︽ᠬᠤᠩᠬ᠎ᠠ︾ ᠪᠤᠶᠠᠨ ᠢᠪᠡᠭᠡᠯᠳᠦ ᠮᠦᠽᠸᠢ ᠶᠢᠨ ᠡᠭᠦᠰᠬᠡᠨ ᠪᠠᠢᠭᠤᠯᠤᠭᠴᠢ — ᠰᠦᠷᠦᠩᠵᠠᠪ
ᠨᠡᠶᠢᠲᠡᠯᠡᠭᠰᠡᠨ ᠴᠠᠭ᠄
2019/11/27
     ᠬᠦᠪᠡᠭᠡᠲᠦ ᠰᠢᠷ᠎ᠠ ᠬᠤᠰᠢᠭᠤᠨ ᠤ ᠬᠠᠶ᠋ᠢᠩᠬᠢᠷᠸ᠎ᠠ ᠰᠦᠮ᠎ᠡ ᠶᠢᠨ ᠪᠠᠷᠠᠭᠤᠨ ᠡᠮᠦᠨ᠎ᠡ ᠪᠠᠶᠢᠷᠢᠰᠢᠵᠤ ᠪᠠᠶᠢᠭ᠎ᠠ ︽ᠬᠤᠩᠬ᠎ᠠ︾ ᠪᠤᠶᠠᠨ ᠢᠪᠡᠭᠡᠯᠳᠤ ᠮᠦᠽᠸᠢ ᠪᠣᠯ 2006 ᠣᠨ ᠳᠤ ᠥᠪᠦᠷ ᠮᠤᠩᠭᠤᠯ ᠤᠨ ᠮᠤᠩᠭᠤᠯ ᠠᠨᠠᠭᠠᠬᠤ ᠤᠬᠠᠭᠠᠨ ᠤ ᠠᠯᠳᠠᠷᠲᠤ ᠡᠷᠳᠡᠮᠳᠡᠨ᠂ ᠮᠤᠩᠭᠤᠯ ᠡᠮ ᠡᠮᠨᠡᠯᠭᠡ ᠶᠢᠨ ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠵᠢᠳᠬᠦᠯᠳᠡᠨ᠂ ᠤᠯᠤᠰ ᠤᠨ ᠤᠳᠠᠴᠢ ᠫᠷᠤᠹᠧᠰᠰᠤᠷ ᠰᠦᠷᠦᠩᠵᠠᠪ ᠭᠤᠸᠠᠢ ᠡᠬᠡ ᠨᠤᠲᠤᠭ ᠲᠤ ᠪᠠᠨ ᠪᠠᠶᠢᠭᠤᠯᠤᠭᠰᠠᠨ ᠬᠤᠪᠢ ᠶᠢᠨ ᠮᠦᠽᠸᠢ ᠪᠤᠯᠬᠤ ᠶᠤᠮ᠃      ᠲᠤᠰ ᠮᠦᠽᠸᠢ ᠶᠢᠨ ᠪᠦᠬᠦ ᠲᠠᠯᠠᠪᠠᠢ ᠨᠢ 756 ᠺᠦᠸᠠᠲ ᠮᠧᠲᠷ ᠪᠠᠶᠢᠵᠤ᠂ ᠨᠢᠭᠡᠳᠦᠭᠡᠷ ᠲᠠᠪᠬᠤᠷ ᠲᠤ ᠪᠤᠭᠳᠠ ᠴᠢᠩᠬᠢᠰ ᠬᠠᠭᠠᠨ ᠤ ᠬᠦᠷᠦᠭ ᠪᠠ ᠰᠤᠷᠭᠠᠯ ᠦᠭᠡᠰ︔ ᠮᠤᠩᠭᠤᠯ ᠠᠨᠠᠭᠠᠬᠤ ᠤᠬᠠᠭᠠᠨ ᠤ ᠦᠢᠯᠡᠰ ᠲᠤ ᠭᠠᠷᠮᠠᠭᠠᠢ ᠵᠢᠳᠬᠦᠯ ᠢᠶᠠᠨ ᠬᠠᠨᠳᠢᠪᠯᠠᠭᠰᠠᠨ ᠡᠷᠳᠡᠨ ᠪᠠ ᠤᠷᠴᠢᠨ ᠦᠶ᠎ᠡ ᠭᠡᠰᠡᠭ ᠡᠷᠳᠡᠮᠳᠡᠨ ᠤ ᠭᠡᠷᠡᠯ ᠵᠢᠷᠤᠭ᠂ ᠲᠤᠪᠴᠢ ᠨᠠᠮᠲᠠᠷ︔ ᠰᠦᠷᠦᠩᠵᠠᠪ ᠭᠤᠸᠠᠢ ᠶᠢᠨ ᠪᠠᠯᠴᠢᠷ ᠪᠠᠭ᠎ᠠ ᠨᠠᠰᠤᠨ ᠳᠤ ᠨᠢ ᠬᠤᠶᠠᠳᠠᠬᠢ ᠠᠮᠢ ᠨᠠᠰᠦ ᠶᠢ ᠣᠯᠭᠤᠭᠰᠠᠨ ᠭᠤᠮᠪᠤ ᠨᠠᠰᠤᠳᠠᠨ ᠪᠤᠯᠤᠨ ᠠᠴᠢᠳᠤ ᠬᠤᠶᠠᠷ ᠪᠠᠭᠰᠢ ᠶᠢᠨ ᠬᠢᠨᠢ ᠬᠡᠷᠡᠯ ᠵᠢᠷᠤᠭ᠂ ᠲᠤᠪᠴᠢ ᠨᠠᠮᠳᠠᠷ ᠬᠢᠭᠡᠳ ᠬᠤᠶᠢᠴᠢ ᠦᠶ᠎ᠡ ᠶᠢᠨ ᠬᠢᠨ ᠤ ᠬᠡᠷᠡᠯ ᠵᠢᠷᠤᠭ ᠤᠳ︔ ᠬᠦᠪᠡᠭᠡᠲᠦ ᠰᠢᠷ᠎ᠠ ᠬᠤᠰᠢᠭᠤᠨ ᠤ20 ᠳ᠋ᠤᠭᠠᠷ ᠵᠠᠭᠤᠨ ᠤ ᠵᠢᠷᠠᠭᠠᠳ ᠤᠨ ᠠᠴᠠ ᠡᠮᠦᠨᠡᠬᠢ ᠰᠦᠮ᠎ᠡ ᠬᠡᠶᠢᠳ ᠤᠨ ᠲᠤᠬᠠᠢ ᠵᠢᠷᠤᠭ ᠰᠡᠭᠦᠳᠡᠷ ᠪᠤᠯᠤᠨ ᠲᠤᠪᠴᠢ ᠲᠡᠦᠬᠡ︔ ᠰᠦᠷᠦᠩᠵᠠᠪ ᠭᠤᠸᠠᠢ ᠶᠢᠨ1949 ᠤᠨ ᠠᠴᠠ ᠨᠠᠭᠠᠰᠢᠬᠢ ᠦᠢᠯᠡᠰ ᠪᠦᠳᠦᠭᠡᠭᠰᠡᠨ ᠵᠠᠮ ᠮᠦᠷ᠂ ᠠᠮᠵᠢᠯᠳᠠ ᠪᠦᠳᠦᠭᠡᠯ ᠢ ᠬᠠᠷᠠᠭᠤᠯᠤᠭᠰᠠᠨ ᠬᠡᠷᠡᠯ ᠵᠢᠷᠤᠭ︔ ᠨᠠᠮ ᠵᠠᠰᠠᠭ ᠪᠠ ᠠᠷᠠᠳ ᠲᠦᠮᠡᠨ ᠠᠴᠠ ᠬᠦᠷᠳᠡᠭᠡᠭᠰᠡᠨ ᠱᠠᠩᠨᠠᠯ ᠬᠦᠬᠢᠭᠦᠯᠦᠯ ᠤᠨ ᠭᠡᠷᠡᠯ ᠵᠢᠷᠤᠭ᠂ ᠬᠠᠭᠤᠯᠪᠤᠷᠢ ᠳᠠᠷᠤᠮᠯᠠᠯ ᠪᠠ ᠡᠯ᠎ᠡ ᠵᠦᠢᠯ ᠤᠨ ᠨᠣᠮ ᠪᠢᠴᠢᠭ᠂ ᠰᠣᠨᠢᠨ ᠰᠡᠳᠬᠦᠯ ᠵᠡᠷᠭᠡ ᠶᠢ ᠲᠡᠯᠭᠡᠵᠤ ᠪᠤᠢ᠃ ᠬᠤᠶᠠᠳᠤᠭᠠᠷ ᠲᠠᠪᠬᠤᠷ ᠲᠠᠬᠢ ᠮᠤᠩᠭᠤᠯ ᠭᠡᠷ ᠲᠤ ᠲᠡᠭᠡᠳᠦᠰ ᠤᠨ ᠬᠢᠨ ᠰᠠᠭᠤᠵᠤ ᠪᠠᠶᠢᠭᠰᠠᠨ ᠭᠡᠷ ᠤᠨ ᠪᠠᠶᠢᠳᠠᠯ᠂ ᠪᠣᠷᠬᠠᠨ ᠰᠢᠳᠦᠭᠡᠨ᠂ ᠭᠠᠯ ᠭᠤᠯᠤᠮᠳᠠ᠂ ᠡᠳ᠋ᠯᠡᠵᠤ ᠪᠠᠶᠢᠭᠰᠠᠨ ᠡᠳ᠋ ᠪᠤᠳᠠᠰ ᠤᠨ ᠵᠠᠷᠢᠮ ᠵᠦᠢᠯ ᠪᠤᠶᠤ ᠲᠠᠭᠤᠷᠢᠶᠠᠮᠠᠯ ᠪᠤᠳᠠᠰ ᠢ ᠲᠡᠯᠭᠡᠵᠤ ᠪᠤᠢ᠃      ᠰᠦᠷᠦᠩᠵᠠᠪ ᠭᠤᠸᠠᠢ ᠪᠤᠯ ᠮᠤᠩᠭᠤᠯ ᠠᠨᠠᠭᠠᠬᠤ ᠤᠬᠠᠭᠠᠨ ᠤ ᠰᠠᠭᠤᠷᠢᠯᠠᠭᠴᠢ ᠪᠦᠭᠡᠳ ᠣᠯᠠᠨ ᠵᠢᠯ ᠤᠨ ᠲᠤᠷᠰᠢ ᠮᠠᠰᠢ ᠣᠯᠠᠨ ᠰᠢᠨ᠎ᠡ ᠡᠮ ᠤᠨ ᠵᠤᠷ ᠰᠤᠳᠤᠯᠤᠨ ᠭᠠᠷᠭᠠᠵᠤ᠂ ᠵᠢᠷᠦᠬᠡ ᠴᠢᠰᠦᠨ ᠰᠤᠳᠠᠯ ᠤᠨ ᠡᠪᠡᠳᠴᠢᠨ ᠢ ᠡᠮᠨᠡᠨ ᠵᠠᠰᠠᠬᠤ ᠲᠠᠯ᠎ᠠ ᠪᠠᠷ ᠠᠯᠳᠠᠷᠰᠢᠵᠠᠢ  ᠃ ᠲᠡᠷᠡ ᠪᠠᠷ ︽ᠮᠤᠩᠭᠤᠯ ᠠᠨᠠᠭᠠᠬᠤ ᠤᠬᠠᠭᠠᠨ ᠤ ᠤᠨᠤᠰᠢ ᠲᠠᠯᠪᠢᠬᠤ ᠰᠤᠳᠤᠯᠤᠯ︾᠂ ︽ᠮᠤᠩᠭᠤᠯ ᠠᠨᠠᠭᠠᠬᠤ ᠤᠬᠠᠭᠠᠨ ᠤ ᠡᠪᠡᠳᠴᠢᠨ ᠵᠠᠰᠠᠬᠤ ᠵᠠᠷᠴᠢᠮ ᠪᠠ ᠵᠠᠰᠠᠬᠤ ᠠᠷᠭ᠎ᠠ︾ ᠵᠡᠷᠭᠡ ᠮᠤᠩᠭᠤᠯ ᠠᠨᠠᠭᠠᠬᠤ ᠤᠬᠠᠭᠠᠨ ᠤ ᠤᠯᠠᠨ ᠨᠣᠮ ᠪᠦᠳᠦᠭᠡᠯ ᠲᠠᠢ ᠪᠦᠭᠡᠳ ᠮᠤᠩᠭᠤᠯ ᠠᠨᠠᠭᠠᠬᠤ ᠤᠬᠠᠭᠠᠨ ᠤ ᠲᠡᠭᠡᠳᠦ ᠰᠤᠷᠭᠠᠭᠤᠯᠢ ᠶᠢᠨ ᠠᠩᠬᠠᠳᠠᠭᠴᠢ ᠵᠢᠭᠠᠬᠤ ᠮᠠᠲ᠋ᠧᠷᠢᠶᠠᠯ ᠲᠤᠭᠤᠷᠪᠢᠬᠤ ᠳᠤ ᠵᠢᠳᠬᠦᠯ ᠦᠵᠡᠬᠦᠯᠵᠤ᠂ ︽ᠲᠤᠮᠳᠠᠳᠤ ᠤᠯᠤᠰ ᠤᠨ ᠠᠨᠠᠭᠠᠬᠤ ᠤᠬᠠᠭᠠᠨ ᠤ ᠨᠡᠪᠳᠡᠷᠬᠡᠢ ᠲᠤᠯᠢ᠂ ᠮᠤᠩᠭᠤᠯ ᠠᠨᠠᠭᠠᠬᠤ ᠤᠬᠠᠭᠠᠨ ᠤ ᠪᠤᠳᠢ︾  ᠎ ᠶᠢᠨ ᠳᠡᠳ᠋ ᠭᠤᠣᠯᠯᠠᠨ ᠨᠠᠶᠢᠷᠠᠭᠤᠯᠤᠭᠴᠢ ᠶᠢᠨ ᠡᠭᠦᠷᠭᠡ ᠶᠢ ᠬᠦᠢᠴᠡᠳᠬᠡᠪᠡ᠃ ᠲᠡᠷᠡ ᠪᠠᠷ2006 ᠤᠨ ᠳᠤ ᠥᠪᠦᠷ ᠮᠤᠩᠭᠤᠯ ᠎ ᠤᠨ ᠦᠪᠡᠷᠳᠡᠭᠡᠨ ᠵᠠᠰᠠᠬᠤ ᠣᠷᠤᠨ ᠤ ᠰᠤᠳᠤᠨ ᠴᠢᠳᠠᠪᠦᠷᠢᠳᠠᠨ ᠤ ᠱᠠᠩᠨᠠᠯ ᠢ ᠬᠦᠷᠳᠡᠵᠤ᠂2009 ᠤᠨ ᠳᠤ ᠲᠦᠷᠦᠭᠦᠦ ᠪᠦᠯᠦᠭ ᠤᠯᠤᠰ ᠤᠨ30 ︽ᠤᠯᠤᠰ ᠤᠨ ᠤᠳᠠᠴᠢ︾᠎ ᠶᠢᠨ ᠨᠢᠭᠡ ᠪᠠᠷ ᠴᠤᠯᠠᠯᠠᠭᠳᠠᠨ᠂2011 ᠤᠨ ᠎ ᠳᠤ ᠦᠪᠦᠷ ᠮᠣᠩᠭᠤᠯ ᠤᠨ ᠦᠪᠡᠷᠳᠡᠭᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠤᠨ ᠲᠢᠩᠬᠢᠮ ᠠᠴᠠ ᠣᠯᠭᠤᠭᠰᠠᠨ ︽ᠮᠤᠩᠭᠤᠯ ᠡᠮ ᠡᠮᠨᠡᠯᠭᠡ ᠶᠢᠨ ᠨᠠᠰᠤᠨ ᠲᠤᠷᠰᠢᠳᠠ ᠶᠢᠨ ᠠᠮᠵᠢᠯᠳᠠ ᠪᠦᠳᠦᠭᠡᠯ ᠶᠢᠨ ᠱᠠᠩᠨᠠᠯ︾᠎ ᠢᠶᠠᠷ ᠡᠩᠭᠡᠷ ᠢᠶᠠᠨ ᠮᠢᠯᠢᠶᠠᠯᠭᠠᠵᠠᠢ᠂       ᠰᠦᠷᠦᠩᠵᠠᠪ ᠭᠤᠸᠠᠢ ᠰᠤᠷᠭᠠᠨ ᠬᠦᠮᠦᠵᠢᠯ ᠤᠨ ᠦᠢᠯᠡᠰ ᠢ ᠬᠠᠯᠠᠮᠵᠢᠯᠠᠨ ᠬᠠᠶᠢᠷᠠᠯᠠᠵᠤ᠂1998 ᠤᠨ ᠳᠤ ᠦᠪᠡᠷ ᠢᠶᠠᠨ ᠵᠤᠭᠤᠰ ᠮᠦᠩᠬᠦ ᠬᠠᠨᠳᠢᠪᠯᠠᠵᠤ᠂ ᠲᠦᠷᠦᠭᠰᠡᠨ ᠨᠤᠲᠤᠭ ᠬᠦᠪᠡᠭᠡᠲᠦ ᠰᠢᠷ᠎ᠠ ᠬᠤᠰᠢᠭᠤᠨ ᠳᠤ ᠪᠠᠨ ︽ᠬᠤᠩᠬ᠎ᠠ︾ ᠨᠡᠷᠡᠮᠵᠢᠳᠤ ᠱᠠᠩᠨᠠᠯ ᠤᠨ ᠰᠠᠭᠤᠷᠢ ᠮᠦᠩᠬᠦ ᠪᠠᠶᠢᠭᠤᠯᠤᠨ᠂ ᠠᠮᠢᠳᠤᠷᠠᠯ ᠨᠢ ᠬᠦᠴᠢᠷᠲᠡᠢ ᠰᠤᠷᠤᠭᠴᠢ ᠪᠤᠯᠤᠨ ᠰᠢᠯᠢᠳᠡᠭ ᠪᠠᠭᠰᠢ ᠠᠵᠢᠯᠳᠠᠨ ᠢ ᠲᠤᠰᠠᠯᠠᠨ ᠲᠡᠮᠵᠢᠭᠰᠡᠨ ᠢᠶᠠᠷ ᠪᠠᠷᠠᠬᠤ ᠦᠭᠡᠢ᠂ ᠦᠪᠡᠷ ᠤᠨ ᠵᠢᠷᠠ ᠭᠠᠷᠤᠢ ᠵᠢᠯ ᠤᠨ ᠲᠤᠷᠰᠢ ᠬᠤᠷᠠᠮᠳᠤᠭᠤᠯᠤᠭᠰᠠᠨ ᠮᠤᠩᠭᠤᠯ ᠠᠨᠠᠭᠠᠬᠤ ᠤᠬᠠᠭᠠᠨ ᠤ ᠡᠷᠳᠡᠮ ᠮᠡᠳᠡᠯᠭᠡ ᠪᠤᠯᠤᠨ ᠡᠮᠴᠢᠯᠡᠭᠡᠨ ᠤ ᠮᠡᠷᠭᠡᠵᠢᠯ ᠢᠶᠠᠨ ᠡᠬᠡ ᠨᠤᠲᠤᠭ ᠤᠨ ᠢᠶᠠᠨ ᠰᠢᠨ᠎ᠡ ᠨᠢᠭᠡ ᠦᠶ᠎ᠡ ᠶᠢᠨ ᠡᠮᠴᠢ ᠱᠠᠪᠢ ᠨᠡᠷ ᠲᠤ ᠪᠠᠨ ᠬᠠᠷᠠᠮ ᠦᠭᠡᠢ ᠤᠯᠠᠮᠵᠢᠯᠠᠨ ᠦᠭᠴᠦ᠂ ᠬᠦᠪᠡᠭᠡᠲᠦ ᠰᠢᠷ᠎ᠠ ᠬᠤᠰᠢᠭᠤᠨ ᠤ ᠮᠤᠩᠭᠤᠯ ᠡᠮᠨᠡᠯᠭᠡ ᠶᠢᠨ ᠦᠢᠯᠡᠰ ᠢ ᠢᠮᠠᠭᠳᠠ ᠲᠡᠮᠵᠢᠭᠰᠡᠭᠡᠷ ᠢᠷᠡᠵᠡᠢ  ᠃       ᠲᠡᠭᠦᠨ ᠤ ᠬᠠᠯᠠᠰᠢᠷᠠᠯ ᠦᠭᠡᠢ ᠴᠢᠷᠮᠠᠶᠢᠯᠭ᠎ᠠ ᠪᠠᠷ ᠲᠠᠮᠵᠢᠨ᠂2013 ᠤᠨ ᠤ7 ᠰᠠᠷ᠎ᠠ ᠳᠤ ᠪᠤᠶᠠᠨ ᠢᠪᠡᠭᠡᠯᠳᠤ ᠮᠦᠽᠸᠢ ᠨᠢ ᠦᠪᠡᠷᠳᠡᠭᠡᠨ ᠵᠠᠰᠠᠬᠤ ᠤᠷᠤᠨ ᠤ ᠲᠡᠦᠬᠡ ᠶᠢᠨ ᠲᠤᠷᠠᠰᠬᠠᠯᠳᠤ ᠵᠦᠢᠯ ᠤᠨ ᠲᠤᠪᠴᠢᠶᠠᠨ ᠳᠤ ᠵᠢᠩᠬᠢᠨᠢ ᠪᠠᠷ ᠲᠠᠩᠰᠠᠯᠠᠭᠤᠯᠤᠨ ᠲᠡᠮᠳᠡᠭᠯᠡᠬᠦᠯᠦᠭᠰᠡᠨ ᠪᠦᠭᠡᠳ ᠮᠦᠽᠸᠢ ᠪᠠᠶᠢᠭᠤᠯᠤᠭᠳᠠᠭᠰᠠᠨ ᠵᠢᠷᠭᠤᠭᠠᠨ ᠵᠢᠯ ᠤᠨ ᠤᠢ ᠎ ᠪᠠᠨ ᠪᠡᠯᠭᠡᠯᠡᠬᠦ ᠨᠠᠶᠢᠷ ᠨᠠᠭᠠᠳᠤᠮ ᠡᠷᠬᠢᠯᠡᠵᠤ᠂ ︽ᠪᠤᠶᠠᠨ ᠢᠪᠡᠭᠡᠯᠳᠤ ᠮᠦᠽᠸᠢ︾᠎ ᠶᠢᠨ ᠢᠶᠠᠨ ᠠᠯᠳᠠᠨ ᠪᠤᠱᠤᠭ᠎ᠠ ᠶᠢ ᠎ ᠨᠢ ᠮᠢᠯᠢᠶᠠᠭᠰᠠᠨ ᠪᠢᠯᠡ᠃
 
ᠢᠷᠡᠯᠲᠡ᠄ ︽ᠬᠦᠪᠡᠭᠡᠲᠦ ᠰᠢᠷ᠎ᠠ ᠬᠤᠰᠢᠭᠤᠨ ᠤ ᠭᠠᠵᠠᠷ ᠶᠢᠨ ᠨᠠᠷᠡᠰ ᠤᠨ ᠣᠶᠢᠯᠠᠯᠭ᠎ᠠ︾᠎ ᠠᠴᠠ ᠪᠠᠭᠤᠯᠭᠠᠪᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号