ᠲᠡᠦᠬᠡ ᠰᠤᠶᠤᠯ ᠤᠨ ᠦᠯᠡᠳᠡᠭᠳᠡᠯ — ᠠᠯᠳᠠᠨ ᠤᠯᠤᠰ ᠤᠨ ᠭᠡᠷᠡᠮ ᠤᠨ ᠵᠠᠮ
ᠨᠡᠶᠢᠲᠡᠯᠡᠭᠰᠡᠨ ᠴᠠᠭ᠄
2019/11/27
      ᠬᠦᠪᠡᠭᠡᠲᠦ ᠰᠢᠷ᠎ᠠ ᠬᠤᠰᠢᠭᠤᠨ ᠤ ᠤᠩᠭᠤᠨ ᠠᠭᠤᠯᠠ ᠰᠤᠮᠤ᠂ ᠪᠤᠭᠳᠠ ᠶᠢᠨ ᠭᠤᠤᠯ ᠰᠤᠮᠤᠨ ᠤ ᠬᠢᠵᠠᠭᠠᠷ  ᠲᠤ ᠪᠠᠶᠢᠷᠢᠯᠠᠵᠤ ᠪᠤᠢ᠃ ᠡᠨᠡ ᠬᠦ ᠡᠷᠲᠡᠨ ᠤ ᠬᠠᠭᠤᠴᠢ ᠦᠯᠡᠳᠡᠭᠳᠡᠯ ᠪᠤᠯ 12 ᠳ᠋ᠤᠭᠠᠷ ᠵᠠᠭᠤᠨ ᠤ ᠦᠶ᠎ᠡ ᠳᠤ ᠠᠯᠳᠠᠨ ᠤᠯᠤᠰ ᠠᠴᠠ ᠤᠮᠠᠷᠠᠳᠤ ᠶᠢᠨ ᠮᠤᠩᠭᠤᠯ ᠴᠡᠷᠢᠭ ᠤᠨ ᠲᠤᠪᠳᠤᠯᠤᠯᠳᠠ ᠶᠢ ᠰᠡᠷᠭᠡᠶᠢᠯᠡᠬᠦ ᠶᠢᠨ ᠲᠦᠯᠦᠭᠡ ᠪᠠᠶᠢᠭᠤᠯᠤᠭᠰᠠᠨ ᠭᠤᠤ ᠰᠤᠪᠠᠭ᠂ ᠭᠡᠷᠡᠮ ᠪᠠᠬᠢᠯᠡᠯᠳᠡ᠂ ᠴᠡᠷᠢᠭ ᠤᠨ ᠴᠠᠶᠢᠵᠠ ᠵᠡᠷᠭᠡ ᠶᠢ ᠬᠠᠮᠳᠤᠷᠠᠭᠤᠯᠤᠭᠰᠠᠨ ᠴᠡᠷᠡᠭ  ᠤᠨ ᠶᠠᠪᠤᠳᠠᠯ ᠤᠨ ᠬᠠᠮᠠᠭᠠᠯᠠᠯᠳᠠ ᠶᠢᠨ ᠲᠤᠮᠤ ᠪᠠᠷᠢᠯᠭ᠎ᠠ ᠪᠤᠯᠤᠨ᠎ᠠ᠃ ᠡᠭᠦᠨ ᠢ ᠪᠠᠰᠠ ︽ᠠᠯᠳᠠᠨ ᠤᠯᠤᠰ ᠤᠨ ᠵᠠᠭᠠᠭ  ᠤᠨ ᠭᠤᠤ︾᠂ ︽ᠠᠯᠳᠠᠨ ᠤᠯᠤᠰ ᠤᠨ ᠤᠷᠳᠤ ᠴᠠᠭᠠᠨ ᠬᠡᠷᠡᠮ︾᠂ ︽ᠠᠯᠳᠠᠨ ᠤᠯᠤᠰ ᠤᠨ ᠬᠢᠯᠢ ᠶᠢᠨ ᠪᠠᠬᠢᠯᠡᠯᠳᠡ︾᠂ ︽ᠴᠢᠩᠬᠢᠰ ᠬᠠᠭᠠᠨ ᠤ ᠬᠡᠷᠡᠮ ᠤᠨ ᠵᠠᠮ︾ ᠬᠡᠬᠦ ᠤᠯᠠᠨ ᠵᠦᠢᠯ ᠢᠶᠠᠷ ᠨᠡᠷᠡᠯᠡᠳᠡᠭ᠃       ᠠᠯᠳᠠᠨ ᠤᠯᠤᠰ ᠤᠨ ᠬᠡᠷᠡᠮ ᠤᠨ ᠵᠠᠮ ᠤᠨ ᠵᠡᠬᠦᠨ ᠦᠵᠦᠭᠦᠷ ᠨᠢ ᠤᠳᠤ ᠶᠢᠨ ᠬᠦᠯᠦᠨ ᠪᠤᠶᠢᠷ ᠠᠶᠢᠮᠠᠭ ᠤᠨ ᠮᠤᠷᠢᠨ ᠲᠠᠪᠠᠭ᠎ᠠ ᠲᠠᠭᠤᠷ ᠦᠨᠳᠦᠰᠦᠳᠡᠨ ᠤ ᠦᠪᠡᠷᠳᠡᠭᠡᠨ ᠵᠠᠰᠠᠬᠤ ᠬᠤᠰᠢᠭᠤᠨ ᠤ ᠡᠮᠦᠨ᠎ᠡ ᠪᠡᠶ᠎ᠡ ᠶᠢᠨ ᠨᠤᠨ ᠮᠦᠷᠡᠨ  ᠤ ᠲᠤᠮᠳᠠᠳᠤ ᠤᠷᠤᠰᠬᠠᠯ ᠤᠨ ᠪᠤᠳᠬ᠎ᠠ ︵ᠤᠳᠤ ᠶᠢᠨ ᠨᠢᠷᠭᠡᠴᠢ ᠪᠠᠯᠭᠠᠰᠤ︶ ᠠᠴᠠ ᠡᠬᠢᠯᠡᠨ ᠪᠠᠷᠠᠭᠤᠨ ᠦᠵᠦᠭᠦᠷ  ᠨᠢ ᠪᠠᠶᠠᠨᠨᠠᠭᠤᠷ ᠬᠤᠳᠠ ᠶᠢᠨ ᠤᠷᠠᠳ ᠤᠨ ᠬᠤᠶᠢᠳᠤ ᠬᠤᠰᠢᠭᠤᠨ ᠤ ᠲᠡᠭᠷᠢ ᠡᠯᠡᠰᠦᠨ ᠤ ᠵᠡᠬᠦᠨ ᠵᠠᠬ᠎ᠠ ᠳᠤ ᠬᠦᠷᠴᠦ ᠂ ᠪᠦᠬᠦ ᠵᠠᠮ ᠤᠨ ᠤᠷᠳᠤ ᠨᠢ ᠪᠠᠷᠤᠭ5000 ᠺᠢᠯᠤᠮᠧᠲᠷ ᠬᠦᠷᠴᠦ ᠪᠠᠶᠢᠳᠠᠭ᠃ ᠡᠨᠡ ᠬᠦ ᠬᠡᠷᠡᠮ ᠤᠨ ᠵᠡᠮ ᠤᠨ ᠬᠦᠪᠡᠭᠡᠲᠦ ᠰᠢᠷ᠎ᠠ ᠬᠤᠰᠢᠭᠤᠨ ᠤ ᠬᠢᠵᠠᠭᠠᠷ ᠲᠠᠬᠢ ᠬᠡᠰᠡᠭ ᠨᠢ ᠤᠩᠭᠤᠨ ᠠᠭᠤᠯᠠ ᠰᠤᠮᠤᠨ ᠤ ᠲᠠᠯ᠎ᠠ ᠶᠢᠨ ᠬᠤᠳᠳᠤᠭ ᠠᠴᠠ ᠡᠬᠢᠯᠡᠨ ᠪᠠᠷᠠᠭᠤᠨᠰᠢᠯᠠᠵᠤ᠂ ᠬᠤᠯᠪᠤᠭ᠎ᠠ ᠶᠢᠨ ᠤᠷᠳᠤᠭᠤᠷ ᠭᠠᠷᠴᠤ ᠪᠤᠷᠤ ᠬᠤᠵᠢᠷ᠂ ᠡᠭᠦᠳᠡ᠂ ᠬᠠᠪᠴᠢᠯ᠂ ᠠᠮᠢᠯᠠᠢ᠂ ᠴᠦᠩᠬᠦᠷᠢᠭ᠂ ᠲᠠᠯᠠᠩᠳᠠᠢ ᠶᠢᠨ ᠪᠤᠯᠠᠭ ᠢ ᠲᠠᠮᠵᠢᠨ ᠤᠩᠭᠤᠨ ᠤᠪᠤᠭᠠᠨ ᠤ ᠡᠮᠦᠨ᠎ᠡ ᠪᠠᠯ ᠢᠶᠠᠷ ᠲᠤᠭᠤᠷᠢᠨ ᠬᠤᠸᠠ ᠶᠢᠨ ᠠᠮᠠ ᠬᠦᠷᠦᠭᠡᠳ ᠤᠮᠠᠷᠠᠰᠢ ᠮᠤᠰᠬᠢᠨ ᠠᠷᠤ ᠬᠦᠪ ᠤᠨ ᠡᠮᠦᠨ᠎ᠡ ᠬᠦᠨᠳᠡᠢ ᠳᠤ ᠲᠤᠯᠵᠤ ᠲᠠᠬᠢᠨ ᠪᠠᠷᠠᠭᠤᠨᠰᠢ ᠮᠤᠰᠬᠢᠨ ᠵᠡᠬᠦᠨ ᠲᠡᠰᠬᠢᠳᠤ᠂ ᠪᠠᠷᠠᠭᠤᠨ ᠲᠡᠰᠬᠢᠳᠤ ᠪᠠᠷ ᠲᠠᠭᠠᠷᠢᠨ᠂ ᠶᠠᠩᠵᠤ᠂ ᠬᠦᠷᠢᠶᠡᠳᠦ ᠶᠢᠨ ᠲᠤᠮᠳᠠᠭᠤᠷ ᠦᠩᠭᠡᠷᠡᠵᠤ᠂ ᠴᠠᠭᠠᠨ ᠬᠠᠰᠢᠶᠠᠳᠤ ᠪᠠᠷ ᠲᠠᠮᠵᠢᠨ ᠪᠤᠩᠬᠤᠨ ᠭᠤᠣᠯ ᠬᠦᠷᠦᠭᠡᠳ᠂ ᠪᠤᠭᠳᠠ ᠶᠢᠨ ᠭᠤᠤᠯ ᠰᠤᠮᠤᠨ ᠤ ᠬᠢᠵᠠᠭᠠᠷ ᠲᠤ ᠨᠡᠷᠳᠡᠷᠡᠨ᠎ᠡ᠃ ᠲᠡᠨᠳᠡ ᠠᠴᠠ ᠰᠢᠩᠬᠤᠳᠠᠢ ᠶᠢᠨ ᠠᠷᠤ ᠪᠠᠷ ᠭᠠᠷᠴᠤ ᠴᠠᠪᠴᠢᠷ᠂ ᠵᠡᠬᠦᠨ ᠭᠡᠷᠡᠮ ᠤᠨ ᠤᠰᠤ᠂ ᠪᠠᠷᠠᠭᠤᠨ ᠬᠡᠷᠡᠮ ᠤᠨ ᠤᠰᠤ ᠶᠢ ᠰᠤᠨᠳᠠᠯᠠᠨ᠂ ᠬᠦᠦᠰᠢ ᠶᠢᠨ ᠰᠦᠮ᠎ᠡ ᠶᠢᠨ ᠵᠡᠬᠦᠨ ᠡᠮᠦᠨᠡᠭᠦᠷ ᠦᠩᠭᠡᠷᠡᠨ ᠤᠯᠠᠭᠠᠨᠴᠠᠪ ᠬᠤᠳᠠ ᠶᠢᠨ ᠱᠠᠩᠳᠤ ᠰᠢᠶᠠᠨ ᠤ ᠬᠢᠵᠠᠭᠠᠷ ᠲᠤ ᠨᠡᠪᠳᠡᠷᠡᠨ ᠤᠷᠤᠳᠠᠭ  ᠃ ︽ᠠᠯᠳᠠᠨ ᠤᠯᠤᠰ ᠤᠨ ᠬᠡᠷᠡᠮ ᠤᠨ ᠵᠠᠮ︾ ᠨᠢ 2001 ᠤᠨ ᠤ 6 ᠰᠠᠷ᠎ᠠ ᠳᠤ ᠪᠦᠬᠦ ᠤᠯᠤᠰ ᠤᠨ ᠭᠤᠤᠯᠳᠠᠯᠭᠠᠳᠤ ᠲᠡᠦᠬᠡ  ᠶᠢᠨ ᠲᠤᠷᠠᠰᠬᠠᠯᠳᠤ ᠵᠦᠢᠯᠡᠰ ᠢ ᠬᠠᠮᠠᠭᠠᠯᠠᠬᠤ ᠨᠢᠭᠡᠴᠢ ᠪᠠᠷ ᠲᠤᠭᠳᠠᠭᠠᠭᠳᠠᠪᠠ᠃
 
ᠢᠷᠡᠯᠲᠡ᠄ ︽ᠬᠦᠪᠡᠭᠡᠲᠦ ᠰᠢᠷ᠎ᠠ ᠬᠤᠰᠢᠭᠤᠨ ᠤ ᠭᠠᠵᠠᠷ ᠶᠢᠨ ᠨᠠᠷᠡᠰ ᠤᠨ ᠣᠶᠢᠯᠠᠯᠭ᠎ᠠ︾ ᠠᠴᠠ ᠪᠠᠭᠤᠯᠭᠠᠪᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号