ᠥᠪᠥᠷ ᠮᠣᠩᠭᠤᠯ ᠠᠷᠠᠳ ᠤᠨ ᠥᠭᠦᠯᠡᠨ ᠳᠠᠭᠤᠯᠠᠬᠤ ᠤᠷᠠᠯᠢᠭ ᠢ ᠡᠮᠬᠢᠳᠬᠡᠨ  ᠬᠠᠮᠠᠭᠠᠯᠠᠵᠤ ᠪᠤᠢ
ᠨᠡᠶᠢᠲᠡᠯᠡᠭᠰᠡᠨ ᠴᠠᠭ᠄
2018-06-07
         ᠠᠷᠠᠳ ᠤᠨ ᠡᠳᠦᠷ ᠤᠨ ᠰᠣᠨᠢᠨ ᠤ ᠬᠥᠬᠡᠬᠤᠲᠠ ᠶᠢᠨ 5  ᠰᠠᠷ᠎ᠠ ᠶᠢᠨ  27  ᠎ ᠤ  ᠡᠳᠦᠷ ᠤᠨ  ᠴᠠᠬᠢᠯᠭᠠᠨ  ᠮᠡᠳᠡᠭᠡ ︵ᠰᠤᠷᠪᠤᠯᠵᠢᠯᠠᠭᠴᠢ ᠳ᠋ᠢᠩ ᡁᠢ ᠵᠢᠶᠦ᠋ᠨ︶ ᠣᠶᠢᠷ᠎ᠠ ᠶᠢᠨ ᠡᠳᠦᠷ᠂ ︽ᠳᠤᠮᠳᠠᠳᠤ  ᠤᠯᠤᠰ ᠤᠨ  ᠠᠷᠠᠳ ᠤᠨ  ᠠᠮᠠᠨ  ᠵᠣᠬᠢᠶᠠᠯ ᠤᠨ ᠲᠤᠮᠤ ᠰᠤᠳᠤᠷ· ᠥᠭᠦᠯᠡᠨ ᠳᠠᠭᠤᠯᠠᠬᠤ  ᠤᠷᠠᠯᠢᠭ·  ᠥᠪᠥᠷ  ᠮᠣᠩᠭᠤᠯ ᠤᠨ  ᠪᠣᠳᠢ︾᠎ ᠶᠢ  ᠨᠠᠶᠢᠷᠠᠭᠤᠯᠤᠨ  ᠪᠢᠴᠢᠬᠦ  ᠠᠵᠢᠯ ᠵᠢᠩᠬᠢᠨᠢ ᠪᠠᠷ ᠡᠬᠢᠯᠡᠵᠦ᠂ ᠥᠪᠤᠷ ᠮᠣᠩᠭᠤᠯ ᠤᠨ  ᠥᠪᠡᠷᠲᠡᠭᠡᠨ  ᠵᠠᠰᠠᠬᠤ  ᠣᠷᠣᠨ ᠠᠴᠠ  ᠮᠣᠩᠭᠤᠯ᠂  ᠬᠢᠲᠠᠳ᠂  ᠡᠸᠡᠩᠬᠢ᠂ ᠣᠷᠴᠣᠨ᠂ ᠳᠠᠭᠤᠷ ᠵᠡᠷᠭᠡ ᠣᠯᠠᠨ ᠦᠨᠳᠦᠰᠦᠲᠡᠨ ᠤ ᠠᠷᠠᠳ ᠤᠨ ᠳᠤᠮᠳᠠᠬᠢ  ᠥᠭᠦᠯᠡᠨ  ᠳᠠᠭᠤᠯᠠᠬᠤ  ᠤᠷᠠᠯᠢᠭ  ᠎ ᠢ  ᠵᠠᠪᠳᠤᠨ ᠠᠪᠤᠷᠠᠬᠤ ᠴᠢᠨᠠᠷᠲᠠᠢ ᠡᠮᠬᠢᠳᠭᠡᠨ ᠴᠤᠭᠯᠠᠭᠤᠯᠵᠤ ᠡᠬᠢᠯᠡᠪᠡ᠃                  ᠡᠨᠡᠬᠦ ᠠᠵᠢᠯ ᠨᠢ ᠳᠠᠭᠤᠨ ᠳᠠᠪᠲᠠᠮᠵᠢ᠂ ᠬᠠᠷᠠᠭᠠᠨ ᠳᠠᠪᠲᠠᠮᠵᠢ ᠪᠠᠷ ᠳᠠᠮᠵᠢᠭᠤᠯᠤᠨ ᠥᠪᠥᠷ ᠮᠣᠩᠭᠤᠯ ᠤᠨ  ᠠᠷᠠᠳ ᠤᠨ ᠳᠤᠮᠳᠠ ᠳᠡᠯᠭᠡᠷᠡᠭᠰᠡᠨ ᠣᠯᠠᠨ ᠦᠨᠳᠦᠰᠦᠲᠡᠨ ᠤ ᠥᠭᠦᠯᠡᠨ  ᠳᠠᠭᠤᠯᠠᠬᠤ  ᠤᠷᠠᠯᠢᠭ ᠢ  ᠴᠤᠭᠯᠠᠭᠤᠯᠤᠨ  ᠡᠮᠬᠢᠳᠬᠡᠵᠦ᠂  ᠲᠣᠮᠣ ᠰᠤᠶᠤᠯ ᠤᠨ ᠰᠠᠩ ᠢ ᠬᠡᠪᠯᠡᠭᠦᠯᠬᠦ ᠶᠢᠨ ᠬᠠᠮᠲᠤ᠂ ᠡᠯᠧᠺᠲᠷᠣᠨ ᠲᠤᠯᠭᠤᠷ ᠪᠢᠴᠢᠭ ᠤᠨ ᠳ᠋ᠠᠶᠢᠲ᠋ᠠ  ᠬᠦᠮᠦᠷᠭᠡ ᠶᠢ ᠪᠠᠶᠢᠭᠤᠯᠤᠨ᠎ᠠ᠃                  ᠠᠷᠠᠳ ᠤᠨ ᠳᠤᠮᠳᠠᠬᠢ ᠥᠭᠦᠯᠡᠨ ᠳᠠᠭᠤᠯᠠᠬᠤ ᠤᠷᠠᠯᠢᠭ ᠨᠢ ᠲᠡᠥᠬᠡᠨ ᠳᠡᠭᠡᠷ᠎ᠡ ᠪᠤᠢ ᠪᠣᠯᠵᠤ ᠪᠦᠷᠢᠯᠳᠦᠬᠦ ᠶᠢᠨ ᠬᠠᠮᠲᠤ᠂ ᠠᠮᠢᠳᠤ ᠲᠣᠭᠯᠠᠯᠲᠠ ᠪᠠ ᠪᠢᠴᠢᠭ ᠲᠡᠮᠳᠡᠭᠯᠡᠯ ᠤᠨ ᠬᠡᠯᠪᠡᠷᠢ ᠪᠠᠷ ᠠᠷᠠᠳ ᠤᠨ ᠳᠤᠮᠳᠠ ᠤᠯᠠᠮᠵᠢᠯᠠᠭᠳᠠᠨ ᠳᠡᠯᠭᠡᠷᠡᠭᠰᠡᠨ᠂  ᠥᠭᠦᠯᠡᠨ ᠳᠠᠭᠤᠯᠠᠬᠤ ᠬᠡᠯᠪᠡᠷᠢ ᠪᠠᠷ ᠦᠯᠢᠭᠡᠷ ᠪᠤᠶᠤ ᠳᠦᠷᠢ ᠶᠢ  ᠵᠢᠷᠤᠭᠯᠠᠳᠠᠭ  ᠤᠯᠠᠮᠵᠢᠯᠠᠯᠲᠤ  ᠲᠣᠭᠯᠠᠯᠲᠠ ᠶᠢᠨ  ᠤᠷᠠᠯᠢᠭ  ᠪᠣᠯᠣᠨ᠎ᠠ᠃ ᠣᠳᠣᠬᠠᠨ ᠳᠤ᠂ ᠥᠪᠥᠷ ᠮᠣᠩᠭᠤᠯ ᠳᠤ 30 ᠭᠠᠷᠤᠢ ᠵᠦᠢᠯ ᠤᠨ ᠣᠨᠴᠠᠯᠢᠭ ᠢᠶᠠᠷ ᠢᠯᠡ ᠲᠣᠳᠣ᠂ ᠣᠯᠠᠨ ᠬᠡᠯᠪᠡᠷᠢ ᠶᠠᠩᠵᠤ ᠶᠢᠨ ᠠᠷᠠᠳ ᠤᠨ ᠥᠭᠦᠯᠡᠨ ᠳᠠᠭᠤᠯᠠᠬᠤ ᠤᠷᠠᠯᠢᠭ ᠪᠤᠢ᠃ ᠭᠡᠪᠡᠴᠦ ᠡᠳᠡᠭᠡᠷ ᠠᠷᠠᠳ ᠤᠨ ᠤᠷᠠᠯᠢᠭ ᠢ  ᠤᠯᠠᠮᠵᠢᠯᠠᠨ  ᠵᠠᠯᠭᠠᠮᠵᠢᠯᠠᠭᠰᠠᠨ ᠪᠠᠶᠢᠳᠠᠯ ᠲᠡᠶᠢᠮᠤ ᠰᠠᠶᠢᠨ ᠪᠢᠰᠢ᠂ ᠠᠪᠤᠷᠠᠬᠤ ᠴᠢᠨᠠᠷᠲᠠᠢ ᠬᠠᠮᠠᠭᠠᠯᠠᠨ ᠡᠮᠬᠢᠳᠬᠡᠬᠦ ᠠᠵᠢᠯ ᠨᠢᠳᠦᠨ ᠡᠮᠦᠨ᠎ᠡ ᠲᠤᠯᠭᠠᠮᠳᠠᠵᠤ ᠪᠠᠶᠢᠨ᠎ᠠ᠃ ᠨᠢᠭᠡ  ᠪᠦᠯᠦᠭ  ᠠᠬᠠᠮᠠᠳ  ᠠᠷᠠᠳ ᠤᠨ  ᠤᠷᠠᠯᠢᠭᠴᠢᠳ ᠤᠨ  ᠨᠠᠰᠤ  ᠪᠠᠷᠠᠭᠰᠠᠨ  ᠎ ᠨᠢ᠂   ᠶᠡᠭᠡ   ᠬᠡᠮᠵᠢᠶᠡᠨ ᠤ   ᠠᠮᠠ ᠪᠠᠷ ᠤᠯᠠᠮᠵᠢᠯᠠᠭᠳᠠᠵᠤ᠂ ᠶᠡᠷᠦ ᠠᠴᠠ ᠲᠡᠮᠳᠡᠭᠯᠡᠨ  ᠦᠯᠡᠳᠡᠭᠡᠭᠡ  ᠦᠭᠡᠢ  ᠪᠤᠶᠤ  ᠵᠠᠯᠠᠭᠤ  ᠨᠢᠭᠡᠨ  ᠦᠶ᠎ᠡ ᠶᠢᠨ  ᠎ ᠬᠢᠨ  ᠤᠯᠠᠮᠵᠢᠯᠠᠨ ᠵᠠᠯᠭᠠᠮᠵᠢᠯᠠᠭᠰᠠᠨ ᠦᠭᠡᠢ ᠠᠷᠠᠳ ᠤᠨ ᠳᠤᠮᠳᠠᠬᠢ ᠥᠭᠦᠯᠡᠵᠦ ᠳᠠᠭᠤᠯᠠᠬᠤ ᠤᠷᠠᠯᠢᠭ ᠢ ᠳᠠᠯᠲᠠ ᠤᠷᠤᠵᠠᠢ᠃                  ᠣᠶᠢᠯᠠᠭᠠᠭᠰᠠᠨ ᠢᠶᠠᠷ᠂ ︽ᠳᠤᠮᠳᠠᠳᠤ ᠤᠯᠤᠰ ᠤᠨ ᠠᠷᠠᠳ ᠤᠨ ᠠᠮᠠᠨ ᠵᠣᠬᠢᠶᠠᠯ ᠤᠨ ᠲᠤᠮᠤ  ᠰᠤᠳᠤᠷ︾᠎   ᠎ ᠢ  ᠬᠡᠪᠯᠡᠬᠦ ᠢᠨᠵᠧᠨᠧᠷᠢᠩ ᠠᠴᠠ᠂ 2025 ᠣᠨ ᠪᠣᠯᠬᠤ ᠳᠤ ᠠᠷᠠᠳ ᠤᠨ ᠥᠭᠦᠯᠡᠨ ᠳᠠᠭᠤᠯᠠᠬᠤ ᠤᠷᠠᠯᠢᠭ᠂ ᠠᠷᠠᠳ ᠤᠨ ᠳᠣᠮᠤᠭ  ᠵᠡᠷᠭᠡ ᠲᠥᠷᠥᠯ ᠵᠦᠢᠯ ᠪᠣᠯᠣᠨ ᠰᠢᠷᠢᠰ ᠲᠣᠮᠣ  ᠬᠡᠯᠪᠡᠷᠢ ᠶᠢᠨ  ᠪᠢᠴᠢᠭ ᠤᠨ  ᠰᠠᠩ ᠤᠨ  1000  ᠪᠣᠳᠢ ᠶᠢ  ᠵᠢᠩᠬᠢᠨᠢ ᠪᠠᠷ  ᠬᠡᠪᠯᠡᠨ ᠨᠡᠶᠢᠲᠡᠯᠡᠬᠦ ᠪᠠᠷ ᠲᠥᠯᠥᠪᠯᠡᠵᠦ ᠪᠠᠶᠢᠨ᠎ᠠ᠂ ᠪᠤᠳᠢ ᠪᠦᠷᠢ ᠨᠢ 100 ᠲᠦᠮᠡᠨ ᠦᠰᠦᠭ ᠲᠠᠢ᠃ ᠡᠭᠦᠨ ᠤ ᠬᠠᠮᠲᠤ ᠪᠠᠰᠠ  ︽ᠠᠮᠠᠨ ᠵᠣᠬᠢᠶᠠᠯ ᠤᠨ ᠥᠪ ᠤᠨ ᠳ᠋ᠠᠶᠢᠲ᠋ᠠ  ᠬᠥᠮᠥᠷᠭᠡ︾᠎ ᠶᠢ ᠪᠠᠶᠢᠭᠤᠯᠬᠤ ᠪᠠᠷ ᠪᠣᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号