ᠬᠦᠪᠡᠭᠡᠲᠦ ᠰᠢᠷ᠎ᠠ ᠬᠤᠰᠢᠭᠤᠨ ᠤ 2018 ᠤᠨ ᠤ ᠬᠠᠪᠤᠷ ᠤᠨ ᠣᠯᠠᠷᠢᠯ ᠤᠨ ᠪᠡᠯᠴᠢᠭᠡᠷ ᠰᠡᠷᠭᠦᠭᠡᠭᠦ ᠠᠵᠢᠯ ᠤᠨ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2018-03-08
              ᠲᠠᠯ᠎ᠠ ᠨᠤᠲᠤᠭ ᠤᠨ ᠠᠮᠢ ᠠᠬᠤᠢ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠵᠦᠢ ᠵᠤᠬᠢᠰᠲᠠᠢ ᠎ ᠪᠠᠷ ᠬᠠᠮᠠᠭᠠᠯᠠᠵᠤ ᠠᠰᠢᠭᠯᠠᠬᠤ ᠶᠢᠨ ᠲᠦᠯᠦᠭᠡ᠂ ᠪᠦᠬᠦ ᠠᠶᠢᠮᠠᠭ ᠤᠨ ᠨᠢᠭᠡᠲᠦᠯᠲᠡᠢ ᠪᠠᠶᠢᠷᠢᠯᠠᠭᠤᠯᠤᠯᠲᠠ ᠶᠤᠰᠣᠭᠠᠷ᠂ ᠮᠠᠨ ᠤ ᠬᠤᠰᠢᠭᠤ ᠨᠢ2018 ᠤᠨ ᠤ ᠬᠠᠪᠤᠷ ᠶᠢᠨ ᠣᠯᠠᠷᠢᠯ ᠤᠨ ᠡᠪᠡᠰᠦ ᠪᠡᠯᠴᠢᠭᠡᠷ ᠨᠤᠭᠤᠭᠠᠷᠠᠬᠤ ᠬᠤᠭᠤᠴᠠᠭᠠᠨ ᠎ ᠳᠤ᠂ ᠪᠦᠬᠦ ᠬᠤᠰᠢᠭᠤᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠣᠷᠣᠨ ᠲᠤᠭᠤᠷᠢᠭ ᠲᠤ ᠪᠡᠯᠴᠢᠭᠡᠷ ᠰᠡᠷᠭᠦᠭᠡᠭᠦ ᠠᠵᠢᠯ ᠶᠢ ᠦᠷᠨᠢᠭᠦᠯᠬᠦ ᠪᠠᠷ ᠲᠤᠭᠲᠠᠪᠠ᠃ ᠬᠤᠯᠪᠤᠭᠳᠠᠯ ᠪᠦᠬᠦᠢ ᠠᠭᠤᠯᠭ᠎ᠠ ᠶᠢ ᠲᠤᠤᠷᠠᠬᠢ ᠮᠠᠲᠦ ᠵᠠᠷᠯᠠᠨ ᠨᠡᠶᠢᠲᠡᠯᠡᠶ᠎ᠡ᠄               ᠨᠢᠭᠡ᠂ ᠪᠡᠯᠴᠢᠭᠡᠷ ᠰᠡᠷᠭᠦᠭᠡᠭᠦ ᠬᠤᠭᠤᠴᠠᠭ᠎ᠠ᠄ 2018 ᠤᠨ ᠤ4 ᠰᠠᠷ᠎ᠠ ᠶᠢᠨ1᠎ ᠤ ᠡᠳᠦᠷ ᠠᠴᠠ 2018 ᠤᠨ ᠤ 4 ᠰᠠᠷ᠎ᠠ ᠶᠢᠨ30᠎ ᠤ ᠡᠳᠦᠷ ᠪᠤᠯᠲᠠᠯ᠎ᠠ30 ᠡᠳᠦᠷ᠃               ᠬᠤᠶᠠᠷ᠂ ᠪᠡᠯᠴᠢᠭᠡᠷ ᠰᠡᠷᠭᠦᠭᠡᠭᠦ ᠬᠡᠪᠴᠢᠶ᠎ᠡ᠄ ᠪᠠᠶᠠᠨᠲᠠᠯ᠎ᠠ ᠪᠠᠯᠭᠠᠰᠣ᠂ ᠣᠩᠭᠤᠨ ᠠᠭᠤᠯᠠ ᠰᠣᠮᠣ᠂ ᠪᠤᠭᠳᠠ ᠶᠢᠨ ᠭᠤᠤᠯ ᠰᠣᠮᠣᠨ ᠤ ᠡᠯ᠎ᠡ ᠭᠠᠴᠠᠭᠠᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠣᠷᠣᠨ ᠲᠤᠭᠤᠷᠢᠭ ᠲᠤ ᠬᠡᠷᠡᠭᠵᠢᠭᠦᠯᠦᠨ᠎ᠡ᠃               ᠭᠤᠷᠪᠠ᠂ ᠪᠡᠯᠴᠢᠭᠡᠷ ᠰᠡᠷᠭᠦᠭᠡᠭᠦ ᠨᠦᠬᠦᠪᠦᠷᠢ ᠶᠢᠨ ᠪᠠᠷᠢᠮᠵᠢᠶ᠎ᠠ᠄ ᠪᠡᠯᠴᠢᠭᠡᠷ ᠰᠡᠷᠭᠦᠭᠡᠭᠦ ᠨᠦᠬᠦᠪᠦᠷᠢ ᠶᠢ ᠮᠦ ᠪᠦᠷᠢ ᠳᠤ 0.75 ᠲᠦᠭᠦᠷᠢᠭ ᠤᠨ ᠪᠠᠷᠢᠮᠵᠢᠶ᠎ᠠ ᠪᠠᠷ ᠣᠯᠭᠤᠵᠤ᠂ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ︽ᠪᠦᠷᠢᠨ ᠴᠢᠳᠠᠪᠬᠢᠲᠦ ᠺᠠᠷᠲ︾᠎ ᠪᠠᠷ ᠨᠦᠬᠦᠪᠦᠷᠢ ᠲᠠᠷᠬᠠᠭᠠᠨ᠎ᠠ᠃               ᠳᠦᠷᠪᠡ᠂ ᠬᠠᠮᠢᠶ᠎ᠠ ᠪᠦᠬᠦᠢ ᠱᠠᠭᠠᠷᠳᠠᠯᠭ᠎ᠠ᠄ ᠪᠡᠯᠴᠢᠭᠡᠷ ᠰᠡᠷᠭᠦᠭᠡᠭᠦ ᠬᠤᠭᠤᠴᠠᠭᠠᠨ ᠳᠤ ᠪᠡᠯᠴᠢᠭᠡᠷ ᠰᠡᠷᠭᠦᠭᠡᠭᠦ ᠲᠦᠷᠢᠮ ᠢ ᠴᠢᠩᠭ᠎ᠠ ᠬᠡᠷᠡᠭᠵᠢᠭᠦᠯᠦᠨ᠎ᠡ᠃ ᠪᠡᠯᠴᠢᠭᠡᠷ ᠰᠡᠷᠭᠦᠭᠡᠭᠦ ᠣᠷᠣᠨ ᠲᠤᠭᠤᠷᠢᠭ ᠳᠠᠬᠢ ᠮᠠᠯᠴᠢᠨ ᠡᠷᠦᠬᠡ ᠨᠢ ᠪᠡᠯᠡᠳᠭᠡᠯ ᠠᠵᠢᠯ ᠢᠶᠠᠨ ᠣᠷᠢᠳᠴᠢᠯᠠᠨ ᠰᠠᠶᠢᠲᠦᠷ ᠬᠢᠵᠦ᠂ ᠳᠡᠭᠡᠲᠦ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠪᠣᠯᠣᠨ ᠰᠣᠮᠣ ᠪᠠᠯᠭᠠᠰᠣ᠂ ᠭᠠᠴᠠᠭᠠᠨ ᠤ ᠬᠢᠨᠠᠯᠲᠠ ᠬᠠᠮᠢᠶᠠᠷᠤᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ ᠮᠠᠯ ᠢᠶᠠᠨ ᠣᠰᠣᠯᠠᠬᠤ ᠪᠠ ᠲᠡᠵᠢᠭᠡᠬᠦ ᠨᠡᠷ᠎ᠡ ᠪᠠᠷ ᠮᠠᠯ ᠢᠶᠠᠨ ᠪᠡᠯᠴᠢᠭᠡᠷᠯᠡᠭᠦᠯᠬᠦ ᠶᠢ ᠴᠠᠭᠠᠵᠠᠯᠠᠨ᠎ᠠ᠃ ᠡᠯ᠎ᠡ ᠰᠣᠮᠣ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ ᠨᠢ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠮᠠᠯᠴᠢᠳ ᠶᠢᠨ ᠮᠠᠯ ᠣᠨᠤᠭ᠎ᠠ ᠪᠠᠨ ᠪᠦᠬᠦᠨ ᠢ ᠬᠠᠰᠢᠶᠠᠯᠠᠨ ᠲᠡᠵᠢᠭᠡᠬᠦ ᠶᠢ ᠱᠠᠭᠠᠷᠳᠠᠨ᠎ᠠ᠃ ᠬᠤᠰᠢᠭᠤ ᠣᠢ ᠰᠢᠭᠤᠢ ᠶᠢᠨ ᠰᠠᠯᠠᠭ᠎ᠠ ᠮᠦᠴᠢᠷ ᠪᠤᠯᠤᠨ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ ᠶᠢᠨ ᠬᠢᠨᠠᠨ ᠬᠠᠮᠢᠶᠠᠷᠣᠯᠲᠠ ᠶᠢᠨ ᠰᠠᠯᠠᠭ᠎ᠠ ᠮᠦᠴᠢᠷ ᠨᠢ ᠨᠡᠶᠢᠲᠡ ᠶᠢᠨ ᠠᠰᠢᠭᠲᠣ ᠣᠢ ᠰᠢᠭᠤᠢ ᠶᠢᠨ ᠣᠷᠣᠨ ᠪᠠ ᠨᠤᠲᠤᠭ ᠪᠡᠯᠴᠢᠭᠡᠷ ᠶᠢ ᠬᠠᠮᠠᠭᠠᠯᠠᠬᠤ ᠠᠵᠢᠯ ᠤᠨ ᠬᠠᠤᠯᠢ ᠬᠡᠷᠡᠭᠵᠢᠭᠦᠯᠦᠨ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠲᠦᠷᠢᠮ ᠲᠤᠭᠲᠠᠭᠠᠯ ᠶᠢ ᠵᠦᠷᠢᠴᠡᠨ ᠪᠡᠯᠴᠢᠭᠡᠷᠯᠡᠭᠦᠯᠦᠭᠰᠡᠨ ᠠᠵᠢᠯᠯᠠᠭ᠎ᠠ ᠳᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠦᠷᠢᠮ ᠤᠨ ᠲᠤᠭᠲᠠᠭᠠᠯ ᠶᠤᠰᠣᠭᠠᠷ ᠴᠢᠩᠭ᠎ᠠ ᠴᠣᠬᠢᠯᠲᠠ ᠦᠭᠭᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠦᠴᠢᠷ ᠨᠢ ᠮᠠᠯ ᠶᠢᠨ ᠭᠡᠮ ᠬᠢᠵᠢᠭ ᠢ ᠣᠷᠢᠳᠴᠢᠯᠠᠨ ᠰᠡᠷᠭᠡᠶᠢᠯᠡᠨ ᠵᠠᠰᠠᠬᠤ ᠵᠢᠴᠢ ᠬᠠᠰᠢᠶᠠᠯᠠᠵᠤ ᠲᠡᠵᠢᠭᠡᠬᠦ ᠮᠡᠷᠭᠡᠵᠢᠯ ᠤᠨ ᠵᠢᠯᠤᠭᠤᠳᠣᠯᠭ᠎ᠠ ᠪᠠ ᠦᠢᠯᠡᠴᠢᠯᠡᠭᠡ ᠶᠢ ᠬᠠᠩᠭᠠᠵᠤ᠂ ᠣᠰᠣᠨ ᠠᠰᠢᠭᠯᠠᠯᠲᠠ ᠶᠢᠨ ᠰᠠᠯᠠᠭ᠎ᠠ ᠮᠦᠴᠢᠷ ᠨᠢ ᠮᠠᠯ ᠰᠦᠷᠦᠭ ᠤᠨ ᠣᠰᠣ ᠣᠮᠳᠠ ᠶᠢᠨ ᠠᠰᠠᠭᠤᠳᠠᠯ ᠢ ᠪᠠᠲᠤᠯᠠᠬᠤ ᠠᠵᠢᠯ ᠢ ᠬᠠᠷᠢᠭᠤᠴᠠᠨ᠎ᠠ᠃               ᠪᠡᠯᠴᠢᠭᠡᠷ ᠰᠡᠷᠭᠦᠭᠡᠭᠦ ᠬᠤᠭᠤᠴᠠᠭᠠᠨ ᠳᠤ ᠬᠤᠰᠢᠭᠤ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ ᠶᠢᠨ ᠬᠢᠨᠠᠨ ᠬᠠᠮᠢᠶᠠᠷᠬᠤ ᠲᠤᠪᠴᠢᠶᠠᠨ ᠳᠤ ᠢᠯᠡᠴᠢᠯᠡᠨ ᠮᠡᠳᠡᠭᠦᠯᠬᠦ ᠣᠲᠠᠰᠣ ᠲᠤᠬᠢᠷᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠠᠴᠠ ᠬᠢᠨᠡᠯᠲᠡ ᠲᠠᠯᠪᠢᠵᠤ᠂ ᠲᠦᠷᠢᠮ ᠠᠴᠠ ᠵᠦᠷᠢᠴᠡᠨ ᠪᠡᠯᠴᠢᠭᠡᠷᠯᠡᠭᠦᠯᠬᠦ ᠶᠢ ᠢᠳᠡᠪᠬᠢᠲᠡᠢ ᠪᠠᠷ ᠢᠯᠡᠴᠢᠯᠡᠨ ᠮᠠᠳᠡᠭᠦᠯᠬᠦ ᠶᠢ ᠬᠦᠰᠡᠶ᠎ᠡ᠃                           24ᠴᠠᠭ ᠤᠨ ᠢᠯᠡᠴᠢᠯᠡᠨ ᠮᠠᠳᠡᠭᠦᠯᠬᠦ ᠣᠲᠠᠰᠣ᠄ 6220019                                     ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ                                                2018ᠤᠨ ᠤ2 ᠰᠠᠷ᠎ᠠ ᠶᠢᠨ28᠎ ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号