ᠮᠠᠯᠴᠢᠨ ᠲᠠᠷᠢᠶᠠᠴᠢᠨ  ᠡᠪᠡᠳᠴᠢᠲᠡᠨ ᠶᠡᠭᠡ ᠡᠮᠨᠡᠯᠭᠡ ᠶᠢᠨ ᠬᠤᠷᠢᠶ᠎ᠠ ᠶᠢᠨ ᠲᠣᠰᠬᠠᠢ ᠮᠡᠷᠭᠡᠵᠢᠯᠲᠡᠨ ᠤ ᠡᠮᠴᠢᠯᠡᠭᠡ ᠶᠢ ᠬᠠᠶᠠᠭᠠᠨ ᠳᠤ ᠪᠠᠨ  ᠡᠳ᠋ᠯᠡᠬᠦ ᠪᠤᠯᠤᠯ᠎ᠠ
ᠨᠡᠶᠢᠲᠡᠯᠡᠭᠰᠡᠨ ᠴᠠᠭ᠄
2018/5/14
         5 ᠰᠠᠷ᠎ᠠ ᠶᠢᠨ8 ᠤ ᠡᠲᠦᠷ᠂ ᠥᠪᠦᠷ ᠮᠣᠩᠭᠤᠯ ᠤᠨ ᠡᠮᠨᠡᠯᠭᠡ ᠶᠢᠨ ᠬᠤᠷᠢᠶ᠎ᠠ ᠪᠣᠯᠣᠨ ᠰᠥᠨᠢᠳ ᠪᠠᠷᠠᠭᠤᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠯᠤᠭ᠎ᠠ ᠲᠣᠰᠬᠠᠢ ᠰᠠᠯᠠᠭᠠᠨ ᠤ ᠬᠤᠯᠪᠣᠭ᠎ᠠ ᠶᠢᠨ ᠡᠮᠨᠡᠯᠭᠡ   ᠶᠢᠨ  ᠬᠤᠯᠪᠣᠭᠠᠲᠣ  ᠴᠣᠭᠴᠠ ᠶᠢᠨ ᠭᠡᠷ᠎ᠡ ᠳᠣᠭᠲᠠᠵᠣ ᠡᠷᠦᠬᠡ ᠰᠡᠬᠦᠭᠰᠡᠨ ᠶᠣᠰᠣᠯᠠᠯ ᠬᠢᠵᠡᠢ᠂ ᠲᠣᠰ  ᠣᠳᠠᠭ᠎ᠠ   ᠶᠢᠨ  ᠲᠣᠰᠠᠯᠠᠨ  ᠳᠡᠮᠵᠢᠭᠰᠡᠨ  4  ᠲᠣᠰᠬᠠᠢ ᠮᠡᠷᠭᠡᠵᠢᠯᠲᠡᠨ ᠣᠷᠲᠣ ᠬᠤᠭᠤᠴᠠᠭ᠎ᠠ ᠪᠠᠷ ᠰᠦᠨᠢᠳ ᠪᠠᠷᠠᠭᠤᠨ ᠬᠤᠰᠢᠭᠤᠨ  ᠤ ᠠᠷᠠᠳ ᠤᠨ ᠡᠮᠨᠡᠯᠭᠡ ᠳᠤ ᠰᠠᠭᠤᠵᠣ  ᠠᠵᠢᠯᠯᠠᠨ᠎ᠠ᠂ ᠥᠷᠭᠡᠨ ᠣᠯᠠᠨ ᠮᠠᠯᠴᠢᠨ ᠲᠠᠷᠢᠶᠠᠴᠢᠨ ᠡᠪᠡᠳᠴᠢᠲᠡᠨ ᠶᠡᠭᠡ ᠡᠮᠨᠡᠯᠭᠡ ᠶᠢᠨ ᠬᠤᠷᠢᠶᠠᠨ ᠤ ᠲᠣᠰᠬᠠᠢ ᠮᠡᠷᠭᠡᠵᠢᠯᠲᠡᠨ ᠤ ᠡᠮᠴᠢᠯᠡᠭᠡ ᠶᠢ ᠬᠠᠶᠠᠭᠠᠨ ᠳᠤ ᠪᠠᠨ ᠡᠳ᠋ᠯᠡᠬᠦ ᠪᠣᠯᠣᠨ᠎ᠠ᠃                  5 ᠰᠠᠷ᠎ᠠ ᠶᠢᠨ8 ᠳᠤ᠂ ᠥᠪᠦᠷ ᠮᠣᠩᠭᠤᠯ ᠤᠨ ᠡᠮᠨᠡᠯᠭᠡ ᠶᠢᠨ ᠬᠤᠷᠢᠶ᠎ᠡ ᠶᠢᠨ ᠰᠢᠭᠡᠰᠦ ᠢᠯᠭᠠᠷᠠᠭᠤᠯᠬᠤ ᠰᠢᠰᠲ᠋ᠧᠮ ᠤᠨ ᠭᠠᠳᠠᠷ ᠰᠠᠯᠠᠭ᠎ᠠ᠂ ᠮᠡᠳᠡᠷᠡᠯ ᠤᠨ ᠰᠢᠰᠲ᠋ᠧᠮ ᠤᠨ ᠭᠠᠳᠠᠷ ᠰᠠᠯᠠᠭ᠎ᠠ᠂ ᠮᠡᠳᠡᠷᠡᠯ ᠤᠨ ᠰᠢᠰᠲ᠋ᠧᠮ ᠤᠨ ᠳᠣᠲᠣᠷ ᠰᠠᠯᠠᠭ᠎ᠠ᠂ ᠪᠦᠭᠡᠷᠡᠨ ᠤ ᠲᠣᠳᠣᠷ ᠰᠠᠯᠠᠭ᠎ᠠ ᠪᠣᠯᠣᠨ ᠰᠥᠨᠢᠳ ᠪᠠᠷᠠᠭᠤᠨ ᠬᠤᠰᠢᠭᠤᠨ ᠤ ᠠᠷᠠᠳ ᠤᠨ ᠡᠮᠨᠡᠯᠭᠡ  ᠶᠢᠨ ᠬᠤᠷᠢᠶ᠎ᠠ ᠯᠤᠭ᠎ᠠ ᠲᠣᠰᠬᠠᠢ ᠰᠠᠯᠠᠭᠠᠨ ᠤ ᠬᠤᠯᠪᠣᠭ᠎ᠠ ᠶᠢᠨ ᠡᠮᠨᠡᠯᠭᠡ ᠶᠢᠨ ᠬᠤᠯᠪᠣᠭᠠᠲᠣ ᠴᠣᠭᠴᠠ ᠶᠢᠨ  ᠭᠡᠷ᠎ᠡ  ᠳᠣᠭᠲᠠᠵᠣ  ᠡᠷᠦᠬᠡ  ᠰᠡᠭᠦᠭᠦ  ᠶᠣᠰᠣᠯᠠᠯ  ᠬᠢᠪᠡ᠂  ᠲᠣᠰ ᠣᠳᠠᠭᠠᠨ ᠤ ᠢᠷᠡᠭᠰᠡᠨ4 ᠰᠠᠯᠠᠭᠠᠨ ᠤ 4 ᠲᠣᠰᠬᠠᠢ ᠮᠡᠷᠭᠡᠵᠢᠯᠲᠡᠨ ᠣᠷᠲᠣ ᠬᠤᠭᠤᠴᠠᠭ᠎ᠠ ᠪᠠᠷ ᠰᠥᠨᠢᠳ ᠪᠠᠷᠠᠭᠤᠨ  ᠬᠤᠰᠢᠭᠤᠨ ᠤ ᠠᠷᠠᠳ ᠤᠨ ᠡᠮᠨᠡᠯᠭᠡ ᠳᠤ ᠰᠠᠭᠤᠵᠣ ᠠᠵᠢᠯᠯᠠᠨ᠂ ᠲᠣᠰᠠᠯᠠᠨ ᠳᠡᠮᠵᠢᠬᠦ ᠡᠮᠨᠡᠯᠭᠡ ᠶᠢᠨ ᠬᠤᠷᠢᠶᠠᠨ   ᠤ  ᠡᠮᠴᠢᠯᠡᠭᠡ   ᠶᠢᠨ  ᠴᠢᠨᠠᠷ ᠴᠢᠨᠰᠠᠭ᠎ᠠ᠂ ᠬᠠᠮᠢᠶᠠᠷᠣᠯᠲᠠ  ᠶᠢᠨ ᠲᠦᠪᠰᠢᠨ᠂ ᠡᠮᠴᠢᠯᠡᠭᠡ ᠶᠢᠨ ᠦᠢᠯᠡᠴᠢᠯᠡᠭᠡ ᠶᠢᠨ ᠴᠢᠳᠠᠪᠣᠷᠢ ᠪᠠ ᠲᠥᠭᠡᠮᠡᠯ ᠴᠢᠨᠠᠷ   ᠢ  ᠠᠳᠠᠯᠢ ᠪᠣᠰᠣ ᠬᠡᠮᠵᠢᠶ᠎ᠡ  ᠪᠠᠷ ᠳᠡᠭᠡᠭᠰᠢᠯᠡᠬᠦᠯᠵᠦ᠂ ᠶᠠᠳᠠᠭᠤ ᠬᠦᠴᠢᠷᠲᠠᠢ ᠬᠤᠰᠢᠭᠤ ᠰᠢᠶᠠᠨ ᠤ ᠰᠠᠭᠤᠭᠠᠯᠢ ᠠᠷᠠᠳ ᠲᠤ ᠦᠷ᠎ᠡ ᠪᠦᠲᠦᠮᠵᠢᠲᠡᠢ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠬᠤ ᠪᠠᠷ ᠴᠢᠷᠮᠠᠶᠢᠨ᠎ᠠ᠃                  ᠲᠠᠨᠢᠯᠴᠠᠭᠤᠯᠣᠭᠰᠠᠨ ᠢᠶᠠᠷ᠂ ᠥᠪᠦᠷ ᠮᠣᠩᠭᠤᠯ ᠤᠨ ᠡᠮᠨᠡᠯᠭᠡ ᠶᠢᠨ ᠬᠤᠷᠢᠶ᠎ᠠ2016 ᠣᠨ ᠤ7 ᠰᠠᠷ᠎ᠠ  ᠳᠤ ᠰᠥᠨᠢᠳ ᠪᠠᠷᠠᠭᠤᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠯᠤᠭ᠎ᠠ ᠠᠵᠢᠯ  ᠲᠦᠷᠦᠯ   ᠢᠶᠠᠷ  ᠶᠠᠳᠠᠭᠤ   ᠶᠢ  ᠳᠡᠳᠬᠦᠬᠦ  ᠭᠡᠷ᠎ᠡ ᠳᠣᠭᠲᠠᠵᠣ᠂ ᠵᠢᠯ ᠪᠦᠷᠢ ᠲᠣᠰ ᠲᠣᠰ2 ᠪᠦᠯᠦᠭ᠂4 ᠠᠴᠠ6 ᠲᠣᠰᠬᠠᠢ ᠮᠡᠷᠭᠡᠵᠢᠯᠲᠡᠨ ᠲᠣᠮᠢᠯᠠᠨ ᠬᠠᠭᠠᠰ ᠵᠢᠯ ᠤᠨ  ᠬᠤᠭᠤᠴᠠᠭ᠎ᠠ ᠲᠠᠢ ᠶᠠᠳᠠᠭᠤ ᠶᠢ ᠳᠡᠳᠬᠦᠬᠦ ᠠᠵᠢᠯ ᠥᠷᠨᠢᠬᠦᠯᠵᠦ᠂ ᠲᠣᠰᠬᠠᠢ ᠰᠠᠯᠠᠭᠠᠨ ᠤ ᠡᠮᠨᠡᠯᠭᠡ ᠶᠢᠨ ᠬᠤᠯᠪᠣᠭᠠᠲᠣ ᠴᠣᠭᠴᠠ ᠶᠢᠨ ᠬᠠᠷᠢᠴᠠᠭ᠎ᠠ ᠪᠠᠶᠢᠭᠤᠯᠬᠤ ᠪᠠ ᠠᠵᠢᠯ ᠲᠦᠷᠦᠯ ᠢᠶᠠᠷ ᠳᠡᠮᠵᠢᠯᠭᠡ ᠶᠢᠨ ᠲᠥᠷᠦᠯ ᠵᠦᠢᠯ ᠢ ᠥᠷᠨᠢᠬᠦᠯᠬᠦ ᠪᠠᠷ ᠰᠥᠨᠢᠳ ᠪᠠᠷᠠᠭᠤᠨ ᠬᠤᠰᠢᠭᠤᠨ   ᠤ ᠠᠷᠠᠳ ᠤᠨ ᠡᠮᠨᠡᠯᠭᠡ ᠶᠢᠨ ᠬᠤᠷᠢᠶᠠᠨ ᠤ ᠰᠢᠨ᠎ᠡ ᠮᠡᠷᠭᠡᠵᠢᠯ᠂ ᠰᠢᠨ᠎ᠡ ᠠᠵᠢᠯ ᠲᠥᠷᠦᠯ ᠥᠷᠨᠢᠬᠦᠯᠬᠦ ᠶᠢ ᠳᠡᠮᠵᠢᠨ ᠳᠡᠳᠬᠦᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号