ᠡᠬᠡ ᠪᠠᠶᠢᠭᠠᠯᠢ ᠪᠣᠯ ᠪᠢᠳᠡᠨ ᠤ ᠤᠷᠤᠰᠢᠨ ᠲᠤᠭᠳᠠᠨᠢᠬᠤ ᠬᠠᠮᠳᠤ ᠶᠢᠨ ᠭᠡᠷ ᠤᠷᠤᠨ ᠮᠦᠨ᠃ ᠠᠮᠢᠳᠠᠨ | ᠭᠤᠣᠯᠳᠠᠨ ᠪᠣᠯ ᠪᠢᠳᠡᠨ ᠤ ᠬᠦᠷᠰᠢ᠂ ᠪᠥᠷᠭᠦᠳ ᠤᠨ ᠬᠠᠯᠢᠯᠳᠠ ᠪᠠᠶᠢᠭᠰᠠᠨ ᠠᠴᠠ ᠬᠥᠬᠡ ᠣᠭᠲᠠᠷᠭᠤᠢ ᠰᠠᠶ᠋ᠢ | ᠦᠷᠭᠡᠨ ᠠᠭᠤᠳᠠᠮ ᠪᠣᠯᠵᠤ᠂ ᠤᠰᠤᠨ ᠳᠤᠲᠤᠷᠠᠬᠢ ᠵᠢᠭᠠᠰᠤ ᠵᠢᠷᠠᠭᠠᠬᠠᠢ ᠪᠠᠶᠢᠭᠰᠠᠨ ᠠᠴᠠ ᠲᠡᠯᠡᠭᠡᠢ ᠶᠢᠨ ᠪᠦᠮᠪᠦᠷᠴᠡᠭ | ᠰᠠᠶ᠋ᠢ ᠠᠮᠢᠵᠢᠷᠠᠯ ᠤᠨ ᠬᠦᠴᠦᠨ ᠲᠠᠢ ᠪᠠᠶᠢᠳᠠᠭ᠃ ᠬᠡᠭᠡᠷ᠎ᠡ ᠶᠢᠨ ᠠᠮᠢᠳᠠᠨ ᠪᠣᠯ ᠬᠦᠮᠦᠨ ᠲᠥᠷᠦᠯᠬᠢᠳᠡᠨ ᠤ ᠨᠠᠶᠢᠵᠠ | ᠪᠠᠶᠢᠵᠤ᠂ ᠡᠬᠡ ᠪᠠᠶᠢᠭᠠᠯᠢ ᠶᠢᠨ ᠠᠮᠢ ᠠᠬᠤᠢ ᠶᠢᠨ ᠰᠢᠰᠲ᠋ᠧᠮ ᠤᠨ ᠴᠢᠬᠤᠯᠠ ᠨᠢᠭᠡ ᠬᠡᠰᠡᠭ ᠪᠦᠭᠡᠳ ᠪᠠᠶᠢᠭᠠᠯᠢ ᠠᠴᠠ | ᠬᠦᠮᠦᠨ ᠲᠦᠷᠦᠯᠬᠢᠳᠡᠨ ᠳᠤ ᠣᠯᠭᠤᠭᠰᠠᠨ ᠬᠤᠪᠤᠷ ᠨᠠᠨᠳᠢᠨ ᠡᠬᠢ ᠰᠣᠷᠪᠤᠯᠵᠢ ᠶᠤᠮ᠃ ᠭᠡᠪᠡᠴᠤ ᠬᠡᠭᠡᠷ᠎ᠡ ᠶᠢᠨ | ᠠᠮᠢᠳᠠᠨ ᠨᠢ ᠮᠦᠨᠴᠦ ᠪᠠᠶᠢᠭᠠᠯᠢᠯᠢᠭ ︽ᠡᠪᠡᠳᠴᠢᠨ ᠤ ᠰᠣᠷᠪᠤᠯᠵᠢ ᠶᠢᠨ ᠬᠦᠮᠦᠷᠭᠡ︾ ᠪᠠᠶᠢᠵᠤ᠂ ᠮᠠᠰᠢ ᠤᠯᠠᠨ | ᠬᠡᠭᠡᠷ᠎ᠡ ᠶᠢᠨ ᠠᠮᠢᠳᠠᠨ ᠤ ᠪᠡᠶ᠎ᠡ ᠳᠤ ᠡᠪᠡᠳᠴᠢᠨ ᠤ ᠡᠬᠢ ᠪᠠᠶᠢᠳᠠᠭ ᠠᠴᠠ ᠬᠠᠯᠳᠠᠪᠦᠷᠢᠯᠡᠯ ᠡᠭᠦᠰᠳᠡᠭ᠃ ᠵᠢᠱᠢᠶᠡᠯᠡᠪᠡᠯ | ᠬᠤᠯᠤᠭᠠᠨ᠎ᠠ ᠶᠢᠨ ᠬᠢᠵᠢᠭ᠂ ᠭᠠᠯᠵᠠᠭᠤ ᠡᠪᠡᠳᠴᠢᠨ ᠵᠡᠷᠭᠡ᠃ ᠮᠠᠨ ᠤ ᠬᠤᠰᠢᠭᠤᠨ ᠤ ᠬᠡᠭᠡᠷ᠎ᠡ ᠶᠢᠨ ᠠᠮᠢᠳᠠᠨ ᠤ ᠭᠡᠮ | ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠢ ᠴᠢᠩᠭᠠᠳᠬᠠᠵᠤ᠂ ᠰᠡᠷᠭᠡᠶᠢᠯᠡᠨ ᠬᠤᠷᠢᠭᠯᠠᠬᠤ ᠠᠵᠢᠯ ᠢ ᠦᠨᠡᠨᠬᠦ ᠰᠠᠶᠢᠨ | ᠬᠢᠵᠤ᠂ ᠠᠮᠢᠳᠠᠨ ᠤ ᠬᠢᠵᠢᠭ ᠤᠨ ᠠᠶᠤᠯ ᠬᠦᠨᠦᠭᠡᠯ ᠢ ᠪᠦᠳᠦᠮᠵᠢᠳᠡᠢ ᠰᠡᠷᠭᠡᠶᠢᠯᠡᠨ᠂ ᠣᠯᠠᠨ ᠨᠠᠶᠢᠳᠡ ᠶᠢᠨ ᠡᠷᠡᠭᠦᠯ | ᠬᠠᠮᠠᠭᠠᠯᠠᠯ ᠤᠨ ᠠᠮᠤᠷ ᠲᠦᠪᠰᠢᠨ ᠪᠠ ᠬᠦᠮᠦᠰ ᠤᠨ ᠪᠡᠶ᠎ᠡ ᠮᠠᠬᠠᠪᠤᠳ ᠤᠨ ᠡᠷᠡᠭᠦᠯ ᠴᠢᠬᠢᠷᠠᠭ ᠶᠢ ᠪᠠᠳᠤᠯᠠᠬᠤ ᠶᠢᠨ | ᠲᠤᠰᠠᠳᠠ᠂ ᠣᠢ ᠰᠢᠭᠤᠢ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠠᠴᠠ ᠦᠷᠭᠡᠨ ᠣᠯᠠᠨ ᠲᠦᠮᠡᠨ ᠳᠤ | ᠬᠠᠨᠳᠤᠭᠤᠯᠤᠨ ᠲᠤᠤᠷᠠᠬᠢ ᠰᠠᠨᠠᠭᠠᠴᠢᠯᠠᠭ᠎ᠠ ᠶᠢ ᠭᠠᠷᠭᠠᠯ᠎ᠠ᠃ | ᠨᠢᠭᠡ᠂ ᠬᠡᠭᠡᠷ᠎ᠡ ᠶᠢᠨ ᠠᠮᠢᠳᠠᠨ ᠢ ᠬᠠᠮᠠᠭᠠᠯᠠᠬᠤ ᠬᠠᠤᠯᠢ ᠴᠠᠭᠠᠵᠠ᠂ ᠬᠠᠤᠯᠢ ᠲᠥᠷᠢᠮ ᠢ | ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠬᠠᠤᠯᠢ ᠶᠢᠨ ᠮᠡᠳᠡᠯᠭᠡ ᠲᠠᠢ᠂ ᠬᠠᠤᠯᠢ ᠶᠢ ᠵᠢᠷᠤᠮᠯᠠᠨ ᠰᠠᠬᠢᠵᠤ | ᠬᠠᠮᠠᠭᠠᠯᠠᠳᠠᠭ ᠰᠠᠶᠢᠨ ᠠᠷᠠᠳ ᠢᠷᠭᠡᠨ ᠪᠤᠯᠤᠶ᠎ᠠ᠃ ᠬᠡᠭᠡᠷ᠎ᠡ ᠶᠢᠨ ᠠᠮᠢᠳᠠᠨ ᠢ ᠠᠪᠠᠯᠠᠵᠤ ᠠᠩᠨᠠᠨ ᠪᠤᠷᠤᠯᠠᠭᠤᠯᠬᠤ ᠦᠭᠡᠢ | ᠪᠣᠶᠣ ᠬᠤᠳᠠᠯᠳᠤᠨ ᠠᠪᠬᠤ ᠦᠭᠡᠢ ᠪᠠᠶᠢᠵᠤ᠂ ᠨᠡᠩ ᠴᠤ ᠬᠡᠭᠡᠷ᠎ᠡ ᠶᠢᠨ ᠠᠮᠢᠳᠠᠨ ᠤ ᠮᠢᠬ᠎ᠠ ᠶᠢ ᠢᠳᠡᠬᠦ ᠶᠢ ᠡᠷᠡᠰ | ᠴᠡᠭᠡᠷᠯᠡᠨ᠂ ᠦᠰᠦ ᠨᠣᠯᠤᠤᠷ ᠠᠷᠠᠰᠤ ᠰᠢᠷᠢ᠂ ᠠᠷᠠᠭ᠎ᠠ ᠰᠢᠳᠦ ᠶᠠᠰᠤ ᠪᠠᠷ ᠬᠢᠭᠰᠡᠨ ᠪᠦᠳᠦᠭᠡᠭᠳᠡᠬᠦᠨ ᠢ ᠬᠤᠳᠠᠯᠳᠤᠨ | ᠠᠪᠴᠤ ᠬᠡᠷᠡᠭᠯᠡᠬᠦ ᠦᠭᠡᠢ ᠪᠠᠶᠢᠵᠤ᠂ ᠦᠨᠡᠨᠬᠦ ᠰᠠᠶᠢᠨ ᠬᠠᠮᠠᠭᠠᠯᠠᠭᠴᠢ ᠪᠤᠯᠤᠶ᠎ᠠ᠃ ᠶᠡᠮᠡᠷᠪᠡ ᠵᠦᠭᠡᠭᠡᠪᠦᠷᠢᠯᠡᠯ ᠤᠨ ᠠᠵᠤ | ᠦᠢᠯᠡᠰ ᠪᠠ ᠢᠳᠡᠭᠡᠨ ᠤᠮᠳᠠᠭᠠᠨ ᠤ ᠠᠵᠤ ᠦᠢᠯᠡᠰ ᠨᠢ ᠬᠠᠤᠯᠢ ᠶᠢ ᠰᠠᠬᠢᠵᠤ᠂ ᠣᠷᠴᠢᠨ ᠲᠤᠭᠤᠷᠢᠨ ᠢ ᠬᠠᠮᠠᠭᠠᠯᠠᠨ᠂ | ᠪᠤᠬᠢᠷᠳᠤᠯ ᠦᠭᠡᠢ ᠪᠠᠷ ᠦᠢᠯᠡᠰ ᠵᠶ᠋ᠠᠨᠡᠷᠬᠢᠯᠡᠵᠤ᠂ ᠬᠡᠭᠡᠷ᠎ᠡ ᠶᠢᠨ ᠠᠮᠢᠳᠠᠨ ᠤ ᠪᠦᠳᠦᠭᠡᠭᠳᠡᠬᠦᠨ ᠢ ᠬᠠᠤᠯᠢ ᠪᠤᠰᠤ ᠪᠠᠷ | ᠡᠵᠡᠩᠨᠡᠬᠦ᠂ ᠫᠠᠨᠽᠠᠯᠠᠬᠤ᠂ ᠪᠤᠯᠪᠠᠰᠤᠷᠠᠭᠤᠯᠵᠤ ᠪᠤᠷᠤᠯᠠᠭᠤᠯᠵᠤ ᠪᠣᠯᠬᠤ ᠦᠭᠡᠢ᠃ | ᠬᠤᠶᠠᠷ᠂ ᠬᠡᠭᠡᠷ᠎ᠡ ᠶᠢᠨ ᠠᠮᠢᠳᠠᠨ ᠢ ᠬᠠᠮᠠᠭᠠᠯᠠᠬᠤ ᠪᠠ ᠬᠡᠭᠡᠷ᠎ᠡ ᠶᠢᠨ ᠠᠮᠢᠳᠠᠨ ᠤ ᠬᠡᠮ ᠬᠢᠵᠢᠭ ᠢ | ᠤᠷᠢᠳᠴᠢᠯᠠᠨ ᠰᠡᠷᠭᠡᠶᠢᠯᠡᠬᠦ ᠬᠠᠮᠢᠭ᠎ᠠ ᠪᠦᠬᠦᠢ ᠮᠡᠳᠡᠯᠭᠡ ᠶᠢ ᠨᠢᠮᠪᠠᠢ ᠰᠤᠷᠤᠯᠴᠠᠨ ᠡᠵᠡᠮᠰᠢᠵᠤ᠂ ᠬᠡᠭᠡᠷ᠎ᠡ ᠶᠢᠨ ᠠᠮᠢᠳᠠᠨ ᠢ | ᠬᠠᠮᠠᠭᠠᠯᠠᠬᠤ ᠪᠠ ᠬᠡᠭᠡᠷ᠎ᠡ ᠶᠢᠨ ᠠᠮᠢᠳᠠᠨ ᠤ ᠬᠡᠮ ᠬᠢᠵᠢᠭ ᠢ ᠰᠡᠷᠭᠡᠶᠢᠯᠡᠨ ᠬᠤᠷᠢᠭᠯᠠᠬᠤ ᠶᠢᠨ ᠴᠢᠬᠤᠯᠠ ᠴᠢᠨᠡᠷ ᠪᠠ | ᠪᠠᠴᠢᠮ ᠲᠤᠯᠭᠠᠮ᠎ᠠ ᠴᠢᠨᠠᠷ ᠢ ᠬᠦᠢᠴᠡᠳ ᠲᠠᠨᠢᠵᠤ᠂ ᠬᠡᠭᠡᠷ᠎ᠡ ᠶᠢᠨ ᠠᠮᠢᠳᠠᠨ ᠢ ᠬᠠᠮᠠᠭᠠᠯᠠᠬᠤ ᠵᠥᠪ ᠦᠵᠡᠯᠳᠡ | ᠲᠠᠨᠢᠯᠲᠠ ᠶᠢ ᠪᠣᠢ ᠪᠤᠯᠭᠠᠶ᠎ᠠ᠃ | ᠭᠤᠷᠪᠠ᠂ ᠦᠪᠡᠷ ᠤᠨ ᠪᠡᠶ᠎ᠡ ᠠᠴᠠ ᠪᠠᠨ ᠭᠠᠷᠳᠠᠨ ᠮᠠᠭᠤ ᠲᠠᠳᠬᠠᠯ ᠢ ᠲᠡᠪᠴᠢᠶ᠎ᠡ᠃ ᠲᠦᠷᠦᠯ | ᠰᠠᠳᠤᠨ ᠢᠶᠠᠨ ᠢᠳᠬᠠᠨ ᠰᠠᠨᠠᠭᠤᠯᠵᠤ ᠬᠡᠭᠡᠷ᠎ᠡ ᠶᠢᠨ ᠲᠠᠤᠯᠠᠢ᠂ ᠲᠠᠷᠪᠠᠭ᠎ᠠ ᠨᠤᠭᠤᠰᠤ ᠵᠡᠷᠭᠡ ᠬᠡᠭᠡᠷ᠎ᠡ ᠶᠢᠨ ᠠᠮᠢᠳᠠᠨ ᠢ | ᠠᠩᠨᠠᠵᠤ ᠢᠳᠡᠬᠦ ᠶᠢ ᠡᠷᠡᠰ ᠴᠡᠭᠡᠷᠯᠡᠵᠤ᠂ ᠬᠡᠭᠡᠷ᠎ᠡ ᠶᠢᠨ ᠠᠮᠢᠳᠠᠨ ᠢ ᠬᠠᠮᠠᠭᠠᠯᠠᠬᠤ ᠶᠢ ᠬᠤᠭᠤᠯᠠᠨ ᠰᠢᠷᠡᠭᠡᠨ ᠠᠴᠠ | ᠡᠬᠢᠯᠡᠵᠤ ᠬᠦᠢᠴᠡᠳᠬᠡᠪᠡᠯ ᠵᠤᠬᠢᠨ᠎ᠠ᠃ | ᠳᠥᠷᠪᠡ᠂ ᠬᠦᠮᠦᠨ ᠪᠦᠬᠦᠨ ᠬᠦᠳᠡᠯᠦᠯᠴᠡᠨ᠂ ᠬᠡᠭᠡᠷ᠎ᠡ ᠶᠢᠨ ᠠᠮᠢᠳᠠᠨ ᠵᠢᠴᠢ ᠲᠡᠭᠦᠨ ᠤ ᠦᠢᠯᠡᠳᠬᠦᠨ ᠢ | ᠬᠠᠤᠯᠢ ᠪᠤᠰᠤ ᠪᠠᠷ ᠠᠩᠨᠠᠵᠤ᠂ ᠳᠤᠷ᠎ᠠ ᠪᠠᠷ ᠢᠶᠠᠨ ᠠᠯᠠᠬᠤ᠂ ᠬᠤᠳᠠᠯᠳᠤᠨ ᠠᠪᠬᠤ᠂ ᠬᠤᠳᠠᠯᠳᠤᠨ ᠫᠠᠨᠽᠠᠯᠠᠬᠤ ᠵᠡᠷᠭᠡ | ᠬᠠᠤᠯᠢ ᠠᠴᠠ ᠵᠦᠷᠢᠴᠡᠭᠰᠡᠨ ᠡᠯ᠎ᠡ ᠲᠦᠷᠦᠯ ᠤᠨ ᠦᠢᠯᠡ ᠠᠵᠢᠯᠯᠠᠭ᠎ᠠ ᠶᠢ ᠢᠳᠡᠪᠬᠢᠳᠡᠢ ᠬᠤᠷᠢᠭᠯᠠᠵᠤ᠂ ᠢᠯᠡᠴᠢᠯᠡᠨ | ᠮᠡᠳᠡᠭᠦᠯᠵᠤ᠂ ᠬᠡᠭᠡᠷ᠎ᠡ ᠶᠢᠨ ᠠᠮᠢᠳᠠᠨ ᠳᠤ ᠤᠷᠤᠰᠢᠨ ᠠᠮᠢᠳᠤᠷᠠᠬᠤ ᠲᠤᠬᠢᠳᠠᠢ ᠤᠷᠤᠨ ᠵᠠᠢ ᠬᠠᠩᠭᠠᠶ᠎ᠠ᠃ | ᠲᠠᠪᠤ᠂ ᠬᠢᠵᠢᠭ ᠤᠨ ᠰᠣᠷᠪᠤᠯᠵᠢᠳᠤ ᠠᠮᠢᠳᠠᠨ ᠢ ᠬᠤᠪᠢ ᠪᠠᠷ ᠢᠶᠠᠨ ᠠᠩᠨᠠᠵᠤ ᠪᠣᠯᠬᠤ ᠦᠭᠡᠢ᠂ ᠬᠡᠭᠡᠷ᠎ᠡ ᠶᠢᠨ | ᠠᠮᠢᠳᠠᠨ ᠲᠠᠢ ᠠᠯᠢ ᠪᠤᠯᠬᠤ ᠪᠠᠷ ᠤᠶᠢᠷᠠᠳᠬᠤ ᠦᠭᠡᠢ ᠪᠠᠶᠢᠵᠤ᠂ ᠡᠪᠡᠳᠴᠢᠨ ᠤ ᠪᠠᠶᠢᠳᠠᠯ ᠲᠤᠳᠤᠷᠬᠠᠢ ᠦᠭᠡᠢ | ᠬᠡᠭᠡᠷ᠎ᠡ ᠶᠢᠨ ᠠᠮᠢᠳᠠᠨ ᠢᠶᠠᠷ ᠨᠠᠭᠠᠳᠴᠤ ᠲᠣᠭᠯᠠᠵᠤ ᠪᠣᠯᠬᠤ ᠦᠭᠡᠢ᠂ ᠡᠭᠦᠨ ᠤ ᠬᠠᠮᠳᠤ ᠪᠦᠭᠡᠰᠦ ᠬᠠᠮᠠᠭᠠᠯᠠᠬᠤ ᠡᠮ | ᠵᠤᠬᠢᠰᠲᠠᠢ ᠬᠡᠷᠡᠭᠯᠡᠵᠦ᠂ ᠪᠦᠭᠡᠰᠦᠨ ᠳᠤ ᠬᠠᠵᠠᠭᠳᠠᠬᠤ ᠠᠴᠠ ᠰᠡᠷᠭᠡᠶᠢᠯᠡᠬᠦ ᠬᠡᠷᠡᠭᠳᠡᠢ᠃ | ᠵᠢᠷᠭᠤᠭ᠎ᠠ᠂ ᠡᠪᠡᠳᠴᠢᠯᠡᠭᠰᠡᠨ ᠮᠤᠤᠷ᠂ ᠨᠣᠬᠠᠢ᠂ ᠦᠨᠡᠭᠡ ᠲᠠᠷᠪᠠᠭ᠎ᠠ ᠵᠡᠷᠭᠡ ᠠᠮᠢᠳᠠᠨ ᠤ ᠦᠭᠦᠳᠡᠯ ᠢ | ᠣᠯᠪᠠᠯ ᠭᠠᠷ ᠢᠶᠠᠷ ᠰᠢᠭᠤᠳ ᠪᠠᠷᠢᠵᠤ᠂ ᠦᠪᠴᠢᠵᠤ ᠢᠳᠡᠬᠦ ᠶᠢ ᠴᠡᠭᠡᠷᠯᠡᠨ᠂ ᠴᠠᠭ ᠲᠤᠬᠠᠢ ᠳᠤ ᠨᠢ ᠬᠤᠯᠪᠤᠭᠳᠠᠯ | ᠪᠦᠬᠦᠢ ᠰᠠᠯᠠᠭ᠎ᠠ ᠮᠦᠴᠢᠷ ᠵᠢᠴᠢ ᠣᠢ ᠰᠢᠭᠤᠢ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠳᠤ ᠮᠡᠳᠡᠬᠦᠯᠬᠦ | ᠬᠡᠷᠡᠭᠳᠡᠢ᠃ |