ᠦᠨᠳᠦᠰᠦᠨ ᠱᠠᠳᠤᠨ ᠳᠤ ᠦᠵᠦᠭ ᠢᠶᠠᠨ ᠬᠤᠷᠴᠠᠯᠠᠭᠰᠠᠨ ᠠᠬᠠᠮᠠᠳ ᠺᠠᠳ᠋ᠷ ᠲᠦᠮᠡᠨᠪᠠᠶᠠᠷ
ᠨᠡᠶᠢᠲᠡᠯᠡᠭᠰᠡᠨ ᠴᠠᠭ᠄
2019/11/21
     ᠪᠣᠯᠣᠳ ᠪᠢᠷ᠂ ᠪᠣᠭᠴᠣ ᠲᠠᠢ ᠮᠠᠰᠢᠨ᠂ ᠪᠣᠷᠣ ᠲᠡᠪᠳᠡᠷ ᠪᠣᠯ ᠲᠡᠭᠦᠨ ᠤ ᠡᠷᠬᠢᠮ ᠭᠤᠷᠪᠠᠨ ᠡᠷᠳᠡᠨᠢ ᠪᠠᠶᠢᠯ᠎ᠠ᠃ ᠬᠠᠮᠢᠭ᠎ᠠ ᠶᠠᠪᠤᠭᠰᠠᠨ ᠴᠤ ᠮᠠᠰᠢᠨ ᠮᠦᠷᠦᠯᠡᠵᠤ᠂ ᠬᠠᠷᠠᠭᠠᠨ ᠴᠢᠭ᠂ ᠬᠠᠯᠠᠭᠤᠬᠠᠨ ᠦᠢᠯᠡᠰ ᠢ ᠰᠣᠷᠪᠣᠯᠵᠢᠯᠠᠨ ᠮᠡᠳᠡᠭᠡᠯᠡᠬᠦ ᠨᠢ ᠵᠢᠷ ᠤᠨ ᠨᠢᠭᠡᠨ ᠰᠣᠷᠪᠤᠯᠵᠢᠯᠠᠭᠴᠢ ᠶᠢᠨ ᠡᠭᠦᠷᠭᠡ ᠪᠠᠶᠢᠭᠰᠠᠨ ᠴᠤ ᠪᠦᠭᠦᠯᠢ 37 ᠵᠢᠯ ᠪᠠᠷᠢᠮᠳᠠᠯᠠᠬᠤ ᠭᠡᠭᠴᠢ ᠲᠡᠶᠢᠮᠦ ᠬᠢᠯᠪᠠᠷᠬᠠᠨ ᠶᠠᠪᠤᠳᠠᠯ ᠪᠢᠰᠢ ᠶᠤᠮ᠃ ᠡᠨᠡ ᠵᠢᠯ 56 ᠨᠠᠰᠤᠳᠠᠢ ᠳᠠᠯᠠᠨᠪᠠᠶᠠᠷ ᠬᠦᠪᠡᠭᠡᠲᠦ ᠰᠢᠷ᠎ᠠ ᠬᠤᠰᠢᠭᠤᠨ ᠤ ᠤᠬᠠᠭᠤᠯᠬᠤ ᠬᠡᠯᠲᠡᠰ ᠲᠤ ᠠᠵᠢᠯᠯᠠᠵᠤ ᠪᠤᠢ᠃ ᠲᠡᠷᠡᠪᠡᠷ1982 ᠣᠨ ᠠᠴᠠ ᠡᠬᠢᠯᠡᠵᠤ ᠰᠣᠨᠢᠨ ᠰᠡᠳᠬᠦᠯ ᠳᠤ ᠮᠡᠳᠡᠭᠡ ᠴᠢᠮᠡᠭᠡ ᠪᠢᠴᠢᠵᠤ ᠣᠷᠣᠯᠳᠤᠨ᠂ ︽ᠤᠯᠠᠭᠠᠨᠨᠠᠭᠤᠷ ᠪᠠᠷᠢᠭᠠᠳᠠ ᠮᠠᠯ ᠬᠤᠳᠠᠯᠳᠤᠬᠤ ᠡᠭᠦᠷᠭᠡ ᠪᠠᠨ ᠲᠠᠪᠠᠭᠤᠯᠤᠨ ᠪᠡᠶᠡᠯᠡᠭᠦᠯᠪᠡ︾ ᠭᠡᠬᠦ ᠠᠩᠬᠠᠨ ᠤ ᠮᠡᠳᠡᠭᠡ ᠪᠠᠨ ᠰᠢᠯᠢ ᠶᠢᠨ ᠭᠤᠣᠯ ᠤᠨ ᠡᠳᠦᠷ ᠤᠨ ᠰᠣᠨᠢᠨ ᠳᠤ ᠨᠡᠶᠢᠳᠡᠯᠡᠭᠦᠯᠦᠭᠰᠡᠨ ᠠᠴᠠ ᠨᠠᠰᠢ ᠤᠯᠠᠮ ᠵᠣᠷᠢᠭᠵᠢᠨ᠂ ᠤᠷᠢᠳ ᠬᠤᠵᠢᠳ ᠶᠡᠭᠡ ᠪᠠᠭ᠎ᠠ ᠰᠣᠨᠢᠨ ᠰᠡᠳᠭᠦᠯ ᠳᠤ ᠨᠡᠶᠢᠲᠡ ᠲᠠᠪᠤᠨ ᠮᠢᠩᠭᠠᠳ ᠮᠡᠳᠡᠭᠡ ᠴᠢᠮᠡᠭᠡᠯᠡᠯ ᠨᠡᠶᠢᠳᠡᠯᠡᠭᠦᠯᠪᠡ᠃ ᠢᠲᠡᠭᠡᠮᠡᠷ ᠦᠭᠡᠢ ᠰᠠᠨᠠᠭᠳᠠᠪᠠᠴᠤ ᠤᠭ ᠠᠴᠠ ᠨᠢᠮᠪᠠᠢ ᠬᠢᠨᠠᠭᠤᠷ ᠵᠠᠩ ᠲᠠᠢ ᠲᠡᠷᠡ ᠰᠣᠨᠢᠨ ᠳᠤ ᠨᠡᠶᠢᠳᠡᠯᠡᠭᠦᠯᠦᠭᠰᠡᠨ ᠪᠦᠬᠦᠶᠢᠯᠡ ᠡᠬᠡ ᠪᠢᠴᠢᠭ ᠢᠶᠠᠨ ᠬᠠᠶᠢᠴᠢᠯᠠᠵᠤ ᠠᠪᠤᠭᠠᠳ ᠲᠡᠪᠳᠡᠷᠯᠡᠭᠰᠡᠨ ᠪᠠᠶᠢᠳᠠᠭ ᠨᠢ ᠬᠠᠷᠢᠨ ᠭᠠᠶᠢᠬᠠᠰᠢ ᠠᠯᠳᠠᠭᠤᠯᠤᠨ᠎ᠠ᠃ ᠬᠡᠷᠡᠭᠯᠡᠬᠦ ᠦᠶ᠎ᠡ ᠳᠤ ᠬᠡᠷᠢᠶᠡᠨ ᠨᠢᠳᠦ ᠮᠢᠩᠭᠠᠨ ᠯᠠᠩ ᠭᠡᠳᠡᠭ ᠢᠶᠠᠷ ᠡᠳᠡᠭᠡᠷ ᠲᠡᠪᠳᠡᠷᠯᠡᠭᠰᠡᠨ ᠡᠬᠡ ᠪᠢᠴᠢᠭ ᠨᠢ ᠲᠡᠭᠦᠨ ᠳᠤ ᠠᠪᠴᠤ ᠬᠡᠯᠡᠪᠡᠯ ᠰᠢᠨ᠎ᠡ ᠮᠡᠳᠡᠭᠡᠯᠡᠯ ᠲᠣᠭᠤᠷᠪᠢᠬᠤ ᠪᠡᠯᠡᠨ ᠲᠣᠯᠢ ᠪᠣᠯᠳᠠᠭ ᠪᠠᠶᠢᠨ᠎ᠠ᠃ ᠡᠨᠡ ᠮᠡᠲᠦ ᠲᠤᠷᠠᠳᠠᠢ ᠦᠢᠯᠡᠰ ᠲᠡᠭᠡᠨ ᠤᠷᠮᠠᠲᠠᠢ ᠵᠢᠳᠬᠦᠬᠦ ᠬᠠᠯᠠᠭᠤᠨ ᠵᠤᠷᠢᠭ ᠤᠨ ᠡᠷᠴᠢ ᠪᠠᠷ ᠬᠡᠳᠦᠶᠢᠪᠡᠷ ᠰᠤᠷᠭᠠᠭᠤᠯᠢ ᠰᠤᠶᠤᠯ ᠤᠨ ᠮᠥᠷ ᠮᠣᠰᠬᠢᠭᠰᠠᠨ ᠬᠤᠭᠤᠴᠠᠭ᠎ᠠ ᠨᠢ ᠣᠬᠤᠷ ᠪᠠᠶᠢᠭᠰᠠᠨ ᠴᠤ ᠬᠦᠳᠡᠭᠡ ᠣᠷᠣᠨ ᠨᠤᠲᠤᠭ ᠤᠨ ᠠᠬᠠᠮᠠᠳ ᠪᠤᠭᠤᠷᠤᠯ ᠤᠳ ᠠᠴᠠ ᠰᠤᠷᠤᠯᠴᠠᠬᠤ ᠨᠥᠬᠦᠴᠡᠯ ᠪᠣᠯᠤᠯᠴᠠᠭ᠎ᠠ ᠳᠠᠪᠠᠭᠤᠯᠢᠭ ᠪᠠᠶᠢᠭᠰᠠᠨ ᠪᠤᠯᠬᠤᠷ ᠪᠠᠶᠠᠨ ᠲᠠᠩᠰᠤᠭ᠂ ᠠᠮᠢᠳᠤ ᠶᠠᠷᠢᠶ᠎ᠠ ᠬᠦᠭᠡᠷᠦᠭᠡ᠂ ᠮᠠᠯᠵᠢᠬᠤ ᠠᠮᠢᠳᠤᠷᠠᠯ ᠤᠨ ᠰᠢᠮᠡᠲᠦ ᠬᠦᠷᠦᠰᠦᠨ ᠠᠴᠠ ᠮᠡᠳᠡᠯᠭᠡ ᠬᠤᠷᠠᠮᠳᠤᠭᠤᠯᠵᠤ ᠦᠵᠦᠭ ᠢᠶᠠᠨ ᠬᠤᠷᠴᠠᠯᠠᠵᠤ ᠢᠷᠡᠭᠰᠡᠨ ᠪᠠᠶᠢᠯ᠎ᠠ᠃     ᠬᠤᠷᠢ ᠭᠠᠷᠤᠢ ᠵᠢᠯ ᠤᠨ ᠦᠨᠳᠦᠰᠦᠨ ᠱᠠᠲᠤᠨ ᠤ ᠠᠵᠢᠯ ᠠᠮᠢᠳᠤᠷᠠᠯ ᠳᠠᠭᠠᠨ ᠡᠪᠯᠡᠯ ᠤᠨ ᠺᠠᠳ᠋ᠷ᠂ ᠨᠠᠷᠢᠨ ᠪᠢᠴᠢᠭᠡᠴᠢ᠂ ᠰᠣᠮᠣᠨ ᠤ ᠨᠠᠮ ᠤᠨ ᠬᠤᠷᠢᠶᠠᠨ ᠤ ᠳᠡᠳ᠋ ᠱᠦᠵᠢ᠂ ᠱᠦᠵᠢ ᠶᠢᠨ ᠲᠤᠰᠢᠶᠡᠯ ᠢ ᠬᠠᠷᠢᠭᠤᠴᠠᠵᠤ᠂ ᠮᠠᠯᠴᠢᠨ ᠠᠷᠠᠳ ᠤᠨ ᠢᠶᠠᠨ ᠪᠠᠶᠠᠷ ᠭᠤᠨᠢᠭ ᠢ ᠬᠤᠪᠢᠶᠠᠯᠴᠠᠨ ᠠᠵᠤ ᠠᠮᠢᠳᠤᠷᠠᠯ ᠢ ᠨᠢ ᠥᠭᠡᠳᠡ ᠲᠠᠲᠠᠬᠤ ᠪᠠᠷ ᠪᠣᠷᠪᠢ ᠨᠤᠭᠤᠷᠠᠯ ᠦᠭᠡᠢ ᠶᠠᠭᠠᠷᠠᠵᠤ ᠪᠠᠶᠢᠭᠰᠠᠨ ᠡᠳᠦᠷ ᠬᠤᠨᠤᠭ ᠤᠳ ᠲᠤ ᠪᠣᠷᠣ ᠳᠡᠪᠲᠡᠷ ᠢᠶᠠᠨ ᠬᠠᠷᠠᠮᠠᠯᠠᠨ᠂ ᠪᠣᠳᠤᠭᠰᠠᠨ ᠰᠠᠨᠠᠭᠰᠠᠨ ᠢᠶᠠᠨ ᠳᠠᠲᠠᠯᠠᠵᠤ ᠪᠠᠶᠢᠳᠠᠭ ᠨᠢ ᠶᠠᠭᠠᠬᠢᠬᠤ ᠶᠢᠨ ᠠᠷᠭ᠎ᠠ ᠦᠭᠡᠢ ᠲᠤᠷᠠᠳᠠᠢ ᠶᠢᠨ ᠬᠢᠨ ᠪᠠᠶᠢᠵᠤ ᠲᠠᠭᠠᠷᠠᠨ᠎ᠠ᠃ ᠰᠠᠨᠠᠭᠰᠠᠨ ᠶᠠᠪᠤᠳᠠᠯ ᠰᠠᠨᠠᠭ᠎ᠠ ᠪᠠᠷ ᠭᠡᠳᠡᠭᠴᠢᠯᠡᠨ 2004 ᠣᠨ ᠳᠤ ᠬᠤᠰᠢᠭᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠪᠠᠷ ᠠᠵᠢᠯ ᠰᠢᠯᠵᠢᠭᠰᠡᠨ ᠠᠴᠠ ᠬᠤᠶᠢᠰᠢ ᠮᠠᠯᠴᠢᠨ ᠲᠦᠮᠡᠨ᠂ ᠬᠦᠳᠡᠭᠡ ᠨᠤᠲᠤᠭ ᠠᠴᠠ ᠪᠠᠨ ᠵᠢᠭᠠᠬᠠᠨ ᠬᠤᠯᠠᠳᠠᠭᠰᠠᠨ ᠳᠠᠭᠠᠨ ᠰᠡᠳᠬᠢᠯ ᠳᠤᠮᠳᠠᠭᠤᠷ ᠪᠠᠶᠢᠭᠰᠠᠨ ᠴᠤ ᠦᠵᠦᠭ ᠲᠠᠳᠠᠯᠠᠵᠤ᠂ ᠦᠨᠡᠨ ᠢᠶᠠᠨ ᠶᠠᠷᠢᠬᠤ ᠲᠤᠰᠬᠠᠢ ᠠᠵᠢᠯ ᠳᠤ ᠭᠠᠷᠤᠭᠰᠠᠨ ᠳᠠᠭᠠᠨ ᠬᠦᠭᠰᠦᠵᠦ᠂ ᠮᠠᠯᠵᠢᠬᠤ ᠣᠷᠣᠨ᠂ ᠣᠯᠠᠨ ᠲᠦᠮᠡᠨ ᠲᠠᠢ ᠬᠤᠯᠪᠣᠭᠳᠠᠭᠰᠠᠨ ᠣᠯᠠᠨ ᠰᠠᠶᠢᠬᠠᠨ᠂ ᠲᠣᠷᠪᠢᠳᠠᠢ᠂ ᠵᠥᠪ ᠡᠨᠧᠷᠭᠢ ᠲᠠᠢ ᠮᠡᠳᠡᠭᠡᠯᠡᠯ ᠢ ᠲᠣᠭᠤᠷᠪᠢᠵᠤ᠂ ᠬᠤᠰᠢᠭᠤ ᠨᠤᠲᠤᠭ ᠢᠶᠠᠨ ᠭᠠᠳᠠᠭᠰᠢ ᠤᠬᠠᠭᠤᠯᠤᠨ ᠬᠦᠮᠦᠨ ᠠᠷᠠᠳ ᠳᠠᠭᠠᠨ ᠥᠩᠭᠡ ᠭᠡᠷᠡᠯ᠂ ᠵᠣᠷᠢᠭ ᠬᠦᠴᠦᠨ ᠨᠡᠮᠡᠷᠢᠯᠡᠪᠡ᠃ ᠬᠦᠮᠦᠨ ᠶᠡᠷᠦᠨᠢ ᠪᠣᠰᠣᠳ ᠎ ᠲᠤ ᠰᠠᠶᠢᠬᠠᠨ ᠵᠦᠢᠯᠡᠰ ᠢ ᠦᠭᠴᠦ ᠪᠠᠶᠢᠵᠤ ᠰᠡᠳᠬᠢᠯ ᠪᠠᠶᠠᠨ ᠠᠮᠢᠳᠤᠷᠠᠳᠠᠭ᠃ ᠲᠡᠷᠡᠪᠡᠷ ᠮᠡᠳᠡᠭᠡᠯᠡᠯ ᠠᠴᠠ ᠭᠠᠳᠠᠨ᠎ᠠ ᠤᠷᠠᠨ ᠵᠤᠬᠢᠶᠠᠯ ᠪᠢᠴᠢᠬᠦ ᠪᠠᠭ᠋ᠠᠲᠠᠢ ᠪᠠᠶᠢᠵᠤ᠂ 2007 ᠣᠨ ᠳᠤ ︽ᠰᠢᠯᠦᠭ ᠰᠢᠭᠦᠮᠵᠢ︾ ᠭᠡᠳᠡᠭ ᠨᠣᠮ ᠢᠶᠠᠨ ᠬᠡᠪᠯᠡᠭᠦᠯᠪᠡ᠃      ᠨᠣᠮ ᠤᠨ ᠪᠤᠶᠠᠨ᠂ ᠨᠠᠮ ᠤᠨ ᠠᠴᠢ᠂ ᠦᠵᠦᠭ ᠤᠨ ᠤᠷᠠᠨ ᠢᠶᠠᠷ ᠠᠵᠢᠯ ᠠᠮᠢᠳᠤᠷᠠᠯ ᠢᠶᠠᠨ ᠴᠤᠭᠴᠠᠯᠠᠵᠤ ᠢᠷᠡᠭᠰᠡᠨ ᠠᠬᠠᠮᠠᠳ ᠰᠣᠷᠪᠤᠯᠵᠢᠯᠠᠭᠴᠢ ᠳᠠᠯᠠᠨᠪᠠᠶᠠᠷ ᠤᠨ ᠣᠶᠢᠭ᠎ᠠ ᠦᠭᠡᠢ ᠬᠦᠳᠡᠯᠮᠦᠷᠢ ᠰᠣᠳᠣᠨ ᠰᠣᠷᠪᠤᠯᠵᠢᠯᠠᠭᠴᠢ᠂ ᠰᠢᠯᠢᠳᠡᠭ ᠴᠢᠮᠡᠭᠡᠯᠡᠭᠴᠢ ᠵᠡᠷᠭᠡ ᠣᠷᠤᠨ᠂ ᠠᠶᠢᠮᠠᠭ᠂ ᠬᠤᠰᠢᠭᠤᠨ ᠤ ᠢᠷᠠᠭᠤ ᠠᠯᠳᠠᠷ ᠤᠨ ᠲᠡᠮᠳᠡᠭ ᠢᠶᠠᠷ ᠣᠯᠠᠨᠲᠠ ᠦᠨᠡᠯᠡᠭᠳᠡᠭᠰᠡᠨ ᠪᠣᠯᠪᠠᠴᠤ ᠪᠣᠷᠤᠭᠵᠢᠭᠤᠨ ᠵᠠᠩ ᠲᠠᠢ᠂ ᠪᠣᠷᠤᠬᠠᠨ ᠠᠮᠢᠳᠤᠷᠠᠬᠤ ᠶᠢ ᠬᠦᠰᠡᠳᠡᠭ ᠲᠡᠷᠡ ᠣᠯᠠᠨ ᠲᠦᠮᠡᠨ ᠤ ᠳᠤᠮᠳᠠ ᠬᠦᠨᠵᠡᠭᠡᠶᠢᠷᠡᠨ᠂ ᠪᠡᠶ᠎ᠡ ᠪᠠᠨ ᠴᠢᠩᠭ᠎ᠠ ᠱᠠᠭᠠᠷᠳᠠᠵᠤ᠂ ᠮᠣᠩᠭᠤᠯ ᠮᠣᠷᠢᠨ ᠤ ᠮᠣᠬᠤᠰᠢ ᠦᠭᠡᠢ ᠵᠣᠷᠢᠭ ᠰᠠᠨᠠᠭ᠎ᠠ ᠶᠢ ᠪᠠᠷᠢᠨ᠂ ᠵᠣᠷᠢᠭᠰᠠᠨ  ᠦᠢᠯᠡᠰ ᠤᠨ ᠢᠶᠠᠨ ᠲᠦᠯᠦᠭᠡ ᠲᠦᠷᠦᠭᠡ ᠵᠢᠭᠢᠨ ᠤᠷᠤᠭᠰᠢᠯᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号