ᠰᠢᠯᠢ ᠶᠢᠨ ᠭᠤᠤᠯ ᠤᠨ ᠲᠠᠯ᠎ᠠ ᠨᠤᠳᠤᠭ ᠤᠨ ᠭᠠᠯᠳᠦ ᠠᠭᠤᠯᠠ ᠶᠢᠨ ᠭᠠᠵᠠᠷ  ᠵᠦᠢ ᠶᠢᠨ ᠴᠡᠴᠡᠷᠯᠢᠭ ᠤᠯᠤᠰ ᠤᠨ ᠭᠠᠵᠠᠷ ᠵᠦᠢ ᠶᠢᠨ ᠴᠡᠴᠡᠷᠯᠢᠭ ᠤᠨ ᠬᠢᠷᠢ  ᠭᠡᠮ ᠢ ᠣᠯᠪᠠ
ᠨᠡᠶᠢᠲᠡᠯᠡᠭᠰᠡᠨ ᠴᠠᠭ᠄
2018/5/14
          ᠤᠷᠴᠢᠮᠬᠠᠨ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠶᠠᠮᠤᠨ ᠤ ᠠᠯᠪᠠᠨ ᠲᠢᠩᠭᠢᠮ ᠠᠴᠠ ᠰᠢᠯᠢ ᠶᠢᠨ ᠭᠤᠤᠯ ᠤᠨ ᠲᠠᠯ᠎ᠠ ᠨᠤᠳᠤᠭ ᠤᠨ ᠭᠠᠯᠳᠦ ᠠᠭᠤᠯᠠ ᠶᠢᠨ ᠭᠠᠵᠠᠷ ᠵᠦᠢ ᠶᠢᠨ ᠴᠡᠴᠡᠷᠯᠢᠭ ᠵᠡᠷᠭᠡ 31 ᠭᠠᠵᠠᠷ ᠲᠤ᠂ ᠤᠯᠤᠰ ᠤᠨ  ᠭᠠᠵᠠᠷ ᠵᠦᠢ ᠶᠢᠨ ᠴᠡᠴᠡᠷᠯᠢᠭ ᠤᠨ ᠬᠢᠷᠢ ᠭᠡᠮ ᠤᠯᠭᠤᠬᠰᠡᠨ ᠪᠢᠴᠢᠭ ᠮᠠᠲ᠋ᠧᠷᠢᠶᠠᠯ ᠪᠠᠭᠤᠯᠭᠠᠬᠰᠡᠨ ᠪᠠᠶᠢᠨ᠎ᠠ᠃                   ᠰᠢᠯᠢ ᠶᠢᠨ ᠬᠤᠳᠠ ᠶᠢᠨ ᠰᠢᠷᠡᠭᠡᠳᠦ ᠠᠭᠤᠯᠠ ︵平顶山︶ ᠭᠠᠯᠳᠤ ᠠᠭᠤᠯᠠ ᠶᠢᠨ ᠰᠦᠷᠦᠭ  ᠪᠣᠯ  ᠰᠢᠯᠢ   ᠶᠢᠨ ᠬᠤᠳᠠ ᠠᠴᠠ ᠡᠮᠦᠨᠡᠰᠢ 31 ᠺᠢᠯᠤᠮᠧᠲᠷ ᠤᠨ ᠵᠠᠢ ᠳᠠᠬᠢ 207 ᠤᠯᠤᠰ ᠤᠨ ᠵᠠᠮ ᠤᠨ  ᠬᠠᠪᠢ   ᠶᠢᠨ  ᠪᠢᠯᠢᠭ  ᠮᠠᠯᠵᠢᠯ   ᠤᠨ ᠲᠠᠯᠠᠪᠠᠢ ᠳᠤ ᠪᠠᠶᠢᠷᠢᠰᠢᠵᠦ ᠪᠠᠶᠢᠳᠠᠭ᠃ ᠳᠤᠰ ᠴᠡᠴᠡᠷᠯᠢᠭ ᠨᠢ 2012 ᠤᠨ ᠳᠤ ᠤᠷᠤᠨ ᠤ ᠳᠡᠰ   ᠤᠨ  ᠭᠠᠵᠠᠷ  ᠵᠦᠢ   ᠶᠢᠨ ᠴᠡᠴᠡᠷᠯᠢᠭ ᠢᠶᠠᠷ ᠨᠡᠷᠡᠶᠢᠳᠦᠭᠳᠡᠵᠦ᠂ 2013 ᠤᠨ ᠳᠤ ᠫᠠᠶᠢᠰᠠ ᠢᠯᠡᠷᠬᠡᠶᠢᠯᠡᠯ ᠢᠶᠠᠨ ᠡᠯᠭᠦᠵᠦ᠂ 2017 ᠤᠨ   ᠳᠤ  ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠶᠠᠮᠤᠨ  ᠠᠴᠠ ︽ᠤᠯᠤᠰ ᠤᠨ ᠭᠠᠵᠠᠷ  ᠰᠢᠷᠤᠢ  ᠡᠬᠢ  ᠪᠠᠶᠠᠯᠢᠭ   ᠤᠨ  ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠰᠠᠭᠤᠷᠢᠨ ᠭᠠᠵᠠᠷ︾ ᠢᠶᠠᠷ ᠳᠤᠬᠳᠠᠭᠠᠪᠠ᠃ ᠰᠢᠯᠢ ᠶᠢᠨ ᠭᠤᠤᠯ ᠤᠨ ᠲᠠᠯ᠎ᠠ  ᠨᠤᠳᠤᠭ   ᠤᠨ  ᠭᠠᠯᠳᠦ ᠠᠭᠤᠯᠠ ᠶᠢᠨ ᠭᠠᠵᠠᠷ ᠵᠦᠢ  ᠶᠢᠨ ᠴᠡᠴᠡᠷᠯᠢᠭ ᠪᠣᠯ᠂ ᠤᠳᠤᠬᠠᠨ ᠤ ᠤᠯᠤᠰ ᠤᠨ ᠳᠤᠳᠤᠭᠠᠳᠤᠬᠢ ᠴᠤᠷ   ᠤᠨ  ᠭᠠᠭᠴᠠ  ᠭᠠᠯᠳᠦ ᠠᠭᠤᠯᠠ ᠶᠢᠨ ᠭᠠᠵᠠᠷ ᠵᠦᠢ   ᠶᠢᠨ  ᠭᠠᠳᠠᠷᠭᠤ  ᠪᠤᠯᠤᠨ  ᠰᠦᠷᠯᠢᠭ  ᠰᠠᠶᠢᠬᠠᠨ  ᠲᠠᠯ᠎ᠠ  ᠨᠤᠳᠤᠭ   ᠤᠨ  ᠦᠵᠡᠮᠵᠢ   ᠢ  ᠨᠢᠭᠡ ᠴᠤᠬᠴᠠᠵᠢᠭᠤᠯᠤᠬᠰᠡᠨ ᠲᠦᠷᠪᠡᠳᠡᠭᠴᠢ ᠭᠠᠯᠠᠪ ᠶᠢᠨ ᠭᠠᠯᠳᠦ ᠠᠭᠤᠯᠠ ᠶᠢᠨ ᠰᠦᠷᠦᠭ ᠤᠨ ᠭᠠᠳᠠᠷᠭᠤ   ᠶᠢᠨ  ᠦᠵᠡᠮᠵᠢ  ᠪᠤᠯᠵᠦ᠂ ᠭᠠᠯᠳᠦ ᠠᠭᠤᠯᠠ ᠶᠢᠨ ᠭᠠᠵᠠᠷ ᠵᠦᠢ ᠶᠢᠨ ᠪᠠᠭᠤᠷᠢ ᠶᠢᠨ ᠦᠵᠡᠮᠵᠢ ᠪᠠᠷ ᠭᠤᠤᠯᠳᠠᠭᠤᠯᠤᠬᠰᠡᠨ᠂ ᠵᠤᠭᠠᠴᠠᠯ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ᠂ ᠪᠠᠭᠤᠷᠢ ᠶᠢᠨ ᠬᠠᠮᠠᠭᠠᠯᠠᠯᠳᠠ ᠶᠢ  ᠬᠠᠮᠳᠤᠷᠠᠭᠤᠯᠤᠬᠰᠡᠨ  ᠶᠡᠷᠦᠩᠭᠡᠶᠢᠯᠡᠭᠰᠡᠨ  ᠴᠢᠨᠠᠷᠳᠠᠢ  ᠭᠠᠵᠠᠷ  ᠵᠦᠢ   ᠶᠢᠨ ᠴᠡᠴᠡᠷᠯᠢᠭ ᠪᠤᠯᠤᠨ᠎ᠠ᠃ ( ᠴᠢᠷᠮ᠎ᠠ)
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号