ᠥᠪᠦᠷ ᠮᠣᠩᠭᠤᠯ ᠥᠪᠡᠷᠲᠡᠭᠡᠨ ᠵᠠᠰᠠᠬᠤ ᠤᠷᠤᠨ ᠳᠤ ᠣᠷᠣᠨ ᠤ ᠳᠡᠰ ᠤᠨ  ᠪᠣᠳᠠᠰ ᠎ ᠤᠨ ᠪᠣᠰᠣ ᠰᠣᠶᠣᠯ ᠎ ᠤᠨ ᠥᠪ ᠤᠨ ᠲᠥᠷᠦᠯ ᠵᠦᠢᠯ 88  ᠰᠢᠨ᠎ᠡ ᠪᠠᠷ  ᠨᠡᠮᠡᠭᠲᠡᠪᠡ
ᠨᠡᠶᠢᠲᠡᠯᠡᠭᠰᠡᠨ ᠴᠠᠭ᠄
2018/6/7
           5 ᠰᠠᠷ᠎ᠠ ᠶᠢᠨ28᠎ ᠳᠤ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ  ᠲᠢᠩᠬᠢᠮ  ᠮᠡᠳᠡᠭᠡ ᠨᠡᠶᠢᠲᠡᠯᠡᠵᠦ᠂ ︽ᠪᠦᠭᠦᠳᠡ ᠨᠡᠶᠢᠷᠠᠮᠳᠠᠬᠤ ᠳᠣᠮᠳᠠᠳᠣ ᠠᠷᠠᠳ ᠣᠯᠣᠰ ᠤᠨ ᠪᠣᠳᠠᠰ ᠤᠨ ᠪᠣᠰᠣ ᠰᠣᠶᠣᠯ ᠤᠨ ᠥᠪ ᠤᠨ  ᠬᠠᠣᠯᠢ︾ ᠪᠠ ︽ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠣᠰᠣ ᠰᠣᠶᠣᠯ ᠤᠨ ᠥᠪ ᠤᠨ ᠬᠠᠮᠠᠭᠠᠯᠠᠯᠲᠠ ᠶᠢᠨ ᠵᠣᠷᠪᠣᠰ︾᠎ ᠢ ᠲᠣᠣᠱᠠᠯᠠᠭᠤᠯᠣᠨ ᠨᠠᠶᠢᠳᠠᠪᠣᠷᠢᠵᠢᠭᠤᠯᠬᠤ ᠶᠢᠨ ᠲᠥᠯᠦᠭᠡ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠣᠰᠣ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠢ ᠠᠬᠢᠭᠤᠯᠵᠣ᠂ ᠭᠠᠷᠴᠠᠭ ᠤᠨ ᠰᠢᠰᠲ᠋ᠧᠮ ᠤᠨ ᠪᠦᠲᠦᠭᠡᠨ ᠪᠠᠶᠢᠭᠤᠯᠣᠯᠲᠠ ᠶᠢ ᠲᠡᠭᠦᠯᠳᠡᠷᠵᠢᠬᠦᠯᠵᠦ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ‍ᠤᠨ‌ᠵᠠᠰᠠᠭ ᠤᠨ ᠣᠷᠳᠣᠨ ᠴᠠᠬᠠᠷ ᠠᠷᠠᠳ ᠦᠯᠢᠭᠡᠷ ᠵᠡᠷᠭᠡ  88  ᠲᠥᠷᠦᠯ  ᠎ ᠢ  ᠵᠢᠷᠭᠤᠳᠣᠭᠠᠷ  ᠣᠳᠠᠭᠠᠨ  ᠎ ᠤ  ᠥᠪᠦᠷ  ᠮᠣᠩᠭᠤᠯ  ᠎ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠣᠰᠣ ᠰᠣᠶᠣᠯ ᠤᠨ ᠥᠪ ᠤᠨ ᠭᠠᠷᠴᠠᠭ ᠤᠨ  ᠲᠥᠷᠦᠯ  ᠵᠦᠢᠯ  ᠎ ᠳᠤ ᠣᠷᠣᠭᠤᠯᠬᠤ ᠶᠢ ᠵᠦᠪᠰᠢᠶᠡᠷᠡᠵᠦ᠂ ᠢᠷᠦᠬᠡᠯ ᠮᠠᠭᠲᠠᠭᠠᠯ︵ᠣᠷᠳᠣᠰ  ᠮᠠᠭᠲᠠᠭᠠᠯ᠂  ᠢᠷᠦᠭᠡᠯ᠂  ᠣᠷᠠᠳ  ᠮᠠᠭᠳᠠᠭᠠᠯ᠂  ᠬᠤᠷᠴᠢᠨ ᠮᠠᠭᠳᠠᠭᠠᠯ︶ ᠵᠡᠷᠭᠡ50 ᠲᠥᠷᠦᠯ ᠵᠦᠢᠯ ᠢ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠣᠰᠣ ᠰᠣᠶᠣᠯ ᠤᠨ  ᠥᠪ ᠤᠨ ᠥᠷᠭᠡᠳᠬᠡᠭᠰᠡᠨ ᠭᠠᠷᠴᠠᠭ ᠤᠨ ᠲᠥᠷᠦᠯ ᠳᠤ ᠤᠷᠤᠭᠤᠯᠬᠤ ᠪᠠᠷ ᠵᠠᠷᠯᠠᠪᠠ᠃                    ᠣᠶᠢᠯᠭᠠᠭᠰᠠᠨ ᠢᠶᠠᠷ᠂ ᠣᠳᠣᠬᠠᠨ ᠪᠣᠯᠲᠠᠯ᠎ᠠ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ  ᠎ ᠤ  ᠳᠡᠰ  ᠎ ᠤᠨ ᠪᠣᠳᠠᠰ ᠤᠨ ᠪᠣᠰᠣ ᠰᠣᠶᠣᠯ ᠤᠨ ᠥᠪ ᠤᠨ ᠭᠠᠷᠴᠠᠭ ᠤᠨ ᠲᠥᠷᠦᠯ ᠵᠦᠢᠯ 587 ᠵᠦᠢᠯ᠂ ᠡᠭᠦᠨ ᠳᠤ ᠣᠯᠣᠰ ᠤᠨ ᠳᠡᠰ  ᠎ ᠤᠨ ᠪᠣᠳᠠᠰ ᠤᠨ ᠪᠣᠰᠣ ᠰᠣᠶᠣᠯ ᠤᠨ ᠥᠪ ᠤᠨ ᠭᠠᠷᠴᠠᠭ ᠤᠨ ᠲᠥᠷᠦᠯ ᠵᠦᠢᠯ 89 ᠵᠦᠢᠯ ᠪᠤᠢ᠃ ᠲᠣᠰ  ᠣᠳᠠᠭᠠᠨ  ᠎ ᠤ  ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠣᠰᠣ  ᠰᠣᠶᠣᠯ  ᠎ ᠤᠨ  ᠥᠪ  ᠎ ᠳᠤ  ᠰᠣᠩᠭᠤᠭᠳᠠᠭᠰᠠᠨ ᠭᠠᠷᠴᠠᠭ ᠤᠨ ᠲᠥᠷᠦᠯ ᠵᠦᠢᠯ ᠳᠤ ᠴᠠᠬᠠᠷ ᠠᠷᠠᠳ ᠤᠨ ᠦᠯᠢᠭᠡᠷ ᠵᠡᠷᠭᠡ ᠠᠷᠠᠳ  ᠎ ᠤᠨ  ᠠᠮᠡᠨ  ᠵᠣᠬᠢᠶᠠᠯ  ᠎ ᠤᠨ  ᠲᠥᠷᠦᠯ  ᠎ ᠤᠨ ᠲᠥᠷᠦᠯ ᠵᠦᠢᠯ 4 ᠵᠦᠢᠯ᠂ ᠮᠠᠨᠢ ᠶᠢᠨ ᠮᠠᠭᠲᠠᠭᠠᠯ ᠵᠡᠷᠭᠡ ᠣᠯᠠᠮᠵᠢᠯᠠᠯᠲᠣ ᠳᠠᠭᠤᠣ ᠬᠦᠭᠵᠢᠮ ᠤᠨ ᠲᠥᠷᠦᠯ ᠤᠨ ᠲᠥᠷᠦᠯ ᠵᠦᠢᠯ5 ᠵᠦᠢᠯ᠂ ᠠᠷᠪᠠᠨ ᠭᠤᠷᠪᠠᠨ ᠲᠠᠶᠢᠪᠣᠣ ᠦᠱᠦ ᠶᠢᠨ  ᠲᠣᠳᠣᠷ᠎ᠠ  ᠲᠠᠮᠢᠷ  ᠪᠣᠯᠪᠠᠰᠣᠷᠠᠬᠤ  ᠵᠡᠷᠭᠡ  ᠣᠯᠠᠮᠵᠢᠯᠠᠯᠲᠣ  ᠪᠡᠶ᠎ᠡ  ᠲᠠᠮᠢᠷ᠂ ᠨᠠᠭᠠᠳᠣᠮ ᠳᠣᠭᠯᠠᠭᠠᠮ ᠪᠣᠯᠣᠨ ᠼᠢᠺ ᠲᠥᠷᠦᠯ ᠤᠨ ᠲᠥᠷᠦᠯ ᠵᠦᠢᠯ 5 ᠵᠦᠢᠯ᠂ ᠮᠣᠩᠭᠤᠯ ᠦᠨᠳᠦᠰᠦᠲᠡᠨ ᠤ  ᠬᠠᠰ  ᠰᠡᠶᠢᠯᠦᠮᠡᠯ ᠵᠡᠷᠭᠡ ᠣᠯᠠᠮᠵᠢᠯᠠᠯᠲᠣ ᠣᠷᠠᠨ ᠵᠢᠷᠤᠭ ᠤᠨ ᠲᠥᠷᠦᠯ ᠤᠨ ᠲᠦᠷᠦᠯ ᠵᠦᠢᠯ19 ᠵᠦᠢᠯ᠂ ᠲᠣᠰᠣ ᠰᠢᠬᠠᠬᠤ  ᠣᠯᠠᠮᠵᠢᠯᠠᠯᠲᠣ  ᠤᠷ᠎ᠠ ᠮᠡᠷᠭᠡᠵᠢᠯ ᠤᠨ ᠲᠥᠷᠦᠯ ᠤᠨ ᠲᠥᠷᠦᠯ ᠵᠦᠢᠯ25 ᠵᠦᠢᠯ᠂ ᠮᠣᠩᠭᠤᠯ ᠡᠮᠨᠡᠯᠭᠡ  ᠎ ᠶᠢᠨ  ᠡᠮ  ᠎ ᠢᠶᠠᠷ  ᠣᠭᠢᠶᠠᠬᠤ  ᠵᠠᠰᠠᠯᠭ᠎ᠠ  ᠵᠡᠷᠭᠡ ᠣᠯᠠᠮᠵᠢᠯᠠᠯᠲᠣ ᠡᠮ ᠡᠮᠨᠡᠯᠭᠡ ᠶᠢᠨ ᠲᠥᠷᠦᠯ ᠤᠨ ᠲᠥᠷᠦᠯ ᠵᠦᠢᠯ18 ᠵᠦᠢᠯ᠂ ᠮᠣᠩᠭᠤᠯ ᠦᠨᠳᠦᠰᠦᠲᠡᠨ  ᠎ ᠤ  ᠴᠠᠢ  ᠣᠭᠤᠣᠬᠤ ᠵᠠᠩᠰᠢᠯ ᠵᠡᠷᠭᠡ ᠠᠷᠠᠳ ᠤᠨ ᠵᠠᠩ ᠵᠠᠩᠰᠢᠯ ᠤᠨ ᠲᠥᠷᠦᠯ ᠤᠨ ᠲᠥᠷᠦᠯ ᠵᠦᠢᠯ12 ᠵᠦᠢᠯ ᠢ ᠪᠠᠭᠲᠠᠭᠠᠵᠠᠢ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号