ᠢᠳᠡᠭᠡᠨ ᠤᠮᠳᠠᠭᠠᠨ ᠪᠤᠯ ᠡᠭᠡᠯᠢᠯᠡᠬᠦ ᠴᠢᠳᠠᠯ ᠢ ᠰᠠᠶᠢᠵᠢᠷᠠᠭᠤᠯᠬᠤ ᠴᠢᠬᠤᠯᠠ ᠬᠠᠪᠰᠤᠷᠤᠭᠴᠢ ᠮᠦᠨ᠃ | ᠠᠮᠢᠳᠤᠷᠠᠯ ᠤᠨ ᠲᠤᠮᠳᠠ᠂ ᠤᠯᠠᠨ ᠢᠶᠠᠷ ᠢᠶᠠᠨ ᠲᠤᠤᠷᠡᠬᠢ ᠴᠢᠬᠤᠯᠠ ᠰᠢᠮ᠎ᠠ ᠲᠡᠵᠢᠭᠡᠯ ᠤᠨ ᠡᠳ᠋ ᠢ ᠢᠯᠡᠬᠦᠭᠡᠨ | ᠰᠢᠩᠭᠡᠭᠡᠬᠦ ᠶᠢ ᠤᠨᠴᠠᠭᠠᠶᠢᠯᠠᠨ ᠠᠩᠬᠠᠷᠪᠠᠯ ᠵᠤᠬᠢᠨ᠎ᠠ᠃ | ᠤᠭᠤᠷᠠᠭ ᠪᠤᠯ ᠡᠰᠡᠷᠬᠦᠴᠡᠭᠴᠢ ᠶᠢ ᠪᠤᠢ ᠪᠤᠯᠭᠠᠬᠤ《ᠰᠠᠭᠤᠷᠢᠯᠠᠭᠴᠢ》 ᠮᠦᠨ᠃ ᠬᠥᠮᠤᠨ ᠤ ᠪᠡᠶ᠎ᠡ | ᠭᠠᠳᠠᠭᠠᠳᠤ ᠤᠷᠴᠢᠨ ᠲᠠᠢ ᠲᠡᠮᠡᠴᠡᠯᠳᠤᠵᠤ ᠡᠭᠡᠯᠢᠯᠡᠬᠦ ᠴᠢᠳᠠᠯ ᠢᠶᠠᠨ ᠬᠠᠮᠠᠭᠠᠯᠠᠬᠤ ᠶᠠᠪᠤᠴᠠ ᠳᠤ ᠡᠰᠡᠷᠬᠦᠴᠡᠭᠴᠢ ᠪᠤᠯ | ᠲᠤᠳᠠᠭᠳᠠᠵᠤ ᠪᠤᠯᠤᠰᠢ ᠦᠭᠡᠢ ᠵᠡᠪᠰᠡᠭ ᠮᠦᠨ᠃ ᠤᠭᠤᠷᠠᠭ ᠪᠤᠯ ᠡᠰᠡᠷᠬᠦᠴᠡᠭᠴᠢ ᠶᠢ ᠪᠤᠢ ᠪᠤᠯᠭᠠᠬᠤ ᠰᠠᠭᠤᠷᠢ | ᠮᠦᠨ᠂ ᠤᠭᠤᠷᠠᠭ ᠲᠤᠳᠠᠭᠳᠠᠪᠠᠯ ᠡᠰᠡᠷᠬᠦᠴᠡᠭᠴᠢ ᠶᠢᠨ ᠨᠡᠶᠢᠯᠡᠯ ᠢ ᠰᠢᠭᠤᠳ ᠨᠦᠯᠤᠭᠡᠯᠡᠳᠡᠭ᠂ ᠡᠨᠡ ᠨᠢ ᠶᠠᠭ | ᠪᠠᠶᠢᠯᠳᠤᠬᠤ ᠳᠠᠭᠠᠨ ᠫᠤᠤ ᠵᠡᠪᠰᠡᠭ ᠦᠭᠡᠢ ᠲᠠᠢ ᠠᠳᠠᠯᠢ ᠶᠤᠮ᠃ ᠤᠭᠤᠷᠠᠭ ᠡᠯᠪᠡᠭ ᠠᠭᠤᠯᠤᠬᠳᠠᠬᠤ ᠢᠳᠡᠭᠡᠨ | ᠮᠠᠰᠢ ᠤᠯᠠᠨ ᠪᠠᠶᠢᠳᠠᠭ᠂ ᠦᠨᠢᠶᠡᠨ ᠰᠦ᠂ ᠲᠠᠬᠢᠶᠠᠨ ᠦᠨᠳᠡᠭᠡ᠂ ᠬᠠᠷ᠎ᠠ ᠮᠢᠬ᠎ᠠ᠂ ᠰᠢᠷ᠎ᠠ ᠪᠤᠷᠴᠠᠭ ᠵᠡᠷᠭᠡ ᠳᠤ ᠴᠦᠮ | ᠴᠢᠨᠠᠷ ᠰᠠᠶᠢᠳᠠᠢ ᠤᠭᠤᠷᠠᠭ ᠡᠯᠪᠡᠭ ᠠᠭᠤᠯᠤᠭᠳᠠᠵᠤ ᠪᠠᠶᠢᠳᠠᠭ᠃ | ᠸᠢᠲ᠋ᠠᠮᠢᠨ C ᠪᠤᠯ ᠡᠰᠡᠷᠬᠦᠴᠡᠭᠴᠢ ᠶᠢ ᠪᠤᠢ ᠪᠤᠯᠭᠠᠬᠤ《ᠲᠦᠷᠭᠡᠳᠭᠡᠬᠦᠷ》 ᠮᠦᠨ᠃ ᠢᠰᠤᠯᠳᠤᠬᠦ ᠶᠢ | ᠲᠠᠭᠠᠭᠠᠬᠤ ᠪᠤᠳᠡᠰ ᠸᠢᠲ᠋ᠠᠮᠢᠨ C ᠨᠢ ᠭᠠᠳᠠᠭᠠᠳᠤ ᠤᠷᠴᠢᠨ ᠤ ᠬᠥᠮᠤᠨ ᠤ ᠪᠡᠶ᠎ᠡ ᠶᠢᠨ ᠡᠰ ᠤᠨ ᠲᠡᠩᠴᠡᠬᠦᠷᠢᠰᠢᠯ ᠳᠤ | ᠦᠵᠡᠬᠦᠯᠬᠦ ᠬᠠᠷᠰᠢᠯᠠᠯ ᠢ ᠪᠠᠭᠠᠰᠬᠠᠵᠤ᠂ ᠡᠰᠡᠷᠬᠦᠴᠡᠭᠴᠢ ᠶᠢᠨ ᠪᠤᠢ ᠪᠤᠯᠬᠤ ᠶᠢ ᠠᠬᠢᠭᠤᠯᠤᠨ᠂ ᠭᠡᠪ ᠤᠨ ᠡᠭᠡᠯᠢᠯᠡᠬᠦ | ᠴᠢᠳᠠᠯ ᠢ ᠬᠠᠮᠠᠭᠠᠯᠠᠳᠠᠭ᠃ ᠰᠢᠨ᠎ᠠ ᠰᠤᠷᠭᠤᠭ ᠵᠢᠮᠢᠰ ᠨᠤᠭᠤᠭ᠎ᠠ ᠳᠤ ᠸᠢᠲ᠋ᠠᠮᠢᠨ C ᠪᠠᠶᠠᠯᠢᠭ ᠠᠭᠤᠯᠤᠭᠳᠠᠵᠤ | ᠪᠠᠶᠢᠳᠠᠭ᠂ ᠵᠢᠱᠢᠶᠡᠯᠡᠪᠡᠯ ᠢᠳᠡᠰᠢᠨ ᠨᠤᠭᠤᠭ᠎ᠠ ᠳᠠᠬᠢ ᠨᠤᠭᠤᠭᠠᠨ ᠴᠡᠴᠡᠭᠳᠤ ᠴᠠᠭᠠᠨ ᠨᠤᠭᠤᠭ᠎ᠠ᠂ ᠴᠠᠭᠠᠨ ᠨᠤᠭᠤᠭ᠎ᠠ᠂ | ᠲᠦᠪᠡᠳ ᠬᠠᠰᠢ ᠵᠡᠷᠭᠡ ᠳᠤ ᠸᠢᠲ᠋ᠠᠮᠢᠨ C ᠴᠦᠮ ᠨᠡᠯᠢᠶᠡᠳ ᠠᠷᠪᠢᠨ ᠠᠭᠤᠯᠤᠬᠳᠠᠵᠤ ᠪᠠᠶᠢᠳᠠᠭ︔ ᠵᠢᠮᠢᠰ ᠳᠠᠬᠢ | ᠲᠤᠯᠤᠨᠤ᠂ ᠲᠤᠰᠢᠯᠤᠭ᠂ ᠭᠠᠳᠢᠷ᠎ᠠ᠂ ᠬᠥᠵᠡᠯᠵᠡᠭᠡᠨ᠎ᠠ ᠵᠡᠷᠭᠡ ᠳᠤ ᠪᠠᠰᠠ ᠸᠢᠲ᠋ᠠᠮᠢᠨ C ᠨᠡᠯᠢᠶᠡᠳ ᠠᠷᠪᠢᠨ | ᠠᠭᠤᠯᠤᠬᠳᠠᠵᠤ ᠪᠠᠶᠢᠨ᠎ᠠ᠃ ᠭᠡᠬᠦ ᠳᠡᠭᠡᠨ ᠠᠩᠬᠠᠷᠬᠤ ᠴᠢᠬᠤᠯᠠᠳᠠᠢ ᠵᠦᠢᠯ ᠭᠡᠪᠡᠯ᠂ ᠸᠢᠲ᠋ᠠᠮᠢᠨ C ᠨᠢ ᠮᠠᠰᠢ ᠬᠡᠪᠡᠷᠡᠭ | ᠪᠤᠯᠬᠤᠷ ᠤᠷᠳᠤ ᠬᠤᠭᠤᠴᠠᠭ᠎ᠠ ᠪᠠᠷ ᠬᠠᠯᠠᠭᠠᠪᠠᠯ ᠠᠮᠠᠷᠬᠠᠨ ᠡᠪᠳᠡᠭᠳᠡᠳᠡᠭ᠂ ᠡᠶᠢᠮᠤ ᠠᠴᠠ ᠬᠠᠭᠤᠷᠴᠤ ᠬᠠᠭᠠᠷᠢᠬᠤ | ᠳᠠᠭᠠᠨ ᠤᠰᠤ ᠪᠠᠷ ᠪᠤᠷᠤᠯᠠᠭᠤᠯᠵᠤ᠂ ᠲᠦᠷᠭᠡᠨ ᠬᠠᠭᠤᠷᠪᠠᠯ ᠬᠠᠮᠤᠭ ᠤᠨ ᠰᠠᠶᠢᠨ᠃ | ᠸᠢᠲ᠋ᠠᠮᠢᠨ A ᠪᠤᠯ ᠨᠢᠭᠡᠳᠤᠭᠡᠷ ᠰᠡᠷᠭᠡᠶᠢᠯᠡᠯᠳᠡ ᠶᠢᠨ ᠱᠤᠭᠤᠮ ᠤᠨ《ᠪᠠᠳᠤᠯᠠᠨ | ᠬᠠᠮᠠᠭᠠᠯᠠᠭᠴᠢ》 ᠮᠦᠨ᠃ ᠸᠢᠲ᠋ᠠᠮᠢᠨ A ᠲᠤᠳᠠᠭᠳᠠᠪᠠᠯ ᠠᠮᠠᠷᠬᠠᠨ ᠢᠶᠠᠷ ᠠᠮᠢᠰᠬᠤᠯ ᠤᠨ ᠵᠠᠮ ᠤᠨ ᠰᠠᠯᠢᠰᠤᠳᠤ | ᠪᠦᠷᠬᠦᠪᠴᠢ ᠲᠡᠭᠡᠷᠡᠬᠢ ᠠᠷᠠᠰᠤᠨ ᠤ ᠡᠰ ᠢ ᠠᠪᠴᠢᠭᠤᠯᠵᠤ᠂ ᠰᠤᠷᠮᠤᠤᠰᠤᠯᠢᠭ ᠦᠰᠤ ᠶᠢᠨ ᠬᠡᠮᠵᠢᠶ᠎ᠡ ᠶᠢ | ᠪᠠᠭᠠᠰᠬᠠᠳᠠᠭ᠂ ᠢᠩᠬᠢᠪᠡᠯ ᠬᠥᠮᠤᠨ ᠤ ᠪᠡᠶ᠎ᠡ ᠶᠢᠨ ᠭᠠᠳᠠᠭᠠᠳᠤ ᠤᠷᠴᠢᠨ ᠠᠴᠠ ᠰᠡᠷᠭᠡᠶᠢᠯᠡᠬᠦ ᠨᠢᠭᠡᠳᠤᠭᠡᠷ | ᠰᠡᠷᠭᠡᠶᠢᠯᠡᠯᠳᠡ ᠶᠢᠨ ᠱᠤᠭᠤᠮ ᠨᠢ ᠰᠠᠶᠢᠨ ᠠᠵᠢᠯᠯᠠᠵᠤ ᠴᠢᠳᠠᠬᠤ ᠦᠭᠡᠢ ᠪᠤᠯᠬᠤ ᠶᠢᠨ ᠤᠯᠠᠮ ᠠᠴᠠ ᠡᠪᠡᠳᠴᠢᠨ ᠤ | ᠪᠠᠺᠲ᠋ᠧᠷᠢ ᠪᠡᠶ᠎ᠡ ᠳᠤ ᠬᠠᠯᠳᠠᠪᠤᠷᠢᠯᠠᠳᠠᠭ᠃ ᠸᠢᠲ᠋ᠠᠮᠢᠨ A ᠨᠢ ᠠᠮᠢᠳᠡᠡ ᠤ ᠪᠡᠶ᠎ᠡ ᠳᠤ ᠠᠷᠪᠢᠨ ᠠᠭᠤᠯᠤᠭᠳᠠᠳᠠᠭ᠂ | ᠵᠢᠱᠢᠶᠡᠯᠡᠪᠠᠯ ᠠᠮᠢᠳᠠᠨ ᠤ ᠡᠯᠢᠭᠡ᠂ ᠵᠢᠭᠠᠰᠤᠨ ᠡᠯᠢᠭᠡᠨ ᠤ ᠲᠤᠰᠤ ᠳᠤ ᠠᠷᠪᠢᠨ ᠠᠭᠤᠯᠤᠭᠳᠠᠳᠠᠭ᠃ ᠸᠢᠲ᠋ᠠᠮᠢᠨ A ᠶᠢᠨ | ᠤᠷᠭᠤᠮᠠᠯ ᠳᠠᠬᠢ ᠠᠭᠤᠯᠤᠭᠳᠠᠬᠤᠨ ᠨᠢ ᠲᠡᠬᠦᠨ ᠤ ᠦᠩᠭᠡ ᠲᠠᠢ ᠵᠤᠬᠢᠬᠤ ᠬᠤᠯᠪᠤᠭ᠎ᠠ ᠲᠠᠢ ᠪᠠᠶᠢᠳᠠᠭ᠂ ᠶᠡᠷᠤ ᠳᠡᠭᠡᠨ | ᠤᠯᠠᠪᠳᠤᠷ ᠰᠢᠷ᠎ᠠ ᠦᠩᠭᠡ ᠪᠤᠶᠤ ᠬᠠᠷᠠᠪᠳᠤᠷ ᠨᠤᠭᠤᠭᠠᠨ ᠦᠩᠭᠡ ᠲᠠᠢ ᠨᠤᠭᠤᠭ᠎ᠠ ᠵᠢᠮᠢᠰ ︵ᠰᠢᠷ᠎ᠠ ᠯᠤᠤᠪᠠᠩ᠂ | ᠯᠠᠩᠭᠤᠸᠠ᠂ ᠨᠤᠭᠤᠭᠠᠨ ᠴᠡᠴᠡᠭᠳᠤ ᠴᠠᠭᠠᠨ ᠨᠤᠭᠤᠭ᠎ᠠ᠂ ᠦᠷᠭᠡᠰᠤᠳᠤ ᠨᠤᠭᠤᠭ᠎ᠠ︶ ᠤᠨ ᠬᠠᠩᠭᠠᠬᠤ β ᠰᠢᠷ᠎ᠠ | ᠯᠤᠤᠪᠠᠩ ᠤᠨ ᠡᠳ᠋ ᠨᠢ ᠬᠥᠮᠤᠨ ᠤ ᠪᠡᠶ᠎ᠡ ᠳᠤ ᠸᠢᠲ᠋ᠠᠮᠢᠨ ᠪᠤᠯᠵᠤ ᠬᠤᠪᠢᠷᠠᠳᠠᠭ᠃ | ᠴᠠᠶᠢᠷ ᠪᠤᠯ ᠡᠭᠡᠯᠢᠯᠡᠬᠦ ᠴᠢᠳᠠᠯ ᠢ ᠲᠤᠬᠢᠷᠠᠭᠤᠯᠬᠤ《ᠰᠠᠶᠢᠨ ᠬᠠᠪᠰᠤᠷᠤᠭᠴᠢ》 ᠮᠦᠨ᠃ ᠴᠠᠶᠢᠷ ᠪᠤᠯ | ᠬᠥᠮᠤᠨ ᠤ ᠪᠡᠶ᠎ᠡ ᠳᠠᠬᠢ 100 ᠭᠠᠷᠤᠢ ᠵᠦᠢᠯ ᠤᠨ ᠢᠰᠭᠡᠬᠦᠷ ᠤᠨ ᠪᠦᠷᠢᠯᠳᠤᠬᠦᠨ ᠭᠡᠰᠢᠬᠦᠨ ᠮᠦᠨ᠂ ᠢᠯᠠᠩᠭᠤᠶ᠎ᠠ | ᠡᠭᠡᠯᠢᠯᠡᠬᠦ ᠰᠢᠰᠲ᠋ᠧᠮ ᠤᠨ ᠪᠤᠶᠢᠵᠢᠯᠳᠠ ᠪᠠ ᠬᠡᠪ ᠤᠨ ᠡᠭᠡᠯᠢᠯᠡᠬᠦ ᠴᠢᠳᠠᠮᠵᠢ ᠪᠠᠨ ᠪᠠᠳᠤᠯᠠᠬᠤ ᠳᠤ | ᠤᠮᠳᠤᠭᠠᠶᠢᠯᠠᠵᠤ ᠪᠤᠯᠤᠰᠢ ᠦᠭᠡᠢ ᠦᠢᠯᠡᠳᠤᠯ ᠦᠵᠡᠬᠦᠯᠳᠡᠭ᠃ ᠴᠠᠶᠢᠷ ᠡᠯᠪᠡᠭ ᠠᠭᠤᠯᠤᠭᠳᠠᠳᠠᠭ ᠢᠳᠡᠭᠡᠨ ᠤ | ᠵᠦᠢᠯ ᠳᠤ ᠭᠤᠤᠯᠳᠠᠭᠤ ᠬᠤᠶᠠᠷ ᠶᠡᠭᠡ ᠲᠦᠷᠤᠯ ᠪᠤᠢ᠄ ᠲᠠᠯᠠᠢ ᠶᠢᠨ ᠭᠠᠷᠤᠯᠳᠠ ᠳᠠᠬᠢ ᠬᠢᠰᠤᠭ᠎ᠠ ᠶᠢᠨ ᠵᠦᠢᠯ ᠪᠠ | ᠮᠦᠬᠦ ᠶᠢᠨ ᠲᠦᠷᠤᠯ᠂ ᠡᠬᠦᠨ ᠠᠴᠠ ᠭᠠᠳᠠᠨ᠎ᠠ ᠠᠮᠢᠳᠠᠨ ᠤ ᠡᠯᠢᠭᠡ᠂ ᠬᠠᠷ᠎ᠠ ᠮᠢᠬ᠎ᠠ᠂ ᠬᠠᠭᠠᠷᠬᠠᠢ ᠬᠤᠰᠢᠭ᠎ᠠ ᠵᠡᠷᠭᠡ | ᠢᠳᠡᠭᠡᠨ ᠳᠤ ᠪᠠᠰᠠ ᠨᠡᠯᠢᠶᠡᠳ ᠡᠯᠪᠡᠭ ᠠᠭᠤᠯᠤᠭᠳᠠᠵᠤ ᠪᠠᠶᠢᠳᠠᠭ᠃ | ᠲᠡᠮᠤᠷ ᠪᠤᠯ ᠡᠰᠡᠷᠬᠦᠴᠡᠭᠴᠢ ᠶᠢ ᠪᠤᠢ ᠪᠤᠯᠭᠠᠬᠤ ᠬᠥᠴᠤᠳᠠᠢ ᠲᠦᠰᠢᠭ ᠮᠦᠨ᠃ ᠲᠡᠮᠤᠷ ᠲᠤᠳᠠᠭᠳᠠᠪᠠᠯ | ᠡᠭᠡᠯᠢᠯᠡᠭᠡ ᠶᠢᠨ ᠡᠰ ᠤᠨ ᠲᠤᠭ᠎ᠠ ᠶᠢ ᠪᠠᠭᠠᠰᠬᠠᠬᠤ ᠶᠢᠨ ᠤᠯᠠᠮ ᠠᠴᠠ ᠡᠰᠡᠷᠬᠦᠴᠡᠭᠴᠢ ᠶᠢᠨ ᠪᠤᠢ ᠪᠤᠯᠬᠤ ᠶᠢ | ᠨᠦᠯᠤᠭᠡᠯᠡᠵᠤ᠂ ᠡᠭᠡᠯᠢᠯᠡᠭᠡ ᠶᠢᠨ ᠲᠤᠰᠬᠠᠯ ᠢ ᠲᠤᠳᠠᠭᠤ ᠲᠤᠷᠭᠤᠨ ᠪᠤᠯᠭᠠᠳᠠᠭ᠃ ᠡᠶᠢᠮᠤ ᠠᠴᠠ ᠠᠮᠢᠳᠠᠨ ᠤ ᠡᠯᠢᠭᠡ᠂ | ᠠᠮᠢᠳᠠᠨ ᠤ ᠴᠢᠰᠤ᠂ ᠮᠢᠬ᠎ᠠ ︵ᠭᠠᠭ᠋ᠠᠢ ᠶᠢᠨ ᠬᠠᠷ᠎ᠠ ᠮᠢᠬ᠎ᠠ᠂ ᠦᠭᠡᠷ ᠤᠨ ᠮᠢᠬ᠎ᠠ᠂ ᠬᠤᠨᠢᠨ ᠮᠢᠬ᠎ᠠ︶ ᠵᠡᠷᠭᠡ ᠲᠡᠮᠤᠷ | ᠡᠯᠪᠡᠭ ᠠᠭᠤᠯᠤᠭᠳᠠᠬᠤ ᠢᠳᠡᠭᠡᠨ ᠢ ᠵᠤᠬᠢᠰᠳᠠᠢ ᠪᠠᠷ ᠢᠯᠡᠬᠦᠤ ᠰᠢᠭ ᠢᠳᠡᠵᠤ ᠪᠤᠯᠤᠨ᠎ᠠ᠃ ᠲᠡᠮᠤᠷ | ᠨᠦᠬᠦᠪᠤᠷᠢᠯᠡᠬᠦ ᠳᠤ ᠪᠠᠰᠠ ᠨᠢᠭᠡᠨ ᠠᠷᠭ᠎ᠠ ᠲᠡᠮ ᠪᠤᠢ᠄ ᠸᠢᠲ᠋ᠠᠮᠢᠨ C ᠨᠢ ᠲᠡᠮᠤᠷ ᠰᠢᠩᠭᠡᠭᠡᠬᠦ ᠶᠢ ᠠᠬᠢᠭᠤᠯᠬᠤ | ᠤᠴᠢᠷ ᠠᠴᠠ ᠲᠡᠮᠤᠷ ᠡᠯᠪᠡᠭ ᠠᠭᠤᠯᠤᠭᠳᠠᠬᠤ ᠢᠳᠡᠭᠡᠨ ᠢᠳᠡᠬᠦ ᠳᠡᠭᠡᠨ᠂ ᠸᠢᠲ᠋ᠠᠮᠢᠨ C ᠡᠯᠪᠡᠭ ᠠᠭᠤᠯᠤᠭᠳᠠᠬᠤ | ᠢᠳᠡᠭᠡᠨ ᠢ ᠬᠠᠪᠰᠤᠷᠭᠠᠪᠠᠯ ᠬᠠᠷᠢᠯᠴᠠᠨ ᠲᠤᠰᠠᠯᠠᠬᠤ ᠦᠢᠯᠡᠳᠤᠯ ᠢ ᠭᠠᠷᠭᠠᠵᠤ ᠴᠢᠳᠠᠨ᠎ᠠ᠃ |