᠪᠦᠯ ᠤᠨ ᠣᠯᠠᠷᠢᠯ ᠤᠨ ᠰᠦᠯᠲᠡ ᠶᠢᠨ ᠲᠠᠬᠢᠯᠭ᠎ᠠ ᠶᠢᠨ ᠰᠣᠶᠣᠯ ᠵᠢᠭᠤᠯᠴᠢᠯᠠᠯ ᠤᠨ ᠨᠠᠶᠢᠷ ᠦᠪᠡᠳᠡᠭᠰᠢ ᠰᠠᠶᠢᠬᠠᠨ ᠶᠠᠪᠤᠭᠳᠠᠪᠠ
ᠨᠡᠶᠢᠲᠡᠯᠡᠭᠰᠡᠨ ᠴᠠᠭ᠄
2018-01-22
              1 ᠰᠠᠷ᠎ᠠ ᠶᠢᠨ19   ᠤ ᠡᠳᠦᠷ᠂ ᠰᠢᠯᠢ ᠶᠢᠨ ᠭᠤᠤᠯ ᠶᠢᠨ ᠲᠠᠯ᠎ᠠ ᠨᠤᠲᠤᠭ ᠤᠨ ᠮᠦᠩᠭᠦᠨ ᠡᠪᠦᠯ  ᠤᠨ ᠨᠠᠭᠠᠳᠣᠮ ᠵᠢᠴᠢ 2018 ᠬᠦᠪᠡᠭᠡᠲᠦ ᠰᠢᠷ᠎ᠠ ᠬᠤᠰᠢᠭᠤᠨ ᠤ ᠡᠪᠦᠯ ᠤᠨ ᠣᠯᠠᠷᠢᠯ ᠤᠨ ᠰᠦᠯᠲᠡ ᠶᠢᠨ ᠲᠠᠬᠢᠯᠭ᠎ᠠ  ᠶᠢᠨ ᠰᠣᠶᠣᠯ ᠵᠢᠭᠤᠯᠴᠢᠯᠠᠯ ᠤᠨ ᠨᠠᠶᠢᠷ ᠦᠪᠡᠳᠡᠭᠰᠢ ᠶᠡᠬᠡᠪᠡᠷ ᠶᠠᠪᠤᠭᠳᠠᠪᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠵᠤ᠂ ᠦᠨᠳᠦᠰᠦᠲᠡᠨ ᠤ ᠰᠢᠯᠢᠳᠡᠭ ᠰᠣᠶᠣᠯ ᠢ ᠣᠯᠠᠮᠵᠢᠯᠠᠬᠤ ᠪᠠ ᠪᠠᠳᠠᠷᠠᠭᠤᠯᠵᠤ᠂ ᠣᠷᠣᠨ ᠨᠤᠲᠤᠭ ᠤᠨ ᠣᠨᠴᠠᠯᠢᠭᠲᠦ ᠵᠢᠭᠤᠯᠴᠢᠯᠠᠯ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠬᠦᠪᠡᠭᠡᠲᠦ ᠰᠢᠷ᠎ᠠ ᠬᠤᠰᠢᠭᠤᠨ ᠤ ᠲᠦᠷᠪᠡᠨ ᠣᠯᠠᠷᠢᠯ ᠤᠨ ᠵᠢᠭᠤᠯᠴᠢᠯᠠᠯ ᠤᠨ ᠨᠠᠭᠠᠳᠣᠮ  ᠤᠨ ᠨᠡᠷᠡᠲᠦ ᠲᠡᠮᠳᠡᠭ ᠢ ᠡᠭᠦᠳᠴᠦ᠂ ︽ᠲᠤᠷᠭᠠᠨ ᠨᠤᠲᠤᠭ ᠬᠦᠪᠡᠭᠡᠲᠦ ᠰᠢᠷ᠎ᠠ — ᠲᠤᠮᠳᠠᠳᠣ ᠣᠯᠣᠰ ᠤᠨ ᠠᠰᠣᠷᠤ ᠠᠶᠠᠯᠭᠤ ᠶᠢᠨ ᠦᠯᠦᠭᠡᠢ︾ ᠭᠡᠮᠡᠬᠦ ᠨᠡᠷᠡᠲᠦ ᠲᠡᠮᠳᠡᠭ ᠤᠨ ᠨᠦᠯᠦᠭᠡ ᠶᠢ ᠣᠯᠠᠮ ᠦᠷᠭᠡᠳᠭᠡᠬᠦ ᠵᠤᠷᠢᠯᠭ᠎ᠠ ᠪᠠᠷ ᠬᠢᠭᠰᠡᠨ ᠲᠤᠰ ᠣᠳᠠᠭᠠᠨ ᠤ ᠨᠠᠶᠢᠷ ᠨᠠᠭᠠᠳᠣᠮ ᠢ ᠬᠦᠪᠡᠭᠡᠲᠦ ᠰᠢᠷ᠎ᠠ ᠬᠤᠰᠢᠭᠤᠨ ᠤ ᠨᠠᠮ ᠤᠨ ᠬᠤᠷᠢᠶ᠎ᠠ᠂ ᠠᠷᠠᠳ ᠤᠨ ᠵᠠᠰᠠᠭ  ᠤᠨ ᠣᠷᠳᠣᠨ ᠠᠴᠠ ᠭᠤᠤᠯᠯᠠᠨ ᠡᠷᠬᠢᠯᠡᠵᠦ᠂ ᠬᠦᠪᠡᠭᠡᠲᠦ ᠰᠢᠷ᠎ᠠ ᠬᠤᠰᠢᠭᠤᠨ ᠤ ᠤᠬᠠᠭᠤᠯᠬᠤ ᠬᠡᠯᠲᠡᠰ᠂ ᠬᠦᠪᠡᠭᠡᠲᠦ ᠰᠢᠷ᠎ᠠ ᠬᠤᠰᠢᠭᠤᠨ ᠤ ᠰᠣᠶᠤᠯ ᠲᠠᠮᠢᠷ ᠷᠠᠳᠢᠤ᠋ ᠺᠢᠨᠤ᠋ ᠲᠧᠯᠸᠢᠰ ᠵᠢᠭᠤᠯᠴᠢᠯᠠᠯ ᠤᠨ ᠲᠤᠪᠴᠢᠶ᠎ᠠ ᠠᠴᠠ ᠳᠠᠭᠠᠭᠠᠴᠢᠯᠠᠨ ᠡᠷᠬᠢᠯᠡᠵᠡᠢ᠃
              ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠤᠷᠢᠭᠲᠦ ᠠᠴᠠ ᠰᠢᠯᠢ ᠶᠢᠨ ᠭᠤᠤᠯ ᠤᠨ ᠲᠠᠯ᠎ᠠ ᠨᠤᠲᠤᠭ ᠤᠨ ᠮᠦᠩᠭᠦᠨ ᠡᠪᠦᠯ ᠤᠨ ᠨᠠᠭᠠᠳᠣᠮ ᠵᠢᠴᠢ2018 ᠬᠦᠪᠡᠭᠡᠲᠦ ᠰᠢᠷ᠎ᠠ ᠬᠤᠰᠢᠭᠤᠨ ᠤ ᠡᠪᠦᠯ ᠤᠨ ᠣᠯᠠᠷᠢᠯ ᠤᠨ ᠰᠦᠯᠲᠡ ᠶᠢᠨ ᠲᠠᠬᠢᠯᠭ᠎ᠠ ᠶᠢᠨ ᠰᠣᠶᠣᠯ ᠵᠢᠭᠤᠯᠴᠢᠯᠠᠯ ᠤᠨ ᠨᠠᠶᠢᠷ ᠡᠬᠢᠯᠡᠭᠰᠡᠨ ᠢ ᠵᠠᠷᠯᠠᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠯᠢ ᠮᠧᠩ ᠶᠠᠨ ᠣᠭᠳᠣᠯᠭ᠎ᠠ ᠶᠢᠨ ᠶᠠᠷᠢᠶ᠎ᠠ ᠬᠢᠵᠤ᠂ ᠬᠤᠰᠢᠭᠤ ᠳᠡᠳ᠋ ᠳᠠᠷᠤᠭ᠎ᠠ ᠲᠤᠯᠭᠠᠭᠤᠷᠢ ᠶᠤᠰᠣᠯᠠᠯ ᠢ ᠡᠷᠬᠢᠯᠡᠵᠡᠢ᠃ ᠨᠠᠶᠢᠷ ᠲᠤ ᠠᠪᠠᠭ᠎ᠠ᠂ ᠪᠠᠷᠠᠭᠤᠨ ᠦᠵᠦᠮᠦᠴᠢᠨ ᠵᠡᠷᠭᠡ ᠮᠠᠨ ᠤ ᠠᠶᠢᠮᠠᠭ ᠤᠨ ᠡᠯ᠎ᠡ ᠬᠤᠰᠢᠭᠤ ᠰᠢᠶᠠᠨ  ᠤ ᠣᠳᠣᠷᠢᠳᠣᠯᠭ᠎ᠠ ᠪᠠ ᠬᠦᠪᠡᠭᠡᠲᠦ ᠰᠢᠷ᠎ᠠ ᠬᠤᠰᠢᠭᠤᠨ ᠤ ᠲᠦᠷᠪᠡᠨ ᠶᠡᠭᠡ ᠣᠳᠣᠷᠢᠳᠬᠤ ᠪᠠᠭ ᠤᠨ ᠣᠳᠣᠷᠢᠳᠣᠯᠭ᠎ᠠ ᠣᠷᠣᠯᠴᠠᠭᠰᠠᠨ ᠪᠠᠶᠢᠨ᠎ᠠ᠃               ᠰᠢᠯᠢ ᠶᠢᠨ ᠭᠤᠤᠯ ᠤᠨ ᠲᠠᠯ᠎ᠠ ᠨᠤᠲᠤᠭ ᠤᠨ ᠮᠦᠩᠭᠦᠨ ᠡᠪᠦᠯ ᠤᠨ ᠨᠠᠭᠠᠳᠣᠮ ᠵᠢᠴᠢ2018 ᠬᠦᠪᠡᠭᠡᠲᠦ ᠰᠢᠷ᠎ᠠ ᠬᠤᠰᠢᠭᠤᠨ ᠤ ᠡᠪᠦᠯ ᠤᠨ ᠣᠯᠠᠷᠢᠯ ᠤᠨ ᠰᠦᠯᠲᠡ ᠶᠢᠨ ᠲᠠᠬᠢᠯᠭ᠎ᠠ ᠶᠢᠨ ᠰᠣᠶᠣᠯ ᠵᠢᠭᠤᠯᠴᠢᠯᠠᠯ  ᠤᠨ ᠨᠠᠶᠢᠷ ᠨᠢ ᠮᠤᠩᠭᠤᠯ ᠦᠨᠳᠦᠰᠦᠲᠡᠨ ᠤ ᠣᠯᠠᠮᠵᠢᠯᠠᠯᠲᠦ ᠴᠠᠭᠠᠨ ᠰᠦᠯᠲᠡ ᠶᠢᠨ ᠲᠠᠬᠢᠯᠭ᠎ᠠ᠂ ᠨᠠᠶᠢᠷ ᠤᠨ ᠡᠬᠢᠯᠡᠯᠲᠡ ᠶᠢᠨ ᠶᠤᠰᠣᠯᠠᠯ᠂ ᠬᠦᠴᠦᠲᠦ128 ᠪᠦᠬᠡ ᠶᠢᠨ ᠪᠠᠷᠢᠯᠳᠣᠭᠠᠨ᠂ ᠨᠤᠮᠤ ᠰᠣᠮᠣ ᠬᠠᠷᠪᠤᠬᠤ ᠣᠷᠣᠯᠳᠣᠭᠠᠨ᠂ ᠭᠠᠩᠭᠠᠩ ᠮᠤᠷᠢᠨ ᠤ ᠠᠳᠠᠯᠢᠳᠬᠠᠨ ᠰᠢᠯᠭᠠᠷᠠᠭᠤᠯᠤᠯᠲᠠ ᠵᠡᠷᠭᠡ ᠪᠠᠶᠠᠯᠢᠭ ᠠᠭᠤᠯᠭ᠎ᠠ ᠪᠠᠷ ᠨᠢᠵᠢᠭᠢᠷ ᠰᠠᠶᠢᠬᠠᠨ ᠶᠠᠪᠤᠭᠳᠠᠵᠤ᠂ ᠴᠠᠰᠣᠲᠦ ᠲᠠᠯ᠎ᠠ ᠶᠢ ᠪᠠᠶᠠᠰᠣᠯ ᠢᠶᠠᠷ ᠪᠢᠯᠬᠠᠭᠤᠯᠵᠠᠢ᠃
              ᠰᠦᠯᠲᠡ ᠶᠢᠨ ᠲᠠᠬᠢᠯᠭ᠎ᠠ ᠶᠢᠨ ᠶᠤᠰᠣᠯᠠᠯ ᠳᠤ ᠲᠦᠷᠪᠡᠨ ᠵᠦᠭ ᠨᠠᠢᠮᠠᠨ ᠵᠤᠪᠬᠢᠰ ᠠᠴᠠ ᠴᠤᠭᠯᠠᠷᠠᠭᠰᠠᠨ ᠦᠷᠭᠡᠨ ᠣᠯᠠᠨ ᠲᠠᠬᠢᠯᠭᠠᠴᠢᠨ ᠴᠠᠭᠠᠨ ᠰᠦᠯᠳᠡᠨ ᠳᠡᠭᠡᠨ ᠵᠠᠯᠪᠠᠷᠢᠨ ᠳᠠᠭᠠᠳᠬᠠᠵᠤ᠂ ᠠᠵᠠ ᠵᠢᠷᠭᠠᠯ ᠰᠠᠶᠢᠨ ᠰᠠᠶᠢᠬᠠᠨ ᠪᠦᠬᠦᠨ ᠢ ᠬᠦᠰᠡᠨ ᠬᠤᠷᠣᠶᠢᠯᠠᠭᠰᠠᠨ ᠪᠠᠶᠢᠨ᠎ᠠ᠃               ᠨᠠᠶᠢᠷ ᠤᠨ ᠵᠢᠭᠰᠠᠭᠠᠯ ᠳᠤ ᠬᠤᠰᠢᠭᠤ ᠨᠤᠲᠤᠭ ᠤᠨ ᠢᠶᠠᠨ ᠠᠵᠤ ᠠᠬᠤᠢ ᠨᠡᠶᠢᠭᠡᠮ ᠤᠨ ᠬᠦᠭᠵᠢᠯᠲᠡ ᠳᠤ ᠦᠪᠡᠷ ᠦᠪᠡᠷ ᠤᠨ ᠬᠡᠰᠡᠨ ᠦᠩᠭᠡ ᠲᠦᠷᠬᠦ ᠪᠠᠷ ᠢᠶᠠᠨ ᠲᠤᠳᠣᠷᠠᠵᠤ ᠶᠠᠪᠤᠭ᠎ᠠ ᠠᠳᠣᠭᠤᠴᠢᠨ᠂ ᠪᠦᠬᠡᠴᠢᠨ᠂ ᠤᠷᠠᠯᠢᠭᠴᠢᠨ᠂ ᠺᠠᠳ᠋ᠷ ᠵᠡᠷᠭᠡ ᠨᠡᠶᠢᠭᠡᠮ ᠤᠨ ᠡᠯ᠎ᠡ ᠠᠵᠢᠯ ᠲᠦᠷᠦᠯ ᠤᠨ ᠲᠦᠯᠦᠭᠡᠯᠡᠭᠴᠢᠳ ᠢᠶᠠᠷ ᠪᠦᠷᠢᠯᠳᠦᠭᠰᠡᠨ ᠵᠢᠭᠰᠠᠭᠠᠯ ᠤᠨ ᠡᠩᠨᠡᠭᠡ ᠨᠢ ᠵᠠᠯᠭᠠᠪᠡᠷ ᠲᠠᠯᠠᠪᠡᠢ ᠳᠤ ᠣᠷᠣᠵᠤ ᠮᠤᠷᠢᠲᠠᠨ ᠦᠨᠳᠦᠰᠦᠲᠡᠨ ᠤ ᠰᠦᠷ ᠵᠢᠪᠬᠤᠭ᠎ᠠ᠂ ᠨᠡᠭᠦᠳᠡᠯ ᠰᠣᠶᠤᠯ ᠤᠨ ᠠᠤᠭ᠎ᠠ ᠭᠠᠶᠢᠬᠠᠮᠰᠢᠭ ᠢ ᠨᠠᠭᠠᠳᠣᠮᠴᠢᠨ ᠣᠯᠠᠨ ᠳᠠᠭᠠᠨ ᠬᠠᠷᠠᠭᠤᠯᠤᠨ ᠪᠠᠶᠠᠰᠬᠠᠯ᠎ᠠ ᠃ ᠢᠯᠠᠩᠭᠤᠶ᠎ᠠ ᠣᠯᠠᠮᠵᠢᠯᠠᠯᠲᠦ ᠬᠤᠪᠴᠠᠰᠦ ᠵᠠᠰᠠᠯ ᠤᠨ ᠭᠤᠸ᠎ᠠ ᠰᠠᠶᠢᠬᠠᠨ᠂ ᠣᠷᠠᠨ ᠣᠶᠣᠳᠠᠯ ᠢ ᠬᠤᠷᠠᠭᠰᠠᠨ ᠣᠯᠠᠨ  ᠳᠠᠭᠠᠨ ᠭᠠᠶᠢᠬᠠᠭᠤᠯᠤᠨ ᠨᠠᠶᠢᠷ ᠲᠤ ᠴᠢᠮᠡᠭ ᠪᠤᠯᠵᠤ ᠪᠠᠶᠢᠯ᠎ᠠ᠃ ᠶᠤᠰᠣᠯᠠᠯ ᠳᠡᠭᠡᠷ᠎ᠡ ᠪᠠᠰᠠ ᠠᠷᠢᠭᠤᠨ ᠭᠠᠯ ᠢᠶᠠᠨ ᠠᠰᠠᠭᠠᠬᠤ ᠶᠤᠰᠣᠯᠠᠯ ᠢ ᠶᠠᠪᠤᠭᠳᠠᠭᠤᠯᠵᠤ᠂ ᠭᠠᠯ ᠤᠨ ᠢᠷᠦᠭᠡᠯ ᠬᠡᠯᠡᠨ ᠠᠯᠢᠪᠠ ᠰᠠᠶᠢᠨ ᠰᠠᠶᠢᠬᠠᠨ ᠢ ᠬᠦᠰᠡᠨ ᠵᠦᠩᠨᠡᠵᠡᠢ᠃ ᠡᠬᠢᠯᠡᠯᠲᠡ ᠶᠢᠨ ᠶᠤᠰᠣᠯᠠᠯ ᠳᠡᠭᠡᠷ᠎ᠡ ᠮᠠᠨ ᠤ ᠣᠷᠣᠨ ᠤ ᠨᠡᠷᠡᠲᠦ ᠣᠷᠠᠯᠢᠭᠴᠢᠨ ᠣᠶᠤᠨᠰᠠᠩ ᠣᠶᠠᠩᠭᠠᠲᠤ ᠲᠠᠭᠤᠤ ᠪᠠᠨ ᠡᠷᠭᠦᠭᠰᠡᠨ ᠪᠦᠭᠡᠳ ᠬᠦᠪᠡᠭᠡᠲᠦ ᠰᠢᠷ᠎ᠠ ᠬᠤᠰᠢᠭᠤᠨ ᠤ ᠣᠯᠠᠭᠠᠨᠮᠦᠴᠢᠷ ᠤᠨ ᠣᠷᠠᠯᠢᠭᠴᠢᠳ  ᠠᠴᠠ ᠢᠷᠠᠭᠤ ᠡᠭᠡᠰᠢᠭ ᠲᠠᠢ ᠨᠠᠶᠢᠷ ᠤᠨ ᠳᠠᠭᠤᠤ ᠪᠠᠨ ᠡᠷᠭᠦᠨ ᠪᠠᠷᠢᠵᠤ᠂ ᠬᠦᠪᠡᠭᠡᠲᠦ ᠰᠢᠷ᠎ᠠ ᠬᠤᠰᠢᠭᠤᠨ ᠤ ᠪᠠᠨ ᠦᠷᠨᠢᠭᠦᠨ ᠬᠦᠭᠵᠢᠯᠲᠡ ᠪᠠ ᠣᠰᠣ ᠨᠤᠲᠤᠭ ᠤᠨ ᠬᠦᠮᠦᠨ ᠠᠷᠠᠳ ᠤᠨ ᠰᠠᠶᠢᠨ ᠰᠠᠶᠢᠬᠠᠨ ᠲᠦᠷᠢ ᠲᠦᠷᠬᠦ ᠶᠢ ᠬᠠᠷᠠᠭᠤᠯᠤᠭᠰᠠᠨ ᠪᠠᠶᠢᠨ᠎ᠠ᠃               ᠨᠠᠶᠢᠷ ᠤᠨ ᠡᠬᠢᠯᠡᠯᠲᠡ ᠶᠢᠨ ᠶᠤᠰᠣᠯᠠᠯ ᠤᠨ ᠳᠠᠷᠠᠭ᠎ᠠ ᠶᠠᠪᠤᠭᠳᠠᠭᠰᠠᠨ ᠡᠷ᠎ᠡ ᠶᠢᠨ ᠭᠤᠷᠪᠠᠨ ᠨᠠᠭᠠᠳᠣᠮ ᠤᠨ ᠬᠦᠴᠦᠲᠦ128 ᠪᠦᠬᠡ ᠶᠢᠨ ᠪᠠᠷᠢᠯᠳᠣᠭᠠᠨ ᠳᠤ ᠰᠢᠯᠤᠭᠤᠨ ᠬᠦᠬᠡ ᠶᠢᠨ ᠲᠤᠯᠭᠠᠭᠤᠷᠢ ᠦᠵᠦᠯᠡᠵᠦ᠂ ᠬᠦᠪᠡᠭᠡᠲᠦ ᠰᠢᠷ᠎ᠠ ᠶᠢᠨ ᠨᠠᠰᠣᠨᠴᠤᠭᠲᠦ ᠵᠠᠶᠢᠯᠠᠨ᠂ ᠰᠢᠯᠤᠭᠤᠨ ᠴᠠᠭᠠᠨ ᠤ ᠪᠦᠷᠢᠨᠰᠠᠶᠢᠨ᠂ ᠬᠦᠪᠡᠭᠡᠲᠦ ᠰᠢᠷ᠎ᠠ ᠬᠤᠰᠢᠭᠤᠨ ᠤ ᠠᠯᠳᠠᠷᠴᠤᠭᠲᠦ ᠳᠡᠭᠡᠳᠦ ᠲᠦᠷᠪᠡ ᠳᠤ ᠲᠤᠳᠣᠷᠠᠵᠤ᠂ ᠠᠪᠤᠷᠭᠤ ᠪᠠᠶᠠᠷᠪᠠᠭᠠᠲᠤᠷ᠂ ᠬᠦᠪᠡᠭᠡᠲᠦ ᠰᠢᠷ᠎ᠠ ᠬᠤᠰᠢᠭᠤᠨ ᠤ ᠪᠤᠯᠤᠷ᠂ ᠦᠯᠵᠡᠶᠢᠪᠠᠶᠠᠷ᠂ ᠬᠤᠤᠰᠮᠡᠨᠲᠦ ᠲᠤᠰ ᠲᠤᠰ ᠳᠡᠭᠡᠲᠦ ᠨᠠᠢᠮᠠ ᠳᠤ ᠲᠤᠳᠣᠷᠠᠭᠰᠠᠨ ᠪᠠᠶᠢᠨ᠎ᠠ᠃               ᠲᠤᠰ ᠣᠳᠠᠭᠠᠨ ᠤ ᠨᠠᠶᠢᠷ ᠤᠨ ᠬᠤᠷᠳᠣᠨ ᠮᠤᠷᠢᠨ ᠤ ᠣᠷᠣᠯᠳᠣᠭᠠᠨ ᠪᠤᠭᠳᠠ ᠶᠢᠨ ᠭᠤᠤᠯ ᠰᠣᠮᠣᠨ ᠤ ᠪᠤᠯᠳᠣ ᠭᠠᠴᠠᠭᠠᠨ ᠤ ᠴᠠᠰᠣᠲᠦ ᠲᠡᠨᠵᠢ ᠬᠤᠳᠣᠯᠵᠠᠭᠤᠯᠤᠨ ᠶᠠᠪᠤᠭᠳᠠᠵᠤ᠂ ᠬᠡᠶᠢᠮᠤᠷᠢᠲᠦ ᠬᠦᠯᠦᠭ ᠤᠳ ᠰᠠᠯᠬᠢ ᠲᠠᠢ ᠣᠷᠣᠯᠳᠣᠨ ᠬᠤᠷᠳᠣᠯᠠᠵᠤ ᠣᠨᠣᠭᠰᠠᠨ ᠬᠡᠦᠬᠡᠳ ᠤᠶᠠᠭᠰᠠᠨ ᠡᠵᠡᠨ ᠢᠶᠠᠨ ᠪᠠᠶᠠᠰᠬᠠᠭᠰᠠᠨ ᠪᠠᠶᠢᠨ᠎ᠠ᠃ ᠣᠷᠣᠯᠳᠣᠭᠠᠨ ᠳᠤ ᠬᠦᠪᠡᠭᠡᠲᠦ ᠰᠢᠷ᠎ᠠ ᠬᠤᠰᠢᠭᠤᠨ ᠠᠴᠠ ᠭᠠᠳᠠᠨ᠎ᠠ᠂ ᠪᠠᠷᠠᠭᠤᠨ ᠰᠦᠨᠢᠳ᠂ ᠵᠡᠭᠦᠨ ᠰᠦᠨᠢᠳ᠂ ᠠᠪᠠᠭ᠎ᠠ ᠵᠡᠷᠭᠡ ᠪᠤᠶᠠᠨᠲᠦ ᠨᠤᠲᠤᠭ ᠤᠨ ᠲᠠᠪᠢᠭᠠᠳ ᠮᠤᠷᠢ ᠰᠢᠳᠠᠰᠦ ᠰᠢᠯᠭᠠᠵᠤ᠂ ᠮᠦᠩᠭᠦᠨ ᠡᠪᠦᠯ ᠤᠨ ᠨᠠᠭᠠᠳᠣᠮ  ᠤᠨ ᠰᠣᠳᠣᠨ ᠦᠵᠡᠮᠵᠢ ᠪᠤᠯᠤᠨ ᠲᠤᠳᠣᠷᠠᠵᠤ᠂ ᠪᠠᠷᠠᠭᠤᠨ ᠰᠦᠨᠢᠳ ᠤᠨ ᠠᠴᠢᠲᠦ ᠠᠭᠤᠯᠠ ᠶᠢᠨ ᠮᠡᠷᠭᠡᠨᠲᠦ ᠶᠢᠨ ᠬᠠᠷ᠎ᠠ ᠮᠤᠷᠢ᠂ ᠵᠡᠭᠦᠨ ᠰᠦᠨᠢᠳ ᠬᠤᠰᠢᠭᠤᠨ ᠤ ᠳᠠᠪᠬᠤᠷᠪᠠᠶᠠᠷ ᠤᠨ ᠬᠦᠷᠡᠩ ᠮᠤᠷᠢ᠂ ᠪᠠᠷᠠᠭᠤᠨ ᠰᠦᠨᠢᠳ ᠤᠨ ᠮᠡᠷᠭᠡᠨᠲᠦ ᠶᠢᠨ ᠬᠠᠯᠳᠡᠷ ᠮᠤᠷᠢ᠂ ᠵᠡᠭᠦᠨ ᠰᠦᠨᠢᠳ ᠤᠨ ᠬᠠᠶᠢᠷ᠎ᠠ ᠶᠢᠨ ᠠᠯᠠᠭ ᠮᠤᠷᠢ᠂ ᠵᠡᠭᠦᠨ ᠰᠦᠨᠢᠳ ᠤᠨ ᠲᠤᠷᠰᠬᠠᠯᠲᠦ ᠶᠢᠨ ᠠᠯᠠᠭ ᠮᠤᠷᠢ ᠲᠤᠰ ᠲᠤᠰ ᠠᠶᠢᠷᠠᠭ ᠤᠨ ᠲᠠᠪᠤ ᠳᠤ ᠳᠠᠪᠬᠢᠵᠠᠢ᠃               ᠭᠠᠩᠭᠠᠩ ᠮᠤᠷᠢᠨ ᠤ ᠠᠳᠠᠯᠢᠳᠬᠠᠨ ᠰᠢᠯᠭᠠᠷᠠᠭᠤᠯᠤᠯᠲᠠ ᠶᠢᠨ ᠣᠷᠣᠯᠳᠣᠭᠠᠨ ᠨᠢ ᠬᠠᠶᠠᠩᠬᠢᠷᠸ᠎ᠠ ᠨᠠᠭᠠᠳᠣᠮ ᠤᠨ ᠲᠠᠯᠠᠪᠠᠢ ᠳᠤ ᠠᠮᠵᠢᠯᠲᠠ ᠲᠠᠢ ᠶᠠᠪᠤᠭᠳᠠᠵᠤ᠂ ᠬᠦᠪᠡᠭᠡᠲᠦ ᠰᠢᠷ᠎ᠠ ᠬᠤᠰᠢᠭᠤᠨ ᠤ ᠡᠯ᠎ᠡ ᠰᠣᠨᠮᠣ ᠪᠠᠯᠭᠠᠰᠣᠨ ᠤ45 ᠮᠤᠷᠢ ᠣᠷᠣᠯᠴᠠᠵᠠᠢ᠃ ᠣᠷᠣᠯᠳᠣᠭᠠᠨ ᠨᠢ ᠮᠤᠩᠭᠤᠯ ᠮᠤᠷᠢ ᠣᠷᠣᠯᠴᠠᠭᠤᠯᠬᠤ᠂ ᠡᠳ᠋ᠯᠡᠯ ᠬᠡᠷᠡᠭᠰᠡᠯ ᠪᠦᠷᠢᠨ᠂ ᠮᠤᠷᠢᠳ ᠤᠨ ᠡᠵᠡᠳ ᠮᠤᠩᠭᠤᠯ ᠭᠤᠶᠤᠯᠠᠯ ᠲᠠᠢ ᠪᠠᠶᠢᠬᠤ ᠵᠡᠷᠭᠡ ᠮᠡᠰᠢ ᠨᠠᠷᠢᠨ ᠪᠠᠷᠢᠮᠵᠢᠶ᠎ᠠ ᠲᠤᠭᠲᠠᠭᠠᠵᠤ᠂ ᠣᠷᠣᠯᠳᠣᠭᠠᠨ ᠢ ᠲᠦᠪ ᠭᠤᠤᠯᠴᠢ ᠶᠠᠪᠤᠭᠳᠠᠭᠤᠯᠵᠤ᠂ ᠪᠠᠶᠠᠨᠲᠠᠯ᠎ᠠ ᠪᠠᠯᠭᠠᠰᠣᠨ ᠤ ᠬᠤᠪᠢᠰᠬᠠᠯᠲᠦ ᠶᠢᠨ ᠬᠡᠭᠡᠷ ᠮᠤᠷᠢ ᠲᠡᠷᠢᠭᠦᠯᠡᠨ᠂ ᠣᠩᠭᠤᠨ ᠠᠭᠤᠯᠠ ᠰᠣᠮᠣᠨ ᠤ ᠰᠡᠴᠡᠨᠪᠢᠯᠢᠭ ᠤᠨ ᠬᠠᠷ᠎ᠠ ᠮᠤᠷᠢ ᠬᠤᠶᠠᠳᠣᠭᠠᠷ ᠲᠤ ᠣᠷᠣᠵᠤ᠂ ᠪᠤᠭᠳᠠ  ᠶᠢᠨ ᠭᠤᠤᠯ ᠰᠣᠮᠣᠨ ᠤ ᠪᠠᠶᠠᠷᠲᠦ ᠶᠢᠨ ᠬᠡᠭᠡᠷ ᠮᠤᠷᠢ ᠭᠤᠷᠪᠠᠳᠣᠭᠠᠷ ᠲᠤ ᠤᠷᠤᠵᠠᠢ᠃
              ᠨᠤᠮᠤ ᠰᠣᠮᠣ ᠬᠠᠷᠪᠤᠬᠤ ᠣᠷᠣᠯᠳᠣᠭᠠᠨ ᠳᠤ ᠣᠷᠳᠣᠰ᠂ ᠪᠠᠶᠠᠨᠨᠠᠭᠤᠷ᠂ ᠣᠯᠠᠭᠠᠨᠴᠠᠪ᠂ ᠰᠢᠯᠢ ᠶᠢᠨ ᠭᠤᠤᠯ ᠵᠡᠷᠭᠡ ᠲᠦᠷᠪᠡᠨ ᠠᠶᠢᠮᠠᠭ ᠬᠤᠲᠠ ᠶᠢᠨ15 ᠬᠤᠰᠢᠭᠤ ᠰᠢᠶᠠᠨ ᠤ 135 ᠮᠡᠷᠭᠡᠨ ᠬᠠᠷᠪᠤᠭᠠᠴᠢᠨ ᠣᠷᠣᠯᠴᠠᠵᠤ ᠣᠷ᠎ᠠ ᠲᠠᠮᠢᠷ ᠢᠶᠠᠨ ᠰᠢᠯᠭᠠᠨ ᠪᠦᠲᠦᠨ ᠡᠳᠦᠷ ᠬᠤᠷᠴᠠ ᠰᠢᠷᠦᠭᠦᠨ ᠦᠷᠢᠰᠦᠯᠳᠦᠭᠰᠡᠨ ᠤ ᠳ᠋ᠦᠩ ᠳᠤ ᠵᠡᠭᠦᠨ ᠰᠦᠨᠢᠳ ᠤᠨ ᠲᠡᠮᠦᠷᠠᠭᠤᠯᠠ ᠲᠡᠷᠢᠭᠦᠨ ᠨᠡᠷ᠎ᠡ᠂ ᠵᠡᠭᠦᠨ ᠰᠦᠨᠢᠳ ᠤᠨ ᠣᠯᠠᠭᠠᠨᠵᠠᠨ᠎ᠠ ᠳᠡᠳ᠋ ᠨᠡᠷ᠎ᠡ᠂ ᠠᠪᠠᠭ᠎ᠠ ᠬᠤᠰᠢᠭᠤᠨ ᠤ ᠵᠢᠷᠦᠮᠲᠦ ᠭᠤᠷᠪᠠᠳᠣᠭᠠᠷ ᠨᠡᠷ᠎ᠡ᠂ ᠰᠢᠯᠤᠭᠤᠨ ᠴᠠᠭᠠᠨ ᠬᠤᠰᠢᠭᠤᠨ ᠤ ᠪᠦᠷᠢᠨᠪᠦ᠋ᠬᠡ ᠲᠦᠷᠪᠡᠳᠦᠭᠡᠷ ᠨᠡᠷ᠎ᠡ ᠳᠤ ᠲᠤᠰ ᠲᠤᠰ ᠲᠤᠳᠣᠷᠠᠭᠰᠠᠨ ᠪᠠᠶᠢᠨ᠎ᠠ᠃               ᠲᠤᠰ ᠣᠳᠠᠭᠠᠨ ᠤ ᠡᠪᠦᠯ ᠤᠨ ᠣᠯᠠᠷᠢᠯ ᠤᠨ ᠴᠠᠭᠠᠨ ᠰᠦᠯᠲᠡ ᠶᠢᠨ ᠰᠣᠶᠣᠯ ᠵᠢᠭᠤᠯᠴᠢᠯᠠᠯ ᠤᠨ ᠨᠠᠶᠢᠷ ᠨᠢ ᠭᠤᠷᠪᠠ ᠶᠢᠰᠦ ᠶᠢᠨ ᠭᠤᠶᠤᠬᠠᠨ ᠵᠤᠭᠤᠭ ᠪᠤᠯᠤᠨ ᠶᠠᠷᠢᠭᠳᠠᠵᠤ᠂ ᠠᠬᠢᠨ ᠲᠤᠷᠠᠰᠬᠤ ᠨᠠᠨᠳᠢᠨ ᠲᠤᠷᠠᠰᠣᠮᠵᠢ ᠪᠤᠯᠤᠨ ᠲᠡᠮᠳᠡᠭᠯᠡᠭᠳᠡᠵᠦ᠂ ᠠᠷᠠᠳ ᠤᠨ ᠳᠣᠮᠳᠠ ᠳᠣᠮᠤᠭ ᠲᠠᠢ ᠣᠯᠠᠨ ᠤ ᠲᠤᠮᠳᠠ ᠦᠯᠢᠭᠡᠷ ᠲᠠᠢ᠂ ᠠᠬᠢᠨ ᠵᠤᠯᠭᠠᠬᠤ ᠢᠷᠦᠭᠡᠯ ᠲᠠᠢ ᠣᠴᠢᠷᠲᠠᠢ ᠰᠠᠶᠢᠬᠠᠨ ᠦᠨᠳᠦᠷᠯᠡᠭᠰᠡᠨ ᠪᠠᠶᠢᠨ᠎ᠠ᠃ ︿ᠰᠣᠷᠪᠤᠯᠵᠢᠯᠠᠭᠴᠢ  ᠳᠠᠪᠰᠢᠯᠲᠦ  ᠰᠢᠨᠡᠬᠦᠦ﹀
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号