︽ᠮᠤᠩᠭᠤᠯ ᠠᠳᠤᠭᠤᠨ ᠲᠤᠪᠴᠢᠶᠠᠨ︾ — ᠠᠳᠤᠭᠤᠨ ᠰᠤᠶᠤᠯ ᠶᠢᠨ ᠮᠦᠽᠸᠢ
ᠨᠡᠶᠢᠲᠡᠯᠡᠭᠰᠡᠨ ᠴᠠᠭ᠄
2019/11/27
       ᠲᠤᠮᠳᠠᠳᠤ ᠤᠯᠤᠰ ᠤᠨ ᠬᠠᠮᠤᠭ ᠠᠩᠬᠠᠳᠤᠭᠴᠢ ᠠᠳᠤᠭᠤᠨ ᠰᠤᠶᠤᠯ ᠶᠢᠨ ᠮᠦᠽᠸᠢ ᠨᠢ ᠬᠦᠪᠡᠭᠡᠲᠦ ᠰᠢᠷ᠎ᠠ ᠬᠤᠰᠢᠭᠤᠨ ᠳᠤ ᠪᠠᠶᠢᠭᠤᠯᠤᠭᠳᠠᠭᠰᠠᠨ ᠶᠤᠮ᠃ ᠲᠠᠷᠤᠢ ᠬᠦᠪᠡᠭᠡᠲᠦ ᠰᠢᠷ᠎ᠠ ᠬᠤᠰᠢᠭᠤᠨ ᠳᠤ ᠨᠤᠲᠤᠭᠳᠠᠢ ᠠᠳᠤᠭᠤᠨ ᠰᠤᠳᠤᠯᠭᠠᠨ ᠤ ᠡᠷᠳᠡᠮᠳᠡᠨ᠂ ᠬᠤᠣᠰ ᠳ᠋ᠣᠺᠲ᠋ᠣᠷ ᠮᠠᠩᠯᠠᠢ ᠫᠷᠤᠹᠧᠰᠰᠤᠷ ᠤᠨ ᠰᠠᠨᠠᠭᠠᠴᠢᠯᠠᠭ᠎ᠠ ᠪᠠᠷ ᠬᠦᠪᠡᠭᠡᠲᠦ ᠰᠢᠷ᠎ᠠ ᠬᠤᠰᠢᠭᠤᠨ ᠤ ᠵᠠᠰᠠᠭ ᠤᠨ ᠤᠷᠳᠤᠨ ᠠᠴᠠ ᠪᠠᠶᠢᠭᠤᠯᠤᠭᠰᠠᠨ ᠶᠤᠮ᠃        ᠠᠳᠤᠭᠤᠨ ᠰᠤᠶᠤᠯ ᠤᠨ ᠮᠦᠽᠸᠢ ᠨᠢ ᠰᠢᠨᠡᠪᠤᠯᠠᠭ ᠪᠠᠯᠭᠠᠰᠤᠨ ᠤ ᠨᠠᠷᠠᠨ ᠵᠡᠭᠡᠯᠢ ᠳᠤ ᠪᠠᠶᠢᠷᠢᠯᠠᠵᠤ᠂ ᠪᠠᠷᠢᠯᠭ᠎ᠠ ᠶᠢᠨ ᠬᠡᠯᠪᠡᠷᠢ ᠳᠦᠷᠰᠦ ᠨᠢ ᠪᠠᠭᠠᠨᠠᠯᠢᠭ ᠪᠦᠭᠡᠷᠡᠩᠬᠡᠢ᠂ ᠣᠷᠣᠢ ᠨᠢ ᠮᠣᠷᠢᠨ ᠲᠣᠭᠤᠷᠠᠢ ᠶᠢᠨ ᠬᠡᠯᠪᠡᠷᠢ ᠲᠠᠢ᠂ ᠭᠠᠳᠠᠷ ᠨᠢᠭᠤᠷ ᠲᠠᠯ᠎ᠠ ᠶᠢᠨ ᠪᠦᠬᠦᠶᠢᠯᠡ ᠵᠢᠷᠤᠭ ᠳᠦᠷᠰᠦ ᠨᠢ ᠴᠤ ᠮᠣᠷᠢᠨ ᠲᠤᠭᠤᠷᠠᠢ ᠶᠢᠨ ᠬᠡᠪ ᠵᠠᠭᠪᠤᠷ ᠢᠶᠠᠷ ᠳᠡᠪᠢᠰᠭᠡᠷᠯᠡᠨ ᠤᠷᠠᠯᠠᠭᠰᠠᠨ ᠢᠶᠠᠷ ᠮᠣᠩᠭᠤᠯᠴᠤᠳ ᠪᠠ ᠮᠣᠩᠭᠤᠯ ᠮᠣᠷᠢᠨ ᠤ ᠬᠡᠢ ᠮᠣᠷᠢ ᠵᠤᠯᠪᠤᠭ᠎ᠠ ᠶᠢ ᠪᠡᠯᠭᠡᠳᠡᠨ᠂ ᠠᠳᠤᠭᠤᠨ ᠤ ᠦᠢᠯᠡᠰ ᠤᠨ ᠠᠯᠤᠰ ᠢᠷᠡᠭᠡᠳᠦᠢ ᠶᠢᠨ ᠬᠦᠭᠵᠢᠯᠳᠡ ᠶᠢᠨ ᠠᠤᠭ᠎ᠠ ᠬᠦᠰᠡᠯᠡᠩ ᠢ ᠢᠯᠡᠳᠭᠡᠭᠰᠡᠨ ᠪᠠᠶᠢᠳᠠᠭ ᠃ ᠭᠠᠳᠠᠷ ᠦᠵᠡᠮᠵᠢ ᠶᠢᠨᠳᠤᠮᠳᠠ ᠨᠢ ᠳᠤᠪᠤᠶᠢᠯᠭᠠᠨ ᠤᠷᠠᠯᠠᠭᠰᠠᠨ ᠠᠽᠢᠶ᠎ᠠ ᠡᠸᠦ᠋ᠷᠦᠫᠡ ᠶᠢᠨ ᠭᠠᠵᠠᠷ ᠤᠨ ᠵᠢᠷᠤᠭ ᠨᠢ ᠤᠨᠴᠠᠭᠠᠢ ᠲᠡᠦᠬᠡᠨ ᠴᠠᠭ ᠦᠭᠡ ᠶᠢᠨ ᠦᠶ᠎ᠡ ᠳᠠᠬᠢ ᠮᠣᠩᠭᠤᠯ ᠮᠣᠷᠢᠨ ᠤ ᠠᠯᠳᠠᠷ ᠭᠠᠪᠢᠶ᠎ᠠ ᠶᠢ ᠲᠡᠮᠳᠡᠭᠯᠡᠭᠰᠡᠨ ᠤᠳᠬ᠎ᠠ ᠠᠭᠤᠯᠭ᠎ᠠ ᠶᠢ ᠢᠯᠡᠳᠭᠡᠵᠤ ᠪᠠᠶᠢᠳᠠᠭ᠃         ᠮᠦᠽᠸᠢ ᠳᠤ ᠠᠳᠤᠭᠤᠨ ᠰᠤᠶᠤᠯ ᠯᠤᠭ᠎ᠠ ᠬᠤᠯᠪᠤᠭ᠎ᠠ ᠲᠠᠢ 426 ᠵᠦᠢᠯ ᠤᠨ ᠦᠵᠡᠬᠦᠯᠭᠡ ᠶᠢᠨ ᠡᠳ᠋ ᠠᠭᠤᠯᠬᠤᠨ ᠢ ᠲᠡᠯᠭᠡᠨ᠂ ᠦᠵᠡᠬᠦᠯᠭᠡ ᠶᠢᠨ ᠲᠤᠭᠤᠷᠢᠭ ᠢᠶᠠᠨ ᠵᠢᠷᠤᠭ ᠲᠦᠷᠰᠦ᠂ ᠦᠰᠦᠭ ᠪᠢᠴᠢᠭ ᠤᠨ ᠲᠠᠨᠢᠯᠴᠠᠭᠤᠯᠭ᠎ᠠ ᠶᠢᠨ ᠲᠤᠭᠤᠷᠢᠭ ᠪᠠ ᠮᠣᠷᠢᠨ ᠤ ᠬᠠᠮᠢᠭ᠎ᠠ ᠪᠦᠬᠦᠢ ᠡᠳ᠋ᠯᠡᠯ ᠬᠡᠷᠡᠭᠯᠡᠯ ᠵᠡᠷᠭᠡ ᠪᠤᠳᠠᠳᠤ ᠪᠤᠳᠠᠰ ᠤᠨ ᠦᠵᠡᠬᠦᠯᠭᠡ ᠶᠢᠨ ᠲᠤᠭᠤᠷᠢᠭ ᠬᠡᠮᠡᠨ ᠬᠤᠶᠠᠷ ᠶᠡᠭᠡ ᠲᠤᠭᠤᠷᠢᠭ ᠲᠤ ᠬᠤᠪᠢᠶᠠᠵᠠᠢ᠃         ᠵᠢᠷᠤᠭ ᠲᠦᠷᠰᠦ ᠦᠰᠦᠭ ᠪᠢᠴᠢᠭ ᠤᠨ ᠲᠤᠭᠤᠷᠢᠭ ᠲᠤ ᠭᠤᠣᠯᠳᠠᠭᠤ ᠭᠦᠳᠦᠭᠡᠷ ᠬᠠᠨᠠᠨ ᠰᠡᠶᠢᠯᠦᠮᠡᠯ᠂ ᠬᠡᠷᠡᠯᠳᠦᠭᠦᠯᠦᠭᠴᠢ ᠵᠢᠷᠤᠭ ᠰᠡᠭᠦᠳᠡᠷ᠂ ᠦᠰᠦᠭ ᠪᠢᠴᠢᠭ ᠤᠨ ᠲᠠᠶᠢᠯᠪᠦᠷᠢ ᠵᠡᠷᠭᠡ ᠪᠠᠶᠢᠵᠤ᠂ ᠠᠳᠤᠭᠤᠨ ᠤ ᠦᠩᠭᠡ ᠵᠢᠰᠤᠮ᠂ ᠮᠤᠷᠢᠨ ᠤ ᠪᠡᠶ᠎ᠡ ᠶᠢᠨ ᠡᠯ᠎ᠡ ᠮᠦᠴᠢᠨ ᠤ ᠨᠡᠷᠡᠶᠢᠳᠦᠯ ᠪᠠ ᠨᠠᠰᠦ ᠰᠢᠳᠦ ᠶᠢ ᠢᠯᠭᠠᠬᠤ᠂ ᠠᠯᠬᠤᠭ᠎ᠠ ᠬᠢᠰᠬᠢᠭᠡ ᠶᠠᠪᠤᠳᠠᠯ᠂ ᠠᠳᠤᠭᠤᠨ ᠲᠠᠮᠠᠭ᠎ᠠ ᠶᠢᠨ ᠲᠠᠶᠢᠯᠪᠦᠷᠢ᠂ ᠮᠣᠷᠢ ᠰᠢᠨᠵᠢᠯᠡᠭᠡ ᠵᠡᠷᠭᠡ ᠠᠭᠤᠯᠭ᠎ᠠ ᠶᠢ ᠬᠠᠮᠤᠷᠠᠭᠰᠠᠨ ᠪᠠᠶᠢᠳᠠᠭ᠃ ᠮᠤᠷᠢᠨ ᠤ ᠡᠳ᠋ᠯᠡᠯ ᠬᠡᠷᠡᠭᠯᠡᠯ ᠤᠨ ᠲᠤᠭᠤᠷᠢᠭ ᠲᠤ ᠮᠤᠩᠭᠤᠯ ᠬᠦᠮᠦᠨ ᠤ ᠮᠣᠷᠢ ᠲᠠᠢ ᠬᠤᠯᠪᠤᠭᠳᠠᠭᠰᠠᠨ ᠠᠮᠢᠳᠤᠷᠠᠯ ᠦᠢᠯᠡᠳᠪᠦᠷᠢᠯᠡᠯ ᠤᠨ ᠪᠠᠭᠠᠵᠢ ᠬᠡᠷᠡᠭᠯᠡᠯ ᠪᠤᠢ᠃ ᠪᠠᠰᠠ ᠠᠳᠤᠭᠤᠨ ᠰᠤᠶᠤᠯ ᠲᠠᠢ ᠬᠤᠯᠪᠤᠭᠳᠠᠭᠰᠠᠨ ᠨᠣᠮ ᠰᠡᠳᠬᠦᠯ ᠢ ᠬᠠᠳᠠᠭᠠᠯᠠᠨ ᠲᠠᠨᠢᠯᠴᠠᠭᠤᠯᠵᠤ ᠪᠤᠢ᠃ ᠲᠤᠰ ᠮᠦᠽᠸᠢ ᠶᠢᠨ ᠵᠢᠯ ᠤᠨ ᠲᠤᠭᠤᠷᠢᠨ ᠰᠣᠨᠢᠷᠬᠠᠭᠴᠢᠳ ᠤᠨ ᠲᠤᠭ᠎ᠠ ᠬᠡᠳᠦᠨ ᠲᠦᠮᠡ ᠤᠳᠠᠭ᠎ᠠ ᠳᠤ ᠬᠦᠷᠴᠤ ᠪᠠᠶᠢᠨ᠎ᠠ᠃
 
ᠢᠷᠡᠯᠲᠡ᠄ ︽ᠬᠦᠪᠡᠭᠡᠲᠦ ᠰᠢᠷ᠎ᠠ ᠬᠤᠰᠢᠭᠤᠨ ᠤ ᠭᠠᠵᠠᠷ ᠤᠨ ᠨᠡᠷ᠎ᠡ ᠶᠢᠨ ᠣᠶᠢᠯᠠᠯᠭ᠎ᠠ︾ ︵ᠲᠤᠤᠷᠠᠳᠤ︶᠎ ᠠᠴᠠ ᠪᠠᠭᠤᠯᠭᠠᠪᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号