ᠦᠨᠳᠦᠰᠦᠳᠡᠨ ᠤ ᠪᠡᠶ᠎ᠡ ᠶᠢᠨ ᠲᠠᠮᠢᠷ ᠤᠨ ᠦᠢᠯᠡᠰ ᠤᠨ ᠬᠢᠨ ᠰᠢᠨ᠎ᠡ ᠠᠷᠭ᠎ᠠ ᠵᠠᠮ ᠢ ᠡᠷᠢᠯᠬᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2018/6/7
         ᠳᠤᠮᠳᠠᠳᠤ ᠤᠯᠤᠰ ᠤᠨ ᠮᠣᠩᠭᠤᠯ ᠷᠠᠳᠢᠣ᠋ ᠰᠦᠯᠵᠢᠶ᠎ᠡ᠂ ᠪᠡᠭᠡᠵᠢᠩ᠂ 6  ᠳ᠋ᠤᠭᠠᠷ  ᠰᠠᠷ᠎ᠠ   ᠶᠢᠨ  3   ᠤ  ᠡᠳᠦᠷ   ᠤᠨ ᠮᠡᠳᠡᠭᠡ᠄                  ᠬᠤᠶᠠᠷ ᠤᠨ ᠡᠳᠦᠷ᠂ 2018 ᠤᠨ ᠤ ᠲᠤᠮᠳᠠᠳᠤ ᠤᠯᠤᠰ ᠤᠨ ᠦᠨᠳᠦᠰᠦᠳᠡᠨ ᠤ ᠪᠡᠶ᠎ᠡ ᠶᠢᠨ ᠲᠠᠮᠢᠷ ᠰᠤᠶᠤᠯ   ᠤᠨ ᠬᠦᠭᠵᠢᠯᠳᠡ ᠶᠢᠨ ᠴᠢᠭᠤᠯᠭ᠎ᠠ ᠠᠭᠤᠯᠵᠠᠯᠳᠠ ᠪᠠ ᠲᠤᠮᠳᠠᠳᠤ ᠤᠯᠤᠰ ᠤᠨ ᠦᠨᠳᠦᠰᠦᠳᠡᠨ ᠤ ᠰᠤᠳᠤᠯᠭᠠᠨ   ᠤ  ᠨᠡᠶᠢᠭᠡᠮᠯᠢᠭ   ᠤᠨ ᠦᠨᠳᠦᠰᠦᠳᠡᠨ ᠤ ᠪᠡᠶ᠎ᠡ ᠶᠢᠨ ᠲᠠᠮᠢᠷ ᠤᠨ ᠲᠤᠰᠬᠠᠢ ᠺᠤᠮᠢᠰ ᠢ ᠪᠠᠶᠢᠭᠤᠯᠬᠤ ᠶᠡᠭᠡ ᠬᠤᠷᠠᠯ ᠵᠧᠩᠵᠸᠦ ᠶᠢᠨ ᠶᠡᠭᠡ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠡᠬᠡᠳᠦ ᠰᠤᠷᠭᠠᠭᠤᠯᠢ ᠳᠤ  ᠲᠡᠬᠦᠰᠦᠭᠰᠡᠨ  ᠪᠠᠶᠢᠨ᠎ᠠ᠂  ᠡᠨᠡ   ᠨᠢ  ᠲᠤᠰᠬᠠᠢ  ᠵᠤᠬᠢᠶᠠᠨ  ᠪᠠᠶᠢᠭᠤᠯᠤᠯᠳᠠ ᠪᠠᠶᠢᠭᠤᠯᠬᠤ ᠪᠠᠷ ᠲᠠᠮᠵᠢᠨ ᠦᠨᠳᠦᠰᠦᠳᠡᠨ ᠤ ᠪᠡᠶ᠎ᠡ  ᠶᠢᠨ ᠲᠠᠮᠢᠷ ᠤᠨ ᠠᠭᠤᠯᠭ᠎ᠠ   ᠶᠢ  ᠲᠡᠬᠦᠯᠳᠡᠷᠵᠢᠬᠦᠯᠵᠦ᠂  ᠦᠨᠳᠦᠰᠦᠳᠡᠨ   ᠤ ᠪᠡᠶ᠎ᠡ ᠶᠢᠨ ᠲᠠᠮᠢᠷ ᠤᠨ ᠬᠦᠭᠵᠢᠯᠳᠡ  ᠶᠢᠨ ᠲᠠᠯᠳᠠ ᠬᠦᠴᠦᠨ ᠢ  ᠠᠭᠤᠳᠠᠯᠠᠵᠦ᠂  ᠰᠢᠨ᠎ᠡ  ᠬᠦᠭᠵᠢᠯᠳᠡ   ᠶᠢᠨ  ᠠᠷᠭ᠎ᠠ  ᠵᠠᠮ   ᠢ ᠡᠷᠢᠯᠬᠢᠯᠡᠬᠦ ᠪᠠᠷ ᠴᠢᠷᠮᠠᠶᠢᠵᠦ ᠪᠠᠶᠢᠭ᠎ᠠ ᠶᠠᠪᠤᠳᠠᠯ ᠪᠤᠯᠤᠨ᠎ᠠ᠃                  2019 ᠤᠨ ᠤ 9 ᠳ᠋ᠤᠭᠡᠷ ᠰᠠᠷ᠎ᠠ ᠳᠤ᠂ ᠵᠧᠩᠵᠸᠦ ᠳᠤ ᠠᠷᠪᠠᠨ ᠨᠢᠬᠡᠳᠦᠬᠡᠷ ᠬᠤᠭᠤᠴᠠᠭᠠᠨ ᠤ ᠪᠦᠬᠦ ᠤᠯᠤᠰ   ᠤᠨ ᠴᠦᠬᠡᠨ ᠲᠤᠭᠠᠳᠤ ᠦᠨᠳᠦᠰᠦᠳᠡᠨ ᠤ ᠤᠯᠠᠮᠵᠢᠯᠠᠯᠳᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠬᠢᠯᠡᠬᠦ ᠪᠤᠯᠤᠨ᠎ᠠ᠃                  ᠰᠢᠨ᠎ᠡ ᠪᠠᠷ ᠰᠤᠩᠭᠤᠭᠳᠠᠭᠰᠠᠨ ᠦᠨᠳᠦᠰᠦᠳᠡᠨ ᠤ ᠪᠡᠶ᠎ᠡ ᠶᠢᠨ ᠲᠠᠮᠢᠷ ᠤᠨ ᠺᠤᠮᠢᠰ ᠤᠨ  ᠡᠷᠬᠢᠯᠡᠭᠴᠢ  ᠬᠡᠰᠢᠬᠦᠨ  ᠹᠠᠩ ᠵᠧᠩ ᠬᠡᠯᠡᠬᠦ ᠳᠡᠭᠡᠨ᠂ ᠦᠨᠳᠦᠰᠦᠳᠡᠨ ᠤ ᠪᠡᠶ᠎ᠡ ᠶᠢᠨ ᠲᠠᠮᠢᠷ ᠤᠨ ᠺᠤᠮᠢᠰ ᠢ ᠪᠠᠶᠢᠭᠤᠯᠤᠭᠰᠠᠨ ᠤ ᠵᠤᠷᠢᠯᠭ᠎ᠠ ᠪᠤᠯ ᠦᠷᠬᠡᠨ  ᠤᠯᠠᠨ ᠦᠨᠳᠦᠰᠦᠳᠡᠨ ᠤ ᠪᠡᠶ᠎ᠡ ᠶᠢᠨ ᠲᠠᠮᠢᠷ ᠤᠨ ᠠᠵᠢᠯᠳᠠᠨ   ᠳᠤ  ᠦᠨᠳᠦᠰᠦᠳᠡᠨ   ᠤ  ᠰᠤᠳᠤᠯᠭᠠᠨ᠂  ᠬᠦᠮᠦᠨ  ᠲᠦᠷᠦᠯᠬᠢᠳᠡᠨ   ᠤ ᠰᠤᠳᠤᠯᠭᠠᠨ ᠪᠤᠯᠤᠨ ᠬᠠᠮᠢᠶᠠᠳᠠᠢ ᠰᠢᠨᠵᠢᠯᠡᠭᠡ ᠰᠤᠳᠤᠯᠭᠠᠨ ᠳᠤ ᠰᠤᠯᠢᠯᠴᠠᠭ᠎ᠠ ᠬᠢᠬᠦ ᠪᠠ  ᠬᠠᠷᠢᠯᠴᠠᠨ  ᠠᠬᠢᠭᠤᠯᠬᠤ  ᠲᠠᠪᠴᠠᠩ   ᠢ ᠪᠠᠶᠢᠭᠤᠯᠤᠨ ᠦᠭᠴᠦ᠂ ᠦᠨᠳᠦᠰᠦᠳᠡᠨ ᠤ ᠤᠯᠠᠮᠵᠢᠯᠠᠯᠳᠤ ᠪᠡᠶ᠎ᠡ ᠶᠢᠨ ᠲᠠᠮᠢᠷ ᠤᠨ  ᠰᠤᠳᠤᠯᠭ᠎ᠠ  ᠰᠢᠨᠵᠢᠯᠡᠭᠡ   ᠶᠢ  ᠲᠠᠰᠤᠷᠠᠯᠳᠠ ᠦᠬᠡᠢ ᠪᠤᠯᠪᠠᠰᠤᠷᠠᠩᠭᠤᠢ ᠪᠤᠯᠭᠠᠵᠦ᠂ ᠦᠨᠳᠦᠰᠦᠳᠡᠨ ᠤ ᠪᠡᠶ᠎ᠡ ᠶᠢᠨ ᠲᠠᠮᠢᠷ ᠤᠨ ᠦᠢᠯᠡᠰ ᠢ ᠤᠯᠠᠨ ᠲᠠᠯ᠎ᠠ ᠪᠠᠷ ᠬᠦᠭᠵᠢᠬᠦᠯᠬᠦ ᠳᠤ ᠨᠦᠬᠦᠴᠡᠯ ᠪᠦᠷᠢᠯᠳᠦᠬᠦᠯᠵᠦ ᠦᠭᠬᠦ ᠶᠢᠨ ᠲᠦᠯᠦᠭᠡ ᠶᠤᠮ ᠬᠡᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号