ᠲᠡᠦᠬᠡ ᠰᠤᠶᠤᠯ ᠤᠨ ᠦᠯᠡᠳᠡᠭᠳᠡᠯ — ᠤᠯᠠᠭᠠᠨ ᠭᠤᠤ ᠤᠨ ᠪᠦᠯᠦᠭᠯᠡᠯ ᠪᠤᠯᠠᠰᠢ
ᠨᠡᠶᠢᠲᠡᠯᠡᠭᠰᠡᠨ ᠴᠠᠭ᠄
2019/11/27
       ᠬᠦᠪᠡᠭᠡᠲᠦ ᠰᠢᠷ᠎ᠠ ᠬᠤᠰᠢᠭᠤᠨ ᠤ ᠪᠤᠭᠳᠠ ᠶᠢᠨ ᠭᠤᠤᠯ ᠰᠤᠮᠤᠨ ᠤ ᠬᠦᠳᠦᠯ ᠤᠰᠤ ᠭᠠᠴᠠᠭᠠᠨ ᠤ ᠬᠠᠷᠢᠶᠠᠨ ᠳᠤ ᠪᠠᠶᠢᠷᠢᠯᠠᠵᠤ ᠪᠤᠢ᠃ ᠲᠤᠰ ᠬᠠᠭᠤᠴᠢ ᠦᠯᠡᠳᠡᠭᠳᠡᠯ ᠢ ᠲᠤᠰ ᠭᠠᠵᠠᠷ ᠤᠨ ᠨᠡᠷ᠎ᠡ ᠶᠢ ᠮᠦᠷᠳᠡᠵᠤ ︽ᠤᠯᠠᠭᠠᠨ ᠭᠤᠤ ᠤᠨ ᠪᠦᠯᠦᠭᠯᠡᠯ ᠪᠤᠯᠠᠰᠢ︾ ᠭᠡᠵᠤ ᠨᠡᠷᠡᠶᠢᠳᠴᠠᠢ᠃ ᠤᠯᠠᠭᠠᠨ ᠭᠤᠤ ᠶᠢᠨ ᠪᠦᠯᠦᠭᠯᠡᠯ ᠪᠤᠯᠠᠰᠢᠨ ᠠᠴᠠ ᠤᠷᠢᠳ ᠬᠤᠵᠢᠳ ᠲᠤᠮᠤ ᠬᠡᠮᠵᠢᠶᠡᠨ ᠤ ᠠᠮᠢᠳᠠᠨ ᠤ ᠴᠢᠯᠠᠭᠤᠵᠢᠮᠠᠯ᠂ ᠪᠤᠭᠤ ᠶᠢᠨ ᠶᠠᠰᠤᠨ ᠤ ᠴᠢᠯᠠᠭᠤᠵᠢᠮᠠᠯ᠂ ᠪᠠᠯᠠᠷ ᠡᠷᠳᠡᠨ ᠤ ᠠᠷᠰᠠᠯᠠᠨ ᠵᠠᠭᠠᠨ ᠤ ᠰᠢᠳᠤᠨ ᠤᠭ ᠤᠨ ᠴᠢᠯᠠᠭᠤᠵᠢᠮᠠᠯ᠂ ᠠᠪᠤᠷᠭᠤ ᠬᠡᠷᠢᠰ ᠤᠨ ᠲᠤᠯᠤᠭᠠᠢ ᠶᠢᠨ ᠶᠠᠰᠤ ᠪᠤᠯᠤᠨ ᠨᠢᠷᠤᠭᠤᠨ ᠶᠠᠰᠤᠨ ᠤ ᠴᠢᠯᠠᠭᠤᠵᠢᠮᠠᠯ᠂ ᠬᠠᠭᠤᠴᠢᠨ ᠴᠢᠯᠠᠭᠤᠨ ᠵᠡᠪᠰᠡᠭ ᠪᠠ ᠰᠢᠨ᠎ᠡ ᠴᠢᠯᠠᠭᠤᠨ ᠵᠡᠪᠰᠡᠭ᠂ ᠯᠢᠶᠤᠤ ᠤᠯᠤᠰ ᠤᠨ ᠦᠶ᠎ᠡ ᠶᠢᠨ ᠡᠷᠳᠡᠨ ᠤ ᠤᠩᠭᠤᠨ᠂ ᠠᠯᠳᠠᠨ ᠤᠯᠤᠰ ᠤᠨ ᠡᠷᠳᠡᠨ ᠤ ᠤᠩᠭᠤᠨ  ᠪᠠ ᠶᠤᠸᠠᠨ ᠤᠯᠤᠰ ᠤᠨ ᠦᠶ᠎ᠡ ᠡᠷᠳᠡᠨ ᠤ ᠤᠩᠭᠤᠨ ᠢᠯᠡᠷᠡᠪᠡ᠃ ᠡᠬᠦᠨ ᠤ ᠲᠤᠳᠤᠷ᠎ᠠ1988 ᠤᠨ ᠤ 9 ᠰᠠᠷ᠎ᠠ ᠳᠤ ᠢᠯᠡᠷᠡᠭᠰᠡᠨ ᠶᠤᠸᠠᠨ ᠤᠯᠤᠰ ᠤᠨ ᠦᠶ᠎ᠡ ᠶᠢᠨ ᠤᠩᠭᠤᠳ ᠠᠶᠢᠮᠠᠭ ᠤᠨ ᠡᠷᠳᠡᠨ ᠤ ᠤᠩᠭᠤᠨ ᠠᠴᠠ ᠠᠯᠳᠠᠨ ᠡᠮᠡᠭᠡᠯ᠂ ᠠᠯᠳᠠᠨ ᠬᠤᠨᠳᠠᠭ᠎ᠠ᠂ ᠠᠯᠳᠠᠨ ᠡᠭᠡᠮᠦᠭ᠂ ᠭᠠᠤᠯᠢᠨ ᠲᠤᠯᠢ᠂ ᠪᠠᠭᠤᠪᠴᠢ᠂ ᠪᠤᠯᠤᠳ ᠰᠡᠯᠡᠮ᠎ᠡ ᠵᠡᠷᠭᠡ ᠨᠢᠭᠡ ᠪᠦᠯᠦᠭ ᠤᠯᠤᠰ ᠤᠨ ᠨᠢᠭᠡᠳᠦᠭᠡᠷ ᠲᠡᠰ ᠤᠨ ᠲᠡᠦᠬᠡ ᠶᠢᠨ ᠲᠤᠷᠠᠰᠬᠠᠯᠳᠤ ᠵᠦᠢᠯᠡᠰ ᠢᠯᠡᠷᠡᠪᠡ᠃ ᠬᠡᠬᠦ ᠳᠤ ᠪᠠᠨ ᠬᠠᠮᠤᠭ ᠬᠤᠪᠤᠷ ᠴᠤᠬᠠᠭ ᠨᠢ ᠶᠤᠸᠠᠨ ᠤᠯᠤᠰ ᠤᠨ ᠦᠶ᠎ᠡ ᠶᠢᠨ ᠠᠯᠳᠠᠨ ᠡᠮᠡᠭᠡᠯ ᠪᠠᠶᠢᠵᠤ᠂ ᠤᠳᠤ ᠤᠯᠤᠰ ᠤᠨ ᠮᠦᠽᠸᠢ ᠳᠤ ᠬᠠᠳᠠᠭᠠᠯᠠᠭᠳᠠᠵᠤ ᠪᠤᠢ᠃        ︽ᠤᠯᠠᠭᠠᠨ ᠭᠤᠤ ᠶᠢᠨ ᠪᠦᠯᠦᠭᠯᠡᠯ ᠪᠤᠯᠠᠰᠢ︾ 2006 ᠤᠨ ᠳᠤ ᠦᠪᠡᠷᠳᠡᠭᠡᠨ ᠵᠠᠰᠠᠬᠤ ᠤᠷᠤᠨ ᠤ ᠲᠠᠰ ᠎ ᠤᠨ ᠲᠡᠦᠬᠡ ᠶᠢᠨ ᠲᠤᠷᠠᠰᠬᠠᠯᠳᠤ ᠵᠦᠢᠯᠡᠰ ᠢ ᠬᠠᠮᠠᠠᠭᠠᠯᠠᠬᠤ ᠨᠢᠭᠡᠴᠢ ᠪᠠᠷ ᠲᠤᠭᠳᠠᠭᠠᠭᠳᠠᠪᠠ᠃
 
ᠢᠷᠡᠯᠲᠡ᠄ ︽ᠬᠦᠪᠡᠭᠡᠲᠦ ᠰᠢᠷ᠎ᠠ ᠬᠤᠰᠢᠭᠤᠨ ᠤ ᠭᠠᠵᠠᠷ ᠶᠢᠨ ᠨᠠᠷᠡᠰ ᠤᠨ ᠣᠶᠢᠯᠠᠯᠭ᠎ᠠ︾ ︵ᠲᠤᠤᠷᠠᠳᠤ︶᠎ ᠠᠴᠠ ᠪᠠᠭᠤᠯᠭᠠᠪᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号