ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠢᠯᠡᠳᠭᠡᠯ ᠳᠤ ︽ᠭᠠᠵᠠᠷ ᠰᠢᠷᠤᠢ ᠶᠢᠨ | ᠲᠠᠭᠠᠭᠠᠴᠢᠯᠠᠯᠳᠠ ᠶᠢᠨ ᠬᠠᠷᠢᠴᠠᠭ᠎ᠠ ᠶᠢ ᠲᠤᠬᠳᠠᠪᠤᠷᠢᠳᠠᠢ ᠪᠠᠶᠢᠯᠭᠠᠵᠤ᠂ ᠣᠷᠳᠣ ᠬᠤᠭᠤᠴᠠᠭ᠎ᠠ ᠪᠠᠷ ᠦᠯᠤ | ᠬᠤᠪᠢᠷᠠᠭᠤᠯᠬᠤ ᠶᠢ ᠪᠠᠳᠤᠯᠠᠠ᠂ ᠬᠤᠶᠠᠳᠤᠭᠠᠷ ᠡᠭᠡᠯᠵᠢ ᠶᠢᠨ ᠭᠠᠵᠠᠷ ᠰᠢᠷᠤᠢ ᠶᠢᠨ ᠲᠠᠭᠠᠭᠠᠴᠢᠯᠠᠯᠳᠠ ᠶᠢᠨ | ᠬᠤᠭᠤᠴᠠᠭ᠎ᠠ ᠨᠢ ᠲᠤᠯᠤᠭᠰᠠᠨ ᠤ ᠲᠠᠷᠠᠭ᠎ᠠ ᠲᠠᠬᠢᠠ ᠭᠤᠴᠢᠨ ᠵᠢᠯ ᠤᠷᠳᠤᠳᠬᠠᠨ᠎ᠠ︾ ᠭᠡᠵᠤ ᠲᠤᠷᠠᠳᠤᠨ | ᠭᠠᠷᠭᠠᠵᠠᠢ᠃ ᠡᠨᠡ ᠵᠢᠯ ᠤᠨ ᠪᠦᠬᠦ ᠣᠯᠣᠰ ᠤᠨ ᠬᠤᠶᠠᠷ ᠬᠤᠷᠠᠯ ᠤᠨ ︽ᠵᠠᠰᠠᠭ ᠤᠨ ᠤᠷᠳᠤᠨ ᠤ ᠠᠵᠢᠯ ᠤᠨ | ᠢᠯᠡᠳᠭᠡᠯ︾ ᠳᠤ ᠡᠨᠡᠬᠦ ᠲᠦᠷᠤ ᠶᠢᠨ ᠪᠤᠳᠤᠯᠭ᠎ᠠ ᠶᠢ ᠪᠤᠳᠠᠳᠠᠢ ᠨᠠᠶᠢᠳᠠᠪᠤᠷᠢᠵᠢᠭᠤᠯᠬᠤ ᠬᠡᠷᠡᠭᠳᠠᠢ︾ ᠭᠡᠵᠤ ᠲᠤᠳᠤᠷᠬᠠᠢ | ᠲᠤᠬᠳᠠᠭᠠᠵᠠᠢ᠃ | ᠲᠦᠷᠤ ᠶᠢᠨ ᠶᠠᠪᠤᠳᠠᠯ ᠤᠨ ᠬᠤᠷᠢᠶᠠᠨ ᠤ ᠬᠥᠭᠵᠢᠬᠦᠯᠤᠯᠳᠡ ᠶᠢᠨ ᠰᠤᠳᠤᠯᠭᠠᠨ ᠤ ᠲᠦᠪ ᠤᠨ | ᠬᠥᠳᠡᠭᠡ ᠲᠤᠰᠬᠤᠨ ᠤ ᠠᠵᠤ ᠠᠬᠤᠢ ᠶᠢᠨ ᠰᠤᠳᠤᠯᠭᠠᠨ ᠤ ᠬᠡᠯᠳᠡᠰ ᠤᠨ ᠲᠠᠷᠤᠭ᠎ᠠ ᠶᠧ ᠰᠢᠩ ᠴᠢᠩ᠄ | ︽ᠡᠨᠡᠬᠦ ᠲᠦᠷᠤ ᠶᠢᠨ ᠪᠤᠳᠤᠯᠭ᠎ᠠ ᠶᠢᠨ ᠲᠤᠬᠢᠷᠠᠭᠤᠯᠤᠯᠳᠡ ᠨᠢ ᠲᠤᠬᠳᠠᠪᠤᠷᠢᠳᠠᠢ ᠪᠠᠶᠢᠯᠭᠠᠬᠤ ᠶᠢ ᠢᠯᠡᠷᠡᠬᠦᠯᠦᠭᠰᠡᠨ | ᠪᠦᠬᠡᠳ ᠠᠮᠢᠳᠤᠯᠢᠭ ᠪᠠᠶᠢᠯᠭᠠᠬᠤ ᠶᠢ ᠴᠦ ᠢᠯᠡᠷᠡᠬᠦᠯᠵᠠᠢ︾ ᠭᠡᠰᠡᠨ ᠪᠠᠶᠢᠨ᠎ᠠ᠃ | ᠦᠭᠡᠷᠡᠴᠢᠯᠠᠯᠳᠠ ᠨᠡᠭᠡᠭᠡᠯᠳᠡ ᠬᠢᠭᠰᠡᠨ ᠠᠴᠠ ᠨᠠᠰᠢ᠂ ᠮᠠᠨ ᠤ ᠤᠯᠤᠰ ᠤᠨ ᠭᠠᠵᠠᠷ ᠰᠢᠷᠤᠢ ᠶᠢᠨ | ᠲᠠᠭᠠᠭᠠᠴᠢᠯᠠᠯᠳᠠ ᠬᠤᠶᠠᠷ ᠡᠭᠡᠯᠵᠢ ᠶᠢ ᠦᠩᠭᠡᠷᠡᠬᠦᠯᠵᠠᠢ᠃ ᠬᠤᠶᠠᠳᠤᠭᠠᠷ ᠡᠭᠡᠯᠵᠢ ᠶᠢᠨ ᠲᠠᠭᠠᠭᠠᠴᠢᠯᠠᠯᠳᠠ ᠶᠢᠨ | ᠬᠤᠭᠤᠴᠠᠭ᠎ᠠ ᠨᠢ ᠲᠤᠯᠤᠭᠰᠠᠨ ᠤ ᠲᠠᠷᠠᠭ᠎ᠠ ᠲᠠᠬᠢᠠ 30 ᠵᠢᠯ ᠤᠷᠳᠤᠳᠬᠠᠬᠤ ᠨᠢ ᠬᠥᠳᠡᠭᠡ ᠲᠤᠰᠬᠤᠨ ᠤ | ᠭᠠᠵᠠᠷ ᠰᠢᠷᠤᠢ ᠶᠢᠨ ᠲᠠᠭᠠᠭᠠᠴᠢᠯᠠᠯᠳᠠ ᠶᠢᠨ ᠬᠠᠷᠢᠴᠠᠭ᠎ᠠ ᠶᠢ 75 ᠵᠢᠯ ᠲᠤᠬᠳᠠᠪᠤᠷᠢᠳᠠᠢ ᠪᠠᠶᠢᠯᠭᠠᠬᠤ ᠪᠤᠯᠤᠨ᠎ᠠ᠃ | ᠶᠧ ᠰᠢᠩ ᠴᠢᠩ ᠬᠡᠯᠡᠬᠦ ᠳᠡᠭᠡᠨ᠄ ︽ᠡᠨᠡ ᠨᠢ ᠭᠠᠵᠠᠷ ᠰᠢᠷᠤᠢ ᠶᠢᠨ ᠲᠠᠭᠠᠭᠠᠴᠢᠯᠠᠯᠳᠠ ᠶᠢᠨ ᠬᠠᠷᠢᠴᠠᠭ᠎ᠠ ᠶᠢ | ᠲᠤᠬᠳᠠᠪᠤᠷᠢᠳᠠᠢ ᠪᠠᠶᠢᠯᠭᠠᠵᠤ᠂ ᠤᠷᠳᠤ ᠬᠤᠭᠤᠴᠠᠭ᠎ᠠ ᠪᠠᠷ ᠦᠯᠤ ᠬᠤᠪᠢᠷᠠᠭᠤᠯᠬᠤ ᠶᠢ ᠪᠠᠳᠤᠯᠠᠬᠤ ᠶᠢ | ᠬᠥᠢᠴᠡᠳ ᠬᠠᠷᠠᠭᠤᠯᠵᠤ ᠪᠠᠶᠢᠭ᠎ᠠ ᠪᠦᠭᠡᠳ ᠭᠠᠵᠠᠷ ᠰᠢᠷᠤᠢ ᠲᠠᠭᠠᠭᠠᠴᠢᠯᠠᠭᠰᠠᠨ ᠡᠩ ᠤᠨ ᠲᠠᠷᠢᠶᠠᠴᠢᠨ ᠡᠷᠤᠭᠡ | ᠪᠤᠯᠤᠨ ᠲᠠᠭᠠᠭᠠᠴᠢᠯᠠᠭᠰᠠᠨ ᠭᠠᠵᠠᠷ ᠰᠢᠷᠤᠢ ᠶᠢᠨ ᠡᠷᠬᠡ ᠪᠠᠨ ᠰᠢᠯᠵᠢᠬᠦᠯᠬᠦ ᠰᠢᠨ᠎ᠠ ᠮᠠᠶ᠋ᠢᠭ ᠤᠨ | ᠲᠠᠷᠢᠶᠠᠯᠡᠩ ᠤᠨ ᠡᠵᠡᠩᠨᠡᠯᠳᠡ ᠶᠢᠨ ᠭᠤᠤᠯ ᠴᠤᠭᠴᠠ ᠳᠤ ᠠᠪᠴᠤ ᠬᠡᠯᠡᠪᠡᠯ ᠲᠤᠬᠳᠠᠪᠤᠷᠢᠵᠢᠭᠤᠯᠬᠤ ᠦᠢᠯᠡᠳᠤᠯ ᠲᠠᠢ︾ | ᠭᠡᠯᠡ᠃ | ᠰᠢᠨ᠎ᠠ ᠪᠠᠷ ᠨᠡᠮᠡᠭᠳᠡᠭᠰᠡᠨ ᠬᠥᠮᠤᠨ ᠠᠮᠠ ᠲᠠᠬᠢᠵᠤ ᠭᠠᠵᠠᠷ ᠰᠢᠷᠤᠢ ᠬᠤᠪᠢᠶᠠᠨ ᠤᠯᠵᠤ ᠴᠢᠳᠠᠬᠤ | ᠡᠰᠡᠬᠦ ᠠᠰᠠᠭᠤᠳᠠᠯ ᠤᠨ ᠲᠤᠬᠠᠢ᠂ ᠬᠦᠳᠡᠭᠡ ᠠᠵᠤ ᠠᠬᠤᠢ ᠬᠥᠳᠡᠭᠡ ᠲᠤᠰᠬᠤᠨ ᠤ ᠶᠠᠮᠤᠨ ᠤ ᠰᠠᠶᠢᠳ ᠬᠠᠨ | ᠴᠠᠩ ᠹᠦ᠋ ᠲᠦᠷᠤᠬᠦᠭᠡᠨ ᠲᠤᠳᠤᠷᠬᠠᠢ ᠢᠯᠡᠷᠭᠡᠶᠢᠯᠡᠬᠦ ᠳᠡᠭᠡᠨ ︽ᠲᠠᠭᠠᠭᠠᠴᠢᠯᠠᠭᠰᠠᠨ ᠭᠠᠵᠠᠷ ᠰᠢᠷᠤᠢ ᠶᠢ | ᠦᠨᠳᠤᠰᠤᠨ ᠳᠡᠭᠡᠨ ᠲᠤᠬᠳᠠᠪᠤᠷᠢᠳᠠᠢ ᠪᠠᠶᠢᠯᠭᠠᠵᠤ᠂ ᠪᠠᠭ᠎ᠠ ᠲᠤᠬᠢᠷᠠᠭᠤᠯᠤᠯᠳᠡ ᠬᠢᠬᠦ ᠪᠤᠯ ᠶᠡᠷᠤᠩᠭᠡᠢ ᠵᠠᠷᠴᠢᠮ | ᠪᠤᠯᠤᠨ᠎ᠠ᠂ ᠡᠬᠦᠨ ᠳᠤ ᠲᠠᠷᠢᠶᠠᠴᠢᠳ ᠤᠨ ᠬᠥᠰᠡᠯ ᠰᠠᠨᠠᠭ᠎ᠠ ᠶᠢ ᠬᠥᠨᠳᠤᠳᠭᠡᠵᠤ᠂ ᠵᠠᠰᠠᠭ ᠤᠨ ᠤᠷᠳᠤᠨ ᠤ | ᠵᠢᠯᠤᠭᠤᠳᠤᠯᠭ᠎ᠠ ᠲᠤᠤᠷ᠎ᠠ ᠲᠤᠰᠬᠤᠨ ᠤ ᠠᠷᠠᠳ ᠬᠠᠮᠳᠤᠪᠠᠷ ᠵᠦᠪᠳᠡᠯᠴᠡᠵᠤ ᠪᠠᠶᠢᠭᠠᠳ | ᠰᠢᠢᠳᠪᠤᠷᠢᠯᠠᠨ᠎ᠠ᠃ ᠬᠤᠶᠠᠳᠤᠭᠠᠷ ᠡᠭᠡᠯᠵᠢ ᠶᠢᠨ ᠲᠠᠭᠠᠭᠠᠴᠢᠯᠠᠯᠳᠠ ᠶᠢᠨ ᠬᠤᠭᠤᠴᠠᠭ᠎ᠠ ᠨᠢ ᠲᠤᠯᠬᠤ ᠦᠶ᠎ᠠ ᠳᠤ᠂ ᠬᠠᠤᠯᠢ | ᠶᠤᠰᠤᠭᠠᠷ ᠲᠠᠷᠢᠶᠠᠴᠢᠨ ᠤᠯᠠᠨ ᠲᠦᠮᠡᠨ ᠤ ᠬᠠᠮᠳᠤ ᠶᠢᠨ ᠰᠠᠨᠠᠯ ᠢ ᠦᠨᠳᠤᠰᠤᠯᠡᠵᠤ ᠪᠠᠶᠢᠭᠠᠳ ᠡᠶᠢᠮᠤ | ᠮᠡᠳᠤ ᠶᠢᠨ ᠠᠰᠠᠭᠤᠳᠠᠯ ᠢ ᠰᠢᠢᠳᠪᠤᠷᠢᠯᠠᠨ᠎ᠠ︾ ᠭᠡᠵᠠᠢ᠃ | ᠪᠦᠬᠦ ᠭᠡᠷ ᠢᠶᠠᠷ ᠢᠶᠠᠨ ᠬᠤᠳᠠ ᠳᠤ ᠡᠷᠤᠭᠡ ᠠᠮᠠ ᠤᠷᠤᠭᠰᠠᠨ ᠲᠠᠷᠢᠶᠠᠴᠢᠨ ᠡᠷᠤᠭᠡ ᠶᠢᠨ | ᠲᠠᠭᠠᠭᠠᠴᠢᠯᠠᠭᠰᠠᠨ ᠭᠠᠵᠠᠷ ᠰᠢᠷᠤᠢ ᠶᠢᠨ ᠲᠤᠬᠠᠢ ᠤᠳᠤ ᠶᠢᠨ ᠲᠦᠷᠤ ᠶᠢᠨ ᠪᠤᠳᠤᠯᠭ᠎ᠠ ᠪᠠᠷ ᠪᠤᠯ᠂ ᠪᠤᠴᠠᠭᠠᠬᠤ | ᠡᠰᠡᠬᠦ ᠶᠢ ᠲᠠᠷᠢᠶᠠᠴᠢᠨ ᠡᠷᠤᠭᠡ ᠰᠠᠶᠢᠨ ᠲᠤᠷ᠎ᠠ ᠠᠴᠠ ᠪᠠᠨ ᠲᠤᠬᠳᠠᠭᠠᠨ᠎ᠠ᠂ ᠭᠡᠬᠦ ᠳᠡᠭᠡᠨ ᠬᠠᠤᠯᠢ ᠶᠤᠰᠤᠭᠠᠷ | ᠦᠨ᠎ᠠ ᠲᠦᠯᠤᠪᠤᠷᠢ ᠲᠠᠢ ᠪᠠᠷ ᠲᠤᠰᠬᠤᠨ ᠤ ᠬᠠᠮᠳᠤ ᠨᠠᠶᠢᠳᠠ ᠳᠤ ᠪᠤᠴᠠᠭᠠᠨ ᠦᠭᠬᠦ ᠶᠢ ᠵᠤᠷᠢᠬᠵᠢᠭᠤᠯᠤᠨ᠎ᠠ᠃ ᠶᠧ | ᠰᠢᠩ ᠴᠢᠩ ᠬᠡᠯᠡᠬᠦ ᠳᠡᠭᠡᠨ ︽ᠤᠳᠤᠬᠠᠨ ᠳᠤ ᠡᠷᠭᠡ ᠪᠠᠨ ᠳᠡᠪᠴᠢᠬᠦ ᠵᠠᠬ᠎ᠠ ᠲᠡᠯᠭᠡᠬᠦᠷᠴᠢᠯᠡᠭᠰᠡᠨ ᠠᠷᠭ᠎ᠠ ᠵᠠᠮ | ᠲᠤᠳᠠᠭᠳᠠᠵᠤ ᠪᠠᠶᠢᠨ᠎ᠠ︾ ᠭᠡᠵᠠᠢ᠃ ᠲᠡᠷᠡ ᠰᠠᠨᠠᠭᠤᠯᠬᠤ ᠳᠠᠭᠠᠨ ︽ᠲᠤᠰᠬᠤᠨ ᠰᠢᠶᠠᠩ ᠠᠯᠤᠰᠯᠠᠭᠰᠠᠨ ᠨᠠᠶᠢᠳᠠ ᠶᠢᠨ | ᠠᠰᠠᠷᠠᠮᠵᠢ ᠶᠢᠨ ᠴᠢᠨᠠᠷᠳᠠᠢ ᠬᠥᠳᠡᠭᠡ ᠲᠤᠰᠬᠤᠨ ᠤ ᠭᠠᠵᠠᠷ ᠰᠢᠷᠤᠢ ᠶᠢ ᠬᠤᠷᠢᠶᠠᠨ ᠨᠦᠭᠡᠴᠡᠯᠡᠵᠤ ᠴᠡᠭᠴᠡᠯᠡᠨ | ᠵᠠᠰᠠᠬᠤ ᠪᠠᠶᠢᠭᠤᠯᠤᠮᠵᠢ ᠶᠢ ᠪᠠᠶᠢᠭᠤᠯᠵᠤ᠂ ᠬᠥᠳᠡᠭᠡ ᠲᠤᠰᠬᠤᠨ ᠠᠴᠠ ᠬᠤᠳᠠ ᠳᠤ ᠤᠷᠤᠭᠰᠠᠨ᠂ ᠰᠠᠶᠢᠨ | ᠲᠤᠷ᠎ᠠ ᠠᠴᠠ ᠪᠠᠨ ᠳᠡᠪᠴᠢᠭᠰᠡᠨ ᠲᠠᠷᠢᠶᠠᠴᠢᠨ ᠡᠷᠤᠭᠡ ᠶᠢᠨ ᠭᠠᠵᠠᠷ ᠰᠢᠷᠤᠢ ᠶᠢ ᠬᠤᠳᠠᠯᠳᠤᠨ ᠠᠪᠬᠤ ᠪᠠ ᠴᠡᠭᠴᠡᠯᠡᠨ | ᠵᠠᠰᠠᠵᠤ᠂ ᠲᠠᠷᠠᠭ᠎ᠠ ᠨᠢ ᠵᠤᠬᠢᠰᠳᠠᠢ ᠬᠡᠪᠴᠢᠶ᠎ᠡ ᠪᠠᠷ ᠭᠠᠳᠠᠭᠰᠢ ᠪᠠᠨ ᠲᠠᠭᠠᠭᠠᠴᠢᠯᠠᠭᠤᠯᠵᠤ ᠪᠤᠯᠤᠨ᠎ᠠ︾ ᠭᠡᠵᠠᠢ᠃ | | ᠡᠨᠡ ᠵᠢᠯ ᠤᠨ ᠲᠦᠪ ᠤᠨ ᠨᠢᠭᠡᠳᠤᠭᠡᠷ ᠲᠤᠭᠠᠳᠤ ᠪᠢᠴᠢᠭ ᠮᠠᠲ᠋ᠧᠷᠢᠶᠠᠯ ᠳᠤ ︽ᠬᠡᠷ | ᠪᠠᠶᠢᠰᠢᠩ ᠤᠨ ᠰᠠᠭᠤᠷᠢ ᠶᠢᠨ ᠦᠮᠴᠢᠯᠡᠯ ᠤᠨ ᠡᠷᠭᠡ᠂ ᠬᠢᠷᠢ ᠭᠡᠮ ᠤᠨ ᠡᠷᠭᠡ᠂ ᠬᠡᠷᠡᠭᠯᠡᠬᠦ ᠡᠷᠭᠡ ᠶᠢ ᠰᠠᠯᠭᠠᠵᠤ᠂ ᠬᠡᠷ | ᠪᠠᠶᠢᠰᠢᠩ ᠤᠨ ᠰᠠᠭᠤᠷᠢ ᠶᠢᠨ ᠬᠠᠮᠳᠤ ᠶᠢᠨ ᠦᠮᠴᠢᠯᠡᠯ ᠤᠨ ᠡᠷᠭᠡ ᠶᠢ ᠨᠠᠶᠢᠳᠠᠪᠤᠷᠢᠵᠢᠭᠤᠯᠤᠨ᠂ ᠬᠡᠷ ᠪᠠᠶᠢᠰᠢᠩ ᠤᠨ | ᠰᠠᠭᠤᠷᠢ ᠶᠢᠨ ᠲᠠᠷᠢᠶᠠᠴᠢᠨ ᠡᠷᠤᠭᠡ ᠶᠢᠨ ᠬᠢᠷᠢ ᠭᠡᠮ ᠤᠨ ᠡᠷᠭᠡ ᠪᠤᠯᠤᠨ ᠲᠠᠷᠢᠶᠠᠴᠢᠨ ᠤ ᠭᠡᠷ ᠪᠠᠶᠢᠰᠢᠩ ᠤᠨ ᠡᠳ᠋ | ᠬᠥᠷᠤᠩᠭᠡ ᠶᠢᠨ ᠡᠷᠭᠡ ᠶᠢ ᠪᠠᠳᠤᠯᠠᠵᠤ᠂ ᠬᠡᠷ ᠪᠠᠶᠢᠰᠢᠩ ᠤᠨ ᠰᠠᠭᠤᠷᠢ ᠪᠤᠯᠤᠨ ᠲᠠᠷᠢᠶᠠᠴᠢᠨ ᠤ ᠭᠡᠷ ᠪᠠᠶᠢᠰᠢᠩ | ᠬᠡᠷᠡᠭᠯᠡᠬᠦ ᠡᠷᠭᠡ ᠶᠢ ᠵᠤᠬᠢᠰᠳᠠᠢ ᠴᠢᠯᠤᠭᠡᠳᠡᠢ ᠲᠠᠯᠪᠢᠨ᠎ᠠ︾ ᠭᠡᠵᠤ ᠲᠤᠷᠠᠳᠤᠨ ᠭᠠᠷᠭᠠᠵᠠᠢ᠃ ︽︿ᠭᠤᠷᠪᠠᠨ ᠡᠷᠭᠡ ᠶᠢ | ᠰᠠᠯᠭᠠᠬᠤ﹀ ᠶᠢ ᠰᠦᠪᠡᠭᠴᠢᠯᠡᠬᠦ ᠦᠭᠡᠷᠡᠴᠢᠯᠠᠯᠳᠠ ᠨᠢ ᠰᠤᠯᠠ ᠪᠠᠶᠢᠭ᠎ᠠ ᠲᠠᠷᠢᠶᠠᠴᠢᠨ ᠤ ᠭᠡᠷ ᠪᠠᠶᠢᠰᠢᠩ ᠪᠤᠯᠤᠨ ᠬᠡᠷ | ᠪᠠᠶᠢᠰᠢᠩ ᠤᠨ ᠰᠠᠭᠤᠷᠢ ᠶᠢ ᠠᠰᠢᠬᠯᠠᠬᠤ ᠳᠤ ᠤᠷᠤᠨ ᠵᠠᠢ ᠬᠠᠩᠭᠠᠭᠰᠠᠨ ᠪᠠᠶᠢᠨ᠎ᠠ᠃ ᠡᠬᠦᠨ ᠳᠤ ᠰᠤᠯᠠ ᠪᠠᠶᠢᠭ᠎ᠠ | ᠲᠠᠷᠢᠶᠠᠴᠢᠨ ᠤ ᠭᠡᠷ ᠪᠠᠶᠢᠰᠢᠩ᠂ ᠬᠡᠷ ᠪᠠᠶᠢᠰᠢᠩ ᠤᠨ ᠰᠠᠭᠤᠷᠢ ᠶᠢ ᠠᠰᠢᠬᠯᠠᠬᠤ ᠶᠢᠨ ᠵᠡᠷᠭᠡ ᠳᠤ ᠪᠠᠰᠠ | ᠰᠠᠷᠢᠭᠠᠯᠠᠬᠤ ᠠᠴᠠ ᠰᠡᠷᠭᠡᠶᠢᠯᠡᠬᠦ ᠬᠡᠷᠡᠭᠳᠠᠢ︾ ᠬᠡᠪᠡ᠃ | ᠶᠧ ᠰᠢᠩ ᠴᠢᠩ ᠬᠡᠯᠡᠬᠦ ᠳᠡᠭᠡᠨ ︽ᠠᠰᠢᠬᠯᠠᠬᠤ︾ ᠪᠤᠶᠤ ︽ᠰᠠᠷᠢᠭᠠᠯᠠᠬᠤ︾ ᠬᠡᠳᠡᠭ ᠢ | ᠮᠠᠭᠠᠳᠯᠠᠬᠤ ᠳᠤ ᠬᠡᠨ ᠠᠴᠠ ᠭᠤᠤᠯᠯᠠᠨ ᠤᠳᠤᠷᠢᠳᠬᠤ ᠪᠤᠢ ᠬᠡᠳᠡᠭ ᠪᠤᠯ ᠨᠢᠭᠡᠨ ᠮᠠᠰᠢ ᠴᠢᠬᠤᠯᠠ ᠲᠠᠯ᠎ᠠ ᠪᠤᠯᠤᠨ᠎ᠠ᠃ | ᠤᠳᠤ ᠶᠢᠨ ᠬᠡᠷᠡᠭᠵᠢᠬᠦᠯᠵᠤ ᠪᠠᠶᠢᠭ᠎ᠠ ᠬᠡᠷ ᠪᠠᠶᠢᠰᠢᠩ ᠤᠨ ᠰᠠᠭᠤᠷᠢ ᠶᠢᠨ ᠲᠦᠷᠢᠮ ᠤᠨ ᠲᠤᠬᠢᠷᠠᠭᠤᠯᠤᠯᠳᠡ ᠪᠠᠷ ᠪᠤᠯ᠂ | ᠭᠠᠭᠴᠠᠬᠦ ᠬᠥᠳᠡᠭᠡ ᠲᠤᠰᠬᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠡ ᠶᠢᠨ | ᠲᠤᠳᠤᠭᠠᠳᠤ ᠶᠢᠨ ᠪᠦᠷᠢᠯᠳᠤᠬᠦᠨ ᠰᠠᠶᠢ ᠬᠡᠷ ᠪᠠᠶᠢᠰᠢᠩ ᠤᠨ ᠰᠠᠭᠤᠷᠢ ᠶᠢᠨ ᠬᠡᠷᠡᠭᠯᠡᠬᠦ ᠬᠠᠣᠯᠢ ᠶᠢᠨ ᠡᠷᠭᠡ ᠶᠢ ᠤᠯᠵᠤ | ᠪᠤᠯᠤᠨ᠎ᠠ᠂ ᠰᠤᠯᠠ ᠪᠠᠶᠢᠭ᠎ᠠ ᠲᠠᠷᠢᠶᠠᠴᠢᠨ ᠤ ᠭᠡᠷ ᠪᠠᠶᠢᠰᠢᠩ᠂ ᠬᠡᠷ ᠪᠠᠶᠢᠰᠢᠩ ᠤᠨ ᠰᠠᠭᠤᠷᠢ ᠶᠢ ᠠᠰᠢᠬᠯᠠᠬᠤ ᠳᠤ | ᠪᠠᠰᠠ ᠬᠥᠳᠡᠭᠡ ᠲᠤᠰᠬᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠡ ᠶᠢᠨ ᠭᠤᠤᠯ | ᠵᠢᠯᠤᠭᠤᠳᠬᠤ ᠦᠢᠯᠡᠳᠤᠯ ᠢ ᠴᠢᠬᠤᠯᠠᠴᠢᠯᠠᠵᠤ᠂ ᠦᠢᠯᠡᠳᠪᠤᠷᠢ ᠬᠤᠳᠠᠯᠳᠤᠭᠠᠨ ᠤ ᠬᠥᠷᠤᠩᠭᠡ ᠲᠠᠢ ᠬᠤᠯᠪᠤᠭᠠᠯᠨᠨ | ᠡᠵᠡᠩᠨᠡᠬᠦ ᠪᠠ ᠬᠠᠮᠳᠤᠷᠠᠯᠴᠠᠬᠤ ᠪᠠᠷ ᠳᠠᠮᠵᠢᠨ᠂ ᠰᠤᠯᠠ ᠪᠠᠶᠢᠭ᠎ᠠ ᠡᠬᠢ ᠪᠠᠶᠠᠯᠢᠭ ᠢ ᠪᠦᠳᠤᠮᠵᠢᠳᠠᠢ ᠠᠮᠢᠯᠠᠭᠤᠯᠬᠤ | ᠬᠡᠷᠡᠭᠳᠠᠢ᠃ ᠵᠠᠪᠰᠢᠬᠴᠢ ᠬᠥᠷᠤᠩᠭᠡ ᠪᠠᠷ ᠰᠤᠯᠠ ᠪᠠᠶᠢᠭ᠎ᠠ ᠲᠠᠷᠢᠶᠠᠴᠢᠨ ᠤ ᠭᠡᠷ ᠪᠠᠶᠢᠰᠢᠩ᠂ ᠬᠡᠷ ᠪᠠᠶᠢᠰᠢᠩ ᠤᠨ | ᠰᠠᠭᠤᠷᠢ ᠶᠢ ᠰᠠᠷᠢᠭᠠᠯᠠᠬᠤ ᠶᠢ ᠴᠢᠩᠭ᠎ᠠ ᠰᠡᠷᠭᠡᠶᠢᠯᠡᠵᠤ ᠬᠠᠣᠯᠢ ᠪᠠᠷ ᠪᠠᠳᠣᠯᠠᠨ᠂ ᠨᠡᠩ ᠴᠦ ᠬᠤᠳᠠ ᠶᠢᠨ | ᠵᠠᠪᠰᠢᠬᠴᠢ ᠬᠥᠷᠤᠩᠭᠡ ᠪᠠᠷ ᠬᠥᠳᠡᠭᠡ ᠲᠤᠰᠬᠤᠨ ᠤ ᠬᠡᠷ ᠪᠠᠶᠢᠰᠢᠩ ᠤᠨ ᠰᠠᠭᠤᠷᠢ ᠶᠢ ᠠᠰᠢᠬᠯᠠᠨ ᠵᠤᠰᠠᠯᠠᠩ ᠪᠠ | ᠬᠤᠪᠢ ᠬᠥᠮᠤᠨ ᠤ ᠰᠡᠯᠡᠬᠦᠴᠡᠯ ᠤᠨ ᠭᠠᠵᠠᠷ ᠪᠠᠶᠢᠭᠤᠯᠬᠤ ᠶᠢ ᠬᠤᠷᠢᠬᠯᠠᠬᠤ ᠬᠡᠷᠡᠭᠳᠠᠢ ᠭᠡᠵᠠᠢ᠃ | ᠡᠨᠡ ᠵᠢᠯ ᠤᠨ ᠲᠦᠪ ᠤᠨ ᠨᠢᠭᠡᠳᠤᠭᠡᠷ ᠲᠤᠭᠠᠳᠤ ᠪᠢᠴᠢᠭ ᠮᠠᠲ᠋ᠧᠷᠢᠶᠠᠯ ᠳᠤ᠂ ᠲᠠᠷᠢᠶᠠᠨ ᠭᠠᠵᠠᠷ ᠢ | ᠡᠵᠡᠯᠡᠬᠦ ᠨᠦᠬᠦᠪᠤᠷᠢ ᠶᠢ ᠲᠡᠩᠴᠡᠬᠦᠷᠢᠰᠢᠬᠦᠯᠬᠦ ᠬᠠᠮᠢᠶᠠᠷᠤᠯᠳᠠ ᠶᠢᠨ ᠠᠷᠭ᠎ᠠ ᠶᠢ ᠬᠠᠯᠠᠨ ᠰᠠᠶᠢᠵᠢᠷᠠᠭᠤᠯᠵᠤ᠂ ᠦᠨᠳᠤᠷ | ᠪᠠᠷᠢᠮᠵᠢᠶᠠᠳᠤ ᠲᠠᠷᠢᠶᠠᠨ ᠭᠠᠵᠠᠷ ᠤᠨ ᠪᠦᠳᠤᠭᠡᠨ ᠪᠠᠶᠢᠭᠤᠯᠤᠯᠳᠡ ᠵᠡᠷᠭᠡ ᠰᠢᠨ᠎ᠠ ᠪᠠᠷ ᠨᠡᠮᠡᠭᠳᠡᠬᠦ ᠲᠠᠷᠢᠶᠠᠨ ᠭᠠᠵᠠᠷ ᠤᠨ | ᠵᠢᠭᠠᠯᠳᠠ ᠲᠤᠭ᠎ᠠ ᠪᠤᠯᠤᠨ ᠬᠤᠳᠠ ᠬᠥᠳᠡᠭᠡ ᠶᠢᠨ ᠪᠦᠳᠤᠭᠡᠨ ᠪᠠᠶᠢᠭᠤᠯᠤᠯᠳᠡ ᠳᠤ ᠬᠡᠷᠡᠭᠯᠡᠬᠦ ᠭᠠᠵᠠᠷ ᠤᠨ ᠨᠡᠮᠡᠭᠳᠡᠯ | ᠬᠠᠰᠤᠬᠳᠠᠯ ᠲᠠᠢ ᠬᠤᠯᠪᠤᠬᠳᠠᠭᠤᠯᠵᠤ ᠠᠷᠪᠢᠯᠠᠭᠰᠠᠨ ᠵᠢᠭᠠᠯᠳᠠ ᠲᠤᠭ᠎ᠠ ᠶᠢ ᠮᠤᠵᠢ ᠤᠷᠤᠨ ᠠᠯᠤᠰᠯᠠᠨ | ᠲᠤᠬᠢᠷᠠᠭᠤᠯᠬᠤ ᠲᠤᠬᠳᠠᠴᠠ ᠶᠢ ᠪᠠᠶᠢᠭᠤᠯᠵᠤ᠂ ᠤᠯᠤᠭᠰᠠᠨ ᠠᠰᠢᠭ ᠤᠷᠤᠯᠭ᠎ᠠ ᠶᠢ ᠵᠠᠷᠤᠯᠭ᠎ᠠ ᠶᠢᠨ ᠲᠦᠰᠤᠪ ᠢᠶᠠᠷ | ᠲᠠᠮᠵᠢᠭᠤᠯᠤᠨ ᠪᠦᠬᠦᠳᠡ ᠶᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠦᠷ᠎ᠡ ᠪᠦᠳᠤᠭᠡᠯ ᠢ | ᠪᠠᠬᠢᠵᠢᠬᠦᠯᠬᠦ ᠪᠠ ᠬᠥᠳᠡᠭᠡ ᠲᠤᠰᠬᠤᠨ ᠢ ᠬᠥᠭᠵᠢᠬᠦᠯᠤᠠ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠶᠢ | ᠲᠡᠮᠵᠢᠬᠦ ᠳᠤ ᠬᠡᠷᠡᠭᠯᠡᠨ᠎ᠠ ᠭᠡᠵᠤ ᠲᠤᠷᠠᠳᠤᠨ ᠭᠠᠷᠭᠠᠵᠠᠢ᠃ | ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠤᠨ ᠲᠠᠷᠠᠭ᠎ᠠ᠂ ᠲᠦᠷᠤ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠠᠴᠠ ︽ᠮᠤᠵᠢ ᠤᠷᠤᠨ ᠠᠯᠤᠰᠯᠠᠨ ᠲᠠᠷᠢᠶᠠᠨ ᠭᠠᠵᠠᠷ ᠨᠦᠬᠦᠪᠤᠷᠢᠯᠡᠬᠦ ᠶᠢ | ᠤᠯᠤᠰ ᠠᠴᠠ ᠨᠢᠭᠡᠳᠤᠯᠳᠠᠢ ᠲᠦᠯᠤᠪᠵᠢᠬᠦᠯᠬᠦ ᠬᠠᠮᠢᠶᠠᠷᠤᠯᠳᠠ ᠶᠢᠨ ᠠᠷᠭ᠎ᠠ︾ ᠪᠤᠯᠤᠨ ︽ᠬᠤᠳᠠ ᠬᠥᠳᠡᠭᠡ ᠶᠢᠨ | ᠪᠦᠳᠤᠭᠡᠨ ᠪᠠᠶᠢᠭᠤᠯᠤᠯᠳᠡ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠬᠳᠠᠯ ᠲᠠᠢ ᠬᠤᠯᠪᠤᠬᠳᠠᠭᠤᠯᠵᠤ | ᠠᠷᠪᠢᠯᠠᠭᠰᠠᠨ ᠵᠢᠭᠠᠯᠳᠠ ᠲᠤᠭ᠎ᠠ ᠶᠢ ᠮᠤᠵᠢ ᠤᠷᠤᠨ ᠠᠯᠤᠰᠯᠠᠨ ᠲᠤᠬᠢᠷᠠᠭᠤᠯᠬᠤ ᠬᠠᠮᠢᠶᠠᠷᠤᠯᠳᠠ ᠶᠢᠨ | ᠠᠷᠭ᠎ᠠ︾ ᠶᠢ ᠲᠠᠷᠤᠮᠠᠯᠯᠠᠨ ᠲᠠᠷᠬᠠᠭᠠᠵᠤ᠂ ᠬᠤᠶᠠᠷ ᠵᠦᠢᠯ ᠤᠨ ᠰᠢᠨ᠎ᠠ ᠲᠦᠷᠤ ᠶᠢᠨ ᠪᠤᠳᠤᠯᠭ᠎ᠠ ᠶᠢᠨ | ᠬᠡᠷᠡᠭᠵᠢᠬᠦᠯᠬᠦ ᠨᠠᠷᠢᠨ ᠲᠦᠷᠢᠮ ᠢ ᠲᠤᠳᠤᠷᠬᠠᠢ ᠲᠤᠬᠳᠠᠭᠠᠵᠤ᠂ ᠵᠢᠭᠠᠯᠳᠠ ᠲᠤᠭ᠎ᠠ ᠶᠢᠨ ᠬᠡᠮᠵᠢᠶ᠎ᠠ᠂ ᠦᠨ᠎ᠠ ᠬᠠᠩᠰᠢ ᠶᠢ | ᠭᠡᠷᠬᠢᠨ ᠲᠤᠬᠳᠠᠭᠠᠬᠤ ᠵᠡᠷᠭᠡ ᠨᠡᠶᠢᠭᠡᠮ ᠨᠡᠶᠢᠳᠡ ᠶᠢᠨ ᠠᠩᠬᠠᠷᠤᠯ ᠳᠤ ᠬᠠᠷᠢᠭᠤ ᠦᠭᠬᠦᠭᠰᠡᠨ ᠪᠠᠶᠢᠨ᠎ᠠ᠃ | ᠨᠡᠮᠡᠭᠳᠡᠯ ᠬᠠᠰᠤᠬᠳᠠᠯ ᠲᠠᠢ ᠬᠤᠯᠪᠤᠬᠳᠠᠭᠤᠯᠵᠤ ᠠᠷᠪᠢᠯᠠᠭᠰᠠᠨ ᠵᠢᠭᠠᠯᠳᠠ ᠲᠤᠭ᠎ᠠ ᠳᠤ ᠮᠤᠵᠢ | ᠤᠷᠤᠨ ᠠᠯᠤᠰᠯᠠᠨ ᠲᠤᠬᠢᠷᠠᠭᠤᠯᠬᠤ ᠪᠠᠷ ᠠᠪᠴᠤ ᠬᠡᠯᠡᠪᠡᠯ ︽︽ᠠᠷᠭ᠎ᠠ︾ ᠳᠤ ᠤᠯᠤᠰ ᠠᠴᠠ ᠨᠢᠭᠡᠳᠤᠯᠳᠠᠢ | ᠲᠦᠯᠤᠪᠵᠢᠬᠦᠯᠬᠦ ᠮᠤᠵᠢ ᠤᠷᠤᠨ ᠠᠯᠤᠰᠯᠠᠵᠤ ᠲᠤᠬᠢᠷᠠᠭᠤᠯᠤᠨ ᠬᠡᠷᠡᠭᠯᠡᠬᠦ ᠪᠦᠳᠤᠭᠡᠨ ᠪᠠᠶᠢᠭᠤᠯᠤᠯᠳᠡ ᠳᠤ | ᠬᠡᠷᠡᠭᠯᠡᠬᠦ ᠭᠠᠵᠠᠷ ᠤᠨ ᠨᠡᠮᠡᠭᠳᠡᠯ ᠬᠠᠰᠤᠬᠳᠠᠯ ᠲᠠᠢ ᠬᠤᠯᠪᠤᠬᠳᠠᠭᠤᠯᠵᠤ ᠠᠷᠪᠢᠯᠠᠭᠰᠠᠨ ᠵᠢᠭᠠᠯᠳᠠ ᠲᠤᠭ᠎ᠠ ᠶᠢ ᠤᠨᠴᠠ | ᠶᠠᠳᠠᠭᠤ ᠬᠥᠴᠢᠷᠳᠠᠯᠳᠠᠢ ︽ᠭᠤᠷᠪᠠᠨ ᠤᠷᠤᠨ ᠭᠤᠷᠪᠠᠨ ᠵᠸᠤ︾ ︵ᠲᠤᠬᠠᠶᠢᠯᠠᠪᠠᠯ ᠲᠦᠪᠡᠳ᠂ ᠲᠦᠷᠪᠡᠨ ᠮᠤᠵᠢ | ᠤᠷᠤᠨ ᠤ ᠬᠡᠪᠴᠢᠶᠡᠨ ᠳᠠᠬᠢ ᠲᠦᠪᠡᠳ ᠤᠷᠤᠨ᠂ ᠰᠢᠨᠵᠢᠶᠠᠩ ᠤᠨ ᠡᠮᠦᠨᠡᠳᠤ ᠤᠷᠤᠨ ᠤ ᠲᠦᠷᠪᠡᠨ ᠲᠤᠰᠬᠠᠢ | ᠤᠷᠤᠨ ᠵᠸᠤ ᠪᠤᠯᠤᠨ ᠰᠧᠴᠤᠸᠠᠨ ᠤ ᠯᠢᠶᠠᠩᠱᠠᠨ ᠵᠸᠤ᠂ ᠶᠦᠨᠨᠠᠨ ᠤ ᠨᠦᠵᠢᠶᠠᠩ ᠵᠸᠤ᠂ ᠭᠠᠨᠰᠤ ᠶᠢᠨ | ᠯᠢᠨᠰᠢᠶᠠ ᠵᠸᠤ︶ ᠪᠤᠯᠤᠨ ᠪᠤᠰᠤᠳ ᠤᠨᠴᠠ ᠶᠠᠳᠠᠭᠤ ᠬᠥᠴᠢᠷᠳᠠᠯᠳᠠᠢ ᠰᠢᠶᠠᠨ ᠢᠶᠠᠷ ᠬᠢᠵᠠᠭᠠᠷᠯᠠᠨ᠎ᠠ᠃ ᠡᠨᠡᠬᠦ ᠵᠢᠭᠠᠯᠳᠠ | ᠲᠤᠭ᠎ᠠ ᠶᠢᠨ ᠬᠡᠮᠵᠢᠶ᠎ᠠ᠂ ᠦᠨ᠎ᠠ ᠬᠠᠩᠰᠢ ᠶᠢ ᠲᠦᠪ ᠤᠨ ᠶᠠᠮᠤᠨ ᠵᠦᠪᠯᠡᠯ ᠠᠴᠠ ᠲᠤᠬᠳᠠᠭᠠᠬᠤ ᠠᠴᠠ ᠪᠢᠰᠢ᠂ | ᠬᠠᠩᠭᠠᠯᠭ᠎ᠠ ᠬᠡᠷᠡᠭᠴᠡᠭᠡᠨ ᠤ ᠬᠤᠶᠠᠷ ᠲᠠᠯ᠎ᠠ ᠪᠠᠷ ᠢᠶᠠᠨ ᠴᠢᠯᠤᠭᠡᠳᠡᠢ ᠪᠠᠷ ᠦᠨ᠎ᠠ ᠬᠠᠶᠠᠯᠴᠠᠨ ᠦᠷᠢᠰᠤᠯᠳᠤᠵᠤ | ᠳᠤᠭᠳᠠᠭᠠᠵᠣ ᠪᠣᠯᠬᠤ ᠦᠭᠡᠢ᠃ ᠲᠤᠰᠬᠠᠢ ᠮᠡᠷᠭᠡᠵᠢᠯᠳᠡᠨ ᠤ ᠢᠯᠡᠷᠭᠡᠶᠢᠯᠡᠭᠰᠡᠨ ᠢᠶᠠᠷ᠂ ᠲᠤᠰ ᠲᠤᠬᠳᠠᠭᠠᠯ ᠨᠢ ᠵᠢᠭᠠᠯᠳᠠ | ᠲᠤᠭ᠎ᠠ ᠶᠢᠨ ᠬᠠᠩᠭᠠᠯᠭ᠎ᠠ ᠶᠢᠨ ᠲᠠᠯ᠎ᠠ ᠶᠢᠨ ᠰᠤᠬᠤᠷ ᠪᠠᠯᠠᠢ ᠴᠢᠨᠠᠷ ᠢ ᠪᠠᠭᠠᠰᠬᠠᠬᠤ ᠳᠤ ᠠᠰᠢᠬᠳᠠᠢ ᠪᠠᠶᠢᠵᠤ᠂ | ᠵᠢᠭᠠᠯᠳᠠ ᠲᠤᠭ᠎ᠠ ᠶᠢᠨ ᠦᠨ᠎ᠠ ᠬᠠᠩᠰᠢ ᠶᠢᠨ ᠶᠡᠭᠡ ᠪᠠᠷ ᠦᠰᠴᠤ ᠶᠡᠭᠡ ᠪᠠᠷ ᠪᠠᠭᠤᠷᠠᠬᠤ ᠠᠴᠠ ᠵᠠᠶᠢᠯᠠᠰᠬᠢᠵᠤ ᠴᠢᠳᠠᠨ᠎ᠠ᠃ | ᠭᠡᠬᠦ ᠳᠡᠭᠡᠨ ᠠᠩᠬᠠᠷᠬᠤ ᠴᠢᠬᠤᠯᠠᠳᠠᠢ ᠵᠦᠢᠯ ᠭᠡᠪᠡᠯ᠂ ᠲᠦᠯᠤᠪᠯᠡᠭᠡ ᠪᠠᠷ ᠬᠤᠪᠢᠶᠠᠷᠢᠯᠠᠬᠤ ᠵᠢᠭᠠᠯᠳᠠ ᠲᠤᠭ᠎ᠠ ᠶᠢᠨ | ᠬᠡᠮᠵᠢᠶ᠎ᠠ ᠨᠢ ᠡᠯ᠎ᠠ ᠭᠠᠵᠠᠷ ᠤᠨ ᠬᠠᠩᠭᠠᠬᠤ ᠠᠷᠪᠢᠯᠠᠭᠰᠠᠨ ᠵᠢᠭᠠᠯᠳᠠ ᠲᠤᠭ᠎ᠠ ᠶᠢᠨ ᠲᠠᠯᠳᠠ ᠬᠥᠴᠤᠨ᠂ ᠬᠥᠰᠡᠯ | ᠰᠠᠨᠠᠭ᠎ᠠ ᠠᠴᠠ ᠵᠦᠷᠢᠵᠤ᠂ ᠵᠠᠷᠢᠮ ᠭᠠᠵᠠᠷ ᠤᠷᠤᠨ ᠤ ᠲᠡᠭᠡᠷ᠎ᠡ ᠠᠴᠠ ᠲᠤᠷᠤᠭᠰᠢ ᠪᠠᠨ ᠬᠤᠪᠢᠶᠠᠷᠢᠯᠠᠬᠤ | ᠠᠷᠪᠢᠯᠠᠭᠰᠠᠨ ᠵᠢᠭᠠᠯᠳᠠ ᠲᠤᠭ᠎ᠠ ᠶᠢᠨ ︽ᠦᠢᠯᠡᠳᠪᠤᠷᠢᠯᠠᠯ ᠤᠨ ᠬᠡᠮᠵᠢᠶ᠎ᠠ︾ ᠶᠢ ᠪᠤᠢ ᠪᠤᠯᠭᠠᠵᠤ᠂ ᠵᠠᠰᠠᠭ | ᠵᠠᠬᠢᠷᠭᠠᠨ ᠢᠶᠠᠷ ᠠᠬᠢᠭᠤᠯᠬᠤ᠂ ᠠᠯᠪᠠᠳᠠᠨ ᠵᠠᠷᠯᠢᠬᠳᠠᠬᠤ᠂ ᠲᠠᠷᠢᠶᠠᠴᠢᠨ ᠤ ᠬᠥᠰᠡᠯ ᠰᠠᠨᠠᠭ᠎ᠠ ᠠᠴᠠ ᠲᠡᠷᠰᠯᠡᠬᠦ ᠪᠠᠶᠢᠳᠠᠯ | ᠡᠬᠦᠰᠴᠤ ᠮᠡᠳᠡᠬᠦ ᠪᠤᠯᠬᠤᠷ ᠪᠤᠳᠠᠳᠠᠢ ᠠᠵᠢᠯ ᠤᠨ ᠲᠤᠮᠳᠠ ᠪᠠᠨ ᠠᠩᠬᠠᠷᠤᠨ ᠰᠡᠷᠭᠡᠶᠢᠯᠡᠵᠣ᠂ ᠬᠠᠣᠯᠢ ᠪᠠᠷ ᠪᠠᠳᠣᠯᠠᠬᠤ | ᠬᠡᠷᠡᠭᠳᠠᠢ ᠭᠡᠵᠠᠢ᠃ ︵ᠰᠢᠨᠬᠤᠸᠡ ᠰᠦᠯᠵᠢᠶ᠎ᠡ ᠠᠴᠠ ᠤᠷᠴᠢᠭᠤᠯᠤᠨ ᠨᠠᠶᠢᠷᠡᠭᠤᠯᠵᠤ ᠠᠪᠤᠪᠠ︶ | |