﹇2018.1﹈ | ᠬᠦᠪᠡᠭᠡᠲᠦ ᠰᠢᠷ᠎ᠠ ᠬᠤᠰᠢᠭᠤᠨ ᠤ ᠠᠷᠪᠠᠨ ᠲᠠᠪᠣᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨᠶᠡᠭᠡ | ᠬᠤᠷᠠᠯ ᠤᠨ ᠠᠩᠬᠠᠳᠣᠭᠠᠷ ᠤᠳᠠᠭᠠᠨ ᠤ ᠬᠤᠷᠠᠯᠳᠣᠭᠠᠨ ᠤ ᠪᠢᠴᠢᠭᠮᠠᠲ᠋ᠧᠷᠢᠶᠠᠯ ᠬᠤᠶᠠᠷ | | | ᠵᠠᠰᠠᠭ ᠤᠨ ᠣᠷᠳᠣᠨ ᠤ ᠠᠵᠢᠯ ᠤᠨ ᠢᠯᠡᠳᠬᠡᠯ | — — ᠬᠦᠪᠡᠭᠡᠲᠦ ᠰᠢᠷ᠎ᠠ ᠬᠤᠰᠢᠭᠤᠨ ᠤ ᠠᠷᠪᠠᠨ ᠲᠠᠪᠣᠳᠣᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠠᠩᠬᠠᠳᠣᠭᠠᠷ ᠤᠳᠠᠭᠠᠨ ᠤ ᠬᠤᠷᠠᠯᠳᠣᠭᠠᠨ | ᠳᠡᠭᠡᠷ᠎ᠡ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠳᠠᠷᠤᠭ᠎ᠠ ᠬᠤᠪᠢᠰᠬᠠᠯᠲᠤ | ( 2018 ᠤᠨ ᠤ 1 ᠰᠠᠷ᠎ᠠ ᠶᠢᠨ 8 ᠤ ᠡᠳᠤᠷ) | ᠲᠦᠯᠦᠭᠡᠯᠡᠭᠴᠢᠳ ᠡ᠄ | ᠣᠳᠣ ᠪᠢ᠂ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠦ ᠶᠡᠭᠡ | ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠦᠪᠯᠡᠬᠦ ᠪᠣᠯᠪᠠᠣ︕ ᠤᠯᠣᠰ ᠲᠦᠷᠥ ᠶᠢᠨ ᠵᠦᠪᠯᠡᠯᠭᠡᠨ ᠤ | ᠬᠡᠰᠢᠭᠦᠳ ᠪᠤᠯᠤᠨ ᠬᠤᠷᠠᠯ ᠳᠤ ᠰᠣᠯᠠ ᠣᠷᠣᠯᠴᠠᠭᠰᠠᠨ ᠨᠦᠭᠦᠳ ᠠᠴᠠ ᠰᠠᠨᠠᠯ ᠢᠶᠠᠨ ᠳᠣᠷᠠᠳᠬᠤ ᠶᠢ ᠬᠦᠰᠡᠶ᠎ᠠ︕ | ᠨᠢᠭᠡ᠂ ᠦᠩᠭᠡᠷᠡᠭᠰᠡᠨ ᠲᠠᠪᠤᠨ ᠵᠢᠯ ᠤᠨ ᠠᠵᠢᠯ ᠤᠨ ᠡᠷᠭᠢᠴᠡᠭᠦᠯᠦᠯ | ᠦᠩᠭᠡᠷᠡᠭᠰᠡᠨ ᠲᠠᠪᠤᠨ ᠵᠢᠯ ᠳᠤ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ | ᠬᠦᠭᠵᠢᠯᠲᠡ ᠢᠯᠡᠳᠲᠡ ᠦᠷ᠎ᠡ ᠪᠦᠳᠦᠮᠵᠢ ᠤᠯᠪᠠ᠃ ᠲᠠᠪᠤᠨ ᠵᠢᠯ ᠤᠨ ᠲᠤᠷᠰᠢ᠂ ᠠᠶᠢᠮᠠᠭ ᠤᠨ ᠨᠠᠮ ᠤᠨ ᠬᠤᠷᠢᠶ᠎ᠠ᠂ | ᠵᠠᠬᠢᠷᠭ᠎ᠠ ᠪᠤᠯᠤᠨ ᠬᠤᠰᠢᠭᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠣᠯᠭ᠎ᠠ ᠲᠣᠣᠷ᠎ᠠ᠂ ᠬᠤᠰᠢᠭᠤ ᠠᠷᠠᠳ | ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠣᠰ ᠲᠦᠷᠦ ᠶᠢᠨ ᠵᠦᠪᠯᠡᠯᠭᠡᠨ ᠤ ᠬᠢᠨᠠᠯᠲᠠ ᠳᠡᠮᠵᠢᠯᠭᠡ ᠲᠣᠣᠷ᠎ᠠ᠂ | ᠬᠤᠰᠢᠭᠤ ᠠᠷᠠᠳ ᠤᠨ ᠵᠠᠰᠠᠭ ᠤᠨ ᠣᠷᠳᠣᠨ ᠨᠢ ᠲᠣᠭᠳᠠᠭᠤᠨ ᠤ ᠳᠤᠮᠳᠠ ᠤᠷᠤᠭᠰᠢᠯᠠᠬᠤ ᠠᠵᠢᠯ ᠤᠨ ᠶᠡᠷᠦᠩᠬᠡᠢ | ᠬᠦᠭ ᠠᠶᠠᠰ ᠢ ᠪᠠᠷᠢᠮᠳᠠᠯᠠᠨ᠂ ᠪᠦᠬᠦ ᠬᠤᠰᠢᠭᠤᠨ ᠤ ᠡᠯ᠎ᠡ ᠦᠨᠳᠣᠰᠣᠳᠡᠨ ᠤ ᠺᠠᠳ᠋ᠷ ᠤᠯᠠᠨ ᠲᠦᠮᠡᠨ ᠢ | ᠪᠦᠯᠬᠦᠮᠳᠡᠭᠦᠯᠦᠨ ᠳᠠᠭᠠᠭᠤᠯᠵᠤ᠂ ᠲᠦᠪ᠂ ᠦᠪᠡᠷᠳᠡᠭᠡᠨ ᠵᠠᠰᠠᠬᠤ ᠤᠷᠤᠨ ᠤ ᠴᠢᠭᠯᠡᠯᠲᠡ ᠲᠦᠷᠦ ᠶᠢᠨ ᠪᠤᠳᠤᠯᠭ᠎ᠠ ᠪᠠ | ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠣᠯᠣᠨ ᠬᠤᠰᠢᠭᠤ ᠨᠠᠮ ᠤᠨ ᠬᠤᠷᠢᠶᠠᠨ ᠤ ᠰᠢᠢᠳᠪᠦᠷᠢᠳᠣ ᠪᠤᠳᠤᠯᠭ᠎ᠠ | ᠶᠢᠨ ᠪᠠᠶᠢᠷᠢᠯᠠᠭᠤᠯᠣᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ | ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠠᠢ ᠳᠦᠯᠦᠪᠵᠢᠭᠦᠯᠦᠨ᠂ ︽ᠲᠦᠷᠪᠡᠨ ᠪᠦᠬᠦ | ᠲᠠᠯ᠎ᠠ︾ ᠶᠢᠨ ᠪᠠᠶᠢᠯᠳᠣᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠤᠬᠢᠴᠠᠩᠭᠤᠢ ᠠᠬᠢᠭᠤᠯᠵᠤ᠂ ︽ᠠᠷᠪᠠᠨ | ᠬᠤᠶᠠᠳᠣᠭᠠᠷ ᠲᠠᠪᠤᠨ ᠵᠢᠯ ᠤᠨ ᠲᠥᠯᠥᠪᠵᠢᠬᠦᠯᠬᠡ︾ ᠳᠤ ᠲᠤᠭᠳᠠᠭᠠᠭᠰᠠᠨ ᠡᠯ᠎ᠡ ᠵᠤᠶᠢᠯ ᠤᠨ ᠬᠠᠷᠠᠯᠲᠠ ᠡᠭᠦᠷᠭᠡ ᠪᠠᠨ | ᠠᠮᠵᠢᠯᠳᠠᠳᠠᠢ ᠪᠡᠶᠡᠯᠡᠬᠦᠯᠦᠭᠡᠳ᠂ ︽ᠠᠷᠪᠠᠨ ᠭᠤᠷᠪᠠᠳᠣᠭᠠᠷ ᠲᠠᠪᠤᠨ ᠵᠢᠯ ᠤᠨ ᠲᠦᠯᠦᠪᠵᠢᠭᠦᠯᠭᠡ︾ ᠶᠢᠨ ᠣᠬᠢ | ᠰᠠᠶᠢᠨ ᠡᠬᠢᠯᠡᠯᠲᠠ ᠶᠢ ᠪᠤᠢ ᠪᠤᠯᠭᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠳᠦ | ᠢᠯᠠᠯᠲᠠ ᠶᠢ ᠲᠡᠮᠡᠴᠡᠨ ᠤᠯᠬᠤ ᠳᠤ ᠪᠠᠳᠣ ᠰᠠᠭᠤᠷᠢ ᠶᠢ ᠲᠠᠯᠪᠢᠪᠠ᠃ | — — ᠠᠵᠤ ᠠᠬᠤᠢ ᠶᠢᠨ ᠶᠡᠷᠤᠩᠬᠡᠶᠢᠯᠡᠭᠰᠡᠨ ᠪᠤᠳᠠᠳᠤ ᠬᠦᠴᠦᠨ ᠢᠯᠡᠳᠳᠡ ᠴᠢᠩᠭᠠᠷᠠᠪᠠ᠃ | 2017 ᠤᠨ ᠳᠤ ᠪᠦᠬᠦ ᠬᠤᠰᠢᠭᠤᠨ ᠤ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ | 2012 ᠤᠨ ᠠᠴᠠ 48.1% ᠪᠠᠷ ᠨᠡᠮᠡᠭᠳᠡᠵᠦ᠂ ᠵᠢᠯ ᠪᠦᠷᠢ ᠲᠣᠮᠳᠠᠴᠢ ᠪᠠᠷ 8.3% ᠪᠠᠷ ᠨᠡᠮᠡᠭᠳᠡᠪᠡ᠃ | ᠬᠡᠷᠡᠭᠯᠡᠵᠦ ᠪᠤᠯᠬᠤᠶᠢᠴᠠ ᠡᠳ᠋ ᠤᠨ ᠵᠠᠰᠠᠭ ᠤᠨ ᠵᠠᠷᠤᠯᠭ᠎ᠠ 8.7 ᠳ᠋ᠦᠩᠰᠢᠭᠤᠷ ᠲᠦᠭᠦᠷᠢᠭ ᠲᠤ ᠬᠦᠷᠴᠦ᠂ 2012 | ᠤᠨ ᠠᠴᠠ 58% ᠪᠠᠷ ᠨᠡᠮᠡᠭᠳᠡᠵᠦ᠂ ᠵᠢᠯ ᠪᠦᠷᠢ ᠲᠤᠮᠳᠠᠴᠢ ᠪᠠᠷ 9.6% ᠪᠠᠷ ᠨᠡᠮᠡᠭᠳᠡᠪᠡ᠃ ᠪᠦᠬᠦ ᠨᠡᠶᠢᠭᠡᠮ ᠤᠨ | ᠬᠡᠷᠡᠭᠯᠡᠭᠡᠨ ᠤ ᠪᠤᠳᠠᠰ ᠢ ᠵᠢᠵᠢᠭᠯᠡᠨ ᠬᠤᠳᠠᠯᠳᠣᠭᠰᠠᠨ ᠶᠡᠷᠤᠩᠬᠡᠢ ᠬᠡᠮᠵᠢᠶ᠎ᠡ 6 ᠳ᠋ᠦᠩᠰᠢᠭᠤᠷ ᠲᠦᠭᠦᠷᠢᠭ ᠲᠤ ᠬᠦᠷᠴᠦ᠂ | 2012 ᠤᠨ ᠠᠴᠠ 45.2% ᠪᠠᠷ ᠨᠡᠮᠡᠭᠳᠡᠵᠦ᠂ ᠵᠢᠯ ᠪᠦᠷᠢ ᠲᠤᠮᠳᠠᠴᠢ ᠪᠠᠷ 7.1% ᠪᠠᠷ ᠨᠡᠮᠡᠭᠳᠡᠪᠡ᠃ | ᠬᠤᠳᠠ ᠪᠠᠯᠭᠠᠰᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠲᠤᠬᠢᠷᠠᠭᠤᠯᠵᠤ | ᠪᠤᠯᠬᠤᠶᠢᠴᠠ ᠣᠷᠣᠯᠭ᠎ᠠ 35840 ᠲᠦᠭᠦᠷᠢᠭ ᠲᠤ ᠬᠦᠷᠴᠤ᠂ 2012 ᠤᠨ ᠠᠴᠠ 74.9% ᠪᠠᠷ ᠨᠡᠮᠡᠭᠳᠠᠵᠦ᠂ | ᠵᠢᠯ ᠪᠦᠷᠢ ᠲᠤᠮᠳᠠᠴᠢ ᠪᠠᠷ 11.2% ᠪᠠᠷ ᠨᠡᠮᠡᠭᠳᠡᠪᠡ᠃ ᠮᠠᠯᠵᠢᠬᠤ ᠤᠷᠤᠨ ᠤ ᠪᠠᠶᠢᠩᠭᠤ ᠰᠠᠭᠤᠭ᠎ᠠ ᠬᠦᠮᠦᠨ ᠠᠮᠠ | ᠶᠢᠨ ᠬᠦᠮᠦᠨ ᠳᠤᠮᠳᠠᠴᠢ ᠶᠢᠨ ᠲᠤᠬᠢᠷᠠᠭᠤᠯᠵᠤ ᠪᠤᠯᠬᠤᠶᠢᠴᠠ ᠣᠷᠣᠯᠭ᠎ᠠ 13200 ᠲᠦᠭᠦᠷᠢᠭ ᠲᠤ ᠬᠦᠷᠴᠤ᠂ | 2012 ᠤᠨ ᠠᠴᠠ 60.9% ᠪᠠᠷ ᠨᠡᠮᠡᠭᠳᠠᠵᠦ᠂ ᠵᠢᠯ ᠪᠦᠷᠢ ᠲᠤᠮᠳᠠᠴᠢ ᠪᠠᠷ 9.7% ᠪᠠᠷ ᠨᠡᠮᠡᠭᠳᠡᠪᠡ᠃ ᠲᠠᠪᠤᠨ | ᠵᠢᠯ ᠳᠤ ᠨᠡᠶᠢᠳᠡ 185 ᠭᠤᠤᠯᠳᠠᠯᠭ᠎ᠠ ᠲᠠᠢ ᠲᠦᠷᠦᠯ ᠵᠦᠢᠯ ᠢ ᠪᠠᠶᠢᠭᠤᠯᠤᠨ᠂ ᠲᠤᠭᠳᠠᠮᠠᠯ ᠬᠦᠷᠦᠩᠭᠡ ᠶᠢᠨ ᠪᠡᠯᠡ | ᠤᠷᠤᠭᠤᠯᠤᠯᠲᠠ ᠶᠢ 86.8 ᠳ᠋ᠦᠩᠰᠢᠭᠤᠷ ᠲᠦᠭᠦᠷᠢᠭ ᠪᠡᠶᠡᠯᠡᠬᠦᠯᠪᠠ᠃ | — — ᠮᠠᠯ ᠠᠵᠤ ᠠᠬᠤᠢ ᠶᠢᠨ ᠬᠦᠷᠢᠶ᠎ᠡ ᠬᠡᠪᠴᠢᠶ᠎ᠡ ᠪᠤᠯᠤᠨ ᠦᠷ᠎ᠡ ᠠᠰᠢᠭ ᠵᠡᠷᠭᠡᠪᠡᠷ | ᠨᠡᠮᠡᠭᠳᠡᠪᠡ᠃ ︽ᠬᠤᠨᠢ ᠶᠢ ᠴᠦᠭᠡᠴᠢᠯᠡᠨ᠂ ᠦᠭᠡᠷ ᠢ ᠨᠡᠮᠡᠭᠳᠡᠭᠦᠯᠵᠦ᠂ ᠴᠢᠨᠠᠷ ᠢ ᠳᠡᠭᠡᠭᠰᠢᠯᠡᠭᠦᠯᠦᠨ᠂ ᠤᠷᠤᠯᠭ᠎ᠠ ᠶᠢ | ᠨᠡᠮᠡᠭᠳᠡᠭᠦᠯᠬᠦ︾ ᠪᠠᠶᠢᠯᠳᠣᠬᠤ ᠪᠣᠳᠤᠯᠭ᠎ᠠ ᠶᠢᠨ ᠲᠤᠭᠤᠷᠢᠨ ᠳᠤ᠂ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ | ᠶᠢᠨ ᠪᠦᠳᠦᠴᠡ ᠶᠢᠨ ᠴᠢᠨᠠᠷᠲᠠᠢ ᠦᠭᠡᠷᠡᠴᠢᠯᠡᠯᠲᠠ ᠶᠢ ᠪᠦᠬᠦ ᠲᠠᠯ᠎ᠠ ᠪᠠᠷ ᠠᠬᠢᠭᠤᠯᠣᠨ᠂ ᠰᠢᠯᠢᠳᠡᠭ ᠡᠭᠦᠯᠳᠡᠷ ᠤᠨ | ᠮᠢᠬᠠᠨ ᠤ ᠦᠭᠡᠷ᠂ ᠴᠠᠬᠠᠷ ᠬᠤᠨᠢ ᠪᠠ ᠰᠠᠭᠠᠯᠢ ᠶᠢᠨ ᠦᠨᠢᠶ᠎ᠡ ᠶᠢ ᠮᠠᠯᠵᠢᠬᠤ ᠲᠤᠭᠤᠷᠢᠭ ᠢ ᠰᠢᠨᠵᠢᠯᠡᠬᠦ ᠤᠬᠠᠭᠠᠨᠴᠢ | ᠪᠠᠷ ᠲᠤᠭᠳᠠᠭᠠᠨ᠂ ᠬᠡᠪᠴᠢᠶᠡᠵᠢᠭᠦᠯᠦᠨ ᠮᠠᠯᠵᠢᠬᠤ᠂ ᠡᠷᠴᠢᠮᠵᠢᠭᠦᠯᠦᠨ ᠡᠵᠡᠩᠨᠡᠬᠦ ᠶᠢ ᠲᠦᠯᠬᠢᠨ ᠠᠬᠢᠭᠤᠯᠵᠤ᠂ | ᠤᠳᠤᠭᠢᠴᠢᠯᠠᠭᠰᠠᠨ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠰᠢᠰᠲ᠋ᠧᠮ ᠠᠩᠬ᠎ᠠ ᠠᠯᠬᠤᠮ | ᠪᠦᠷᠢᠯᠳᠦᠪᠠ᠃ ᠰᠢᠯᠢᠳᠡᠭ ᠡᠭᠦᠯᠳᠡᠷ ᠤᠨ ᠮᠢᠬᠠᠨ ᠤ ᠦᠭᠡᠷ ᠤᠨ ᠬᠦᠭᠵᠢᠯᠲᠡ ᠶᠢᠨ ᠲᠦᠯᠦᠪᠵᠢᠭᠦᠯᠭᠡ ᠪᠠ ᠲᠡᠳᠭᠦᠨ | ᠳᠡᠮᠵᠢᠬᠦ ᠲᠦᠷᠦ ᠶᠢᠨ ᠪᠤᠳᠤᠯᠭ᠎ᠠ ᠶᠢ ᠲᠤᠭᠳᠠᠭᠠᠨ᠂ ᠰᠢᠯᠢᠳᠡᠭ ᠡᠭᠦᠯᠳᠡᠷ ᠤᠨ ᠮᠢᠬᠠᠨ ᠤ ᠦᠭᠡᠷ ᠢ ᠢᠳᠡᠪᠬᠢᠲᠠᠢ | ᠤᠷᠤᠭᠤᠯᠵᠤ᠂ ᠡᠭᠦᠯᠳᠡᠷ ᠰᠠᠶᠢᠵᠢᠷᠠᠭᠰᠠᠨ ᠬᠠᠷᠢᠴᠠᠯ ᠵᠢᠯ ᠳᠠᠷᠠᠭᠠᠯᠠᠨ ᠨᠡᠮᠡᠭᠳᠡᠪᠡ᠃ ᠴᠠᠬᠠᠷ ᠬᠤᠨᠢ ᠶᠢ ᠤᠯᠣᠰ ᠤᠨ | ᠲᠠᠷᠢᠶᠠᠯᠠᠩ ᠤᠨ ᠶᠠᠮᠤᠨ ᠠᠴᠠ ᠨᠠᠷᠡᠶᠢᠳᠴᠦ᠂ ᠴᠠᠬᠠᠷ ᠬᠤᠨᠢᠨ ᠮᠢᠬ᠎ᠠ ᠶᠢ ᠤᠯᠤᠰ ᠤᠨ ᠭᠠᠵᠠᠷ ᠣᠷᠣᠨ ᠤ ᠨᠡᠷ᠎ᠡ | ᠳᠡᠮᠳᠡᠭᠳᠦ ᠬᠠᠮᠠᠭᠠᠯᠠᠯᠲᠠ ᠶᠢᠨ ᠪᠦᠳᠦᠭᠡᠭᠳᠡᠭᠦᠨ ᠢᠶᠠᠷ ᠬᠢᠨᠠᠨ ᠨᠣᠳᠠᠯᠠᠵᠤ᠂ ᠦᠪᠡᠷᠳᠡᠭᠡᠨ ᠵᠠᠰᠠᠬᠤ ᠣᠷᠣᠨ ᠤ ᠳᠡᠰ | ᠤᠨ ᠴᠠᠬᠠᠷ ᠬᠤᠨᠢᠨ ᠤ ᠦᠷ᠎ᠡ ᠶᠢᠨ ᠮᠠᠯ ᠤᠨ ᠲᠠᠯᠠᠪᠠᠢ ᠶᠢ ᠪᠠᠶᠢᠭᠤᠯᠪᠠ᠃ ᠰᠠᠭᠠᠯᠢ ᠶᠢᠨ ᠦᠨᠢᠶ᠎ᠡ ᠶᠢ ᠲᠡᠵᠢᠭᠡᠨ | ᠦᠷᠡᠵᠢᠭᠦᠯᠬᠦ ᠬᠡᠪᠴᠢᠶ᠎ᠡ ᠲᠤᠭᠳᠠᠪᠦᠷᠢᠲᠠᠢ ᠪᠠᠶᠢᠬᠤ ᠶᠢ ᠪᠠᠳᠣᠯᠠᠪᠠ᠃ ᠮᠠᠯ ᠠᠵᠤ ᠠᠬᠤᠢ ᠶᠢᠨ ᠰᠠᠭᠤᠷᠢ | ᠲᠦᠬᠦᠭᠡᠷᠦᠮᠵᠢ ᠡᠳᠦᠷ ᠢᠷᠡᠭᠦᠶ᠎ᠡ ᠲᠡᠭᠦᠯᠳᠡᠷᠵᠢᠨ᠂ ᠨᠡᠶᠢᠳᠡ 38.4 ᠲᠦᠮᠡᠨ ᠳᠡᠭᠰᠢ ᠳᠦᠷᠪᠡᠯᠵᠢᠨ ᠮᠧᠲᠷ ᠤᠨ | ᠪᠠᠷᠢᠮᠵᠢᠶᠠᠵᠢᠭᠰᠠᠨ ᠫᠧᠩ ᠬᠤᠷᠤᠭ᠎ᠠ᠂ 3.5 ᠲᠦᠮᠡᠨ ᠲᠡᠭᠰᠢ ᠳᠦᠷᠪᠡᠯᠵᠢᠨ ᠮᠧᠲᠷ ᠤᠨ ᠡᠪᠡᠰᠤ ᠨᠦᠭᠡᠴᠡᠯᠡᠬᠦ ᠫᠧᠩ | ᠢ ᠪᠦᠳᠦᠭᠡᠨ ᠪᠠᠶᠢᠭᠤᠯᠵᠤ᠂ ᠡᠪᠡᠰᠣ ᠪᠣᠷᠳᠣᠭᠠᠨ ᠤ ᠰᠣᠯᠢᠯᠴᠠᠭᠠᠨ ᠤ ᠵᠠᠬ᠎ᠠ ᠠᠰᠢᠭᠯᠠᠯᠲᠠ ᠳᠤ ᠤᠷᠤᠵᠤ᠂ ᠭᠠᠮᠰᠢᠭ | ᠢ ᠰᠡᠷᠭᠡᠶᠢᠯᠡᠨ ᠬᠤᠬᠢᠷᠠᠯ ᠢ ᠪᠠᠭᠠᠰᠬᠠᠬᠤ ᠴᠢᠳᠠᠪᠦᠷᠢ ᠤᠯᠠᠮ ᠴᠢᠩᠭᠠᠷᠠᠪᠠ᠃ ᠮᠠᠯᠵᠢᠬᠤ ᠤᠷᠤᠨ ᠤ ᠶᠡᠷᠤᠩᠬᠡᠶᠢᠯᠡᠭᠰᠡᠨ | ᠦᠭᠡᠷᠡᠴᠢᠯᠡᠯᠲᠡ ᠶᠢ ᠲᠤᠭᠳᠠᠭᠤᠨ ᠢᠶᠠᠷ ᠠᠬᠢᠭᠤᠯᠵᠤ᠂ ᠦᠪᠡᠷᠳᠡᠭᠡᠨ ᠵᠠᠰᠠᠬᠤ ᠣᠷᠣᠨ ᠤ ᠨᠤᠳᠤᠭ ᠪᠡᠯᠴᠢᠭᠡᠷ ᠤᠨ | ᠡᠷᠬᠡ ᠶᠢ ᠲᠣᠳᠣᠷᠬᠠᠶᠢᠯᠠᠬᠤ ᠲᠣᠷᠰᠢᠯᠲᠠ ᠶᠢᠨ ᠴᠢᠭ ᠤᠨ ᠲᠠᠩᠰᠠᠯᠠᠨ ᠳᠡᠮᠳᠡᠭᠯᠡᠬᠦ ᠠᠵᠢᠯ ᠢ ᠠᠮᠵᠢᠯᠲᠠ ᠲᠠᠢ | ᠪᠡᠶᠡᠯᠡᠭᠦᠯᠦᠨ᠂ ᠨᠤᠳᠤᠭ ᠪᠡᠯᠴᠢᠭᠡᠷ ᠤᠨ ᠦᠮᠴᠢᠯᠡᠬᠦ ᠡᠷᠬᠡ᠂ ᠲᠠᠭᠠᠭᠠᠴᠢᠯᠠᠬᠤ ᠡᠷᠬᠡ᠂ ᠡᠵᠡᠩᠨᠡᠭᠦ ᠡᠷᠬᠡ ᠶᠢ ᠰᠠᠯᠭᠠᠬᠤ | ᠦᠭᠡᠷᠡᠴᠢᠯᠠᠯᠲᠡ ᠶᠢᠨ ᠳᠣᠷᠰᠢᠯᠳᠠ ᠤᠨ ᠴᠢᠭ ᠤᠨ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠬᠤᠰᠢᠭᠤ᠂ ᠰᠣᠮᠣ | ᠪᠠᠯᠭᠠᠰᠤ᠂ ᠭᠠᠴᠠᠭ᠎ᠠ ᠭᠤᠷᠪᠠᠨ ᠱᠠᠳᠣᠨ ᠤ ᠨᠤᠳᠤᠭ ᠪᠡᠯᠴᠢᠭᠡᠷ ᠢ ᠰᠢᠯᠵᠢᠭᠦᠯᠭᠦ ᠳᠡᠪᠴᠠᠩ ᠢ ᠪᠠᠶᠢᠭᠤᠯᠤᠨ᠂ ᠪᠦᠬᠦ | ᠤᠯᠤᠰ ᠤᠨ ᠨᠤᠳᠤᠭ ᠪᠡᠯᠴᠢᠭᠡᠷ ᠢ ᠲᠠᠭᠠᠭᠠᠴᠢᠯᠠᠨ ᠡᠵᠡᠩᠨᠡᠬᠦ ᠡᠷᠬᠡ ᠶᠢᠨ ᠪᠠᠷᠢᠴᠠᠭᠠᠲᠤ ᠵᠢᠭᠡᠯᠡᠯᠭᠡ ᠶᠢᠨ ᠲᠤᠷᠰᠢᠯᠲᠠ | ᠶᠢᠨ ᠴᠡᠭ ᠤᠨ ᠠᠵᠢᠯ ᠢ ᠡᠷᠴᠢᠮ ᠲᠠᠢ ᠶᠠᠪᠤᠭᠳᠠᠭᠤᠯᠪᠠ᠃ | — — ᠠᠵᠤ ᠦᠢᠯᠡᠳᠪᠦᠷᠢ ᠶᠢᠨ ᠴᠢᠨᠠᠷ ᠴᠢᠨᠰᠠᠭ᠎ᠠ ᠪᠠ ᠦᠷ᠎ᠡ ᠠᠰᠢᠭ ᠵᠡᠷᠭᠡᠪᠡᠷ | ᠲᠡᠭᠡᠭᠰᠢᠯᠡᠪᠠ᠃ ᠠᠵᠤ ᠦᠢᠯᠡᠰ ᠤᠨ ᠰᠢᠯᠢᠳᠡᠭᠵᠢᠨ ᠳᠡᠰ ᠲᠡᠪᠰᠢᠬᠦ ᠶᠢ ᠪᠦᠬᠦ ᠲᠠᠯ᠎ᠠ ᠪᠠᠷ ᠲᠦᠷᠭᠡᠳᠬᠡᠨ᠂ ᠴᠡᠪᠡᠷ | ᠡᠨᠧᠷᠭᠢ᠂ ᠨᠡᠭᠦᠷᠡᠰᠦ᠂ ᠴᠢᠯᠠᠭᠤᠨ ᠳᠣᠰᠣ᠂ ᠴᠢᠯᠠᠭᠤᠨ ᠮᠡᠲ᠋ᠧᠷᠢᠶᠠᠯ᠂ ᠲᠡᠮᠦᠷᠯᠢᠭ ᠢ ᠬᠠᠶᠢᠨ ᠪᠤᠯᠪᠠᠰᠤᠷᠠᠭᠤᠯᠬᠤ ᠪᠠᠷ | ᠲᠤᠯᠭᠠᠭᠤᠷᠢᠯᠠᠭᠤᠯᠣᠯ ᠪᠤᠯᠭᠠᠭᠰᠠᠨ ᠠᠵᠤ ᠦᠢᠯᠡᠳᠪᠦᠷᠢ ᠶᠢᠨ ᠪᠦᠷᠢᠯᠳᠦᠴᠨ ᠶᠢ ᠪᠤᠢ ᠪᠤᠯᠭᠠᠪᠠ᠃ ᠪᠦᠬᠦ ᠬᠤᠰᠢᠭᠤᠨ | ᠤ ᠠᠵᠤ ᠦᠢᠯᠡᠳᠪᠦᠷᠢ ᠶᠢᠨ ᠠᠵᠤ ᠠᠬᠤᠶᠢᠯᠠᠯ 84 ᠡᠷᠦᠬᠡ ᠳᠤ ᠬᠦᠷᠪᠠ᠃ ᠨᠠᠷᠠ ᠰᠠᠯᠬᠢᠨ ᠤ ᠰᠢᠨ᠎ᠡ ᠡᠨᠧᠷᠬᠢ | ᠶᠢᠨ ᠠᠵᠤ ᠦᠢᠯᠡᠰ ᠤᠨ ᠲᠤᠤᠷ ᠨᠡᠶᠢᠯᠡᠭᠦᠯᠦᠨ ᠴᠠᠬᠢᠯᠭᠠᠨ ᠭᠠᠷᠭᠠᠬᠤ ᠶᠡᠷᠦᠩᠬᠡᠢ ᠪᠠᠭᠳᠠᠭᠠᠮᠵᠢ 13.9 ᠲᠦᠮᠡᠨ | ᠺᠢᠯᠤᠸᠠᠲ ᠲᠤ ᠬᠦᠷᠴᠦ᠂ 98 ᠲᠦᠮᠡᠨ ᠺᠢᠯᠤᠸᠠᠲ ᠤᠨ ᠨᠡᠭᠡᠭᠡᠨ ᠠᠰᠢᠭᠯᠠᠬᠤ ᠵᠥᠪᠳᠡᠯᠴᠡᠭᠡᠷ ᠢ ᠰᠢᠨ᠎ᠡ ᠪᠠᠷ | ᠲᠤᠭᠳᠠᠨ᠂ ᠡᠭᠦᠨ ᠳᠤ 27.5 ᠲᠦᠮᠡᠨ ᠺᠢᠯᠤᠸᠠᠲ ᠨᠢ ᠨᠢᠭᠡᠨᠳᠡ ᠠᠵᠢᠯ ᠡᠬᠢᠯᠡᠪᠡ᠃ ᠳ᠋ᠦᠩ ᠯᠢᠨ ᠨᠡᠭᠦᠷᠡᠰᠤᠨ | ᠠᠭᠤᠷᠬᠠᠢ ᠶᠢᠨ ᠺᠤᠮᠫᠠᠨᠢ ᠶᠢᠨ ᠵᠢᠯ ᠤᠨ ᠭᠠᠷᠣᠯᠳᠠ ᠨᠢ 60 ᠲᠦᠮᠡᠨ ᠲᠤᠨ ᠪᠤᠯᠬᠤ ᠲᠦᠭᠦᠬᠡᠢ ᠨᠡᠭᠦᠷᠡᠰᠤ | ᠪᠤᠯᠪᠠᠰᠤᠷᠠᠭᠤᠯᠬᠤ ᠠᠵᠤ ᠦᠢᠯᠡᠰ ᠤᠨ ᠳᠡᠰ ᠳᠡᠪᠰᠢᠭᠦᠯᠬᠦ ᠲᠦᠷᠦᠯ ᠵᠦᠢᠯ ᠠᠰᠢᠭᠯᠠᠯᠲᠠ ᠳᠤ ᠤᠷᠤᠪᠠ᠃ ᠬᠤᠸᠠᠨ | ᠴᠢᠦ᠂ ᠲᠧᠩ ᠶᠣᠸᠠᠢ ᠺᠤᠮᠫᠠᠨᠢ ᠶᠢᠨ ᠨᠠᠶᠢᠯᠠᠮᠠᠯ ᠳᠣᠯᠠᠭᠠᠯᠭ᠎ᠠ ᠶᠢᠨ ᠬᠠᠪᠳᠠᠰᠣ ᠶᠢᠨ ᠮᠡᠷᠭᠡᠵᠢᠯ ᠤᠨ ᠦᠭᠡᠷᠡᠴᠢᠯᠡᠯᠲᠡ | ᠶᠢᠨ ᠲᠦᠷᠦᠯ ᠵᠦᠢᠯ ᠠᠰᠢᠭᠯᠠᠯᠠᠲᠠ ᠳᠤ ᠤᠷᠤᠵᠦ᠂ ᠴᠢᠯᠠᠭᠤᠨ ᠮᠠᠲ᠋ᠧᠷᠢᠶᠠᠯ ᠤᠨ ᠵᠠᠬ᠎ᠠ ᠳᠡᠯᠭᠡᠭᠦᠷ ᠲᠤ ᠡᠵᠡᠯᠡᠬᠦ | ᠨᠤᠷᠮ᠎ᠡ ᠦᠷᠭᠦᠯᠵᠢᠯᠡᠨ ᠨᠡᠮᠡᠭᠳᠡᠵᠤ᠂ ︽ᠲᠣᠮᠳᠠᠳᠣ ᠣᠯᠣᠰ ᠤᠨ ᠤᠮᠠᠷᠠᠳᠣ ᠶᠢᠨ ᠴᠢᠯᠠᠭᠤᠨ ᠮᠠᠲ᠋ᠧᠷᠢᠶᠠᠯ ᠤᠨ | ᠦᠯᠦᠭᠡᠢ︾ ᠶᠢᠨ ᠨᠦᠯᠦᠭᠡᠯᠡᠬᠦ ᠬᠦᠴᠦᠨ ᠣᠯᠠᠮ ᠳᠡᠭᠡᠭᠰᠢᠯᠡᠪᠡ᠃ ᠪᠠᠶᠠᠨᠲᠠᠯ᠎ᠠ ᠶᠢᠨ 74 ᠳᠡᠭᠰᠢ ᠲᠦᠷᠪᠡᠯᠵᠢᠨ | ᠺᠢᠯᠤᠮᠧᠲᠷ ᠤᠨ ᠴᠢᠯᠠᠭᠤᠨ ᠲᠣᠰᠣᠨ ᠤ ᠲᠤᠭᠤᠷᠢᠭ ᠤᠨ ︽ᠬᠠᠶᠢᠬᠤ ᠡᠷᠬᠡ ᠶᠢ ᠮᠠᠯᠳᠠᠬᠤ ᠡᠷᠬᠡ ᠪᠤᠯᠭᠠᠨ | ᠬᠤᠪᠢᠷᠠᠭᠤᠯᠬᠤ︾ ᠭᠠᠷᠳᠠᠮ ᠢ ᠭᠦᠢᠴᠡᠳᠬᠡᠨ᠂ ᠴᠢᠯᠠᠭᠤᠨ ᠲᠤᠰᠤ ᠬᠠᠶᠢᠨ ᠰᠢᠨᠵᠢᠬᠦ ᠪᠠ ᠦᠢᠯᠡᠳᠪᠦᠷᠢᠯᠡᠬᠦ ᠠᠵᠤ | ᠠᠬᠤᠶᠢᠯᠠᠯ ᠨᠢ ᠭᠤᠷᠪᠠᠨ ᠬᠡᠮᠵᠢᠯᠲᠤ ᠭᠠᠵᠠᠷ ᠳᠤᠷᠭᠢᠯᠲᠠ᠂ ᠤᠰᠤ ᠤᠷᠤᠭᠤᠯᠬᠤ ᠵᠡᠷᠭᠡ ᠰᠢᠨ᠎ᠡ ᠮᠡᠷᠭᠡᠵᠢᠯ ᠢ | ᠠᠰᠢᠭᠯᠠᠨ ᠭᠠᠷᠣᠯᠲᠠ ᠪᠠᠨ ᠲᠤᠭᠳᠠᠪᠣᠷᠢᠵᠢᠭᠤᠯᠪᠠ᠃ ᠤᠮᠠᠷᠠᠲᠦ ᠶᠢᠨ ᠲᠡᠮᠦᠷᠯᠢᠭ ᠬᠠᠶᠢᠯᠤᠭᠤᠯᠬᠤ ᠺᠤᠮᠫᠠᠨᠢ ᠶᠢᠨ ᠲᠡᠰ | ᠳᠡᠪᠰᠢᠭᠦᠯᠦᠨ ᠦᠭᠡᠷᠡᠴᠢᠯᠡᠬᠦ ᠪᠠ ᠵᠦᠩ ᠰᠢᠨ ᠲᠡᠮᠦᠷ ᠬᠠᠶᠢᠯᠤᠭᠤᠯᠬᠤ ᠺᠤᠮᠫᠠᠨᠢ ᠶᠢᠨ ᠦᠨᠳᠦᠷ ᠲᠢᠲ᠋ᠠᠨ ᠤ ᠰᠢᠭᠠᠷᠣ | ᠦᠢᠯᠡᠳᠪᠦᠷᠢᠯᠡᠨ ᠪᠤᠯᠪᠠᠰᠤᠷᠠᠭᠤᠯᠬᠤ ᠲᠦᠷᠦᠯ ᠵᠦᠢᠯ ᠢ ᠪᠦᠳᠦᠭᠡᠨ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ | ᠸᠤᠯᠹᠷᠠᠮ ᠪᠢᠰᠮᠦ᠋ᠲ ᠮᠦᠩᠭᠦᠨ ᠤ ᠤᠯᠠᠨ ᠲᠡᠮᠦᠷᠯᠢᠭ ᠤᠨ ᠠᠭᠤᠷᠬᠠᠢ᠂ ᠨᠢᠤᠪᠢ ᠲᠠᠨᠲ᠋ᠠᠯ ᠤᠨ ᠠᠭᠤᠷᠬᠠᠢ ᠪᠠ ᠠᠯᠲᠠ | ᠵᠢᠴᠢ ᠤᠯᠠᠨ ᠲᠡᠮᠦᠷᠯᠢᠭ ᠤᠨ ᠠᠭᠤᠷᠬᠠᠢ ᠬᠠᠶᠢᠨ ᠮᠠᠯᠳᠠᠵᠤ ᠰᠣᠩᠭᠤᠬᠤ ᠲᠦᠷᠦᠯ ᠵᠦᠢᠯ ᠪᠤᠳᠠᠳᠤ ᠠᠬᠢᠴᠨ ᠲᠠᠢ | ᠪᠤᠯᠪᠠ᠃ ᠭᠤᠸᠠᠩ ᠯᠦᠩ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠢ ᠡᠳ᠋ᠰᠢᠭᠦᠯᠭᠦ ᠺᠤᠮᠫᠠᠨᠢ ᠪᠠ ᠵᠢᠦ ᠵᠸᠦ | ᠳ᠋ᠠ ᠳ᠋ᠢ ᠺᠤᠮᠫᠠᠨᠢ ᠶᠢᠨ ᠮᠡᠷᠭᠡᠵᠢᠯ ᠤᠨ ᠦᠭᠡᠷᠡᠴᠢᠯᠡᠯᠲᠠ ᠶᠢᠨ ᠲᠦᠷᠦᠯ ᠵᠦᠢᠯ ᠠᠰᠢᠭᠯᠠᠯᠲᠠ ᠳᠤ ᠤᠷᠤᠪᠠ᠃ ᠠᠵᠤ | ᠦᠢᠯᠡᠳᠪᠦᠷᠢ ᠶᠢᠨ ᠲᠤᠭᠤᠷᠢᠭ ᠨᠢ ᠦᠪᠡᠷᠳᠡᠭᠡᠨ ᠵᠠᠰᠠᠬᠤ ᠤᠷᠤᠨ ᠤ ᠠᠵᠤ ᠦᠢᠯᠡᠳᠪᠦᠷᠢ ᠶᠢᠨ ᠤᠷᠴᠢᠯᠲᠤ ᠠᠵᠤ | ᠠᠬᠤᠢ ᠶᠢᠨ ᠲᠣᠷᠰᠢᠯᠲᠠ ᠶᠢᠨ ᠴᠡᠭ ᠤᠨ ᠵᠢᠱᠢᠶ᠎ᠠ ᠦᠵᠡᠭᠦᠯᠬᠦ ᠲᠤᠭᠤᠷᠢᠭ ᠤᠨ ᠡᠩᠨᠡᠭᠡᠨ ᠳᠤ ᠤᠷᠤᠪᠠ᠃ | — — ᠦᠢᠯᠡᠴᠢᠯᠡᠭᠡᠨ ᠤ ᠦᠢᠯᠡᠰ ᠤᠨ ᠦᠷ᠎ᠡ ᠠᠰᠢᠭ ᠪᠤᠯᠤᠨ ᠬᠠᠷᠢᠴᠠᠯ ᠵᠡᠷᠭᠡᠪᠡᠷ | ᠳᠡᠭᠡᠭᠰᠢᠯᠡᠪᠡ᠃ ᠰᠤᠶᠤᠯ ᠵᠢᠭᠤᠯᠴᠢᠯᠠᠯ ᠤᠨ ᠦᠢᠯᠡᠰ ᠳᠤᠪᠤᠶᠢᠮ᠎ᠠ ᠬᠦᠭᠵᠢᠪᠠ᠃ ᠵᠢᠭᠤᠯᠴᠢᠯᠠᠯ ᠤᠨ ᠣᠷᠴᠢᠨ | ᠲᠤᠭᠤᠷᠢᠨ ᠢ ᠰᠠᠶᠢᠵᠢᠷᠠᠭᠤᠯᠬᠤ᠂ ᠰᠢᠯᠢᠳᠡᠭ ᠦᠵᠡᠮᠵᠢ ᠶᠢᠨ ᠤᠷᠤᠨ ᠢ ᠪᠠᠶᠢᠭᠤᠯᠬᠤ᠂ ︽ᠵᠢᠭᠤᠯᠴᠢᠯᠠᠯ +︾ | ᠭᠦᠭᠵᠢᠯᠲᠡ ᠶᠢᠨ ᠵᠠᠭᠪᠣᠷ ᠢ ᠲᠦᠯᠬᠢᠨ ᠠᠬᠢᠭᠤᠯᠬᠤ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ ᠲᠦᠷᠭᠡᠳᠬᠡᠬᠦ᠂ | ︽ᠮᠠᠯᠴᠢᠨ ᠠᠶᠢᠯ︾ ᠵᠢᠭᠤᠯᠴᠢᠯᠠᠯ ᠤᠨ ᠦᠢᠯᠡᠰ ᠢ ᠲᠡᠳᠭᠦᠨ ᠭᠦᠭᠵᠢᠭᠦᠯᠬᠦ᠂ ᠤᠬᠠᠭᠤᠯᠤᠨ ᠲᠡᠯᠭᠡᠷᠡᠭᠦᠯᠬᠦ | ᠬᠦᠴᠦᠯᠡᠴᠡ ᠪᠠᠨ ᠴᠢᠩᠭᠠᠳᠬᠠᠬᠤ ᠵᠡᠷᠭᠡ ᠵᠢᠷᠭᠤᠭᠠᠨ ᠲᠦᠷᠦᠯ ᠤᠨ ᠠᠷᠭ᠎ᠠ ᠪᠠᠷᠢᠯ ᠢᠶᠠᠷ ᠲᠠᠮᠵᠢᠨ᠂ ᠠᠭᠤᠯᠠ | ᠠᠪᠠᠷᠢᠬᠤ᠂ ᠱᠠᠰᠢᠨ ᠰᠣᠷᠳᠠᠬᠤᠨ ᠲᠡᠣᠬᠡ ᠰᠣᠶᠣᠯ᠂ ᠦᠨᠳᠦᠰᠦᠳᠡᠨ ᠤ ᠵᠠᠩ ᠦᠢᠯᠡ ᠶᠢ ᠪᠡᠶᠡᠴᠢᠯᠡᠨ ᠤᠶᠢᠯᠠᠭᠠᠬᠤ᠂ | ᠰᠣᠶᠣᠯ ᠤᠨ ᠬᠤᠳᠠ ᠪᠠᠯᠭᠠᠰᠣ᠂ ᠠᠮᠠᠷᠠᠨ ᠰᠡᠯᠡᠭᠦᠴᠡᠵᠦ ᠪᠡᠶ᠎ᠡ ᠰᠤᠪᠢᠯᠠᠬᠤ᠂ ᠡᠯᠡᠰᠣ ᠮᠠᠩᠬᠠᠨ ᠳᠤ ᠵᠤᠭᠠᠴᠠᠨ | ᠨᠠᠭᠠᠳᠬᠤ ᠵᠡᠷᠭᠡ ᠵᠢᠷᠭᠤᠭᠠᠨ ᠲᠤᠮᠤ ᠵᠢᠭᠤᠯᠴᠢᠯᠠᠯ ᠤᠨ ᠤᠷᠤᠨ ᠪᠠ ᠵᠢᠷᠭᠤᠭᠠᠨ ᠵᠤᠷᠪᠤᠰ ᠣᠬᠢ ᠰᠢᠯᠢᠳᠡᠭ | ᠵᠢᠭᠤᠯᠴᠢᠯᠠᠯ ᠤᠨ ᠵᠠᠮ ᠱᠣᠭᠤᠮ ᠢ ᠪᠦᠬᠦ ᠬᠦᠴᠦᠨ ᠢᠶᠠᠷ ᠪᠠᠶᠢᠭᠤᠯᠵᠤ᠂ ︽ᠵᠢᠷᠭᠤᠭᠠᠨ ᠨᠢᠭᠡ︾ ᠶᠢᠨ ᠢᠨᠵᠧᠨᠧᠷᠢᠩ | ︵ᠨᠢᠭᠡ ᠨᠠᠶᠢᠷ — ᠲᠠᠯ᠎ᠠ ᠨᠤᠳᠤᠭ ᠤᠨ ᠠᠰᠣᠷᠣ ᠳᠠᠭᠤᠣ ᠬᠦᠭᠵᠢᠮ ᠤᠨ ᠨᠠᠶᠢᠷ᠂ ᠨᠢᠭᠡ ᠬᠦᠷᠢᠶᠡᠯᠡᠩ — ᠠᠰᠣᠷᠣ | ᠠᠮᠢ ᠠᠬᠤᠢ ᠵᠠᠩ ᠦᠢᠯᠡ ᠶᠢᠨ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠪᠠᠶᠢᠭᠤᠯᠵᠤ | ᠳᠠᠭᠤᠰᠬᠠᠪᠠ᠂ ᠨᠢᠭᠡ ᠵᠡᠭᠡᠯᠢ — ᠦᠨᠳᠦᠰᠦᠳᠡᠨ ᠤ ᠵᠠᠩ ᠦᠢᠯᠡ ᠵᠢᠭᠤᠯᠴᠢᠯᠠᠯ ᠤᠨ ᠲᠠᠸᠠᠷ ᠤᠨ ᠵᠠᠭᠡᠯᠢ ᠶᠢ | ᠤᠳᠤᠬᠠᠨ ᠳᠤ ᠶᠠᠭ ᠰᠠᠶᠢᠬᠠᠨ ᠵᠠᠰᠠᠨ ᠴᠢᠮᠡᠭᠯᠡᠵᠦ ᠪᠤᠢ᠂ ᠨᠢᠭᠡ ᠤᠷᠤᠯᠳᠣᠭᠠᠨ — ᠠᠰᠣᠷᠣ ᠬᠤᠨᠳᠠᠭᠠᠳᠣ ᠳᠠᠭᠤᠣ | ᠬᠦᠭᠵᠢᠮ ᠤᠨ ᠤᠷᠤᠯᠳᠤᠭᠠᠨ᠂ ᠨᠢᠭᠡ ᠮᠥᠽᠸᠢ — ᠬᠦᠪᠡᠭᠡᠲᠦ ᠰᠢᠷ᠎ᠠ ᠬᠤᠰᠢᠭᠤᠨ ᠤ ᠮᠦᠽᠸᠢ ᠶᠢᠨ ᠲᠦᠯᠦᠪᠯᠡᠭᠡ | ᠪᠠ ᠳᠡᠯᠭᠡᠨ ᠦᠵᠡᠭᠦᠯᠦᠯᠭᠡ ᠶᠢᠨ ᠪᠤᠳᠠᠰ ᠢ ᠴᠣᠭᠯᠠᠭᠤᠯᠬᠤ ᠠᠵᠢᠯ ᠢ ᠦᠷᠨᠢᠭᠦᠯᠵᠦ ᠪᠤᠢ᠂ ᠨᠢᠭᠡ ᠳᠡᠮᠳᠡᠭ — ᠳᠣᠮᠣ | ᠬᠡᠯᠪᠡᠷᠢ ᠶᠢᠨ ᠣᠷᠳᠣᠨ ᠤ ᠨᠠᠶᠢᠷᠠᠯ ᠳᠠᠭᠤᠯᠠᠯᠳᠤ ᠪᠦᠵᠢᠭ ᠤᠨ ᠬᠦᠭᠵᠢᠮ ᠤᠨ ᠠᠰᠣᠷᠣ ᠰᠣᠶᠣᠯ ᠤᠨ ᠨᠡᠷᠡᠲᠤ | ᠳᠡᠮᠳᠡᠭ︶ ᠢ ᠪᠦᠬᠦ ᠲᠠᠯ᠎ᠠ ᠪᠠᠷ ᠬᠡᠷᠡᠭᠵᠢᠭᠦᠯᠦᠨ᠂ ᠤᠷᠤᠨ ᠪᠦᠰᠡ ᠶᠢᠨ ᠵᠢᠭᠤᠯᠴᠢᠯᠠᠯ᠂ ᠲᠦᠷᠪᠡᠨ ᠤᠯᠠᠷᠢᠯ ᠤᠨ | ᠵᠢᠭᠤᠯᠴᠢᠯᠠᠯ ᠢ ᠢᠳᠡᠪᠬᠢᠲᠠᠢ ᠭᠦᠭᠵᠢᠭᠦᠯᠵᠦ᠂ ︽ᠲᠤᠷᠭᠠᠨ ᠨᠤᠳᠤᠭ ᠬᠦᠪᠡᠭᠡᠳᠦ ᠰᠢᠷ᠎ᠠ· ᠠᠰᠣᠷᠣ ᠠᠶᠠᠯᠭᠤ ᠶᠢᠨ | ᠦᠯᠦᠭᠡᠢ︾ ᠰᠣᠶᠣᠯ ᠵᠢᠭᠤᠯᠴᠢᠯᠠᠯ ᠤᠨ ᠨᠠᠷᠠᠲᠤ ᠳᠡᠮᠳᠡᠭ ᠢ ᠪᠦᠬᠦ ᠬᠦᠴᠦᠨ ᠢᠶᠠᠷ ᠡᠭᠦᠳᠪᠡ᠃ ᠡᠯ᠎ᠡ ᠲᠦᠷᠦᠯ ᠤᠨ | ᠦᠢᠯᠡᠴᠢᠯᠡᠭᠡᠨ ᠤ ᠦᠢᠯᠡᠰ ᠲᠤᠭᠳᠠᠭᠤᠨ ᠢᠶᠠᠷ ᠭᠦᠭᠵᠢᠪᠠ᠃ ᠲᠤᠮᠳᠠ ᠪᠠᠭ᠎ᠠ ᠵᠢᠵᠢᠭ ᠠᠵᠤ ᠠᠬᠤᠶᠢᠯᠠᠯ ᠢ ᠳᠡᠳᠭᠦᠨ | ᠳᠡᠮᠵᠢᠬᠦ ᠲᠦᠷᠦ ᠶᠢᠨ ᠪᠤᠳᠤᠯᠭ᠎ᠠ ᠶᠢ ᠢᠳᠡᠪᠬᠢᠲᠠᠢ ᠲᠤᠤᠱᠯᠠᠭᠤᠯᠵᠤ᠂ ︽ᠤᠯᠠᠨ ᠦᠨᠡᠮᠯᠡᠯ ᠢ ᠨᠢᠭᠡᠳᠬᠡᠬᠦ︾ | ᠬᠤᠳᠠᠯᠳᠣᠭᠠᠨ ᠤ ᠶᠠᠪᠤᠳᠠᠯ ᠤᠨ ᠲᠦᠷᠢᠮ ᠤᠨ ᠦᠭᠡᠷᠡᠴᠢᠯᠡᠯᠲᠡ ᠶᠢ ᠠᠬᠢᠭᠤᠯᠤᠨ᠂ ᠠᠷᠠᠯᠵᠢᠶ᠎ᠠ ᠬᠤᠳᠠᠯᠳᠤᠭ᠎ᠠ᠂ | ᠬᠤᠭᠤᠯᠠ ᠤᠮᠳᠠᠭᠠᠨ᠂ ᠬᠤᠨᠤᠭ ᠪᠠᠭᠤᠳᠠᠯ᠂ ᠲᠦᠷᠭᠡᠨ ᠭᠤᠪᠢᠭᠤᠯᠭ᠎ᠠ᠂ ᠡᠯᠧᠺᠲᠷᠣᠨ ᠬᠤᠳᠠᠯᠳᠤᠭ᠎ᠠ ᠵᠡᠷᠭᠡ ᠠᠵᠢᠯ | ᠲᠦᠷᠦᠯ ᠤᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠲᠦᠯᠬᠢᠨ ᠠᠬᠢᠭᠤᠯᠵᠤ᠂ ᠬᠤᠪᠢ ᠶᠢᠨ ᠡᠵᠡᠩᠨᠡᠯᠳᠡ ᠶᠢᠨ | 271 ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠣᠭᠠᠨ ᠤ 1068 ᠡᠷᠦᠬᠡ ᠰᠢᠨ᠎ᠡ ᠪᠠᠷ | ᠨᠡᠮᠡᠭᠳᠡᠪᠡ᠃ ᠦᠢᠯᠡᠳᠪᠦᠷᠢ ᠬᠤᠳᠠᠯᠳᠣᠭᠠᠨ ᠤ ᠪᠠᠩᠭᠢ ᠠᠵᠢᠯ ᠢᠶᠠᠨ ᠰᠡᠷᠭᠦᠭᠡᠵᠦ᠂ ᠮᠦᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ ᠶᠢᠨ ᠦᠯᠡᠳᠡᠪᠦᠷᠢ ᠪᠠ ᠳᠠᠭᠠᠳᠬᠠᠯ ᠤᠨ ᠲᠤᠬᠠᠶᠢᠯᠠᠭᠰᠠᠨ ᠠᠵᠢᠯ ᠤᠨ | ᠶᠡᠷᠦᠩᠬᠡᠢ ᠤᠷᠤᠯᠭ᠎ᠠ ᠵᠢᠯ ᠳᠠᠷᠠᠭᠠᠯᠠᠨ ᠨᠡᠮᠡᠭᠳᠡᠨ᠂ ᠹᠠᠩ ᠶᠤᠸᠠᠨ ᠪᠤᠳᠠᠰ ᠤᠨ ᠭᠦᠢᠯᠭᠡᠭᠡᠨ ᠤ ᠲᠤᠭᠤᠷᠢᠭ | ᠠᠰᠢᠭᠯᠠᠯᠲᠠ ᠳᠤ ᠤᠷᠤᠵᠦ᠂ ᠪᠠᠷᠠᠭᠠᠨ ᠤ ᠵᠥᠬᠡᠬᠡᠪᠦᠷᠢ ᠶᠢᠨ ᠠᠵᠢᠯ ᠲᠦᠷᠦᠯ ᠲᠤᠭᠳᠠᠭᠤᠨ ᠢᠶᠠᠷ ᠨᠡᠮᠡᠭᠳᠡᠪᠡ᠃ | — — ᠬᠤᠳᠠ ᠬᠦᠳᠡᠭᠡ ᠶᠢᠨ ᠰᠠᠭᠤᠷᠢ ᠲᠦᠭᠦᠭᠡᠷᠦᠮᠵᠢ ᠡᠳᠦᠷ ᠢᠷᠡᠭᠦᠶ᠎ᠡ ᠪᠦᠷᠢᠨᠰᠢᠪᠠ᠃ | ᠬᠤᠳᠠ ᠪᠠᠯᠭᠠᠰᠣᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠮᠵᠢ ᠢᠯᠡᠷᠬᠡᠢ ᠳᠡᠭᠡᠭᠰᠢᠯᠡᠪᠠ᠃ ᠰᠢᠨᠡᠪᠤᠯᠠᠭ | ᠪᠠᠯᠭᠠᠰᠣᠨ ᠤ ᠬᠤᠳᠠ ᠪᠠᠯᠭᠠᠰᠤᠨ ᠤ ᠬᠦᠭᠵᠢᠯᠳᠡ ᠶᠢᠨ ᠶᠡᠷᠦᠩᠭᠡᠢ ᠲᠦᠯᠦᠪᠵᠢᠭᠦᠯᠭᠡ ᠪᠠ ᠬᠢᠵᠠᠭᠠᠷᠯᠠᠬᠤ ᠴᠢᠨᠠᠷᠳᠠᠢ | ᠨᠠᠷᠢᠨ ᠲᠦᠯᠦᠪᠵᠢᠭᠦᠯᠭᠡ ᠳᠤ ᠵᠠᠰᠠᠪᠣᠷᠢ ᠣᠷᠣᠭᠤᠯᠤᠨ᠂ ᠤᠶᠢᠵᠢᠭᠤᠯᠤᠯᠳᠠ᠂ ᠨᠤᠭᠤᠭᠠᠷᠠᠭᠤᠯᠤᠯᠲᠠ᠂ | ᠭᠤᠸᠠᠵᠢᠭᠤᠯᠤᠯᠲᠠ ᠵᠡᠷᠭᠡ ᠲᠤᠰᠬᠠᠢ ᠲᠦᠯᠦᠪᠵᠢᠭᠦᠯᠭᠡ ᠶᠢ ᠪᠡᠶᠡᠯᠡᠭᠦᠯᠪᠡ᠃ ︽ᠠᠷᠠᠳ ᠤᠨ ᠠᠮᠢᠳᠣᠷᠠᠯ ᠢ | ᠬᠠᠷᠠᠭᠠᠯᠵᠠᠭᠰᠠᠨ ᠬᠤᠳᠠ ᠶᠢᠨ ᠪᠦᠳᠦᠭᠡᠨ ᠪᠠᠶᠢᠭᠤᠯᠤᠯᠳᠠ︾ ᠶᠢᠨ ᠤᠶᠢᠯᠠᠭᠠᠭᠳᠠᠬᠤᠨ ᠢ ᠲᠤᠪᠤᠶᠢᠯᠭᠠᠨ᠂ ᠨᠡᠶᠢᠲᠡ | 12.2 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠨ᠂ ᠪᠠᠳᠣᠯᠠᠭ᠎ᠠ ᠶᠢᠨ ᠴᠢᠨᠠᠷᠲᠠᠢ ᠤᠷᠤᠨ ᠰᠠᠭᠤᠴᠠ᠂ | ᠳᠦᠭᠦᠮ ᠪᠦᠳᠦᠴᠡᠳᠦ ᠳᠤᠭᠤᠷᠢᠭ ᠢ ᠥᠭᠡᠷᠡᠴᠢᠯᠡᠨ ᠵᠠᠰᠠᠬᠤ ᠲᠥᠷᠥᠯ ᠵᠦᠢᠯ᠂ ᠠᠯᠪᠠᠨ ᠠᠴᠠ ᠪᠠᠶᠢᠭᠤᠯᠬᠤ ᠲᠦᠷᠦᠯ | ᠵᠦᠢᠯ ᠪᠠ ᠬᠤᠳᠠ ᠶᠢᠨ ᠶᠠᠪᠤᠳᠠᠯ ᠤᠨ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ | ᠢ ᠬᠡᠷᠡᠭᠵᠢᠭᠦᠯᠪᠡ᠃ ︽ᠴᠡᠪᠡᠷᠵᠢᠭᠦᠯᠦᠯᠳᠡ ᠪᠠ ᠨᠤᠭᠤᠭᠠᠷᠠᠭᠤᠯᠤᠯᠲᠠ︾ ᠶᠢᠨ ᠠᠵᠢᠯᠯᠠᠭ᠎ᠠ ᠶᠢ ᠦᠷᠨᠢᠭᠦᠯᠦᠨ᠂ | ᠬᠤᠳᠠ ᠶᠢᠨ ᠬᠠᠤᠯᠢ ᠬᠡᠷᠡᠭᠵᠢᠭᠦᠯᠦᠨ ᠬᠢᠨᠠᠨ ᠬᠠᠮᠢᠶᠠᠷᠬᠤ ᠪᠦᠳᠦᠴᠡ ᠶᠢᠨ ᠦᠭᠡᠷᠡᠴᠢᠯᠡᠯᠲᠡ ᠶᠢ ᠲᠦᠯᠬᠢᠨ | ᠠᠬᠢᠭᠤᠯᠵᠤ᠂ ᠬᠤᠳᠠ ᠪᠠᠯᠭᠠᠰᠤᠨ ᠤ ᠨᠤᠭᠤᠭᠠᠷᠠᠭᠤᠯᠤᠯᠲᠠ᠂ ᠭᠡᠭᠡᠷᠡᠭᠦᠯᠦᠯᠳᠡ᠂ ᠭᠤᠸᠠᠵᠢᠭᠤᠯᠤᠯᠳᠠ᠂ | ᠴᠡᠪᠡᠷᠵᠢᠭᠦᠯᠦᠯᠳᠡ ᠶᠢᠨ ᠲᠦᠪᠰᠢᠨ ᠵᠢᠯ ᠳᠠᠷᠠᠭᠠᠯᠠᠨ ᠳᠡᠭᠡᠭᠰᠢᠯᠡᠨ᠂ ︽ᠣᠷᠣᠨ ᠤ ᠳᠡᠰ ᠤᠨ ᠠᠷᠢᠭᠤᠨ ᠴᠡᠪᠡᠷ | ᠬᠤᠳᠠ ᠪᠠᠯᠭᠠᠰᠣ︾ ᠶᠢ ᠪᠠᠶᠢᠭᠤᠯᠬᠤ ᠬᠢᠨᠡᠨ ᠪᠠᠶᠢᠴᠠᠭᠠᠯᠲᠠ ᠳᠤ ᠳᠠᠬᠢᠨᠳᠠ ᠬᠢᠷᠢ ᠲᠡᠩᠴᠡᠪᠡ᠃ ᠮᠠᠯᠵᠢᠬᠤ ᠤᠷᠤᠨ ᠤ | ᠳᠦᠷᠢ ᠳᠦᠷᠬᠦ᠂ ᠰᠠᠭᠤᠭᠠᠯᠢ ᠠᠷᠠᠳ ᠤᠨ ᠣᠷᠴᠢᠨ ᠲᠤᠭᠤᠷᠢᠨ ᠮᠡᠳᠡᠭᠳᠡᠮ᠎ᠡ ᠰᠠᠶᠢᠵᠢᠷᠠᠪᠠ᠃ ᠠᠷᠪᠡᠨ ᠲᠦᠷᠦᠯ ᠤᠨ | ᠢᠨᠵᠧᠨᠧᠷᠢᠩ ᠢᠶᠠᠷ ᠭᠤᠤᠯ ᠠᠭᠤᠯᠭ᠎ᠠ ᠪᠤᠯᠭᠠᠭᠰᠠᠨ ᠰᠢᠨ᠎ᠠ ᠮᠠᠯᠵᠢᠬᠤ ᠣᠷᠣᠨ ᠤ ᠪᠦᠳᠣᠭᠡᠨ ᠪᠠᠶᠢᠭᠤᠯᠤᠯᠲᠠ ᠶᠢ | ᠲᠤᠭᠳᠠᠭᠤᠨ ᠢᠶᠠᠷ ᠠᠬᠢᠭᠤᠯᠤᠨ᠂ ᠨᠡᠶᠢᠳᠡ 5.4 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ ᠣᠰᠣ᠂ | ᠴᠠᠬᠢᠯᠭᠠᠨ᠂ ᠵᠠᠮ᠂ ᠴᠢᠮᠡᠭᠡ ᠨᠡᠪᠳᠡᠷᠡᠭᠦᠯᠭᠡ᠂ ᠤᠷᠤᠨ ᠰᠠᠭᠤᠴᠠ ᠪᠤᠯᠤᠨ ᠦᠨᠳᠦᠰᠦᠨ ᠱᠠᠳᠣᠨ ᠤ ᠰᠣᠶᠣᠯ ᠤᠨ | ᠥᠷᠥᠬᠡ᠂ ᠡᠷᠡᠭᠦᠯ ᠬᠠᠮᠠᠭᠠᠯᠠᠯ ᠤᠨ ᠲᠠᠰᠤᠭ᠂ ᠠᠷᠠᠳ ᠲᠤ ᠲᠦᠭᠦᠮ ᠦᠵᠡᠭᠦᠯᠬᠦ ᠬᠤᠯᠪᠤᠭᠠᠳᠤ ᠳᠡᠯᠭᠡᠭᠦᠷ ᠵᠡᠷᠭᠡ | ᠰᠠᠭᠤᠷᠢ ᠲᠦᠬᠦᠭᠡᠷᠦᠮᠵᠢ ᠪᠠ ᠦᠢᠯᠡᠴᠢᠯᠡᠭᠡᠨ ᠤ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠭᠡᠷᠡᠭᠵᠢᠭᠦᠯᠦᠨ | ᠂ ᠮᠠᠯᠵᠢᠬᠤ ᠤᠷᠤᠨ ᠤ ᠨᠠᠰᠤᠵᠢᠯ ᠤᠨ ᠪᠠᠳᠣᠯᠠᠭ᠎ᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠮᠠᠯᠵᠢᠬᠤ | ᠤᠷᠤᠨ ᠤ ᠣᠷᠴᠢᠨ ᠲᠤᠭᠤᠷᠢᠨ ᠠᠷᠢᠭᠤᠨ ᠴᠡᠪᠡᠷ ᠢ ᠵᠠᠰᠠᠨ ᠴᠡᠭᠴᠡᠯᠡᠬᠦ ᠠᠵᠢᠯ ᠢ ᠬᠦᠴᠦᠨ ᠢᠶᠠᠨ ᠲᠦᠪᠯᠡᠷᠡᠭᠦᠯᠦᠨ | ᠦᠷᠨᠢᠭᠦᠯᠪᠡ᠃ ︵191 ᠡᠷᠦᠬᠡ ᠶᠢᠨ ᠮᠠᠯᠴᠢᠳ ᠤᠨ ᠰᠢᠨ᠎ᠠ ᠣᠷᠣᠨ ᠰᠠᠭᠤᠴᠠ ᠶᠢ ᠪᠠᠶᠢᠭᠤᠯᠤᠨ᠂ ᠮᠠᠯᠵᠢᠬᠤ | ᠤᠷᠤᠨ ᠤ 3065 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠰᠠᠯᠪᠢᠨ ᠵᠠᠰᠠᠵᠤ᠂ 4886 ᠡᠷᠦᠬᠡ ᠶᠢᠨ | ᠭᠡᠷ ᠪᠠᠶᠢᠰᠢᠩ ᠢ ᠴᠢᠨᠠᠷᠵᠢᠭᠤᠯᠤᠨ ᠳᠡᠰ ᠳᠡᠪᠰᠢᠭᠦᠯᠵᠦ᠂ 384 ᠣᠰᠣᠨ ᠤ ᠰᠤᠷᠪᠤᠯᠵᠢ ᠶᠢᠨ ᠬᠤᠳᠳᠤᠭ ᠢ ᠰᠢᠨ᠎ᠡ | ᠪᠠᠷ ᠮᠠᠯᠳᠠᠨ᠂ 4934 ᠬᠦᠮᠦᠨ ᠤ ᠤᠤᠭᠤᠬᠤ ᠤᠰᠤᠨ ᠤ ᠠᠮᠦᠷ ᠲᠦᠪᠰᠢᠨ ᠤ ᠠᠰᠠᠭᠤᠳᠠᠯ ᠢ ᠰᠢᠢᠳᠪᠦᠷᠢᠯᠡᠵᠦ᠂ | 428.2 ᠺᠢᠯᠤᠮᠧᠲᠷ ᠤᠨ ᠱᠤᠶᠢᠨᠢ ᠵᠠᠮ ᠢ ᠰᠢᠨ᠎ᠡ ᠪᠠᠷ ᠵᠠᠰᠠᠵᠤ᠂ 256.2 ᠺᠢᠯᠤᠮᠧᠲᠷ ᠤᠨ ᠵᠡᠭᠡᠯᠢ ᠭᠤᠳᠤᠮᠵᠢ ᠶᠢ | ᠬᠠᠳᠠᠭᠤᠷᠠᠭᠤᠯᠤᠨ᠂ 216.5 ᠺᠢᠯᠤᠮᠧᠲᠷ ᠤᠨ ᠬᠠᠶᠢᠷ ᠴᠢᠯᠠᠭᠤᠨ ᠵᠠᠮ ᠢ ᠰᠢᠨ᠎ᠡ ᠪᠠᠷ ᠵᠠᠰᠠᠨ᠂ ᠭᠠᠴᠠᠭᠠᠨ ᠳᠤ | ᠵᠠᠰᠠᠮᠠᠯ ᠵᠠᠮ ᠨᠡᠪᠳᠡᠷᠡᠭᠰᠡᠨ ᠨᠤᠷᠮ᠎ᠠ 100% ᠳᠤ ᠬᠦᠷᠴᠦ᠂ 35 ᠺᠢᠯᠤᠸᠤᠯᠲ ᠤᠨ ᠴᠠᠬᠢᠯᠭᠠᠨ ᠬᠦᠴᠦᠳᠡᠯ | ᠬᠤᠪᠢᠰᠬᠠᠬᠤ ᠦᠷᠳᠡᠭᠡ 4᠂ 110 ᠺᠢᠯᠤᠸᠤᠯᠲ ᠤᠨ ᠴᠠᠬᠢᠯᠭᠠᠨ ᠬᠦᠴᠦᠳᠡᠯ ᠬᠤᠪᠢᠰᠬᠠᠬᠤ ᠦᠷᠳᠡᠭᠡ 1 ᠶᠢ | ᠰᠢᠨ᠎ᠡ ᠪᠠᠷ ᠪᠠᠶᠢᠭᠤᠯᠵᠤ᠂ ᠮᠠᠯᠵᠢᠬᠤ ᠤᠷᠤᠨ ᠳᠤ ᠲᠤᠤᠷᠴᠢᠯᠠᠭᠰᠠᠨ ᠴᠠᠬᠢᠯᠭᠠᠨ ᠨᠡᠪᠳᠡᠷᠡᠭᠰᠡᠨ ᠨᠣᠷᠮ᠎ᠠ 98% ᠳᠤ | ᠬᠦᠷᠪᠡ᠂ ᠭᠠᠴᠠᠭᠠᠨ ᠤ ᠡᠷᠡᠭᠦᠯ ᠬᠠᠮᠠᠭᠠᠯᠠᠯ ᠤᠨ ᠳᠠᠰᠤᠭ 25᠂ ᠰᠣᠶᠣᠯ ᠤᠨ ᠥᠷᠥᠬᠡ 26᠂ ᠠᠷᠠᠳ ᠲᠤ | ᠲᠦᠭᠦᠮ ᠦᠵᠡᠭᠦᠯᠬᠦ ᠬᠤᠯᠪᠤᠭᠠᠳᠤ ᠳᠡᠯᠭᠡᠭᠦᠷ 17 ᠶᠢ ᠰᠢᠨ᠎ᠡ ᠪᠠᠷ ᠪᠠᠶᠢᠭᠤᠯᠪᠠ᠃ 1700 ᠨᠤᠷᠠᠬᠤ ᠠᠶᠣᠯᠲᠠᠢ | ᠬᠠᠭᠤᠴᠢᠨ ᠰᠢᠪᠡᠷ ᠪᠠᠶᠢᠰᠢᠩ ᠢ ᠨᠣᠷᠠᠭᠠᠨ᠂ 10.8 ᠲᠦᠮᠡᠨ ᠮᠧᠲᠷ ᠤᠨ ᠬᠡᠷᠡᠮ ᠬᠠᠨ᠎ᠠ ᠶᠢ ᠰᠢᠨᠡᠳᠬᠡᠨ | ᠪᠠᠶᠢᠭᠤᠯᠵᠤ᠂ 30 ᠲᠦᠮᠡᠨ ᠳᠡᠭᠰᠢ ᠲᠦᠷᠪᠡᠯᠵᠢᠨ ᠮᠧᠲᠷ ᠵᠠᠮ ᠤᠨ ᠬᠦᠪᠡᠭᠡ ᠶᠢ ᠬᠠᠳᠠᠭᠤᠷᠠᠭᠤᠯᠵᠤ᠂ 30 ᠲᠦᠮᠡᠨ | ᠪᠤᠰᠤᠭ᠎ᠠ ᠳᠦᠷᠪᠡᠯᠵᠢᠨ ᠮᠧᠲᠷ ᠬᠤᠭ ᠨᠤᠪᠰᠢ ᠶᠢ ᠴᠡᠪᠡᠷᠯᠡᠨ᠂ 360 ᠬᠤᠭ ᠨᠣᠪᠰᠢ ᠶᠢᠨ ᠴᠢᠭ ᠭᠠᠷᠭᠠᠵᠤ᠂ | 311 ᠰᠠᠭᠤᠷᠢ ᠨᠡᠶᠢᠳᠡ ᠶᠢᠨ ᠵᠤᠷᠯᠤᠩ ᠢ ᠰᠢᠨ᠎ᠡ ᠪᠠᠷ ᠪᠠᠷᠢᠪᠠ᠃︶ ᠬᠦᠭᠵᠢᠯᠲᠡ ᠶᠢᠨ ᠳᠤᠯᠭᠠᠭᠤᠷᠢᠯᠠᠭᠤᠯᠬᠤ | ᠬᠦᠴᠦᠨ ᠣᠯᠠᠮ ᠴᠢᠩᠭᠠᠷᠠᠪᠠ᠃ ᠰᠢᠨᠡᠪᠤᠯᠠᠭ ᠪᠠᠯᠭᠠᠰᠣᠨ ᠤ ᠤᠰᠤᠨ ᠬᠠᠩᠭᠠᠯᠭ᠎ᠠ ᠶᠢᠨ ᠢᠨᠵᠧᠨᠧᠷᠢᠩ ᠪᠠ ᠱᠧᠨ | ᠨᠧᠩ ᠪᠦᠯᠦᠭᠯᠡᠯ ᠤᠨ ᠢᠯᠴᠢ ᠴᠠᠬᠢᠯᠭᠠᠨ ᠢ ᠵᠡᠷᠭᠡᠪᠡᠷ ᠭᠠᠷᠭᠠᠬᠤ ᠲᠦᠷᠦᠯ ᠵᠦᠢᠯ ᠠᠰᠢᠭᠯᠠᠯᠲᠠ ᠳᠤ ᠤᠷᠤᠪᠠ᠃ | ᠬᠤᠰᠢᠭᠤ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠠᠪᠤᠳᠣᠭᠠᠷ ᠤᠳᠠᠭᠠᠨ ᠤ ᠬᠤᠷᠠᠯ ᠠᠴᠠ ᠬᠢᠨᠠᠨ ᠪᠠᠳᠣᠯᠠᠭᠰᠠᠨ ︽ᠪᠦᠬᠦ ᠬᠤᠰᠢᠭᠤᠨ ᠤ ᠴᠢᠬᠤᠯᠡ ᠶᠡᠭᠡ ᠨᠡᠶᠢᠳᠡ | ᠶᠢᠨ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠳᠡᠮᠵᠢᠬᠦ ᠰᠢᠢᠳᠪᠦᠷᠢ︾ ᠶᠢ | ᠴᠢᠩᠭ᠎ᠠ ᠭᠡᠷᠡᠭᠵᠢᠭᠦᠯᠤᠨ᠂ ᠨᠤᠳᠤᠭ ᠪᠡᠯᠴᠢᠭᠡᠷ ᠢ ᠲᠠᠳᠠᠪᠤᠷᠢᠯᠠᠵᠤ ᠭᠡᠷᠡᠭᠯᠡᠬᠦ᠂ ᠭᠠᠵᠠᠷ ᠳᠠᠳᠠᠪᠤᠷᠢᠯᠠᠨ ᠨᠤᠷᠠᠭᠠᠵᠤ | ᠨᠡᠭᠦᠯᠭᠡᠬᠦ ᠡᠯ᠎ᠡ ᠲᠦᠷᠦᠯ ᠤᠨ ᠠᠵᠢᠯ ᠨᠢ ᠡᠯ᠎ᠠ ᠰᠤᠮᠤ ᠪᠠᠯᠭᠠᠰᠤ᠂ ᠭᠠᠴᠠᠭ᠎ᠠ ᠪᠤᠯᠤᠨ ᠮᠠᠯᠴᠢᠨ ᠲᠦᠮᠡᠨ ᠤ | ᠬᠦᠴᠦᠳᠡᠢ ᠳᠡᠮᠵᠢᠯᠬᠡ ᠶᠢ ᠤᠯᠵᠤ᠂ ᠰᠦᠨᠢᠳ ᠪᠠᠷᠠᠭᠤᠨ ᠬᠤᠰᠢᠭᠤ ᠠᠴᠠ ᠴᠢᠭᠤᠯᠤᠯᠲᠣ ᠬᠠᠭᠠᠯᠭ᠎ᠠ ᠬᠦᠷᠬᠦ ᠦᠨᠳᠦᠷ | ᠬᠤᠷᠳᠣᠴᠠᠳᠣ ᠵᠠᠰᠠᠮᠠᠯ ᠵᠠᠮ ᠤᠨ ᠬᠦᠪᠡᠭᠡᠲᠦ ᠰᠢᠷ᠎ᠠ ᠬᠤᠰᠢᠭᠤᠨ ᠳᠠᠬᠢ ᠬᠡᠰᠡᠭ᠂ ᠮᠤᠵᠢ ᠶᠢᠨ ᠳᠡᠰ ᠤᠨ 313 | ᠱᠤᠭᠤᠮ ᠤᠨ ᠬᠦᠪᠡᠭᠡᠲᠦ ᠰᠢᠷ᠎ᠠ ᠬᠤᠰᠢᠭᠤᠨ ᠳᠠᠬᠢ ᠬᠡᠰᠡᠭ᠂ ᠨᠡᠶᠢᠳᠡ ᠶᠢᠨ ᠬᠡᠷᠡᠭᠯᠡᠭᠡᠨ ᠤ ᠨᠢᠰᠭᠡᠯ ᠤᠨ ᠪᠠᠭᠤᠳᠠᠯ | ᠪᠠ ᠰᠢᠨᠡᠪᠤᠯᠠᠭ ᠪᠠᠯᠭᠠᠰᠣᠨ ᠤ 220 ᠺᠢᠯᠤᠸᠣᠯᠲ ᠤᠨ ᠴᠠᠬᠢᠯᠭᠠᠨ ᠬᠦᠴᠦᠳᠡᠯ ᠬᠤᠪᠢᠰᠬᠠᠬᠤ ᠦᠷᠳᠡᠭᠡ ᠵᠡᠷᠭᠡ | ᠴᠢᠬᠤᠯᠠ ᠰᠠᠭᠤᠷᠢ ᠲᠦᠭᠦᠭᠡᠷᠦᠮᠵᠢ ᠶᠢᠨ ᠪᠠᠶᠢᠭᠤᠯᠤᠯᠲᠠ ᠪᠤᠯᠤᠨ ᠰᠢᠨ᠎ᠡ ᠡᠨᠧᠷᠭᠢ᠂ ᠠᠭᠤᠷᠬᠠᠢ ᠶᠢᠨ ᠡᠬᠢ ᠪᠠᠶᠠᠯᠢᠭ | ᠢ ᠨᠡᠭᠡᠭᠡᠨ ᠠᠰᠢᠭᠯᠠᠬᠤ ᠲᠦᠷᠦᠯ ᠵᠦᠢᠯ ᠤᠨ ᠡᠷᠴᠢᠮ ᠲᠠᠢ ᠶᠠᠪᠤᠭᠳᠠᠬᠤ ᠶᠢ ᠪᠠᠳᠣᠯᠠᠪᠠ᠃ | — — ᠠᠮᠢ ᠠᠬᠤᠢ ᠤᠷᠴᠢᠨ ᠲᠤᠭᠤᠷᠢᠨ ᠳᠠᠰᠣᠷᠠᠯᠲᠠ ᠦᠭᠡᠢ ᠰᠠᠶᠢᠵᠢᠷᠠᠪᠠ᠃ | ᠨᠢᠭᠡᠳᠦᠭᠡᠷ ᠡᠭᠡᠯᠵᠢ ᠶᠢᠨ ᠲᠠᠯ᠎ᠠ ᠨᠣᠳᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢᠯᠡᠵᠦ ᠱᠠᠩᠨᠠᠬᠤ | ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠲᠤᠷᠰᠢᠯᠭ᠎ᠠ ᠠᠷᠭ᠎ᠠ ᠠᠪᠴᠠᠯ ᠢᠶᠠᠨ ᠴᠠᠭ ᠲᠤᠬᠠᠢ | ᠳᠤᠨᠢ ᠳ᠋ᠦᠩᠨᠡᠵᠦ᠂ ᠪᠡᠯᠴᠢᠭᠡᠷᠯᠡᠬᠦᠯᠬᠦ ᠶᠢ ᠵᠤᠭᠰᠣᠭᠠᠬᠤ ᠤᠷᠤᠨ ᠬᠢᠭᠡᠳ ᠮᠠᠯ ᠪᠡᠯᠴᠢᠭᠡᠷ ᠤᠨ ᠲᠡᠩᠴᠡᠭᠦᠷᠢ ᠶᠢ | ᠪᠠᠳᠣᠯᠠᠬᠤ ᠤᠷᠤᠨ ᠢ ᠵᠤᠬᠢᠰᠲᠠᠢ ᠲᠤᠭᠳᠠᠭᠠᠨ᠂ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠡ ᠶᠢ ᠰᠢᠨᠵᠢᠯᠡᠬᠦ | ᠤᠬᠠᠭᠠᠨᠴᠢ ᠪᠠᠷ ᠬᠢᠨᠠᠨ ᠲᠤᠭᠳᠠᠭᠠᠵᠤ᠂ ︽ᠬᠦᠪᠡᠭᠡᠲᠦ ᠰᠢᠷ᠎ᠠ ᠬᠤᠰᠢᠭᠤᠨ ᠤ ᠲᠠᠯ᠎ᠠ ᠨᠤᠳᠤᠭ ᠤᠨ ᠠᠮᠢ ᠠᠬᠤᠢ | ᠶᠢᠨ ᠬᠠᠮᠠᠭᠠᠯᠠᠯᠲᠠ ᠶᠢᠨ ᠨᠦᠬᠦᠪᠦᠷᠢᠯᠡᠵᠦ ᠱᠠᠩᠨᠠᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠲᠥᠰᠥᠯ︾ ᠪᠠ ︽ | ᠤᠯᠤᠰ ᠤᠨ ᠭᠤᠤᠯᠳᠠᠯᠭᠠᠳᠤ ᠠᠮᠢ ᠠᠬᠤᠢ ᠶᠢᠨ ᠴᠢᠳᠠᠪᠬᠢᠲᠤ ᠤᠷᠤᠨ ᠤ ᠠᠵᠤ ᠦᠢᠯᠡᠰ ᠤᠨ ᠨᠠᠵᠠᠭᠠᠢ ᠦᠢᠯᠡᠳᠦᠯ | ᠤᠨ ᠳᠤᠳᠤᠷᠬᠠᠢ ᠬᠠᠭᠤᠳᠠᠰᠣ︾ ᠶᠢ ᠨᠠᠶᠢᠷᠠᠭᠤᠯᠪᠠ᠃ 48.7 ᠲᠦᠮᠡᠨ ᠮᠦ ᠡᠯᠡᠰᠦᠨ ᠤ ᠡᠬᠢ ᠶᠢ ᠵᠠᠰᠠᠬᠤ᠂ 28. | 6 ᠲᠦᠮᠡᠨ ᠮᠦ ᠠᠮᠢ ᠠᠬᠤᠢ ᠶᠢᠨ ᠣᠷᠭᠤᠮᠠᠯ ᠤᠨ ᠪᠦᠷᠬᠦᠴᠡ ᠶᠢᠨ ᠪᠦᠳᠦᠭᠡᠨ ᠪᠠᠶᠢᠭᠤᠯᠤᠯᠲᠡ᠂ 5660 ᠮᠦ | ᠭᠤᠤᠯᠳᠠᠯᠭᠠᠳᠤ ᠤᠷᠤᠨ ᠤ ᠤᠶᠢᠵᠢᠭᠤᠯᠤᠯᠳᠠ᠂ ᠨᠤᠭᠤᠭᠠᠷᠠᠭᠤᠯᠤᠯᠳᠠ ᠶᠢ ᠪᠡᠶᠡᠯᠡᠬᠦᠯᠦᠨ᠂ 128.9 ᠾᠧᠺᠲ᠋ᠠᠷ | ᠪᠦᠬᠦᠢ ︽ᠭᠤᠷᠪᠠᠨ ᠲᠤᠭᠤᠷᠢᠭ ᠬᠤᠶᠠᠷ ᠱᠤᠭᠤᠮ︾ ᠤᠨ ᠭᠠᠵᠠᠷ ᠰᠢᠨᠵᠢᠯᠡᠬᠡᠨ ᠤ ᠤᠷᠴᠢᠨ ᠲᠤᠭᠤᠷᠢᠨ ᠢ ᠵᠠᠰᠠᠪᠠ᠃ | ᠰᠢᠨᠡᠪᠤᠯᠠᠭ ᠪᠠᠯᠭᠠᠰᠣᠨ ᠤ ᠪᠤᠵᠠᠷ ᠤᠰᠤ ᠶᠢ ᠰᠢᠢᠳᠪᠦᠷᠢᠯᠡᠬᠦ ᠦᠢᠯᠡᠳᠪᠦᠷᠢ᠂ ᠬᠤᠭ ᠨᠣᠪᠰᠢ ᠶᠢ ᠰᠢᠢᠳᠪᠦᠷᠢᠯᠡᠬᠦ | ᠦᠢᠯᠡᠳᠪᠦᠷᠢ᠂ ᠬᠠᠶᠠᠭᠳᠠᠮᠠᠯ ᠤᠰᠤ ᠶᠢ ᠰᠢᠢᠳᠪᠦᠷᠢᠯᠡᠵᠤ ᠲᠠᠬᠢᠨ ᠠᠰᠢᠭᠯᠠᠬᠤ ᠦᠢᠯᠡᠳᠪᠦᠷᠢ᠂ ᠴᠢᠯᠠᠭᠤᠨ | ᠮᠠᠲ᠋ᠧᠷᠢᠶᠠᠯ ᠤᠨ ᠬᠠᠶᠠᠭᠳᠠᠮᠠᠯ ᠪᠣᠳᠠᠰ ᠤᠨ ᠲᠠᠯᠠᠪᠠᠢ ᠪᠠ ᠴᠢᠯᠠᠭᠤᠨ ᠳᠣᠰᠣ ᠶᠢ ᠨᠡᠬᠡᠬᠡᠨ ᠠᠰᠢᠭᠯᠠᠬᠤ ᠳᠤ | ᠬᠡᠷᠡᠭᠯᠡᠭᠰᠡᠨ ᠬᠠᠶᠠᠭᠳᠠᠮᠠᠯ ᠣᠰᠣ ᠶᠢ ᠳᠠᠬᠢᠨ ᠴᠡᠪᠡᠷᠰᠢᠭᠦᠯᠬᠦ ᠦᠢᠯᠡᠳᠪᠦᠷᠢ ᠠᠰᠢᠭᠯᠠᠯᠲᠠ ᠳᠤ ᠤᠷᠤᠪᠠ᠃ ᠡᠨᠧᠷᠬᠢ | ᠠᠷᠪᠢᠯᠠᠵᠤ ᠪᠤᠬᠢᠷᠳᠤᠯ ᠢ ᠪᠠᠭᠠᠰᠬᠠᠬᠤ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠪᠡ᠃ | — — ᠠᠷᠠᠳ ᠤᠨ ᠠᠮᠢᠳᠣᠷᠠᠯ ᠤᠨ ᠪᠠᠳᠤᠯᠠᠭ᠎ᠠ ᠶᠢᠨ ᠲᠦᠪᠰᠢᠨ ᠦᠷᠭᠦᠯᠵᠢᠯᠡᠨ | ᠳᠡᠭᠡᠭᠰᠢᠯᠡᠪᠡ᠃ ᠠᠷᠠᠳ ᠤᠨ ᠠᠮᠢᠳᠣᠷᠠᠯ ᠳᠤ ᠨᠡᠶᠢᠳᠡ 44.2 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ | ᠡᠳ᠋ ᠤᠨ ᠵᠠᠰᠠᠭ ᠤᠨ ᠶᠡᠷᠦᠩᠬᠡᠢ ᠵᠠᠷᠤᠯᠭ᠎ᠠ ᠶᠢᠨ 72.5% ᠶᠢ ᠡᠵᠡᠯᠡᠨ᠂ ᠵᠢᠯ ᠪᠦᠷᠢ ᠲᠤᠮᠳᠠᠴᠢ ᠪᠠᠷ 10.1% | ᠪᠠᠷ ᠨᠡᠮᠡᠭᠳᠡᠪᠡ᠃ ᠶᠠᠳᠠᠭᠤ ᠶᠢ ᠳᠡᠳᠬᠦᠨ ᠨᠡᠭᠡᠭᠡᠨ ᠬᠦᠭᠵᠢᠭᠦᠯᠬᠦ ᠪᠠ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ | ᠰᠢᠪᠳᠣᠯᠬᠤ ᠠᠵᠢᠯ ᠢ ᠯᠠᠪᠳᠠᠭᠤᠨ ᠢᠶᠠᠷ ᠠᠬᠢᠭᠤᠯᠪᠠ᠃ ︽ᠵᠢᠷᠭᠤᠭᠠᠨ ᠨᠠᠷᠢᠯᠢᠭ ᠤᠨᠤᠪᠴᠢᠲᠠᠢ᠂ ᠲᠠᠪᠤᠨ ᠨᠢᠭᠡ | ᠪᠦᠯᠦᠭ︾ ᠤᠨ ᠱᠠᠭᠠᠷᠳᠠᠯᠭ᠎ᠠ ᠶᠤᠰᠤᠭᠠᠷ᠂ ︽ᠭᠤᠷᠪᠠ ᠶᠢ ᠭᠠᠴᠠᠭᠠᠨ ᠳᠤ ᠬᠦᠷᠭᠡᠬᠦ᠂ ᠭᠤᠷᠪᠠ ᠶᠢ ᠡᠷᠦᠬᠡ ᠳᠤ | ᠬᠦᠷᠭᠡᠬᠦ︾ ᠨᠠᠷᠢᠯᠢᠭ ᠣᠨᠣᠪᠴᠢᠲᠠᠢ ᠪᠠᠷ ᠶᠠᠳᠠᠭᠤ ᠶᠢ ᠳᠡᠳᠬᠦᠬᠦ᠂ ᠮᠦᠩᠭᠦᠨ ᠭᠦᠢᠯᠭᠡᠭᠡ ᠪᠠᠷ ᠶᠠᠳᠠᠭᠤ ᠶᠢ ᠳᠡᠳᠬᠦᠬᠦ | ᠪᠠ ᠳᠤᠬᠢᠳᠠᠢ ᠭᠠᠵᠠᠷ ᠨᠡᠭᠦᠯᠭᠡᠨ ᠶᠠᠳᠠᠭᠤ ᠶᠢ ᠳᠡᠳᠬᠦᠬᠦ ᠢᠨᠵᠧᠨᠧᠷᠢᠩ ᠢ ᠬᠡᠷᠡᠭᠵᠢᠭᠦᠯᠵᠦ᠂ ᠡᠷᠡᠭᠦᠯ ᠴᠢᠬᠢᠷᠠᠭ ᠢᠶᠠᠷ | ᠶᠠᠳᠠᠭᠤ ᠶᠢ ᠳᠡᠳᠬᠦᠬᠦ᠂ ᠰᠣᠷᠭᠠᠨ ᠬᠦᠮᠦᠵᠢᠯ ᠢᠶᠠᠷ ᠶᠠᠳᠠᠭᠤ ᠶᠢ ᠳᠡᠳᠬᠦᠬᠦ ᠡᠯ᠎ᠡ ᠲᠦᠷᠦᠯ ᠤᠨ ᠠᠵᠢᠯ ᠢ | ᠨᠢᠭᠡᠳᠦᠯᠲᠡᠢ ᠲᠦᠯᠦᠪᠵᠢᠭᠦᠯᠦᠨ ᠠᠬᠢᠭᠤᠯᠪᠠ᠃ ︽ᠲᠠᠪᠤ ᠶᠢ 100% ᠪᠠᠷ ᠪᠠᠲᠤᠯᠠᠬᠤ ᠪᠠ ᠨᠢᠭᠡ ᠶᠢ ᠳᠡᠳᠬᠦᠨ | ᠳᠡᠮᠵᠢᠬᠦ ᠬᠦᠴᠦᠯᠡᠴᠡ ᠪᠠᠨ ᠣᠯᠠᠮ ᠨᠡᠮᠡᠭᠳᠡᠭᠦᠯᠬᠦ︾ ᠲᠤᠭᠳᠠᠴᠠ ᠶᠢ ᠪᠤᠢ ᠪᠤᠯᠭᠠᠨ᠂ ᠡᠯ᠎ᠡ ᠬᠦᠷᠢᠶ᠎ᠡ ᠴᠠᠷᠠᠭᠠᠨ ᠳᠠᠬᠢ | ᠲᠥᠷᠥᠯ ᠵᠦᠢᠯ ᠢ ᠨᠠᠷᠢᠯᠢᠭ ᠣᠨᠣᠪᠴᠢᠲᠠᠢ ᠪᠠᠷ ᠶᠠᠳᠠᠭᠤ ᠶᠢ ᠳᠡᠳᠬᠦᠬᠦ ᠯᠦᠭᠡ ᠨᠢᠭᠡᠳᠭᠡᠨ ᠠᠬᠢᠭᠤᠯᠵᠤ᠂ ᠡᠯ᠎ᠡ | ᠲᠦᠷᠦᠯ ᠤᠨ ᠶᠠᠳᠠᠭᠤ ᠶᠢ ᠳᠡᠳᠬᠦᠬᠦ ᠪᠡᠯᠡ ᠮᠥᠩᠬᠦ ᠶᠢ 1.01 ᠳ᠋ᠦᠩᠰᠢᠭᠤᠷ ᠲᠦᠭᠦᠷᠢᠭ ᠵᠠᠷᠣᠴᠠᠭᠤᠯᠣᠨ᠂ | ᠮᠦᠩᠭᠦᠨ ᠭᠦᠢᠯᠭᠡᠭᠡ ᠪᠠᠷ ᠶᠠᠳᠠᠭᠤ ᠶᠢ ᠳᠡᠳᠬᠦᠬᠦ ᠵᠢᠭᠡᠯᠡᠯᠭᠡ ᠶᠢ 2.5 ᠳ᠋ᠦᠩᠰᠢᠭᠤᠷ ᠲᠦᠭᠦᠷᠢᠭ ᠲᠠᠯᠪᠢᠵᠤ᠂ 823 | ᠡᠷᠦᠬᠡ᠂ 2243 ᠬᠦᠮᠦᠨ ᠤ ᠶᠠᠳᠠᠭᠤ ᠠᠴᠠ ᠠᠩᠭᠢᠵᠢᠷᠠᠬᠤ ᠠᠰᠠᠭᠤᠳᠠᠯ ᠢ ᠰᠢᠢᠳᠪᠦᠷᠢᠯᠡᠪᠠ᠃ ᠦᠢᠯᠡᠰ ᠪᠤᠰᠬᠠᠬᠤ | ᠂ ᠠᠵᠢᠯ ᠣᠯᠭᠤᠬᠤ ᠢᠨᠵᠧᠨᠧᠷᠢᠩ ᠤᠨ ᠦᠷ᠎ᠡ ᠪᠦᠳᠦᠮᠵᠢ ᠢᠯᠡᠷᠬᠡᠢ ᠪᠤᠯᠪᠠ᠃ ᠦᠢᠯᠡᠰ ᠴᠤᠭᠴᠠᠯᠠᠬᠤ ᠬᠦᠷᠢᠶᠡᠯᠡᠩ | ᠠᠰᠢᠭᠯᠠᠯᠳᠠ ᠳᠤ ᠤᠷᠤᠵᠤ᠂ 5278 ᠲᠥᠮᠡᠨ ᠲᠦᠭᠦᠷᠢᠭ ᠤᠨ ᠦᠢᠯᠡᠰ ᠪᠤᠰᠬᠠᠬᠤ ᠪᠠᠷᠢᠴᠠᠭᠠᠳᠤ ᠵᠢᠭᠡᠯᠡᠯᠭᠡ ᠶᠢ | ᠲᠠᠷᠬᠠᠭᠠᠨ᠂ 1100 ᠬᠦᠮᠦᠨ ᠤ ᠦᠢᠯᠡᠰ ᠪᠤᠰᠬᠠᠬᠤ ᠶᠢ ᠳᠡᠮᠵᠢᠵᠦ᠂ 2232 ᠬᠦᠮᠦᠨ ᠤ ᠠᠵᠢᠯ ᠤᠯᠭᠤᠯᠳᠠ ᠶᠢ | ᠪᠡᠶᠡᠯᠡᠬᠦᠯᠪᠡ᠃ 4357 ᠬᠦᠮᠦᠨ ᠳᠤ ᠠᠵᠢᠯ ᠤᠨ ᠪᠠᠶᠢᠷᠢ ᠬᠠᠩᠭᠠᠵᠤ᠂ ᠬᠤᠳᠠ ᠪᠠᠯᠭᠠᠰᠤᠨ ᠤ ᠠᠵᠢᠯ ᠠᠯᠳᠠᠭᠰᠠᠳ | ᠤᠨ ᠳᠠᠩᠰᠠᠯᠠᠭᠰᠠᠨ ᠨᠤᠷᠮ᠎ᠠ ᠶᠢ 3% ᠶᠢᠨ ᠳᠤᠳᠤᠷ᠎ᠠ ᠬᠢᠵᠠᠭᠠᠷᠯᠠᠪᠠ᠃ ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮ | ᠡᠳᠦᠷ ᠢᠷᠡᠬᠦᠶ᠎ᠠ ᠲᠡᠭᠦᠯᠳᠡᠷᠵᠢᠪᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ | ᠤᠨ ᠳᠦᠷᠢᠮ ᠢ ᠨᠡᠶᠢᠳᠡᠮ ᠪᠦᠷᠬᠦᠭᠦᠯᠵᠦ᠂ ᠬᠤᠳᠠ ᠬᠦᠳᠡᠭᠡ ᠶᠢᠨ ᠳᠤᠤᠷ᠎ᠠ ᠪᠠᠳᠤᠯᠠᠭ᠎ᠠ᠂ ᠤᠨᠴᠠ ᠬᠦᠴᠢᠷᠳᠡᠯᠲᠠᠢ | ᠬᠦᠮᠦᠰ ᠪᠠ ᠬᠠᠷᠠᠭᠠᠯᠵᠠᠬᠤ ᠨᠢᠭᠤᠷᠯᠠᠯ ᠤᠨ ᠠᠮᠢᠳᠤᠷᠠᠯ ᠤᠨ ᠨᠦᠬᠦᠪᠦᠷᠢ ᠶᠢᠨ ᠪᠠᠷᠢᠮᠵᠢᠶ᠎ᠠ ᠶᠢ ᠵᠢᠯ ᠳᠠᠷᠠᠭᠠᠯᠠᠨ | ᠳᠡᠭᠡᠭᠰᠢᠯᠡᠭᠦᠯᠪᠡ᠃ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠴᠠᠯᠢᠩ ᠤᠨ ᠥᠭᠡᠷᠡᠴᠢᠯᠡᠯᠳᠡ᠂ ᠨᠠᠰᠤᠵᠢᠯ ᠤᠨ | ᠳᠠᠭᠠᠳᠬᠠᠯ ᠤᠨ ᠳᠦᠷᠢᠮ ᠤᠨ ᠥᠭᠡᠷᠡᠴᠢᠯᠡᠯᠳᠡ᠂ ᠠᠯᠪᠠᠳᠠᠨ ᠤ ᠳᠤᠰᠢᠶᠠᠯ ᠪᠠ ᠲᠤᠰᠢᠶᠠᠯ ᠤᠨ ᠳᠡᠰ ᠢ ᠬᠠᠮᠳᠣ | ᠳᠤᠨᠢ ᠬᠡᠷᠡᠭᠵᠢᠭᠦᠯᠬᠦ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠪᠠ᠃ ᠰᠤᠮᠤ ᠪᠠᠯᠭᠠᠰᠤᠨ ᠤ | ᠦᠨᠳᠦᠰᠦᠨ ᠱᠠᠳᠤᠨ ᠤ ᠨᠦᠬᠦᠪᠦᠷᠢ᠂ ᠤᠷᠤᠨ ᠨᠤᠳᠤᠭ ᠤᠨ ᠨᠦᠬᠦᠪᠦᠷᠢ᠂ ᠴᠠᠯᠢᠩ ᠲᠡᠰ ᠤᠨ ᠤᠯᠭᠤᠮᠵᠢ ᠪᠠ | ᠴᠠᠭᠳᠠᠭᠠᠨ ᠤ ᠴᠤᠯᠠ ᠶᠢᠨ ᠨᠦᠬᠦᠪᠦᠷᠢ ᠶᠢ ᠨᠠᠶᠢᠳᠠᠪᠤᠷᠢᠵᠢᠭᠤᠯᠪᠠ᠃ ᠭᠠᠴᠠᠭ᠎ᠠ᠂ ᠨᠡᠶᠢᠭᠡᠮ ᠳᠤᠭᠤᠷᠢᠭ ᠤᠨ ᠬᠤᠶᠠᠷ | ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠭᠦᠨ ᠤ ᠴᠠᠯᠢᠩ ᠤᠨ ᠪᠠᠷᠢᠮᠵᠢᠶ᠎ᠠ ᠶᠢ ᠳᠡᠭᠡᠭᠰᠢᠯᠡᠬᠦᠯᠪᠡ᠃ 7 | ᠭᠠᠴᠠᠭᠠᠨ ᠳᠤ ᠨᠡᠶᠢᠭᠡᠮ ᠤᠨ ᠶᠡᠷᠥᠩᠬᠡᠶᠢᠯᠡᠭᠰᠡᠨ ᠠᠰᠠᠷᠠᠮᠵᠢ ᠶᠢᠨ ᠲᠥᠪ ᠪᠠ ᠬᠠᠷᠢᠯᠴᠠᠨ ᠳᠤᠰᠠᠯᠠᠯᠴᠠᠬᠤ ᠵᠤᠯ ᠵᠢᠷᠭᠠᠯ | ᠤᠨ ᠬᠦᠷᠢᠶᠡᠯᠡᠩ ᠪᠠᠶᠢᠭᠤᠯᠵᠤ᠂ ᠬᠤᠰᠢᠭᠤᠨ ᠲᠦᠪ ᠲᠤ ︽ᠳᠤᠯᠠᠭᠠᠨ︾ ᠮᠠᠯᠵᠢᠬᠤ ᠤᠷᠤᠨ ᠤ ᠨᠠᠰᠤᠳᠠᠶᠢᠴᠤᠳ | ᠤᠨ ᠠᠰᠠᠷᠠᠮᠵᠢ ᠶᠢᠨ ᠬᠦᠷᠢᠶᠡᠯᠡᠩ ᠢ ᠪᠠᠶᠢᠭᠤᠯᠤᠨ᠂ ᠵᠡᠮᠳᠡᠭᠴᠦᠳ ᠤᠨ ᠠᠰᠠᠷᠠᠮᠵᠢ ᠶᠢᠨ ᠲᠥᠪ ᠤᠨ ᠭᠡᠷ ᠳᠤᠳᠤᠷᠠᠬᠢ | ᠵᠠᠰᠠᠨ ᠴᠢᠮᠡᠭᠯᠡᠬᠦ ᠠᠵᠢᠯ ᠢ ᠬᠢᠵᠤ ᠳᠠᠭᠤᠰᠬᠠᠨ᠂ 410 ᠢᠵᠢ ᠨᠡᠶᠢᠳᠡ ᠶᠢᠨ ᠲᠦᠷᠢᠶᠡᠰᠦᠨ ᠤᠷᠤᠨ ᠰᠠᠭᠤᠴᠠ ᠶᠢ | ᠪᠠᠶᠢᠭᠤᠯᠤᠨ᠂ 1260 ᠢᠵᠢ ᠳᠦᠭᠦᠮ ᠪᠦᠳᠦᠴᠡᠳᠦ ᠳᠤᠭᠤᠷᠢᠭ ᠢ ᠵᠠᠰᠠᠨ ᠥᠭᠡᠷᠡᠴᠢᠯᠡᠪᠡ᠃ | — — ᠨᠡᠶᠢᠭᠡᠮ ᠤᠨ ᠠᠵᠢᠯ ᠦᠢᠯᠡᠰ ᠲᠡᠩᠴᠡᠭᠦᠷᠢᠳᠡᠢ ᠬᠦᠭᠵᠢᠪᠡ᠃ ᠰᠤᠷᠭᠠᠨ | ᠬᠦᠮᠦᠵᠢᠯ ᠤᠨ ᠦᠢᠯᠡᠰ ᠢᠯᠡᠳᠳᠡ ᠠᠮᠵᠢᠯᠳᠠ ᠤᠯᠪᠠ᠃ ᠨᠡᠶᠢᠳᠡ 4.5 ᠳ᠋ᠥᠩᠰᠢᠭᠤᠷ ᠲᠦᠭᠦᠷᠢᠭ ᠤᠨ ᠪᠡᠯᠡ | ᠤᠷᠤᠭᠤᠯᠵᠤ᠂ ᠡᠯ᠎ᠠ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠠ | ᠪᠦᠬᠦᠯᠢ ᠴᠤᠭᠴᠠ ᠪᠠᠷ ᠨᠢ ᠨᠡᠭᠦᠯᠬᠡᠨ ᠰᠢᠯᠵᠢᠬᠦᠯᠬᠦ ᠢᠨᠵᠧᠨᠧᠷᠢᠩ ᠢ ᠬᠡᠷᠡᠭᠵᠢᠬᠦᠯᠵᠦ᠂ ᠪᠠᠶᠢᠷᠢᠰᠢᠯᠳᠠ ᠳᠤᠬᠢᠷᠠᠮᠵᠢᠳᠠᠢ | ᠂ ᠴᠢᠳᠠᠪᠬᠢ ᠲᠡᠭᠦᠯᠳᠡᠷ ᠪᠦᠬᠦᠢ ᠰᠤᠷᠭᠠᠨ ᠬᠦᠮᠦᠵᠢᠯ ᠤᠨ ᠤᠷᠤᠨ ᠳᠤᠭᠤᠷᠢᠭ ᠢ ᠦᠨᠳᠦᠰᠦᠨ ᠳᠡᠭᠡᠨ | ᠪᠦᠷᠢᠯᠳᠦᠬᠦᠯᠪᠡ᠃ ᠲᠠᠪᠤᠨ ᠳᠤᠮᠳᠠᠳᠤ ᠪᠠᠭ᠎ᠠ ᠰᠤᠷᠭᠠᠭᠤᠯᠢ ᠨᠢ ᠪᠦᠬᠦᠨ ᠢᠶᠠᠷ ᠢᠶᠠᠨ ᠪᠠᠷᠢᠮᠵᠢᠶᠠᠵᠢᠭᠰᠠᠨ ᠰᠤᠷᠭᠠᠭᠤᠯᠢ | ᠶᠢᠨ ᠱᠠᠭᠠᠷᠳᠠᠯᠭ᠎ᠠ ᠳᠤ ᠬᠦᠷᠴᠦ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠭᠦᠷᠢᠳᠡᠢ ᠬᠦᠭᠵᠢᠬᠦᠯᠦᠯᠳᠡ | ᠨᠢ ᠤᠯᠤᠰ ᠤᠨ ᠬᠢᠨᠠᠨ ᠳᠤᠭᠳᠠᠭᠠᠯ ᠳᠤ ᠬᠢᠷᠢ ᠲᠡᠩᠴᠡᠵᠤ᠂ ᠮᠤᠩᠭᠤᠯ ᠦᠨᠳᠦᠰᠦᠳᠡᠨ ᠤ ᠳᠤᠮᠳᠠᠳᠤ ᠰᠤᠷᠭᠠᠭᠤᠯᠢ᠂ | ᠨᠠᠬᠢᠶ᠎ᠠ ᠪᠠᠭ᠎ᠠ ᠰᠤᠷᠭᠠᠭᠤᠯᠢ ᠶᠢ ︽ᠤᠯᠤᠰ ᠤᠨ ᠲᠡᠰ ᠤᠨ ᠬᠦᠯ ᠪᠦᠮᠪᠦᠭᠡ ᠶᠢᠨ ᠤᠨᠴᠠᠯᠢᠭᠳᠤ ᠰᠤᠷᠭᠠᠭᠤᠯᠢ︾᠂ | ᠬᠤᠶᠠᠳᠤᠭᠠᠷ ᠪᠠᠭ᠎ᠠ ᠰᠤᠷᠭᠠᠭᠤᠯᠢ ᠶᠢ ︽ᠥᠪᠡᠷᠳᠡᠭᠡᠨ ᠵᠠᠰᠠᠬᠤ ᠤᠷᠤᠨ ᠤ ᠲᠡᠰ ᠤᠨ ᠪᠤᠯᠪᠠᠰᠤᠨ ᠰᠤᠷᠭᠠᠭᠤᠯᠢ︾᠂ | ᠦᠨᠳᠦᠰᠦᠳᠡᠨ ᠤ ᠬᠡᠦᠬᠡᠳ ᠤᠨ ᠴᠡᠴᠡᠷᠯᠢᠭ ᠢ ︽ᠥᠪᠡᠷᠳᠡᠭᠡᠨ ᠵᠠᠰᠠᠬᠤ ᠤᠷᠤᠨ ᠤ ᠲᠡᠰ ᠤᠨ ᠵᠢᠱᠢᠶ᠎ᠡ ᠦᠵᠡᠬᠦᠯᠬᠦ | ᠬᠡᠦᠬᠡᠳ ᠤᠨ ᠴᠡᠴᠡᠷᠯᠢᠭ︾ ᠪᠤᠯᠭᠠᠨ ᠪᠦᠳᠦᠭᠡᠨ ᠪᠠᠶᠢᠭᠤᠯᠪᠠ᠃ ᠪᠠᠭᠰᠢ ᠶᠢᠨ ᠡᠩᠨᠡᠭᠡᠨ ᠤ ᠪᠦᠳᠦᠴᠡ ᠤᠯᠠᠮ | ᠰᠢᠯᠢᠳᠡᠭᠵᠢᠨ᠂ ᠰᠤᠷᠭᠠᠨ ᠬᠦᠮᠦᠵᠢᠯ ᠵᠢᠭᠠᠨ ᠰᠤᠷᠭᠠᠬᠤ ᠶᠠᠰᠤ ᠴᠢᠨᠠᠷ ᠳᠤᠭᠳᠠᠭᠤᠨ ᠢᠶᠠᠷ ᠳᠡᠭᠡᠭᠰᠢᠯᠡᠨ᠂ ᠮᠤᠩᠭᠤᠯ | ᠦᠨᠳᠦᠰᠦᠳᠡᠨ ᠤ ᠳᠤᠮᠳᠠᠳᠤ ᠰᠤᠷᠭᠠᠭᠤᠯᠢ ᠶᠢᠨ ᠠᠩᠬ᠎ᠠ ᠳᠤᠮᠳᠠ ᠶᠢᠨ ᠰᠢᠯᠭᠠᠯᠳᠠ ᠶᠢᠨ ᠬᠢᠷᠢ ᠪᠦᠳᠦᠮᠵᠢ ᠲᠠᠪᠤᠨ | ᠵᠢᠯ ᠵᠠᠯᠭᠠᠪᠠᠷ ᠪᠦᠬᠦ ᠠᠶᠢᠮᠠᠭ ᠲᠤ ᠲᠡᠷᠢᠭᠦᠯᠡᠵᠤ᠂ ᠵᠢᠯ ᠪᠤᠯᠭᠠᠨ ᠬᠠᠭᠠᠰ ᠳᠤᠭᠠᠨ ᠤ ᠰᠤᠷᠤᠭᠴᠢ᠂ ᠪᠠᠭᠰᠢ ᠶᠢᠨ ᠶᠡᠭᠡ | ᠰᠤᠷᠭᠠᠭᠤᠯᠢ ᠶᠢᠨ ᠬᠠᠷᠢᠶᠠᠳᠤ ᠳᠤᠮᠳᠠᠳᠤ ᠰᠤᠷᠭᠠᠭᠤᠯᠢ ᠪᠠ ᠠᠶᠢᠮᠠᠭ ᠤᠨ ᠭᠤᠤᠯᠳᠠᠯᠭ᠎ᠠ ᠲᠠᠢ ᠳᠤᠮᠳᠠᠳᠤ ᠰᠤᠷᠭᠠᠭᠤᠯᠢ | ᠳᠤ ᠤᠷᠤᠪᠠ᠃ ᠨᠢᠭᠡᠳᠦᠭᠡᠷ ᠳᠤᠮᠳᠠᠳᠤ ᠰᠤᠷᠭᠠᠭᠤᠯᠢ ᠪᠠ ᠶᠡᠷᠥᠩᠬᠡᠶᠢᠯᠡᠭᠰᠡᠨ ᠥᠨᠳᠦᠷ ᠳᠤᠮᠳᠠᠳᠤ ᠰᠤᠷᠭᠠᠭᠤᠯᠢ ᠠᠴᠠ | ᠶᠡᠭᠡ ᠰᠤᠷᠭᠠᠭᠤᠯᠢ ᠶᠢᠨ ᠵᠢᠩᠬᠢᠨᠢ ᠠᠩᠬᠢ ᠳᠤ ᠳᠠᠪᠰᠢᠬᠤ ᠨᠤᠷᠮ᠎ᠠ 50% ᠳᠤ ᠬᠦᠷᠪᠡ᠃ 2 ᠲᠥᠷᠥᠯ ᠤᠨ | ᠪᠤᠳᠠᠳᠤ ᠬᠡᠷᠡᠭᠯᠡᠭᠡᠨ ᠤ ᠰᠢᠨᠵᠢᠯᠡᠬᠦ ᠤᠬᠠᠭᠠᠨ ᠤ ᠮᠡᠷᠭᠡᠵᠢᠯ ᠢ ᠤᠷᠢᠨ ᠤᠷᠤᠭᠤᠯᠵᠤ ᠲᠥᠭᠡᠮᠡᠯᠵᠢᠬᠦᠯᠪᠡ᠃ ᠡᠮ | ᠡᠮᠨᠡᠯᠭᠡ ᠡᠷᠡᠬᠦᠯ ᠬᠠᠮᠠᠭᠠᠯᠠᠯ ᠤᠨ ᠦᠢᠯᠡᠰ ᠳᠤᠭᠳᠠᠭᠤᠨ ᠢᠶᠠᠷ ᠬᠦᠭᠵᠢᠪᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ | ᠶᠢᠨ ᠬᠤᠷᠢᠶᠠᠨ ᠤ ᠶᠡᠷᠥᠩᠬᠡᠶᠢᠯᠡᠭᠰᠡᠨ ᠥᠭᠡᠷᠡᠴᠢᠯᠡᠯᠳᠡ ᠶᠢ ᠯᠠᠪᠳᠠᠭᠤᠨ ᠢᠶᠠᠷ ᠠᠬᠢᠭᠤᠯᠵᠤ᠂ ᠮᠤᠩᠭᠤᠯ ᠡᠮᠨᠡᠯᠭᠡ ᠶᠢᠨ | ᠬᠤᠷᠢᠶ᠎ᠠ ᠶᠢ ᠥᠷᠭᠡᠳᠬᠡᠨ ᠪᠠᠶᠢᠭᠤᠯᠬᠤ ᠢᠨᠵᠧᠨᠧᠷᠢᠩ ᠪᠠ ᠮᠤᠩᠭᠤᠯ ᠡᠮ ᠨᠠᠶᠢᠷᠠᠭᠤᠯᠬᠤ ᠲᠠᠰᠤᠭ ᠤᠨ ᠲᠥᠷᠥᠯ | ᠵᠦᠢᠯ ᠠᠰᠢᠬᠯᠠᠯᠳᠠ ᠳᠤ ᠤᠷᠤᠵᠤ᠂ ᠪᠡᠶ᠎ᠡ ᠰᠡᠳᠬᠢᠴᠨ ᠶᠢᠨ ᠡᠮᠴᠢᠯᠡᠭᠡᠨ ᠤ ᠰᠠᠯᠠᠭ᠎ᠠ ᠶᠢ ᠨᠡᠮᠡᠵᠤ ᠪᠠᠶᠢᠭᠤᠯᠤᠨ᠂ | ᠰᠢᠨ᠎ᠡ ᠪᠠᠷ ᠪᠠᠶᠢᠭᠤᠯᠵᠤ ᠪᠠᠶᠢᠭ᠎ᠠ ᠡᠬᠡ ᠨᠢᠯᠬᠠᠰ ᠤᠨ ᠡᠷᠡᠬᠦᠯᠵᠢᠯ ᠤᠨ ᠬᠤᠷᠢᠶ᠎ᠠ ᠶᠢᠨ ᠭᠤᠤᠯ ᠴᠤᠭᠴᠠ ᠶᠢᠨ ᠠᠵᠢᠯ | ᠳᠠᠭᠤᠰᠴᠦ᠂ ᠠᠷᠠᠳ ᠤᠨ ᠡᠮᠨᠡᠯᠭᠡ ᠶᠢᠨ ᠬᠤᠷᠢᠶ᠎ᠠ ᠬᠢᠭᠡᠳ ᠮᠤᠩᠭᠤᠯ ᠡᠮᠨᠡᠯᠭᠡ ᠶᠢᠨ ᠬᠤᠷᠢᠶ᠎ᠠ ᠨᠢ ᠳᠤᠰ ᠳᠤᠰ | ᠬᠤᠶᠠᠳᠤᠭᠠᠷ ᠵᠡᠷᠭᠡ ᠶᠢᠨ ᠬᠦᠬᠡᠭᠴᠢᠨ ᠲᠡᠰ ᠪᠠ ᠬᠤᠶᠠᠳᠤᠭᠠᠷ ᠵᠡᠷᠭᠡ ᠶᠢᠨ ᠬᠦᠬᠡ ᠲᠡᠰ ᠲᠤ ᠳᠡᠪᠰᠢᠨ᠂ ᠪᠠᠶᠠᠨᠳᠠᠯ᠎ᠠ | ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠷᠢᠶ᠎ᠠ ᠨᠢ ᠤᠯᠤᠰ ᠤᠨ ᠲᠡᠰ ᠤᠨ ᠤᠯᠠᠨ ᠲᠥᠮᠡᠨ ᠬᠠᠨᠤᠮᠵᠢᠳᠠᠢ ᠡᠷᠡᠬᠦᠯ | ᠬᠠᠮᠠᠭᠠᠯᠠᠯ ᠤᠨ ᠬᠤᠷᠢᠶ᠎ᠠ ᠪᠠᠷ ᠦᠨᠡᠯᠡᠭᠳᠡᠪᠡ᠃ ᠡᠷᠡᠬᠦᠯ ᠬᠠᠮᠠᠭᠠᠯᠠᠯ ᠤᠨ ᠬᠢᠨᠠᠯᠳᠠ᠂ ᠬᠢᠵᠢᠭ ᠡᠪᠡᠳᠴᠢᠨ ᠢ | ᠰᠡᠷᠬᠡᠶᠢᠯᠡᠬᠦ᠂ ᠬᠦᠮᠦᠨ ᠠᠮᠠ ᠪᠠ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠡᠯ᠎ᠠ ᠲᠥᠷᠥᠯ ᠤᠨ ᠠᠵᠢᠯ ᠡᠮᠬᠢ | ᠴᠡᠭᠴᠢ ᠲᠠᠢ ᠶᠠᠪᠤᠭᠳᠠᠪᠠ᠃ ᠰᠤᠶᠤᠯ ᠲᠠᠮᠢᠷ ᠤᠨ ᠦᠢᠯᠡᠰ ᠥᠷᠨᠢᠬᠦᠨ ᠬᠦᠭᠵᠢᠪᠠ᠃ ᠴᠠᠬᠠᠷ ᠵᠠᠩ ᠦᠢᠯᠡ ᠶᠢᠨ | ᠰᠤᠶᠤᠯ ᠢ ᠰᠢᠰᠲ᠋ᠧᠮ ᠲᠠᠢ ᠠᠭᠤᠳᠠᠯᠯᠠᠨ ᠡᠮᠬᠢᠳᠬᠡᠵᠦ᠂ ᠠᠰᠣᠷᠣ ᠠᠶᠠᠯᠭᠤ ᠨᠢ ᠤᠯᠤᠰ ᠤᠨ ᠪᠤᠳᠠᠰ ᠤᠨ ᠪᠤᠰᠤ | ᠰᠤᠶᠤᠯ ᠤᠨ ᠥᠪ ᠤᠨ ᠲᠥᠯᠥᠭᠡᠯᠡᠭᠴᠢ ᠴᠢᠨᠠᠷ ᠲᠠᠢ ᠲᠥᠷᠥᠯ ᠵᠦᠢᠯ ᠤᠨ ᠨᠡᠷᠡᠰ ᠲᠤ ᠵᠢᠬᠰᠠᠭᠠᠭᠳᠠᠪᠠ᠃ | ᠠᠩᠬᠠᠳᠤᠭᠠᠷ ᠤᠳᠠᠭᠠᠨ ᠤ ᠠᠰᠣᠷᠣ ᠲᠠᠯ᠎ᠠ ᠨᠤᠳᠤᠭ ᠤᠨ ᠳᠠᠭᠤᠤ ᠬᠦᠭᠵᠢᠮ ᠤᠨ ᠨᠠᠶᠢᠷ᠂ ᠪᠦᠬᠦ ᠤᠷᠤᠨ ᠤ ᠵᠠᠯᠠᠭᠤ | ᠪᠠᠭᠠᠴᠤᠳ ᠤᠨ ᠤᠯᠠᠨ ᠤᠯᠤᠰ ᠤᠨ ᠪᠦᠬᠡ ᠶᠢᠨ ᠮᠠᠩᠯᠠᠢ ᠰᠢᠯᠭᠠᠷᠠᠭᠤᠯᠬᠤ ᠲᠡᠮᠡᠴᠡᠭᠡᠨ᠂ ︽ᠴᠠᠬᠠᠷ ᠬᠤᠨᠳᠠᠭᠠᠳᠤ︾ | ᠮᠤᠩᠭᠤᠯ ᠬᠡᠯᠡᠨ ᠤ ᠰᠢᠯᠦᠭ ᠳᠠᠭᠤᠨ ᠤ ᠤᠷᠤᠯᠳᠤᠭᠠᠨ ᠪᠠ ᠦᠨᠳᠦᠰᠦᠳᠡᠨ ᠤ ᠬᠤᠪᠴᠠᠰᠦ ᠵᠠᠰᠠᠯ ᠤᠨ | ᠤᠷᠤᠯᠳᠤᠭᠠᠨ ᠵᠡᠷᠭᠡ ᠨᠠᠭᠠᠳᠤᠮ ᠴᠤᠭᠯᠠᠭᠠᠨ ᠢ ᠠᠮᠵᠢᠯᠳᠠᠳᠠᠢ ᠡᠷᠬᠢᠯᠡᠨ᠂ ᠡᠯ᠎ᠠ ᠲᠥᠷᠥᠯ ᠤᠨ ᠤᠯᠠᠨ ᠲᠥᠮᠡᠨᠴᠢ | ᠴᠢᠨᠠᠷᠲᠠᠢ ᠰᠤᠶᠤᠯ ᠲᠠᠮᠢᠷ ᠤᠨ ᠬᠦᠳᠡᠯᠭᠡᠭᠡᠨ ᠢ ᠥᠷᠭᠡᠨ ᠢᠶᠠᠷ ᠶᠠᠪᠤᠭᠳᠠᠭᠤᠯᠵᠤ᠂ ᠥᠪᠡᠷᠳᠡᠭᠡᠨ ᠵᠠᠰᠠᠬᠤ ᠤᠷᠤᠨ ᠤ | ᠲᠠᠮᠢᠷ ᠤᠨ ᠳᠤᠪᠴᠢᠶ᠎ᠠ ᠨᠢ ᠮᠠᠨ ᠤ ᠬᠤᠰᠢᠭᠤ ᠶᠢ ︽ᠰᠢᠳᠠᠷ᠎ᠠ ᠶᠢᠨ ᠦᠯᠦᠬᠡᠢ︾ ᠬᠡᠮᠡᠨ ᠨᠡᠷᠡᠶᠢᠳᠦᠭᠰᠡᠨ ᠪᠠᠶᠢᠨ᠎ᠠ᠃ | ᠷᠠᠳᠢᠤ᠋ ᠲᠧᠯᠸᠢᠰ ᠤᠨ ᠶᠡᠷᠥᠩᠬᠡᠶᠢᠯᠡᠭᠰᠡᠨ ᠪᠦᠷᠬᠦᠴᠡ 99% ᠳᠤ ᠬᠦᠷᠪᠡ᠃ ᠤᠯᠠᠨ ᠲᠥᠮᠡᠨᠴᠢ ᠤᠶᠤᠨ ᠤ | ᠪᠤᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠯᠠᠪᠳᠠᠭᠤᠨ ᠥᠷᠨᠢᠵᠦ᠂ ᠥᠪᠡᠷᠳᠡᠭᠡᠨ ᠵᠠᠰᠠᠬᠤ ᠤᠷᠤᠨ ᠤ ︽ | ᠪᠤᠯᠪᠠᠰᠤᠨ ᠬᠤᠰᠢᠭᠤ ᠰᠢᠶᠠᠨ︾ ᠤ ᠬᠢᠨᠠᠨ ᠰᠢᠯᠭᠠᠯᠳᠠ ᠳᠤ ᠳᠠᠬᠢᠨᠳᠠ ᠬᠢᠷᠢ ᠲᠡᠩᠴᠡᠪᠡ᠃ ᠤᠯᠤᠰ ᠤᠨ ᠪᠠᠳᠤᠯᠠᠨ | ᠬᠠᠮᠠᠭᠠᠯᠠᠯᠳᠠ ᠪᠠ ᠬᠤᠶᠠᠷ ᠢ ᠬᠦᠷᠢᠶᠡᠯᠡᠬᠦ ᠠᠵᠢᠯ ᠤᠨ ᠦᠷ᠎ᠡ ᠪᠦᠳᠦᠮᠵᠢ ᠢᠯᠡᠷᠬᠡᠢ ᠪᠤᠯᠵᠤ᠂ ︽ᠥᠪᠡᠷᠳᠡᠭᠡᠨ | ᠵᠠᠰᠠᠬᠤ ᠤᠷᠤᠨ ᠤ ᠬᠤᠶᠠᠷ ᠢ ᠬᠦᠷᠢᠶᠡᠯᠡᠬᠦ ᠵᠢᠱᠢᠶ᠎ᠡ ᠦᠵᠡᠬᠦᠯᠬᠦ ᠬᠤᠰᠢᠭᠤ︾ ᠶᠢ ᠡᠭᠦᠳᠦᠨ ᠪᠠᠶᠢᠭᠤᠯᠬᠤ ᠦᠷ᠎ᠡ | ᠪᠦᠳᠦᠭᠡᠯ ᠦᠷᠭᠦᠯᠵᠢᠯᠡᠨ ᠪᠠᠬᠢᠵᠢᠪᠡ᠃ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠠᠵᠢᠯ ᠦᠢᠯᠡᠰ ᠢ | ᠳᠤᠭᠳᠠᠭᠤᠨ ᠢᠶᠠᠷ ᠠᠬᠢᠭᠤᠯᠵᠤ᠂ ᠱᠠᠰᠢᠨ ᠰᠤᠷᠳᠠᠬᠤᠨ ᠢ ᠨᠡᠶᠢᠭᠡᠮ ᠵᠢᠷᠤᠮᠳᠣ ᠨᠡᠶᠢᠭᠡᠮ ᠯᠦᠭᠡ ᠬᠠᠷᠢᠯᠴᠠᠨ | ᠵᠤᠬᠢᠴᠠᠯᠳᠤᠭᠤᠯᠬᠤ ᠶᠢ ᠢᠳᠡᠪᠬᠢᠳᠡᠢ ᠵᠢᠯᠤᠭᠤᠳᠪᠠ᠃ ᠠᠷᠠᠳ ᠤᠨ ᠠᠭᠠᠷ ᠤᠨ ᠰᠡᠷᠭᠡᠶᠢᠯᠡᠯᠳᠡ᠂ ᠴᠠᠭ ᠠᠭᠤᠷ᠂ | ᠳᠠᠩᠰᠠ ᠡᠪᠬᠡᠮᠡᠯ᠂ ᠳᠡᠣᠬᠡ ᠤᠶᠢᠯᠯᠠᠭ᠎ᠠ᠂ ᠵᠡᠮᠳᠡᠭᠴᠦᠳ᠂ ᠤᠯᠠᠭᠠᠨ ᠵᠠᠭᠠᠯᠮᠠᠶᠢᠳᠠᠨ᠂ ᠤᠳᠬ᠎ᠠ ᠵᠤᠬᠢᠶᠠᠯ ᠤᠷᠠᠯᠢᠭ᠂ | ᠡᠮᠡᠭᠳᠡᠶᠢᠴᠦᠳ ᠬᠡᠦᠭᠡᠳ᠂ ᠬᠤᠶᠢᠴᠢ ᠦᠶ᠎ᠡ ᠶᠢ ᠬᠠᠯᠠᠮᠵᠢᠯᠠᠬᠤ᠂ ᠨᠠᠰᠣᠳᠠᠶᠢᠴᠣᠳ ᠤᠨ ᠲᠠᠮᠢᠷ ᠪᠠ ᠰᠢᠨᠵᠢᠯᠡᠭᠡ | ᠮᠡᠷᠭᠡᠵᠢᠯ ᠤᠨ ᠨᠡᠶᠢᠭᠡᠮᠯᠢᠭ᠂ ᠡᠯᠡᠰᠦ ᠶᠢ ᠵᠠᠰᠠᠬᠤ ᠨᠡᠶᠢᠭᠡᠮᠯᠢᠭ ᠵᠡᠷᠭᠡ ᠡᠯ᠎ᠠ ᠲᠥᠷᠥᠯ ᠤᠨ ᠠᠵᠢᠯ ᠰᠢᠨ᠎ᠡ ᠠᠮᠵᠢᠯᠳᠠ | ᠶᠢ ᠤᠯᠪᠠ᠃ | — — ᠨᠡᠶᠢᠭᠡᠮ ᠤᠨ ᠡᠶ᠎ᠡ ᠵᠤᠬᠢᠴᠠᠯ ᠳᠤᠭᠳᠠᠭᠤᠨ ᠪᠠᠶᠢᠳᠠᠯ ᠢ ᠪᠠᠳᠣᠯᠠᠪᠠ᠃ ᠭᠠᠵᠠᠷ ᠤᠨ | ᠲᠡᠰ ᠤᠨ ᠤᠳᠤᠷᠢᠳᠤᠯᠭ᠎ᠠ ᠠᠴᠠ ᠵᠠᠬᠢᠳᠠᠯ ᠰᠣᠷᠪᠣᠯᠵᠢᠯᠠᠭ᠎ᠠ ᠶᠢ ᠬᠦᠯᠢᠶᠡᠨ ᠠᠪᠬᠤ ᠪᠠ ︽1328︾ ᠵᠠᠬᠢᠳᠠᠯ | ᠰᠤᠷᠪᠤᠯᠵᠢᠯᠠᠭ᠎ᠠ ᠶᠢᠨ ᠬᠤᠯᠪᠤᠭᠠᠳᠤ ᠬᠤᠷᠠᠯ ᠤᠨ ᠳᠦᠷᠢᠮ ᠢ ᠳᠤᠭᠳᠠᠭᠠᠵᠤ ᠴᠢᠩᠭ᠎ᠠ ᠬᠡᠷᠡᠭᠵᠢᠭᠦᠯᠦᠨ᠂ ᠦᠨᠳᠦᠰᠦᠨ | ᠠᠴᠠ ᠨᠢ ᠵᠠᠰᠠᠬᠤ ᠶᠢ ᠴᠢᠩᠭᠠᠳᠬᠠᠵᠤ᠂ ᠤᠯᠠᠨ ᠲᠥᠮᠡᠨ ᠤ ᠵᠦᠢ ᠵᠤᠬᠢᠰᠳᠠᠢ ᠬᠦᠰᠡᠯ ᠱᠠᠭᠠᠷᠳᠠᠯᠭ᠎ᠠ ᠶᠢ | ᠪᠦᠳᠦᠮᠵᠢᠳᠡᠢ ᠰᠢᠢᠳᠪᠦᠷᠢᠯᠡᠪᠠ᠃ ᠡᠶ᠎ᠡ ᠵᠤᠬᠢᠴᠠᠩᠭᠤᠢ ᠬᠦᠳᠡᠯᠮᠦᠷᠢ ᠶᠢᠨ ᠬᠠᠷᠢᠴᠠᠭ᠎ᠠ ᠶᠢ ᠢᠳᠡᠪᠬᠢᠳᠡᠢ ᠪᠠᠶᠢᠭᠤᠯᠤᠨ᠂ | ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠤ ᠬᠠᠤᠯᠢ ᠶᠤᠰᠤᠨ ᠤ ᠡᠷᠬᠡ ᠠᠰᠢᠭ ᠢ ᠪᠦᠳᠦᠮᠵᠢᠳᠡᠢ ᠪᠠᠳᠣᠯᠠᠪᠠ᠃ | ᠨᠡᠶᠢᠭᠡᠮ ᠤᠨ ᠠᠮᠤᠷ ᠳᠦᠪᠰᠢᠨ ᠢ ᠶᠡᠷᠥᠩᠬᠡᠶᠢᠯᠡᠨ ᠵᠠᠰᠠᠬᠤ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠂ ᠵᠦᠷᠢᠴᠠᠯ ᠢ ᠪᠠᠶᠢᠴᠠᠭᠠᠨ ᠨᠠᠮᠳᠠᠭᠤᠯᠬᠤ ᠠᠵᠢᠯ ᠢ ᠭᠦᠨᠵᠡᠭᠡᠢ ᠦᠷᠨᠢᠭᠦᠯᠵᠦ᠂ ᠦᠵᠡᠯ | ᠤᠬᠠᠮᠰᠠᠷ ᠤᠨ ᠲᠦᠷᠰᠤ ᠪᠠᠶᠢᠳᠠᠯ ᠤᠨ ᠬᠦᠷᠢᠶᠡᠨ ᠳᠠᠬᠢ ᠠᠵᠢᠯ ᠳᠠᠰᠤᠷᠠᠯᠲᠠ ᠦᠭᠡᠢ ᠴᠢᠩᠭᠠᠷᠠᠨ᠂ 110 ᠨᠡᠶᠢᠭᠡᠮ | ᠤᠨ ᠬᠤᠯᠪᠤᠭᠠᠯᠠᠨ ᠬᠦᠳᠡᠯᠥᠯᠴᠡᠬᠦ ᠳᠤᠭᠳᠠᠴᠠ ᠶᠢ ᠪᠠᠶᠢᠭᠤᠯᠵᠤ᠂ ᠤᠯᠠᠨ ᠤᠳᠠᠭᠠᠨ ᠤ ︽ᠰᠡᠷᠡᠮᠵᠢᠯᠡᠭᠦᠯᠬᠦ︾ ᠰᠢᠷᠢᠰ | ᠠᠵᠢᠯᠯᠠᠭ᠎ᠠ ᠶᠢ ᠥᠷᠨᠢᠬᠦᠯᠦᠨ᠂ ᠨᠡᠶᠢᠭᠡᠮ ᠤᠨ ᠳᠤᠭᠳᠠᠭᠤᠨ ᠢ ᠪᠠᠲᠤᠯᠠᠪᠠ᠃ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠬᠡᠷᠡᠭᠵᠢᠬᠦᠯᠦᠨ᠂ ᠨᠡᠶᠢᠳᠡ ᠶᠢᠨ ᠠᠮᠤᠷ ᠳᠦᠪᠰᠢᠨ ᠤ ᠭᠡᠮ ᠰᠣᠭᠤᠭ ᠢ | ᠪᠠᠶᠢᠴᠠᠭᠠᠬᠤ᠂ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ᠂ ᠡᠯ᠎ᠠ ᠠᠵᠢᠯ ᠲᠥᠷᠥᠯ ᠤᠨ ᠬᠦᠷᠢᠶ᠎ᠡ ᠴᠠᠷ᠎ᠠ | ᠳᠠᠬᠢ ᠳᠤᠰᠬᠠᠢ ᠴᠡᠭᠴᠡᠯᠡᠯᠲᠠ ᠶᠢ ᠥᠷᠨᠢᠬᠦᠯᠵᠦ᠂ ᠠᠶᠤᠯᠭᠦᠢ ᠦᠢᠯᠡᠳᠪᠦᠷᠢᠯᠡᠯ ᠤᠨ ᠳᠤᠭᠳᠠᠭᠤᠨ ᠪᠠᠶᠢᠳᠠᠯ ᠢ | ᠪᠠᠳᠤᠯᠠᠪᠠ᠃ ᠪᠦᠳᠦᠬᠡᠭᠳᠡᠬᠦᠨ ᠤ ᠶᠠᠰᠣ ᠴᠢᠨᠠᠷ ᠵᠢᠴᠢ ᠢᠳᠡᠭᠡᠨ ᠤᠮᠳᠠᠭᠠᠨ ᠡᠮ ᠤᠨ ᠵᠦᠢᠯᠡᠰ ᠤᠨ ᠠᠮᠦᠷ ᠳᠦᠪᠰᠢᠨ | ᠤ ᠶᠡᠭᠡ ᠪᠠᠶᠢᠴᠠᠭᠠᠯᠳᠠ ᠶᠢ ᠥᠷᠨᠢᠬᠦᠯᠵᠦ᠂ ᠢᠳᠡᠬᠡᠨ ᠤᠮᠳᠠᠭᠠᠨ ᠡᠮ ᠤᠨ ᠵᠦᠢᠯᠡᠰ ᠢ ᠳᠦᠷᠭᠡᠨ ᠰᠢᠯᠭᠠᠨ | ᠪᠠᠶᠢᠴᠠᠭᠠᠬᠤ ᠳᠠᠰᠤᠭ ᠢ ᠪᠠᠶᠢᠭᠤᠯᠤᠨ᠂ ᠠᠷᠠᠳ ᠤᠯᠠᠨ ᠤ ᠢᠳᠡᠭᠡᠨ ᠤᠮᠳᠠᠭᠠᠨ᠂ ᠡᠮ ᠤᠨ ᠵᠦᠢᠯᠡᠰ ᠤᠨ | ᠬᠡᠷᠡᠭᠯᠡᠭᠡᠨ ᠤ ᠠᠮᠤᠷ ᠳᠦᠪᠰᠢᠨ ᠢ ᠪᠠᠳᠤᠯᠠᠪᠠ᠃ | — — ᠵᠠᠰᠠᠭ ᠤᠨ ᠤᠷᠳᠤᠨ ᠤ ᠳᠤᠰ ᠪᠡᠶ᠎ᠡ ᠶᠢᠨ ᠪᠠᠶᠢᠭᠤᠯᠤᠯᠳᠠ ᠦᠷᠭᠦᠯᠵᠢᠯᠡᠨ | ᠴᠢᠩᠭᠠᠷᠠᠪᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠶᠢᠨ | ᠰᠢᠢᠳᠪᠦᠷᠢ ᠳᠤᠭᠳᠠᠭᠠᠯ ᠢ ᠨᠠᠷᠢᠨ ᠨᠢᠮᠪᠠᠢ ᠬᠡᠷᠡᠭᠵᠢᠬᠦᠯᠦᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠵᠢᠴᠢ ᠪᠠᠶᠢᠩᠭᠤ ᠶᠢᠨ ᠬᠤᠷᠢᠶᠠᠨ ᠳᠤ ᠠᠵᠢᠯ ᠢᠶᠠᠨ ᠬᠠᠤᠯᠢ ᠶᠤᠰᠤ ᠪᠠᠷ ᠬᠠᠷᠢᠭᠤ ᠮᠡᠳᠡᠭᠦᠯᠵᠦ᠂ ᠬᠤᠰᠢᠭᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠳᠠ᠂ ᠠᠵᠢᠯ ᠤᠨ ᠬᠢᠨᠠᠯᠳᠠ ᠪᠠ | ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠨ᠂ ᠠᠷᠠᠳ ᠤᠨ | ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠪᠤᠯᠤᠨ ᠤᠯᠤᠰ ᠲᠦᠷᠦ ᠶᠢᠨ ᠵᠥᠪᠯᠡᠯᠭᠡᠨ ᠤ ᠬᠡᠰᠢᠭᠦᠳ ᠤᠨ ᠰᠠᠨᠠᠯ | ᠵᠥᠪᠯᠡᠯᠭᠡ ᠶᠢ ᠨᠠᠷᠢᠨ ᠬᠢᠨᠠᠮᠠᠭᠠᠢ ᠰᠢᠢᠳᠪᠦᠷᠢᠯᠡᠵᠦ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠨᠠᠮ ᠪᠥᠯᠥᠭ | ᠤᠨ ᠪᠤᠰᠤ ᠬᠦᠮᠦᠰ ᠪᠠ ᠠᠷᠠᠳ ᠤᠨ ᠪᠦᠯᠬᠦᠮ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠤᠨᠤᠰᠪᠠ᠃ ᠵᠠᠰᠠᠭ ᠤᠨ | ᠤᠷᠳᠤᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ ᠪᠠᠶᠢᠭᠤᠯᠪᠠ᠃ ︽ᠵᠢᠷᠭᠤᠳᠤᠭᠠᠷ ᠲᠠᠪᠤᠨ ᠵᠢᠯ︾ | ᠤᠨ ᠬᠠᠤᠯᠢ ᠲᠥᠭᠡᠮᠡᠯᠵᠢᠬᠦᠯᠬᠦ ᠠᠵᠢᠯ ᠢ ᠠᠮᠵᠢᠯᠳᠠᠳᠠᠢ ᠪᠡᠶᠡᠯᠡᠬᠦᠯᠦᠨ᠂ ︽ᠳᠤᠯᠤᠳᠤᠭᠠᠷ ᠲᠠᠪᠤᠨ ᠵᠢᠯ︾ ᠤᠨ ᠬᠠᠤᠯᠢ | ᠲᠥᠭᠡᠮᠡᠯᠵᠢᠬᠦᠯᠬᠦ ᠠᠵᠢᠯ ᠢ ᠪᠦᠬᠦ ᠲᠠᠯ᠎ᠠ ᠪᠠᠷ ᠦᠷᠨᠢᠭᠦᠯᠦᠭᠡᠳ᠂ ᠮᠠᠨ ᠤ ᠬᠤᠰᠢᠭᠤ ᠨᠢ ᠪᠦᠬᠦ ᠤᠯᠤᠰ ᠤᠨ ᠬᠠᠤᠯᠢ | ᠪᠠᠷ ᠵᠠᠰᠠᠬᠤ ᠤᠬᠠᠭᠤᠯᠬ᠎ᠠ ᠬᠦᠮᠦᠵᠢᠯ ᠤᠨ ᠲᠡᠷᠢᠬᠦᠨ ᠤ ᠬᠤᠰᠢᠭᠤ ᠪᠠᠷ ᠨᠡᠷᠡᠶᠢᠳᠦᠭᠳᠡᠪᠡ᠃ ︽ᠵᠠᠰᠠᠭ ᠤᠨ ᠤᠷᠳᠤᠨ | ᠤ ᠤᠴᠢᠷ ᠶᠠᠪᠤᠳᠠᠯ ᠢ ᠵᠥᠪᠯᠡᠬᠦ ᠳᠦᠷᠢᠮ︾ ᠪᠠ ︽ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠤᠨ ᠤᠴᠢᠷ | ᠶᠠᠪᠤᠳᠠᠯ ᠢ ᠵᠥᠪᠯᠡᠬᠦ ᠳᠦᠷᠢᠮ︾ ᠳᠤ ᠰᠢᠨ᠎ᠡ ᠪᠠᠷ ᠵᠠᠰᠠᠪᠤᠷᠢ ᠤᠷᠤᠭᠤᠯᠵᠤ᠂ ︽ᠭᠤᠷᠪᠠᠨ ᠭᠤᠤᠯᠳᠠᠯᠭ᠎ᠠ ᠨᠢᠭᠡ | ᠳᠤᠮᠤ︾ ᠬᠠᠮᠳᠤᠪᠠᠷ ᠤᠴᠢᠷ ᠶᠠᠪᠤᠳᠠᠯ ᠵᠥᠪᠯᠡᠨ᠂ ᠰᠢᠢᠳᠪᠦᠷᠢᠳᠦ ᠪᠤᠳᠤᠯᠭ᠎ᠠ ᠲᠤᠭᠳᠠᠭᠠᠬᠤ ᠳᠦᠷᠢᠮ ᠢ ᠨᠠᠷᠢᠨ | ᠨᠢᠮᠪᠠᠢ ᠨᠠᠶᠢᠳᠠᠪᠤᠷᠢᠵᠢᠭᠤᠯᠪᠠ᠃ ᠥᠭᠡᠷᠡᠴᠢᠯᠡᠯᠳᠡ ᠶᠢᠨ ᠬᠦᠨᠵᠡᠭᠡᠶᠢᠷᠡᠭᠦᠯᠦᠯᠲᠡ ᠶᠢ ᠪᠦᠬᠦ ᠲᠠᠯ᠎ᠠ ᠪᠠᠷ ᠠᠬᠢᠭᠤᠯᠪᠠ᠃ | ᠠᠵᠤ ᠠᠬᠤᠢ᠂ ᠠᠮᠢ ᠠᠬᠤᠢ ᠪᠤᠯᠤᠨ ᠨᠡᠶᠢᠭᠡᠮ ᠤᠨ ᠪᠦᠳᠦᠴᠡ ᠶᠢᠨ ᠥᠭᠡᠷᠡᠴᠢᠯᠡᠯᠳᠡ ᠶᠢ90 ᠵᠦᠢᠯ ᠪᠡᠶᠡᠯᠡᠬᠦᠯᠦᠨ᠂ | 83 ᠵᠦᠢᠯ ᠢ ᠢᠳᠡᠪᠬᠢᠳᠡᠢ ᠠᠬᠢᠭᠤᠯᠪᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ | ᠥᠭᠡᠷᠡᠴᠢᠯᠡᠯᠳᠡ ᠶᠢ ᠬᠦᠨᠵᠡᠭᠡᠢ ᠠᠬᠢᠭᠤᠯᠵᠤ᠂ ᠵᠠᠰᠠᠭ ᠤᠨ ᠤᠷᠳᠤᠨ ᠬᠤᠳᠠᠯᠳᠤᠨ ᠠᠪᠬᠤ ᠪᠠ ᠳᠠᠭᠠᠭᠠᠴᠢᠯᠠᠯᠳᠠ | ᠵᠠᠷᠯᠠᠵᠤ ᠬᠦᠯᠢᠶᠡᠬᠦ ᠠᠯᠬᠤᠮ ᠶᠠᠪᠤᠴᠠ ᠶᠢ ᠳᠦᠷᠢᠮᠵᠢᠬᠦᠯᠪᠠ᠃ ᠮᠠᠨ ᠤ ᠬᠤᠰᠢᠭᠤ ᠨᠢ ᠪᠦᠬᠦ ᠤᠯᠤᠰ ᠤᠨ ᠵᠠᠰᠠᠭ ᠤᠨ | ᠶᠠᠪᠤᠳᠠᠯ ᠢ ᠢᠯᠠ ᠪᠤᠯᠭᠠᠬᠤ ᠶᠢ ᠪᠠᠷᠢᠮᠵᠢᠶᠠᠵᠢᠭᠤᠯᠤᠨ ᠳᠦᠷᠢᠮᠵᠢᠬᠦᠯᠬᠦ ᠥᠭᠡᠷᠡᠴᠢᠯᠡᠯᠳᠡ ᠶᠢᠨ ᠳᠤᠷᠰᠢᠯᠳᠠ ᠶᠢᠨ ᠴᠡᠭ | ᠪᠤᠯᠪᠠ᠃ ᠠᠯᠪᠠᠨ ᠳᠤ ᠬᠡᠷᠡᠭᠯᠡᠬᠦ ᠭᠡᠷ ᠪᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠯᠪᠠᠨ ᠳᠤ ᠬᠡᠷᠡᠭᠯᠡᠬᠦ ᠮᠠᠰᠢᠨ | ᠲᠡᠷᠭᠡᠨ ᠤ ᠳᠦᠷᠢᠮ ᠤᠨ ᠥᠭᠡᠷᠡᠴᠢᠯᠡᠯᠳᠡ ᠶᠢ ᠪᠡᠶᠡᠯᠡᠬᠦᠯᠪᠠ᠃ ᠨᠠᠮ ᠤᠨ ᠰᠤᠷᠳᠠᠯ ᠴᠢᠭᠡᠴᠢ ᠵᠠᠰᠠᠭ ᠤᠨ | ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ ᠳᠦᠷᠢᠮ ᠪᠠ ︽ᠨᠢᠭᠡ ᠠᠵᠢᠯ ᠤᠨ ᠪᠠᠶᠢᠷᠢᠨ ᠳᠤ ᠬᠤᠤᠰ ᠬᠠᠷᠢᠭᠤᠴᠠᠯᠭ᠎ᠠ | ᠡᠭᠦᠷᠭᠡᠯᠡᠬᠦ︾ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ︽ᠭᠤᠷᠪᠠᠨ ᠴᠢᠩᠭ᠎ᠠ ᠭᠤᠷᠪᠠᠨ ᠪᠤᠳᠠᠳᠠᠢ︾ ᠳᠤᠰᠬᠠᠢ | ᠰᠡᠳᠦᠪᠳᠦ ᠬᠦᠮᠦᠵᠢᠯ ᠢ ᠬᠦᠨᠵᠡᠭᠡᠢ ᠥᠷᠨᠢᠬᠦᠯᠦᠨ᠂ ︽ᠬᠤᠶᠠᠷ ᠢ ᠰᠤᠷᠤᠯᠴᠠᠵᠦ ᠬᠢᠷᠢ ᠲᠡᠩᠴᠡᠭᠰᠡᠨ ᠨᠠᠮ ᠤᠨ | ᠬᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠤᠨ ᠲᠦᠷᠢᠮᠵᠢᠭᠦᠯᠵᠤ᠂ ︽ᠲᠥᠪ ᠤᠨ ᠨᠠᠢᠮᠠᠨ | ᠵᠤᠷᠪᠤᠰ ᠳᠤᠭᠳᠠᠭᠠᠯ︾ ᠤᠨ ᠵᠤᠷᠢᠭ ᠰᠠᠨᠠᠭ᠎ᠠ ᠪᠠ ᠤᠷᠤᠨ᠂ ᠠᠶᠢᠮᠠᠭ᠂ ᠬᠤᠰᠢᠭᠤᠨ ᠤ ᠪᠦᠷᠢᠨ ᠳᠦᠬᠦᠷ ᠨᠠᠷᠢᠨ | ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ︽ᠳᠦᠷᠪᠡᠨ ᠰᠤᠷᠳᠠᠯ︾ ᠤᠨ ᠳᠤᠪᠤᠶᠢᠮ᠎ᠠ ᠠᠰᠠᠭᠤᠳᠠᠯ ᠢ ᠪᠦᠬᠦ | ᠬᠦᠴᠦᠨ ᠢᠶᠠᠷ ᠵᠠᠰᠠᠨ ᠴᠡᠭᠴᠡᠯᠡᠵᠦ᠂ ᠵᠠᠰᠠᠭ ᠤᠨ ᠰᠤᠷᠳᠠᠯ ᠪᠠ ᠠᠵᠢᠯ ᠲᠦᠷᠦᠯ ᠤᠨ ᠰᠤᠷᠳᠠᠯ ᠢᠯᠡᠷᠬᠡᠢ ᠰᠠᠶᠢᠵᠢᠷᠠᠨ | ᠂ ᠵᠠᠰᠠᠭ ᠤᠨ ᠤᠷᠳᠤᠨ ᠤ ᠬᠡᠷᠡᠭᠵᠢᠬᠦᠯᠬᠦ ᠬᠦᠴᠦᠨ ᠪᠦᠬᠦ ᠲᠠᠯ᠎ᠠ ᠪᠠᠷ ᠳᠡᠭᠡᠭᠰᠢᠯᠡᠪᠠ᠃ | ᠲᠥᠯᠥᠭᠡᠯᠡᠭᠴᠢᠳ ᠡ᠂ ᠥᠩᠭᠡᠷᠡᠭᠰᠡᠨ ᠲᠠᠪᠤᠨ ᠵᠢᠯ ᠳᠤ᠂ ᠪᠢᠳᠡ ᠬᠦᠴᠢᠷ ᠢ ᠳᠤᠭᠤᠯᠤᠨ᠂ | ᠡᠷᠡᠯᠭᠡᠭᠯᠡᠨ ᠲᠡᠮᠡᠴᠡᠵᠦ᠂ ᠠᠵᠤ ᠠᠬᠤᠢ ᠨᠡᠶᠢᠭᠡᠮ ᠤᠨ ᠬᠦᠭᠵᠢᠯᠳᠡ ᠰᠢᠨ᠎ᠡ ᠦᠰᠦᠷᠦᠯᠳᠡ ᠶᠢ ᠪᠡᠶᠡᠯᠡᠬᠦᠯᠪᠠ᠃ | ᠲᠠᠪᠤᠨ ᠵᠢᠯ ᠤᠨ ᠬᠦᠭᠵᠢᠯᠳᠡ ᠪᠠᠨ ᠡᠷᠬᠢᠴᠡᠬᠦᠯᠪᠡᠯ᠂ ᠮᠠᠨ ᠤ ᠬᠤᠰᠢᠭᠤᠨ ᠤ ᠠᠵᠤ ᠠᠬᠤᠢ᠂ ᠤᠯᠤᠰ ᠲᠦᠷᠦ᠂ | ᠰᠤᠶᠤᠯ᠂ ᠨᠡᠶᠢᠭᠡᠮ ᠪᠠ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠪᠦᠬᠦ ᠲᠠᠯ᠎ᠠ ᠪᠠᠷ ᠲᠦᠯᠬᠢᠨ | ᠠᠬᠢᠭᠤᠯᠤᠭᠰᠠᠨ ᠲᠠᠪᠤᠨ ᠵᠢᠯ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠵᠦ᠂ ᠥᠭᠡᠷᠡᠴᠢᠯᠡᠯᠳᠡ ᠶᠢ ᠪᠦᠬᠦ | ᠲᠠᠯ᠎ᠠ ᠪᠠᠷ ᠬᠦᠨᠵᠡᠭᠡᠶᠢᠷᠡᠬᠦᠯᠤᠨ᠂ ᠪᠦᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠵᠤ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠨ᠂ ᠡᠯ᠎ᠠ ᠲᠥᠷᠥᠯ ᠤᠨ ᠠᠵᠢᠯ ᠵᠤᠬᠢᠴᠠᠩᠭᠤᠢ ᠪᠠᠷ ᠬᠦᠭᠵᠢᠭᠰᠡᠨ ᠲᠠᠪᠤᠨ ᠵᠢᠯ᠂ ᠮᠦᠨᠴᠤ ᠰᠠᠭᠤᠷᠢ | ᠳᠦᠭᠦᠭᠡᠷᠥᠮᠵᠢ ᠶᠢᠨ ᠪᠦᠳᠦᠭᠡᠨ ᠪᠠᠶᠢᠭᠤᠯᠤᠯᠳᠠ ᠶᠢ ᠳᠦᠷᠭᠡᠳᠬᠡᠨ ᠠᠬᠢᠭᠤᠯᠵᠤ᠂ ᠨᠡᠶᠢᠭᠡᠮ ᠤᠨ ᠠᠵᠢᠯ ᠦᠢᠯᠡᠰ ᠢ | ᠲᠡᠩᠴᠡᠭᠦᠷᠢᠳᠡᠢ ᠬᠦᠭᠵᠢᠭᠦᠯᠦᠨ᠂ ᠠᠷᠠᠳ ᠤᠯᠠᠨ ᠤ ᠬᠦᠷᠳᠡᠭᠡᠯ ᠤᠨ ᠬᠡᠮᠵᠢᠶ᠎ᠡ ᠮᠡᠳᠡᠭᠳᠡᠮ᠎ᠠ ᠨᠡᠮᠡᠭᠳᠡᠭᠰᠡᠨ ᠲᠠᠪᠤᠨ ᠵᠢᠯ | ᠪᠤᠯᠬᠤ ᠶᠤᠮ᠃ ᠡᠳᠡᠭᠡᠷ ᠠᠮᠵᠢᠯᠳᠠ ᠶᠢ ᠤᠯᠤᠭᠰᠠᠨ ᠶᠠᠪᠣᠳᠠᠯ ᠪᠤᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ | ᠬᠤᠰᠢᠭᠤ ᠨᠠᠮ ᠤᠨ ᠬᠤᠷᠢᠶᠠᠨ ᠤ ᠵᠥᠪ ᠤᠨᠤᠪᠴᠢᠳᠠᠢ ᠤᠳᠤᠷᠢᠳᠤᠯᠭ᠎ᠠ᠂ ᠪᠦᠬᠦ ᠬᠤᠰᠢᠭᠤᠨ ᠤ ᠡᠯ᠎ᠠ | ᠦᠨᠳᠦᠰᠦᠳᠡᠨ ᠤ ᠺᠠᠳ᠋ᠷ ᠤᠯᠠᠨ ᠲᠥᠮᠡᠨ ᠪᠦᠯᠬᠦᠮᠳᠡᠨ ᠨᠢᠬᠳᠠᠷᠠᠵᠤ᠂ ᠬᠠᠮᠳᠤᠪᠠᠷ ᠴᠢᠷᠮᠠᠶᠢᠭᠰᠠᠨ ᠤ ᠦᠷ᠎ᠡ ᠳ᠋ᠥᠩ | ᠪᠤᠯᠬᠤ ᠶᠣᠮ᠃ ᠠᠳᠡ ᠪᠢ᠂ ᠬᠤᠰᠢᠭᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠵᠦ᠂ ᠬᠥᠪᠡᠭᠡᠲᠦ ᠰᠢᠷ᠎ᠠ | ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠡ ᠳᠤ ᠠᠷᠭ᠎ᠠ ᠪᠤᠳᠤᠯᠭ᠎ᠠ ᠭᠠᠷᠭᠠᠨ᠂ ᠰᠢᠷᠭᠠᠭᠤ | ᠬᠠᠳᠠᠭᠤᠵᠢᠯᠲᠠᠢ ᠠᠵᠢᠯᠯᠠᠵᠤ᠂ ᠢᠳᠡᠪᠬᠢᠲᠡᠢ ᠨᠡᠮᠡᠷᠢ ᠬᠠᠨᠳᠢᠪ ᠢᠶᠠᠨ ᠡᠷᠭᠦᠭᠰᠡᠨ ᠡᠯ᠎ᠡ ᠠᠵᠢᠯ ᠲᠦᠷᠦᠯ ᠶᠢᠨ ᠬᠢᠨ᠂ | ᠡᠯ᠎ᠡ ᠠᠵᠢᠯ ᠤᠨ ᠹᠷᠤᠨᠲ ᠳᠡᠭᠡᠷ᠎ᠡ ᠭᠠᠪᠰᠢᠭᠠᠶᠢᠯᠠᠵᠤ ᠪᠠᠶᠢᠭ᠎ᠠ ᠥᠷᠭᠡᠨ ᠤᠯᠠᠨ ᠺᠠᠳ᠋ᠷ ᠤᠯᠠᠨ ᠲᠥᠮᠡᠨ᠂ ᠬᠦᠪᠡᠭᠡᠲᠦ | ᠰᠢᠷ᠎ᠠ ᠬᠤᠰᠢᠭᠤᠨ ᠤ ᠬᠦᠭᠵᠢᠯᠳᠡ ᠪᠠ ᠪᠦᠳᠦᠭᠡᠨ ᠪᠠᠶᠢᠭᠤᠯᠤᠯᠳᠠ ᠶᠢ ᠬᠠᠯᠠᠮᠵᠢᠯᠠᠨ ᠳᠡᠮᠵᠢᠭᠰᠡᠨ ᠡᠯ᠎ᠡ ᠡᠳᠡᠭᠡᠳ ᠤᠨ | ᠬᠢᠨ ᠳᠤ ᠡᠷᠬᠢᠮ ᠳᠡᠭᠡᠲᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠬᠦᠯᠦᠶ᠎ᠠ︕ | ᠪᠢᠳᠡ ᠠᠮᠵᠢᠯᠳᠠ ᠪᠠᠨ ᠤᠯᠵᠤ ᠬᠠᠷᠠᠬᠤ ᠶᠢᠨ ᠳᠠᠭᠠᠤ᠂ ᠪᠦᠬᠦ ᠬᠤᠰᠢᠭᠤᠨ ᠤ ᠠᠵᠤ | ᠠᠬᠤᠢ ᠨᠡᠶᠢᠭᠡᠮ ᠤᠨ ᠬᠦᠭᠵᠢᠯᠳᠡ ᠳᠤ ᠤᠷᠤᠰᠢᠵᠦ ᠪᠠᠶᠢᠭ᠎ᠠ ᠮᠠᠰᠢ ᠠᠷᠪᠢᠨ ᠬᠦᠴᠢᠷᠳᠡᠯ ᠪᠠ ᠠᠰᠠᠭᠤᠳᠠᠯ ᠢ ᠰᠡᠷᠬᠡᠭ | ᠢᠶᠠᠷ ᠤᠯᠵᠦ ᠲᠠᠨᠢᠬᠤ ᠬᠡᠷᠡᠭᠳᠡᠢ᠃ ᠨᠢᠭᠡ ᠳᠤ᠂ ᠬᠦᠭᠵᠢᠯᠳᠡ ᠶᠢᠨ ᠶᠠᠰᠣ ᠴᠢᠨᠠᠷ ᠪᠤᠯᠤᠨ ᠦᠷ᠎ᠡ ᠠᠰᠢᠭ ᠲᠤᠤᠷ᠎ᠠ᠂ | ᠠᠵᠤ ᠠᠬᠤᠢ ᠶᠢᠨ ᠶᠡᠷᠥᠩᠬᠡᠢ ᠬᠡᠮᠵᠢᠶ᠎ᠡ ᠪᠠᠭ᠎ᠠ᠂ ᠠᠵᠦ ᠦᠢᠯᠡᠰ ᠤᠨ ᠲᠡᠰ ᠳᠠᠪᠬᠤᠷᠭ᠎ᠠ ᠳᠤᠤᠷ᠎ᠠ᠂ ᠮᠠᠯ ᠠᠵᠤ | ᠠᠬᠤᠢ ᠶᠢᠨ ᠨᠡᠷ᠎ᠡ ᠳᠡᠮᠳᠡᠭ ᠤᠨ ᠦᠷ᠎ᠡ ᠠᠰᠢᠭ ᠢᠯᠡᠷᠬᠡᠢ ᠪᠤᠰᠤ᠂ ᠡᠬᠢ ᠪᠠᠶᠠᠯᠢᠭ ᠤᠨ ᠪᠤᠰᠤ ᠠᠵᠦ ᠦᠢᠯᠡᠰ ᠪᠠ | ᠪᠦᠬᠦ ᠤᠷᠤᠨ ᠪᠦᠰᠡ ᠶᠢᠨ ᠵᠢᠭᠤᠯᠴᠢᠯᠠᠯ ᠢᠶᠠᠷ ᠭᠤᠤᠯ ᠪᠤᠯᠭᠠᠭᠰᠠᠨ ᠣᠳᠣᠭᠢᠴᠢᠯᠠᠭᠰᠠᠨ ᠦᠢᠯᠡᠴᠢᠯᠡᠭᠡᠨ ᠤ ᠦᠢᠯᠡᠰ | ᠤᠨ ᠬᠦᠭᠵᠢᠯᠳᠡ ᠪᠦᠷᠢᠨ ᠪᠣᠰᠣ ᠪᠠᠶᠢᠨ᠎ᠠ᠃ ᠬᠤᠶᠠᠷ ᠲᠤ᠂ ᠠᠵᠤ ᠠᠬᠤᠢ ᠶᠢᠨ ᠪᠠᠭᠤᠷᠠᠯᠳᠠ ᠶᠢᠨ ᠳᠠᠷᠣᠭᠠᠰᠣ | ᠨᠡᠯᠢᠶᠡᠳ ᠶᠡᠭᠡ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠨᠡᠯᠢᠶᠡᠳ ᠳᠤᠪᠤᠶᠢᠮ᠎ᠠ᠂ ᠤᠷᠤᠨ | ᠨᠤᠳᠤᠭ ᠤᠨ ᠴᠢᠨᠠᠷᠳᠠᠢ ᠥᠷᠢ ᠰᠢᠷᠢ ᠶᠢᠨ ᠳᠠᠷᠣᠭᠠᠰᠣ ᠨᠡᠯᠢᠶᠡᠳ ᠬᠦᠨᠳᠦ ᠪᠠᠶᠢᠨ᠎ᠠ᠃ ᠭᠤᠷᠪᠠ ᠳᠤ᠂ ᠰᠠᠭᠤᠷᠢ | ᠳᠦᠭᠦᠭᠡᠷᠥᠮᠵᠢ ᠶᠢᠨ ᠪᠦᠳᠦᠭᠡᠨ ᠪᠠᠶᠢᠭᠤᠯᠤᠯᠳᠠ ᠨᠡᠯᠢᠶᠡᠳ ᠬᠤᠴᠤᠷᠤᠩᠭᠤᠢ᠂ ᠬᠦᠭᠵᠢᠯᠳᠡ ᠶᠢ ᠲᠤᠯᠭᠠᠭᠤᠷᠢᠭᠤᠯᠬᠤ | ᠪᠠᠳᠤᠯᠠᠭ᠎ᠠ ᠶᠢᠨ ᠴᠢᠳᠠᠪᠤᠷᠢ ᠠᠨᠠᠢ᠂ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭᠠᠨ ᠳᠤ ᠪᠠᠰᠠ ᠪᠠᠭ᠎ᠠ ᠪᠤᠰᠤ | ᠪᠠᠭᠤᠷᠠᠢ ᠲᠠᠯ᠎ᠠ ᠤᠷᠤᠰᠢᠵᠤ᠂ ᠨᠡᠶᠢᠳᠡ ᠶᠢᠨ ᠦᠨᠳᠦᠰᠦᠨ ᠦᠢᠯᠡᠴᠢᠯᠡᠭᠡᠨ ᠤ ᠲᠠᠯ᠎ᠠ ᠳᠤ ᠪᠠᠭ᠎ᠠ ᠪᠣᠰᠣ ᠠᠰᠠᠭᠤᠳᠠᠯ | ᠣᠷᠣᠰᠢᠵᠤ᠂ ᠠᠮᠢ ᠠᠬᠤᠢ ᠶᠢᠨ ᠤᠷᠴᠢᠨ ᠳᠤᠭᠤᠷᠢᠨ ᠤ ᠬᠠᠮᠠᠭᠠᠯᠠᠯᠳᠠ ᠶᠢᠨ ᠡᠭᠦᠷᠭᠡ ᠬᠦᠨᠳᠦ ᠪᠠᠶᠢᠨ᠎ᠠ᠃ ᠪᠢᠳᠡ | ᠵᠠᠪᠠᠯ ᠬᠠᠷᠢᠭᠤᠴᠠᠯᠭᠠᠳᠤ ᠤᠬᠠᠮᠰᠠᠷ ᠪᠠ ᠬᠠᠷᠢᠭᠤᠴᠠᠯᠭ᠎ᠠ ᠡᠭᠦᠷᠭᠡᠯᠡᠬᠦ ᠣᠬᠠᠮᠰᠠᠷ ᠢᠶᠠᠨ ᠤᠯᠠᠮ ᠴᠢᠩᠭᠠᠳᠬᠠᠨ᠂ | ᠬᠦᠴᠦᠲᠠᠢ ᠠᠷᠭ᠎ᠠ ᠬᠡᠮᠵᠢᠶ᠎ᠡ ᠶᠢ ᠠᠪᠴᠤ᠂ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠬᠦᠰᠡᠷᠳᠡᠭᠦᠯᠬᠦ ᠦᠭᠡᠢ ᠪᠠᠷ | ᠴᠢᠷᠮᠠᠶᠢᠬᠤ ᠬᠡᠷᠡᠭᠲᠡᠢ᠃ | ᠬᠤᠶᠠᠷ᠂ ᠬᠤᠶᠢᠰᠢᠲᠠ ᠶᠢᠨ ᠲᠠᠪᠤᠨ ᠵᠢᠯ ᠤᠨ ᠠᠵᠤ ᠠᠬᠤᠢ ᠨᠡᠶᠢᠭᠡᠮ ᠤᠨ ᠬᠦᠭᠵᠢᠯᠲᠡ | ᠶᠢᠨ ᠲᠡᠮᠡᠴᠡᠬᠦ ᠬᠠᠷᠠᠯᠲᠠ ᠪᠤᠯᠤᠨ ᠠᠵᠢᠯ ᠤᠨ ᠭᠤᠤᠯᠳᠠᠯᠭ᠎ᠠ | ᠬᠤᠶᠢᠰᠢᠲᠠ ᠶᠢᠨ ᠲᠠᠪᠤᠨ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ | ᠪᠡᠶᠡᠯᠡᠬᠦᠯᠬᠦ ᠰᠢᠢᠳᠪᠦᠷᠢᠲᠦ ᠴᠠᠭ ᠬᠤᠭᠤᠴᠠᠭ᠎ᠠ᠂ ᠮᠦᠨᠴᠤ ᠬᠦᠭᠵᠢᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠤᠨ᠂ | ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠵᠤ᠂ ᠨᠡᠮᠡᠭᠳᠡᠯ ᠤᠨ ᠬᠦᠳᠡᠯᠭᠡᠬᠦ ᠬᠦᠴᠦᠨ ᠢ ᠤᠯᠠᠷᠢᠭᠤᠯᠬᠤ | ᠰᠢᠪᠳᠤᠯᠤᠯᠲᠠ ᠶᠢᠨ ᠴᠠᠭ ᠬᠤᠭᠤᠴᠠᠭ᠎ᠠ ᠪᠤᠯᠤᠨ᠎ᠠ᠃ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ | ᠶᠢᠨ ᠶᠡᠷᠥᠩᠬᠡᠢ ᠰᠡᠳᠬᠢᠴᠡ ᠪᠤᠯ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠦ | ᠣᠯᠣᠰ ᠤᠨ ᠣᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠣᠭᠤᠳᠣᠮᠵᠢ ᠪᠤᠯᠭᠠᠨ᠂ ᠰᠢ ᠶᠢᠨ ᠫᠢᠩ | ᠶᠡᠷᠦᠩᠬᠡᠢ ᠱᠦᠵᠢ ᠶᠢᠨ ᠦᠪᠤᠷ ᠮᠤᠩᠭᠤᠯ ᠢ ᠪᠠᠶᠢᠴᠠᠭᠠᠬᠤ ᠦᠶ᠎ᠡ ᠳᠠᠬᠢ ᠴᠢᠬᠤᠯᠨ ᠶᠠᠷᠢᠶᠠᠨ ᠤ ᠵᠤᠷᠢᠭ ᠰᠠᠨᠠᠭ᠎ᠠ ᠶᠢ | ᠬᠦᠨᠵᠡᠭᠡᠢ ᠲᠤᠤᠱᠯᠠᠭᠤᠯᠵᠤ᠂ ᠲᠤᠭᠲᠠᠭᠤᠨ ᠤ ᠲᠤᠮᠳᠠ ᠣᠷᠣᠭᠰᠢᠯᠠᠬᠤ ᠠᠵᠢᠯ ᠤᠨ ᠶᠡᠷᠥᠩᠬᠡᠢ ᠬᠦᠭ ᠠᠶᠠᠰ ᠢ | ᠪᠠᠷᠢᠮᠲᠠᠯᠠᠵᠤ᠂ ᠰᠢᠨ᠎ᠡ ᠬᠦᠭᠵᠢᠯᠲᠡ ᠶᠢᠨ ᠤᠶᠢᠯᠠᠭᠠᠭᠳᠠᠬᠤᠨ ᠢ ᠪᠠᠷᠢᠮᠳᠠᠯᠠᠨ᠂ ᠮᠠᠨ ᠤ ᠤᠯᠤᠰ ᠤᠨ ᠨᠡᠶᠢᠭᠡᠮ ᠤᠨ | ᠭᠤᠤᠯ ᠵᠦᠷᠢᠴᠡᠯ ᠤᠨ ᠬᠤᠪᠢᠷᠠᠯᠲᠠ ᠶᠢ ᠴᠢᠩᠭ᠎ᠠ ᠡᠵᠡᠮᠳᠠᠵᠤ᠂ ᠦᠨᠳᠦᠷ ᠶᠠᠰᠣ ᠴᠢᠨᠠᠷ ᠪᠦᠬᠦᠢ ᠬᠦᠭᠵᠢᠯᠲᠡ ᠶᠢᠨ | ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠥᠩᠬᠡᠢ | ᠪᠠᠶᠢᠷᠢᠰᠢᠭᠤᠯᠤᠯᠲᠡ ᠶᠢ ᠨᠢᠭᠡᠲᠦᠯᠲᠡᠢ ᠲᠦᠯᠦᠪᠵᠢᠭᠦᠯᠦᠨ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠣᠬᠤ | ᠪᠤᠳᠣᠯᠭ᠎ᠠ ᠶᠢᠨ ᠪᠠᠶᠢᠷᠢᠰᠢᠭᠤᠯᠤᠯᠲᠠ ᠶᠢ ᠵᠤᠬᠢᠴᠠᠩᠭᠤᠢ ᠠᠬᠢᠭᠤᠯᠤᠨ᠂ ᠰᠢᠨ᠎ᠡ ᠶᠢ ᠡᠭᠦᠳᠬᠦ᠂ ᠵᠤᠬᠢᠴᠠᠭᠤᠯᠬᠤ᠂ | ᠪᠤᠬᠢᠷᠳᠣᠯ ᠦᠭᠡᠢ᠂ ᠨᠡᠬᠡᠬᠡᠯᠲᠡᠲᠦ᠂ ᠬᠠᠮᠳᠣᠪᠠᠷ ᠡᠳ᠋ᠯᠡᠬᠦ ᠬᠦᠭᠵᠢᠯᠲᠡ ᠶᠢᠨ ᠣᠶᠢᠯᠠᠭᠠᠭᠳᠠᠬᠤᠨ ᠢ ᠭᠤᠶᠢᠪᠢᠰᠢ ᠦᠭᠡᠢ | ᠲᠤᠤᠱᠯᠠᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠪᠠᠷ ᠭᠤᠤᠯ ᠱᠣᠭᠤᠮ | ᠪᠤᠯᠭᠠᠬᠤ ᠶᠢ ᠪᠠᠷᠢᠮᠳᠠᠯᠠᠵᠤ᠂ ᠨᠡᠮᠡᠭᠳᠡᠯ ᠢ ᠳᠤᠭᠳᠠᠪᠤᠷᠢᠵᠢᠭᠤᠯᠬᠤ᠂ ᠦᠭᠡᠷᠡᠴᠢᠯᠡᠯᠲᠡ ᠶᠢ ᠠᠬᠢᠭᠤᠯᠬᠤ᠂ ᠪᠦᠲᠦᠴᠨ | ᠶᠢ ᠰᠢᠯᠢᠳᠡᠭᠵᠢᠭᠦᠯᠬᠦ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ ᠳᠦᠭᠰᠢᠭᠦᠷᠢ ᠶᠢ ᠰᠡᠷᠭᠡᠶᠢᠯᠡᠬᠦ ᠡᠯ᠎ᠡ ᠲᠦᠷᠦᠯ ᠤᠨ | ᠠᠵᠢᠯ ᠢ ᠨᠢᠭᠡᠳᠤᠯᠲᠠᠢ ᠲᠦᠯᠦᠪᠵᠢᠭᠦᠯᠦᠨ ᠠᠬᠢᠭᠤᠯᠵᠤ᠂ ᠬᠦᠳᠡᠭᠡ ᠲᠤᠰᠬᠤᠨ ᠢ ᠬᠦᠭᠵᠢᠭᠦᠯᠬᠦ ᠪᠠᠶᠢᠯᠳᠣᠬᠤ | ᠪᠤᠳᠣᠯᠭ᠎ᠠ ᠶᠢ ᠬᠡᠷᠡᠭᠵᠢᠭᠦᠯᠦᠨ᠂ ᠰᠠᠭᠤᠷᠢ ᠲᠦᠭᠦᠭᠡᠷᠦᠮᠵᠢ᠂ ᠰᠠᠭᠤᠷᠢ ᠠᠵᠤ ᠦᠢᠯᠡᠰ᠂ ᠦᠨᠳᠦᠰᠦᠨ ᠱᠠᠲᠤᠨ ᠤ | ᠠᠵᠢᠯ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠪᠠᠭᠤᠷᠠᠢ ᠲᠠᠯ᠎ᠠ ᠶᠢ ᠨᠦᠬᠦᠪᠦᠷᠢᠯᠡᠵᠦ᠂ ᠬᠦᠭᠵᠢᠯᠲᠡ᠂ | ᠠᠮᠢ ᠠᠬᠤᠢ᠂ ᠠᠷᠠᠳ ᠤᠨ ᠠᠮᠢᠳᠣᠷᠠᠯ ᠵᠡᠷᠭᠡ ᠭᠤᠷᠪᠠᠨ ᠱᠣᠭᠤᠮ ᠢ ᠡᠷᠡᠰ ᠰᠠᠬᠢᠨ᠂ ᠪᠦᠬᠦ ᠬᠤᠰᠢᠭᠤᠨ ᠤ ᠠᠵᠤ | ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠠᠬᠢᠭᠤᠯᠤᠨ᠎ᠠ᠃ ᠭᠤᠤᠯ ᠲᠡᠮᠡᠴᠡᠬᠦ ᠬᠠᠷᠠᠯᠲᠠ ᠪᠤᠯ | ᠄ ᠪᠦᠬᠦ ᠬᠤᠰᠢᠭᠤᠨ ᠤ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠥᠩᠬᠡᠢ ᠦᠷᠳᠡᠭ ᠢ ᠵᠢᠯ ᠳᠤ ᠳᠣᠮᠳᠠᠴᠢ ᠪᠠᠷ | 8% ᠪᠠᠷ ᠨᠡᠮᠡᠭᠳᠡᠭᠦᠯᠦᠨ᠎ᠡ︔ ᠲᠤᠭᠳᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ ᠵᠢᠯ ᠳᠤ ᠳᠣᠮᠳᠠᠴᠢ ᠪᠠᠷ | 15% ᠪᠠᠷ ᠨᠡᠮᠡᠭᠳᠡᠭᠦᠯᠦᠨ᠎ᠡ︔ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠶᠢ ᠵᠢᠯ ᠳᠤ | ᠳᠣᠮᠳᠠᠴᠢ ᠪᠠᠷ 6.6% ᠪᠠᠷ ᠨᠡᠮᠡᠭᠳᠡᠭᠦᠯᠦᠨ᠎ᠡ︔ ᠪᠦᠬᠦ ᠨᠡᠶᠢᠭᠡᠮ ᠤᠨ ᠬᠡᠷᠡᠭᠯᠡᠭᠡᠨ ᠤ ᠪᠤᠳᠠᠰ ᠤᠨ ᠵᠢᠵᠢᠭᠯᠡᠨ | ᠬᠤᠳᠠᠯᠳᠣᠬᠤ ᠶᠠᠷᠥᠩᠬᠡᠢ ᠬᠡᠮᠵᠢᠶ᠎ᠡ ᠶᠢ ᠵᠢᠯ ᠳᠤ ᠳᠣᠮᠳᠠᠴᠢ ᠪᠠᠷ 8.4% ᠪᠠᠷ ᠨᠡᠮᠡᠭᠳᠡᠭᠦᠯᠦᠨ᠎ᠡ︔ ᠬᠤᠲᠠ | ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠣᠮᠳᠠᠴᠢ ᠶᠢᠨ ᠲᠤᠬᠢᠷᠠᠭᠤᠯᠵᠤ ᠪᠤᠯᠬᠤᠶᠢᠴᠠ | ᠣᠷᠣᠯᠭ᠎ᠠ ᠶᠢ ᠵᠢᠯ ᠳᠤ ᠳᠣᠮᠳᠠᠴᠢ ᠪᠠᠷ 8% ᠪᠠᠷ ᠨᠡᠮᠡᠭᠳᠡᠭᠦᠯᠵᠤ︔ ᠮᠠᠯᠵᠢᠬᠤ ᠣᠷᠣᠨ ᠤ ᠪᠠᠶᠢᠩᠭᠤ ᠰᠠᠭᠤᠭ᠎ᠠ | ᠬᠦᠮᠦᠨ ᠠᠮᠠ ᠶᠢᠨ ᠬᠦᠮᠦᠨ ᠳᠣᠮᠳᠠᠴᠢ ᠵᠢᠨᠲ᠋ᠤᠬᠢᠷᠠᠭᠤᠯᠵᠤ ᠪᠤᠯᠬᠤᠶᠢᠴᠠ ᠣᠷᠣᠯᠭ᠎ᠠ ᠶᠢ ᠵᠢᠯ ᠳᠤ ᠳᠣᠮᠳᠠᠴᠢ ᠪᠠᠷ | 9% ᠪᠠᠷ ᠨᠡᠮᠡᠭᠳᠡᠭᠦᠯᠦᠨ᠎ᠡ᠃ | ︵ᠨᠢᠭᠡ︶ ᠰᠢᠨ᠎ᠡ ᠶᠢ ᠡᠭᠦᠳᠦᠨ ᠬᠦᠭᠵᠢᠭᠦᠯᠬᠦ ᠪᠠᠷ ᠬᠦᠳᠡᠯᠭᠡᠬᠦ ᠬᠦᠴᠦᠨ ᠪᠤᠯᠭᠠᠨ᠂ ᠠᠵᠤ | ᠦᠢᠯᠡᠰ ᠤᠨ ᠬᠦᠭᠵᠢᠯᠲᠡ ᠶᠢᠨ ᠳᠡᠰ ᠳᠠᠪᠬᠤᠷᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ᠰᠢᠨ᠎ᠡ ᠶᠢ ᠡᠭᠦᠳᠬᠦ | ᠪᠠᠷ ᠭᠦᠭᠵᠢᠯᠲᠡ ᠶᠢ ᠳᠠᠭᠠᠭᠤᠯᠬᠤ ᠨᠢᠭᠡᠳᠦᠭᠡᠷ ᠬᠦᠳᠡᠯᠭᠡᠬᠦ ᠬᠦᠴᠦᠨ ᠪᠤᠯᠭᠠᠨ᠂ ᠠᠵᠤ ᠦᠢᠯᠡᠰ᠂ ᠨᠡᠷᠡᠲᠦ ᠲᠡᠮᠳᠡᠭ᠂ | ᠲᠦᠷᠢᠮ ᠵᠡᠷᠭᠡ ᠬᠦᠷᠢᠶ᠎ᠡ ᠴᠠᠷᠠᠭᠠᠨ ᠳᠤ ᠪᠦᠬᠦ ᠲᠠᠯ᠎ᠠ ᠪᠠᠷ ᠰᠢᠨ᠎ᠡ ᠶᠢ ᠡᠭᠦᠳᠬᠦ ᠶᠢ ᠠᠬᠢᠭᠤᠯᠤᠨ᠂ ᠠᠵᠤ ᠠᠬᠤᠢ ᠶᠢᠨ | ᠬᠦᠭᠵᠢᠯᠲᠡ ᠶᠢᠨ ᠳᠣᠲᠤᠭᠠᠳᠣ ᠬᠦᠳᠡᠯᠭᠡᠬᠦ ᠬᠦᠴᠦᠨ ᠢ ᠪᠤᠢ ᠪᠤᠯᠭᠠᠨ᠂ ᠠᠵᠤ ᠦᠢᠯᠡᠰ ᠤᠨ ᠤᠶᠤᠨᠴᠢ᠂ | ᠪᠠᠶᠢᠭᠠᠯᠢᠯᠢᠭ᠂ ᠦᠢᠯᠡᠴᠢᠯᠡᠭᠡᠲᠤ᠂ ᠦᠨᠳᠦᠷ ᠳᠡᠰ ᠳᠠᠪᠬᠤᠷᠭ᠎ᠠ ᠲᠡᠰᠢ ᠬᠤᠪᠢᠷᠠᠬᠤ ᠶᠢ ᠠᠬᠢᠭᠤᠯᠵᠤ᠂ ᠣᠯᠠᠮᠵᠢᠯᠠᠯᠲᠣ | ᠠᠵᠤ ᠦᠢᠯᠡᠰ ᠰᠢᠨ᠎ᠡ ᠬᠡᠯᠪᠡᠷᠢᠵᠢᠭᠰᠡᠨ᠂ ᠰᠢᠨ᠎ᠡ ᠪᠠᠷ ᠬᠦᠭᠵᠢᠭᠰᠡᠨ ᠠᠵᠣ ᠦᠢᠯᠡᠰ ᠬᠡᠪᠴᠢᠶᠡᠵᠢᠭᠰᠡᠨ᠂ | ᠲᠤᠯᠭᠠᠭᠤᠷᠢᠯᠠᠬᠤ ᠠᠵᠤ ᠦᠢᠯᠡᠰ ᠣᠯᠠᠨ ᠡᠰᠢᠵᠢᠭᠰᠡᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠢᠳᠡᠭ | ᠢᠳᠡᠭ ᠢᠶᠠᠷ ᠪᠠᠶᠢᠭᠤᠯᠤᠨ᠎ᠠ᠃ ᠣᠳᠣᠬᠢᠴᠢᠯᠠᠭᠰᠠᠨ ᠮᠠᠯ ᠠᠵᠤ ᠠᠬᠤᠢ ᠶᠢ ᠲᠦᠷᠭᠡᠨ ᠬᠦᠭᠵᠢᠭᠦᠯᠦᠨ᠎ᠡ᠃ ᠦᠨᠳᠦᠷ | ᠦᠷ᠎ᠡ ᠠᠰᠢᠭᠲᠦ᠂ ᠠᠮᠢ ᠠᠬᠤᠢ᠂ ᠭᠠᠮᠰᠢᠭ ᠠᠴᠠ ᠵᠠᠶᠢᠯᠠᠰᠬᠢᠬᠦ ᠬᠡᠯᠪᠡᠷᠢ ᠶᠢᠨ ᠮᠠᠯ ᠠᠵᠤ ᠠᠬᠤᠢ ᠶᠢ ᠬᠦᠭᠵᠢᠬᠦᠯᠬᠦ | ᠪᠠᠷ ᠭᠤᠤᠯ ᠰᠢᠪᠳᠣᠯᠣᠯᠲᠠ ᠪᠤᠯᠭᠠᠨ᠂ ︽ᠬᠤᠨᠢ ᠶᠢ ᠴᠦᠬᠡᠴᠢᠯᠡᠨ ᠦᠬᠡᠷ ᠢ ᠨᠡᠮᠡᠭᠳᠡᠭᠦᠯᠬᠦ᠂ ᠴᠢᠨᠠᠷ ᠢ | ᠳᠡᠭᠡᠭᠰᠢᠯᠡᠭᠦᠯᠦᠨ ᠣᠷᠣᠯᠭ᠎ᠠ ᠶᠢ ᠨᠡᠮᠡᠭᠳᠡᠭᠦᠯᠬᠦ︾ ᠪᠠᠶᠢᠯᠳᠣᠬᠤ ᠪᠤᠳᠣᠯᠭ᠎ᠠ ᠶᠢ ᠬᠡᠷᠡᠭᠵᠢᠭᠦᠯᠦᠨ᠂ ᠴᠦᠬᠡᠨ ᠮᠠᠯᠵᠢᠬᠤ᠂ | ᠨᠠᠷᠢᠯᠢᠭ ᠮᠠᠯᠵᠢᠬᠤ ᠨᠡᠷ᠎ᠡ ᠲᠡᠮᠳᠡᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠨ᠂ ᠴᠠᠬᠠᠷ ᠬᠤᠨᠢᠨ ᠤ ᠨᠡᠷ᠎ᠡ | ᠲᠡᠮᠳᠡᠭ ᠢ ᠡᠭᠦᠳᠴᠦ᠂ ︽ᠬᠤᠶᠠᠷ ᠲᠤᠭᠤᠷᠢᠭ᠂ ᠬᠤᠶᠠᠷ ᠪᠦᠰᠡ︾ ᠶᠢᠨ ᠭᠤᠤᠯᠳᠠᠯᠭᠠᠲᠤ ᠣᠷᠣᠨ ᠳᠤ ᠰᠢᠯᠢᠳᠡᠭ | ᠡᠭᠦᠯᠳᠡᠷ ᠤᠨ ᠦᠬᠡᠷ ᠲᠡᠵᠢᠭᠡᠨ ᠦᠷᠡᠵᠢᠭᠦᠯᠬᠦ ᠭᠤᠤᠯᠳᠠᠯᠭᠠᠲᠤ ᠣᠷᠣᠨ ᠲᠤᠭᠤᠷᠢᠭ ᠢ ᠲᠤᠭᠲᠠᠭᠠᠵᠤ᠂ ᠴᠠᠬᠠᠷ ᠬᠤᠨᠢ | ᠪᠠ ᠰᠢᠯᠢᠳᠡᠭ ᠡᠭᠦᠯᠳᠡᠷ ᠤᠨ ᠮᠢᠬᠠᠨ ᠤ ᠦᠬᠡᠷ ᠢ ᠲᠡᠵᠢᠭᠡᠨ ᠦᠷᠡᠵᠢᠭᠦᠯᠵᠤ᠂ ᠰᠠᠭᠠᠯᠢ ᠶᠢᠨ ᠦᠨᠢᠶ᠎ᠡ ᠠᠷᠠᠴᠢᠯᠠᠨ | ᠮᠠᠯᠵᠢᠬᠤ ᠬᠦᠷᠢᠶ᠎ᠡ ᠬᠡᠪᠴᠢᠶ᠎ᠡ ᠶᠢ ᠲᠤᠭᠲᠠᠪᠤᠷᠢᠵᠢᠭᠤᠯᠤᠨ᠂ ᠣᠯᠠᠨ ᠬᠡᠯᠪᠡᠷᠢ ᠶᠢᠨ ᠵᠤᠬᠢᠰᠲᠠᠢ ᠬᠡᠪᠴᠢᠶᠡᠵᠢᠭᠦᠯᠦᠨ | ᠡᠵᠡᠩᠨᠡᠬᠦ ᠶᠢ ᠵᠤᠷᠢᠭᠵᠢᠭᠤᠯᠵᠤ᠂ ᠮᠠᠯ ᠠᠵᠤ ᠠᠬᠤᠢ ᠶᠢᠨ ᠰᠠᠭᠤᠷᠢ ᠲᠦᠭᠦᠭᠡᠷᠦᠮᠵᠢ ᠶᠢ ᠲᠠᠰᠣᠷᠠᠯᠲᠠ ᠦᠭᠡᠢ | ᠲᠡᠭᠦᠯᠳᠡᠷᠵᠢᠭᠦᠯᠤᠨ᠂ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠤ᠂ | ︽ᠠᠵᠤ ᠠᠬᠤᠶᠢᠯᠠᠯ + ᠬᠤᠷᠰᠢᠶᠠᠵᠢᠯ + ᠰᠠᠭᠤᠷᠢᠨ ᠭᠠᠵᠠᠷ + ᠲᠡᠵᠢᠭᠡᠨ ᠦᠷᠡᠵᠢᠭᠦᠯᠬᠦ ᠡᠷᠦᠬᠡ︾ ᠶᠢᠨ ᠬᠡᠪ | ᠵᠠᠬᠠᠪᠤᠷ ᠢ ᠳᠡᠯᠭᠡᠷᠡᠭᠦᠯᠵᠦ᠂ ᠣᠳᠣᠬᠢᠴᠢᠯᠠᠭᠰᠠᠨ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ | ᠰᠢᠰᠲ᠋ᠧᠮ ᠢ ᠪᠠᠶᠢᠭᠤᠯᠤᠨ᠎ᠠ᠃ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠲᠦᠷᠭᠡᠳᠬᠡᠨ ᠠᠬᠢᠭᠤᠯᠤᠨ᠎ᠠ᠃ | ᠨᠠᠷᠠ ᠰᠠᠯᠬᠢᠨ ᠤ ᠴᠡᠪᠡᠷ ᠡᠨᠧᠷᠬᠢ ᠶᠢᠨ ᠠᠵᠤ ᠦᠢᠯᠡᠰ ᠢ ᠢᠳᠡᠪᠬᠢᠲᠡᠢ ᠬᠦᠭᠵᠢᠭᠦᠯᠵᠦ᠂ ᠵᠠᠭᠤᠨ ᠲᠦᠮᠡᠨ ᠺᠢᠯᠤᠸᠠᠲ | ᠶᠢᠨ ᠨᠠᠷᠠ ᠰᠠᠯᠬᠢᠨ ᠤ ᠰᠢᠨ᠎ᠡ ᠡᠨᠧᠷᠬᠢ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠪᠦᠬᠦ ᠬᠦᠴᠦᠨ ᠢᠶᠠᠷ | ᠪᠠᠶᠢᠭᠤᠯᠵᠤ᠂ ᠴᠢᠯᠠᠭᠤᠨ ᠲᠤᠰᠣᠨ ᠤ ᠠᠵᠤ ᠠᠬᠤᠶᠢᠯᠠᠯ ᠢ ᠮᠡᠷᠭᠡᠵᠢᠯ ᠢᠶᠠᠨ ᠰᠢᠨᠡᠴᠢᠯᠡᠨ ᠭᠠᠷᠣᠯᠲᠠ ᠪᠠᠨ | ᠲᠤᠭᠳᠠᠪᠤᠷᠢᠵᠢᠭᠤᠯᠬᠤ ᠶᠢ ᠵᠤᠷᠢᠭᠵᠢᠭᠤᠯᠤᠨ᠎ᠠ︔ ᠨᠡᠭᠦᠷᠡᠰᠦ᠂ ᠴᠢᠯᠠᠭᠤᠨ ᠮᠠᠲ᠋ᠧᠷᠢᠶᠠᠯ ᠤᠨ ᠠᠵᠤ ᠠᠬᠤᠶᠢᠯᠠᠯ ᠤᠨ | ᠦᠨᠳᠦᠷ ᠨᠡᠮᠡᠯᠲᠡ ᠦᠷᠲᠡᠭ ᠪᠦᠬᠦᠢ ᠪᠦᠲᠦᠭᠡᠭᠳᠡᠭᠦᠨ ᠢ ᠰᠣᠳᠣᠯᠣᠨ ᠬᠦᠭᠵᠢᠬᠦᠯᠬᠦ ᠶᠢ ᠳᠡᠮᠵᠢᠨ᠂ ᠠᠯᠲᠠ᠂ ᠨᠢᠣᠪᠢ | ᠲᠠᠨᠲ᠋ᠠᠯ᠂ ᠸᠣᠯᠹᠷᠠᠮ᠂ ᠪᠢᠰᠮᠦ᠋ᠲ᠂ ᠮᠦᠩᠭᠦ ᠵᠡᠷᠭᠡ ᠲᠡᠮᠦᠷᠯᠢᠭ ᠢ ᠰᠣᠩᠭᠤᠨ ᠪᠤᠯᠪᠠᠰᠣᠷᠠᠭᠤᠯᠬᠤ ᠲᠦᠷᠦᠯ ᠵᠦᠢᠯ ᠢ | ᠲᠦᠯᠬᠢᠨ ᠠᠬᠢᠭᠤᠯᠵᠤ᠂ ᠪᠤᠬᠢᠷᠳᠣᠯ ᠦᠭᠡᠢ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠰᠠᠭᠤᠷᠢᠨ ᠭᠠᠵᠠᠷ ᠤᠨ | ᠪᠠᠶᠢᠭᠤᠯᠤᠯᠲᠠ ᠶᠢ ᠠᠬᠢᠭᠤᠯᠤᠨ᠂ ᠣᠯᠠᠨ ᠲᠦᠢᠯ ᠢᠶᠠᠷ ᠲᠤᠯᠭᠠᠭᠤᠷᠢᠯᠠᠬᠤ᠂ ᠤᠯᠠᠨ ᠡᠰᠢ ᠪᠠᠷ ᠬᠦᠭᠵᠢᠭᠦᠯᠬᠦ᠂ | ᠬᠦᠢᠴᠡᠳ ᠠᠰᠢᠭᠯᠠᠬᠤ᠂ ᠦᠷ᠎ᠡ ᠠᠰᠢᠭ ᠢᠶᠠᠷ ᠲᠤᠪᠤᠶᠢᠮ᠎ᠠ ᠠᠵᠤ ᠦᠢᠯᠡᠰ ᠤᠨ ᠪᠠᠶᠢᠷᠢᠰᠢᠯ ᠢ ᠪᠦᠷᠢᠯᠳᠦᠭᠦᠯᠦᠨ᠎ᠡ᠃ | ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠢ ᠲᠦᠷᠭᠡᠳᠬᠡᠨ ᠬᠦᠭᠵᠢᠬᠦᠯᠦᠨ᠎ᠡ᠃ ᠰᠣᠶᠣᠯ ᠵᠢᠭᠤᠯᠴᠢᠯᠠᠯ ᠤᠨ | ᠦᠢᠯᠡᠰ ᠢ ᠪᠦᠬᠦ ᠲᠠᠯ᠎ᠠ ᠪᠠᠷ ᠬᠦᠭᠵᠢᠭᠦᠯᠵᠦ᠂ ᠢᠵᠠᠭᠤᠷ ᠰᠣᠶᠤᠯ ᠪᠠ ᠴᠠᠬᠠᠷ ᠰᠣᠶᠣᠯ ᠤᠨ ᠡᠬᠢ ᠪᠠᠶᠠᠯᠢᠭ ᠢ | ᠭᠦᠨᠵᠡᠭᠡᠢ ᠠᠭᠤᠳᠠᠯᠯᠠᠨ᠂ ᠰᠣᠶᠣᠯ ᠵᠢᠭᠤᠯᠴᠢᠯᠡᠯ ᠤᠨ ᠦᠢᠯᠡᠰ ᠢ ᠠᠭᠤᠰᠣᠯᠴᠠᠭᠤᠯᠤᠨ ᠬᠦᠭᠵᠢᠭᠦᠯᠵᠤ᠂ ᠰᠠᠭᠤᠷᠢ | ᠲᠦᠭᠦᠭᠡᠷᠦᠮᠵᠢ ᠪᠠ ᠲᠦᠭᠦᠷ ᠦᠢᠯᠡᠴᠢᠯᠡᠭᠡᠨ ᠤ ᠴᠢᠳᠠᠪᠬᠢ ᠶᠢ ᠲᠡᠭᠦᠯᠳᠡᠷᠵᠢᠭᠦᠯᠦᠨ᠂ ᠠᠮᠢ ᠠᠬᠤᠢ ᠶᠢ ᠪᠡᠶᠡᠴᠢᠯᠡᠨ | ᠣᠶᠢᠯᠠᠭᠠᠬᠤ᠂ ᠰᠡᠯᠡᠭᠦᠴᠡᠯ᠂ ᠰᠣᠶᠤᠯ ᠵᠤᠭ᠎ᠠ᠂ ᠡᠷᠡᠭᠦᠯᠵᠢᠯ ᠰᠣᠪᠢᠯᠠᠯᠲᠠ ᠵᠡᠷᠭᠡ ᠵᠢᠭᠤᠯᠴᠢᠯᠠᠯ ᠤᠨ ᠲᠦᠷᠦᠯ ᠵᠦᠢᠯ | ᠢ ᠶᠡᠬᠡᠪᠡᠷ ᠬᠦᠭᠵᠢᠭᠦᠯᠵᠦ᠂ ᠵᠢᠭᠤᠯᠴᠢᠯᠠᠯ ᠤᠨ ᠰᠢᠯᠢᠳᠡᠭ ᠪᠦᠲᠦᠭᠡᠭᠳᠡᠭᠦᠨ ᠤ ᠬᠠᠩᠭᠠᠯᠭ᠎ᠠ ᠶᠢ ᠨᠡᠮᠡᠭᠳᠡᠭᠦᠯᠦᠨ᠂ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠣᠯᠠᠨ ᠲᠦᠷᠦᠯ ᠤᠨ ᠱᠠᠭᠠᠷᠳᠠᠯᠭ᠎ᠠ ᠳᠤ ᠨᠡᠩ ᠰᠠᠶᠢᠨ ᠢᠶᠠᠷ ᠵᠤᠬᠢᠴᠠᠭᠤᠯᠵᠤ᠂ | ︽ᠨᠢᠭᠡ ᠨᠡᠷ᠎ᠡ ᠲᠡᠮᠳᠡᠭ᠂ ᠲᠦᠷᠪᠡᠨ ᠣᠯᠠᠷᠢᠯ ᠤᠨ ᠵᠢᠭᠤᠯᠴᠢᠯᠠᠯ ᠤᠨ ᠨᠠᠶᠢᠷ︾ ᠤᠨ ᠨᠦᠯᠦᠭᠡᠯᠡᠬᠦ ᠬᠦᠴᠦᠨ ᠢ | ᠨᠡᠮᠡᠭᠳᠡᠭᠦᠯᠵᠦ᠂ ᠰᠣᠶᠣᠯ ᠵᠢᠭᠤᠯᠴᠢᠯᠠᠯ ᠤᠨ ᠦᠢᠯᠡᠰ ᠤᠨ ᠬᠦᠭᠵᠢᠯᠲᠡ ᠤᠨ ᠬᠢᠷᠢ ᠲᠦᠪᠰᠢᠨ ᠢ ᠴᠢᠷᠮᠠᠶᠢᠨ | ᠳᠡᠭᠡᠭᠰᠢᠯᠡᠭᠦᠯᠦᠨ᠎ᠡ᠃ ᠠᠷᠠᠯᠵᠢᠶ᠎ᠠ ᠬᠤᠳᠠᠯᠳᠤᠭ᠎ᠠ᠂ ᠪᠤᠳᠠᠰ ᠤᠨ ᠭᠦᠢᠯᠭᠡᠭᠡ᠂ ᠬᠤᠭᠤᠯᠠ ᠤᠮᠳᠠᠭᠠᠨ᠂ ᠬᠤᠨᠤᠭ | ᠪᠠᠭᠤᠳᠠᠯ᠂ ᠮᠠᠰᠢᠨ ᠳᠡᠷᠭᠡ ᠰᠡᠯᠪᠢᠨ ᠵᠠᠰᠠᠬᠤ ᠵᠡᠷᠭᠡ ᠣᠯᠠᠮᠵᠢᠯᠠᠯᠲᠤ ᠦᠢᠯᠡᠴᠢᠯᠡᠭᠡᠨ ᠤ ᠦᠢᠯᠡᠰ ᠢ ᠰᠢᠯᠢᠳᠡᠭᠵᠢᠭᠦᠯᠦᠨ | ᠳᠡᠰ ᠳᠡᠪᠰᠢᠬᠦ ᠶᠢ ᠠᠬᠢᠭᠤᠯᠵᠤ᠂ ᠰᠣᠶᠤᠯ ᠤᠨ ᠡᠭᠦᠳᠣᠯᠲᠡ᠂ ᠵᠤᠬᠢᠶᠠᠮᠠᠯ ᠣᠶᠤᠨᠴᠢ ᠴᠢᠳᠠᠪᠤᠷᠢ᠂ ᠲᠤᠮᠤ ᠳ᠋ᠡᠶᠢᠲ᠋ᠡ᠂ | ᠪᠤᠳᠠᠰ ᠤᠨ ᠢᠨᠲ᠋ᠧᠷ ᠰᠦᠯᠵᠢᠶ᠎ᠡ᠂ ᠮᠦᠩᠭᠦᠨ ᠭᠦᠢᠯᠭᠡᠭᠡ ᠳᠠᠭᠠᠳᠬᠠᠯ᠂ ᠬᠠᠤᠯᠢ ᠴᠠᠭᠠᠵᠠ ᠶᠢᠨ ᠦᠢᠯᠡᠴᠢᠯᠡᠭᠡ᠂ | ᠯᠠᠪᠯᠠᠬᠤ ᠵᠠᠭᠤᠴᠢ ᠵᠡᠷᠭᠡ ᠰᠢᠨ᠎ᠡ ᠪᠠᠷ ᠬᠦᠭᠵᠢᠭᠰᠡᠨ ᠦᠢᠯᠡᠴᠢᠯᠡᠭᠡᠨ ᠤ ᠦᠢᠯᠡᠰ ᠢ ᠢᠳᠡᠪᠬᠢᠲᠡᠢ ᠬᠦᠭᠵᠢᠭᠦᠯᠦᠨ᠎ᠡ᠃ | ︵ᠬᠤᠶᠠᠷ︶ ᠵᠤᠬᠢᠴᠠᠭᠤᠯᠤᠨ ᠬᠦᠭᠵᠢᠭᠦᠯᠬᠦ ᠪᠠᠷ ᠵᠢᠯᠤᠭᠤᠳᠣᠮᠵᠢ ᠪᠤᠯᠭᠠᠨ᠂ ᠬᠤᠲᠠ | ᠬᠦᠳᠡᠭᠡ ᠶᠢᠨ ᠬᠦᠭᠵᠢᠯᠲᠡ ᠶᠢᠨ ᠲᠦᠷᠢ ᠲᠦᠷᠬᠦ ᠶᠢ ᠪᠦᠬᠦ ᠲᠠᠯ᠎ᠠ ᠪᠠᠷ ᠰᠠᠶᠢᠵᠢᠷᠠᠭᠤᠯᠤᠨ᠎ᠠ᠃ ᠬᠤᠲᠠ | ᠪᠠᠯᠭᠠᠰᠣᠵᠢᠯᠲᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠲᠦᠯᠦᠪᠵᠢᠭᠦᠯᠦᠨ ᠵᠢᠯᠤᠭᠤᠳᠬᠤ ᠶᠢ | ᠳᠣᠪᠤᠶᠢᠯᠭᠠᠨ᠂ ᠣᠯᠠᠨ ᠲᠦᠯᠦᠪᠵᠢᠭᠦᠯᠭᠡ ᠶᠢ ᠨᠢᠭᠡᠳᠬᠡᠵᠦ᠂ ︽ᠨᠢᠭᠡ ᠲᠤᠭᠤᠷᠢᠭ ᠬᠤᠶᠠᠷ ᠪᠦᠰᠡ ᠭᠤᠷᠪᠠᠨ | ᠭᠤᠯᠳᠣ ᠲᠠᠪᠤᠨ ᠬᠦᠨᠳᠡᠯᠡᠨ︾ ᠤ ᠲᠦᠯᠦᠪᠵᠢᠭᠦᠯᠭᠡ ᠶᠢ ᠲᠡᠭᠦᠯᠳᠡᠷᠵᠢᠭᠦᠯᠵᠦ᠂ ᠰᠣᠶᠤᠯ ᠤᠨ ᠠᠭᠤᠯᠬᠤᠨ ᠢ | ᠳᠣᠪᠣᠶᠢᠯᠭᠠᠨ᠂ ᠠᠵᠢᠯᠯᠠᠵᠤ ᠠᠮᠢᠳᠤᠷᠠᠬᠤ ᠳᠤ ᠲᠠᠭᠠᠯᠠᠮᠵᠢᠲᠠᠢ᠂ ᠢᠯᠠ ᠲᠤᠳᠤ ᠣᠨᠴᠠᠯᠢᠭ ᠪᠦᠬᠦᠢ ᠣᠳᠣᠬᠢᠴᠢᠯᠠᠭᠰᠠᠨ | ᠬᠤᠲᠠ ᠪᠠᠯᠭᠠᠰᠤ ᠶᠢ ᠪᠦᠲᠦᠭᠡᠨ ᠪᠠᠶᠢᠭᠤᠯᠤᠨ᠎ᠠ᠃ ᠢᠯᠴᠢ ᠬᠠᠩᠭᠠᠯᠭ᠎ᠠ᠂ ᠣᠰᠣ ᠬᠠᠩᠭᠠᠯᠭ᠎ᠠ᠂ ᠴᠢᠮᠡᠭᠡ ᠬᠤᠯᠪᠤᠭ᠎ᠠ᠂ | ᠵᠠᠮ ᠵᠡᠷᠭᠡ ᠰᠠᠭᠤᠷᠢ ᠲᠦᠭᠦᠭᠡᠷᠦᠮᠵᠢ ᠶᠢ ᠲᠡᠭᠦᠯᠳᠡᠷᠵᠢᠭᠦᠯᠦᠨ᠂ ᠨᠤᠭᠤᠭᠠᠷᠠᠭᠤᠯᠤᠯᠲᠠ᠂ ᠭᠡᠭᠡᠷᠡᠭᠦᠯᠦᠯᠲᠡ᠂ | ᠭᠤᠸᠠᠵᠢᠭᠤᠯᠤᠯᠲᠠ᠂ ᠴᠡᠪᠡᠷᠵᠢᠭᠦᠯᠦᠯᠲᠡ ᠶᠢᠨ ᠲᠦᠪᠰᠢᠨ ᠢ ᠳᠡᠭᠡᠭᠰᠢᠯᠡᠭᠦᠯᠦᠨ᠂ ︽ᠣᠶᠤᠨᠴᠢ ᠬᠤᠲᠠ︾ ᠶᠢᠨ | ᠪᠠᠶᠢᠭᠤᠯᠤᠯᠲᠠ ᠶᠢ ᠬᠡᠷᠡᠭᠵᠢᠭᠦᠯᠵᠤ᠂ ᠬᠤᠲᠠ ᠪᠠᠯᠭᠠᠰᠣᠨ ᠤ ᠶᠡᠷᠥᠩᠬᠡᠶᠢᠯᠡᠭᠰᠡᠨ ᠦᠢᠯᠡᠴᠢᠯᠡᠭᠡᠨ ᠤ ᠴᠢᠳᠠᠪᠬᠢ ᠶᠢ | ᠨᠡᠮᠡᠭᠳᠡᠭᠦᠯᠦᠨ᠎ᠡ᠃ ᠰᠢᠨ᠎ᠡ ᠮᠠᠯᠵᠢᠬᠤ ᠣᠷᠣᠨ ᠤ ᠪᠦᠲᠦᠭᠡᠨ ᠪᠠᠶᠢᠭᠤᠯᠦᠯᠲᠡ ᠶᠢ ᠲᠦᠯᠬᠢᠨ ᠠᠬᠢᠭᠤᠯᠤᠨ᠎ᠠ᠃ | ᠬᠦᠳᠡᠭᠡ ᠲᠤᠰᠬᠤᠨ ᠢ ᠬᠦᠭᠵᠢᠭᠦᠯᠬᠦ ᠪᠠᠶᠢᠯᠳᠣᠬᠤ ᠪᠤᠳᠣᠯᠭ᠎ᠠ ᠶᠢ ᠬᠡᠷᠡᠭᠵᠢᠭᠦᠯᠦᠨ᠂ ᠮᠠᠯᠵᠢᠬᠤ ᠣᠷᠣᠨ ᠤ | ᠦᠢᠯᠡᠳᠪᠦᠷᠢᠯᠡᠯ ᠠᠮᠢᠳᠣᠷᠠᠯ ᠤᠨ ᠨᠦᠭᠦᠴᠡᠯ ᠪᠠ ᠣᠷᠴᠢᠨ ᠲᠤᠭᠤᠷᠢᠨ ᠤ ᠦᠩᠭᠡ ᠲᠦᠷᠰᠦ ᠶᠢ ᠦᠷᠬᠦᠯᠵᠢᠯᠡᠨ | ᠰᠠᠶᠢᠵᠢᠷᠠᠭᠤᠯᠵᠤ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠮᠠᠯᠵᠢᠬᠤ ᠣᠷᠣᠨ ᠳᠤ ᠬᠡᠷᠡᠭᠵᠢᠭᠦᠯᠦᠨ᠂ | ᠨᠡᠶᠢᠭᠡᠮ ᠤᠨ ᠠᠵᠢᠯ ᠦᠢᠯᠡᠰ ᠢ ᠪᠦᠬᠦ ᠲᠠᠯ᠎ᠠ ᠪᠠᠷ ᠲᠡᠩᠴᠡᠭᠦᠷᠢᠲᠠᠢ ᠬᠦᠭᠵᠢᠭᠦᠯᠬᠦ ᠶᠢ ᠠᠬᠢᠭᠤᠯᠵᠤ᠂ ᠬᠤᠲᠠ | ᠬᠦᠳᠡᠭᠡ ᠶᠢᠨ ᠵᠦᠷᠢᠶ᠎ᠡ ᠶᠢ ᠢᠳᠡᠭ ᠢᠳᠡᠭ ᠢᠶᠠᠷ ᠪᠠᠭᠠᠰᠬᠠᠨ᠎ᠠ᠃ ᠲᠤᠮᠤ ᠰᠠᠭᠤᠷᠢ ᠲᠦᠭᠦᠭᠡᠷᠦᠮᠵᠢ ᠶᠢᠨ | ᠪᠠᠶᠢᠭᠤᠯᠤᠯᠲᠠ ᠶᠢ ᠰᠠᠶᠢᠲᠣᠷ ᠠᠳᠬᠤᠨ᠎ᠠ᠃ ᠰᠦᠨᠢᠳ ᠪᠠᠷᠠᠭᠤᠨ ᠬᠤᠰᠢᠭᠤᠨ ᠠᠴᠠ ᠴᠢᠭᠤᠯᠤᠯᠲᠤ ᠬᠠᠭᠠᠯᠭ᠎ᠠ | ᠬᠦᠷᠬᠦ ᠦᠨᠳᠦᠷ ᠬᠤᠷᠳᠣᠴᠠᠲᠦ ᠵᠠᠰᠠᠮᠠᠯ ᠵᠠᠮ᠂ ᠮᠤᠵᠢ ᠶᠢᠨ ᠳᠡᠰ ᠤᠨ 313 ᠱᠣᠭᠤᠮ᠂ ᠨᠡᠶᠢᠲᠡ ᠶᠢᠨ ᠬᠡᠷᠡᠭᠯᠡᠭᠡᠨ | ᠤ ᠨᠢᠰᠭᠡᠯ ᠤᠨ ᠪᠠᠭᠤᠳᠠᠯ ᠪᠤᠯᠤᠨ ᠠᠭᠠᠷ ᠤᠨ ᠠᠵᠤ ᠦᠢᠯᠡᠰ ᠤᠨ ᠬᠦᠷᠢᠶᠡᠯᠡᠩ᠂ ᠵᠢᠷᠦᠬᠡ ᠠᠴᠠ ᠬᠤᠸᠠᠳᠧ ᠬᠦᠷᠬᠦ | ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠡᠷᠡᠭᠵᠢᠭᠦᠯᠦᠨ᠂ ᠲᠦᠷᠪᠡᠨ ᠵᠦᠭ ᠲᠤ | ᠨᠡᠪᠲᠡᠷᠡᠬᠦ ᠵᠠᠰᠠᠮᠠᠯ ᠵᠠᠮ ᠪᠠ ︽ᠠᠭᠠᠷ ᠠᠶᠠᠯᠠᠯ ᠤᠨ ᠱᠣᠭᠤᠮ︾ ᠢ ᠨᠡᠪᠲᠡᠷᠡᠭᠦᠯᠦᠨ᠂ ᠳᠦᠭᠦᠮ ᠳᠦᠲᠡ ᠵᠠᠮ | ᠬᠠᠷᠢᠯᠴᠠᠭᠠᠨ ᠤ ᠵᠦᠭᠡᠭᠡᠪᠦᠷᠢ ᠶᠢᠨ ᠲᠤᠤᠷ ᠰᠦᠯᠵᠢᠶ᠎ᠡ ᠶᠢ ᠪᠠᠶᠢᠭᠤᠯᠤᠨ᠎ᠠ᠃ ᠴᠠᠬᠢᠯᠭᠠᠨ ᠬᠦᠴᠦᠨ᠂ ᠴᠢᠮᠡᠭᠡ | ᠬᠤᠯᠪᠤᠭᠠᠨ ᠤ ᠰᠠᠭᠤᠷᠢ ᠲᠦᠭᠦᠭᠡᠷᠦᠮᠵᠢ ᠶᠢ ᠲᠡᠭᠦᠯᠳᠡᠷᠵᠢᠭᠦᠯᠵᠦ᠂ ᠬᠦᠭᠵᠢᠯᠲᠡ ᠶᠢᠨ ᠪᠠᠲᠤᠯᠠᠭᠠᠨ ᠤ ᠲᠦᠪᠰᠢᠨ ᠢ | ᠤᠯᠠᠮ ᠳᠡᠭᠡᠭᠰᠢᠯᠡᠭᠦᠯᠦᠨ᠎ᠡ᠃ | ︵ᠭᠤᠷᠪᠠ︶ ᠪᠤᠬᠢᠷᠳᠣᠯ ᠦᠭᠡᠢ ᠬᠦᠭᠵᠢᠯᠲᠡ ᠪᠠᠷ ᠣᠷᠢᠳᠠᠯ ᠪᠤᠯᠭᠠᠨ᠂ ᠠᠮᠢ ᠠᠬᠤᠢ ᠶᠢᠨ | ᠠᠮᠣᠷ ᠲᠦᠪᠰᠢᠨ ᠤ ᠬᠠᠯᠬᠠᠪᠴᠢ ᠶᠢ ᠪᠦᠬᠦ ᠲᠠᠯ᠎ᠠ ᠪᠠᠷ ᠴᠣᠭᠴᠠᠯᠠᠨ᠎ᠠ᠃ ᠪᠠᠶᠢᠭᠠᠯᠢ ᠶᠢᠨ ᠵᠢᠮ᠎ᠠ ᠶᠤᠰᠤ ᠶᠢ ᠵᠢᠷᠣᠮᠯᠠᠨ | ᠂ ᠪᠠᠶᠢᠭᠠᠯᠢ ᠶᠢ ᠬᠠᠶᠢᠷᠠᠯᠠᠨ ᠬᠠᠮᠠᠭᠠᠯᠠᠬᠤ ᠤᠶᠢᠯᠠᠭᠠᠭᠳᠠᠬᠤᠨ ᠢ ᠪᠠᠳᠣ ᠪᠠᠬᠢ ᠪᠤᠢ ᠪᠤᠯᠭᠠᠨ᠂ ᠬᠦᠭᠵᠢᠬᠦᠯᠬᠦ ᠪᠠ | ᠬᠠᠮᠠᠭᠠᠯᠠᠬᠤ ᠬᠠᠷᠢᠴᠠᠭ᠎ᠠ ᠶᠢ ᠵᠦᠪ ᠰᠢᠢᠳᠪᠦᠷᠢᠯᠡᠵᠦ᠂ ᠪᠤᠬᠢᠷᠳᠣᠯ ᠦᠭᠡᠢ ᠲᠤᠤᠷ᠎ᠠ ᠨᠡᠭᠦᠷᠡᠰᠦᠳᠦᠷᠦᠭᠴᠢᠲᠦ᠂ | ᠪᠤᠯᠪᠠᠰᠣᠨ ᠡᠷᠡᠭᠦᠯ ᠴᠢᠬᠢᠷᠠᠭ ᠠᠮᠢᠳᠣᠷᠠᠯ ᠤᠨ ᠬᠡᠯᠪᠡᠷᠢ ᠶᠢ ᠰᠣᠷᠳᠠᠯᠴᠢᠯᠠᠨ᠂ ᠵᠠᠰᠠᠭ ᠤᠨ ᠣᠷᠳᠣᠨ ᠢᠶᠠᠷ ᠭᠤᠤᠯ | ᠵᠢᠯᠤᠭᠤᠳᠣᠮᠵᠢ ᠪᠤᠯᠭᠠᠬᠤ᠂ ᠠᠵᠤ ᠠᠬᠤᠶᠢᠯᠠᠯ ᠢᠶᠠᠷ ᠭᠤᠤᠯ ᠴᠣᠭᠴᠠ ᠪᠤᠯᠭᠠᠬᠤ᠂ ᠨᠡᠶᠢᠭᠡᠮ ᠤᠨ ᠵᠤᠬᠢᠶᠠᠨ | ᠪᠠᠶᠢᠭᠤᠯᠤᠯᠲᠠ ᠪᠠ ᠣᠯᠠᠨ ᠨᠡᠶᠢᠲᠡ ᠪᠠᠷ ᠢᠶᠠᠨ ᠤᠷᠤᠯᠴᠠᠬᠤ ᠣᠷᠴᠢᠨ ᠲᠤᠭᠤᠷᠢᠨ ᠢ ᠵᠠᠰᠠᠬᠤ ᠰᠢᠰᠲ᠋ᠧᠮ ᠢ | ᠪᠠᠶᠢᠭᠤᠯᠤᠨ᠎ᠠ᠃ ᠰᠢᠨ᠎ᠡ ᠨᠢᠭᠡ ᠡᠭᠡᠯᠵᠢ ᠶᠢᠨ ᠲᠠᠯ᠎ᠠ ᠨᠤᠲᠤᠭ ᠤᠨ ᠠᠮᠢ ᠠᠬᠤᠢ ᠶᠢ ᠬᠠᠮᠠᠭᠠᠯᠠᠬᠤ ᠨᠦᠬᠦᠪᠦᠷᠢᠯᠡᠵᠦ | ᠱᠠᠩᠨᠠᠬᠤ ᠲᠦᠷᠦ ᠶᠢᠨ ᠪᠤᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠮᠢ ᠠᠬᠤᠢ ᠶᠢ ᠵᠠᠰᠠᠬᠤ ᠡᠯ᠎ᠡ ᠲᠦᠷᠦᠯ | ᠤᠨ ᠢᠨᠵᠧᠨᠧᠷᠢᠩ ᠢ ᠬᠡᠷᠡᠭᠵᠢᠭᠦᠯᠵᠦ᠂ ᠲᠠᠯ᠎ᠠ ᠨᠤᠲᠤᠭ ᠤᠨ ᠠᠮᠢ ᠠᠬᠤᠢ ᠶᠢᠨ ᠣᠷᠴᠢᠨ ᠲᠤᠭᠤᠷᠢᠨ ᠢ | ᠦᠷᠬᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ ᠲᠦᠷᠦᠯ ᠬᠤᠪᠢᠶᠠᠨ ᠵᠢᠯᠤᠭᠤᠳᠬᠤ᠂ ᠲᠦᠷᠦ ᠶᠢᠨ ᠪᠤᠳᠣᠯᠭ᠎ᠠ | ᠶᠢ ᠶᠡᠷᠥᠩᠬᠡᠶᠢᠯᠡᠨ ᠬᠡᠷᠡᠭᠵᠢᠭᠦᠯᠬᠦ ᠶᠢ ᠪᠠᠷᠢᠮᠲᠠᠯᠠᠨ᠂ ᠠᠭᠠᠷ ᠮᠠᠨᠳᠠᠯ᠂ ᠣᠰᠣ ᠪᠠ ᠬᠦᠷᠦᠰᠦ ᠰᠢᠷᠣᠢ ᠶᠢᠨ ᠪᠤᠬᠢᠷᠳᠣᠯ ᠢ | ᠰᠡᠷᠭᠡᠶᠢᠯᠡᠨ ᠵᠠᠰᠠᠬᠤ ᠠᠵᠢᠯ ᠢ ᠰᠠᠶᠢᠲᠣᠷ ᠠᠳᠬᠤᠨ᠎ᠠ᠃ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ | ᠬᠠᠮᠢᠶᠠᠷᠣᠯᠲᠠ ᠪᠤᠯᠤᠨ ᠠᠮᠢ ᠠᠬᠤᠢ ᠶᠢᠨ ᠣᠷᠴᠢᠨ ᠲᠤᠭᠤᠷᠢᠨ ᠢ ᠬᠠᠮᠠᠭᠠᠯᠠᠬᠤ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠂ ᠠᠮᠢ ᠠᠬᠤᠢ ᠶᠢᠨ ᠣᠯᠠᠭᠠᠨ ᠱᠣᠭᠤᠮ ᠤᠨ ᠬᠠᠮᠠᠭᠠᠯᠠᠯᠲᠠ ᠪᠠ ᠬᠤᠲᠠ ᠪᠠᠯᠭᠠᠰᠤᠨ ᠤ | ᠨᠡᠬᠡᠬᠡᠯᠲᠡ ᠬᠢᠬᠦ ᠵᠠᠭᠠᠭ ᠱᠣᠭᠤᠮ ᠤᠨ ᠲᠦᠷᠢᠮ ᠢ ᠴᠢᠩᠭ᠎ᠠ ᠬᠡᠷᠡᠭᠵᠢᠭᠦᠯᠦᠨ᠎ᠡ᠃ ᠵᠤᠬᠢᠴᠠᠨ ᠬᠤᠯᠪᠤᠭᠠᠯᠠᠵᠤ | ᠪᠠᠶᠢᠩᠭᠤᠵᠢᠭᠰᠠᠨ ᠶᠠᠷᠦᠩᠭᠡᠢ ᠬᠠᠤᠯᠢ ᠬᠡᠷᠡᠭᠵᠢᠭᠦᠯᠦᠯᠲᠡ ᠶᠢᠨ ᠲᠤᠭᠲᠠᠴᠠ ᠶᠢ ᠪᠠᠶᠢᠭᠤᠯᠵᠤ᠂ ᠠᠮᠢ ᠠᠬᠤᠢ ᠶᠢᠨ | ᠬᠢᠨᠠᠨ ᠬᠠᠮᠢᠶᠠᠷᠣᠯᠲᠠ ᠶᠢᠨ ᠴᠢᠳᠠᠪᠬᠢ ᠶᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠪᠠ ᠠᠵᠢᠯ ᠲᠦᠷᠦᠯ ᠤᠨ | ᠰᠠᠯᠠᠭ᠎ᠠ ᠮᠦᠴᠢᠷ ᠤᠨ ᠡᠨᠧᠷᠬᠢ ᠶᠢ ᠠᠷᠪᠢᠯᠠᠨ ᠬᠤᠷᠣᠭᠳᠠᠯ ᠢ ᠪᠠᠭᠠᠰᠬᠠᠬᠤ ᠬᠠᠷᠢᠭᠤᠴᠠᠯᠭ᠎ᠠ ᠶᠢ ᠴᠢᠩᠭ᠎ᠠ | ᠬᠡᠷᠡᠭᠵᠢᠭᠦᠯᠦᠨ᠂ ᠡᠨᠧᠷᠬᠢ ᠶᠢ ᠠᠷᠪᠢᠯᠠᠨ ᠪᠤᠬᠢᠷᠳᠣᠯ ᠢ ᠪᠠᠭᠠᠰᠬᠠᠬᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ | ︵ᠲᠦᠷᠪᠡ︶ ᠨᠡᠬᠡᠬᠡᠯᠲᠡ ᠬᠢᠵᠤ ᠬᠦᠭᠵᠢᠭᠦᠯᠬᠦ ᠪᠠᠷ ᠵᠢᠯᠤᠭᠤᠳᠣᠮᠵᠢ ᠪᠤᠯᠭᠠᠨ᠂ | ᠲᠤᠳᠣᠭᠠᠳᠣ ᠭᠠᠳᠠᠭᠠᠳᠣ ᠬᠦᠭᠵᠢᠯᠲᠡ ᠶᠢᠨ ᠣᠷᠣᠨ ᠵᠠᠢ ᠶᠢ ᠪᠦᠬᠦ ᠲᠠᠯ᠎ᠠ ᠪᠠᠷ ᠦᠷᠭᠡᠳᠬᠡᠨ᠎ᠡ᠃ ᠣᠷᠣᠨ ᠪᠠᠶᠢᠴᠠ᠂ | ᠡᠬᠢ ᠪᠠᠶᠠᠯᠢᠭ᠂ ᠠᠵᠤ ᠦᠢᠯᠡᠰ᠂ ᠲᠦᠷᠦ ᠶᠢᠨ ᠪᠤᠳᠣᠯᠭ᠎ᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ | ᠡᠷᠢᠶᠡᠨ ᠬᠤᠲᠠ ᠶᠢᠨ ᠣᠯᠣᠰ ᠤᠨ ᠭᠤᠤᠯᠳᠠᠯᠭ᠎ᠠ ᠲᠠᠢ ᠨᠡᠬᠡᠬᠡᠨ ᠬᠦᠭᠵᠢᠭᠦᠯᠵᠦ ᠴᠢᠯᠦᠭᠡᠲᠡᠢ ᠶᠠᠪᠤᠯᠴᠠᠬᠤ ᠲᠤᠷᠰᠢᠯᠲᠠ | ᠶᠢᠨ ᠣᠷᠣᠨ ᠯᠤᠭ᠎ᠠ ᠢᠳᠡᠪᠬᠢᠲᠡᠢ ᠵᠤᠬᠢᠴᠠᠯᠳᠣᠨ᠂ ᠮᠠᠨ ᠤ ᠬᠤᠰᠢᠭᠤ ᠪᠠᠨ ︽ᠨᠢᠭᠡ ᠪᠦᠰᠡ ᠨᠢᠭᠡ ᠵᠠᠮ︾ ᠤᠨ | ᠣᠮᠠᠷᠠᠰᠢ ᠴᠢᠯᠦᠭᠡᠲᠡᠢ ᠬᠦᠭᠵᠢᠬᠦᠯᠬᠦ ᠴᠢᠬᠤᠯᠠ ᠴᠢᠭ ᠪᠠ ᠲᠤᠮᠤ ᠡᠳ᠋ ᠪᠠᠷᠠᠭᠠᠨ ᠤ ᠳᠠᠮᠵᠢᠭᠤᠯᠭ᠎ᠠ ᠶᠢᠨ ᠰᠠᠭᠤᠷᠢᠨ | ᠭᠠᠵᠠᠷ ᠪᠤᠯᠭᠠᠨ ᠪᠠᠶᠢᠭᠤᠯᠤᠨ᠎ᠠ᠃ ᠠᠷᠠᠯᠵᠢᠶᠠᠴᠢᠨ ᠣᠷᠢᠵᠤ ᠪᠠᠯᠠ ᠲᠠᠲᠠᠬᠤ ᠠᠵᠢᠯ ᠢ ᠰᠠᠶᠢᠳᠣᠷ ᠠᠳᠬᠤᠵᠤ᠂ | ᠪᠡᠭᠡᠵᠢᠩ ᠲᠢᠶᠠᠨᠵᠢᠨ ᠾᠧᠪᠧᠢ᠂ ᠪᠦᠸᠧᠬᠠᠢ ᠲᠠᠩᠬᠢᠰ ᠤᠨ ᠡᠷᠭᠢᠨ ᠲᠤᠭᠤᠷᠢᠨ ᠤ ᠭᠠᠵᠠᠷ ᠣᠷᠣᠨ ᠯᠤᠭ᠎ᠠ ᠶᠢᠨ ᠠᠵᠤ | ᠦᠢᠯᠡᠰ ᠤᠨ ᠵᠤᠯᠭᠠᠯᠴᠠᠭ᠎ᠠ ᠪᠠᠨ ᠴᠢᠩᠭᠠᠳᠬᠠᠨ᠂ ᠭᠠᠷᠴᠤ ᠶᠠᠪᠤᠬᠤ ᠪᠠ ᠤᠷᠢᠨ ᠤᠷᠤᠭᠤᠯᠬᠤ ᠶᠢ ᠵᠡᠷᠭᠡ ᠳᠤᠨᠢ | ᠴᠢᠬᠤᠯᠠᠴᠢᠯᠠᠨ᠂ ᠬᠠᠮᠳᠣᠪᠠᠷ ᠵᠦᠪᠳᠡᠯᠴᠡᠨ ᠬᠠᠮᠳᠣᠪᠡᠷ ᠪᠠᠶᠢᠭᠤᠯᠵᠤ ᠬᠠᠮᠳᠣᠪᠡᠷ ᠡᠳ᠋ᠯᠡᠬᠦ ᠵᠠᠷᠴᠢᠮ ᠢ ᠪᠠᠷᠢᠮᠲᠠᠯᠠᠵᠤ᠂ | ᠲᠡᠷᠢᠭᠦᠨ ᠤ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠬᠦᠯᠢᠶᠡᠨ ᠠᠪᠴᠤ᠂ ᠪᠠᠯᠠ | ᠣᠷᠣᠭᠤᠯᠤᠯᠲᠠ ᠶᠢᠨ ᠣᠷᠴᠢᠨ ᠲᠤᠭᠤᠷᠢᠨ ᠢ ᠰᠢᠯᠢᠳᠡᠭᠵᠢᠭᠦᠯᠦᠨ᠂ ᠦᠨᠳᠦᠷ ᠡᠨᠧᠷᠬᠢᠲᠤ᠂ ᠲᠤᠤᠷ᠎ᠠ ᠪᠤᠬᠢᠷᠳᠤᠯᠲᠤ᠂ | ᠲᠦᠭᠦᠭᠡᠢ ᠮᠠᠲ᠋ᠧᠷᠢᠶᠠᠯ᠂ ᠪᠤᠷᠤᠯᠠᠭᠤᠯᠭ᠎ᠠ ᠨᠢ ᠭᠠᠳᠠᠨ᠎ᠠ ᠪᠠᠶᠢᠬᠤ ᠡᠬᠢ ᠪᠠᠶᠠᠯᠢᠭ ᠤᠨ ᠪᠤᠰᠤ ᠬᠡᠯᠪᠡᠷᠢ ᠶᠢᠨ ᠲᠦᠷᠦᠯ | ᠵᠦᠢᠯ ᠢ ᠳᠠᠳᠠᠨ ᠣᠷᠣᠭᠤᠯᠵᠤ᠂ ᠪᠡᠭᠡᠵᠢᠩ ᠲᠢᠶᠠᠨᠵᠢᠨ ᠾᠧᠪᠧᠢ ᠵᠡᠷᠭᠡ ᠭᠠᠵᠠᠷ ᠣᠷᠣᠨ ᠤ ᠦᠨᠳᠦᠷ ᠳᠡᠰ ᠤᠨ | ᠵᠠᠬ᠎ᠠ ᠳᠡᠯᠭᠡᠭᠦᠷ ᠲᠤ ᠬᠠᠨᠲᠤᠭᠤᠯᠤᠨ ᠪᠤᠬᠢᠷᠳᠣᠯ ᠦᠭᠡᠢ ᠣᠷᠭᠠᠨᠢᠭ ᠢᠳᠡᠭᠡᠨ ᠣᠮᠳᠠᠭᠠᠨ᠂ ᠡᠷᠡᠭᠦᠯᠵᠢᠯ ᠰᠡᠯᠡᠭᠦᠴᠡᠯ᠂ | ᠠᠮᠠᠷᠠᠯᠲᠠ ᠰᠣᠪᠢᠯᠠᠯᠲᠠ ᠵᠡᠷᠭᠡ ᠠᠵᠤ ᠦᠢᠯᠡᠰᠵᠢᠯᠲᠡ ᠶᠢᠨ ᠲᠦᠷᠦᠯ ᠵᠦᠢᠯ ᠢ ᠲᠦᠰᠦᠪᠯᠡᠨ ᠬᠡᠷᠡᠭᠵᠢᠭᠦᠯᠵᠦ᠂ | ᠭᠠᠳᠠᠭᠰᠢ ᠬᠠᠨᠲᠤᠭᠤᠯᠤᠭᠰᠠᠨ ᠠᠵᠤ ᠦᠢᠯᠡᠰ ᠤᠨ ᠪᠦᠯᠦᠭᠵᠢᠯ ᠢ ᠡᠭᠦᠳᠦᠨ ᠪᠠᠶᠢᠭᠤᠯᠤᠨ᠎ᠠ᠃ ᠮᠤᠩᠭᠤᠯ ᠣᠷᠣᠰ ᠤᠨ | ᠬᠠᠮᠢᠶ᠎ᠠ ᠪᠦᠬᠦᠢ ᠭᠠᠵᠠᠷ ᠣᠷᠣᠨ ᠯᠤᠭ᠎ᠠ ᠶᠢᠨ ᠬᠠᠮᠳᠣᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠢᠯᠢ ᠠᠯᠣᠰᠯᠠᠭᠰᠠᠨ | ᠡᠯᠧᠺᠲᠷᠤᠨ ᠬᠤᠳᠠᠯᠳᠤᠭ᠎ᠠ᠂ ᠵᠢᠭᠤᠯᠴᠢᠯᠠᠯ᠂ ᠪᠤᠳᠠᠰ ᠤᠨ ᠭᠦᠢᠯᠭᠡᠭᠡ᠂ ᠡᠳ᠋ᠰᠢᠭᠦᠯᠦᠯᠲᠡ ᠵᠡᠷᠭᠡ ᠪᠠᠷ ᠠᠴᠢᠶᠠᠯᠠᠪᠤᠷᠢ | ᠪᠤᠯᠭᠠᠨ᠂ ᠠᠷᠠᠯᠵᠢᠶᠠᠨ ᠤ ᠰᠢᠨ᠎ᠡ ᠬᠡᠪ ᠵᠠᠬᠠᠪᠤᠷ ᠢ ᠪᠤᠶᠢᠵᠢᠭᠤᠯᠤᠨ᠎ᠠ᠃ | ︵ᠲᠠᠪᠤ︶ ᠬᠦᠭᠵᠢᠯᠲᠡ ᠶᠢ ᠬᠠᠮᠳᠣᠪᠠᠷ ᠡᠳ᠋ᠯᠡᠬᠦ ᠪᠠᠷ ᠬᠠᠷᠠᠯᠲᠠ ᠪᠤᠯᠭᠠᠨ᠂ ᠠᠷᠠᠳ ᠤᠨ | ᠠᠮᠢᠳᠣᠷᠠᠯ ᠢ ᠪᠦᠬᠦ ᠲᠠᠯ᠎ᠠ ᠪᠠᠷ ᠪᠠᠳᠣᠯᠠᠨ ᠰᠠᠶᠢᠵᠢᠷᠠᠭᠤᠯᠤᠨ᠎ᠠ᠃ ᠣᠳᠣᠬᠠᠨ ᠤ ᠨᠡᠶᠢᠭᠡᠮ ᠤᠨ ᠭᠤᠤᠯ ᠵᠦᠷᠢᠴᠡᠯ ᠢ | ᠭᠦᠨᠵᠡᠭᠡᠢ ᠣᠶᠢᠯᠠᠭᠠᠨ ᠡᠵᠡᠮᠰᠢᠵᠤ᠂ ᠠᠷᠠᠳ ᠲᠦᠮᠡᠨ ᠤ ᠵᠢᠷᠭᠠᠯᠲᠦ ᠠᠮᠢᠳᠣᠷᠠᠯ ᠢ ᠴᠣᠭᠴᠠᠯᠠᠨ ᠪᠠᠶᠢᠭᠤᠯᠬᠤ ᠪᠠᠷ | ᠲᠡᠮᠡᠴᠡᠬᠦ ᠬᠠᠷᠠᠯᠲᠠ ᠪᠠᠨ ᠪᠤᠯᠭᠠᠨ᠂ ᠠᠷᠠᠳ ᠣᠯᠠᠨ ᠤ ᠠᠵᠤ ᠠᠬᠤᠢ᠂ ᠣᠯᠣᠰ ᠲᠦᠷᠦ᠂ ᠰᠣᠶᠣᠯ᠂ ᠨᠡᠶᠢᠭᠡᠮ᠂ | ᠠᠮᠢ ᠠᠬᠤᠢ ᠵᠡᠷᠭᠡ ᠲᠠᠯ᠎ᠠ ᠪᠠᠷ ᠬᠢ ᠡᠳᠣᠷ ᠢᠷᠡᠭᠦᠶ᠎ᠡ ᠨᠡᠮᠡᠭᠳᠡᠵᠦ ᠪᠦᠬᠦᠢ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠨ | ᠢᠶᠠᠷ ᠬᠠᠩᠭᠠᠨ᠎ᠠ᠃ ᠠᠷᠠᠳ ᠤᠨ ᠠᠮᠢᠳᠣᠷᠠᠯ ᠤᠨ ᠵᠠᠷᠣᠯᠭ᠎ᠠ ᠶᠢᠨ ᠬᠠᠷᠢᠴᠠᠯ ᠢ ᠳᠡᠭᠡᠭᠰᠢᠯᠡᠭᠦᠯᠦᠨ᠂ ᠠᠵᠢᠯ ᠣᠯᠭᠤᠯᠲᠠ | ᠂ ᠰᠣᠷᠭᠠᠨ ᠬᠦᠮᠦᠵᠢᠯ᠂ ᠡᠮ ᠡᠮᠨᠡᠯᠭᠡ᠂ ᠨᠠᠰᠣᠵᠢᠯ᠂ ᠰᠣᠶᠤᠯ᠂ ᠰᠢᠨᠵᠢᠯᠡᠭᠡ ᠮᠡᠷᠭᠡᠵᠢᠯ ᠪᠠ ᠨᠡᠶᠢᠭᠡᠮ ᠤᠨ ᠪᠠᠳᠣᠯᠠᠭ᠎ᠠ | ᠵᠡᠷᠭᠡ ᠠᠷᠠᠳ ᠣᠯᠠᠨ ᠤ ᠬᠠᠮᠤᠭ ᠠᠴᠠ ᠰᠠᠨᠠᠭᠠᠰᠢᠷᠠᠳᠠᠭ ᠬᠠᠮᠤᠭ ᠤᠨ ᠰᠢᠭᠤᠳ ᠪᠤᠳᠠᠳᠣ ᠠᠰᠢᠭ ᠲᠤᠰᠠ ᠶᠢᠨ | ᠠᠰᠠᠭᠤᠳᠠᠯ ᠢ ᠰᠠᠶᠢᠲᠤᠷ ᠰᠢᠢᠳᠪᠦᠷᠢᠯᠡᠨ᠂ ᠨᠡᠶᠢᠭᠡᠮ ᠤᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠦᠵᠡᠯ | ᠣᠬᠠᠮᠰᠡᠷ ᠣᠪᠤᠷ ᠰᠣᠷᠲᠠᠯ ᠤᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠷᠢᠨ ᠨᠢᠮᠪᠡᠢ ᠨᠠᠶᠢᠳᠠᠪᠤᠷᠢᠵᠢᠭᠤᠯᠤᠨ᠂ | ᠭᠠᠵᠠᠷ ᠣᠷᠤᠨ ᠤ ᠠᠮᠤᠷ ᠳᠦᠪᠰᠢᠨ ᠢ ᠬᠠᠮᠠᠭᠠᠯᠠᠵᠤ᠂ ᠬᠠᠮᠳᠤᠪᠠᠷ ᠪᠠᠶᠢᠭᠤᠯᠤᠨ ᠬᠠᠮᠳᠤᠪᠠᠷ ᠡᠳ᠋ᠯᠡᠬᠦ ᠬᠦᠭᠵᠢᠯᠲᠡ | ᠳᠤᠮᠳᠠ ᠠᠷᠠᠳ ᠲᠦᠮᠡᠨ ᠨᠡᠩ ᠤᠯᠠᠨ ᠭᠦᠷᠲᠡᠮᠵᠢ᠂ ᠠᠵᠨ ᠵᠢᠷᠭᠠᠯ ᠪᠠ ᠠᠮᠤᠷ ᠳᠦᠪᠰᠢᠨ ᠤ ᠲᠦᠷᠦᠭᠳᠡᠯ ᠲᠠᠢ | ᠪᠠᠶᠢᠬᠤ ᠶᠢ ᠪᠠᠳᠤᠯᠠᠨ᠎ᠠ᠃ ᠶᠠᠳᠠᠭᠤ ᠶᠢ ᠳᠡᠳᠬᠦᠨ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠰᠠᠶᠢᠳᠤᠷ ᠬᠢᠵᠤ᠂ | ᠨᠠᠷᠢᠯᠢᠭ ᠤᠨᠤᠪᠴᠢᠲᠠᠢ ᠪᠠᠷ ᠶᠠᠳᠠᠭᠤ ᠶᠢ ᠳᠡᠳᠬᠦᠨ ᠶᠠᠳᠠᠭᠤ ᠠᠴᠠ ᠠᠩᠬᠢᠵᠢᠷᠠᠭᠤᠯᠬᠤ ᠶᠢ ᠪᠠᠷᠢᠮᠳᠠᠯᠠᠨ᠂ ᠶᠠᠳᠠᠭᠤ ᠶᠢ | ᠳᠡᠳᠬᠦᠬᠦ ᠳᠡᠭᠡᠨ ᠡᠷᠴᠢ ᠵᠤᠷᠢᠭ ᠢ ᠳᠡᠳᠬᠦᠬᠦ᠂ ᠤᠶᠤᠨ ᠰᠠᠨᠠᠭ᠎ᠠ ᠶᠢ ᠨᠢ ᠳᠡᠳᠬᠦᠬᠦ ᠶᠢ ᠤᠶᠠᠯᠳᠤᠭᠤᠯᠤᠨ᠂ ᠶᠠᠳᠠᠭᠤ | ᠬᠦᠴᠢᠷᠳᠡᠯᠲᠠᠢ ᠬᠦᠮᠦᠰ ᠤᠨ ᠦᠪᠡᠷ ᠤᠨ ᠬᠦᠴᠦ ᠪᠠᠷ ᠢᠶᠠᠨ ᠳᠡᠭᠵᠢᠷᠡᠬᠦ ᠴᠢᠳᠠᠪᠤᠷᠢ ᠶᠢ ᠨᠡᠮᠡᠭᠳᠡᠭᠦᠯᠵᠤ᠂ ᠶᠠᠳᠠᠭᠤ | ᠠᠴᠠ ᠳᠤᠭᠳᠠᠭᠤᠨ ᠢᠶᠠᠷ ᠠᠩᠬᠢᠵᠢᠷᠠᠬᠤ ᠦᠷ᠎ᠡ ᠪᠦᠲᠦᠭᠡᠯ ᠢ ᠪᠠᠬᠢᠵᠢᠭᠦᠯᠦᠨ᠂ ᠠᠷᠠᠳ ᠨᠢ ᠶᠠᠳᠠᠭᠤ ᠠᠴᠠ | ᠠᠩᠬᠢᠵᠢᠷᠠᠵᠤ᠂ ᠬᠤᠰᠢᠭᠤ ᠨᠤᠳᠤᠭ ᠨᠢ ᠶᠠᠳᠠᠭᠤ ᠨᠡᠷ᠎ᠡ ᠪᠠᠨ ᠳᠠᠶᠠᠭᠳᠠᠬᠤ ᠬᠠᠷᠠᠯᠲᠠ ᠶᠢ ᠤᠷᠢᠳᠴᠢᠯᠠᠨ | ᠪᠡᠶᠡᠯᠡᠭᠦᠯᠦᠨ᠎ᠡ᠃ | ᠭᠤᠷᠪᠠ᠂ 2018 ᠤᠨ ᠤ ᠭᠤᠤᠯ ᠠᠵᠢᠯ ᠤᠨ ᠪᠠᠶᠢᠷᠢᠯᠠᠭᠤᠯᠤᠯᠲᠠ | 2018 ᠤᠨ ᠪᠤᠯ ᠲᠤᠰ ᠬᠤᠭᠤᠴᠠᠭᠠᠨ ᠤ ᠵᠠᠰᠠᠭ ᠤᠨ ᠤᠷᠳᠤᠨ ᠤ ᠳᠤᠰᠢᠶᠠᠯ | ᠡᠭᠦᠷᠭᠡᠯᠡᠬᠦ ᠡᠬᠢᠯᠡᠯᠲᠠ ᠶᠢᠨ ᠵᠢᠯ᠂ ᠮᠦᠨᠴᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ | ᠰᠢᠢᠳᠪᠦᠷᠢᠲᠦ ᠢᠯᠡᠯᠲᠡ ᠶᠢ ᠲᠡᠮᠡᠴᠡᠨ ᠤᠯᠬᠤ ᠪᠠ ︽ᠠᠷᠪᠠᠨ ᠭᠤᠷᠪᠠᠳᠣᠭᠠᠷ ᠲᠠᠪᠤᠨ ᠵᠢᠯ︾ ᠤᠨ ᠲᠦᠯᠦᠪᠵᠢᠭᠦᠯᠭᠡ | ᠶᠢ ᠬᠡᠷᠡᠭᠵᠢᠭᠦᠯᠦᠨ ᠦᠩᠭᠡᠷᠡᠭᠰᠡᠨ ᠪᠠ ᠬᠤᠶᠢᠰᠢᠲᠠ ᠶᠢᠨ ᠠᠵᠢᠯ ᠢ ᠵᠤᠬᠢᠴᠠᠭᠤᠯᠬᠤ ᠵᠠᠩᠬᠢᠯᠭ᠎ᠠ ᠶᠢᠨ ᠵᠢᠯ ᠪᠤᠯᠬᠤ | ᠶᠤᠮ᠃ ᠠᠵᠤ ᠠᠬᠤᠢ ᠨᠡᠶᠢᠭᠡᠮ ᠤᠨ ᠡᠯ᠎ᠡ ᠲᠦᠷᠦᠯ ᠤᠨ ᠠᠵᠢᠯ ᠢᠶᠠᠨ ᠰᠠᠶᠢᠳᠤᠷ ᠬᠢᠬᠦ ᠪᠤᠯ ᠲᠦᠢᠯ ᠤᠨ ᠴᠢᠬᠤᠯᠨ | ᠠᠴᠢ ᠬᠤᠯᠪᠤᠭᠳᠠᠯ ᠲᠠᠢ ᠶᠤᠮ᠃ ᠭᠤᠤᠯ ᠵᠢᠱᠢᠭᠰᠡᠨ ᠬᠠᠷᠠᠯᠲᠠ ᠪᠤᠯ᠄ ᠤᠷᠤᠨ ᠨᠤᠳᠤᠭ ᠤᠨ ᠦᠢᠯᠡᠳᠪᠦᠷᠢᠯᠡᠯ ᠤᠨ | ᠶᠡᠷᠦᠩᠭᠡᠢ ᠦᠷᠳᠡᠭ ᠢ 8% ᠪᠠᠷ ᠨᠡᠮᠡᠭᠳᠡᠭᠦᠯᠦᠨ᠎ᠡ᠃ ᠣᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ | ᠣᠷᠣᠯᠭ᠎ᠠ ᠶᠢ 1.6 ᠳ᠋ᠦᠩᠰᠢᠭᠤᠷ ᠲᠦᠭᠦᠷᠢᠭ ᠲᠤ ᠬᠦᠷᠭᠡᠵᠤ᠂ 1.2% ᠪᠠᠷ ᠨᠡᠮᠡᠭᠳᠡᠭᠦᠯᠦᠨ᠎ᠡ᠃ ᠲᠤᠭᠳᠠᠮᠠᠯ | ᠬᠦᠷᠦᠩᠭᠡ ᠶᠢᠨ ᠪᠡᠯᠡ ᠤᠷᠤᠭᠤᠯᠤᠯᠲᠠ ᠶᠢ 22 ᠳ᠋ᠦᠩᠰᠢᠭᠤᠷ ᠲᠦᠭᠦᠷᠢᠭ ᠲᠤ ᠬᠦᠷᠭᠡᠵᠤ᠂ 15% ᠪᠠᠷ | ᠨᠡᠮᠡᠭᠳᠡᠭᠦᠯᠦᠨ᠎ᠡ᠃ ᠪᠦᠬᠦ ᠨᠡᠶᠢᠭᠡᠮ ᠤᠨ ᠬᠡᠷᠡᠭᠯᠡᠭᠡᠨ ᠤ ᠪᠤᠳᠠᠰ ᠢ ᠵᠢᠵᠢᠭᠯᠡᠨ ᠬᠤᠳᠠᠯᠳᠣᠬᠤ ᠶᠡᠷᠦᠩᠬᠡᠢ ᠬᠡᠮᠵᠢᠶ᠎ᠡ ᠶᠢ 6. | 6 ᠳ᠋ᠦᠩᠰᠢᠭᠤᠷ ᠲᠦᠭᠦᠷᠢᠭ ᠲᠤ ᠬᠦᠷᠭᠡᠵᠤ᠂ 10% ᠪᠠᠷ ᠨᠡᠮᠡᠭᠳᠡᠭᠦᠯᠦᠨ᠎ᠡ᠃ ᠬᠤᠲᠠ ᠪᠠᠯᠭᠠᠰᠤᠨ ᠤ ᠪᠠᠶᠢᠩᠭᠤ | ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠲᠤᠬᠢᠷᠠᠭᠤᠯᠵᠤ ᠪᠤᠯᠬᠤᠶᠢᠴᠨ ᠤᠷᠤᠯᠭ᠎ᠠ ᠶᠢ 38780 | ᠲᠦᠭᠦᠷᠢᠭ ᠲᠤ ᠬᠦᠷᠭᠡᠵᠤ᠂ 8.2% ᠪᠠᠷ ᠨᠡᠮᠡᠭᠳᠡᠭᠦᠯᠦᠨ᠎ᠡ︔ ᠮᠠᠯᠵᠢᠬᠤ ᠤᠷᠤᠨ ᠤ ᠪᠠᠶᠢᠩᠭᠤ ᠰᠠᠭᠤᠭ᠎ᠠ ᠬᠦᠮᠦᠨ | ᠠᠮᠨ ᠶᠢᠨ ᠬᠦᠮᠦᠨ ᠳᠤᠮᠳᠠᠴᠢ ᠶᠢᠨ ᠲᠤᠬᠢᠷᠠᠭᠤᠯᠵᠤ ᠪᠤᠯᠬᠤᠶᠢᠴᠠ ᠤᠷᠤᠯᠭ᠎ᠠ ᠶᠢ 14320 ᠲᠦᠭᠦᠷᠢᠭ ᠲᠤ | ᠬᠦᠷᠭᠡᠵᠤ᠂ 8.5% ᠪᠠᠷ ᠨᠡᠮᠡᠭᠳᠡᠭᠦᠯᠦᠨ᠎ᠡ᠃ | ᠬᠠᠷᠠᠯᠳᠠ ᠡᠭᠦᠷᠭᠡ ᠶᠢᠨ ᠲᠤᠭᠤᠷᠢᠨ ᠳᠤ᠂ ᠲᠤᠤᠷᠠᠬᠢ ᠠᠷᠪᠠᠨ ᠲᠠᠯ᠎ᠠ ᠶᠢᠨ ᠠᠵᠢᠯ ᠢ | ᠴᠢᠬᠤᠯᠠᠴᠢᠯᠠᠨ ᠠᠳᠬᠤᠨ᠎ᠠ᠃ | ︵ᠨᠢᠭᠡ︶ ᠭᠤᠤᠯᠳᠠᠯᠭ᠎ᠠ ᠲᠠᠢ ᠲᠦᠷᠦᠯ ᠵᠦᠢᠯ ᠤᠨ ᠪᠠᠶᠢᠭᠤᠯᠤᠯᠲᠠ ᠶᠢ ᠪᠦᠬᠦ ᠬᠦᠴᠦᠨ | ᠢᠶᠠᠷ ᠲᠦᠯᠬᠢᠨ ᠠᠬᠢᠭᠤᠯᠵᠤ᠂ ᠠᠵᠤ ᠠᠬᠤᠢ ᠶᠢᠨ ᠬᠦᠭᠵᠢᠯᠲᠠ ᠶᠢᠨ ᠰᠠᠭᠤᠷᠢ ᠶᠢ ᠪᠠᠬᠢᠵᠢᠭᠦᠯᠦᠨ᠎ᠡ᠃ | ᠭᠤᠤᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ | ᠲᠦᠯᠬᠢᠨ ᠠᠬᠢᠭᠤᠯᠤᠨ᠎ᠠ᠃ ᠳᠡᠭᠡᠲᠤ ᠱᠠᠲᠤᠨ ᠤ ᠠᠵᠤ ᠤᠶᠢᠯᠡᠰ ᠤᠨ ᠲᠦᠷᠦ ᠶᠢᠨ ᠪᠤᠳᠤᠯᠭ᠎ᠠ ᠪᠠ ᠪᠡᠯᠨ | ᠤᠷᠤᠭᠤᠯᠤᠯᠲᠠ ᠶᠢᠨ ᠭᠤᠤᠯᠳᠠᠯᠭ᠎ᠠ ᠶᠢ ᠬᠦᠨᠵᠡᠭᠡᠢ ᠰᠤᠳᠤᠯᠵᠤ᠂ ᠲᠦᠷᠦᠯ ᠵᠦᠢᠯ ᠢ ᠲᠡᠮᠡᠴᠡᠨ ᠤᠯᠬᠤ ᠬᠦᠴᠦᠯᠡᠴᠨ | ᠪᠠᠨ ᠨᠡᠮᠡᠭᠳᠡᠭᠦᠯᠦᠨ᠂ ᠤᠯᠤᠰ᠂ ᠤᠷᠤᠨ ᠪᠤᠯᠤᠨ ᠳᠡᠭᠡᠲᠤ ᠱᠠᠲᠤᠨ ᠤ ᠰᠠᠯᠠᠭ᠎ᠠ ᠮᠦᠴᠢᠷ ᠤᠨ ᠳᠡᠮᠵᠢᠯᠭᠡ ᠶᠢ | ᠳᠡᠮᠡᠴᠡᠨ ᠤᠯᠤᠨ᠎ᠠ᠃ ︽ᠲᠦᠷᠦᠯ ᠵᠦᠢᠯ᠂ ᠤᠳᠤᠷᠢᠳᠤᠯᠭ᠎ᠠ᠂ ᠤᠳᠤᠷᠢᠳᠬᠤ ᠪᠠᠭ︾ ᠤᠨ ᠲᠦᠯᠬᠢᠨ ᠠᠬᠢᠭᠤᠯᠬᠤ | ᠬᠠᠷᠢᠭᠤᠴᠠᠯᠭ᠎ᠠ ᠶᠢᠨ ᠲᠦᠷᠢᠮ ᠪᠠ ᠪᠠᠶᠢᠩᠭᠤ ᠲᠤᠬᠢᠷᠠᠭᠤᠯᠬᠤ ᠲᠤᠭᠳᠠᠴᠨ ᠶᠢ ᠴᠢᠩᠭ᠎ᠠ ᠨᠠᠶᠢᠳᠠᠪᠤᠷᠢᠵᠢᠭᠤᠯᠤᠨ᠂ | ᠪᠦᠲᠦᠭᠡᠨ ᠪᠠᠶᠢᠭᠤᠯᠤᠯᠲᠠ ᠲᠤᠮᠳᠠ ᠲᠤᠬᠢᠶᠠᠯᠳᠤᠭᠰᠠᠨ ᠪᠤᠳᠠᠳᠠᠢ ᠠᠰᠠᠭᠤᠳᠠᠯ ᠢ ᠬᠠᠪᠰᠤᠷᠤᠨ ᠰᠢᠢᠳᠪᠦᠷᠢᠯᠡᠵᠤ᠂ | ᠡᠮᠤᠨᠡᠬᠢ ᠬᠤᠭᠤᠴᠠᠭᠠᠨ ᠤ ᠭᠠᠷ ᠬᠦᠢᠴᠡᠳᠭᠡᠯ ᠢ ᠲᠠᠷᠤᠶᠢᠬᠠᠨ ᠬᠦᠢᠴᠡᠳᠬᠡᠵᠤ᠂ ᠠᠵᠢᠯ ᠡᠬᠢᠯᠡᠭᠦᠯᠬᠦ ᠨᠦᠬᠦᠴᠡᠯ ᠪᠠ | ᠪᠠᠳᠤᠯᠠᠭ᠎ᠠ ᠶᠢᠨ ᠨᠦᠬᠦᠴᠡᠯ ᠢ ᠢᠳᠡᠪᠬᠢᠲᠠᠢ ᠨᠠᠶᠢᠳᠠᠪᠤᠷᠢᠵᠢᠭᠤᠯᠵᠤ᠂ ᠠᠵᠢᠯ ᠤᠨ ᠬᠤᠭᠤᠴᠠᠭ᠎ᠠ ᠶᠢ ᠳᠤᠭᠳᠠᠭᠠᠬᠤ | ᠠᠷᠭ᠎ᠠ ᠶᠢ ᠬᠡᠷᠡᠭᠯᠡᠨ᠂ 37 ᠭᠤᠤᠯᠳᠠᠯᠭᠠᠲᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠠᠭ ᠳᠤᠬᠠᠢ | ᠳᠤᠨᠢ ᠳᠦᠯᠬᠢᠨ ᠠᠬᠢᠭᠤᠯᠵᠤ᠂ ᠪᠦᠬᠦ ᠵᠢᠯ ᠤᠨ ᠳᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢᠨ ᠡᠬᠦᠷᠭᠡ | ᠪᠠᠨ ᠪᠡᠶᠡᠯᠡᠬᠦᠯᠬᠦ ᠶᠢ ᠪᠠᠲᠤᠯᠠᠨ᠎ᠠ᠃ | ᠠᠷᠠᠯᠵᠢᠶᠠᠴᠢᠨ ᠤᠷᠢᠵᠤ ᠪᠡᠯᠨ ᠳᠠᠳᠠᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃ | ᠲᠦᠷᠦ ᠶᠢᠨ ᠪᠤᠳᠤᠯᠭ᠎ᠠ ᠶᠢᠨ ᠳᠡᠮᠵᠢᠯᠭᠡ ᠪᠠ ᠦᠢᠯᠡᠴᠢᠯᠡᠭᠡᠨ ᠤ ᠪᠠᠳᠤᠯᠠᠭ᠎ᠠ ᠶᠢ ᠴᠢᠩᠭᠠᠳᠬᠠᠵᠤ᠂ ᠵᠠᠰᠠᠭ ᠪᠤᠯᠤᠨ | ᠠᠷᠠᠯᠵᠢᠶᠠᠴᠢᠨ ᠤ ᠲᠤᠲᠤᠨᠤ ᠴᠢᠬᠡᠴᠢ ᠬᠠᠷᠢᠴᠠᠭ᠎ᠠ ᠶᠢ ᠪᠠᠶᠢᠭᠤᠯᠤᠨ᠂ ᠨᠡᠶᠢᠲᠡ ᠶᠢᠨ ᠦᠮᠴᠢᠯᠡᠯ ᠤᠨ ᠪᠤᠰᠤ ᠠᠵᠤ | ᠠᠬᠤᠢ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠡᠯᠨ ᠤᠷᠤᠭᠤᠯᠤᠨ ᠦᠢᠯᠡᠰ ᠪᠣᠰᠬᠠᠬᠤ ᠤᠬᠢ | ᠰᠠᠶᠢᠨ ᠤᠷᠴᠢᠨ ᠲᠤᠭᠤᠷᠢᠨ ᠢ ᠪᠤᠢ ᠪᠤᠯᠭᠠᠨ᠎ᠠ᠃ ᠲᠦᠷᠦᠯ ᠵᠦᠢᠯ ᠤᠨ ᠬᠦᠮᠦᠷᠭᠡ ᠶᠢᠨ ᠪᠦᠲᠦᠭᠡᠨ ᠪᠠᠶᠢᠭᠤᠯᠤᠯᠲᠠ | ᠶᠢ ᠤᠯᠠᠮ ᠳᠡᠭᠦᠯᠳᠡᠷᠵᠢᠭᠦᠯᠵᠤ᠂ ᠠᠷᠠᠯᠵᠢᠶᠠᠴᠢᠨ ᠤᠷᠢᠵᠤ ᠪᠡᠯᠨ ᠳᠠᠳᠠᠬᠤ ᠠᠷᠭ᠎ᠠ ᠬᠡᠯᠪᠡᠷᠢ ᠶᠢ ᠰᠢᠨᠡᠴᠢᠯᠡᠨ᠂ | ᠴᠢᠭᠯᠡᠯᠲᠤ ᠴᠢᠨᠠᠷ ᠪᠠ ᠪᠤᠳᠠᠳᠤ ᠦᠷ᠎ᠠ ᠠᠰᠢᠭᠲᠤ ᠴᠢᠨᠠᠷ ᠢ ᠨᠡᠮᠡᠭᠳᠡᠭᠦᠯᠵᠤ᠂ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ ᠨᠤᠷᠮ᠎ᠠ ᠪᠠᠷ ᠦᠨᠳᠤᠷ ᠨᠢᠬᠡ ᠪᠦᠯᠦᠭ ᠰᠢᠨ᠎ᠡ ᠪᠠᠷ ᠬᠦᠭᠵᠢᠭᠰᠡᠨ ᠠᠵᠤ ᠦᠢᠯᠡᠰ ᠤᠨ ᠲᠦᠷᠦᠯ ᠵᠦᠢᠯ | ᠪᠠ ︽ᠲᠦᠬᠦᠬᠡᠢ ᠮᠠᠲ᠋ᠧᠷᠢᠶᠠᠯ ᠢ ᠤᠷᠤᠭᠤᠯᠤᠨ᠂ ᠬᠤᠰᠢᠭᠤᠨ ᠳᠠᠭᠠᠨ ᠪᠤᠯᠪᠠᠰᠣᠷᠠᠭᠤᠯᠬᠤ ᠪᠠ ᠪᠤᠷᠤᠯᠠᠭᠤᠯᠭ᠎ᠠ | ᠭᠠᠳᠠᠨ᠎ᠠ ᠪᠠᠶᠢᠬᠤ︾ ᠡᠬᠢ ᠪᠠᠶᠠᠯᠢᠭ ᠤᠨ ᠪᠤᠰᠤ ᠬᠡᠯᠪᠡᠷᠢ ᠶᠢᠨ ᠲᠦᠷᠦᠯ ᠵᠦᠢᠯ ᠢ ᠢᠳᠡᠪᠬᠢᠲᠠᠢ ᠤᠷᠤᠭᠤᠯᠵᠤ᠂ ᠵᠢᠯ | ᠤᠨ ᠳᠤᠳᠤᠷ᠎ᠠ ᠠᠶᠢᠮᠠᠭ ᠤᠨ ᠭᠠᠳᠠᠨᠠᠬᠢ ᠪᠡᠯᠨ ᠮᠦᠩᠭᠦ ᠶᠢ 14.5 ᠳ᠋ᠦᠩᠰᠢᠭᠤᠷ ᠲᠦᠭᠦᠷᠢᠭ ᠤᠷᠤᠭᠤᠯᠬᠤ ᠪᠠᠷ | ᠲᠡᠮᠡᠴᠡᠨ᠎ᠡ᠃ | ᠮᠦᠩᠬᠦᠨ ᠬᠦᠢᠯᠭᠡᠭᠡᠨ ᠤ ᠦᠢᠯᠡᠴᠢᠯᠡᠭᠡᠨ ᠤ ᠠᠵᠢᠯ ᠢ ᠪᠦᠬᠦ ᠲᠠᠯ᠎ᠠ ᠪᠠᠷ ᠰᠠᠶᠢᠳᠤᠷ | ᠠᠳᠬᠤᠨ᠎ᠠ᠃ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠤᠯᠤᠨ ᠠᠵᠤ ᠠᠬᠤᠶᠢᠯᠠᠯ ᠤᠨ ᠬᠦᠭᠵᠢᠯᠲᠡ ᠶᠢᠨ | ᠱᠠᠭᠠᠷᠳᠠᠯᠭ᠎ᠠ ᠶᠢᠨ ᠲᠤᠭᠤᠷᠢᠨ ᠳᠤ᠂ ᠵᠠᠰᠠᠭ ᠤᠨ ᠤᠷᠳᠤᠨ᠂ ᠪᠠᠩᠬᠢ᠂ ᠠᠵᠤ ᠠᠬᠤᠶᠢᠯᠠᠯ ᠬᠠᠷᠢᠯᠴᠠᠭ᠎ᠠ ᠪᠠᠨ | ᠴᠢᠩᠭᠠᠳᠬᠠᠵᠤ᠂ ᠮᠦᠩᠬᠦᠨ ᠬᠦᠢᠯᠭᠡᠭᠡᠨ ᠤ ᠪᠤᠳᠠᠳᠦ ᠴᠤᠭᠴᠠ ᠶᠢᠨ ᠠᠵᠤ ᠠᠬᠤᠢ ᠶᠢ ᠳᠡᠮᠵᠢᠬᠦ ᠦᠢᠯᠡᠳᠦᠯ ᠢ | ᠰᠠᠶᠢᠳᠤᠷ ᠪᠠᠳᠠᠷᠠᠭᠤᠯᠵᠤ᠂ ᠠᠵᠤ ᠠᠬᠤᠶᠢᠯᠠᠯ ᠤᠨ ᠬᠦᠷᠦᠩᠭᠡ᠂ ᠵᠢᠭᠡᠯᠡᠯᠭᠡ ᠶᠢᠨ ᠲᠡᠮᠳᠡᠭ ᠵᠡᠷᠭᠡ ᠵᠠᠬ᠎ᠠ ᠳᠡᠯᠭᠡᠬᠦᠷ | ᠲᠤ ᠰᠢᠭᠤᠳ ᠪᠡᠯᠡ ᠨᠡᠶᠢᠯᠡᠬᠦᠯᠬᠦ ᠶᠢ ᠵᠤᠷᠢᠭᠵᠢᠭᠤᠯᠤᠨ ᠳᠡᠮᠵᠢᠨ᠎ᠡ᠃ ᠡᠳ᠋ ᠤᠨ ᠵᠠᠰᠠᠭ ᠤᠨ ᠪᠡᠯᠡ ᠮᠦᠩᠬᠦᠨ ᠤ | ᠦᠢᠯᠡᠳᠦᠯ ᠢ ᠬᠦᠢᠴᠡᠳ ᠪᠠᠳᠠᠷᠠᠭᠤᠯᠵᠤ᠂ ᠪᠡᠯᠡ ᠨᠡᠶᠢᠯᠡᠬᠦᠯᠬᠦ ᠳᠠᠪᠴᠠᠩ ᠪᠤᠯᠤᠨ ᠪᠠᠲᠤᠯᠠᠭᠠᠨ ᠤ ᠪᠠᠶᠢᠭᠤᠯᠤᠮᠵᠢ ᠶᠢᠨ | ᠪᠡᠯᠡ ᠨᠡᠶᠢᠯᠡᠬᠦᠯᠬᠦ ᠬᠡᠪᠴᠢᠶ᠎ᠡ ᠶᠢ ᠦᠷᠭᠡᠳᠬᠡᠨ᠎ᠡ᠃ ᠠᠷᠠᠳ ᠤᠨ ᠳᠤᠮᠳᠠᠬᠢ ᠪᠡᠯᠡ ᠤᠷᠤᠭᠤᠯᠤᠯᠲᠠ ᠶᠢᠨ ᠡᠯ᠎ᠡ | ᠲᠦᠷᠦᠯ ᠤᠨ ᠲᠦᠷᠦ ᠶᠢᠨ ᠪᠤᠳᠤᠯᠭ᠎ᠠ ᠠᠷᠭ᠎ᠠ ᠠᠪᠴᠠᠯ ᠢ ᠨᠠᠷᠢᠨ ᠬᠢᠨᠡᠮᠡᠭᠠᠢ ᠨᠠᠶᠢᠳᠠᠪᠤᠷᠢᠵᠢᠭᠤᠯᠤᠨ᠂ ᠨᠡᠶᠢᠭᠡᠮ ᠤᠨ | ᠪᠡᠯᠡ ᠮᠦᠩᠬᠦ ᠶᠢ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠤᠯᠤᠨ ᠠᠷᠠᠳ ᠤᠨ ᠠᠮᠢᠳᠤᠷᠠᠯ ᠤᠨ | ᠬᠦᠷᠢᠶ᠎ᠡ ᠬᠡᠪᠴᠢᠶᠡᠨ ᠤ ᠲᠦᠷᠦᠯ ᠵᠦᠢᠯ ᠳᠤ ᠨᠠᠩ ᠢᠯᠡᠭᠦᠦ ᠳᠠᠳᠠᠨ ᠣᠷᠤᠭᠤᠯᠤᠨ᠎ᠠ᠃ PPP ᠲᠦᠷᠦᠯ ᠵᠦᠢᠯ | ᠤᠨ ᠲᠦᠷᠦ ᠶᠢᠨ ᠪᠤᠳᠤᠯᠭ᠎ᠠ ᠶᠢ ᠬᠦᠨᠵᠡᠭᠡᠢ ᠰᠤᠳᠤᠯᠤᠨ᠂ ᠲᠦᠷᠦᠯ ᠵᠦᠢᠯ ᠤᠨ ᠭᠤᠤᠯᠳᠠᠯᠭᠠᠳᠠᠢ ᠪᠡᠯᠡ ᠤᠷᠤᠭᠤᠯᠬᠤ | ᠬᠦᠷᠢᠶ᠎ᠡ ᠬᠡᠪᠴᠢᠶ᠎ᠡ ᠳᠤ ᠬᠠᠨᠳᠤᠭᠤᠯᠵᠤ᠂ ᠨᠢᠭᠡ ᠪᠦᠯᠦᠭ ᠦᠨᠳᠦᠷ ᠴᠢᠨᠠᠷ ᠴᠢᠨᠰᠠᠭ᠎ᠠ ᠪᠦᠬᠦᠢ ᠲᠦᠷᠦᠯ ᠵᠦᠢᠯ ᠢ | ᠳᠦᠰᠦᠪᠯᠡᠨ᠂ ᠤᠯᠤᠰ᠂ ᠦᠪᠡᠷᠳᠡᠭᠡᠨ ᠵᠠᠰᠠᠬᠤ ᠤᠷᠤᠨ ᠤ ᠲᠦᠷᠦᠯ ᠵᠦᠢᠯ ᠤᠨ ᠬᠦᠮᠦᠷᠭᠡ ᠳᠤ ᠤᠷᠤᠭᠤᠯᠬᠤ ᠪᠠᠷ | ᠲᠡᠮᠡᠴᠡᠨ᠎ᠡ᠃ | ︵ᠬᠤᠶᠠᠷ︶ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠨ ᠶᠢᠨ | ᠴᠢᠨᠠᠷᠲᠠᠢ ᠦᠭᠡᠷᠡᠴᠢᠯᠡᠯᠲᠡ ᠶᠢ ᠠᠬᠢᠭᠤᠯᠵᠤ᠂ ᠤᠳᠤ ᠦᠶ᠎ᠡ ᠶᠢᠨ ᠮᠠᠯ ᠠᠵᠤ ᠠᠬᠤᠢ ᠶᠢᠨ ᠬᠦᠭᠵᠢᠯᠲᠠ ᠶᠢᠨ | ᠳᠦᠪᠰᠢᠨ ᠢ ᠳᠡᠭᠡᠭᠰᠢᠯᠡᠬᠦᠯᠦᠨ᠎ᠡ᠃ | ᠮᠠᠯ ᠠᠵᠤ ᠠᠬᠤᠢ ᠶᠢᠨ ᠪᠦᠲᠦᠴᠨ ᠶᠢ ᠨᠢᠭᠡᠳᠤᠯᠲᠠᠢ ᠲᠦᠯᠦᠪᠵᠢᠭᠦᠯᠦᠨ ᠲᠤᠬᠢᠷᠠᠭᠤᠯᠤᠨ᠎ᠠ | ᠃ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠦᠢᠯᠡᠰ ᠢ ᠳᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ | ᠴᠢᠩᠭ᠎ᠠ ᠨᠠᠶᠢᠳᠠᠪᠤᠷᠢᠵᠢᠭᠤᠯᠤᠨ᠂ ᠵᠢᠯ ᠤᠨ ᠳᠤᠳᠤᠷ᠎ᠠ ᠰᠢᠯᠢᠳᠡᠭ ᠡᠭᠦᠯᠳᠡᠷ ᠤᠨ ᠮᠢᠬᠠᠨ ᠤ ᠦᠭᠡᠷ ᠢ 1000 ᠠᠴᠠ | ᠳᠡᠭᠡᠭᠰᠢ ᠲᠦᠪᠯᠡᠷᠡᠭᠦᠯᠦᠨ ᠤᠷᠤᠭᠤᠯᠵᠤ᠂ 1 ᠲᠦᠮᠡᠨ ᠦᠭᠡᠷ ᠲᠤ ᠢᠴᠡᠭᠡᠯ ᠦᠷ᠎ᠡ ᠶᠢᠨ ᠬᠡᠭᠡᠯᠳᠦᠯᠭᠡ ᠬᠢᠵᠤ᠂ 4 | ᠳᠤᠰᠬᠠᠢ ᠬᠤᠷᠰᠢᠶᠠᠵᠢᠯ ᠢ ᠪᠠᠶᠢᠭᠤᠯᠤᠨ᠂ 50 ᠡᠷᠦᠬᠡ ᠶᠢᠨ ᠪᠤᠬᠢᠷᠳᠤᠯ ᠦᠭᠡᠢ ᠮᠢᠬᠠᠨ ᠤ ᠦᠭᠡᠷ ᠮᠠᠯᠵᠢᠬᠤ ᠬᠡᠷ | ᠪᠦᠯᠢ ᠶᠢᠨ ᠮᠠᠯᠵᠢᠯ ᠤᠨ ᠳᠠᠯᠠᠪᠠᠢ ᠶᠢ ᠪᠠᠶᠢᠭᠤᠯᠤᠨ᠎ᠠ᠃ ᠰᠠᠭᠠᠯᠢ ᠶᠢᠨ ᠦᠨᠢᠶ᠎ᠡ ᠲᠠᠵᠢᠭᠡᠨ ᠦᠷᠡᠵᠢᠬᠦᠯᠬᠦ ᠦᠢᠯᠡᠰ ᠢ | ᠳᠤᠭᠲᠠᠭᠤᠨ ᠢᠶᠠᠷ ᠬᠦᠭᠵᠢᠬᠦᠯᠦᠨ᠎ᠡ᠃ ᠴᠠᠬᠠᠷ ᠬᠤᠨᠢᠨ ᠤ ᠦᠷ᠎ᠡ ᠶᠢᠨ ᠮᠠᠯ ᠤᠨ ᠲᠠᠯᠠᠪᠠᠢ ᠶᠢᠨ ᠳᠠᠭᠠᠭᠤᠯᠤᠭᠴᠢ | ᠦᠢᠯᠡᠳᠦᠯ ᠢ ᠪᠠᠳᠠᠷᠠᠭᠤᠯᠵᠤ᠂ ᠰᠢᠯᠢᠳᠡᠭ ᠡᠭᠦᠯᠳᠡᠷ ᠪᠠ ᠴᠠᠪᠠᠷ ᠡᠭᠦᠯᠳᠡᠷ ᠤᠨ ᠬᠤᠨᠢ ᠶᠢ ᠦᠷᠡᠵᠢᠭᠦᠯᠦᠨ | ᠪᠤᠶᠢᠵᠢᠭᠤᠯᠬᠤ ᠰᠢᠰᠲ᠋ᠧᠮ ᠢ ᠳᠡᠭᠦᠯᠳᠡᠷᠵᠢᠭᠦᠯᠦᠨ᠂ ᠬᠡᠪᠴᠢᠶᠡᠵᠢᠭᠦᠯᠦᠨ ᠳᠡᠵᠢᠭᠡᠨ ᠦᠷᠡᠵᠢᠭᠦᠯᠬᠦ ᠲᠤᠷᠰᠢᠯᠲᠠ ᠶᠢᠨ | ᠴᠢᠭ ᠤᠨ ᠲᠦᠷᠦᠯ ᠵᠦᠢᠯ ᠢ ᠬᠡᠷᠡᠭᠵᠢᠭᠦᠯᠵᠦ᠂ ᠠᠷᠠᠴᠢᠯᠠᠨ ᠮᠠᠯᠵᠢᠬᠤ ᠬᠦᠷᠢᠶ᠎ᠡ ᠬᠡᠪᠴᠢᠶ᠎ᠡ ᠶᠢ ᠦᠷᠭᠦᠯᠵᠢᠯᠡᠨ | ᠦᠷᠭᠡᠳᠬᠡᠨ᠂ ᠡᠪᠤᠯᠵᠢᠭᠦᠯᠬᠦ ᠴᠠᠬᠠᠷ ᠬᠤᠨᠢ ᠶᠢ 22 ᠲᠦᠮᠡᠨ ᠲᠤᠯᠤᠭᠠᠢ ᠳᠤ ᠬᠦᠷᠭᠡᠨ᠎ᠡ᠃ ᠬᠤᠷᠠᠭ᠎ᠠ ᠶᠢ | ᠪᠡᠯᠴᠢᠭᠡᠷᠯᠡᠭᠦᠯᠬᠦ ᠶᠢᠨ ᠳᠠᠭᠠᠤ ᠪᠤᠷᠳᠤᠭ᠎ᠠ ᠨᠦᠬᠦᠪᠦᠷᠢᠯᠡᠵᠤ ᠤᠷᠢᠳᠴᠢᠯᠠᠨ ᠵᠠᠷᠤᠴᠠᠭᠤᠯᠬᠤ ᠶᠢ ᠮᠠᠯ ᠠᠵᠤ ᠠᠬᠤᠢ ᠶᠢᠨ | ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠤᠨ ᠬᠤᠪᠢᠷᠠᠭᠤᠯᠤᠯᠲᠠ ᠶᠢᠨ ᠭᠤᠤᠯ ᠴᠢᠭᠯᠡᠯ ᠢᠶᠠᠨ ᠪᠤᠯᠭᠠᠵᠤ᠂ | ︽ᠣᠯᠠᠨ ᠣᠯᠠᠷᠢᠯ ᠳᠤ ᠮᠠᠯ ᠵᠠᠷᠤᠴᠠᠭᠤᠯᠵᠤ᠂ ᠲᠡᠩᠴᠡᠬᠦᠷᠢᠲᠠᠢ ᠪᠠᠷ ᠵᠠᠬ᠎ᠠ ᠳᠡᠯᠭᠡᠬᠦᠷ ᠲᠤ ᠭᠠᠷᠭᠠᠬᠤ︾ ᠬᠡᠪ | ᠵᠠᠭᠪᠤᠷ ᠢ ᠴᠢᠷᠮᠠᠶᠢᠨ ᠪᠦᠷᠢᠯᠳᠦᠭᠦᠯᠦᠨ᠎ᠡ᠃ | ᠮᠠᠯ ᠠᠵᠤ ᠠᠬᠤᠢ ᠶᠢᠨ ᠠᠵᠤ ᠦᠢᠯᠡᠰᠵᠢᠯᠲᠠ ᠶᠢᠨ ᠠᠬᠢᠴᠨ ᠶᠢ ᠲᠦᠷᠭᠡᠳᠬᠡᠨ᠎ᠡ᠃ ᠮᠠᠯ | ᠤᠨ ᠠᠰᠢᠭ ᠰᠢᠮ᠎ᠡ ᠶᠢ ᠦᠢᠯᠡᠳᠪᠦᠷᠢᠯᠡᠬᠦ᠂ ᠡᠳ᠋ᠰᠢᠭᠦᠯᠬᠦ᠂ ᠪᠤᠷᠤᠯᠠᠭᠤᠯᠬᠤ ᠵᠡᠷᠭᠡ ᠭᠤᠭᠴᠤᠭᠠᠨ ᠤ ᠲᠤᠭᠤᠷᠢᠨ ᠳᠤ᠂ | ᠲᠦᠷᠦ ᠶᠢᠨ ᠪᠤᠳᠤᠯᠭ᠎ᠠ᠂ ᠠᠵᠤ ᠦᠢᠯᠡᠰ ᠪᠠ ᠲᠦᠷᠦᠯ ᠵᠦᠢᠯ ᠢᠶᠠᠷ ᠳᠡᠳᠬᠦᠬᠦ ᠶᠢ ᠰᠠᠶᠢᠳᠤᠷ ᠠᠳᠬᠤᠵᠤ᠂ ᠮᠠᠯ ᠤᠨ | ᠠᠰᠢᠭ ᠰᠢᠮ᠎ᠡ ᠶᠢ ᠡᠳ᠋ᠰᠢᠭᠦᠯᠬᠦ ᠪᠤᠳᠠᠳᠤ ᠬᠦᠴᠦᠨ ᠪᠦᠬᠦᠢ ᠠᠵᠤ ᠠᠬᠤᠶᠢᠯᠠᠯ ᠢ ᠢᠳᠡᠪᠬᠢᠲᠠᠢ ᠤᠷᠤᠭᠤᠯᠤᠨ᠂ ᠦᠭᠡᠷ | ᠬᠤᠨᠢᠨ ᠤ ᠶᠠᠰᠤ᠂ ᠭᠡᠳᠡᠰᠤ ᠳᠤᠳᠤᠷ᠂ ᠠᠷᠠᠰᠤ ᠨᠤᠤᠰᠤ ᠵᠡᠷᠭᠡ ᠳᠠᠭᠠᠯᠲᠠ ᠪᠦᠲᠦᠭᠡᠭᠳᠡᠭᠦᠨ ᠢ ᠨᠠᠷᠢᠯᠢᠭ ᠡᠳ᠋ᠰᠢᠭᠦᠯᠬᠦ | ᠪᠠ ᠦᠨᠳᠤᠷ ᠨᠡᠮᠡᠯᠳᠠ ᠦᠷᠳᠡᠭ ᠪᠦᠬᠦᠢ ᠪᠦᠲᠦᠭᠡᠭᠳᠡᠭᠦᠨ ᠢ ᠰᠤᠳᠤᠯᠤᠨ ᠬᠦᠭᠵᠢᠭᠦᠯᠵᠤ᠂ ᠮᠠᠯ ᠤᠨ ᠠᠰᠢᠭ ᠰᠢᠮ᠎ᠡ | ᠶᠢ ᠡᠳ᠋ᠰᠢᠭᠦᠯᠬᠦ ᠶᠡᠷᠦᠩᠬᠡᠶᠢᠯᠡᠭᠰᠡᠨ ᠦᠷ᠎ᠡ ᠠᠰᠢᠭ ᠢ ᠳᠡᠭᠡᠭᠰᠢᠯᠡᠭᠦᠯᠦᠨ᠎ᠡ᠃ 5 ᠲᠦᠮᠡᠨ ᠴᠠᠬᠠᠷ ᠬᠤᠨᠢᠨ ᠤ ᠠᠵᠤ | ᠦᠢᠯᠡᠰ ᠤᠨ ᠬᠡᠯᠬᠢᠶᠡᠰᠤ ᠳᠠᠬᠢ ᠮᠦᠷᠳᠡᠨ ᠬᠠᠷᠭᠤᠭᠤᠯᠬᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ︽ | ᠴᠠᠬᠠᠷ ᠬᠤᠨᠢᠨ ᠮᠢᠬ᠎ᠠ︾ ᠶᠢᠨ ᠤᠯᠤᠰ ᠤᠨ ᠭᠠᠵᠠᠷ ᠤᠷᠤᠨ ᠤ ᠪᠡᠯᠭᠡ ᠲᠡᠮᠳᠡᠭᠲᠦ ᠬᠠᠮᠠᠭᠠᠯᠠᠯᠲᠠ ᠶᠢᠨ | ᠪᠦᠲᠦᠭᠡᠭᠳᠡᠭᠦᠨ ᠪᠤᠯᠬᠤ ᠨᠡᠷ᠎ᠡ ᠳᠡᠮᠳᠡᠭ ᠤᠨ ᠨᠦᠯᠦᠭᠡ ᠦᠢᠯᠡᠳᠤᠯ ᠢ ᠬᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷ | ᠤᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ | ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠤᠭᠴᠨ ᠶᠢ ᠢᠳᠡᠪᠬᠢᠲᠠᠢ ᠪᠤᠢ ᠪᠤᠯᠭᠠᠨ᠎ᠠ | ᠃ ᠨᠤᠳᠤᠭ ᠪᠡᠯᠴᠢᠭᠡᠷ ᠢ ᠰᠢᠯᠵᠢᠭᠦᠯᠬᠦ ᠳᠠᠪᠴᠠᠩ ᠤᠨ ᠪᠠᠶᠢᠭᠤᠯᠤᠯᠲᠠ ᠶᠢ ᠰᠠᠶᠢᠳᠤᠷ ᠠᠳᠬᠤᠵᠤ᠂ ᠤᠯᠠᠨ ᠬᠡᠯᠪᠡᠷᠢ | ᠪᠦᠬᠦᠢ ᠲᠤᠬᠢᠷᠠᠮᠵᠢᠲᠠᠢ ᠬᠡᠪᠴᠢᠶᠡᠵᠢᠭᠰᠡᠨ ᠡᠵᠡᠩᠨᠡᠯᠲᠡ ᠶᠢ ᠵᠤᠷᠢᠭᠵᠢᠭᠤᠯᠤᠨ ᠬᠦᠭᠵᠢᠭᠦᠯᠵᠤ᠂ ᠨᠤᠳᠤᠭ ᠪᠡᠯᠴᠢᠭᠡᠷ ᠢ | ᠳᠤᠰᠬᠠᠶᠢᠵᠢᠭᠰᠠᠨ ᠬᠤᠷᠰᠢᠶᠠᠵᠢᠯ᠂ ᠭᠡᠷ ᠪᠦᠯᠢ ᠶᠢᠨ ᠮᠠᠯᠵᠢᠯ ᠤᠨ ᠳᠠᠯᠠᠪᠠᠢ ᠵᠡᠷᠭᠡ ᠡᠵᠡᠩᠨᠡᠯᠲᠡ ᠶᠢᠨ ᠭᠤᠤᠯ | ᠴᠤᠭᠴᠨ ᠳᠡᠰᠢ ᠲᠦᠯᠦᠪᠦᠷᠢ ᠲᠠᠢ ᠪᠠᠷ ᠰᠢᠯᠵᠢᠭᠦᠯᠬᠦ ᠶᠢ ᠠᠬᠢᠭᠤᠯᠤᠨ᠂ ᠮᠠᠯᠴᠢᠳ ᠤᠨ ᠳᠤᠰᠬᠠᠢ ᠬᠤᠷᠰᠢᠶᠠᠵᠢᠯ ᠢ | ᠲᠦᠷᠢᠮᠵᠢᠭᠦᠯᠦᠨ ᠡᠮᠬᠢ ᠳᠢᠭᠯᠢᠮ ᠲᠠᠢ ᠬᠦᠭᠵᠢᠭᠦᠯᠬᠦ ᠶᠢ ᠵᠢᠯᠤᠭᠤᠳᠤᠨ᠎ᠠ᠃ ᠡᠵᠡᠩᠨᠡᠯᠲᠡ ᠬᠠᠮᠢᠶᠠᠷᠤᠯᠲᠠ ᠳᠠᠭᠠᠨ | ᠴᠢᠳᠠᠮᠠᠭᠠᠢ ᠮᠠᠯᠵᠢᠬᠤ ᠤᠷᠤᠨ ᠤ ᠵᠠᠭᠤᠴᠢ ᠶᠢᠨ ᠡᠩᠨᠡᠭᠡ ᠶᠢ ᠪᠠᠶᠢᠭᠤᠯᠵᠤ᠂ ᠮᠠᠯ ᠠᠵᠤ ᠠᠬᠤᠢ ᠶᠢᠨ ᠦᠢᠯᠡᠳᠪᠦᠷᠢᠯᠡᠯ | ᠤᠨ ᠡᠯ᠎ᠡ ᠭᠤᠭᠴᠤᠭ᠎ᠠ ᠲᠠᠢ ᠤᠶᠠᠯᠳᠤᠭᠤᠯᠤᠨ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠳ ᠢ | ᠬᠦᠮᠦᠵᠢᠬᠦᠯᠵᠤ᠂ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠂ ᠮᠠᠯ | ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ | ᠮᠠᠯ ᠠᠵᠤ ᠠᠬᠤᠢ ᠶᠢᠨ ᠰᠠᠭᠤᠷᠢ ᠲᠦᠭᠦᠭᠡᠷᠦᠮᠵᠢ ᠶᠢ ᠦᠷᠬᠦᠯᠵᠢᠯᠡᠨ ᠪᠦᠷᠢᠨᠰᠢᠭᠦᠯᠦᠨ᠎ᠡ᠃ | ᠠᠵᠤ ᠦᠢᠯᠡᠰ ᠤᠨ ᠬᠦᠭᠵᠢᠯᠲᠡ ᠶᠢᠨ ᠱᠠᠭᠠᠷᠳᠠᠯᠭ᠎ᠠ ᠶᠢ ᠦᠨᠳᠦᠰᠦᠯᠡᠨ᠂ ᠮᠠᠯ ᠤᠨ ᠫᠧᠩ ᠬᠤᠷᠤᠭ᠎ᠠ᠂ ᠡᠪᠡᠰᠦᠨ | ᠫᠧᠩ ᠵᠡᠷᠭᠡ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠬᠦᠯᠵᠢᠯᠡᠨ ᠰᠠᠶᠢᠳᠤᠷ ᠠᠳᠬᠤᠵᠤ᠂ | ᠡᠪᠡᠰᠦᠨ ᠤ ᠦᠢᠯᠡᠰ ᠤᠨ ᠵᠠᠬ᠎ᠠ ᠳᠤ 5000 ᠲᠤᠨ ᠤ ᠨᠤᠭᠤᠭᠠᠨ ᠳᠠᠷᠤᠰᠢ ᠶᠢᠨ ᠵᠤᠭᠤᠷᠢ ᠪᠠ ᠤᠩᠭᠤᠨ ᠠᠭᠤᠯᠠ | ᠰᠤᠮᠤ᠂ ᠪᠠᠶᠠᠨᠲᠠᠯ᠎ᠠ ᠪᠠᠯᠭᠠᠰᠤ ᠶᠢᠨ ᠡᠪᠡᠰᠦ ᠪᠤᠷᠳᠤᠭ᠎ᠠ ᠨᠦᠭᠡᠴᠡᠯᠡᠬᠦ ᠬᠦᠮᠦᠷᠭᠡ ᠶᠢᠨ ᠪᠦᠲᠦᠭᠡᠨ ᠪᠠᠶᠢᠭᠤᠯᠤᠯᠲᠠ ᠶᠢ | ᠪᠡᠶᠡᠯᠡᠬᠦᠯᠵᠤ᠂ ᠤᠳᠤ ᠪᠠᠶᠢᠭ᠎ᠠ ᠦᠨᠳᠦᠷ ᠤᠨᠠᠯᠳᠠᠳᠦ ᠪᠤᠷᠳᠤᠭᠠᠨ ᠰᠠᠭᠤᠷᠢᠨ ᠭᠠᠵᠠᠷ ᠤᠨ ᠲᠠᠷᠢᠮᠠᠯ ᠪᠤᠯᠤᠨ | ᠬᠠᠳᠤᠯᠠᠩ ᠤᠨ ᠲᠠᠯᠠᠪᠠᠢ ᠶᠢ ᠬᠠᠮᠠᠭᠠᠯᠠᠬᠤ ᠠᠵᠢᠯ ᠢ ᠰᠠᠶᠢᠳᠤᠷ ᠠᠳᠬᠤᠨ᠂ ᠪᠠᠶᠢᠭᠠᠯᠢ ᠶᠢᠨ ᠭᠠᠮᠰᠢᠭ ᠢ ᠡᠰᠡᠷᠭᠦᠴᠡᠬᠦ | ᠴᠢᠳᠠᠪᠦᠷᠢ ᠶᠢ ᠨᠡᠮᠡᠭᠳᠡᠬᠦᠯᠦᠨ᠎ᠡ᠃ | ᠭᠠᠴᠠᠭᠠᠨ ᠤ ᠬᠠᠮᠳᠤ ᠶᠢᠨ ᠠᠵᠤ ᠠᠬᠤᠢ ᠶᠢ ᠦᠷᠭᠦᠯᠵᠢᠯᠡᠨ ᠪᠤᠵᠠᠭᠠᠶᠢᠷᠠᠭᠤᠯᠤᠨ᠎ᠠ᠃ ᠮᠠᠯ ᠠᠵᠤ ᠠᠬᠤᠢ ᠶᠢᠨ | ᠦᠢᠯᠡᠳᠪᠦᠷᠢᠯᠡᠯ᠂ ᠦᠨᠳᠤᠰᠤᠳᠠᠨ ᠤ ᠵᠠᠩ ᠦᠢᠯᠨ ᠰᠤᠶᠤᠯ᠂ ᠪᠠᠶᠢᠭᠠᠯᠢ ᠶᠢᠨ ᠦᠩᠭᠡ ᠦᠵᠡᠮᠵᠢ ᠵᠡᠷᠭᠡ ᠡᠬᠢ | ᠪᠠᠶᠠᠯᠢᠭ ᠤᠨ ᠳᠠᠪᠠᠭᠤᠯᠢᠭ ᠲᠠᠭᠠᠨ ᠳᠦᠰᠢᠭᠯᠡᠨ᠂ ᠲᠤᠬᠠᠢ ᠶᠢᠨ ᠭᠠᠵᠠᠷ ᠤᠨ ᠪᠣᠳᠠᠳᠣ ᠪᠠᠶᠢᠳᠠᠯ ᠳᠠᠭᠠᠨ | ᠵᠤᠬᠢᠴᠠᠭᠤᠯᠵᠤ᠂ ᠵᠠᠬ᠎ᠠ ᠳᠡᠯᠭᠡᠭᠦᠷ ᠤᠨ ᠵᠢᠮ᠎ᠡ ᠶᠤᠰᠤ ᠶᠢ ᠵᠢᠷᠤᠮᠯᠠᠨ᠂ ᠬᠦᠭᠵᠢᠯᠲᠡ ᠶᠢᠨ ᠲᠦᠯᠦᠪᠵᠢᠭᠦᠯᠭᠡ | ᠳᠤᠭᠳᠠᠭᠠᠵᠤ᠂ ᠨᠦᠬᠦᠴᠡᠯ ᠪᠤᠯᠤᠮᠵᠢ ᠲᠠᠢ 8 — 10 ᠭᠠᠴᠠᠭ᠎ᠠ ᠶᠢ ᠰᠤᠩᠭᠤᠨ᠂ ᠠᠳᠠᠯᠢ ᠪᠤᠰᠤ ᠬᠡᠯᠪᠡᠷᠢ ᠶᠢᠨ | ᠬᠠᠮᠳᠤ ᠶᠢᠨ ᠠᠵᠤ ᠠᠬᠤᠢ ᠶᠢᠨ ᠬᠦᠭᠵᠢᠯᠲᠡ ᠶᠢ ᠵᠤᠷᠢᠭᠵᠢᠭᠤᠯᠤᠨ᠎ᠠ᠃ | ᠮᠠᠯᠴᠢᠳ ᠤᠨ ᠤᠷᠤᠯᠭ᠎ᠠ ᠶᠢ ᠨᠡᠮᠡᠭᠳᠡᠭᠦᠯᠬᠦ ᠤᠷᠤᠨ ᠵᠠᠢ ᠶᠢ ᠢᠳᠡᠪᠬᠢᠲᠠᠢ ᠦᠷᠭᠡᠳᠬᠡᠨ᠎ᠡ᠃ | ᠮᠠᠯ ᠠᠵᠤ ᠠᠬᠤᠢ ᠪᠠᠷ ᠤᠷᠤᠯᠭ᠎ᠠ ᠪᠠᠨ ᠨᠡᠮᠡᠭᠳᠡᠭᠦᠯᠬᠦ ᠳᠠᠯᠳᠠ ᠬᠦᠴᠦᠨ ᠢ ᠬᠦᠨᠵᠡᠭᠡᠢ ᠠᠭᠤᠳᠠᠯᠠᠵᠤ᠂ ᠡᠵᠡᠩᠨᠡᠯᠲᠡ | ᠶᠢᠨ ᠴᠢᠨᠠᠷᠲᠠᠢ᠂ ᠡᠳ᠋ ᠬᠦᠷᠦᠩᠭᠡ ᠶᠢᠨ ᠴᠢᠨᠠᠷᠲᠠᠢ ᠤᠷᠤᠯᠭ᠎ᠠ ᠶᠢ ᠴᠢᠷᠮᠠᠶᠢᠨ ᠨᠡᠮᠡᠭᠳᠡᠬᠦᠯᠦᠨ᠎ᠡ᠃ ᠰᠢᠯᠵᠢᠵᠤ ᠬᠤᠳᠠ | ᠤᠷᠤᠭᠰᠠᠨ ᠬᠦᠮᠦᠰ ᠤᠨ ᠦᠪᠡᠷᠳᠡᠭᠡᠨ ᠠᠵᠢᠯ ᠰᠤᠩᠭᠤᠨ ᠦᠢᠯᠡᠰ ᠡᠷᠬᠢᠯᠡᠬᠦ ᠶᠢ ᠵᠤᠷᠢᠭᠵᠢᠭᠤᠯᠤᠨ ᠳᠡᠮᠵᠢᠵᠤ᠂ | ᠲᠤᠯᠤᠭᠠᠶᠢᠯᠠᠬᠤ ᠠᠵᠤ ᠠᠬᠤᠶᠢᠯᠠᠯ ᠬᠢᠭᠡᠳ ᠮᠠᠯᠴᠢᠳ ᠠᠰᠢᠭ ᠳᠤᠰᠨ ᠪᠠᠷ ᠢᠶᠠᠨ ᠬᠤᠯᠪᠤᠭᠠᠯᠠᠬᠤ ᠳᠤᠭᠳᠠᠴᠨ ᠶᠢ | ᠳᠡᠭᠦᠯᠳᠡᠷᠵᠢᠭᠦᠯᠦᠨ᠂ ᠴᠠᠯᠢᠩ ᠤᠨ ᠴᠢᠨᠠᠷᠲᠠᠢ ᠤᠷᠤᠯᠭ᠎ᠠ ᠶᠢ ᠳᠠᠰᠤᠷᠠᠯᠲᠠ ᠦᠭᠡᠢ ᠨᠡᠮᠡᠭᠳᠡᠬᠦᠯᠦᠨ᠎ᠡ᠃ ᠮᠠᠯᠵᠢᠯ ᠳᠤ | ᠬᠤᠯᠪᠤᠭᠳᠠᠭᠰᠠᠨ ᠲᠦᠷᠦ ᠶᠢᠨ ᠪᠤᠳᠤᠯᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠤᠨ᠂ ᠡᠯ᠎ᠡ ᠲᠦᠷᠦᠯ ᠤᠨ | ᠨᠦᠬᠦᠪᠦᠷᠢ ᠮᠦᠩᠭᠦ ᠶᠢ ᠴᠠᠭ ᠲᠤᠬᠠᠢ ᠳᠤᠨᠢ ᠲᠤᠭ᠎ᠠ ᠶᠤᠰᠤᠭᠠᠷ ᠤᠯᠭᠤᠨ ᠦᠭᠴᠤ᠂ ᠲᠦᠷᠦ ᠶᠢᠨ ᠪᠤᠳᠤᠯᠭ᠎ᠠ ᠶᠢᠨ | ᠴᠢᠨᠠᠷᠲᠠᠢ ᠤᠷᠤᠯᠭ᠎ᠠ ᠶᠢ ᠪᠠᠳᠤᠯᠠᠨ᠎ᠠ᠃ ᠮᠠᠯᠴᠢᠳ ᠢ ᠬᠠᠪᠰᠤᠷᠤᠨ ᠳᠠᠩᠰᠠ ᠪᠤᠳᠤᠵᠤ᠂ ᠰᠢᠨᠵᠢᠯᠡᠬᠦ ᠤᠬᠠᠭᠠᠨᠴᠢ ᠵᠦᠪ | ᠤᠨᠤᠪᠴᠢᠲᠠᠢ ᠬᠡᠷᠡᠭᠯᠡᠭᠡᠨ ᠤ ᠤᠬᠠᠮᠰᠠᠷ ᠢ ᠪᠤᠢ ᠪᠤᠯᠭᠠᠨ᠂ ᠦᠪᠡᠷ ᠤᠨ ᠬᠦᠴᠦ ᠪᠠᠷ ᠢᠶᠠᠨ ᠳᠡᠭᠵᠢᠷᠡᠬᠦ ᠴᠢᠳᠠᠪᠤᠷᠢ ᠶᠢ | ᠨᠢ ᠨᠡᠮᠡᠭᠳᠡᠭᠦᠯᠦᠨ᠎ᠡ᠃ | ︵ᠭᠤᠷᠪᠠ︶ ᠤᠨᠴᠠᠯᠢᠭᠲᠤ ᠠᠵᠤ ᠦᠢᠯᠡᠰ ᠢ ᠢᠳᠡᠪᠬᠢᠲᠠᠢ ᠪᠤᠶᠢᠵᠢᠭᠤᠯᠵᠤ᠂ ᠠᠵᠤ | ᠠᠬᠤᠢ ᠶᠢᠨ ᠬᠦᠭᠵᠢᠯᠲᠡ ᠶᠢᠨ ᠨᠦᠭᠡᠴᠨ ᠬᠦᠴᠦᠨ ᠢ ᠳᠠᠰᠤᠷᠠᠯᠲᠠ ᠦᠭᠡᠢ ᠨᠡᠮᠡᠭᠳᠡᠭᠦᠯᠦᠨ᠎ᠡ᠃ | ᠳᠠᠪᠠᠭᠤᠯᠢᠭ ᠤᠨᠴᠠᠯᠢᠭᠲᠤ ᠠᠵᠤ ᠦᠢᠯᠡᠰ ᠢ ᠪᠤᠶᠢᠵᠢᠭᠤᠯᠤᠨ ᠭᠦᠭᠵᠢᠭᠦᠯᠵᠤ᠂ ᠠᠵᠤ | ᠠᠬᠤᠢ ᠶᠢᠨ ᠬᠦᠭᠵᠢᠯᠲᠠ ᠶᠢᠨ ᠰᠢᠨ᠎ᠡ ᠬᠦᠳᠡᠯᠭᠡᠭᠴᠢ ᠬᠦᠴᠦᠨ ᠢ ᠴᠢᠷᠮᠠᠶᠢᠨ ᠡᠭᠦᠳᠴᠤ᠂ ᠠᠵᠤ ᠦᠢᠯᠡᠳᠪᠦᠷᠢ ᠶᠢᠨ | ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠲᠦᠯᠬᠢᠨ ᠠᠬᠢᠭᠤᠯᠤᠨ᠎ᠠ᠃ ᠴᠡᠪᠡᠷ ᠡᠨᠧᠷᠬᠢ ᠶᠢᠨ | ᠠᠵᠤ ᠦᠢᠯᠡᠰ ᠤᠨ ᠳᠠᠯ᠎ᠠ ᠪᠠᠷ᠂ ᠳ᠋ᠠ ᠲᠠᠩ ᠤᠯᠠᠨ ᠤᠯᠤᠰ ᠤᠨ 15 ᠲᠦᠮᠡᠨ ᠺᠢᠯᠤᠸᠠᠲ ᠤᠨ ᠰᠠᠯᠬᠢᠨ ᠬᠦᠴᠦᠨ | ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠪᠠ ᠱᠧᠩ ᠱᠢ ᠰᠢᠨ ᠶᠤᠸᠠᠨ ᠤ 12.5 ᠲᠦᠮᠡᠨ ᠺᠢᠯᠤᠸᠠᠲ ᠤᠨ | ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠤᠨ ᠲᠤᠤᠷ ᠨᠡᠶᠢᠯᠡᠭᠦᠯᠦᠨ ᠴᠠᠬᠢᠯᠭᠠᠨ ᠭᠠᠷᠭᠠᠬᠤ᠂ | ᠰᠢᠶᠧ ᠰᠢᠨ 12.5 ᠲᠦᠮᠡᠨ ᠺᠢᠯᠤᠸᠠᠲ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠪᠠ | ᠱᠧᠩ ᠨᠧᠩ 40 ᠲᠦᠮᠡᠨ ᠺᠢᠯᠤᠸᠠᠲ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠤᠨ | ᠨᠢᠭᠡ ᠬᠡᠰᠡᠭ ᠢ ᠲᠤᠤᠷ ᠨᠡᠶᠢᠯᠡᠭᠦᠯᠦᠨ ᠴᠠᠬᠢᠯᠭᠠᠨ ᠭᠠᠷᠭᠠᠬᠤ᠂ ᠵᠢᠩ ᠨᠧᠩ᠂ ᠡᠷᠢᠶᠠᠨ ᠬᠤᠲᠠ ᠶᠢᠨ ᠪᠢᠴᠢᠯ | ᠴᠠᠬᠢᠯᠭᠠᠨ ᠲᠤᠤᠷ ᠤᠨ ᠲᠦᠷᠦᠯ ᠵᠦᠢᠯ ᠢ ᠢᠳᠡᠪᠬᠢᠲᠠᠢ ᠠᠬᠢᠭᠤᠯᠵᠤ᠂ ᠵᠢᠯ ᠤᠨ ᠳᠤᠳᠤᠷ᠎ᠠ ᠰᠢᠨ᠎ᠡ ᠡᠨᠧᠷᠬᠢ ᠶᠢᠨ | ᠲᠤᠤᠷ ᠨᠡᠶᠢᠯᠡᠭᠦᠯᠦᠨ ᠴᠠᠬᠢᠯᠭᠠᠨ ᠭᠠᠷᠭᠠᠬᠤ ᠮᠠᠰᠢᠨ ᠴᠤᠭᠴᠠᠯᠠᠪᠤᠷᠢ ᠶᠢᠨ ᠪᠠᠭᠳᠠᠭᠠᠮᠵᠢ ᠶᠢ 50 ᠲᠦᠮᠡᠨ ᠺᠢᠯᠤᠸᠠᠲ | ᠴᠠᠭ ᠲᠤ ᠬᠦᠷᠭᠡᠨ᠎ᠡ᠃ ᠨᠡᠭᠦᠷᠡᠰᠤᠨ ᠤ ᠠᠵᠤ ᠦᠢᠯᠡᠰ ᠤᠨ ᠲᠠᠯ᠎ᠠ ᠪᠠᠷ᠂ ᠪᠦᠬᠦ ᠵᠢᠯ ᠳᠤ 60 ᠲᠦᠮᠡᠨ ᠲᠤᠨ | ᠨᠡᠭᠦᠷᠡᠰᠤ ᠦᠢᠯᠡᠳᠪᠦᠷᠢᠯᠡᠬᠦ ᠴᠢᠳᠠᠪᠦᠷᠢ ᠶᠢ ᠳᠤᠭᠳᠠᠪᠤᠷᠢᠵᠢᠭᠤᠯᠤᠨ᠂ ᠢᠳᠡᠪᠬᠢᠵᠢᠭᠦᠯᠦᠭᠰᠡᠨ ᠨᠡᠭᠦᠷᠡᠰᠤ᠂ ᠰᠠᠪᠬᠠᠨ | ᠨᠡᠭᠦᠷᠡᠰᠤ᠂ ᠦᠨᠳᠤᠷ ᠺᠷᠠᠳᠦ᠋ᠰ ᠤᠨ ᠵᠤᠤᠬᠠᠨ ᠤ ᠰᠦᠷᠴᠢᠨ ᠦᠯᠢᠶᠡᠬᠦ ᠨᠡᠭᠦᠷᠠᠰᠤ᠂ ᠨᠡᠭᠦᠷᠠᠰᠤᠨ ᠴᠢᠯᠠᠭᠤ ᠶᠢ | ᠶᠡᠷᠦᠩᠭᠡᠶᠢᠯᠡᠨ ᠠᠰᠢᠭᠯᠠᠵᠤ ᠪᠤᠯᠪᠠᠰᠤᠷᠠᠭᠤᠯᠬᠤ ᠵᠡᠷᠭᠡ ᠲᠦᠷᠦᠯ ᠵᠦᠢᠯ ᠢ ᠲᠦᠯᠬᠢᠨ ᠠᠬᠢᠭᠤᠯᠤᠨ᠎ᠠ᠃ ᠴᠢᠯᠠᠭᠤᠨ | ᠮᠠᠲ᠋ᠧᠷᠢᠶᠠᠯ ᠤᠨ ᠠᠵᠤ ᠦᠢᠯᠡᠰ ᠤᠨ ᠲᠠᠯ᠎ᠠ ᠪᠠᠷ᠂ ᠨᠡᠶᠢᠯᠡᠮᠡᠯ ᠬᠠᠪᠳᠠᠰᠤ᠂ ᠤᠨᠴᠠᠭᠠᠢ ᠬᠡᠯᠪᠡᠷᠢᠲᠤ ᠡᠳ᠋ᠰᠢᠭᠦᠯᠦᠯᠲᠠ᠂ | ᠴᠠᠬᠢᠯᠭᠠᠨ ᠢᠶᠠᠷ ᠵᠠᠳᠠᠯᠠᠬᠤ ᠵᠡᠷᠭᠡ ᠤᠷ᠎ᠡ ᠮᠡᠷᠭᠡᠵᠢᠯ ᠢ ᠲᠦᠭᠡᠮᠡᠯᠵᠢᠭᠦᠯᠦᠨ᠂ ᠴᠢᠯᠠᠭᠤᠨ ᠮᠠᠲ᠋ᠧᠷᠢᠶᠠᠯ ᠤᠨ ᠡᠬᠢ | ᠪᠠᠶᠠᠯᠢᠭ ᠢ ᠨᠠᠷᠢᠯᠢᠭ ᠪᠤᠯᠪᠠᠰᠤᠷᠠᠭᠤᠯᠬᠤ ᠲᠦᠷᠦᠯ ᠵᠦᠢᠯ ᠢ ᠳᠠᠳᠠᠨ ᠤᠷᠤᠭᠤᠯᠵᠤ᠂ ᠶᠠᠷᠤᠩᠭᠡᠶᠢᠯᠡᠨ ᠠᠰᠢᠭᠯᠠᠬᠤ | ᠨᠤᠷᠮ᠎ᠠ ᠪᠠ ᠪᠦᠲᠦᠭᠡᠭᠳᠡᠭᠦᠨ ᠤ ᠨᠡᠮᠡᠯᠲᠡ ᠦᠷᠳᠡᠭ ᠢ ᠨᠡᠮᠡᠭᠳᠡᠭᠦᠯᠦᠨ᠂ ᠠᠵᠢᠯ ᠲᠦᠷᠦᠯ ᠤᠨ ᠨᠡᠶᠢᠭᠡᠮᠯᠢᠭ ᠤᠨ | ᠦᠢᠯᠡᠳᠤᠯ ᠢ ᠪᠠᠳᠠᠷᠠᠭᠤᠯᠵᠤ᠂ ᠪᠦᠲᠦᠭᠡᠭᠳᠡᠭᠦᠨ ᠢ ᠳᠠᠨᠢᠯᠴᠠᠭᠤᠯᠬᠤ ᠪᠠ ᠵᠠᠬ᠎ᠠ ᠳᠡᠯᠭᠡᠭᠦᠷ ᠲᠤ ᠪᠤᠷᠤᠯᠠᠭᠤᠯᠬᠤ ᠠᠵᠢᠯ | ᠢ ᠰᠠᠶᠢᠳᠤᠷ ᠠᠳᠬᠤᠨ᠂ ᠵᠠᠬ᠎ᠠ ᠳᠡᠯᠭᠡᠭᠦᠷ ᠲᠠᠬᠢ ᠡᠵᠡᠯᠡᠬᠦ ᠬᠤᠪᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠶᠢ ᠳᠤᠭᠳᠠᠪᠤᠷᠢᠵᠢᠭᠤᠯᠤᠨ᠎ᠠ᠃ ᠴᠢᠯᠠᠭᠤᠨ ᠳᠤᠰᠤ ᠪᠠᠶᠢᠭᠠᠯᠢ ᠶᠢᠨ ᠰᠢᠳᠠᠮᠠᠬᠠᠢ ᠬᠡᠢ | ᠶᠢᠨ ᠠᠵᠤ ᠦᠢᠯᠡᠰ ᠤᠨ ᠲᠠᠯ᠎ᠠ ᠪᠠᠷ᠂ᠤᠩᠭᠤᠨ ᠠᠭᠤᠯᠨ ᠴᠢᠯᠠᠭᠤᠨ ᠳᠤᠰᠤᠨ ᠤ ᠲᠤᠭᠤᠷᠢᠭ ᠢ ᠪᠦᠬᠦᠶᠢᠯᠨ | ᠴᠤᠭᠴᠠ ᠪᠠᠷ ᠨᠡᠭᠡᠭᠡᠨ ᠬᠦᠭᠵᠢᠭᠦᠯᠬᠦ ᠠᠵᠢᠯ ᠢ ᠲᠦᠯᠬᠢᠨ ᠠᠬᠢᠭᠤᠯᠵᠤ᠂ ᠴᠢᠯᠠᠭᠤᠨ ᠲᠤᠰᠤ ᠬᠠᠶᠢᠨ ᠰᠢᠨᠵᠢᠵᠤ | ᠦᠷᠦᠮᠳᠤᠬᠦ ᠠᠵᠤ ᠠᠬᠤᠶᠢᠯᠠᠯ ᠢ ᠨᠡᠶᠢᠯᠡᠭᠦᠯᠦᠨ ᠳᠠᠬᠢᠨ ᠪᠠᠶᠢᠭᠤᠯᠬᠤ ᠶᠢ ᠵᠤᠷᠢᠭᠵᠢᠭᠤᠯᠤᠨ᠂ ᠲᠡᠷᠢᠭᠦᠨ ᠤ ᠮᠡᠷᠭᠡᠵᠢᠯ | ᠢ ᠲᠦᠭᠡᠮᠡᠯᠵᠢᠭᠦᠯᠦᠨ᠂ ᠬᠠᠭᠤᠴᠢᠨ ᠬᠤᠳᠳᠤᠭ ᠤᠨ ᠳᠤᠰᠤᠨ ᠤ ᠭᠠᠷᠤᠯᠲᠠ ᠶᠢ ᠲᠤᠭᠳᠠᠪᠤᠷᠢᠵᠢᠭᠤᠯᠵᠤ᠂ ᠪᠦᠬᠦ ᠵᠢᠯ | ᠳᠤ 20 ᠠᠮᠠᠰᠠᠷ ᠴᠢᠯᠠᠭᠤᠨ ᠳᠤᠰᠤᠨ ᠬᠤᠳᠳᠤᠭ ᠬᠠᠶᠢᠨ ᠰᠢᠨᠵᠢᠵᠤ ᠦᠷᠦᠮᠳᠦᠬᠦ ᠶᠢ ᠪᠡᠶᠡᠯᠡᠭᠦᠯᠦᠨ᠂ 4 ᠲᠦᠮᠡᠨ | ᠲᠤᠨ ᠲᠦᠬᠦᠬᠡᠢ ᠳᠤᠰᠤ ᠦᠢᠯᠡᠳᠪᠦᠷᠢᠯᠡᠨ᠎ᠡ᠃ ᠲᠡᠮᠦᠷᠯᠢᠭ ᠤᠨ ᠠᠭᠤᠷᠬᠠᠢ ᠶᠢ ᠬᠠᠶᠢᠨ ᠰᠤᠩᠭᠤᠬᠤ ᠪᠠ ᠲᠡᠮᠦᠷᠯᠢᠭ | ᠪᠤᠯᠪᠠᠰᠤᠷᠠᠭᠤᠯᠬᠤ ᠠᠵᠤ ᠦᠢᠯᠡᠰ ᠤᠨ ᠲᠠᠯ᠎ᠠ ᠪᠠᠷ᠂ ᠴᠠᠬᠢᠯᠭᠠᠨ ᠬᠡᠷᠡᠭᠯᠡᠬᠦ ᠠᠵᠤ ᠠᠬᠤᠶᠢᠯᠠᠯ ᠤᠨ ᠰᠢᠭᠤᠳ | ᠬᠠᠩᠭᠠᠯᠭ᠎ᠠ ᠶᠢ ᠠᠬᠢᠭᠤᠯᠤᠨ᠂ ᠲᠡᠮᠦᠷᠯᠢᠭ ᠪᠤᠯᠪᠠᠰᠤᠷᠠᠭᠤᠯᠬᠤ ᠠᠵᠤ ᠠᠬᠤᠶᠢᠯᠠᠯ ᠤᠨ ᠬᠡᠪ ᠤᠨ ᠦᠢᠯᠡᠳᠪᠦᠷᠢᠯᠡᠯ ᠢ | ᠪᠠᠳᠤᠯᠠᠵᠤ᠂ ᠨᠢᠤᠪᠢ ᠲᠠᠨᠲ᠋ᠠᠯ ᠤᠨ ᠠᠭᠤᠷᠬᠠᠢ᠂ ᠸᠤᠯᠹᠷᠠᠮ ᠪᠢᠰᠮᠦ᠋ᠲ ᠮᠦᠩᠭᠦ ᠤᠯᠠᠨ ᠲᠡᠮᠦᠷᠯᠢᠭ ᠤᠨ ᠠᠭᠤᠷᠬᠠᠢ ᠶᠢ | ᠬᠠᠶᠢᠨ ᠰᠤᠩᠭᠤᠬᠤ ᠲᠦᠷᠦᠯ ᠵᠦᠢᠯ ᠪᠠ ᠠᠯᠳᠠ ᠵᠢᠴᠢ ᠤᠯᠠᠨ ᠲᠡᠮᠦᠷᠯᠢᠭ ᠤᠨ ᠠᠭᠤᠷᠬᠠᠢ ᠶᠢ ᠬᠠᠶᠢᠨ ᠰᠢᠨᠵᠢᠬᠦ | ᠲᠦᠷᠦᠯ ᠵᠦᠢᠯ ᠢ ᠲᠦᠯᠬᠢᠨ ᠠᠬᠢᠭᠤᠯᠤᠨ᠎ᠠ᠃ ᠰᠢᠨ᠎ᠡ ᠮᠠᠲ᠋ᠧᠷᠢᠶᠠᠯ ᠰᠢᠨ᠎ᠡ ᠠᠵᠤ ᠦᠢᠯᠡᠰ ᠤᠨ ᠲᠠᠯ᠎ᠠ ᠪᠠᠷ᠂ | ᠦᠭᠡᠭᠦᠵᠢᠯ ᠢ ᠪᠠᠭᠤᠷᠠᠭᠤᠯᠤᠨ ᠡᠯᠢᠭᠡ ᠶᠢ ᠬᠠᠮᠠᠭᠠᠯᠠᠬᠤ ᠰᠢᠨ᠎ᠡ ᠴᠠᠢ ᠵᠢᠴᠢ ᠳᠡᠭᠡᠳᠤ ᠳᠡᠰ ᠤᠨ ᠤᠭᠤᠳᠠᠳᠤ ᠴᠠᠢ ᠶᠢ | ᠰᠤᠳᠤᠯᠤᠨ ᠦᠢᠯᠡᠳᠬᠦ ᠪᠠ ᠨᠤᠨᠳᠠᠭ ᠨᠡᠭᠦᠷᠡᠰᠤ ᠶᠢ ᠠᠰᠢᠭᠯᠠᠨ ᠪᠤᠬᠢᠷᠳᠤᠯ ᠦᠭᠡᠢ ᠲᠤᠭᠤᠰᠬ᠎ᠠ ᠦᠢᠯᠡᠳᠪᠦᠷᠢᠯᠡᠬᠦ | ᠲᠦᠷᠦᠯ ᠵᠦᠢᠯ ᠢ ᠲᠦᠯᠬᠢᠨ ᠠᠬᠢᠭᠤᠯᠵᠤ᠂ ᠳᠤᠮᠳᠠ ᠳᠡᠭᠡᠲᠤ ᠳᠡᠰ ᠤᠨ ᠬᠡᠷᠡᠭᠯᠡᠭᠡ᠂ ᠪᠤᠬᠢᠷᠳᠤᠯ ᠦᠭᠡᠢ ᠲᠤᠤᠷ᠎ᠠ | ᠨᠡᠭᠦᠷᠠᠰᠤᠳᠦ᠋ᠷᠦᠭᠴᠢᠲᠦ ᠵᠡᠷᠭᠡ ᠬᠦᠷᠢᠶ᠎ᠠ ᠴᠠᠷᠠᠭᠠᠨ ᠳᠤ ᠰᠢᠨ᠎ᠡ ᠨᠡᠮᠡᠭᠳᠡᠯ ᠤᠨ ᠴᠢᠭ ᠢ ᠪᠤᠶᠢᠵᠢᠭᠤᠯᠤᠨ᠎ᠠ᠃ | ︵ᠲᠦᠷᠪᠠ︶ ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢᠨ ᠬᠠᠷᠢᠴᠠᠯ ᠢ ᠪᠦᠬᠦ | ᠬᠦᠴᠦᠨ ᠢᠶᠠᠷ ᠳᠡᠭᠡᠭᠰᠢᠯᠡᠭᠦᠯᠵᠤ᠂ ᠠᠵᠤ ᠠᠬᠤᠢ ᠶᠢᠨ ᠬᠦᠭᠵᠢᠯᠲᠠ ᠶᠢᠨ ᠠᠮᠢᠵᠢᠷᠠᠯ ᠤᠨ ᠬᠦᠴᠦᠨ ᠢ ᠳᠠᠰᠤᠷᠠᠯᠲᠠ | ᠦᠭᠡᠢ ᠨᠡᠮᠡᠭᠳᠡᠭᠦᠯᠦᠨ᠎ᠡ᠃ | ᠰᠤᠶᠤᠯ ᠵᠢᠭᠤᠯᠴᠢᠯᠠᠯ ᠤᠨ ᠠᠵᠤ ᠦᠢᠯᠡᠰ ᠤᠨ ᠲᠦᠷᠭᠡᠨ ᠡᠷᠡᠭᠦᠯ ᠬᠦᠭᠵᠢᠯᠲᠡ ᠶᠢ | ᠠᠬᠢᠭᠤᠯᠤᠨ᠎ᠠ᠃ ᠵᠢᠷᠭᠤᠭᠠᠨ ᠲᠤᠮᠤ ᠵᠢᠭᠤᠯᠴᠢᠯᠠᠯ ᠤᠨ ᠲᠤᠭᠤᠷᠢᠭ ᠪᠠ ᠵᠢᠷᠭᠤᠭᠠᠨ ᠵᠤᠷᠪᠤᠰ ᠵᠢᠭᠤᠯᠴᠢᠯᠠᠯ ᠤᠨ ᠵᠠᠮ | ᠱᠤᠭᠤᠮ ᠢ ᠨᠡᠭᠡᠭᠡᠨ ᠬᠦᠭᠵᠢᠭᠦᠯᠬᠦ ᠶᠢ ᠪᠦᠬᠦ ᠬᠦᠴᠦᠨ ᠢᠶᠠᠷ ᠠᠬᠢᠭᠤᠯᠵᠤ᠂ ︽ᠵᠢᠷᠭᠤᠭᠠᠨ ᠨᠢᠭᠡ︾ ᠶᠢᠨ | ᠢᠨᠵᠧᠨᠧᠷᠢᠩ ᠤᠨ ᠪᠠᠶᠢᠭᠤᠯᠤᠯᠲᠠ ᠶᠢ ᠰᠠᠶᠢᠳᠤᠷ ᠠᠳᠬᠤᠨ᠂ ︽ᠲᠤᠷᠭᠠᠨ ᠨᠤᠳᠤᠭ ᠬᠦᠪᠡᠭᠡᠲᠤ ᠰᠢᠷ᠎ᠠ᠂ ᠠᠰᠤᠷᠤ | ᠠᠶᠠᠯᠭᠤ ᠶᠢᠨ ᠦᠯᠦᠭᠡᠢ︾ ᠶᠢᠨ ᠨᠡᠷ᠎ᠡ ᠳᠡᠮᠳᠡᠭ ᠢ ᠡᠭᠦᠳᠬᠦ ᠪᠠ ︽ᠬᠠᠪᠤᠷ ᠤᠨ ᠤᠯᠠᠷᠢᠯ ᠤᠨ ᠪᠡᠶ᠎ᠡ | ᠴᠢᠭᠢᠷᠠᠭᠵᠢᠭᠤᠯᠬᠤ ᠨᠠᠶᠢᠷ᠂ ᠵᠤᠨ ᠤ ᠤᠯᠠᠷᠢᠯ ᠤᠨ ᠲᠠᠯ᠎ᠠ ᠨᠤᠳᠤᠭ ᠤᠨ ᠠᠰᠤᠷᠤ ᠤᠷᠠᠯᠢᠭ ᠤᠨ ᠪᠠᠶᠠᠷ᠂ ᠠᠯᠳᠠᠨ | ᠨᠠᠮᠤᠷ ᠳᠠᠯ᠎ᠠ ᠨᠤᠳᠤᠭ ᠤᠨ ᠡᠯᠪᠡᠭ ᠬᠤᠷᠢᠶᠠᠯᠲᠠ ᠶᠢᠨ ᠪᠠᠶᠠᠷ᠂ ᠡᠪᠤᠯ ᠤᠨ ᠤᠯᠠᠷᠢᠯ ᠤᠨ ᠴᠠᠭᠠᠨ ᠰᠦᠯᠳᠠ ᠶᠢᠨ | ᠰᠤᠶᠤᠯ ᠤᠨ ᠨᠠᠶᠢᠷ︾ ᠢ ᠡᠷᠬᠢᠯᠡᠨ ᠶᠠᠪᠤᠭᠳᠠᠭᠤᠯᠵᠤ᠂ ᠪᠦᠬᠦ ᠤᠷᠤᠨ ᠪᠦᠰᠨ ᠪᠠ ᠲᠦᠷᠪᠡᠨ ᠤᠯᠠᠷᠢᠯ ᠳᠤ ᠪᠦᠬᠦ | ᠠᠷᠠᠳ ᠢᠶᠠᠷ ᠢᠶᠠᠨ ᠤᠷᠤᠯᠴᠠᠭᠰᠠᠨ ᠵᠢᠭᠤᠯᠴᠢᠯᠠᠯ ᠤᠨ ᠰᠢᠨ᠎ᠠ ᠪᠠᠶᠢᠷᠢᠰᠢᠯ ᠢ ᠪᠠᠶᠢᠭᠤᠯᠤᠨ᠎ᠠ᠃ ᠭᠤᠴᠤ ᠰᠠᠶᠢᠬᠠᠨ | ᠲᠠᠯ᠎ᠠ ᠨᠤᠳᠤᠭ ᠤᠨ ᠦᠵᠡᠮᠵᠢ ᠪᠠ ᠤᠷᠤᠨ ᠨᠤᠳᠤᠭ ᠤᠨ ᠤᠨᠴᠠᠯᠢᠭᠲᠤ ᠠᠷᠠᠳ ᠤᠨ ᠵᠠᠩ ᠦᠢᠯᠨ ᠳᠤ ᠳᠦᠰᠢᠭᠯᠡᠨ᠂ | ᠵᠠᠯᠠᠭᠤᠴᠤᠳ ᠪᠠᠭᠠᠴᠤᠤᠨ ᠤᠨ ᠵᠢᠭᠤᠯᠴᠢᠯᠠᠯ ᠤᠨ ᠵᠤᠰᠠᠯᠠᠩ ᠢ ᠪᠦᠬᠦ ᠤᠷᠤᠨ ᠪᠦᠰᠨ ᠶᠢᠨ ᠵᠢᠭᠤᠯᠴᠢᠯᠠᠯ ᠢ | ᠲᠦᠯᠬᠢᠨ ᠠᠬᠢᠭᠤᠯᠬᠤ ᠭᠤᠤᠯ ᠠᠵᠢᠯ ᠪᠤᠯᠭᠠᠨ ᠠᠳᠬᠤᠵᠤ᠂ ᠦᠨᠳᠤᠰᠤᠳᠠᠨ ᠤ ᠤᠷᠤᠨ ᠨᠤᠳᠤᠭ ᠤᠨ ᠤᠨᠴᠠᠯᠢᠭᠲᠤ | ᠰᠤᠶᠤᠯ ᠵᠢᠭᠤᠯᠴᠢᠯᠠᠯ ᠤᠨ ᠲᠦᠷᠦᠯ ᠵᠦᠢᠯ ᠪᠠ ᠵᠢᠭᠤᠯᠴᠢᠯᠠᠯ ᠤᠨ ᠳᠠᠸᠠᠷ ᠢ ᠨᠡᠭᠡᠭᠡᠨ ᠬᠦᠭᠵᠢᠭᠦᠯᠵᠤ᠂ ᠵᠢᠭᠤᠯᠴᠢᠯᠠᠯ | ᠤᠨ ᠰᠢᠯᠢᠳᠡᠭ ᠴᠢᠨᠠᠷ ᠤᠨ ᠪᠦᠲᠦᠭᠡᠭᠳᠡᠭᠦᠨ ᠤ ᠬᠠᠩᠭᠠᠯᠭ᠎ᠠ ᠶᠢ ᠨᠡᠮᠡᠭᠳᠡᠭᠦᠯᠵᠤ᠂ ᠵᠤᠭᠠᠴᠠᠭᠰᠠᠳ ᠤᠨ ᠦᠢᠯᠡᠴᠢᠯᠡᠭᠡᠨ | ᠤ ᠲᠦᠪ ᠢ ᠪᠠᠶᠢᠭᠤᠯᠤᠨ᠂ ᠰᠤᠶᠤᠯ ᠵᠢᠭᠤᠯᠴᠢᠯᠠᠯ ᠤᠨ ᠬᠦᠭᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ᠃ | ᠤᠯᠠᠮᠵᠢᠯᠠᠯᠲᠤ ᠪᠠ ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠢ ᠠᠭᠤᠰᠤᠯᠴᠠᠭᠤᠯᠤᠨ | ᠬᠦᠭᠵᠢᠭᠦᠯᠬᠦ ᠶᠢ ᠲᠦᠯᠬᠢᠨ ᠠᠬᠢᠭᠤᠯᠤᠨ᠎ᠠ᠃ ᠳᠤᠮᠳᠠ ᠪᠠᠭ᠎ᠠ ᠵᠢᠵᠢᠭ ᠠᠵᠤ ᠠᠬᠤᠶᠢᠯᠠᠯ ᠢ ᠳᠡᠳᠬᠦᠨ ᠬᠦᠭᠵᠢᠭᠦᠯᠬᠦ | ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠢᠳᠡᠭᠡᠨ ᠤᠮᠳᠠᠭᠠᠨ᠂ ᠬᠤᠨᠤᠭ ᠪᠠᠭᠤᠳᠠᠯ᠂ ᠵᠢᠵᠢᠭᠯᠡᠨ | ᠬᠤᠳᠠᠯᠳᠤᠬᠤ ᠵᠡᠷᠭᠡ ᠠᠮᠢᠳᠤᠷᠠᠯ ᠤᠨ ᠬᠠᠮᠢᠶᠠᠲᠠᠢ ᠦᠢᠯᠡᠴᠢᠯᠡᠭᠡᠨ ᠤ ᠦᠢᠯᠡᠰ ᠢ ᠳᠡᠰ ᠳᠡᠪᠰᠢᠭᠦᠯᠵᠦ︔ ᠠᠵᠤ | ᠦᠢᠯᠡᠰ ᠤᠨ ᠬᠦᠭᠵᠢᠯᠲᠠ ᠶᠢᠨ ᠬᠦᠷᠢᠶᠡᠯᠡᠩ ᠢ ᠲᠦᠯᠦᠪᠵᠢᠭᠦᠯᠦᠨ ᠪᠠᠶᠢᠭᠤᠯᠵᠤ᠂ ᠭᠠᠩᠨᠠᠭᠤᠷ᠂ ᠮᠠᠰᠢᠨ ᠳᠡᠷᠭᠡᠨ ᠤ | ᠵᠠᠰᠠᠪᠤᠷᠢ ᠵᠡᠷᠭᠡ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠡᠷᠴᠢᠮᠲᠠᠢ ᠬᠦᠭᠵᠢᠬᠦ ᠶᠢ | ᠠᠬᠢᠭᠤᠯᠤᠨ᠎ᠠ᠃ ︽ᠢᠨᠲ᠋ᠧᠷ ᠰᠦᠯᠵᠢᠶ᠎ᠡ +︾ ᠵᠠᠭᠪᠤᠷ ᠢ ᠲᠦᠭᠡᠮᠡᠯᠵᠢᠭᠦᠯᠦᠨ᠂ ᠬᠤᠯᠪᠤᠭᠠᠲᠤ ᠡᠵᠡᠩᠨᠡᠯᠲᠠ᠂ | ᠡᠯᠧᠺᠲᠷᠤᠨ ᠬᠤᠳᠠᠯᠳᠤᠭ᠎ᠠ ᠶᠢ ᠬᠦᠭᠵᠢᠭᠦᠯᠵᠤ᠂ ᠤᠳᠤ ᠦᠶ᠎ᠡ ᠶᠢᠨ ᠠᠷᠠᠯᠵᠢᠶ᠎ᠠ ᠬᠤᠳᠠᠯᠳᠤᠭ᠎ᠠ ᠬᠦᠢᠯᠭᠡᠭᠡᠨ ᠤ | ᠦᠢᠯᠡᠴᠢᠯᠡᠭᠡᠨ ᠤ ᠰᠢᠰᠲ᠋ᠧᠮ ᠢ ᠳᠡᠭᠦᠯᠳᠡᠷᠵᠢᠭᠦᠯᠦᠨ᠂ ᠤᠷᠤᠨ ᠨᠤᠳᠤᠭ ᠤᠨ ᠤᠨᠴᠠᠯᠢᠭᠲᠤ ᠣᠯᠠᠭᠠᠨ ᠢᠳᠡᠭᠡᠨ᠂ | ᠴᠠᠭᠠᠨ ᠢᠳᠡᠭᠡᠨ᠂ ᠦᠨᠳᠤᠰᠤᠳᠠᠨ ᠤ ᠬᠤᠪᠴᠠᠰᠤ ᠵᠠᠰᠠᠯ᠂ ᠭᠠᠷ ᠤᠷᠠᠯᠠᠯ ᠤᠨ ᠪᠦᠲᠦᠭᠡᠭᠳᠡᠭᠦᠨ ᠵᠡᠷᠭᠡ ᠶᠢ ᠦᠨᠳᠤᠷ | ᠳᠡᠰ ᠤᠨ ᠵᠠᠬ᠎ᠠ ᠳᠡᠯᠭᠡᠭᠦᠷ ᠲᠤ ᠤᠷᠤᠭᠤᠯᠬᠤ ᠶᠢ ᠲᠦᠯᠬᠢᠨ ᠠᠬᠢᠭᠤᠯᠤᠨ᠎ᠠ᠃ ᠪᠤᠳᠠᠰ ᠤᠨ ᠬᠦᠢᠯᠭᠡᠭᠡᠨ ᠤ | ᠬᠦᠷᠢᠶᠡᠯᠡᠩ ᠤᠨ ᠬᠠᠳᠠᠭᠠᠯᠠᠵᠤ ᠬᠦᠷᠭᠡᠭᠦ ᠦᠢᠯᠡᠴᠢᠯᠡᠭᠡᠨ ᠤ ᠴᠢᠳᠠᠮᠵᠢ ᠶᠢ ᠤᠯᠠᠮ ᠳᠡᠭᠦᠯᠳᠡᠷᠵᠢᠭᠦᠯᠵᠤ᠂ | ᠬᠡᠯᠬᠢᠶᠡᠵᠢᠭᠰᠡᠨ ᠪᠤᠳᠠᠰ ᠤᠨ ᠬᠦᠢᠯᠭᠡᠭᠡ ᠶᠢ ᠢᠳᠡᠪᠬᠢᠲᠠᠢ ᠬᠦᠭᠵᠢᠭᠦᠯᠵᠦ᠂ ᠣᠳᠣᠬᠢᠴᠢᠯᠠᠭᠰᠠᠨ ᠪᠤᠳᠠᠰ ᠤᠨ | ᠬᠦᠢᠯᠭᠡᠭᠡᠨ ᠤ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃ ᠨᠠᠰᠤᠵᠢᠯ ᠤᠨ ᠦᠢᠯᠡᠴᠢᠯᠡᠭᠡᠨ ᠤ ᠠᠵᠤ ᠦᠢᠯᠡᠰ | ᠲᠠᠬᠢ ᠨᠡᠶᠢᠭᠡᠮ ᠤᠨ ᠬᠦᠷᠦᠩᠭᠡ ᠶᠢᠨ ᠪᠡᠯᠡ ᠣᠷᠣᠭᠤᠯᠤᠯᠲᠠ ᠶᠢ ᠨᠡᠮᠡᠭᠳᠡᠭᠦᠯᠬᠦ ᠶᠢ ᠵᠤᠷᠢᠭᠵᠢᠭᠤᠯᠤᠨ᠂ ᠪᠤᠳᠠᠳᠤ | ᠬᠦᠴᠦᠨ ᠲᠠᠢ ᠠᠵᠤ ᠠᠬᠤᠶᠢᠯᠠᠯ ᠢ ᠳᠠᠳᠠᠨ ᠤᠷᠤᠭᠤᠯᠵᠤ᠂ ᠠᠳᠠᠯ ᠦᠢᠯᠡᠰ ᠤᠨ ᠬᠠᠮᠢᠶᠠᠷᠣᠯᠲᠠ ᠪᠠ ᠭᠡᠷ ᠤᠨ | ᠶᠠᠪᠤᠳᠠᠯ ᠤᠨ ᠦᠢᠯᠡᠴᠢᠯᠡᠭᠡᠨ ᠤ ᠦᠢᠯᠡᠰ ᠢ ᠬᠦᠭᠵᠢᠭᠦᠯᠦᠨ᠎ᠡ᠃ ᠯᠠᠪᠯᠠᠨ ᠵᠠᠭᠤᠴᠢᠯᠠᠬᠤ᠂ ᠶᠠᠰᠤ ᠴᠢᠨᠠᠷ ᠢ ᠪᠠᠶᠢᠴᠠᠭᠠᠨ | ᠰᠢᠯᠭᠠᠬᠤ᠂ ᠰᠤᠶᠤᠯ ᠤᠨ ᠡᠭᠦᠳᠤᠯᠲᠠ ᠵᠡᠷᠭᠡ ᠳᠡᠭᠡᠲᠤ ᠳᠡᠰ ᠤᠨ ᠦᠢᠯᠡᠴᠢᠯᠡᠭᠡᠨ ᠤ ᠦᠢᠯᠡᠰ ᠢ ᠢᠳᠡᠪᠬᠢᠲᠠᠢ | ᠬᠦᠭᠵᠢᠭᠦᠯᠦᠨ᠎ᠡ᠃ | ︵ᠳᠠᠪᠤ︶ ᠬᠤᠳᠠ ᠬᠦᠳᠡᠭᠡ ᠶᠢ ᠵᠤᠬᠢᠴᠠᠭᠤᠯᠤᠨ ᠭᠦᠭᠵᠢᠭᠦᠯᠬᠦ ᠶᠢ ᠨᠢᠭᠡᠳᠤᠯᠲᠠᠢ | ᠲᠦᠯᠦᠪᠵᠢᠭᠦᠯᠦᠨ᠂ ᠨᠢᠭᠡ ᠴᠤᠭᠴᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠠᠬᠢᠴᠨ ᠶᠢ ᠳᠦᠷᠭᠡᠳᠭᠡᠨ᠎ᠡ᠃ | ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠪᠦᠬᠦ | ᠲᠠᠯ᠎ᠠ ᠪᠠᠷ ᠠᠬᠢᠭᠤᠯᠤᠨ᠎ᠠ᠃ ᠰᠤᠷᠭᠠᠨ ᠬᠦᠮᠦᠵᠢᠯ ᠤᠨ ᠤᠷᠤᠨ ᠲᠤᠭᠤᠷᠢᠭ᠂ ᠠᠵᠤ ᠦᠢᠯᠡᠳᠪᠦᠷᠢ ᠶᠢᠨ ᠤᠷᠤᠨ | ᠲᠤᠭᠤᠷᠢᠭ᠂ ᠰᠤᠶᠤᠯ ᠤᠨ ᠠᠵᠤ ᠦᠢᠯᠡᠰᠵᠢᠯᠲᠡ ᠶᠢᠨ ᠤᠷᠤᠨ ᠲᠤᠭᠤᠷᠢᠭ᠂ ᠦᠢᠯᠡᠰ ᠴᠤᠭᠴᠠᠯᠠᠬᠤ ᠬᠦᠷᠢᠶᠡᠯᠡᠩ | ᠵᠡᠷᠭᠡ ︽ᠲᠦᠷᠪᠠᠨ ᠤᠷᠤᠨ ᠲᠤᠭᠤᠷᠢᠭ︾ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ | ᠰᠤᠶᠤᠯ᠂ ᠵᠢᠭᠤᠯᠴᠢᠯᠠᠯ᠂ ᠠᠷᠠᠳ ᠤᠨ ᠠᠮᠢᠳᠤᠷᠠᠯ ᠵᠡᠷᠭᠡ ︽ᠭᠤᠷᠪᠠ ᠶᠢ ᠨᠢᠭᠡ ᠴᠤᠭᠴᠠᠵᠢᠭᠤᠯᠬᠤ︾ ᠪᠦᠲᠦᠭᠡᠨ | ᠪᠠᠶᠢᠭᠤᠯᠤᠯᠲᠠ ᠶᠢᠨ ᠦᠢᠯᠠᠭᠠᠭᠳᠠᠬᠤᠨ ᠢ ᠳᠤᠪᠤᠶᠢᠯᠭᠠᠨ᠂ ᠬᠤᠳᠠ ᠪᠠᠯᠭᠠᠰᠤᠨ ᠤ ᠲᠦᠯᠦᠪᠵᠢᠭᠦᠯᠭᠡ᠂ ᠪᠦᠲᠦᠭᠡᠨ | ᠪᠠᠶᠢᠭᠤᠯᠤᠯᠲᠠ᠂ ᠬᠠᠮᠢᠶᠠᠷᠤᠯᠲᠠ ᠶᠢᠨ ᠴᠢᠨᠠᠷ ᠳᠡᠰ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ | ᠬᠡᠷᠡᠭᠵᠢᠭᠦᠯᠦᠨ᠎ᠡ᠃ ᠭᠤᠤᠯ ᠳᠠᠭᠠᠭᠰᠠᠨ ᠦᠵᠡᠮᠵᠢ ᠶᠢᠨ ᠤᠷᠤᠨ ᠤ ᠨᠤᠭᠤᠭᠠᠷᠠᠭᠤᠯᠤᠯᠲᠠ ᠪᠠ ᠭᠤᠤᠯᠳᠠᠯᠭ᠎ᠠ ᠲᠠᠢ | ᠵᠠᠮ ᠱᠤᠭᠤᠮ᠂ ᠭᠤᠤᠯᠳᠠᠯᠭ᠎ᠠ ᠲᠠᠢ ᠤᠷᠤᠨ ᠲᠤᠭᠤᠷᠢᠭ ᠢ ᠤᠶᠢᠵᠢᠭᠤᠯᠤᠨ ᠴᠢᠨᠠᠷ ᠳᠡᠰ ᠢ ᠳᠡᠭᠡᠭᠰᠢᠯᠡᠭᠦᠯᠬᠦ | ᠢᠨᠵᠧᠨᠧᠷᠢᠩ ᠢ ᠰᠠᠶᠢᠳᠤᠷ ᠠᠳᠬᠤᠵᠤ᠂ ᠶᠠᠪᠠᠭᠠᠨ ᠵᠠᠮ ᠢ ᠳᠠᠪᠢᠰᠬᠦ᠂ ᠳᠠᠮᠢᠷ ᠤᠨ ᠳᠠᠯᠠᠪᠠᠢ ᠶᠢ ᠳᠡᠰ ᠳᠠᠪᠰᠢᠭᠦᠯᠦᠨ | ᠦᠭᠡᠷᠡᠴᠢᠯᠡᠬᠦ ᠪᠠ ᠬᠤᠲᠠ ᠲᠤᠭᠤᠷᠢᠭᠰᠠᠨ ᠵᠠᠮ ᠢ ᠦᠭᠡᠷᠡᠴᠢᠯᠡᠨ ᠪᠠᠶᠢᠭᠤᠯᠬᠤ ᠢᠨᠵᠧᠨᠧᠷᠢᠩ ᠢ ᠪᠡᠶᠡᠯᠡᠭᠦᠯᠵᠤ᠂ | ᠬᠠᠭᠤᠴᠢᠨ ᠣᠷᠤᠨ ᠰᠠᠭᠤᠴᠠ ᠶᠢᠨ ᠲᠤᠭᠤᠷᠢᠭ ᠤᠨ ᠰᠠᠭᠤᠷᠢ ᠲᠦᠬᠦᠭᠡᠷᠦᠮᠵᠢ ᠶᠢ ᠦᠭᠡᠷᠡᠴᠢᠯᠠᠨ ᠵᠠᠰᠠᠨ᠎ᠠ᠃ | ᠴᠢᠳᠠᠪᠬᠢᠲᠦ ᠪᠠᠶᠢᠷᠢ ᠲᠤᠭᠲᠠᠭᠠᠯᠲᠠ ᠶᠢ ᠳᠣᠪᠣᠶᠢᠯᠭᠠᠨ᠂ ᠰᠤᠶᠤᠯ ᠤᠨ ᠠᠵᠤ ᠦᠢᠯᠡᠰᠵᠢᠯᠲᠠ ᠶᠢᠨ ᠲᠤᠭᠤᠷᠢᠭ ᠤᠨ | ᠬᠤᠶᠠᠳᠤᠭᠠᠷ ᠬᠤᠭᠤᠴᠠᠭᠠᠨ ᠤ ᠪᠠᠶᠢᠭᠤᠯᠤᠯᠲᠠ ᠶᠢ ᠡᠬᠢᠯᠡᠭᠦᠯᠵᠤ᠂ ᠤᠷᠭᠤᠮᠠᠯ ᠤᠨ ᠬᠦᠷᠢᠶᠡᠯᠡᠩ ᠢ ᠪᠠᠶᠢᠭᠤᠯᠤᠨ᠎ᠠ᠃ | ᠠᠵᠤ ᠦᠢᠯᠡᠳᠪᠦᠷᠢ ᠶᠢᠨ ᠲᠤᠭᠤᠷᠢᠭ ᠤᠨ ᠶᠡᠷᠦᠩᠭᠡᠢ ᠲᠦᠯᠦᠪᠵᠢᠭᠦᠯᠭᠡ ᠪᠠ ᠠᠵᠤ ᠦᠢᠯᠡᠰ ᠤᠨ ᠬᠦᠭᠵᠢᠭᠦᠯᠦᠯᠲᠠ | ᠶᠢᠨ ᠲᠦᠯᠦᠪᠵᠢᠭᠦᠯᠭᠡ ᠳᠤ ᠵᠠᠰᠠᠪᠤᠷᠢ ᠤᠷᠤᠭᠤᠯᠤᠨ ᠳᠡᠭᠦᠯᠳᠡᠷᠵᠢᠭᠦᠯᠵᠤ᠂ ᠬᠢᠵᠠᠭᠠᠷᠯᠠᠯ ᠤᠨ ᠴᠢᠨᠠᠷᠲᠠᠢ ᠨᠠᠷᠢᠨ | ᠲᠦᠷᠢᠮ ᠪᠠ ᠭᠠᠵᠠᠷ ᠰᠢᠷᠤᠢ ᠶᠢ ᠡᠷᠴᠢᠮᠵᠢᠭᠦᠯᠦᠨ ᠠᠰᠢᠭᠯᠠᠬᠤ ᠦᠨᠡᠯᠡᠯᠲᠠ ᠶᠢ ᠨᠠᠶᠢᠷᠠᠭᠤᠯᠤᠨ ᠳᠤᠭᠳᠠᠭᠠᠵᠤ᠂ | ᠬᠦᠷᠢᠶᠡᠯᠡᠩ ᠲᠤᠭᠤᠷᠢᠭ ᠤᠨ ᠢᠯᠴᠢ ᠬᠠᠩᠭᠠᠯᠭ᠎ᠠ᠂ ᠬᠠᠳᠠᠭᠤᠷᠠᠭᠤᠯᠤᠯᠲᠠ᠂ ᠭᠡᠭᠡᠷᠡᠭᠦᠯᠦᠯᠲᠡ᠂ ᠨᠤᠭᠤᠭᠠᠷᠠᠭᠤᠯᠤᠯᠲᠠ | ᠶᠢ ᠪᠡᠶᠡᠯᠡᠭᠦᠯᠦᠨ᠂ ᠶᠡᠷᠦᠩᠭᠡᠶᠢᠯᠡᠭᠰᠡᠨ ᠳᠠᠭᠠᠭᠠᠴᠨ ᠶᠢᠨ ᠴᠢᠳᠠᠪᠤᠷᠢ ᠶᠢ ᠤᠯᠠᠮ ᠳᠡᠭᠡᠭᠰᠢᠯᠡᠭᠦᠯᠦᠨ᠎ᠡ᠃ ᠬᠤᠲᠠ ᠶᠢᠨ | ᠶᠡᠷᠦᠩᠭᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢᠨ ᠲᠦᠷᠢᠮ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠵᠤ᠂ ︽ | ᠣᠶᠤᠨᠴᠢ ᠬᠤᠳᠠ︾ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠤᠳᠠ ᠪᠠᠯᠭᠠᠰᠤᠨ ᠤ ᠤᠷᠴᠢᠨ | ᠲᠤᠭᠤᠷᠢᠨ ᠤ ᠠᠷᠢᠭᠤᠨ ᠴᠡᠪᠡᠷ ᠤᠨ ᠬᠠᠮᠢᠶᠠᠷᠣᠯᠲᠠ ᠶᠢᠨ ᠵᠠᠬ᠎ᠠ ᠳᠡᠯᠭᠡᠭᠦᠷᠴᠢᠯᠡᠭᠰᠡᠨ ᠬᠡᠪ ᠵᠠᠭᠪᠤᠷ ᠢ ᠳᠠᠳᠠᠨ | ᠤᠷᠤᠭᠤᠯᠵᠤ᠂ ᠬᠤᠳᠠ ᠪᠠᠯᠭᠠᠰᠤᠨ ᠤ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠳᠦᠪᠰᠢᠨ ᠢ ᠳᠡᠭᠡᠭᠰᠢᠯᠡᠭᠦᠯᠦᠨ᠎ᠡ᠃ | | ᠰᠢᠨ᠎ᠡ ᠮᠠᠯᠵᠢᠬᠤ ᠤᠷᠤᠨ ᠤ ᠪᠦᠲᠦᠭᠡᠨ ᠪᠠᠶᠢᠭᠤᠯᠤᠯᠲᠠ ᠶᠢ ᠳᠦᠯᠬᠢᠨ ᠠᠬᠢᠭᠤᠯᠤᠨ᠎ᠠ᠃ | ᠦᠵᠡᠰᠭᠦᠯᠡᠩᠲᠤ ᠰᠠᠶᠢᠬᠠᠨ ᠬᠦᠳᠡᠭᠡ ᠨᠤᠳᠤᠭ ᠢ ᠪᠠᠶᠢᠭᠤᠯᠬᠤ ᠪᠠᠷ ᠭᠤᠤᠯ ᠪᠤᠯᠭᠠᠨ᠂ ᠰᠢᠨ᠎ᠡ ᠮᠠᠯᠵᠢᠬᠤ ᠤᠷᠤᠨ ᠤ | ᠪᠦᠲᠦᠭᠡᠨ ᠪᠠᠶᠢᠭᠤᠯᠤᠯᠲᠠ ᠶᠢᠨ ᠳᠡᠰ ᠳᠡᠪᠰᠢᠬᠦ ᠶᠢ ᠠᠬᠢᠭᠤᠯᠤᠨ᠎ᠠ᠃ 132 ᠤᠰᠤ ᠬᠠᠳᠠᠭᠠᠯᠠᠬᠤ ᠵᠤᠭᠤᠷᠢ᠂ 140 | ᠤᠰᠤᠨ ᠰᠤᠷᠪᠤᠯᠵᠢ ᠶᠢᠨ ᠢᠨᠵᠧᠨᠧᠷᠢᠩ ᠢ ᠰᠢᠨ᠎ᠡ ᠪᠠᠷ ᠪᠠᠶᠢᠭᠤᠯᠤᠨ᠂ 750 ᠬᠦᠮᠦᠨ᠂ 3.4 ᠲᠦᠮᠡᠨ ᠮᠠᠯ ᠤᠨ | ᠤᠤᠭᠤᠬᠤ ᠤᠰᠤᠨ ᠤ ᠠᠶᠤᠯᠭᠦᠢ ᠶᠢᠨ ᠠᠰᠠᠭᠤᠳᠠᠯ ᠢ ᠰᠢᠢᠳᠪᠦᠷᠢᠯᠡᠨ᠎ᠡ᠃ 30 ᠺᠢᠯᠤᠮᠧᠲᠷ ᠤᠨ ᠬᠦᠳᠡᠭᠡ | ᠲᠤᠰᠬᠤᠨ ᠤ ᠴᠠᠬᠢᠯᠭᠠᠨ ᠲᠤᠤᠷ ᠢ ᠦᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠂ ᠭᠠᠴᠠᠭ᠎ᠠ ᠳᠤ ᠨᠡᠪᠳᠡᠷᠡᠬᠦ 60 | ᠺᠢᠯᠤᠮᠧᠲᠷ ᠤᠨ ᠱᠦᠢᠨᠢ ᠵᠠᠮ᠂ 50 ᠺᠢᠯᠤᠮᠧᠲᠷ ᠤᠨ ︽ᠳᠤᠰᠬᠠᠢ ᠶᠠᠪᠤᠳᠠᠯ ᠢ ᠳᠤᠰᠬᠠᠶᠢᠯᠠᠨ ᠵᠦᠪᠯᠡᠬᠦ︾ ᠲᠦᠷᠦᠯ | ᠵᠦᠢᠯ ᠤᠨ ᠬᠠᠶᠢᠷ ᠴᠢᠯᠠᠭᠤᠨ ᠵᠠᠮ ᠢ ᠵᠠᠰᠠᠵᠤ᠂ ᠴᠢᠮᠡᠭᠡ ᠬᠤᠯᠪᠤᠭᠠᠨ ᠤ 20 ᠰᠠᠭᠤᠷᠢ ᠦᠷᠳᠡᠭᠡ ᠶᠢ ᠰᠢᠨ᠎ᠡ ᠪᠠᠷ | ᠪᠠᠶᠢᠭᠤᠯᠤᠨ᠎ᠠ᠃ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠶᠡᠷᠦᠩᠭᠡᠶᠢᠯᠡᠨ ᠵᠠᠰᠠᠬᠤ ᠠᠵᠢᠯ ᠢ ᠬᠦᠨᠵᠡᠭᠡᠢ | ᠦᠷᠨᠢᠭᠦᠯᠵᠤ᠂ ᠬᠠᠮᠢᠶᠠᠷᠤᠯᠲᠠ ᠬᠠᠮᠠᠭᠠᠯᠠᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠤ ᠲᠤᠭᠳᠠᠴᠨ ᠶᠢ | ᠪᠠᠶᠢᠭᠤᠯᠤᠨ ᠳᠡᠭᠦᠯᠳᠡᠷᠵᠢᠭᠦᠯᠵᠤ᠂ ᠨᠤᠭᠤᠭᠠᠷᠠᠭᠤᠯᠤᠯᠲᠠ᠂ ᠭᠤᠸᠠᠵᠢᠭᠤᠯᠤᠯᠲᠠ᠂ ᠴᠡᠪᠠᠷᠵᠢᠭᠦᠯᠦᠯᠲᠠ ᠶᠢᠨ ᠳᠦᠪᠰᠢᠨ | ᠢ ᠤᠯᠠᠮ ᠳᠡᠭᠡᠭᠰᠢᠯᠡᠭᠦᠯᠦᠨ᠎ᠡ᠃ ᠰᠢᠨᠵᠢᠯᠡᠭᠡ ᠮᠡᠷᠭᠡᠵᠢᠯ᠂ ᠴᠢᠳᠠᠪᠤᠷᠢᠳᠠᠨ᠂ ᠰᠤᠷᠠᠭ ᠵᠠᠩᠬᠢ ᠵᠡᠷᠭᠡ ᠬᠦᠴᠦᠨ ᠵᠦᠢᠯ | ᠤᠨ ᠳᠤᠯᠭᠠᠭᠤᠷᠢᠯᠠᠯ ᠢ ᠴᠢᠩᠭᠠᠳᠬᠠᠵᠤ᠂ ᠮᠠᠯᠵᠢᠬᠤ ᠤᠷᠤᠨ ᠤ ᠰᠤᠷᠭᠠᠨ ᠬᠦᠮᠦᠵᠢᠯ᠂ ᠡᠮ ᠡᠮᠨᠡᠯᠭᠡ᠂ ᠡᠷᠡᠭᠦᠯ | ᠬᠠᠮᠠᠭᠠᠯᠠᠯ ᠤᠨ ᠤᠯᠠᠨ ᠨᠡᠶᠢᠲᠡ ᠶᠢᠨ ᠦᠨᠳᠤᠰᠤᠨ ᠦᠢᠯᠡᠴᠢᠯᠡᠭᠡᠨ ᠤ ᠳᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠦᠨ᠂ ᠮᠠᠯᠴᠢᠨ ᠲᠦᠮᠡᠨ ᠤ ᠠᠮᠢᠳᠤᠷᠠᠯ ᠤᠨ ᠴᠢᠨᠠᠷᠵᠢᠯ ᠪᠠ ᠠᠵᠨ ᠵᠢᠷᠭᠠᠯ ᠤᠨ ᠵᠢᠭᠠᠯᠳᠠ ᠲᠤᠭ᠎ᠠ ᠶᠢ | ᠨᠡᠮᠡᠭᠳᠡᠭᠦᠯᠦᠨ᠎ᠡ᠃ | ᠴᠢᠬᠤᠯᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠠᠢ | ᠲᠦᠯᠬᠢᠨ ᠠᠬᠢᠭᠤᠯᠤᠨ᠎ᠠ᠃ ᠦᠪᠡᠷᠳᠡᠭᠡᠨ ᠵᠠᠰᠠᠬᠤ ᠤᠷᠤᠨ ᠤ ︽ᠳᠤᠯᠤᠭᠠᠨ ᠳᠤᠤᠷᠴᠢᠯᠠᠯᠲᠠ︾ ᠶᠢᠨ ᠰᠢᠰᠲ᠋ᠧᠮ ᠤᠨ | ᠪᠠᠶᠢᠭᠤᠯᠤᠯᠲᠠ ᠶᠢᠨ ᠪᠠᠶᠢᠷᠢᠰᠢᠭᠤᠯᠤᠯ ᠤᠨ ᠲᠤᠭᠤᠷᠢᠨ ᠳᠤ᠂ ᠴᠢᠬᠤᠯᠨ ᠰᠠᠭᠤᠷᠢ ᠲᠦᠬᠦᠭᠡᠷᠦᠮᠵᠢ ᠶᠢᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠰᠠᠶᠢᠳᠤᠷ ᠠᠳᠬᠤᠨ᠎ᠠ᠃ ᠰᠦᠨᠢᠳ ᠪᠠᠷᠠᠭᠤᠨ ᠬᠤᠰᠢᠭᠤᠨ ᠠᠴᠠ | ᠴᠢᠭᠤᠯᠤᠯᠲᠤ ᠬᠠᠭᠠᠯᠭ᠎ᠠ ᠬᠦᠷᠬᠦ ᠦᠨᠳᠤᠷ ᠬᠤᠷᠳᠤᠴᠠᠲᠤ ᠵᠠᠰᠠᠮᠠᠯ ᠵᠠᠮ ᠤᠨ ᠬᠦᠪᠡᠭᠡᠲᠤ ᠰᠢᠷ᠎ᠠ ᠬᠤᠰᠢᠭᠤᠨ ᠳᠠᠬᠢ | ᠬᠡᠰᠡᠭ᠂ ᠮᠤᠵᠢ ᠶᠢᠨ ᠳᠡᠰ ᠤᠨ 313 ᠱᠤᠭᠤᠮ ᠤᠨ ᠬᠦᠪᠡᠭᠡᠲᠤ ᠰᠢᠷ᠎ᠠ ᠬᠤᠰᠢᠭᠤᠨ ᠳᠠᠬᠢ ᠬᠡᠰᠡᠭ᠂ ᠨᠡᠶᠢᠲᠡ ᠶᠢᠨ | ᠬᠡᠷᠡᠭᠯᠡᠭᠡᠨ ᠤ ᠨᠢᠰᠬᠡᠯ ᠤᠨ ᠪᠠᠭᠤᠳᠠᠯ ᠪᠠ ᠠᠭᠠᠷ ᠤᠨ ᠵᠦᠭᠡᠭᠡᠪᠦᠷᠢ ᠶᠢᠨ ᠠᠵᠤ ᠦᠢᠯᠡᠰᠵᠢᠯᠲᠠ ᠶᠢᠨ ᠬᠦᠷᠢᠶᠡᠯᠡᠩ᠂ | ᠵᠢᠷᠦᠬᠡ ᠠᠴᠠ ᠬᠤᠸᠠᠳᠧ ᠬᠦᠷᠬᠦ ᠲᠡᠮᠤᠷ ᠵᠠᠮ᠂ ᠰᠢᠨᠡᠪᠤᠯᠠᠭ 220 ᠺᠢᠯᠤᠸᠣᠯᠲ ᠴᠠᠬᠢᠯᠭᠠᠨ ᠬᠦᠴᠦᠳᠡᠯ | ᠬᠤᠪᠢᠰᠬᠠᠬᠤ ᠢᠨᠵᠧᠨᠧᠷᠢᠩ ᠪᠠ ᠪᠠᠷᠠᠭᠤᠨ ᠳᠡᠭᠦᠷᠭᠡ ᠶᠢᠨ 110 ᠺᠢᠯᠤᠸᠣᠯᠲ ᠤᠨ ᠴᠠᠬᠢᠯᠭᠠᠨ ᠬᠦᠴᠦᠳᠡᠯ | ᠬᠤᠪᠢᠰᠬᠠᠬᠤ ᠢᠨᠵᠧᠨᠧᠷᠢᠩ ᠢ ᠲᠦᠯᠬᠢᠨ ᠠᠬᠢᠭᠤᠯᠤᠨ᠎ᠠ᠃ | ︵ᠵᠢᠷᠭᠤᠭ᠎ᠠ︶ ᠠᠮᠢ ᠠᠬᠤᠢ ᠶᠢᠨ ᠤᠷᠴᠢᠨ ᠲᠤᠭᠤᠷᠢᠨ ᠢ ᠪᠦᠬᠦ ᠲᠠᠯ᠎ᠠ ᠪᠠᠷ | ᠰᠠᠶᠢᠵᠢᠷᠠᠭᠤᠯᠤᠨ᠂ ᠦᠷᠬᠦᠯᠵᠢᠯᠡᠭᠰᠡᠨ ᠬᠦᠭᠵᠢᠯᠲᠡ ᠶᠢ ᠠᠬᠢᠭᠤᠯᠤᠨ᠎ᠠ᠃ | ᠲᠠᠯ᠎ᠠ ᠨᠤᠳᠤᠭ ᠤᠨ ᠠᠮᠢ ᠠᠬᠤᠢ ᠶᠢ ᠬᠠᠮᠠᠭᠠᠯᠠᠬᠤ ᠬᠦᠴᠦᠯᠡᠴᠨ ᠪᠠᠨ ᠨᠡᠮᠡᠭᠳᠡᠭᠦᠯᠦᠨ᠎ᠡ᠃ | ᠰᠢᠨ᠎ᠡ ᠨᠢᠭᠡ ᠡᠭᠡᠯᠵᠢ ᠶᠢᠨ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠤᠷᠢᠯᠡᠵᠤ ᠱᠠᠩᠨᠠᠬᠤ | ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠡᠯᠴᠢᠭᠡᠷᠯᠡᠭᠦᠯᠬᠦ ᠶᠢ ᠵᠤᠭᠰᠤᠭᠠᠬᠤ ᠪᠠ ᠮᠠᠯ | ᠪᠡᠯᠴᠢᠭᠡᠷ ᠤᠨ ᠳᠡᠩᠴᠡᠭᠦᠷᠢ ᠶᠢ ᠪᠠᠳᠤᠯᠠᠬᠤ ᠲᠦᠷᠢᠮ ᠢ ᠴᠢᠩᠭ᠎ᠠ ᠬᠡᠷᠡᠭᠵᠢᠭᠦᠯᠵᠤ᠂ ᠰᠡᠯᠭᠦᠨ ᠮᠠᠯᠵᠢᠬᠤ ᠪᠠ | ᠲᠤᠭᠤᠷᠢᠭ ᠬᠤᠪᠢᠶᠠᠨ ᠡᠭᠡᠯᠵᠢᠯᠡᠨ ᠮᠠᠯᠵᠢᠬᠤ ᠶᠢ ᠦᠷᠭᠦᠯᠵᠢᠯᠡᠨ ᠬᠡᠷᠡᠭᠵᠢᠭᠦᠯᠦᠨ᠎ᠡ᠃ ᠠᠶᠢᠮᠠᠭ ᠤᠨ ᠳᠡᠰ ᠤᠨ | ᠬᠤᠩᠭᠤᠷ ᠠᠭᠤᠯᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠪᠠ ᠠᠮᠢ ᠠᠬᠤᠢ ᠶᠢᠨ ᠭᠤᠤᠯᠳᠠᠯᠭᠠᠲᠤ ᠤᠷᠤᠨ ᠤ | ᠬᠢᠨᠠᠯᠲᠠ ᠬᠠᠮᠢᠶᠠᠷᠤᠯᠲᠠ ᠶᠢ ᠣᠯᠠᠮ ᠴᠢᠩᠭᠠᠳᠬᠠᠨ᠂ ᠲᠠᠯ᠎ᠠ ᠨᠤᠳᠤᠭ ᠤᠨ ᠠᠮᠢ ᠠᠬᠤᠢ ᠶᠢᠨ ᠬᠦᠷᠢᠶ᠎ᠠ ᠴᠠᠷᠠᠭᠠᠨ | ᠳᠠᠬᠢ ᠬᠠᠤᠯᠢ ᠶᠢ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠲᠠ ᠦᠭᠴᠤ᠂ ᠨᠤᠳᠤᠭ ᠪᠡᠯᠴᠢᠭᠡᠷ ᠢ | ᠳᠠᠳᠠᠪᠤᠷᠢᠯᠠᠬᠤ ᠪᠠ ᠬᠡᠷᠡᠭᠯᠡᠬᠦ ᠶᠢ ᠬᠢᠨᠠᠨ ᠵᠦᠪᠰᠢᠶᠡᠷᠡᠬᠦ ᠭᠠᠷ ᠬᠦᠢᠴᠡᠳᠭᠡᠯ ᠢ ᠲᠦᠷᠢᠮᠵᠢᠭᠦᠯᠦᠨ᠂ ᠲᠠᠯ᠎ᠠ ᠨᠤᠳᠤᠭ ᠤᠨ | ᠠᠮᠢ ᠠᠬᠤᠢ ᠶᠢᠨ ᠬᠢᠨᠠᠯᠲᠠ ᠬᠠᠮᠢᠶᠠᠷᠤᠯᠲᠠ ᠶᠢᠨ ᠲᠤᠭᠳᠠᠴᠠ ᠶᠢ ᠪᠠᠶᠢᠭᠤᠯᠤᠨ᠎ᠠ᠃ ︽ᠠᠮᠢ ᠠᠬᠤᠢ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ᠢ ᠵᠠᠭᠠᠭᠯᠠᠨ ᠲᠤᠭᠳᠠᠭᠠᠬᠤ ᠲᠦᠰᠦᠯ︾ ᠪᠤᠯᠤᠨ ︽ᠡᠬᠢ ᠪᠠᠶᠠᠯᠢᠭ | ᠬᠦᠷᠦᠩᠭᠡ ᠶᠢᠨ ᠦᠷᠢ ᠰᠢᠷᠢ ᠶᠢᠨ ᠬᠦᠰᠦᠨᠦᠭ︾ ᠢ ᠨᠠᠶᠢᠷᠠᠭᠤᠯᠤᠨ ᠲᠤᠭᠲᠠᠭᠠᠵᠤ᠂ ᠠᠮᠢ ᠠᠬᠤᠢ ᠪᠠ ᠪᠠᠶᠢᠭᠠᠯᠢ ᠶᠢᠨ | ᠡᠬᠢ ᠰᠣᠷᠪᠤᠯᠵᠢ ᠶᠢ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠤᠳᠤᠬᠢᠴᠢᠯᠠᠭᠰᠠᠨ ᠰᠤᠷᠠᠭ | ᠵᠠᠩᠬᠢ ᠶᠢᠨ ᠠᠷᠭ᠎ᠠ ᠪᠠᠷᠢᠯ ᠢ ᠶᠡᠷᠦᠩᠭᠡᠶᠢᠯᠡᠨ ᠠᠰᠢᠭᠯᠠᠵᠤ᠂ ᠤᠷᠴᠢᠨ ᠲᠤᠭᠤᠷᠢᠨ ᠤ ᠬᠠᠤᠯᠢ ᠬᠡᠷᠡᠭᠵᠢᠭᠦᠯᠬᠦ ᠬᠢᠨᠠᠯᠲᠠ | ᠬᠠᠮᠢᠶᠠᠷᠤᠯᠲᠠ ᠶᠢᠨ ᠬᠦᠴᠦᠯᠡᠴᠨ ᠪᠠᠨ ᠴᠢᠩᠭᠠᠳᠬᠠᠨ᠂ ᠡᠯ᠎ᠡ ᠲᠦᠷᠦᠯ ᠤᠨ ᠬᠠᠤᠯᠢ ᠪᠤᠰᠤ ᠠᠵᠢᠯᠯᠠᠭ᠎ᠠ ᠶᠢ ᠢᠯᠳᠡᠷ | ᠬᠠᠶᠠᠬᠤ ᠦᠭᠡᠢ ᠪᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ | ᠠᠮᠢ ᠠᠬᠤᠢ ᠶᠢᠨ ᠢᠨᠵᠧᠨᠧᠷᠢᠩ ᠤᠨ ᠪᠦᠲᠤᠬᠡᠨ ᠪᠠᠶᠢᠭᠤᠯᠤᠯᠲᠠ ᠶᠢ ᠡᠮᠬᠢ ᠵᠢᠷᠤᠮ ᠲᠠᠢ | ᠲᠦᠯᠬᠢᠨ ᠠᠬᠢᠭᠤᠯᠤᠨ᠎ᠠ᠃ ᠬᠤᠶᠠᠲᠤᠭᠠᠷ ᠬᠤᠭᠤᠴᠠᠭᠠᠨ ᠤ ᠪᠡᠬᠡᠵᠢᠩ ᠲᠢᠶᠠᠨᠵᠢᠨ ᠤ ᠰᠠᠯᠬᠢ ᠡᠯᠡᠰᠤᠨ ᠤ ᠡᠬᠢ ᠶᠢ | ᠵᠠᠰᠠᠬᠤ ᠵᠡᠷᠬᠡ ᠭᠤᠤᠯᠲᠠᠯᠭᠠᠲᠤ ᠠᠮᠢ ᠠᠬᠤᠢ ᠶᠢᠨ ᠢᠨᠵᠧᠨᠧᠷᠢᠩ ᠪᠡ ᠭᠤᠤᠯᠲᠠᠯᠭᠠᠲᠤ ᠤᠷᠤᠨ ᠲᠤᠭᠤᠷᠢᠭ ᠤᠨ | ᠨᠤᠭᠤᠭᠠᠷᠠᠭᠤᠯᠤᠯᠲᠠ ᠶᠢᠨ ᠲᠦᠷᠦᠯ ᠵᠤᠶᠢᠯ ᠢ ᠨᠠᠷᠢᠨ ᠬᠢᠨᠡᠮᠡᠭᠠᠢ ᠬᠡᠷᠡᠭᠵᠢᠬᠦᠯᠵᠤ᠂ ᠠᠮᠢ ᠠᠬᠤᠢ ᠶᠢᠨ ᠵᠠᠰᠠᠯᠲᠠ ᠶᠢ | 12.6 ᠲᠦᠮᠡᠨ ᠮᠤ᠋᠂ ᠭᠤᠤᠯᠲᠠᠯᠭᠠᠲᠤ ᠤᠷᠤᠨ ᠲᠤᠭᠤᠷᠢᠭ ᠤᠨ ᠨᠤᠭᠤᠭᠠᠷᠭᠤᠯᠤᠯᠲᠠ ᠶᠢ 1000 ᠮᠤ᠋ | ᠪᠡᠶᠡᠯᠡᠬᠦᠯᠵᠤ᠂ ᠭᠤᠤ ᠰᠤᠪᠠᠭ ᠢ ᠵᠠᠰᠠᠬᠤ ᠬᠦᠴᠦᠯᠡᠴᠨ ᠪᠠᠨ ᠤᠯᠠᠮ ᠴᠢᠩᠭᠠᠳᠬᠠᠨ᠂ ᠬᠦᠷᠤᠰᠤ ᠰᠢᠷᠤᠢ ᠶᠢᠨ | ᠢᠲᠡᠭᠲᠡᠯ ᠢ 18 ᠲᠡᠭᠰᠢ ᠲᠦᠷᠪᠡᠯᠵᠢᠨ ᠺᠢᠯᠤᠮᠧᠲᠷ ᠵᠠᠰᠠᠨ᠎ᠠ᠃ ᠭᠤᠤᠯ ᠤᠨ ᠲᠠᠷᠤᠭ᠎ᠠ ᠶᠢᠨ ᠲᠦᠷᠢᠮ ᠢ ᠪᠦᠬᠦ ᠲᠠᠯ᠎ᠠ | ᠪᠠᠷ ᠠᠬᠢᠭᠤᠯᠵᠤ᠂ ᠤᠷᠤᠰᠬᠠᠯ ᠭᠤᠤᠯ ᠤᠨ ᠤᠰᠤᠨ ᠤ ᠰᠢᠰᠲ᠋ᠧᠮ ᠤᠨ ᠬᠠᠮᠠᠭᠠᠯᠠᠯᠲᠠ ᠶᠢ ᠰᠠᠶᠢᠲᠤᠷ ᠠᠳᠬᠤᠨ᠎ᠠ᠃ | ︽ᠭᠤᠷᠪᠠᠨ ᠲᠤᠭᠤᠷᠢᠭ ᠬᠤᠶᠠᠷ ᠱᠤᠭᠤᠮ︾ ᠤᠨ ᠭᠠᠵᠠᠷ ᠰᠢᠨᠵᠢᠯᠡᠬᠡᠨ ᠤ ᠤᠷᠴᠢᠨ ᠲᠤᠭᠤᠷᠢᠨ ᠢ ᠵᠠᠰᠠᠬᠤ ᠪᠠ | ᠲᠡᠮᠦᠷᠯᠢᠭ ᠤᠨ ᠪᠤᠰᠤ ᠠᠭᠤᠷᠬᠠᠢ ᠢ ᠶᠡᠷᠤᠩᠬᠡᠶᠢᠯᠡᠨ ᠵᠠᠰᠠᠬᠤ ᠲᠦᠷᠤᠯ ᠵᠤᠶᠢᠯ ᠢ ᠬᠡᠷᠡᠭᠵᠢᠬᠦᠯᠤᠨ᠎ᠠ᠃ ᠠᠵᠤ | ᠠᠬᠤᠶᠢᠯᠠᠯ ᠢ ᠱᠠᠭᠠᠷᠲᠠᠨ ᠠᠭᠤᠷᠬᠠᠢ ᠶᠢᠨ ᠭᠠᠵᠠᠷ ᠰᠢᠨᠵᠢᠯᠡᠬᠡᠨ ᠤ ᠤᠷᠴᠢᠨ ᠲᠤᠭᠤᠷᠢᠨ ᠢ ᠶᠡᠷᠤᠩᠬᠡᠶᠢᠯᠡᠨ ᠵᠠᠰᠠᠬᠤ | ᠪᠤᠯᠤᠨ ᠨᠤᠭᠤᠭᠠᠷᠠᠭᠤᠯᠵᠤ ᠰᠡᠷᠬᠦᠬᠡᠬᠦ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠲᠠᠪᠤᠷᠢᠵᠢᠭᠤᠯᠵᠤ᠂ ᠠᠭᠤᠷᠬᠠᠢ | ᠶᠢᠨ ᠤᠷᠴᠢᠨ ᠲᠤᠭᠤᠷᠢᠨ ᠪᠤᠯᠤᠨ ᠬᠠᠶᠠᠭᠲᠠᠮᠠᠯ ᠠᠭᠤᠷᠬᠠᠢ ᠶᠢᠨ ᠴᠢᠭ ᠢ ᠴᠡᠭᠴᠡᠯᠡᠨ ᠵᠠᠰᠠᠬᠤ ᠠᠵᠢᠯ ᠢ ᠰᠠᠶᠢᠲᠤᠷ | ᠠᠳᠬᠤᠨ᠎ᠠ᠃ | ᠪᠤᠬᠢᠷᠲᠤᠯ ᠦᠬᠡᠢ ᠲᠤᠤᠷ᠎ᠠ ᠨᠡᠬᠦᠷᠡᠰᠤᠳᠦ᠋ᠷᠦᠭᠴᠢᠲᠤ ᠤᠷᠴᠢᠯᠲᠤ ᠬᠦᠭᠵᠢᠯᠲᠠ ᠶᠢ ᠪᠦᠬᠦ | ᠲᠠᠯ᠎ᠠ ᠪᠠᠷ ᠲᠦᠯᠬᠢᠨ ᠠᠬᠢᠭᠤᠯᠤᠨ᠎ᠠ᠃ ᠠᠷᠪᠢᠴᠢ ᠬᠡᠯᠪᠡᠷᠢ ᠶᠢᠨ ᠪᠠᠶᠢᠭᠤᠯᠤᠯᠭ᠎ᠠ᠂ ᠪᠤᠬᠢᠷᠲᠤᠯ ᠦᠬᠡᠢ ᠬᠡᠷ ᠪᠦᠯᠢ᠂ | ᠪᠤᠬᠢᠷᠲᠤᠯ ᠦᠬᠡᠢ ᠰᠤᠷᠭᠠᠭᠤᠯᠢ᠂ ᠪᠤᠬᠢᠷᠲᠤᠯ ᠦᠬᠡᠢ ᠨᠡᠶᠢᠬᠡᠮ ᠲᠤᠭᠤᠷᠢᠭ ᠢ ᠡᠬᠦᠲᠤᠨ ᠪᠠᠶᠢᠭᠤᠯᠬᠤ ᠪᠠ ᠪᠤᠬᠢᠷᠲᠤᠯ | ᠦᠬᠡᠢ ᠠᠶᠠᠯᠠᠯ ᠵᠡᠷᠬᠡ ᠠᠵᠢᠯᠯᠠᠭ᠎ᠠ ᠶᠢ ᠢᠲᠡᠪᠬᠢᠲᠠᠢ ᠦᠷᠨᠢᠬᠦᠯᠵᠤ᠂ ᠶᠡᠬᠡᠪᠡᠷ ᠪᠦᠷᠢᠯᠬᠡᠨ ᠰᠤᠶᠢᠳᠬᠡᠬᠦ ᠪᠠ ᠵᠤᠬᠢᠰ | ᠦᠬᠡᠢ ᠵᠠᠷᠤᠲᠠᠯ ᠢ ᠲᠡᠪᠴᠢᠨ᠂ ᠪᠤᠬᠢᠷᠲᠤᠯ ᠦᠬᠡᠢ ᠲᠤᠤᠷ᠎ᠠ ᠨᠡᠬᠦᠷᠡᠰᠤᠳᠦᠷᠦᠭᠴᠢᠲᠤ ᠠᠮᠢᠳᠤᠷᠠᠬᠤ ᠠᠷᠭ᠎ᠠ ᠤᠬᠠᠭᠠᠨ | ᠢ ᠰᠠᠨᠠᠭᠠᠴᠢᠯᠠᠨ᠎ᠠ᠃ ᠠᠭᠠᠷ ᠤᠨ ᠪᠤᠬᠢᠷᠲᠤᠯ ᠢ ᠰᠡᠷᠬᠡᠶᠢᠯᠡᠨ ᠵᠠᠰᠠᠬᠤ ᠲᠦᠯᠤᠪᠯᠡᠭᠡ ᠪᠠ ᠤᠰᠤᠨ ᠰᠤᠷᠪᠤᠯᠵᠢ ᠶᠢᠨ | ᠬᠠᠮᠢᠶᠠᠷᠤᠯᠲᠠ ᠶᠢᠨ ᠲᠦᠷᠢᠮ ᠢ ᠴᠢᠩᠭ᠎ᠠ ᠨᠠᠶᠢᠲᠠᠪᠤᠷᠢᠵᠢᠭᠤᠯᠵᠤ᠂ ᠭᠤᠤᠯᠲᠠᠯᠭ᠎ᠠ ᠲᠠᠢ ᠠᠵᠢᠯ ᠲᠦᠷᠤᠯ᠂ | ᠭᠤᠤᠯᠲᠠᠯᠭ᠎ᠠ ᠲᠠᠢ ᠠᠵᠤ ᠠᠬᠤᠶᠢᠯᠠᠯ ᠤᠨ ᠡᠨᠧᠷᠬᠢ ᠶᠢ ᠠᠷᠪᠢᠯᠠᠵᠤ ᠬᠤᠷᠤᠭᠲᠠᠯ ᠢ ᠪᠠᠭᠠᠰᠬᠠᠬᠤ ᠮᠡᠷᠬᠡᠵᠢᠯ ᠤᠨ | ᠦᠬᠡᠷᠡᠴᠢᠯᠡᠯᠲᠠ ᠶᠢ ᠠᠬᠢᠭᠤᠯᠵᠤ᠂ ᠡᠨᠧᠷᠬᠢ ᠶᠢ ᠠᠷᠪᠢᠯᠠᠵᠤ ᠪᠤᠬᠢᠷᠲᠤᠯ ᠲᠠᠢ ᠪᠤᠲᠠᠰ ᠤᠨ ᠭᠠᠲᠠᠭᠰᠢᠯᠠᠭᠤᠯᠤᠯᠲᠠ ᠶᠢ | ᠪᠠᠭᠤᠷᠠᠭᠤᠯᠬᠤ ᠡᠬᠦᠷᠬᠡ ᠶᠢ ᠪᠠᠶᠡᠯᠡᠬᠦᠯᠤᠨ᠎ᠠ᠃ | ︵ᠲᠤᠯᠤᠭ᠎ᠠ︶ ᠠᠷᠠᠳ ᠤᠨ ᠠᠮᠢᠲᠤᠷᠠᠯ ᠢ ᠰᠠᠶᠢᠵᠢᠷᠠᠭᠤᠯᠬᠤ ᠶᠢ ᠪᠠᠲᠤᠯᠠᠨ᠂ ᠠᠷᠠᠳ | ᠲᠦᠮᠠᠨ ᠤ ᠠᠵᠠ ᠵᠢᠷᠭᠠᠯ ᠢ ᠨᠡᠮᠡᠭᠲᠡᠬᠦᠯᠤᠨ᠎ᠠ᠃ | ᠶᠠᠲᠠᠭᠤ ᠠᠴᠠ ᠠᠩᠬᠢᠵᠢᠷᠠᠭᠤᠯᠤᠨ ᠪᠤᠭᠤᠮᠲᠠ ᠰᠢᠪᠲᠤᠯᠬᠤ ᠠᠵᠢᠯ ᠢ ᠦᠷᠬᠦᠯᠵᠢᠯᠠᠨ | ᠠᠬᠢᠭᠤᠯᠤᠨ᠎ᠠ᠃ ᠶᠠᠲᠠᠭᠤ ᠠᠴᠠ ᠠᠩᠬᠢᠵᠢᠷᠠᠭᠤᠯᠤᠨ᠂ ᠦᠷᠬᠦᠯᠵᠢᠯᠠᠨ ᠪᠠᠲᠤᠳᠬᠠᠬᠤ ᠲᠤᠭᠲᠠᠴᠠ ᠶᠤᠰᠤᠭᠠᠷ᠂ | ᠲᠦᠷᠤ ᠶᠢᠨ ᠪᠤᠲᠤᠯᠭ᠎ᠠ ᠬᠤᠪᠢᠷᠠᠬᠤ ᠦᠬᠡᠢ᠂ ᠬᠦᠴᠤᠯᠡᠴᠠ ᠪᠠᠭᠤᠷᠠᠬᠤ ᠦᠬᠡᠢ᠂ ᠪᠠᠷᠢᠮᠵᠢᠶ᠎ᠡ ᠲᠤᠷᠤᠭᠰᠢᠯᠠᠬᠤ ᠦᠬᠡᠢ | ᠵᠠᠷᠴᠢᠮ ᠢ ᠪᠠᠷᠢᠮᠲᠠᠯᠠᠨ᠂ ᠶᠠᠲᠠᠭᠤ ᠠᠴᠠ ᠠᠩᠬᠢᠵᠢᠷᠠᠭᠤᠯᠤᠨ ᠪᠤᠭᠤᠮᠲᠠ ᠰᠢᠪᠲᠤᠯᠬᠤ ᠦᠷ᠎ᠡ ᠪᠦᠲᠤᠮᠵᠢ ᠶᠢ | ᠦᠷᠬᠦᠯᠵᠢᠯᠡᠨ ᠪᠠᠲᠤᠳᠬᠠᠨ᠎ᠠ᠃ ᠨᠠᠷᠢᠯᠢᠭ ᠤᠨᠤᠪᠴᠢᠲᠠᠢ ᠪᠠᠷ ᠶᠠᠲᠠᠭᠤ ᠶᠢ ᠲᠡᠳᠬᠦᠨ ᠶᠠᠲᠠᠭᠤ ᠠᠴᠠ | ᠠᠩᠬᠢᠵᠢᠷᠠᠭᠤᠯᠬᠤ ᠱᠠᠭᠠᠷᠲᠠᠯᠭ᠎ᠠ ᠶᠤᠰᠤᠭᠠᠷ᠂ ᠡᠷᠴᠢ ᠵᠤᠷᠢᠭ᠂ ᠤᠶᠤᠨ ᠰᠠᠨᠠᠭ᠎ᠠ ᠶᠢ ᠨᠢ ᠲᠡᠳᠬᠦᠬᠦ ᠶᠢ | ᠴᠢᠬᠤᠯᠠᠴᠢᠯᠠᠵᠤ᠂ ᠶᠠᠲᠠᠭᠤ ᠬᠦᠴᠢᠷᠲᠡᠯᠲᠠᠢ ᠤᠯᠠᠨ ᠲᠦᠮᠡᠨ ᠤ ᠠᠲᠠᠯᠢ ᠪᠤᠰᠤ ᠱᠠᠭᠠᠷᠲᠠᠯᠭ᠎ᠠ ᠳᠤ ᠴᠢᠭᠯᠡᠬᠦᠯᠤᠨ᠂ | ᠶᠠᠲᠠᠭᠤ ᠶᠢ ᠲᠡᠳᠬᠦᠬᠦ ᠠᠷᠭ᠎ᠠ ᠪᠠᠷᠢᠯ ᠢ ᠨᠠᠷᠢᠯᠢᠭ ᠤᠨᠤᠪᠴᠢᠲᠠᠢ ᠨᠡᠶᠢᠲᠡᠪᠤᠷᠢᠵᠢᠭᠤᠯᠤᠨ᠎ᠠ᠃ ᠶᠠᠲᠠᠭᠤ ᠶᠢ ᠲᠡᠳᠬᠦᠬᠦ | ᠲᠤᠰᠬᠠᠢ ᠲᠦᠷᠤᠯ ᠤᠨ ᠪᠡᠯᠡ ᠮᠦᠩᠬᠦ᠂ ᠮᠠᠯᠵᠢᠯ ᠳᠤ ᠬᠤᠯᠪᠤᠭᠲᠠᠬᠤ ᠪᠡᠯᠡ ᠮᠦᠩᠬᠦ ᠪᠠ ᠨᠡᠶᠢᠬᠡᠮ ᠠᠴᠠ ᠬᠠᠪᠰᠤᠷᠤᠨ | ᠲᠡᠳᠬᠦᠭᠰᠡᠨ ᠪᠡᠯᠡ ᠮᠦᠩᠬᠦ ᠶᠢ ᠢᠲᠡᠪᠬᠢᠲᠠᠢ ᠨᠢᠬᠡᠳᠬᠡᠵᠤ᠂ ᠲᠤᠬᠢᠷᠠᠮᠵᠢᠲᠠᠢ ᠭᠠᠵᠠᠷ ᠨᠡᠬᠦᠯᠬᠡᠨ ᠰᠢᠯᠵᠢᠭᠦᠯᠵᠤ | ᠶᠠᠳᠠᠭᠤ ᠶᠢ ᠳᠡᠳᠭᠦᠬᠦ᠂ ᠠᠵᠤ ᠤᠶᠢᠯᠡᠰ ᠢᠶᠠᠷ ᠶᠠᠲᠠᠭᠤ ᠶᠢ ᠲᠡᠳᠬᠦᠬᠦ᠂ ᠮᠦᠩᠬᠦᠨ ᠬᠦᠢᠯᠬᠡᠬᠡ ᠪᠠᠷ ᠶᠠᠲᠠᠭᠤ ᠶᠢ | ᠲᠡᠳᠬᠦᠬᠦ ᠵᠡᠷᠬᠡ ᠲᠦᠷᠤᠯ ᠵᠤᠶᠢᠯ ᠢ ᠨᠢᠬᠡᠲᠤᠯᠲᠠᠢ ᠲᠦᠯᠤᠪᠵᠢᠬᠦᠯᠤᠨ ᠬᠡᠷᠡᠭᠵᠢᠬᠦᠯᠤᠨ᠎ᠠ᠃ ᠵᠢᠭᠤᠯᠴᠢᠯᠠᠯ ᠢᠶᠠᠷ | ᠶᠠᠲᠠᠭᠤ ᠶᠢ ᠲᠡᠳᠬᠦᠬᠦ᠂ ᠡᠯᠧᠺᠲᠷᠤᠨ ᠬᠤᠲᠠᠯᠲᠤᠭ᠎ᠠ ᠪᠠᠷ ᠶᠠᠲᠠᠭᠤ ᠶᠢ ᠲᠡᠳᠬᠦᠬᠦ᠂ ᠬᠡᠷᠡᠯ ᠴᠠᠬᠢᠯᠭᠠᠨ ᠢᠶᠠᠷ ᠶᠠᠲᠠᠭᠤ | ᠶᠢ ᠲᠡᠳᠬᠦᠬᠦ ᠠᠷᠭ᠎ᠠ ᠪᠠᠷᠢᠯ ᠢ ᠬᠦᠨᠵᠡᠬᠡᠢ ᠰᠤᠲᠤᠯᠵᠤ᠂ ᠠᠵᠢᠯ ᠤᠯᠭᠤᠯᠲᠠ ᠪᠠᠷ ᠶᠠᠲᠠᠭᠤ ᠶᠢ ᠲᠡᠳᠬᠦᠬᠦ᠂ ᠰᠤᠷᠭᠠᠨ | ᠬᠦᠮᠤᠵᠢᠯ ᠢᠶᠠᠷ ᠶᠠᠲᠠᠭᠤ ᠶᠢ ᠲᠡᠳᠬᠦᠬᠦ᠂ ᠡᠷᠡᠬᠦᠯ ᠴᠢᠬᠢᠷᠠᠭ ᠢᠶᠠᠷ ᠶᠠᠲᠠᠭᠤ ᠶᠢ ᠲᠡᠳᠬᠦᠬᠦ ᠪᠠ ᠨᠡᠶᠢᠬᠡᠮ ᠤᠨ | ᠪᠠᠲᠤᠯᠠᠭ᠎ᠠ ᠪᠠᠷ ᠶᠠᠲᠠᠭᠤ ᠶᠢ ᠲᠡᠳᠬᠦᠬᠦ ᠬᠦᠴᠤᠯᠡᠴᠠ ᠪᠠᠨ ᠨᠡᠮᠡᠭᠲᠡᠬᠦᠯᠤᠨ᠎ᠠ᠃ ᠭᠠᠴᠠᠭᠠᠨ ᠳᠤ ᠲᠤᠮᠢᠯᠠᠭᠰᠠᠨ | ᠠᠵᠢᠯᠯᠠᠬᠤ ᠲᠤᠭᠤᠶᠢᠯᠠᠩ᠂ ︽ᠨᠢᠬᠡᠲᠤᠬᠡᠷ ᠱᠦᠵᠢ︾ ᠪᠠ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠤ | ᠤᠶᠢᠯᠡᠲᠤᠯ ᠢ ᠬᠦᠢᠴᠡᠳ ᠪᠠᠲᠠᠷᠭᠤᠯᠤᠨ᠂ ᠶᠠᠲᠠᠭᠤ ᠠᠴᠠ ᠠᠩᠬᠢᠵᠢᠷᠠᠭᠤᠯᠬᠤ ᠲᠦᠷᠤ ᠶᠢᠨ ᠪᠤᠲᠤᠯᠭ᠎ᠠ ᠶᠢ ᠰᠠᠶᠢᠲᠤᠷ | ᠤᠬᠠᠭᠤᠯᠵᠤ᠂ ᠶᠠᠲᠠᠭᠤ ᠠᠴᠠ ᠠᠩᠬᠢᠵᠢᠷᠠᠭᠤᠯᠬᠤ ᠠᠷᠭ᠎ᠠ ᠪᠠᠷᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ | ᠺᠠᠳ᠋ᠷ ᠤᠯᠠᠨ ᠲᠦᠮᠠᠨ ᠤ ᠬᠠᠷᠢᠴᠠᠭ᠎ᠠ ᠶᠢ ᠨᠢᠭᠲᠠᠷᠭᠤᠯᠵᠤ᠂ ᠶᠠᠲᠠᠭᠤ ᠠᠴᠠ ᠠᠩᠬᠢᠵᠢᠷᠠᠭᠤᠯᠬᠤ ᠠᠵᠢᠯ ᠳᠠᠬᠢ ᠣᠯᠠᠨ | ᠲᠦᠮᠡᠨ ᠤ ᠬᠠᠨᠣᠮᠵᠢ ᠶᠢᠨ ᠬᠡᠮᠵᠢᠶ᠎ᠡ ᠶᠢ ᠨᠡᠮᠡᠭᠲᠡᠬᠦᠯᠤᠨ᠎ᠠ᠃ | ᠤᠶᠢᠯᠡᠰ ᠪᠤᠰᠬᠠᠬᠤ ᠠᠵᠢᠯ ᠤᠯᠭᠤᠬᠤ ᠢᠨᠵᠧᠨᠧᠷᠢᠩ ᠢ ᠯᠠᠪᠲᠡᠭᠤᠨ ᠪᠠᠲᠤᠲᠠᠢ | ᠠᠬᠢᠭᠤᠯᠤᠨ᠎ᠠ᠃ ᠤᠯᠠᠨ ᠲᠦᠮᠡᠨᠴᠢ ᠤᠶᠢᠯᠡᠰ ᠪᠤᠰᠬᠠᠬᠤ ᠪᠠ ᠰᠢᠨ᠎ᠡ ᠶᠢ ᠡᠬᠦᠳᠬᠦ ᠶᠢ ᠬᠦᠨᠵᠡᠬᠡᠢ ᠠᠬᠢᠭᠤᠯᠵᠤ᠂ | ᠤᠶᠢᠯᠡᠰ ᠪᠤᠰᠬᠠᠠᠬᠤ ᠶᠢ ᠲᠡᠮᠵᠢᠬᠦ ᠬᠦᠴᠤᠯᠡᠴᠨ ᠪᠠᠨ ᠦᠷᠬᠦᠯᠵᠢᠯᠡᠨ ᠨᠡᠮᠡᠭᠳᠡᠭᠦᠯᠦᠨ᠂ ᠤᠶᠢᠯᠡᠰ ᠴᠤᠭᠴᠠᠯᠠᠬᠤ | ᠬᠦᠷᠢᠶᠡᠯᠡᠩ ᠤᠨ ᠤᠶᠢᠯᠡᠴᠢᠯᠡᠬᠡᠨ ᠤ ᠬᠢᠷᠢ ᠲᠦᠪᠰᠢᠨ ᠢ ᠲᠡᠬᠡᠭᠰᠢᠯᠡᠬᠦᠯᠵᠤ᠂ ᠵᠢᠯ ᠳᠤ᠂ ᠤᠶᠢᠯᠡᠰ ᠪᠤᠰᠬᠠᠬᠤ | ᠪᠠᠷᠢᠴᠠᠭᠠᠲᠤ ᠵᠢᠬᠡᠯᠡᠯᠬᠡ ᠶᠢ 1000 ᠲᠦᠮᠡᠨ ᠲᠦᠬᠦᠷᠢᠭ ᠲᠠᠷᠬᠠᠭᠠᠨ᠎ᠠ᠃ ᠰᠤᠶᠤᠯ ᠤᠨ ᠨᠠᠮᠲᠠᠷ ᠨᠡᠯᠢᠶᠡᠳ ᠦᠨᠲᠤᠷ | ᠂ ᠨᠠᠰᠤ ᠵᠠᠯᠠᠭᠤ᠂ ᠰᠢᠨ᠎ᠡ ᠵᠤᠶᠢᠯᠡᠰ ᠢ ᠬᠦᠯᠢᠶᠡᠨ ᠠᠪᠬᠤ ᠴᠢᠲᠠᠪᠤᠷᠢ ᠰᠠᠶᠢᠨ᠂ ᠤᠶᠢᠯᠡᠰ ᠡᠷᠬᠢᠯᠡᠬᠦ ᠬᠦᠰᠡᠯ ᠲᠠᠢ | ᠠᠵᠢᠯ ᠤᠯᠤᠭᠠᠲᠤᠢ ᠤᠶᠤᠲᠠᠳ ᠢ ᠬᠦᠭᠵᠢᠭᠰᠡᠨ ᠭᠠᠵᠠᠷ ᠤᠷᠤᠨ ᠤ ᠶᠡᠭᠡ ᠲᠡᠬᠡᠲᠤ ᠰᠤᠷᠭᠠᠭᠤᠯᠢ ᠳᠤ ᠤᠬᠤᠷ | ᠬᠤᠭᠤᠴᠠᠭᠠᠨ ᠤ ᠪᠤᠯᠪᠠᠰᠤᠷᠠᠯ ᠬᠦᠷᠲᠡᠬᠡᠨ᠂ ᠦᠪᠡᠷᠳᠡᠭᠡᠨ ᠤᠶᠢᠯᠡᠰ ᠪᠤᠰᠬᠠᠬᠤ ᠴᠢᠲᠠᠪᠤᠷᠢ ᠶᠢ ᠨᠢ ᠲᠡᠬᠡᠭᠰᠢᠯᠡᠬᠦᠯᠤᠨ᠎ᠠ | ᠃ ᠤᠯᠠᠨ ᠨᠡᠶᠢᠲᠠ ᠶᠢᠨ ᠪᠤᠲᠠᠲᠤ ᠪᠤᠯᠪᠠᠰᠤᠷᠠᠯ ᠤᠨ ᠰᠠᠭᠤᠷᠢᠨ ᠭᠠᠵᠠᠷ ᠤᠨ ᠪᠦᠲᠤᠬᠡᠨ ᠪᠠᠶᠢᠭᠤᠯᠤᠯᠲᠠ ᠶᠢᠨ | ᠲᠦᠷᠤᠯ ᠵᠤᠶᠢᠯ ᠢ ᠢᠲᠡᠪᠬᠢᠲᠠᠢ ᠲᠡᠮᠡᠴᠠᠨ ᠤᠯᠵᠤ᠂ ᠲᠤᠬᠠᠶᠢᠯᠠᠭᠰᠠᠨ ᠠᠵᠢᠯ ᠤᠨ ᠤᠷ᠎ᠠ ᠮᠡᠷᠬᠡᠵᠢᠯ ᠤᠨ ᠪᠤᠯᠪᠠᠰᠤᠷᠠᠯ | ᠢ ᠶᠡᠬᠡᠪᠡᠷ ᠦᠷᠨᠢᠬᠦᠯᠤᠨ᠎ᠠ᠃ ᠪᠦᠬᠦ ᠬᠤᠰᠢᠭᠤᠨ ᠤ ᠭᠤᠤᠯᠲᠠᠯᠭᠠᠲᠤ ᠲᠦᠷᠤᠯ ᠵᠤᠶᠢᠯ ᠤᠨ ᠪᠦᠲᠤᠬᠡᠨ ᠪᠠᠶᠢᠭᠤᠯᠤᠯᠲᠠ | ᠪᠠ ᠲᠠᠪᠠᠭᠤᠯᠢᠭ ᠤᠨᠴᠠᠯᠢᠭᠲᠤ ᠠᠵᠤ ᠤᠶᠢᠯᠡᠰ ᠤᠨ ᠲᠤᠭᠤᠷᠢᠨ ᠳᠤ ᠤᠯᠠᠨ ᠠᠷᠭ᠎ᠠ ᠵᠠᠮ ᠢᠶᠠᠷ ᠠᠵᠢᠯ ᠤᠯᠭᠤᠯᠲᠠ | ᠶᠢᠨ ᠠᠵᠢᠯ ᠤᠨ ᠪᠠᠶᠢᠷᠢ ᠶᠢ ᠨᠡᠬᠡᠬᠡᠨ ᠬᠦᠭᠵᠢᠬᠦᠯᠵᠤ᠂ ᠶᠡᠭᠡ ᠲᠡᠬᠡᠲᠤ ᠰᠤᠷᠭᠠᠭᠤᠯᠢ ᠲᠡᠬᠦᠰᠦᠭᠰᠡᠳ᠂ ᠬᠤᠲᠠ | ᠪᠠᠯᠭᠠᠰᠤᠨ ᠤ ᠠᠵᠢᠯ ᠤᠯᠤᠭᠰᠠᠨ ᠦᠬᠡᠢ ᠬᠡᠷ ᠪᠦᠯᠢ᠂ ᠰᠢᠯᠵᠢᠨ ᠬᠤᠲᠠ ᠤᠷᠤᠭᠰᠠᠨ ᠮᠠᠯᠴᠢᠳ ᠵᠡᠷᠬᠡ ᠤᠯᠠᠨ | ᠲᠦᠮᠠᠨ ᠤ ᠠᠵᠢᠯ ᠤᠯᠭᠤᠯᠲᠠ ᠶᠢ ᠨᠢᠬᠡᠲᠤᠯᠲᠠᠢ ᠲᠦᠯᠤᠪᠵᠢᠬᠦᠯᠤᠨ ᠰᠠᠶᠢᠲᠤᠷ ᠬᠢᠵᠤ᠂ ᠬᠤᠲᠠ ᠪᠠᠯᠭᠠᠰᠤᠨ ᠤ | ᠠᠵᠢᠯ ᠤᠯᠭᠤᠯᠲᠠ ᠶᠢ ᠰᠢᠨ᠎ᠡ ᠪᠠᠷ 500 ᠬᠦᠮᠤᠨ ᠨᠡᠮᠡᠭᠲᠡᠬᠦᠯᠵᠤ᠂ ᠮᠠᠯᠵᠢᠬᠤ ᠤᠷᠤᠨ ᠤ ᠬᠦᠲᠡᠯᠮᠤᠷᠢ ᠬᠦᠴᠤᠨ ᠢ | ᠰᠢᠯᠵᠢᠬᠦᠯᠤᠨ 900 ᠬᠦᠮᠤᠨ ᠳᠤ ᠠᠵᠢᠯ ᠤᠯᠭᠤᠨ᠂ ᠬᠤᠲᠠ ᠪᠠᠯᠭᠠᠰᠤᠨ ᠤ ᠲᠡᠩᠰᠠᠯᠠᠭᠤᠯᠤᠭᠰᠠᠨ ᠠᠵᠢᠯ | ᠠᠯᠲᠠᠭᠰᠠᠳ ᠤᠨ ᠨᠤᠷᠮ᠎ᠠ ᠶᠢ 3.2 % ᠤᠨ ᠲᠤᠲᠤᠷ᠎ᠠ ᠬᠢᠵᠠᠭᠠᠷᠯᠠᠨ᠎ᠠ᠃ | ᠨᠡᠶᠢᠬᠡᠮ ᠤᠨ ᠪᠠᠳᠤᠯᠠᠭᠠᠨ ᠤ ᠰᠢᠰᠲ᠋ᠧᠮ ᠢ ᠦᠷᠬᠦᠯᠵᠢᠯᠡᠨ ᠲᠡᠬᠦᠯᠲᠠᠷᠵᠢᠬᠦᠯᠤᠨ᠎ᠠ᠃ ᠪᠦᠬᠦ ᠠᠷᠠᠳ ᠤᠨ ᠲᠠᠭᠠᠳᠬᠠᠯ | ᠳᠤ ᠤᠷᠤᠬᠤ ᠲᠦᠯᠤᠪᠯᠡᠭᠡ ᠶᠢ ᠢᠲᠡᠪᠬᠢᠲᠠᠢ ᠨᠡᠶᠢᠲᠡᠪᠤᠷᠢᠵᠢᠭᠤᠯᠵᠤ᠂ ᠨᠡᠶᠢᠬᠡᠮ ᠤᠨ ᠲᠠᠭᠠᠳᠬᠠᠯ ᠤᠨ ᠪᠦᠷᠬᠦᠴᠠ ᠶᠢ | ᠦᠷᠬᠡᠳᠬᠡᠨ᠎ᠡ᠃ ᠡᠯ᠎ᠡ ᠲᠦᠷᠤᠯ ᠤᠨ ᠨᠡᠶᠢᠬᠡᠮ ᠤᠨ ᠲᠤᠰᠠᠯᠠᠮᠵᠢ᠂ ᠨᠡᠶᠢᠬᠡᠮ ᠤᠨ ᠠᠰᠠᠷᠠᠮᠵᠢ ᠶᠢᠨ ᠲᠦᠷᠤ ᠶᠢᠨ | ᠪᠤᠲᠤᠯᠭ᠎ᠠ ᠶᠢ ᠨᠠᠷᠢᠨ ᠬᠢᠨᠠᠮᠠᠭᠠᠢ ᠨᠠᠶᠢᠲᠠᠪᠤᠷᠢᠵᠢᠭᠤᠯᠵᠤ᠂ ᠬᠦᠴᠢᠷ ᠵᠤᠪᠠᠯᠠᠩ ᠲᠠᠢ ᠤᠯᠠᠨ ᠲᠦᠮᠡᠨ ᠢ ᠲᠡᠮᠵᠢᠨ | ᠲᠤᠰᠠᠯᠠᠬᠤ ᠠᠵᠢᠯ ᠢ ᠰᠠᠶᠢᠲᠤᠷ ᠠᠳᠬᠤᠨ᠎ᠠ᠃ ᠨᠡᠶᠢᠲᠠ ᠶᠢᠨ ᠤᠩᠭᠤᠨ ᠪᠠ ᠤᠷᠤᠰᠢᠭᠤᠯᠭ᠎ᠠ ᠶᠢᠨ ᠭᠠᠵᠠᠷ ᠤᠨ | ᠲᠦᠷᠤᠯ ᠵᠤᠶᠢᠯ ᠤᠨ ᠪᠦᠲᠤᠬᠡᠨ ᠪᠠᠶᠢᠭᠤᠯᠤᠯᠲᠠ ᠶᠢ ᠡᠬᠢᠯᠡᠬᠦᠯᠬᠦ ᠪᠠᠷ ᠴᠢᠷᠮᠠᠶᠢᠨ᠎ᠠ᠃ ᠵᠡᠮᠲᠡᠭᠴᠦᠳ ᠤᠨ ᠠᠰᠠᠷᠠᠮᠵᠢ | ᠶᠢᠨ ᠤᠶᠢᠯᠡᠴᠢᠯᠡᠬᠡᠨ ᠤ ᠲᠦᠪ ᠢ ᠪᠠᠶᠢᠭᠤᠯᠵᠤ᠂ ︽ᠲᠤᠯᠠᠭᠠᠨ︾ ᠮᠠᠯᠵᠢᠬᠤ ᠤᠷᠤᠨ ᠤ ᠨᠠᠰᠤᠲᠠᠶᠢᠴᠤᠦᠯ ᠤᠨ | ᠠᠰᠠᠷᠠᠮᠵᠢ ᠶᠢᠨ ᠬᠦᠷᠢᠶᠡᠯᠠᠩ ᠤᠨ ᠤᠶᠢᠯᠡᠴᠢᠯᠡᠬᠡᠨ ᠤ ᠴᠢᠲᠠᠪᠬᠢ ᠶᠢ ᠲᠡᠬᠡᠭᠰᠢᠯᠡᠬᠦᠯᠵᠤ᠂ ᠨᠡᠶᠢᠬᠡᠮ ᠲᠤᠭᠤᠷᠢᠭ ᠤᠨ | ᠠᠷᠠᠳ ᠲᠤ ᠲᠦᠬᠦᠮ ᠦᠵᠡᠬᠦᠯᠬᠦ ᠤᠶᠢᠯᠡᠴᠢᠯᠡᠬᠡᠨ ᠤ ᠲᠠᠪᠴᠠᠩ ᠤᠨ ᠪᠠᠶᠢᠭᠤᠯᠤᠯᠲᠠ ᠶᠢ ᠲᠡᠬᠦᠯᠲᠡᠷᠵᠢᠬᠦᠯᠤᠨ᠎ᠠ᠃ | ᠪᠠᠲᠤᠯᠠᠭᠠᠨ ᠤ ᠴᠢᠨᠠᠷᠲᠠᠢ ᠤᠷᠤᠨ ᠰᠠᠭᠤᠴᠠ ᠶᠢᠨ ᠢᠨᠵᠧᠨᠧᠷᠢᠩ ᠢ ᠶᠡᠬᠡᠪᠡᠷ ᠠᠬᠢᠭᠤᠯᠵᠤ᠂ ᠲᠦᠬᠦᠮ ᠪᠦᠲᠤᠴᠡᠲᠤ | ᠤᠷᠤᠨ ᠰᠠᠭᠤᠴᠠ ᠶᠢᠨ ᠲᠤᠭᠤᠷᠢᠭ ᠢ ᠦᠬᠡᠷᠡᠴᠢᠯᠡᠨ᠂ ᠦᠷᠲᠡᠭᠯᠡᠨ ᠲᠦᠪᠬᠢᠨᠡᠬᠦᠯᠬᠦ ᠠᠵᠢᠯ ᠢ ᠦᠷᠬᠦᠯᠵᠢᠯᠡᠨ | ᠠᠬᠢᠭᠤᠯᠵᠤ᠂ 800 ᠡᠷᠤᠬᠡ ᠶᠢᠨ ᠲᠦᠬᠦᠮ ᠪᠦᠲᠤᠴᠡᠲᠤ ᠤᠷᠤᠨ ᠰᠠᠭᠤᠴᠠ ᠶᠢ ᠦᠬᠡᠷᠡᠴᠢᠯᠡᠨ᠎ᠡ᠃ | ︵ ᠨᠠᠢᠮᠠ︶ ᠨᠡᠶᠢᠬᠡᠮ ᠤᠨ ᠠᠵᠢᠯ ᠤᠶᠢᠯᠡᠰ ᠢ ᠶᠡᠬᠡᠪᠡᠷ ᠬᠦᠭᠵᠢᠬᠦᠯᠵᠤ᠂ ᠤᠯᠠᠨ ᠨᠡᠶᠢᠲᠠ | ᠶᠢᠨ ᠤᠶᠢᠯᠡᠴᠢᠯᠡᠬᠡᠨ ᠤ ᠰᠢᠰᠲ᠋ᠧᠮ ᠢ ᠲᠡᠬᠦᠯᠲᠠᠷᠵᠢᠬᠦᠯᠤᠨ᠎ᠠ᠃ | ᠰᠤᠷᠭᠠᠨ ᠬᠦᠮᠤᠵᠢᠯ ᠰᠢᠨᠵᠢᠯᠡᠭᠡ ᠮᠡᠷᠬᠡᠵᠢᠯ ᠤᠨ ᠠᠵᠢᠯ ᠤᠶᠢᠯᠡᠰ ᠢ ᠤᠷᠢᠲᠠᠪᠠᠷ | ᠬᠦᠭᠵᠢᠬᠦᠯᠤᠨ᠎ᠠ᠃ ᠠᠯᠪᠠᠨ ᠵᠢᠷᠤᠮ ᠤᠨ ᠰᠤᠷᠭᠠᠨ ᠬᠦᠮᠤᠵᠢᠯ ᠪᠠ ᠦᠨᠲᠤᠷ ᠲᠤᠮᠲᠠᠲᠤ ᠶᠢᠨ ᠰᠤᠷᠭᠠᠨ ᠬᠦᠮᠤᠵᠢᠯ ᠢ | ᠰᠠᠶᠢᠲᠤᠷ ᠠᠳᠬᠤᠵᠤ᠂ ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠤᠵᠢᠯ ᠢ ᠲᠦᠷᠢᠮᠵᠢᠬᠦᠯᠵᠤ᠂ ᠠᠵᠢᠯ | ᠮᠡᠷᠬᠡᠵᠢᠯ ᠤᠨ ᠰᠤᠷᠭᠠᠨ ᠬᠦᠮᠤᠵᠢᠯ ᠢ ᠢᠲᠡᠪᠬᠢᠲᠠᠢ ᠬᠦᠭᠵᠢᠬᠦᠯᠤᠨ᠎ᠠ᠃ ᠰᠤᠷᠭᠠᠨ ᠬᠦᠮᠤᠵᠢᠯ ᠤᠨ ᠰᠤᠷᠠᠭ | ᠵᠠᠩᠬᠢᠵᠢᠯᠲᠠ ᠶᠢ ᠠᠬᠢᠭᠤᠯᠵᠤ᠂ ᠲᠤᠮᠲᠠᠲᠤ ᠪᠠᠭ᠎ᠠ ᠰᠤᠷᠠᠭᠠᠭᠤᠯᠢ ᠶᠢᠨ ᠰᠠᠭᠤᠷᠢ ᠲᠦᠬᠦᠬᠡᠷᠤᠮᠵᠢ ᠶᠢ ᠨᠦᠬᠦᠨ | ᠪᠦᠷᠢᠨᠰᠢᠬᠦᠯᠵᠤ᠂ ᠪᠤᠭᠲᠠ ᠶᠢᠨ ᠭᠤᠤᠯ ᠰᠤᠮᠤᠨ ᠤ ᠬᠡᠤᠬᠡᠳ ᠤᠨ ᠴᠡᠴᠡᠷᠯᠢᠭ ᠤᠨ ᠢᠨᠵᠢᠨᠧᠷᠢᠩ ᠢ ᠬᠡᠷᠡᠭᠵᠢᠬᠦᠯᠤᠨ᠎ᠠ | ᠃ ᠪᠠᠭᠰᠢ ᠶᠢᠨ ᠪᠤᠯᠪᠠᠰᠤᠷᠠᠯ ᠪᠠ ᠪᠠᠴᠢᠮ ᠲᠤᠲᠠᠭᠲᠠᠵᠤ ᠪᠠᠶᠢᠭ᠎ᠠ ᠠᠵᠢᠯ ᠤᠨ ᠪᠠᠶᠢᠷᠢ ᠳᠤ ᠪᠠᠭᠰᠢ ᠡᠯᠰᠡᠬᠦ ᠠᠵᠢᠯ ᠢ | ᠰᠠᠶᠢᠲᠤᠷ ᠬᠢᠵᠤ᠂ ᠬᠢᠴᠢᠶᠠᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠬᠡᠪ ᠵᠠᠭᠪᠤᠷ ᠤᠨ ᠦᠬᠡᠷᠡᠴᠢᠯᠡᠯᠲᠠ ᠶᠢ | ᠬᠦᠨᠵᠡᠬᠡᠢ ᠦᠷᠨᠢᠬᠦᠯᠵᠤ᠂ ᠬᠤᠶᠠᠳᠤᠭᠠᠷ ᠡᠬᠡᠯᠵᠢ ᠶᠢᠨ ᠰᠠᠭᠤᠷᠢ ᠰᠤᠷᠭᠠᠨ ᠬᠦᠮᠤᠵᠢᠯ ᠤᠨ ᠶᠠᠰᠤ ᠴᠢᠨᠠᠷ ᠢ | ᠲᠡᠬᠡᠭᠰᠢᠯᠡᠬᠦᠯᠬᠦ ᠭᠤᠷᠪᠠᠨ ᠵᠢᠯ ᠤᠨ ᠠᠵᠢᠯᠯᠠᠭᠠᠨ ᠤ ᠲᠦᠯᠤᠪᠯᠡᠭᠡ ᠶᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠵᠤ᠂ | ᠰᠤᠷᠭᠠᠨ ᠬᠦᠮᠤᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠤᠭᠲᠠᠭᠤᠨ ᠢᠶᠠᠷ ᠲᠡᠬᠡᠭᠰᠢᠯᠡᠬᠦᠯᠤᠨ᠎ᠠ᠃ ᠰᠢᠨᠵᠢᠯᠡᠭᠡ | ᠮᠡᠷᠬᠡᠵᠢᠯ ᠤᠨ ᠲᠦᠬᠡᠮᠡᠯᠵᠢᠬᠦᠯᠤᠯᠲᠠ ᠶᠢᠨ ᠰᠢᠰᠲ᠋ᠧᠮ ᠢ ᠲᠡᠬᠦᠯᠲᠠᠷᠵᠢᠬᠦᠯᠵᠤ᠂ ᠰᠢᠨ᠎ᠡ ᠮᠡᠷᠬᠡᠵᠢᠯ᠂ ᠰᠢᠨ᠎ᠡ ᠲᠦᠷᠤᠯ | ᠵᠦᠢᠯ ᠢ ᠤᠷᠤᠭᠤᠯᠵᠤ ᠲᠡᠯᠬᠡᠷᠡᠬᠦᠯᠬᠦ ᠬᠦᠴᠤᠯᠡᠴᠠ ᠪᠠᠨ ᠨᠡᠮᠡᠭᠲᠡᠬᠦᠯᠤᠨ᠂ ᠰᠢᠨ᠎ᠡ ᠶᠢ ᠡᠬᠦᠳᠬᠦ ᠶᠡᠪᠤᠴᠠ ᠳᠠᠬᠢ | ᠰᠢᠨᠵᠢᠯᠡᠭᠡ ᠮᠡᠷᠬᠡᠵᠢᠯ ᠤᠨ ᠰᠢᠨ᠎ᠡ ᠶᠢ ᠡᠭᠦᠳᠤᠨ ᠵᠢᠯᠤᠭᠤᠲᠤᠨ ᠲᠠᠭᠠᠭᠤᠯᠬᠤ ᠤᠶᠢᠯᠡᠲᠤᠯ ᠢ ᠪᠦᠬᠦ ᠲᠠᠯ᠎ᠠ ᠪᠠᠷ | ᠪᠠᠲᠠᠷᠠᠭᠤᠯᠤᠨ᠎ᠠ᠃ | ᠰᠤᠶᠤᠯ ᠲᠠᠮᠢᠷ ᠤᠨ ᠠᠵᠢᠯ ᠤᠶᠢᠯᠡᠰ ᠤᠨ ᠬᠦᠭᠵᠢᠯᠲᠠ ᠶᠢ ᠲᠦᠷᠬᠡᠳᠬᠡᠨ᠎ᠡ᠃ | ᠤᠯᠠᠭᠠᠨᠮᠦ᠋ᠴᠢᠷ ᠤᠨ ᠠᠵᠢᠯ ᠦᠢᠯᠡᠰ ᠪᠠ ᠦᠨᠳᠤᠰᠤᠳᠠᠨ ᠤ ᠰᠤᠶᠤᠯ ᠤᠨ ᠠᠵᠢᠯ ᠦᠢᠯᠡᠰ ᠤᠨ ᠦᠷᠨᠢᠩᠭᠦᠢ | ᠬᠦᠭᠵᠢᠯᠲᠠ ᠶᠢ ᠠᠬᠢᠭᠤᠯᠤᠨ᠎ᠠ᠃ ᠤᠯᠠᠭᠠᠨᠮᠦ᠋ᠴᠢᠷ ᠤᠨ ᠶᠡᠷᠦᠩᠭᠡᠶᠢᠯᠡᠭᠰᠡᠨ ᠠᠯᠪᠠᠨ ᠠᠰᠠᠷ ᠢ ᠲᠦᠯᠦᠪᠵᠢᠭᠦᠯᠦᠨ | ᠪᠠᠶᠢᠭᠤᠯᠵᠤ᠂ ᠤᠯᠠᠭᠠᠨᠮᠦ᠋ᠴᠢᠷ ᠤᠨ ᠠᠯᠪᠠᠯᠠᠬᠤ ᠪᠠ ᠪᠤᠯᠪᠠᠰᠤᠷᠠᠬᠤ ᠨᠦᠬᠦᠴᠡᠯ ᠢ ᠰᠠᠶᠢᠵᠢᠷᠠᠭᠤᠯᠤᠨ᠎ᠠ᠃ | ᠴᠢᠳᠠᠪᠤᠷᠢᠳᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠨᠡᠩ ᠤᠯᠠᠨ ᠰᠤᠳᠤᠨ ᠪᠦᠲᠦᠭᠡᠯ ᠢ ᠡᠭᠦᠳᠤᠨ | ᠪᠦᠲᠦᠭᠡᠵᠤ᠂ ᠲᠡᠷᠢᠭᠦᠨ ᠤ ᠰᠤᠶᠤᠯ ᠢ ᠵᠢᠯᠤᠭᠤᠳᠤᠨ ᠳᠠᠭᠠᠭᠤᠯᠵᠤ᠂ ᠦᠨᠳᠤᠰᠤᠨ ᠱᠠᠲᠤᠨ ᠤ ᠤᠯᠠᠨ ᠲᠦᠮᠡᠨ ᠳᠤ | ᠨᠡᠩ ᠰᠠᠶᠢᠨ ᠢᠶᠠᠷ ᠦᠢᠯᠡᠴᠢᠯᠡᠭᠦᠯᠵᠤ᠂ ᠤᠯᠠᠭᠠᠨᠮᠦ᠋ᠴᠢᠷ ᠤᠨ ︽ᠬᠤᠪᠢᠰᠬᠠᠯᠲᠦ ᠤᠳᠬ᠎ᠠ ᠤᠷᠠᠯᠢᠭ ᠤᠨ ᠬᠦᠩᠭᠡᠨ | ᠮᠤᠷᠢᠲᠤ ᠴᠡᠷᠢᠭ︾ ᠤᠨ ᠬᠡᠪ ᠴᠢᠨᠠᠷ ᠢ ᠡᠭᠦᠷᠢᠳᠠ ᠪᠠᠳᠠᠷᠠᠭᠤᠯᠤᠨ᠎ᠠ᠃ ᠤᠯᠠᠨ ᠨᠡᠶᠢᠲᠠ ᠶᠢᠨ ᠰᠤᠶᠤᠯ ᠤᠨ | ᠤᠶᠢᠯᠡᠴᠢᠯᠡᠬᠡᠨ ᠤ ᠰᠢᠰᠲ᠋ᠧᠮ ᠢ ᠲᠡᠬᠦᠯᠲᠠᠷᠵᠢᠬᠦᠯᠵᠤ᠂ ᠰᠤᠶᠦᠯ ᠰᠤᠷᠠᠭ ᠵᠠᠩᠬᠢ ᠶᠢᠨ ᠡᠬᠢ ᠪᠠᠶᠠᠯᠢᠭ ᠢ ᠬᠠᠮᠲᠤᠪᠠᠷ | ᠡᠳ᠋ᠯᠡᠬᠦ ᠶᠢ ᠠᠬᠢᠭᠤᠯᠵᠤ᠂ ᠰᠤᠮᠤ ᠪᠠᠯᠭᠠᠰᠤᠨ ᠤ ᠶᠠᠷᠦᠩᠬᠡᠶᠢᠯᠡᠭᠰᠡᠨ ᠰᠤᠶᠤᠯ ᠤᠨ ᠦᠷᠲᠡᠭᠡ᠂ ᠲᠠᠯ᠎ᠠ ᠨᠤᠲᠤᠭ ᠤᠨ | ᠨᠤᠮ ᠤᠨ ᠦᠷᠤᠬᠡ ᠵᠡᠷᠬᠡ ᠠᠷᠠᠳ ᠢ ᠬᠠᠷᠠᠭᠠᠯᠵᠠᠭᠰᠠᠨ ᠢᠨᠵᠧᠨᠧᠷᠢᠩ ᠤᠨ ᠤᠶᠢᠯᠡᠲᠤᠯ ᠢ ᠬᠦᠢᠴᠡᠳ ᠪᠠᠲᠠᠷᠠᠭᠤᠯᠵᠤ᠂ | ᠰᠤᠶᠤᠯ ᠤᠨ ᠰᠠᠭᠤᠷᠢ ᠲᠦᠬᠦᠭᠡᠷᠦᠮᠵᠢ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠠᠰᠤᠷᠠᠯᠲᠠ ᠦᠭᠡᠢ | ᠳᠡᠭᠡᠭᠰᠢᠯᠡᠭᠦᠯᠵᠤ᠂ ᠤᠯᠠᠨ ᠲᠦᠮᠠᠨ ᠤ ᠰᠤᠶᠤᠯ ᠤᠨ ᠠᠮᠢᠲᠤᠷᠠᠯ ᠢ ᠪᠠᠶᠠᠯᠢᠭᠵᠢᠭᠤᠯᠤᠨ᠎ᠠ᠃ ᠬᠤᠶᠠᠲᠤᠭᠠᠷ | ᠬᠤᠭᠤᠴᠠᠭᠠᠨ ᠤ ᠲᠠᠯ᠎ᠠ ᠨᠤᠲᠤᠭ ᠤᠨ ᠠᠰᠤᠷᠤ ᠤᠷᠠᠯᠢᠭ ᠤᠨ ᠨᠠᠶᠢᠷ ᠢ ᠡᠷᠬᠢᠯᠠᠵᠤ᠂ ᠪᠦᠬᠦ ᠤᠷᠤᠨ᠂ ᠪᠦᠬᠦ ᠠᠶᠢᠮᠠᠭ | ᠤᠨ ᠬᠡᠪᠴᠢᠶᠠᠨ ᠤ ᠰᠤᠶᠤᠯ ᠳᠠᠮᠢᠷ ᠤᠨ ᠤᠷᠤᠯᠳᠤᠭᠠᠨ ᠵᠡᠷᠭᠡ ᠠᠵᠢᠯᠯᠠᠭ᠎ᠠ ᠶᠢ ᠢᠲᠠᠪᠬᠢᠲᠠᠢ ᠲᠠᠭᠠᠭᠠᠴᠢᠯᠠᠨ | ᠡᠷᠬᠢᠯᠡᠨ᠎ᠠ᠃ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠠᠵᠢᠯᠯᠠᠭ᠎ᠠ ᠶᠢ ᠦᠷᠬᠡᠨ ᠲᠡᠯᠬᠡᠷᠡᠩᠬᠦᠢ ᠦᠷᠨᠢᠬᠦᠯᠵᠤ᠂ | ᠣᠷᠣᠯᠳᠣᠭᠠᠨ ᠤ ᠲᠦᠷᠦᠯ ᠪᠠ ᠤᠯᠠᠨ ᠲᠦᠮᠠᠨᠴᠢ ᠪᠡᠶ᠎ᠡ ᠲᠠᠮᠢᠷ ᠤᠨ ᠬᠦᠭᠵᠢᠯᠲᠠ ᠶᠢ ᠠᠬᠢᠭᠤᠯᠤᠨ᠎ᠠ᠃ ᠲᠡᠤᠬᠡ ᠶᠢᠨ | ᠳᠤᠷᠠᠰᠬᠠᠯᠲᠤ ᠵᠤᠶᠢᠯᠡᠰ ᠢ ᠬᠠᠮᠠᠭᠠᠯᠠᠨ ᠠᠰᠢᠭᠯᠠᠬᠤ ᠪᠠ ᠪᠤᠲᠠᠰ ᠤᠨ ᠪᠤᠰᠤ ᠰᠤᠶᠤᠯ ᠤᠨ ᠦᠪ ᠢ ᠬᠠᠮᠠᠭᠠᠯᠠᠨ | ᠤᠯᠠᠮᠵᠢᠯᠠᠬᠤ ᠶᠢ ᠴᠢᠩᠭᠠᠳᠬᠠᠨ᠎ᠠ᠃ | ᠡᠷᠡᠬᠦᠯ ᠬᠠᠮᠠᠭᠠᠯᠠᠯ ᠲᠦᠯᠤᠪᠯᠡᠬᠡᠲᠤ ᠦᠷᠡᠵᠢᠯ ᠤᠨ ᠠᠵᠢᠯ ᠤᠶᠢᠯᠡᠰ ᠢ ᠪᠦᠬᠦ ᠲᠠᠯ᠎ᠠ ᠪᠠᠷ | ᠬᠦᠭᠵᠢᠬᠦᠯᠤᠨ᠎ᠠ᠃ ︽ᠡᠷᠡᠬᠦᠯ ᠴᠢᠭᠢᠷᠠᠭ︾ ᠤᠨ ᠤᠶᠢᠯᠠᠭᠠᠭᠳᠠᠬᠤᠨ ᠢ ᠪᠠᠲᠤ ᠪᠠᠬᠢ ᠪᠤᠢ ᠪᠤᠯᠭᠠᠵᠤ᠂ ᠡᠮ ᠡᠮᠨᠡᠯᠬᠡ | ᠡᠷᠡᠬᠦᠯ ᠬᠠᠮᠠᠭᠠᠯᠠᠯ ᠤᠨ ᠪᠦᠲᠤᠴᠡ ᠶᠢᠨ ᠦᠬᠡᠷᠡᠴᠢᠯᠡᠯᠲᠠ ᠶᠢ ᠬᠦᠨᠵᠡᠬᠡᠶᠢᠷᠡᠬᠦᠯᠣᠨ᠂ ᠡᠮᠴᠢᠯᠡᠭᠡ ᠪᠠᠷ ᠠᠪᠤᠷᠠᠨ | ᠵᠠᠰᠠᠵᠤ ᠪᠠᠴᠢᠮ ᠠᠪᠤᠷᠠᠬᠤ ᠲᠤᠤᠷ ᠰᠦᠯᠵᠢᠶᠠᠨ ᠤ ᠪᠠᠶᠢᠭᠤᠯᠤᠯᠲᠠ ᠶᠢ ᠴᠢᠩᠭᠠᠳᠬᠠᠨ᠂ ᠤᠯᠠᠨ ᠲᠦᠮᠠᠨ ᠳᠤ ᠪᠦᠬᠦ | ᠲᠠᠯ᠎ᠠ ᠶᠢᠨ ᠪᠦᠷᠢᠨ ᠬᠤᠭᠤᠴᠠᠭᠠᠲᠤ ᠡᠷᠡᠬᠦᠯ ᠴᠢᠬᠢᠷᠠᠭ ᠤᠨ ᠤᠶᠢᠯᠡᠴᠢᠯᠡᠭᠡ ᠬᠠᠩᠭᠠᠵᠤ᠂ ᠤᠯᠠᠨ ᠨᠡᠶᠢᠲᠠ ᠶᠢᠨ | ᠦᠨᠲᠤᠰᠤᠨ ᠡᠷᠡᠬᠦᠯ ᠬᠠᠮᠠᠭᠠᠯᠠᠯ ᠤᠨ ᠤᠶᠢᠯᠡᠴᠢᠯᠡᠭᠡ ᠶᠢᠨ ᠲᠡᠩᠴᠡᠬᠦᠷᠢᠰᠢᠯ ᠢ ᠠᠬᠢᠭᠤᠯᠵᠤ᠂ ᠦᠪᠡᠷᠲᠡᠬᠡᠨ ᠵᠠᠰᠠᠬᠤ | ᠤᠷᠤᠨ ᠤ ᠲᠡᠰ ᠤᠨ ︽ᠡᠷᠡᠬᠦᠯ ᠴᠢᠭᠢᠷᠠᠭ ᠢ ᠠᠬᠢᠭᠤᠯᠤᠭᠰᠠᠨ ᠬᠤᠰᠢᠭᠤ︾ ᠶᠢ ᠢᠲᠡᠪᠬᠢᠲᠠᠢ ᠡᠬᠦᠲᠤᠨ | ᠪᠠᠶᠢᠭᠤᠯᠤᠨ᠎ᠠ᠃ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠶᠢᠨ ᠶᠡᠷᠤᠩᠬᠡᠶᠢᠯᠡᠭᠰᠡᠨ ᠠᠰᠠᠷ ᠢ ᠪᠠᠶᠢᠭᠤᠯᠵᠤ᠂ | ᠮᠤᠩᠭᠤᠯ ᠡᠮᠨᠡᠯᠬᠡ ᠶᠢᠨ ᠬᠤᠷᠢᠶᠠᠨ ᠤ ᠡᠮᠴᠢᠯᠡᠬᠡᠨ ᠤ ᠮᠡᠷᠬᠡᠵᠢᠯ ᠤᠨ ᠠᠰᠠᠷ ᠪᠠ ᠡᠷᠡᠬᠦᠯᠵᠢᠯ ᠤᠨ ᠰᠤᠪᠢᠯᠠᠯᠲᠠ ᠶᠢᠨ | ᠲᠦᠪ ᠢ ᠡᠬᠢᠯᠡᠨ ᠪᠠᠶᠢᠭᠤᠯᠵᠤ᠂ CT ᠮᠠᠰᠢᠨ ᠵᠡᠷᠭᠡ ᠲᠤᠮᠤ ᠬᠡᠯᠪᠡᠷᠢ ᠶᠢᠨ ᠤᠲᠤᠬᠢᠴᠢᠯᠠᠭᠰᠠᠨ ᠡᠮᠴᠢᠯᠡᠬᠡᠨ ᠤ | ᠲᠦᠬᠦᠬᠡᠷᠤᠮᠵᠢ ᠶᠢ ᠤᠷᠤᠭᠤᠯᠤᠨ᠂ ᠦᠪᠤᠷ ᠮᠤᠩᠭᠤᠯ ᠤᠨ ᠤᠯᠠᠨ ᠤᠯᠤᠰ ᠤᠨ ᠮᠤᠩᠭᠤᠯ ᠡᠮᠨᠡᠯᠭᠡ ᠶᠢᠨ ᠬᠤᠷᠢᠶ᠎ᠠ | ᠪᠠ ᠪᠡᠭᠡᠵᠢᠩ ᠬᠤᠲᠠ ᠶᠢᠨ ᠭᠤᠷᠪᠠᠳᠤᠭᠠᠷ ᠵᠡᠷᠭᠡ ᠶᠢᠨ ᠬᠦᠬᠡ ᠳᠡᠰ ᠤᠨ ᠡᠮᠨᠡᠯᠭᠡ ᠶᠢᠨ ᠬᠤᠷᠢᠶ᠎ᠠ ᠲᠠᠢ | ᠲᠤᠰᠠᠯᠠᠯᠴᠠᠬᠤ ᠪᠠ ᠬᠠᠮᠳᠤᠷᠠᠯᠴᠠᠬᠤ ᠬᠠᠷᠢᠯᠴᠠᠭ᠎ᠠ ᠪᠠᠶᠢᠭᠤᠯᠵᠤ᠂ ᠳᠤᠰᠬᠠᠢ ᠰᠠᠯᠠᠭ᠎ᠠ ᠶᠢᠨ ᠪᠠᠶᠢᠭᠤᠯᠤᠯᠲᠠ ᠶᠢᠨ ᠬᠢᠷᠢ | ᠲᠦᠪᠰᠢᠨ ᠪᠠ ᠡᠮᠴᠢᠯᠡᠬᠡᠨ ᠤ ᠤᠶᠢᠯᠡᠴᠢᠯᠡᠭᠡ ᠶᠢᠨ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠦᠨ᠎ᠡ᠃ ᠬᠦᠮᠤᠨ ᠠᠮᠠ ᠪᠠ | ᠲᠦᠯᠤᠪᠯᠡᠬᠡᠲᠤ ᠦᠷᠡᠵᠢᠯ ᠤᠨ ᠬᠠᠮᠢᠶᠠᠷᠤᠯᠲᠠ ᠶᠢᠨ ᠠᠵᠢᠯ ᠤᠨ ᠲᠤᠭᠲᠠᠴᠠ ᠶᠢ ᠲᠡᠬᠦᠯᠲᠡᠷᠵᠢᠬᠦᠯᠤᠨ᠂ ᠡᠯ᠎ᠡ ᠲᠦᠷᠦᠯ | ᠤᠨ ᠱᠠᠩᠨᠠᠨ ᠲᠡᠳᠬᠦᠬᠦ ᠲᠦᠷᠦ ᠶᠢᠨ ᠪᠤᠲᠤᠯᠭ᠎ᠠ ᠲᠦᠷᠢᠮ ᠢ ᠨᠠᠷᠢᠨ ᠬᠢᠨᠠᠮᠠᠭᠠᠢ ᠨᠠᠶᠢᠲᠠᠪᠤᠷᠢᠵᠢᠭᠤᠯᠵᠤ᠂ ᠲᠦᠷᠤᠬᠦ | ᠬᠦᠮᠤᠨ ᠠᠮᠡ ᠶᠢᠨ ᠴᠢᠨᠠᠷ ᠴᠢᠨᠰᠠᠭ᠎ᠠ ᠶᠢ ᠲᠡᠬᠡᠭᠰᠢᠯᠡᠬᠦᠯᠤᠨ᠂ ᠬᠦᠮᠤᠨ ᠠᠮᠠ ᠶᠢᠨ ᠲᠡᠩᠴᠡᠬᠦᠷᠢᠲᠠᠢ ᠬᠦᠭᠵᠢᠯᠲᠠ ᠶᠢ | ᠠᠬᠢᠭᠤᠯᠤᠨ᠎ᠠ᠃ | ᠦᠨᠲᠤᠰᠤᠲᠠᠨ ᠱᠠᠰᠢᠨ ᠰᠤᠷᠲᠠᠬᠤᠨ ᠤ ᠠᠵᠢᠯ ᠢ ᠪᠦᠬᠦ ᠬᠦᠴᠤᠨ ᠢᠶᠠᠷ ᠰᠠᠶᠢᠲᠤᠷ ᠬᠢᠨ᠎ᠠ᠃ | ᠨᠠᠮ ᠤᠨ ᠦᠨᠲᠤᠰᠤᠲᠠᠨ ᠤ ᠲᠦᠷᠤ ᠶᠢᠨ ᠪᠤᠲᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠲᠠᠪᠤᠷᠢᠵᠢᠭᠤᠯᠵᠤ᠂ | ᠦᠨᠲᠤᠰᠤᠲᠠᠨ ᠤ ᠪᠦᠯᠬᠦᠮᠲᠠᠯ ᠲᠠᠪᠰᠢᠯᠲᠠ ᠶᠢᠨ ︽ᠵᠢᠷᠭᠤᠭ᠎ᠠ ᠳᠤ ᠬᠦᠷᠬᠡᠬᠦ︾ ᠠᠵᠢᠯᠯᠠᠭ᠎ᠠ ᠶᠢ ᠦᠷᠬᠦᠯᠵᠢᠯᠡᠨ | ᠠᠬᠢᠭᠤᠯᠵᠤ᠂ ᠦᠨᠲᠤᠰᠤᠲᠠᠨ ᠤ ᠪᠦᠯᠬᠦᠮᠲᠠᠯ ᠤᠨ ᠶᠡᠭᠡ ᠰᠠᠶᠢᠨ ᠲᠦᠷᠰᠤ ᠪᠠᠶᠢᠲᠠᠯ ᠢ ᠪᠠᠲᠤᠳᠬᠠᠨ᠂ ᠴᠦᠬᠡᠨ | ᠲᠤᠭᠠᠲᠤ ᠦᠨᠲᠤᠰᠤᠲᠠᠨ ᠤ ᠬᠦᠭᠵᠢᠬᠦᠯᠤᠯᠲᠠ ᠶᠢᠨ ᠪᠡᠯᠡ ᠮᠦᠩᠬᠦᠨ ᠤ ᠤᠶᠢᠯᠡᠲᠤᠯ ᠢ ᠰᠠᠶᠢᠲᠤᠷ ᠪᠠᠲᠠᠷᠠᠭᠤᠯᠵᠤ᠂ | ᠦᠨᠲᠤᠰᠤᠲᠠᠨ ᠤ ᠤᠨᠴᠠᠯᠢᠭᠲᠤ ᠠᠵᠤ ᠤᠶᠢᠯᠡᠰ ᠤᠨ ᠲᠦᠷᠬᠡᠨ ᠬᠦᠭᠵᠢᠯᠲᠠ ᠶᠢ ᠲᠡᠮᠵᠢᠨ᠎ᠡ᠃ ︽ᠦᠪᠡᠷᠳᠡᠭᠡᠨ | ᠵᠠᠰᠠᠬᠤ ᠤᠷᠤᠨ ᠤ ᠮᠤᠩᠭᠤᠯ ᠦᠭᠡ ᠬᠡᠯᠨ ᠦᠰᠦᠭ ᠪᠢᠴᠢᠭ ᠤᠨ ᠠᠵᠢᠯ ᠤᠨ ᠲᠦᠷᠢᠮ︾ ᠢ ᠲᠤᠤᠱᠯᠠᠭᠤᠯᠤᠨ | ᠨᠠᠶᠢᠳᠠᠪᠤᠷᠢᠵᠢᠭᠤᠯᠤᠨ᠎ᠠ᠃ ᠱᠠᠰᠢᠨ ᠰᠤᠷᠲᠠᠬᠤᠨ ᠤ ᠬᠡᠷᠡᠭ ᠡᠷᠬᠢᠯᠡᠬᠦ ᠶᠠᠪᠤᠲᠠᠯ ᠢ ᠬᠠᠤᠯᠢ ᠶᠤᠰᠤᠭᠠᠷ ᠬᠠᠮᠢᠶᠠᠷᠴᠤ᠂ | ᠱᠠᠰᠢᠨ ᠰᠤᠷᠲᠠᠬᠤᠨ ᠤ ᠡᠲᠡᠬᠡᠳ ᠤᠨ ᠬᠢᠨ ᠪᠠ ᠰᠢᠲᠦᠯᠭᠡᠭᠴᠢᠳ ᠤᠨ ᠠᠵᠤ ᠠᠬᠤᠢ ᠨᠡᠶᠢᠬᠡᠮ ᠤᠨ ᠬᠦᠭᠵᠢᠯᠲᠠ ᠶᠢ | ᠠᠬᠢᠭᠤᠯᠬᠤ ᠲᠤᠮᠲᠠᠬᠢ ᠢᠲᠡᠪᠬᠢ ᠤᠶᠢᠯᠡᠲᠤᠯ ᠢ ᠬᠦᠢᠴᠡᠳ ᠪᠠᠲᠠᠷᠠᠭᠤᠯᠤᠨ᠎ᠠ᠃ | ︵ᠶᠢᠰᠤ︶ ᠨᠡᠶᠢᠬᠡᠮ ᠤᠨ ᠬᠠᠮᠢᠶᠠᠷᠤᠯᠲᠠ ᠶᠢᠨ ᠲᠦᠪᠰᠢᠨ ᠢ ᠲᠡᠬᠡᠭᠰᠢᠯᠡᠬᠦᠯᠵᠤ᠂ ᠨᠡᠶᠢᠬᠡᠮ | ᠤᠨ ᠡᠶ᠎ᠡ ᠵᠤᠬᠢᠴᠠᠯ ᠲᠤᠭᠲᠠᠭᠤᠨ ᠢ ᠠᠬᠢᠭᠤᠯᠤᠨ᠎ᠠ᠃ | ᠦᠵᠡᠯ ᠰᠠᠨᠠᠭ᠎ᠠ ᠶᠤᠰᠤ ᠰᠤᠷᠲᠠᠬᠤᠨ ᠤ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ | ᠬᠦᠰᠡᠯᠠᠩ ᠢᠲᠡᠬᠡᠯ ᠪᠢᠰᠢᠷᠠᠯ ᠤᠨ ᠬᠦᠮᠤᠵᠢᠯ ᠢ ᠦᠷᠬᠡᠨ ᠲᠡᠯᠬᠡᠷ ᠦᠷᠨᠢᠬᠦᠯᠵᠤ᠂ ᠲᠤᠮᠲᠠᠲᠤ ᠶᠢᠨ ᠦᠨᠲᠤᠰᠤᠲᠠᠨ ᠤ | ᠠᠭᠤᠤ ᠶᠡᠭᠡ ᠰᠡᠷᠬᠦᠨ ᠮᠠᠨᠲᠤᠯᠲᠠ ᠶᠢᠨ ᠬᠦᠰᠡᠯ ᠡᠷᠡᠮᠯᠠᠵᠡᠯ ᠪᠠ ᠨᠡᠶᠢᠬᠡᠮ ᠵᠢᠷᠤᠮ ᠤᠨ ᠭᠤᠤᠯᠯᠠᠭᠴᠢ ᠦᠷᠲᠡᠭ ᠤᠨ | ᠦᠵᠡᠯᠲᠠ ᠪᠠᠷ ᠲᠠᠨᠢᠯᠲᠠ ᠪᠠᠨ ᠨᠢᠬᠡᠳᠬᠡᠨ᠂ ᠬᠦᠴᠤᠨ ᠢᠶᠠᠨ ᠨᠢᠭᠲᠠᠷᠠᠭᠤᠯᠬᠤ ᠶᠢ ᠪᠠᠷᠢᠮᠲᠠᠯᠠᠨ᠎ᠠ᠃ ᠡᠷᠬᠡᠲᠤ ᠠᠷᠠᠳ | ᠤᠨ ᠦᠵᠡᠯ ᠰᠠᠨᠠᠭ᠎ᠠ ᠶᠤᠰᠤ ᠰᠤᠷᠲᠠᠬᠤᠨ ᠤ ᠪᠠᠶᠢᠭᠤᠯᠤᠯᠲᠠ ᠶᠢ ᠠᠬᠢᠭᠤᠯᠵᠤ᠂ ᠲᠤᠮᠲᠠᠲᠤ ᠶᠢᠨ ᠤᠯᠠᠮᠵᠢᠯᠠᠯᠲᠤ | ᠰᠢᠯᠢᠲᠡᠭ ᠶᠤᠰᠤ ᠰᠤᠷᠲᠠᠬᠤᠨ ᠢ ᠪᠠᠲᠠᠷᠠᠭᠤᠯᠵᠤ᠂ ᠨᠡᠶᠢᠬᠡᠮ ᠨᠡᠶᠢᠲᠠ ᠶᠢᠨ ᠶᠤᠰᠤ ᠰᠤᠷᠲᠠᠬᠤᠨ᠂ ᠲᠤᠬᠠᠶᠢᠯᠠᠭᠰᠠᠨ | ᠠᠵᠢᠯ ᠤᠨ ᠶᠤᠰᠤ ᠰᠤᠷᠲᠠᠬᠤᠨ᠂ ᠬᠡᠷ ᠪᠦᠯᠢ ᠶᠢᠨ ᠶᠤᠰᠤ ᠰᠤᠷᠲᠠᠬᠤᠨ᠂ ᠬᠤᠪᠢ ᠪᠡᠶ᠎ᠡ ᠶᠢᠨ ᠶᠤᠰᠤ ᠰᠤᠷᠲᠠᠬᠤᠨ ᠤ | ᠬᠦᠮᠤᠵᠢᠯ ᠢ ᠠᠬᠢᠭᠤᠯᠤᠨ᠂ ᠦᠪᠡᠷ ᠢ ᠢᠶᠠᠨ ᠬᠦᠨᠲᠤᠯᠠᠨ ᠦᠪᠡᠷ ᠢ ᠢᠶᠠᠨ ᠢᠲᠡᠬᠡᠬᠦ᠂ ᠪᠤᠯᠪᠠᠰᠤᠨ ᠡᠶᠡᠯᠲᠡᠭ᠂ | ᠦᠬᠡᠲᠡᠯᠡᠨ ᠲᠠᠪᠰᠢᠬᠤ ᠨᠡᠶᠢᠬᠡᠮ ᠤᠨ ᠬᠡᠪ ᠰᠤᠷᠲᠠᠯ ᠢ ᠪᠤᠢ ᠪᠤᠯᠭᠠᠨ᠎ᠠ᠃ | ᠨᠡᠶᠢᠬᠡᠮ ᠢ ᠵᠠᠰᠠᠬᠤ ᠰᠢᠰᠲ᠋ᠧᠮ ᠢ ᠲᠡᠬᠦᠯᠲᠠᠷᠵᠢᠬᠦᠯᠤᠨ᠎ᠠ᠃ ᠤᠯᠠᠨ ᠲᠦᠮᠠᠨ ᠤ | ᠦᠪᠡᠷᠳᠡᠭᠡᠨ ᠵᠠᠰᠠᠬᠤ ᠲᠦᠷᠢᠮ ᠢ ᠪᠦᠷᠢᠨᠰᠢᠬᠦᠯᠤᠨ᠂ ᠨᠡᠶᠢᠬᠡᠮ ᠢ ᠵᠠᠰᠠᠬᠤ ᠠᠵᠢᠯ ᠤᠨ ᠭᠤᠤᠯᠲᠠᠯᠭ᠎ᠠ ᠪᠠᠨ | ᠦᠨᠲᠤᠰᠤᠨ ᠱᠠᠲᠤ ᠤᠷᠤᠭᠤ ᠰᠢᠯᠵᠢᠭᠦᠯᠵᠤ᠂ ᠡᠪᠯᠡᠯ ᠵᠠᠯᠠᠭᠤᠴᠤᠳ ᠡᠮᠡᠭᠳᠡᠶᠢᠴᠤᠳ ᠵᠡᠷᠭᠡ ᠤᠯᠠᠨ ᠲᠦᠮᠠᠨᠴᠢ | ᠵᠤᠬᠢᠶᠠᠨ ᠪᠠᠶᠢᠭᠤᠯᠤᠯᠲᠠ ᠶᠢᠨ ᠤᠶᠢᠯᠡᠲᠤᠯ ᠢ ᠬᠦᠢᠴᠡᠳ ᠪᠠᠳᠠᠷᠠᠭᠤᠯᠤᠨ᠂ ᠵᠠᠰᠠᠭ ᠤᠨ ᠤᠷᠲᠤᠨ ᠠᠴᠠ ᠵᠠᠰᠠᠬᠤ᠂ | ᠨᠡᠶᠢᠬᠡᠮ ᠠᠴᠠ ᠵᠤᠬᠢᠴᠠᠭᠤᠯᠬᠤ ᠪᠠ ᠰᠠᠭᠤᠭᠠᠯᠢ ᠠᠷᠠᠳ ᠦᠪᠡᠷᠲᠡᠬᠡᠨ ᠵᠠᠰᠠᠬᠤ ᠤᠬᠢ ᠰᠠᠶᠢᠨ ᠤᠷᠴᠢᠯ ᠢ | ᠪᠠᠶᠡᠯᠡᠬᠦᠯᠤᠨ᠎ᠠ᠃ ᠨᠡᠶᠢᠲᠠ ᠶᠢᠨ ᠠᠰᠠᠷᠠᠮᠵᠢ ᠪᠠ ᠨᠢᠭᠦᠯᠡᠰᠤᠩᠭᠦᠢ ᠶᠢᠨ ᠠᠵᠢᠯ ᠤᠶᠢᠯᠡᠰ ᠢ ᠢᠳᠡᠪᠬᠢᠲᠠᠢ | ᠬᠦᠭᠵᠢᠭᠦᠯᠵᠤ᠂ ᠰᠠᠶᠢᠨ ᠲᠤᠷ᠎ᠠ ᠶᠢᠨ ᠤᠶᠢᠯᠡᠴᠢᠯᠡᠭᠡ ᠶᠢ ᠰᠤᠷᠲᠠᠯᠴᠢᠯᠠᠨ᠂ ᠨᠡᠶᠢᠬᠡᠮ ᠤᠨ ᠬᠠᠷᠢᠭᠤᠴᠠᠯᠭ᠎ᠠ ᠶᠢᠨ | ᠤᠬᠠᠮᠰᠠᠷ ᠪᠠ ᠤᠶᠢᠯᠡᠴᠢᠯᠡᠬᠡᠨ ᠤ ᠤᠬᠠᠮᠰᠠᠷ ᠢ ᠨᠡᠮᠡᠭᠲᠡᠬᠦᠯᠤᠨ᠎ᠠ᠃ ᠭᠠᠵᠠᠷ ᠤᠨ ᠲᠡᠰ ᠤᠨ ᠤᠲᠤᠷᠢᠲᠤᠯᠭ᠎ᠠ ᠡᠲᠤᠷ | ᠪᠤᠯᠭᠠᠨ ᠵᠠᠬᠢᠲᠠᠯ ᠰᠤᠷᠪᠤᠯᠵᠢᠯᠭ᠎ᠠ ᠬᠦᠯᠢᠶᠡᠬᠦ᠂ ︽1328︾ ᠵᠠᠬᠢᠲᠠᠯ ᠰᠤᠷᠪᠤᠯᠵᠢᠯᠭ᠎ᠠ ᠶᠢᠨ ᠠᠵᠢᠯ ᠤᠨ ᠡᠲᠤᠷ | ᠤᠨ ᠲᠦᠷᠢᠮ ᠢ ᠦᠷᠬᠦᠯᠵᠢᠯᠡᠨ ᠨᠠᠶᠢᠲᠠᠪᠤᠷᠢᠵᠢᠭᠤᠯᠵᠤ᠂ ᠤᠯᠠᠨ ᠲᠦᠮᠠᠨ ᠤ ᠵᠦᠢ ᠵᠤᠬᠢᠰᠲᠠᠢ ᠭᠤᠶᠤᠴᠢᠯᠠᠯ ᠢ ᠬᠠᠤᠯᠢ | ᠶᠤᠰᠤᠭᠠᠷ ᠴᠠᠭ ᠲᠤᠬᠠᠢ ᠳᠤᠨᠢ ᠰᠢᠢᠳᠪᠦᠷᠢᠯᠡᠨ᠎ᠡ᠃ ᠡᠮᠡᠭᠲᠡᠶᠢᠴᠤᠳ᠂ ᠬᠡᠤᠬᠡᠳ ᠪᠠᠭᠠᠴᠤᠳ᠂ ᠨᠠᠰᠤᠲᠠᠶᠢᠴᠤᠳ ᠪᠠ | ᠴᠡᠷᠢᠭ ᠤᠨ ᠬᠡᠷ ᠪᠦᠯᠢ ᠶᠢᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠎ᠠ᠃ ᠠᠷᠠᠳ ᠤᠨ ᠬᠤᠭᠤᠷᠤᠨᠳᠤᠬᠢ | ᠵᠢᠭᠡᠯᠡᠯᠭᠡ ᠶᠢᠨ ᠠᠵᠢᠯᠯᠠᠭ᠎ᠠ ᠶᠢ ᠵᠢᠯᠤᠭᠤᠳᠤᠨ ᠲᠦᠷᠢᠮᠵᠢᠭᠦᠯᠵᠤ᠂ ᠮᠦᠩᠭᠦᠨ ᠬᠦᠢᠯᠭᠡᠭᠡᠨ ᠤ ᠳᠦᠭᠰᠢᠭᠦᠷᠢ ᠶᠢ | ᠰᠡᠷᠭᠡᠶᠢᠯᠡᠬᠦ ᠪᠠ ᠨᠠᠮᠳᠠᠭᠤᠯᠬᠤ ᠠᠵᠢᠯ ᠢ ᠰᠠᠶᠢᠳᠤᠷ ᠠᠳᠬᠤᠨ᠎ᠠ᠃ ᠦᠵᠡᠯ ᠤᠬᠠᠮᠰᠠᠷ ᠤᠪᠤᠷ ᠰᠤᠷᠲᠠᠯ ᠤᠨ ᠠᠵᠢᠯ ᠢ | ᠲᠡᠬᠡᠲᠤ ᠬᠡᠮᠵᠢᠶ᠎ᠡ ᠪᠠᠷ ᠬᠦᠨᠲᠤᠳᠬᠡᠨ᠂ ᠵᠦᠪ ᠤᠨᠤᠪᠴᠢᠲᠠᠢ ᠶᠠᠷᠢᠶ᠎ᠡ ᠬᠡᠯᠡᠯᠴᠡᠬᠡᠨ ᠤ ᠵᠢᠯᠤᠭᠤᠳᠤᠮᠵᠢ ᠶᠢ ᠪᠠᠷᠢᠮᠲᠠᠯᠠᠨ | ᠂ ᠴᠡᠪᠡᠷ ᠠᠷᠢᠭᠤᠨ ᠲᠤᠤᠷ ᠰᠦᠯᠵᠢᠶᠠᠨ ᠤ ᠤᠷᠤᠨ ᠵᠠᠢ ᠶᠢ ᠪᠦᠷᠢᠯᠲᠤᠬᠦᠯᠤᠨ᠎ᠠ᠃ ᠡᠯ᠎ᠡ ᠲᠦᠷᠦᠯ ᠤᠨ ᠬᠠᠤᠯᠢ ᠶᠢ | ᠵᠦᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠤᠰᠤᠭᠠᠷ ᠴᠢᠩᠭ᠎ᠠ ᠴᠤᠬᠢᠯᠲᠠ ᠦᠭᠬᠦ ᠪᠠ ᠵᠠᠯᠬᠠᠭᠠᠨ ᠵᠠᠰᠠᠵᠤ᠂ | ᠨᠡᠶᠢᠬᠡᠮ ᠤᠨ ᠠᠮᠤᠷ ᠲᠦᠪᠰᠢᠨ ᠢ ᠰᠡᠷᠬᠡᠶᠢᠯᠡᠨ ᠵᠠᠰᠠᠵᠤ ᠬᠤᠷᠢᠭᠯᠠᠬᠤ ᠪᠦᠷᠢᠨ ᠲᠦᠭᠦᠷ ᠰᠢᠰᠲ᠋ᠧᠮ ᠢ | ᠪᠦᠷᠢᠯᠲᠤᠬᠦᠯᠵᠤ᠂ ᠠᠷᠠᠳ ᠤᠯᠠᠨ ᠤ ᠠᠮᠤᠷ ᠲᠦᠪᠰᠢᠨ ᠤ ᠲᠦᠷᠦᠭᠲᠠᠯ ᠢ ᠪᠦᠬᠦ ᠲᠠᠯ᠎ᠠ ᠪᠠᠷ ᠲᠡᠬᠡᠭᠰᠢᠯᠡᠬᠦᠯᠤᠨ᠎ᠠ᠃ | ᠤᠯᠤᠰ ᠤᠨ ᠪᠠᠳᠤᠯᠠᠨ ᠬᠠᠮᠠᠭᠠᠯᠠᠯᠲᠠ ᠶᠢᠨ ᠬᠦᠮᠦᠵᠢᠯ ᠢ ᠬᠦᠨᠵᠡᠭᠡᠢ ᠦᠷᠨᠢᠭᠦᠯᠵᠤ᠂ ᠤᠯᠤᠰ ᠤᠨ ᠪᠠᠳᠤᠯᠠᠨ | ᠬᠠᠮᠠᠭᠠᠯᠠᠯᠲᠠ ᠪᠠ ᠴᠡᠷᠢᠭ ᠠᠩᠬᠢ ᠶᠢᠨ ᠪᠠᠶᠢᠭᠤᠯᠤᠯᠲᠠ ᠶᠢ ᠳᠡᠮᠵᠢᠨ᠂ ᠴᠡᠷᠢᠭ ᠠᠩᠬᠢ ᠪᠠ ᠤᠷᠤᠨ ᠨᠤᠳᠤᠭ᠂ | ᠴᠡᠷᠢᠭ ᠠᠷᠠᠳ ᠬᠠᠮᠳᠤᠪᠠᠷ ᠪᠠᠶᠢᠭᠤᠯᠬᠤ ᠶᠢ ᠠᠬᠢᠭᠤᠯᠤᠨ᠂ ᠬᠤᠶᠠᠷ ᠢ ᠬᠦᠷᠢᠶᠡᠯᠡᠬᠦ ᠶᠢ ᠡᠭᠦᠳᠦᠨ ᠪᠠᠶᠢᠭᠤᠯᠬᠤ ᠦᠷ᠎ᠡ | ᠪᠦᠲᠦᠭᠡᠯ ᠢᠶᠠᠨ ᠪᠠᠳᠤᠳᠬᠠᠨ᠎ᠠ᠃ | ᠠᠶᠤᠯᠬᠦᠢ ᠶᠢᠨ ᠤᠶᠢᠯᠡᠳᠪᠤᠷᠢᠯᠠᠯ ᠪᠠ ᠢᠲᠡᠬᠡᠨ ᠤᠮᠲᠠᠭᠠᠨ ᠡᠮ ᠤᠨ ᠵᠤᠶᠢᠯᠡᠰ ᠤᠨ ᠬᠢᠨᠠᠨ | ᠬᠠᠮᠢᠶᠠᠷᠤᠯᠲᠠ ᠶᠢ ᠴᠢᠩᠭᠠᠳᠬᠠᠨ᠎ᠠ᠃ ᠠᠮᠤᠷ ᠲᠦᠪᠰᠢᠨ ᠬᠦᠭᠵᠢᠬᠦᠯᠤᠯᠲᠠ ᠶᠢᠨ ᠤᠶᠢᠯᠠᠭᠠᠭᠳᠠᠬᠤᠨ ᠢ ᠪᠠᠲᠤ ᠪᠤᠢ | ᠪᠤᠯᠭᠠᠵᠤ᠂ ᠠᠮᠢ ᠨᠠᠰᠤ ᠪᠠᠨ ᠨᠠᠨᠳᠢᠩᠨᠠᠵᠤ᠂ ᠠᠮᠤᠷ ᠲᠦᠪᠰᠢᠨ ᠢ ᠴᠢᠬᠤᠯᠠᠴᠢᠯᠠᠬᠤ ᠱᠠᠭᠠᠷᠲᠠᠯᠭ᠎ᠠ ᠶᠤᠰᠤᠭᠠᠷ ᠤᠯᠠᠨ | ᠨᠡᠶᠢᠲᠠ ᠶᠢᠨ ᠠᠮᠤᠷ ᠲᠦᠪᠰᠢᠨ ᠤ ᠰᠢᠰᠲ᠋ᠧᠮ ᠢ ᠳᠡᠭᠦᠯᠳᠡᠷᠵᠢᠭᠦᠯᠵᠤ᠂ ᠠᠶᠤᠯᠬᠦᠢ ᠤᠶᠢᠯᠡᠳᠪᠤᠷᠢᠯᠠᠯ ᠤᠨ | ᠬᠠᠷᠢᠭᠤᠴᠠᠯᠭ᠎ᠠ ᠶᠢᠨ ᠲᠦᠷᠢᠮ ᠢ ᠨᠠᠶᠢᠲᠠᠪᠤᠷᠢᠵᠢᠭᠤᠯᠤᠨ᠂ ᠬᠡᠮ ᠰᠤᠭᠤᠭ ᠢ ᠪᠠᠶᠢᠴᠠᠭᠠᠨ ᠲᠤᠲᠤᠯᠠᠬᠤ ᠪᠠ ᠲᠤᠰᠬᠠᠢ | ᠲᠦᠷᠤᠯ ᠢᠶᠠᠷ ᠴᠡᠭᠴᠡᠯᠡᠨ ᠵᠠᠰᠠᠬᠤ ᠠᠵᠢᠯ ᠢ ᠨᠠᠷᠢᠨ ᠬᠢᠨᠠᠮᠠᠭᠠᠢ ᠵᠤᠬᠢᠶᠠᠨ ᠪᠠᠶᠢᠭᠤᠯᠤᠨ ᠦᠷᠨᠢᠬᠦᠯᠵᠤ᠂ ᠤᠨᠴᠠ | ᠬᠦᠨᠲᠤ ᠠᠶᠤᠯᠭᠦᠢ ᠶᠢᠨ ᠬᠡᠷᠡᠭ ᠤᠴᠢᠷ ᠡᠬᠦᠰᠬᠦ ᠶᠢ ᠡᠷᠡᠰ ᠬᠢᠵᠠᠭᠠᠷᠯᠠᠨ᠎ᠠ᠃ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠬᠤ ᠪᠠ | ᠰᠢᠢᠳᠪᠦᠷᠢᠯᠡᠬᠦ ᠴᠢᠳᠠᠪᠤᠷᠢ ᠪᠠᠨ ᠨᠡᠮᠡᠭᠳᠡᠭᠦᠯᠦᠨ᠎ᠡ᠃ ᠢᠳᠡᠭᠡᠨ ᠤᠮᠲᠠᠭᠠᠨ ᠡᠳ᠋ᠰᠢᠬᠦᠯᠤᠨ ᠪᠤᠯᠪᠠᠰᠤᠷᠠᠭᠤᠯᠬᠤ ᠤᠷᠤᠨ | ᠲᠤᠭᠤᠷᠢᠭ ᠢ ᠲᠦᠯᠤᠪᠵᠢᠬᠦᠯᠤᠨ ᠪᠠᠶᠢᠭᠤᠯᠤᠨ᠎ᠠ᠃ ᠬᠢᠨᠠᠨ ᠬᠠᠮᠢᠶᠠᠷᠬᠤ ᠠᠷᠭ᠎ᠠ ᠪᠠᠷᠢᠯ ᠢᠶᠠᠨ ᠰᠢᠨᠡᠳᠬᠡᠨ᠂ ᠵᠠᠬ᠎ᠠ | ᠲᠡᠯᠬᠡᠬᠦᠷ ᠤᠨ ᠬᠢᠨᠡᠨ ᠬᠠᠮᠢᠶᠠᠷᠤᠯᠲᠠ ᠪᠠᠨ ᠴᠢᠩᠭᠠᠳᠬᠠᠵᠤ᠂ ᠠᠷᠠᠳ ᠤᠯᠠᠨ ᠤ ᠢᠲᠡᠬᠡᠨ ᠤᠮᠲᠠᠭᠠᠨ ᠡᠮ ᠤᠨ | ᠵᠦᠢᠯᠡᠰ ᠤᠨ ᠠᠮᠤᠷ ᠲᠦᠪᠰᠢᠨ ᠢ ᠪᠠᠲᠤᠯᠠᠨ᠎ᠠ᠃ ᠶᠠᠰᠤ ᠴᠢᠨᠠᠷ ᠢ ᠲᠡᠬᠡᠭᠰᠢᠯᠡᠬᠦᠯᠬᠦ ᠠᠵᠢᠯᠯᠠᠭ᠎ᠠ ᠶᠢ ᠦᠷᠬᠡᠨ | ᠲᠡᠯᠬᠡᠷᠡᠩᠬᠦᠢ ᠦᠷᠨᠢᠬᠦᠯᠵᠤ᠂ ᠪᠦᠲᠤᠬᠡᠭᠲᠡᠬᠦᠨ ᠪᠠ ᠤᠶᠢᠯᠡᠴᠢᠯᠡᠬᠡᠨ ᠤ ᠶᠠᠰᠤ ᠴᠢᠨᠠᠷ ᠢ ᠪᠦᠬᠦ ᠲᠠᠯ᠎ᠠ ᠪᠠᠷ | ᠲᠡᠬᠡᠭᠰᠢᠯᠡᠬᠦᠯᠤᠨ᠂ ᠨᠠᠷᠢᠯᠢᠭ᠂ ᠬᠢᠨᠠᠮᠠᠭᠠᠢ᠂ ᠤᠬᠢ ᠰᠢᠯᠢᠲᠡᠭ ᠠᠵᠢᠯ ᠲᠦᠷᠤᠯ ᠤᠨ ᠬᠡᠪ ᠰᠤᠷᠲᠠᠯ ᠢ ᠢᠲᠡᠪᠬᠢᠲᠠᠢ | ᠪᠦᠷᠢᠯᠲᠤᠬᠦᠯᠤᠨ᠎ᠠ᠃ | ︵ᠠᠷᠪᠠ︶ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠂ ᠠᠷᠠᠳ ᠲᠦᠮᠠᠨ | ᠬᠠᠨᠤᠮᠵᠢᠲᠠᠢ ᠵᠠᠰᠠᠭ ᠤᠨ ᠤᠷᠲᠤᠨ ᠢ ᠪᠠᠶᠢᠭᠤᠯᠤᠨ᠎ᠠ᠃ | ᠬᠠᠤᠯᠢ ᠶᠤᠰᠤᠭᠠᠷ ᠲᠤᠰᠢᠶᠠᠯ ᠢᠶᠠᠨ ᠬᠦᠢᠴᠡᠳᠬᠡᠬᠦ ᠶᠢ ᠪᠠᠷᠢᠮᠲᠠᠯᠠᠨ᠎ᠠ᠃ ᠬᠤᠰᠢᠭᠤ ᠠᠷᠠᠳ | ᠤᠨ ᠲᠦᠯᠤᠬᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠡ ᠶᠢᠨ ᠬᠠᠤᠯᠢ ᠴᠠᠭᠠᠵᠠ ᠶᠢᠨ ᠬᠢᠨᠡᠯᠲᠠ᠂ | ᠤᠯᠤᠰ ᠲᠦᠷᠤ ᠶᠢᠨ ᠵᠦᠪᠯᠡᠯᠬᠡᠨ ᠤ ᠠᠷᠠᠳᠴᠢᠯᠠᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠠᠨ᠂ ᠨᠡᠶᠢᠬᠡᠮ | ᠪᠠ ᠶᠡᠷᠢᠶ᠎ᠡ ᠬᠡᠯᠡᠯᠴᠡᠬᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠤ᠂ ︽ᠭᠤᠷᠪᠠᠨ ᠭᠤᠤᠯᠳᠠᠯᠭ᠎ᠠ ᠨᠢᠬᠡ | ᠲᠤᠮᠤ︾ ᠬᠠᠮᠲᠤᠪᠡᠷ ᠵᠦᠪᠯᠡᠨ ᠰᠢᠢᠳᠪᠦᠷᠢᠲᠤ ᠪᠤᠳᠤᠯᠭ᠎ᠠ ᠳᠤᠭᠳᠠᠭᠠᠬᠤ ᠲᠦᠷᠢᠮ ᠢ ᠨᠠᠶᠢᠳᠠᠪᠤᠷᠢᠵᠢᠭᠤᠯᠤᠨ᠂ | ᠤᠶᠢᠯᠡᠳᠪᠤᠷᠢ ᠬᠤᠲᠠᠯᠲᠤᠭᠠᠨ ᠤ ᠬᠤᠯᠪᠤᠭ᠎ᠠ᠂ ᠨᠠᠮ ᠪᠦᠯᠦᠭ ᠤᠨ ᠪᠤᠰᠤ ᠬᠦᠮᠤᠰ ᠪᠠ ᠠᠷᠠᠳ ᠤᠨ ᠪᠦᠯᠬᠦᠮ ᠤᠨ | ᠰᠠᠨᠠᠯ ᠰᠠᠨᠠᠭᠤᠯᠭ᠎ᠠ ᠶᠢ ᠦᠷᠬᠡᠨ ᠲᠡᠯᠬᠡᠷᠡᠩᠬᠦᠢ ᠰᠤᠨᠤᠰᠴᠤ᠂ ᠰᠢᠢᠳᠪᠦᠷᠢᠲᠦ ᠪᠤᠲᠤᠯᠭ᠎ᠠ ᠶᠢᠨ ᠬᠠᠤᠯᠢᠵᠢᠭᠰᠠᠨ᠂ | ᠰᠢᠨᠵᠢᠯᠡᠬᠦ ᠤᠬᠠᠭᠠᠨᠵᠢᠭᠰᠠᠨ᠂ ᠠᠷᠠᠳᠴᠢᠯᠠᠭᠰᠠᠨ ᠬᠢᠷᠢ ᠲᠦᠪᠰᠢᠨ ᠢ ᠲᠡᠬᠡᠭᠰᠢᠯᠡᠬᠦᠯᠤᠨ᠎ᠠ᠃ ︽ᠲᠤᠯᠤᠲᠤᠭᠠᠷ ᠲᠠᠪᠤᠨ | ᠵᠢᠯ︾ ᠤᠨ ᠬᠠᠤᠯᠢ ᠲᠦᠭᠡᠮᠡᠯᠵᠢᠭᠦᠯᠬᠦ ᠪᠠ ᠤᠯᠠᠨ ᠨᠡᠶᠢᠲᠠ ᠶᠢᠨ ᠬᠠᠤᠯᠢ ᠴᠠᠭᠠᠵᠠ ᠶᠢᠨ ᠤᠶᠢᠯᠡᠴᠢᠯᠡᠬᠡᠨ ᠤ | ᠰᠢᠰᠲ᠋ᠧᠮ ᠤᠨ ᠪᠠᠶᠢᠭᠤᠯᠤᠯᠲᠠ ᠶᠢ ᠬᠦᠨᠵᠡᠬᠡᠢ ᠠᠬᠢᠭᠤᠯᠵᠤ᠂ ᠺᠠᠳ᠋ᠷ ᠤᠯᠠᠨ ᠲᠦᠮᠠᠨ ᠤ ᠬᠠᠤᠯᠢ ᠪᠠᠷ ᠵᠠᠰᠠᠬᠤ | ᠤᠶᠢᠯᠠᠭᠠᠭᠳᠠᠬᠤᠨ ᠪᠠ ᠬᠠᠤᠯᠢ ᠶᠤᠰᠤᠭᠠᠷ ᠬᠡᠷᠡᠭ ᠤᠴᠢᠷ ᠰᠢᠢᠳᠪᠤᠷᠢᠯᠡᠬᠦ ᠴᠢᠲᠠᠪᠤᠷᠢ ᠶᠢ ᠨᠡᠮᠡᠭᠲᠡᠬᠦᠯᠤᠨ᠎ᠠ᠃ | ᠦᠬᠡᠷᠡᠴᠢᠯᠡᠯᠲᠠ ᠶᠢ ᠬᠦᠨᠵᠡᠬᠡᠶᠢᠷᠡᠬᠦᠯᠬᠦ ᠶᠢ ᠠᠬᠢᠭᠤᠯᠤᠨ᠎ᠠ᠃ ᠡᠯ᠎ᠡ ᠬᠦᠷᠢᠶ᠎ᠡ ᠴᠠᠷᠠᠭᠠᠨ | ᠳᠠᠬᠢ ᠦᠬᠡᠷᠡᠴᠢᠯᠡᠯᠲᠠ ᠶᠢᠨ ᠭᠤᠤᠯᠲᠠᠯᠭ᠎ᠠ ᠶᠢᠨ ᠲᠤᠭᠤᠷᠢᠨ ᠳᠤ ᠡᠬᠢ ᠪᠠᠶᠠᠯᠢᠭ ᠤᠨ ᠬᠦᠴᠤᠨ ᠢ ᠨᠢᠬᠡᠲᠤᠯᠲᠠᠢ | ᠲᠤᠬᠢᠷᠠᠭᠤᠯᠵᠤ᠂ ᠡᠯ᠎ᠡ ᠲᠦᠷᠤᠯ ᠤᠨ ᠦᠬᠡᠷᠡᠴᠢᠯᠡᠯᠲᠠ ᠶᠢᠨ ᠡᠬᠦᠷᠬᠡ ᠶᠢᠨ ᠨᠡᠶᠢᠲᠠᠪᠤᠷᠢᠵᠢᠭᠤᠯᠤᠯᠲᠠ ᠶᠢ | ᠠᠬᠢᠭᠤᠯᠤᠨ᠎ᠠ᠃ ᠵᠠᠰᠠᠭ ᠤᠨ ᠶᠠᠪᠤᠲᠠᠯ ᠤᠨ ᠤᠶᠢᠯᠡᠴᠢᠯᠡᠬᠡᠨ ᠤ ᠲᠦᠪ ᠤᠨ ᠴᠢᠲᠠᠪᠬᠢ ᠶᠢ ᠲᠡᠬᠦᠯᠲᠡᠷᠵᠢᠬᠦᠯᠵᠤ᠂ ︽ | ᠡᠷᠬᠡ ᠪᠠᠨ ᠳᠤᠷᠤᠭᠰᠢ ᠪᠠᠭᠤᠯᠭᠠᠬᠤ᠂ ᠦᠢᠯᠡᠴᠢᠯᠡᠬᠦ︾ ᠦᠬᠡᠷᠡᠴᠢᠯᠡᠯᠲᠠ ᠶᠢᠨ ᠡᠯ᠎ᠡ ᠲᠦᠷᠤᠯ ᠤᠨ ᠠᠷᠭ᠎ᠠ ᠪᠠᠷᠢᠯ ᠢ | ᠨᠠᠶᠢᠲᠠᠪᠤᠷᠢᠵᠢᠭᠤᠯᠤᠨ᠎ᠠ᠃ ᠤᠯᠤᠰ ᠤᠨ ᠲᠡᠰ ᠤᠨ ᠵᠠᠰᠠᠭ ᠤᠨ ᠶᠠᠪᠤᠲᠠᠯ ᠢ ᠢᠯᠡ ᠪᠤᠯᠭᠠᠬᠤ ᠶᠢ ᠪᠠᠷᠢᠮᠵᠢᠶᠠᠵᠢᠭᠤᠯᠤᠨ | ᠲᠦᠷᠢᠮᠵᠢᠬᠦᠯᠬᠦ ᠦᠬᠡᠷᠡᠴᠢᠯᠡᠯᠲᠠ ᠶᠢᠨ ᠲᠤᠷᠰᠢᠯᠲᠠ ᠶᠢᠨ ᠴᠢᠭ ᠤᠨ ᠠᠵᠢᠯ ᠢ ᠪᠠᠶᠡᠯᠡᠬᠦᠯᠤᠨ᠎ᠠ᠃ ︽ᠬᠤᠷᠢᠨ ᠨᠠᠢᠮᠠᠨ | ᠦᠨᠡᠮᠯᠡᠯ ᠢ ᠨᠢᠭᠡᠳᠬᠡᠬᠦ︾ ᠵᠡᠷᠬᠡ ᠬᠤᠳᠠᠯᠳᠤᠭᠠᠨ ᠤ ᠶᠠᠪᠤᠲᠠᠯ ᠤᠨ ᠲᠦᠷᠢᠮ ᠤᠨ ᠦᠬᠡᠷᠡᠴᠢᠯᠡᠯᠲᠠ ᠪᠠ ︽ᠬᠤᠤᠰ | ᠲᠤᠬᠢᠶᠠᠯᠳᠤᠯ ᠢᠶᠠᠷ ᠪᠠᠶᠢᠴᠠᠭᠠᠬᠤ᠂ ᠨᠢᠬᠡ ᠶᠢ ᠢᠯᠡ ᠪᠤᠯᠭᠠᠬᠤ︾ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ᠃ | ᠤᠷᠤᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠡᠳ᠋ ᠤᠨ ᠵᠠᠰᠠᠭ ᠤᠨ | ᠭᠠᠶᠢᠯᠢ ᠶᠢᠨ ᠤᠷᠤᠯᠭ᠎ᠠ ᠶᠢᠨ ᠨᠠᠷᠢᠯᠢᠭᠵᠢᠭᠰᠠᠨ ᠬᠠᠮᠢᠶᠠᠷᠤᠯᠲᠠ ᠶᠢ ᠠᠬᠢᠭᠤᠯᠵᠤ᠂ ᠵᠢᠯ ᠤᠨ ᠡᠳ᠋ ᠤᠨ ᠵᠠᠰᠠᠭ ᠤᠨ | ᠭᠠᠶᠢᠯᠢ ᠶᠢᠨ ᠤᠷᠤᠯᠭ᠎ᠠ ᠶᠢᠨ ᠡᠬᠦᠷᠬᠡ ᠪᠠᠨ ᠴᠢᠨᠠᠷᠯᠢᠭ ᠪᠡᠶᠡᠯᠡᠬᠦᠯᠤᠨ᠎ᠠ᠃ ᠡᠳ᠋ ᠤᠨ ᠵᠠᠰᠠᠭ ᠤᠨ ᠡᠬᠢ ᠪᠡᠶᠠᠯᠢᠭ ᠢ | ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠬᠠᠮᠢᠶᠠᠷᠤᠯᠲᠠ ᠶᠢ | ᠴᠢᠩᠭᠠᠳᠬᠠᠵᠤ᠂ ᠴᠠᠯᠢᠩ ᠢ ᠪᠠᠲᠤᠯᠠᠨ᠂ ᠡᠷᠬᠢᠯᠲᠠ ᠶᠢ ᠪᠠᠲᠤᠯᠠᠵᠤ᠂ ᠦᠨᠲᠤᠰᠤᠨ ᠠᠷᠠᠳ ᠤᠨ ᠠᠮᠢᠲᠤᠷᠠᠯ ᠢ | ᠪᠠᠲᠤᠯᠠᠨ᠎ᠠ᠃ ᠵᠠᠰᠠᠭ ᠤᠨ ᠤᠷᠲᠤᠨ ᠤ ᠦᠷᠢ ᠰᠢᠷᠢ ᠶᠢᠨ ᠬᠠᠮᠢᠶᠠᠷᠤᠯᠲᠠ ᠶᠢ ᠲᠦᠷᠢᠮᠵᠢᠬᠦᠯᠤᠨ᠂ ᠭᠠᠵᠠᠷ ᠤᠷᠤᠨ ᠤ | ᠴᠢᠨᠠᠷ ᠲᠠᠢ ᠵᠠᠰᠠᠭ ᠤᠨ ᠤᠷᠲᠤᠨ ᠤ ᠦᠷᠢ ᠰᠢᠷᠢ ᠪᠠ ︽ᠠᠷᠪᠠ ᠶᠢ ᠨᠡᠶᠢᠲᠠᠮ ᠪᠦᠷᠬᠦᠬᠦᠯᠬᠦ︾ ᠶᠢᠨ ᠦᠷᠢ ᠰᠢᠷᠢ ᠶᠢ | ᠨᠠᠮᠲᠠᠭᠤᠯᠬᠤ ᠲᠦᠰᠤᠯ ᠢ ᠨᠠᠶᠢᠲᠠᠪᠤᠷᠢᠵᠢᠭᠤᠯᠵᠤ᠂ ᠦᠯᠡᠳᠡᠪᠦᠷᠢ ᠦᠷᠢ ᠰᠢᠷᠢ ᠶᠢ ᠢᠲᠡᠪᠬᠢᠲᠠᠢ ᠵᠦᠢ ᠵᠤᠬᠢᠰᠲᠠᠢ | ᠨᠠᠮᠲᠠᠭᠤᠯᠤᠨᠠ᠃ ᠬᠢᠨᠠᠨ ᠪᠤᠲᠤᠵᠤ ᠬᠢᠨᠡᠯᠲᠠ ᠲᠠᠯᠪᠢᠬᠤ ᠶᠢ ᠴᠢᠩᠭᠠᠳᠬᠠᠨ᠂ ᠪᠠᠷᠢᠯᠭ᠎ᠠ ᠶᠢᠨ ᠪᠦᠲᠤᠬᠡᠨ | ᠪᠠᠶᠢᠭᠤᠯᠤᠯᠲᠠ ᠪᠠ ᠺᠠᠳ᠋ᠷ ᠤᠨ ᠲᠤᠰᠢᠶᠠᠯ ᠠᠴᠠ ᠪᠠᠨ ᠰᠠᠯᠬᠤ ᠬᠢᠨᠠᠨ ᠪᠤᠲᠤᠯᠲᠠ ᠶᠢ ᠰᠠᠶᠢᠲᠤᠷ ᠠᠳᠬᠤᠨ᠎ᠠ᠃ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠦᠨᠡᠨ ᠦᠬᠡ ᠬᠡᠯᠡᠵᠤ᠂ ᠪᠤᠲᠠᠲᠤ | ᠶᠠᠪᠤᠲᠠᠯ ᠬᠢᠵᠦ᠂ ᠪᠤᠲᠠᠲᠤ ᠠᠷᠭ᠎ᠠ ᠬᠡᠮᠵᠢᠶ᠎ᠡ ᠠᠪᠴᠤ᠂ ᠪᠤᠲᠠᠲᠤ ᠦᠷ᠎ᠡ ᠠᠰᠢᠭ ᠢ ᠴᠢᠬᠤᠯᠠᠴᠢᠯᠠᠬᠤ ᠶᠢ ᠪᠠᠷᠢᠮᠲᠠᠯᠠᠨ᠂ | ᠪᠤᠳᠠᠲᠠᠢ ᠲᠠᠢ ᠤᠶᠠᠯᠲᠤᠭᠤᠯᠤᠨ ᠪᠦᠲᠤᠬᠡᠯᠴᠢ ᠴᠢᠨᠠᠷ ᠲᠠᠢ ᠪᠠᠷ ᠠᠵᠢᠯ ᠢᠶᠠᠨ ᠦᠷᠨᠢᠬᠦᠯᠵᠤ᠂ ᠵᠠᠰᠠᠭ ᠵᠠᠬᠢᠷᠭᠠᠨ ᠤ | ᠦᠷ᠎ᠡ ᠪᠦᠲᠤᠮᠵᠢ ᠪᠠ ᠤᠶᠢᠯᠡᠴᠢᠯᠡᠬᠡᠨ ᠤ ᠰᠢᠰᠲ᠋ᠧᠮ ᠢ ᠲᠠᠰᠤᠷᠠᠯᠲᠠ ᠦᠬᠡᠢ ᠲᠡᠬᠡᠭᠰᠢᠯᠡᠬᠦᠯᠤᠨ᠎ᠠ᠃ ᠬᠢᠨᠠᠨ ᠰᠢᠯᠭᠠᠵᠤ | ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ᠂ ᠶᠡᠷᠤᠮᠲᠡᠭ᠂ ᠬᠤᠶᠢᠷᠭᠤ᠂ ᠨᠠᠵᠠᠭᠠᠢ ᠪᠠᠷ ᠵᠠᠰᠠᠭ ᠪᠠᠷᠢᠬᠤ ᠤᠶᠢᠯᠡ | ᠠᠵᠢᠯᠯᠠᠭ᠎ᠠ ᠶᠢ ᠴᠢᠩᠭ᠎ᠠ ᠴᠡᠭᠴᠡᠯᠡᠵᠤ᠂ ᠱᠠᠲᠤ ᠳᠠᠷᠠᠭᠠᠯᠠᠨ ᠬᠠᠷᠢᠭᠤᠴᠠᠯᠭ᠎ᠠ ᠶᠢ ᠨᠠᠶᠢᠲᠠᠪᠤᠷᠢᠵᠢᠭᠤᠯᠵᠤ᠂ ᠡᠯ᠎ᠡ | ᠲᠦᠷᠤᠯ ᠤᠨ ᠠᠵᠢᠯ ᠤᠨ ᠡᠬᠦᠷᠬᠡ ᠪᠠᠨ ᠲᠤᠤᠱᠲᠠᠢ ᠨᠠᠶᠢᠲᠠᠪᠤᠷᠢᠵᠢᠭᠤᠯᠬᠤ ᠶᠢ ᠪᠠᠲᠤᠯᠠᠨ᠎ᠠ᠃ ᠵᠤᠷᠢᠭᠵᠢᠭᠤᠯᠬᠤ ᠪᠠ | ᠪᠤᠷᠤᠭᠤ ᠶᠢ ᠨᠢ ᠵᠠᠯᠠᠷᠠᠭᠤᠯᠬᠤ ᠵᠤᠬᠢᠴᠠᠮᠵᠢ ᠶᠢ ᠪᠦᠷᠢᠨᠰᠢᠬᠦᠯᠤᠨ᠂ ᠺᠠᠳ᠋ᠷ ᠠᠵᠢᠯᠲᠠᠳ ᠤᠨ ᠤᠷᠬᠢᠯᠤᠮ᠎ᠠ ᠬᠠᠯᠠᠭᠤᠨ | ᠠᠵᠢᠯ ᠤᠨ ᠰᠡᠳᠬᠢᠯᠬᠡ ᠶᠢ ᠲᠠᠶᠢᠴᠢᠯᠠᠵᠤ᠂ ᠠᠵᠢᠯ ᠬᠢᠵᠤ ᠤᠶᠢᠯᠡᠰ ᠪᠦᠲᠤᠬᠡᠬᠦ ᠤᠬᠢ ᠰᠢᠯᠢᠲᠡᠭ ᠠᠭᠤᠷ ᠠᠮᠢᠰᠬᠤᠯ | ᠢ ᠪᠤᠢ ᠪᠤᠯᠭᠠᠨ᠎ᠠ᠃ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠢᠶᠠᠨ | ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠲᠠᠯᠭ᠎ᠠ ᠶᠢ ᠲᠤᠤᠱᠯᠠᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠪᠠ ︽ᠨᠢᠬᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ | ᠡᠬᠦᠷᠬᠡᠯᠡᠬᠦ︾ ᠶᠢ ᠨᠠᠷᠢᠨ ᠬᠢᠨᠠᠮᠠᠭᠠᠢ ᠨᠠᠶᠢᠲᠠᠪᠤᠷᠢᠵᠢᠭᠤᠯᠵᠤ᠂ ᠤᠯᠠᠨ ᠲᠦᠮᠠᠨ ᠤ ᠠᠰᠢᠭ ᠲᠤᠰᠠ ᠶᠢ ᠬᠤᠬᠢᠷᠠᠭᠤᠯᠬᠤ | ᠲᠦᠪ ᠪᠤᠰᠤ ᠰᠤᠷᠲᠠᠯ ᠪᠠ ᠡᠯ᠎ᠡ ᠲᠦᠷᠤᠯ ᠤᠨ ᠬᠠᠤᠯᠢ ᠰᠠᠬᠢᠯᠭ᠎ᠠ ᠶᠢ ᠵᠦᠷᠢᠴᠡᠬᠦ ᠠᠰᠠᠭᠤᠲᠠᠯ ᠢ ᠡᠷᠡᠰ ᠲᠡᠪᠴᠢᠵᠤ᠂ | ᠲᠦᠪ ᠤᠨ ᠨᠠᠢᠮᠠᠨ ᠵᠤᠷᠪᠤᠰ ᠲᠤᠭᠲᠠᠭᠠᠯ ᠤᠨ ᠵᠤᠷᠢᠭ ᠰᠠᠨᠠᠭ᠎ᠠ ᠪᠠ ᠤᠷᠤᠨ᠂ ᠠᠶᠢᠮᠠᠭ᠂ ᠬᠤᠰᠢᠭᠤᠨ ᠤ ᠪᠦᠷᠢᠨ | ᠲᠦᠬᠦᠷ ᠬᠡᠷᠡᠭᠵᠢᠬᠦᠯᠬᠦ ᠨᠠᠷᠢᠨ ᠲᠦᠷᠢᠮ ᠢ ᠴᠢᠩᠭ᠎ᠠ ᠬᠡᠷᠡᠭᠵᠢᠬᠦᠯᠵᠤ᠂ ᠺᠠᠳ᠋ᠷ ᠨᠢ ᠭᠤᠤᠯᠴᠢ᠂ ᠵᠠᠰᠠᠭ ᠨᠢ ᠴᠢᠬᠡᠴᠢ᠂ | ᠤᠯᠤᠰ ᠲᠦᠷᠤ ᠨᠢ ᠢᠯᠡ ᠳᠤᠳᠤ ᠪᠠᠶᠢᠬᠤ ᠶᠢ ᠠᠬᠢᠭᠤᠯᠤᠨ᠎ᠠ᠃ | ᠲᠦᠯᠤᠬᠡᠯᠡᠭᠴᠢᠳ ᠡ︕ ᠬᠠᠷᠠᠯᠲᠠ ᠡᠬᠦᠷᠬᠡ ᠪᠢᠲᠠᠨ ᠤ ᠡᠷᠡᠮᠡᠬᠡᠶᠢᠯᠡᠨ ᠤᠷᠤᠭᠰᠢᠯᠠᠬᠤ | ᠤᠷᠮ᠎ᠠ ᠵᠤᠷᠢᠭ ᠢ ᠬᠦᠪᠴᠢᠯᠡᠵᠤ᠂ ᠲᠠᠷᠬᠠᠨ ᠬᠠᠷᠢᠭᠤᠴᠠᠯᠭ᠎ᠠ ᠦᠩᠬᠡ ᠬᠡᠷᠡᠯᠲᠠᠢ ᠮᠦᠷᠲᠡᠬᠡᠨ ᠬᠠᠲᠠᠭᠤᠵᠢᠯᠲᠠᠢ | ᠪᠠᠶᠢᠨ᠎ᠠ᠃ ᠪᠢᠲᠠ ᠵᠠᠪᠠᠯ ᠰᠢᠨ᠎ᠡ ᠴᠠᠭ ᠦᠶ᠎ᠡ ᠶᠢᠨ ᠵᠤᠭᠰᠤᠴᠠ ᠠᠴᠠ ᠰᠢᠨ᠎ᠡ ᠦᠵᠡᠯ ᠰᠠᠨᠠᠭ᠎ᠠ ᠶᠢ ᠲᠤᠤᠱᠯᠠᠭᠤᠯᠵᠤ᠂ | ᠰᠢᠨ᠎ᠡ ᠠᠵᠢᠯ ᠦᠢᠯᠡᠰ ᠪᠦᠲᠦᠭᠡᠭᠦ ᠶᠢ ᠡᠷᠬᠢᠮᠯᠡᠬᠦ ᠬᠡᠷᠡᠭᠲᠠᠢ᠃ ᠡᠷᠡᠮᠡᠬᠡᠶᠢᠯᠡᠨ ᠤᠷᠤᠭᠰᠢᠯᠠᠬᠤ ᠡᠷᠴᠢ ᠬᠦᠴᠤ ᠶᠢ | ᠪᠠᠲᠠᠷᠠᠭᠤᠯᠤᠨ᠂ ᠬᠠᠲᠠᠭᠤᠵᠢᠯᠲᠠᠢ ᠠᠵᠢᠯᠯᠠᠨ ᠰᠢᠨᠳᠠᠷᠠᠰᠢ ᠦᠭᠡᠢ ᠵᠤᠷᠢᠭ ᠰᠠᠨᠠᠭ᠎ᠠ ᠪᠠᠷ ᠪᠦᠬᠦ ᠬᠤᠰᠢᠭᠤᠨ ᠤ ᠡᠯ᠎ᠡ | ᠦᠨᠲᠤᠰᠤᠲᠠᠨ ᠤ ᠺᠠᠳ᠋ᠷ ᠤᠯᠠᠨ ᠲᠦᠮᠠᠨ ᠢ ᠪᠦᠯᠬᠦᠮᠲᠠᠬᠦᠯᠤᠨ ᠲᠠᠶᠢᠴᠢᠯᠠᠵᠤ᠂ ᠴᠢᠨᠡᠬᠡᠯᠢᠭ ᠨᠡᠶᠢᠬᠡᠮ ᠢ ᠪᠦᠬᠦ ᠲᠠᠯ᠎ᠠ | ᠪᠠᠷ ᠪᠠᠶᠢᠭᠤᠯᠤᠨ ᠪᠡᠶᠡᠯᠡᠭᠦᠯᠬᠦ ᠰᠢᠢᠳᠪᠦᠷᠢᠲᠤ ᠢᠯᠠᠯᠲᠠ ᠪᠠ ᠠᠷᠠᠳ ᠲᠦᠮᠠᠨ ᠤ ᠵᠤᠯ ᠵᠢᠷᠭᠠᠯᠲᠤ ᠠᠮᠢᠲᠤᠷᠠᠯ ᠤᠨ | ᠬᠦᠰᠡᠯ ᠮᠦᠷᠦᠭᠡᠳᠤᠯ ᠢ ᠪᠡᠶᠡᠯᠡᠬᠦᠯᠬᠦ ᠶᠢᠨ ᠲᠦᠯᠤᠬᠡ ᠦᠷᠬᠦᠯᠵᠢᠯᠡᠨ ᠲᠡᠮᠡᠴᠡᠭᠡᠶᠡ︕ | | | | | | | | | | | | ᠨᠡᠷᠡᠰ ᠤᠨ ᠲᠠᠶᠢᠯᠪᠦᠷᠢ᠄ | ︽ᠲᠦᠷᠪᠡ ᠶᠢ ᠪᠦᠬᠦ ᠲᠠᠯ᠎ᠠ ᠪᠠᠷ︾᠄ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠵᠦ᠂ | ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠦᠨ᠂ ᠪᠦᠬᠦ ᠲᠠᠯ᠎ᠠ ᠪᠠᠷ ᠬᠠᠣᠯᠢ ᠶᠤᠰᠣᠭᠠᠷ ᠣᠯᠣᠰ ᠢᠶᠠᠨ | ᠵᠠᠰᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠃ | ︽ᠲᠠᠪᠤ ᠶᠢ ᠨᠢᠭᠡ ᠴᠣᠭᠴᠠᠵᠢᠭᠤᠯᠬᠤ︾᠄ ᠠᠵᠤ ᠠᠬᠤᠢ ᠶᠢᠨ ᠪᠠᠶᠢᠭᠤᠯᠤᠯᠲᠠ᠂ ᠣᠯᠣᠰ ᠲᠦᠷᠦ ᠶᠢᠨ | ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠤᠯᠪᠠᠰᠣᠨ ᠤ | ᠪᠠᠶᠢᠭᠤᠯᠤᠯᠲᠠ᠃ | ︽ᠭᠤᠷᠪᠠᠨ ᠭᠤᠤᠯᠳᠠᠯᠭ᠎ᠠ ᠨᠢᠭᠡ ᠲᠤᠮᠤ︾᠄ ᠭᠤᠷᠪᠠᠨ ᠭᠤᠤᠯᠳᠠᠯᠭ᠎ᠠ ᠨᠢ ᠭᠤᠤᠯᠳᠠᠯᠭ᠎ᠠ ᠲᠠᠢ ᠠᠰᠭᠤᠳᠠᠯ ᠤᠨ | ᠰᠢᠢᠳᠪᠦᠷᠢᠲᠦ ᠪᠤᠳᠣᠯᠭ᠎ᠠ᠂ ᠭᠤᠤᠯᠯᠠᠭᠴᠢ ᠺᠠᠳ᠋ᠷ ᠢ ᠲᠤᠰᠢᠶᠠᠯ ᠳᠤ ᠲᠡᠪᠰᠢᠭᠦᠯᠬᠦ ᠪᠠ ᠲᠤᠰᠢᠶᠠᠯ ᠠᠴᠠ ᠪᠠᠭᠤᠯᠭᠠᠬᠤ᠂ | ᠭᠤᠤᠯᠳᠠᠯᠭᠠᠳᠣ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠰᠢᠢᠳᠪᠦᠷᠢᠲᠦ ᠪᠤᠳᠣᠯᠭ᠎ᠠ᠃ ᠨᠢᠭᠡ ᠲᠤᠮᠤ ᠨᠢ | ᠲᠤᠮᠤ ᠲᠤᠭᠠᠨ ᠤ ᠪᠡᠯᠡ ᠮᠦᠩᠭᠦᠨ ᠤ ᠬᠡᠷᠡᠭᠯᠡᠯᠲᠡ᠃ | ︽ᠬᠤᠶᠠᠷ ᠲᠤᠭᠤᠷᠢᠭ ᠬᠤᠶᠠᠷ ᠪᠦᠰᠡ︾᠄ ᠬᠤᠶᠠᠷ ᠲᠤᠭᠤᠷᠢᠭ ᠨᠢ ᠬᠤᠯᠠᠨ ᠰᠢᠷᠭ᠎ᠠ ᠶᠢᠨ ᠡᠯᠡᠰᠦᠷᠭᠡᠭ ᠭᠠᠵᠠᠷ | ᠤᠨ ᠰᠢᠯᠢᠳᠡᠭ ᠡᠭᠦᠯᠳᠡᠷ ᠤᠨ ᠮᠢᠬᠠᠨ ᠤ ᠦᠭᠡᠷ ᠢ ᠲᠡᠵᠢᠭᠡᠨ ᠦᠷᠡᠵᠢᠭᠦᠯᠬᠦ ᠲᠤᠭᠤᠷᠢᠭ ᠪᠠ ᠬᠤᠲᠠ ᠪᠠᠯᠭᠠᠰᠣᠨ ᠤ | ᠤᠶᠢᠷ᠎ᠠ ᠬᠠᠪᠢ ᠶᠢᠨ ᠲᠦᠷᠪᠡᠨ ᠭᠠᠴᠠᠭᠠᠨ ᠤ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠤᠭᠤᠷᠢᠭ᠃ ᠬᠤᠶᠠᠷ | ᠪᠦᠰᠨ ᠨᠢ ᠪᠤᠭᠳᠠ ᠶᠢᠨ ᠭᠤᠤᠯ ᠪᠤᠯᠤᠨ ᠪᠠᠶᠠᠨᠲᠠᠯ᠎ᠠ ᠶᠢᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠢ ᠲᠡᠵᠢᠭᠡᠨ | ᠦᠷᠡᠵᠢᠭᠦᠯᠬᠦ ᠪᠦᠰᠡ᠃ | ︽ᠨᠢᠭᠡ ᠨᠡᠷ᠎ᠡ ᠲᠡᠮᠳᠡᠭ ᠲᠦᠷᠪᠡᠨ ᠣᠯᠠᠷᠢᠯ ᠤᠨ ᠨᠠᠶᠢᠷ︾᠄ ᠨᠢᠭᠡ ᠨᠡᠷ᠎ᠡ ᠲᠡᠮᠳᠡᠭ ᠨᠢ ︽ᠲᠤᠷᠭᠠᠨ ᠨᠤᠲᠤᠭ | ᠬᠦᠪᠡᠭᠡᠲᠦ ᠰᠢᠷ᠎ᠠ᠂ ᠠᠰᠣᠷᠤ ᠠᠶᠠᠯᠭᠤ ᠶᠢᠨ ᠦᠯᠦᠭᠡᠢ︾ ᠶᠢᠨ ᠨᠡᠷ᠎ᠡ ᠲᠡᠮᠳᠡᠭ᠃ ᠲᠦᠷᠪᠡᠨ ᠣᠯᠠᠷᠢᠯ ᠤᠨ ᠨᠠᠶᠢᠷ ᠨᠢ | ︽ᠬᠠᠪᠤᠷ ᠤᠨ ᠤᠯᠠᠷᠢᠯ ᠤᠨ ᠪᠡᠶ᠎ᠡ ᠴᠢᠬᠢᠷᠠᠭᠵᠢᠭᠤᠯᠬᠤ ᠨᠠᠶᠢᠷ᠂ ᠵᠤᠨ ᠤ ᠣᠯᠠᠷᠢᠯ ᠤᠨ ᠣᠷᠠᠯᠢᠭ ᠤᠨ ᠨᠠᠶᠢᠷ᠂ | ᠠᠯᠲᠠᠨ ᠨᠠᠮᠣᠷ ᠲᠠᠯ᠎ᠠ ᠨᠤᠲᠤᠭ ᠤᠨ ᠡᠯᠪᠡᠭ ᠬᠤᠷᠢᠶᠠᠯᠲᠠ ᠶᠢᠨ ᠨᠠᠶᠢᠷ᠂ ᠡᠪᠦᠯ ᠤᠨ ᠣᠯᠠᠷᠢᠯ ᠤᠨ ᠴᠠᠭᠠᠨ ᠰᠦᠯᠲᠡ | ᠶᠢᠨ ᠨᠠᠶᠢᠷ︾᠃ | ︽ᠨᠢᠭᠡ ᠬᠦᠷᠢᠶᠡᠯᠡᠩ᠂ ᠬᠤᠶᠠᠷ ᠪᠦᠰᠨ᠂ ᠭᠤᠷᠪᠠᠨ ᠭᠤᠯᠳᠣ᠂ ᠲᠠᠪᠤᠨ ᠬᠦᠨᠳᠠᠯᠡᠨ︾᠄ ᠨᠢᠭᠡ ᠬᠦᠷᠢᠶᠡᠯᠡᠩ ᠨᠢ | ᠠᠰᠣᠷᠤ ᠠᠮᠢ ᠠᠬᠤᠢ ᠵᠠᠩ ᠦᠢᠯᠡ ᠶᠢᠨ ᠬᠦᠷᠢᠶᠡᠯᠡᠩ᠃ ᠬᠤᠶᠠᠷ ᠪᠦᠰᠡ ᠨᠢ ᠬᠤᠲᠠ ᠪᠠᠯᠭᠠᠰᠣ᠂ ᠬᠤᠲᠠ ᠶᠢᠨ | ᠶᠠᠪᠤᠳᠠᠯ ᠤᠨ ᠵᠠᠮ ᠵᠡᠭᠡᠯᠢ ᠢᠵᠢ ᠲᠦᠭᠦᠭᠡᠷᠦᠮᠵᠢ ᠶᠢ ᠦᠭᠡᠷᠡᠴᠢᠯᠡᠵᠦ ᠦᠷᠭᠡᠳᠬᠡᠨ ᠪᠠᠶᠢᠭᠤᠯᠬᠤ ᠢᠨᠵᠧᠨᠧᠷᠢᠩ ᠪᠠ | ᠰᠢᠨᠡᠪᠤᠯᠠᠭ ᠪᠠᠯᠭᠠᠰᠣᠨ ᠤ ᠬᠤᠲᠠ ᠪᠠᠯᠭᠠᠰᠣ ᠶᠢᠨ ᠵᠠᠮ ᠵᠡᠭᠡᠯᠢ ᠶᠢᠨ ᠦᠵᠡᠮᠵᠢ ᠶᠢᠨ ᠢᠨᠵᠧᠨᠧᠷᠢᠩ᠃ ᠭᠤᠷᠪᠠᠨ | ᠭᠤᠯᠳᠣ ᠨᠢ ᠪᠤᠭᠳᠠ ᠵᠠᠮ᠂ ᠬᠦᠭᠵᠢᠯ ᠵᠠᠮ᠂ ᠡᠩᠬᠡ ᠵᠠᠮ᠃ ᠲᠠᠪᠤᠨ ᠬᠦᠨᠳᠡᠯᠡᠨ ᠨᠢ ᠨᠠᠷᠠᠨ ᠵᠡᠭᠡᠯᠢ᠂ ᠪᠠᠶᠠᠨ ᠵᠡᠭᠡᠯᠢ᠂ | ᠰᠢᠨᠡᠪᠤᠯᠠᠭ ᠵᠡᠭᠡᠯᠢ᠂ ᠣᠩᠭᠤᠨ ᠵᠡᠭᠡᠯᠢ᠂ ᠬᠤᠩᠭᠤᠷ ᠵᠡᠭᠡᠯᠢ᠃ |